ᠥᠷᠭᠡᠨ ᠣᠯᠠᠨ ᠠᠵᠢᠯᠲᠠᠨ ᠠᠵᠢᠯᠴᠢᠨ᠎ᠤ ᠡᠷᠡᠭᠦᠯ ᠮᠡᠨᠳᠦ ᠵᠢᠨ ᠤᠬᠠᠮᠰᠠᠷ᠎ᠢ ᠳᠡᠭᠡᠭᠰᠢᠯᠡᠭᠦᠯᠵᠦ᠂ ᠡᠷᠡᠭᠦᠯ ᠮᠡᠨᠳᠦ ᠵᠢᠨ ᠮᠡᠳᠡᠯᠭᠡ ᠵᠢ ᠲᠦᠭᠡᠮᠡᠯᠵᠢᠭᠦᠯᠦᠨ᠂ ᠥᠷᠭᠡᠨ ᠣᠯᠠᠨ ᠠᠵᠢᠯᠲᠠᠨ ᠠᠵᠢᠯᠴᠢᠨ᠎ᠤ ᠪᠡᠶ᠎ᠡ ᠰᠡᠳᠬᠢᠯ᠎ᠤᠨ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ ᠵᠢᠨ ᠲᠥᠯᠥᠭᠡ᠂ 11 ᠳ᠋ᠦ᠍ᠭᠡᠷ ᠰᠠᠷ᠎ᠠ ᠵᠢᠨ 6᠎ᠤ ᠡᠳᠦᠷ᠂ ᠤᠰᠤᠨ ᠠᠰᠢᠭᠯᠠᠯᠲᠠ ᠵᠢᠨ ᠲᠢᠩᠬᠢᠮ᠎ᠤᠨ ᠪᠠᠶ᠋ᠢᠭᠤᠯᠭ᠎ᠠ ᠵᠢᠨ ᠠᠵᠢᠯᠴᠢᠨ᠎ᠤ ᠡᠪᠯᠡᠯ᠂ ᠪᠠᠶ᠋ᠢᠭᠤᠯᠭ᠎ᠠ ᠵᠢᠨ ᠡᠮᠡᠭᠲᠡᠶ᠋ᠢᠴᠦᠳ᠎ᠤᠨ ᠵᠥᠪᠯᠡᠯ᠂ ᠤᠰᠤᠨ ᠠᠰᠢᠭᠯᠠᠯᠲᠠ ᠵᠢᠨ ᠪᠠᠯᠠ ᠣᠷᠣᠭᠤᠯᠤᠯᠲᠠ ᠵᠢᠨ ᠪᠦᠯᠦᠭᠯᠡᠯ᠎ᠤᠨ ᠠᠵᠢᠯᠴᠢᠨ᠎ᠤ ᠡᠪᠯᠡᠯ᠎ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ᠎ᠤᠨ ᠢ ᠹᠧᠩ ᠶᠤᠸᠠᠨ ᠺᠣᠮᠫᠠᠨᠢ ᠬᠠᠮᠵᠢᠯᠴᠠᠨ ᠡᠷᠭᠢᠯᠡᠵᠦ᠂ 《ᠨᠠᠮ᠎ᠤᠨ ᠪᠠᠶ᠋ᠢᠭᠤᠯᠤᠯᠲᠠ᠎ᠪᠠᠷ ᠡᠷᠡᠭᠦᠯ ᠮᠡᠨᠳᠦ ᠵᠢ ᠬᠠᠮᠠᠭ᠋ᠠᠯᠠᠬᠤ ᠠᠯᠪᠠᠨ ᠵᠢᠷᠤᠮ᠎ᠤᠨ ᠡᠮᠴᠢᠯᠡᠭᠡᠨ᠎ᠤ ᠦᠢ᠍ᠯᠡᠴᠢᠯᠡᠭᠡ᠎ᠪᠠᠷ ᠬᠥᠮᠦᠰ᠎ᠤᠨ ᠰᠡᠳᠬᠢᠯ᠎ᠢ ᠳᠤᠯᠠᠭ᠋ᠠᠴᠠᠭᠤᠯᠬᠤ》᠎ᠪᠠᠷ ᠭᠤᠤᠯ ᠰᠡᠳᠦᠪ ᠪᠣᠯᠭ᠋ᠠᠭᠰᠠᠨ ᠠᠯᠪᠠᠨ ᠵᠢᠷᠤᠮ᠎ᠤᠨ ᠡᠮᠴᠢᠯᠡᠭᠡᠨ᠎ᠤ ᠠᠵᠢᠯᠯᠠᠭ᠎ᠠ ᠵᠢ ᠥᠷᠨᠢᠭᠦᠯᠪᠡ᠃ ᠲᠣᠰ ᠤᠳᠠᠭ᠋ᠠᠨ᠎ᠤ ᠠᠯᠪᠠᠨ ᠵᠢᠷᠤᠮ᠎ᠤᠨ ᠡᠮᠴᠢᠯᠡᠭᠡ᠎ᠳᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠢᠲᠠᠳ ᠡᠮᠨᠡᠯᠭᠡ ᠵᠢᠨ ᠬᠤᠷᠢᠶᠠᠨ᠎ᠤ ᠰᠢᠭᠡᠰᠦ ᠰᠢᠭᠦᠷᠡᠭᠦᠯᠬᠦ ᠭᠠᠳᠠᠷ ᠰᠠᠯᠠᠭ᠋ᠠᠨ᠎ᠤ ᠡᠷᠬᠢᠯᠡᠭᠴᠢ ᠵᠣᠣ ᠬᠠᠶ ᠲᠤᠤ ᠡᠮᠴᠢ ᠪᠠ ᠬᠠᠢ ᠹᠦ᠋ ᠵᠢᠨ ᠲᠥᠪ᠎ᠤᠨ ᠡᠷᠬᠢᠯᠡᠭᠴᠢ ᠬᠠᠨ ᠪᠸᠢ ᠡᠮᠴᠢ ᠪᠦᠯᠬᠦᠮ ᠳᠠᠭ᠋ᠠᠭᠤᠯᠤᠨ ᠲᠤᠰᠬᠠᠶ ᠮᠡᠷᠭᠡᠵᠢᠯᠲᠡᠨ᠎ᠤ ᠳᠤᠭᠤᠶ᠋ᠢᠯᠠᠩ ᠪᠠᠶ᠋ᠢᠭᠤᠯᠵᠤ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠳᠤ ᠢᠷᠡᠵᠦ ᠥᠷᠭᠡᠨ ᠣᠯᠠᠨ ᠠᠵᠢᠯᠲᠠᠨ ᠠᠵᠢᠯᠴᠢᠨ᠎ᠳᠤ ᠡᠷᠡᠭᠦᠯ ᠮᠡᠨᠳᠦ ᠵᠢᠨ ᠮᠡᠳᠡᠯᠭᠡ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠲᠠᠶ᠋ᠢᠯᠤᠮᠵᠢ ᠥᠷᠨᠢᠭᠦᠯᠬᠦ ᠵᠢᠨ ᠬᠠᠮᠲᠤ᠂ ᠰᠦᠢ᠍ᠳᠬᠡᠯ ᠬᠤᠷᠢᠶᠠᠬᠤ ᠥᠬᠡᠶ ᠠᠯᠪᠠᠨ ᠵᠢᠷᠤᠮ᠎ᠤᠨ ᠡᠮᠴᠢᠯᠡᠭᠡᠨ᠎ᠤ ᠠᠵᠢᠯᠯᠠᠭ᠎ᠠ ᠥᠷᠨᠢᠭᠦᠯᠵᠦ᠂ ᠤᠰᠤᠨ ᠠᠰᠢᠭᠯᠠᠯᠲᠠ ᠵᠢᠨ ᠲᠢᠩᠬᠢᠮ᠎ᠤᠨ ᠪᠠᠶ᠋ᠢᠭᠤᠯᠭ᠎ᠠ᠂ ᠲᠢᠩᠬᠢᠮ᠎ᠤᠨ ᠬᠠᠷᠢᠶ᠎ᠠ ᠨᠢᠭᠡᠴᠢ ᠵᠢᠴᠢ ᠤᠰᠤᠨ ᠠᠰᠢᠭᠯᠠᠯᠲᠠ ᠵᠢᠨ ᠪᠠᠯᠠ ᠣᠷᠣᠭᠤᠯᠤᠯᠲᠠ ᠵᠢᠨ ᠪᠦᠯᠦᠭᠯᠡᠯ᠎ᠤᠨ ᠠᠵᠢᠯᠲᠠᠨ ᠠᠵᠢᠯᠴᠢᠨ᠎ᠳᠤ ᠡᠷᠡᠭᠦᠯ ᠮᠡᠨᠳᠦ ᠵᠢᠨ ᠵᠥᠪᠯᠡᠯᠭᠡ ᠥᠭᠬᠦ ᠪᠠ ᠣᠨᠣᠰᠢᠯᠠᠨ ᠡᠮᠨᠡᠵᠦ᠂ ᠬᠠᠶ᠋ᠢᠷ᠎ᠠ ᠬᠠᠯᠠᠮᠵᠢ ᠵᠢ ᠳᠠᠮᠵᠢᠭᠤᠯᠪᠠ᠃