ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠪᠣᠣ ᠭᠠᠩ ᠲᠤᠰᠭᠠᠢ ᠰᠡᠳᠦᠪᠲᠦ ᠬᠤᠷᠠᠯ᠎ᠢ ᠡᠷᠬᠢᠯᠡᠨ ᠬᠤᠷᠠᠯᠳᠤᠭᠤᠯᠵᠤ 《ᠤᠰᠤ ᠠᠷᠪᠢᠯᠠᠬᠤ ᠠᠵᠢᠯᠯᠠᠭ᠎ᠠ》 ᠎ᠶ᠋ᠢ ᠭᠦᠨᠵᠡᠭᠡᠢ ᠨᠠᠢᠳᠠᠪᠤᠷᠢᠵᠢᠭᠤᠯᠬᠤ᠎ᠶ᠋ᠢ ᠰᠤᠳᠤᠯᠤᠨ ᠪᠠᠢᠷᠢᠯᠠᠭᠤᠯᠵᠤ ᠳᠠᠯᠠᠨ ᠬᠠᠷ᠎ᠠ ᠠᠭᠤᠯᠠ᠎ᠶ᠋ᠢᠨ ᠡᠮᠦᠨ᠎ᠡ ᠬᠤᠷᠮᠣᠢ᠎ᠶ᠋ᠢᠨ ᠤᠰᠤᠨ᠎ᠤ ᠱᠢᠰᠲ᠋ᠧᠮ᠎ᠤᠨ ᠤᠰᠤᠨ᠎ᠤ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠱᠢᠭ᠍ᠯᠠᠬᠤ ᠠᠵᠢᠯ᠎ᠢ ᠠᠬᠢᠭᠤᠯᠪᠠ ᠾᠧ ᠬᠠᠢ ᠳ᠋ᠦᠩ ᠣᠷᠣᠯᠴᠠᠪᠠ
ᠨᠡᠶ᠋ᠢᠲᠡᠯᠡᠭᠰᠡᠨ ᠴᠠᠭ᠄ 2025-07-08

  7 ᠳ᠋ᠤᠭᠠᠷ ᠰᠠᠷ᠎ᠠ᠎ᠶ᠋ᠢᠨ 8 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠪᠠᠢᠩᠭᠤ᠎ᠶ᠋ᠢᠨ ᠭᠡᠱᠢᠭᠦᠨ᠂ ᠬᠤᠲᠠ᠎ᠶ᠋ᠢᠨ ᠨᠠᠮ᠎ᠤᠨ ᠬᠤᠷᠢᠶ᠎ᠠ᠎ᠶ᠋ᠢᠨ ᠱᠦᠵᠢ ᠪᠦᠦ ᠭᠠᠩ ᠲᠤᠰᠭᠠᠢ ᠰᠡᠳᠦᠪᠲᠦ ᠬᠤᠷᠠᠯ᠎ᠢ ᠡᠷᠬᠢᠯᠡᠨ ᠬᠤᠷᠠᠯᠳᠤᠭᠤᠯᠵᠤ᠂ 《ᠤᠰᠤ ᠠᠷᠪᠢᠯᠠᠬᠤ ᠠᠵᠢᠯᠯᠠᠭ᠎ᠠ》 ᠶ᠋ᠢ ᠭᠦᠨᠵᠡᠭᠡᠢ ᠨᠠᠢᠳᠠᠪᠤᠷᠢᠵᠢᠭᠤᠯᠬᠤ᠎ᠶ᠋ᠢ ᠰᠤᠳᠤᠯᠤᠨ ᠪᠠᠢᠷᠢᠯᠠᠭᠤᠯᠵᠤ᠂ ᠳᠠᠯᠠᠨ ᠬᠠᠷ᠎ᠠ ᠠᠭᠤᠯᠠ᠎ᠶ᠋ᠢᠨ ᠡᠮᠦᠨ᠎ᠡ ᠬᠤᠷᠮᠣᠢ ᠎ᠶ᠋ᠢᠨ ᠤᠰᠤᠨ ᠱᠢᠰᠲ᠋ᠧᠮ᠎ᠤᠨ ᠤᠰᠤᠨ᠎ᠤ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠱᠢᠭ᠍ᠯᠠᠬᠤ ᠠᠵᠢᠯ᠎ᠢ ᠠᠬᠢᠭᠤᠯᠪᠠ᠃ ᠬᠤᠲᠠ᠎ᠶ᠋ᠢᠨ ᠨᠠᠮ᠎ᠤᠨ ᠬᠤᠷᠢᠶᠠᠨ᠎ᠤ ᠳᠡᠳ᠋ ᠱᠦᠵᠢ᠂ ᠬᠤᠲᠠ᠎ᠶ᠋ᠢᠨ ᠳᠠᠷᠤᠭ᠎ᠠ ᠾᠧ ᠬᠠᠢ ᠳ᠋ᠦᠩ ᠤᠷᠤᠯᠴᠠᠪᠠ᠃

  ᠠᠵᠢᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠤᠭ᠍ᠰᠠᠨ᠎ᠤ ᠲᠠᠷᠠᠭ᠎ᠠ᠂ ᠪᠣᠣ ᠭᠠᠩ ᠬᠡᠯᠡᠬᠦ᠌᠎ᠳᠡᠭᠡᠨ᠂ ᠤᠢ᠍ᠢᠷ᠎ᠠ᠎ᠶ᠋ᠢᠨ ᠵᠢᠯ᠎ᠤᠳ᠎ᠲᠤ ᠮᠠᠨ᠎ᠤ ᠬᠤᠳᠠ᠎ᠶ᠋ᠢᠨ ᠪᠣᠷᠣᠭᠠᠨ᠎ᠤ ᠬᠡᠮᠵᠢᠶ᠎ᠡ ᠦᠷᠭᠦᠯᠵᠢᠯᠡᠨ ᠨᠡᠮᠡᠭ᠌ᠳᠡᠵᠦ᠍᠂ ᠤᠰᠤᠨ ᠴᠥᠭᠦᠷᠥᠮ᠎ᠤᠨ ᠤᠰᠤᠨ ᠱᠢᠰᠲ᠋ᠧᠮ᠎ᠤᠨ ᠤᠰᠤ ᠬᠠᠳᠠᠭᠠᠯᠠᠵᠤ ᠤᠰᠤ᠎ᠶ᠋ᠢ ᠪᠠᠲᠤᠯᠠᠬᠤ᠎ᠳᠤ ᠠᠱᠢᠭ᠍ᠲᠠᠢ ᠪᠠᠢᠵᠤ᠂ ᠬᠤᠳᠠ᠎ᠶ᠋ᠢᠨ ᠤᠰᠤᠨ᠎ᠤ ᠡᠬᠢ ᠪᠠᠶᠠᠯᠢᠭ᠎ᠢ ᠪᠠᠶᠠᠯᠢᠭ᠍ᠵᠢᠭᠤᠯᠪᠠ᠃ ᠪᠢᠳᠡ 《ᠤᠰᠤ ᠠᠷᠪᠢᠯᠠᠬᠤ ᠠᠵᠢᠯᠯᠠᠭ᠎ᠠ》᠎ᠶ᠋ᠢ ᠭᠦᠨᠵᠡᠭᠡᠶ ᠠᠬᠢᠭᠤᠯᠵᠤ᠂ ᠱᠢᠰᠲ᠋ᠧᠮᠲᠦ ᠰᠡᠳᠭᠢᠬᠦᠶ᠎ᠪᠠᠷ ᠬᠤᠲᠠ᠎ᠶ᠋ᠢᠨ ᠤᠰᠤᠨ᠎ᠤ ᠡᠬᠢ ᠪᠠᠶᠠᠯᠢᠭ᠂ ᠤᠰᠤ ᠬᠠᠩᠭᠠᠬᠤ᠂ ᠤᠰᠤ ᠬᠡᠷᠡᠭ᠌ᠯᠡᠬᠦ᠂ ᠤᠰᠤ ᠵᠠᠯᠠᠬᠤ᠂ ᠡᠭᠡᠭᠦᠯᠦᠨ ᠬᠡᠷᠡᠭ᠌ᠯᠡᠬᠦ᠌ ᠱᠢᠰᠲ᠋ᠧᠮ᠎ᠢ ᠪᠠᠢᠭᠤᠯᠵᠤ᠂ ᠤᠰᠤᠨ᠎ᠤ ᠡᠬᠢ ᠪᠠᠶᠠᠯᠢᠭ᠎ᠢ ᠠᠷᠪᠢᠯᠠᠨ ᠡᠷᠴᠢᠮᠵᠢᠭᠦᠯᠦᠨ ᠠᠱᠢᠭ᠍ᠯᠠᠬᠤ ᠲᠦᠪᠱᠢᠨ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠬᠦ᠌ ᠬᠡᠷᠡᠭ᠌ᠲᠡᠶ᠃ ᠤᠰᠤᠨ ᠱᠢᠰᠲ᠋ᠧᠮ᠎ᠤᠨ ᠤᠰᠤᠨ ᠲᠣᠣᠷ᠎ᠤᠨ ᠬᠤᠯᠪᠣᠯᠳᠤᠨ ᠨᠡᠪᠲᠡᠷᠡᠯᠴᠡᠬᠦ᠌᠎ᠶ᠋ᠢ ᠠᠬᠢᠭᠤᠯᠵᠤ᠂ ᠳᠠᠯᠠᠨ ᠬᠠᠷ᠎ᠠ ᠠᠭᠤᠯᠠ᠎ᠶ᠋ᠢᠨ ᠡᠮᠦᠨ᠎ᠡ ᠬᠤᠷᠮᠣᠢ᠎ᠶ᠋ᠢᠨ ᠬᠠᠯᠠᠭᠠᠢ ᠭᠤᠤ᠂ ᠬᠦᠢᠰᠦ᠎ᠶ᠋ᠢᠨ ᠭᠤᠤ᠂ ᠮᠤᠳᠤᠴᠢᠨ ᠭᠤᠤ᠂ ᠸᠠᠨ ᠵᠢᠶᠠ ᠭᠸᠦ ᠵᠡᠷᠭᠡ ᠭᠤᠣᠯ ᠮᠥᠷᠡᠨ᠎ᠤ ᠤᠰᠤᠨ ᠱᠢᠰᠲ᠋ᠧᠮ ᠪᠣᠯᠤᠨ ᠬᠠᠷᠠᠴᠢᠨ᠂ ᠡᠦ ᠢ᠂ ᠬᠤᠩ ᠯᠢᠩ ᠵᠢᠨ ᠂ ᠬᠠᠷ᠎ᠠ ᠤᠰᠤ ᠵᠡᠷᠭᠡ ᠤᠰᠤᠨ ᠴᠥᠭᠦᠷᠥᠮ᠎ᠢ ᠬᠤᠳᠠ᠎ᠶ᠋ᠢᠨ ᠤᠰᠤᠨ ᠲᠣᠣᠷ᠎ᠲᠠᠢ ᠬᠤᠯᠪᠣᠵᠤ᠂ ᠠᠮᠤᠷ ᠲᠦᠪᠱᠢᠨ᠎ᠢ ᠪᠠᠲᠤᠯᠠᠭ᠍ᠰᠠᠨ ᠤᠷᠢᠲᠠᠯ ᠳᠣᠣᠷ᠎ᠠ᠂ ᠪᠣᠷᠣᠭᠠᠨ᠎ᠤ ᠤᠰᠤ᠎ᠶ᠋ᠢ ᠬᠤᠷᠢᠶᠠᠪᠠᠰᠤ ᠵᠣᠬᠢᠬᠤ᠎ᠶ᠋ᠢ᠎ᠨᠢ ᠪᠦᠬᠦᠨ᠎ᠢ ᠬᠤᠷᠢᠶᠠᠵᠤ᠂ ᠦᠶᠡᠷ᠎ᠢ ᠰᠡᠷᠭᠡᠢᠯᠡᠨ ᠭᠠᠩ᠎ᠲᠠᠢ ᠲᠡᠮᠡᠴᠡᠬᠦ᠂ ᠲᠠᠷᠢᠶᠠᠯᠠᠩ᠎ᠤᠨ ᠤᠰᠤᠯᠠᠯᠲᠠ᠂ ᠠᠵᠤ ᠦᠢᠯᠡᠳᠪᠦᠷᠢ᠎ᠶ᠋ᠢᠨ ᠤᠰᠤ ᠬᠡᠷᠡᠭ᠌ᠯᠡᠬᠦ᠂ ᠠᠮᠢ ᠠᠬᠤᠢ᠎ᠶ᠋ᠢᠨ ᠨᠥᠭᠡᠴᠡ ᠵᠡᠷᠭᠡ ᠲᠠᠯ᠎ᠠ᠎ᠪᠠᠷ ᠨᠡᠩ ᠶᠡᠭᠡ ᠦᠢᠯᠡᠳᠦᠯ ᠦᠵᠡᠭᠦᠯᠬᠦ᠌ ᠬᠡᠷᠡᠭ᠌ᠲᠡᠢ᠃ ᠤᠰᠤᠨ᠎ᠤ ᠡᠬᠢ ᠪᠠᠶᠠᠯᠢᠭ᠎ᠢ ᠡᠷᠭᠢᠯᠳᠦᠭᠦᠯᠦᠨ ᠬᠤᠪᠢᠷᠠᠭᠤᠯᠬᠤ ᠪᠠᠢᠭᠠᠯᠢ᠎ᠶ᠋ᠢᠨ ᠵᠢᠮ᠎ᠡ ᠶᠣᠰᠣ᠎ᠶ᠋ᠢ ᠭᠦᠢᠴᠡᠳ ᠬᠦᠨᠳᠦᠳᠭᠡᠵᠦ᠍᠂ ᠭᠠᠵᠠᠷ᠎ᠤᠨ ᠪᠠᠢᠴᠠ᠎ᠶ᠋ᠢᠨ ᠨᠥᠬᠦᠴᠡᠯ᠎ᠢ ᠪᠠᠢᠳᠠᠯ᠎ᠳᠤᠨᠢ ᠲᠤᠬᠢᠷᠠᠭᠤᠯᠤᠨ ᠬᠦᠳᠦᠯᠦᠨ ᠵᠢᠯᠣᠭᠤᠳᠭᠤ᠎ᠲᠠᠢ ᠨᠢᠭ᠍ᠲᠠ ᠤᠶᠠᠯᠳᠤᠭᠤᠯᠵᠤ᠂ ᠤᠰᠤᠨ ᠴᠥᠭᠦᠷᠥᠮ᠎ᠢ ᠤᠰᠤ ᠲᠠᠲᠠᠬᠤ᠂ ᠨᠤᠭᠤ ᠭᠠᠵᠠᠷ᠎ᠢ ᠬᠠᠳᠠᠭᠠᠯᠠᠬᠤ᠂ ᠤᠰᠤᠨ ᠴᠥᠭᠦᠷᠥᠮ᠎ᠢ ᠴᠡᠪᠡᠷᠯᠡᠬᠦ᠂ ᠤᠰᠤᠨ᠎ᠤ ᠬᠤᠭᠤᠯᠠᠢ ᠲᠣᠣᠷ᠂ ᠪᠣᠬᠢᠷ ᠤᠰᠤ ᠱᠢᠢᠳᠪᠦᠷᠢᠯᠡᠬᠦ᠌ ᠦᠢᠯᠡᠳᠪᠦᠷᠢ ᠵᠡᠷᠭᠡ ᠲᠦᠷᠦᠯ ᠵᠦᠢᠯ᠎ᠤᠨ ᠪᠦᠳᠦᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠤᠰᠤᠨ᠎ᠤ ᠡᠬᠢ ᠪᠠᠶᠠᠯᠢᠭ᠎ᠢ ᠨᠠᠷᠢᠨ ᠨᠢᠮᠪᠠᠢ ᠪᠤᠳᠤᠵᠤ ᠰᠠᠢᠲᠤᠷ ᠬᠡᠷᠡᠭ᠌ᠯᠡᠵᠦ᠍᠂ 《ᠣᠭ᠍ᠲᠠᠷᠭᠤᠢ᠎ᠶ᠋ᠢᠨ ᠤᠰᠤ》᠂ ᠭᠠᠵᠠᠷ ᠳᠣᠣᠷᠠᠬᠢ ᠤᠰᠤ᠎ᠶ᠋ᠢ ᠬᠠᠮᠠᠭᠠᠯᠠᠬᠤ᠂ ᠲᠠᠬᠢᠨ ᠤᠷᠭᠤᠬᠤ ᠤᠰᠤ᠎ᠶ᠋ᠢ ᠢᠯᠡᠭᠦᠬᠡᠨ ᠬᠡᠷᠡᠭ᠌ᠯᠡᠬᠦ᠂ ᠠᠮᠢ ᠠᠬᠤᠢ᠎ᠶ᠋ᠢᠨ ᠤᠰᠤ᠎ᠶ᠋ᠢ ᠪᠠᠲᠤᠯᠠᠬᠤ᠎ᠶ᠋ᠢ ᠦᠨᠡᠨ ᠬᠦ᠌ ᠪᠡᠶᠡᠯᠡᠭᠦᠯᠵᠦ᠍᠂ ᠤᠰᠤᠨ᠎ᠤ ᠡᠬᠢ ᠪᠠᠶᠠᠯᠢᠭ᠎ᠢ ᠶᠡᠷᠦᠩᠬᠡᠢᠯᠡᠨ ᠠᠱᠢᠭ᠍ᠯᠠᠬᠤ ᠦᠷ᠎ᠡ ᠠᠱᠢᠭ᠎ᠢ ᠬᠠᠮᠤᠭ᠎ᠤᠨ ᠶᠡᠭᠡ ᠪᠣᠯᠭᠠᠬᠤ᠎ᠶ᠋ᠢ ᠪᠡᠶᠡᠯᠡᠭᠦᠯᠵᠦ᠍᠂ ᠣᠷᠣᠨ᠎ᠤ ᠲᠥᠪ᠎ᠤᠨ ᠴᠢᠨᠠᠷ ᠰᠠᠢᠲᠠᠢ ᠬᠥᠭ᠌ᠵᠢᠯᠲᠡ᠎ᠳᠤ ᠪᠠᠲᠤ ᠴᠢᠩᠭ᠎ᠠ ᠤᠰᠤᠨ᠎ᠤ ᠪᠠᠲᠤᠯᠠᠭ᠎ᠠ ᠬᠠᠩᠭᠠᠬᠤ ᠬᠡᠷᠡᠭ᠌ᠲᠡᠢ ᠭᠡᠵᠡᠢ᠃

  ᠬᠤᠳᠠ᠎ᠶ᠋ᠢᠨ ᠤᠳᠤᠷᠢᠳᠤᠯᠭ᠎ᠠ ᠯᠢᠦ ᠵᠶ᠋ᠢ ᠶᠢᠩ᠂ ᠼᠤᠤ ᡁᠢ᠂ ᠹᠦ᠋᠎ᠶ᠋ᠢᠨ ᠽᠠᠢ᠂ ᠭᠤᠤ ᠬᠠᠨ ᠣᠷᠣᠯᠴᠠᠪᠠ᠃

ᠢᠷᠡᠯᠲᠡ᠄ 《 ᠬᠦᠬᠡᠬᠤᠲᠠ᠎ᠶ᠋ᠢᠨ ᠠᠶᠠᠯᠭᠤ ᠳᠠᠭᠤᠨ 》    
          
ᠬᠠᠮᠢᠶ᠎ᠡ ᠪᠦᠬᠦᠢ ᠰᠣᠨᠢᠨ
ᠶᠠᠭᠰᠢ ᠬᠤᠳᠠ ᠵᠢᠨ ᠬᠣᠲᠠ ᠵᠢᠨ ᠳᠠᠷᠤᠭ᠎ᠠ ᠵᠢᠨ ᠼᠠᠩ ᠨᠠᠷ ᠬᠥᠯᠦᠨ ᠪᠣᠢ᠌ᠷ ᠬᠣᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ᠎ᠳᠤ ᠬᠦᠷᠴᠦ ᠤᠰᠤᠨ ᠠᠰᠢᠭᠯᠠᠯᠲᠠ ᠵᠢᠨ ᠠᠵᠢᠯ᠎ᠢ ᠵᠣᠯᠭ᠋ᠠᠭᠤᠯᠪᠠ
ᠰᠢᠯᠢ ᠵᠢᠨ ᠭᠣᠤᠯ ᠠᠶ᠋ᠢᠮᠠᠭ ᠥᠪᠡᠷᠲᠡᠭᠡᠨ ᠵᠠᠰᠠᠬᠤ ᠣᠷᠣᠨ᠎ᠤ ᠴᠢᠬᠤᠯᠠ ᠭᠣᠤᠯ ᠨᠠᠭᠤᠷ ᠴᠥᠭᠥᠷᠥᠮ᠎ᠤᠨ ᠭᠣᠤᠯᠳᠠᠯᠭ᠎ᠠ᠎ᠲᠠᠢ ᠠᠵᠢᠯ᠎ᠤᠨ ᠡᠬᠡ ᠲᠠᠩᠰᠠ ᠵᠢ ᠨᠠᠶ᠋ᠢᠷᠠᠭᠤᠯᠤᠨ ᠵᠣᠬᠢᠶᠠᠬᠤ ᠠᠵᠢᠯ᠎ᠢ ᠪᠡᠶᠡᠯᠡᠭᠦᠯᠪᠡ
ᠬᠢᠩᠭ᠋ᠠᠨ ᠠᠶ᠋ᠢᠮᠠᠭ᠎ᠤᠨ ᠤᠰᠤᠨ ᠠᠰᠢᠭᠯᠠᠯᠲᠠ ᠵᠢᠨ ᠲᠣᠪᠴᠢᠶ᠎ᠠ ᠡᠯ᠎ᠡ ᠬᠣᠰᠢᠭᠤ ᠰᠢᠶᠠᠨ ᠬᠣᠲᠠ ᠵᠢᠨ ᠦᠶᠡᠷ᠎ᠢ ᠰᠡᠷᠭᠡᠶ᠋ᠢᠯᠡᠬᠦ ᠵᠢᠵᠢᠭᠦᠷ᠎ᠤᠨ ᠪᠠᠶ᠋ᠢᠳᠠᠯ᠎ᠳᠤ ᠬᠢᠨᠠᠯᠲᠠ ᠲᠠᠯᠪᠢᠵᠤ ᠰᠤᠭᠤᠴᠢᠨ ᠪᠠᠶ᠋ᠢᠴᠠᠭ᠋ᠠᠯᠲᠠ ᠬᠢᠪᠠ
ᠦᠬᠠᠶ ᠬᠣᠲᠠ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ 《ᠲᠠ ᠬᠦᠴᠢᠷᠳᠡᠯ᠎ᠲᠠᠢ ᠪᠣᠯ ᠨᠠᠮ᠎ᠠ ᠵᠢ ᠡᠷᠢ᠂ ᠪᠢ ᠪᠣᠯ ᠨᠠᠮ᠎ᠤᠨ ᠭᠡᠰᠢᠭᠦᠨ᠂ ᠪᠢ ᠴᠢᠮ᠎ᠠ᠎ᠳᠤ ᠬᠠᠪᠰᠤᠷᠤᠨ᠎ᠠ》 ᠭᠡᠬᠦ ᠭᠣᠤᠯ ᠰᠡᠳᠦᠪᠲᠦ ᠨᠠᠮ᠎ᠤᠨ ᠡᠳᠦᠷ ᠵᠢᠴᠢ ᠪᠥᠬᠥ ᠤᠯᠤᠰ᠎ᠤᠨ ᠡᠨᠧᠷᠭᠢ ᠠᠷᠪᠢᠯᠠᠬᠤ ᠤᠬᠠᠭᠤᠯᠭ᠎ᠠ ᠵᠢᠨ ᠭᠠᠷᠠᠭ᠎ᠤᠨ ᠠᠵᠢᠯᠯᠠᠭ᠎ᠠ ᠥᠷᠨᠢᠭᠦᠯᠪᠡ
ᠪᠤᠭᠤᠲᠤ ᠬᠤᠳᠠ ᠵᠢᠨ ᠤᠰᠤᠨ᠎ᠤ ᠶᠠᠪᠤᠳᠠᠯ᠎ᠤᠨ  ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ(ᠥᠷᠭᠡᠳᠬᠡᠭᠰᠡᠨ)᠎ᠤᠨ ᠬᠤᠷᠠᠯ ᠬᠤᠷᠠᠯᠳᠤᠭᠤᠯᠵᠤ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠪᠤᠭᠤᠲᠤ ᠬᠤᠳᠠ ᠵᠢᠨ ᠠᠷᠪᠠᠨ ᠭᠤᠷᠪᠠᠳᠤᠭ᠋ᠠᠷ  ᠤᠳᠠᠭ᠋ᠠᠨ᠎ᠤ ᠲᠥᠯᠦᠭᠡᠯᠡᠭᠴᠢᠳ ᠎ᠤᠨ ᠶᠡᠬᠡ ᠬᠤᠷᠠᠯ ᠎ᠤᠨ ᠵᠣᠷᠢᠭ ᠰᠠᠨᠠᠭ᠎ᠠ ᠵᠢ ᠲᠤᠰᠬᠠᠢ ᠰᠡᠳᠦᠪ ᠵᠶ᠋ᠡᠷ ᠤᠯᠠᠮᠵᠢᠯᠠᠨ ᠰᠤᠷᠤᠯᠴᠠᠵᠤ ᠲᠤᠭᠤᠰᠢᠯᠠᠭᠤᠯᠪᠠ
 
            