ᠠᠳᠡᠬᠢ ᠪᠠᠶ᠋ᠢᠭ᠋ᠠᠯᠢ ᠵᠢᠨ ᠥᠩᠭᠡ ᠦᠵᠡᠮᠵᠢ ᠭᠤᠶᠤ ᠰᠠᠶ᠋ᠢᠬᠠᠨ᠂ ᠰᠣᠶᠣᠯ᠎ᠤᠨ ᠰᠠᠭᠤᠷᠢ ᠭᠦᠨ ᠵᠤᠵᠠᠭ᠋ᠠᠨ᠂ ᠦᠨᠳᠦᠰᠦᠲᠡᠨ᠎ᠤ ᠵᠠᠩ ᠠᠭ᠋ᠠᠯᠢ ᠭᠦᠨ ᠵᠤᠵᠠᠭ᠋ᠠᠨ᠂ ᠠᠵᠤ ᠦᠢ᠍ᠯᠡᠰ᠎ᠤᠨ ᠬᠥᠭᠵᠢᠯᠲᠡ ᠬᠦᠴᠦᠷᠬᠡᠭ ᠶᠡᠭᠡ ᠪᠠᠶ᠋ᠢᠨ᠎ᠠ᠃ ᠳᠤᠮᠳᠠᠳᠤ ᠤᠯᠤᠰ᠎ᠤᠨ ᠪᠣᠬᠢᠷᠲᠤᠯ ᠦᠭᠡᠢ ᠨᠡᠷᠡᠲᠦ ᠬᠤᠰᠢᠭᠤ᠂ ᠤᠯᠤᠰ᠎ᠤᠨ ᠴᠡᠴᠡᠷᠯᠢᠭ᠎ᠲᠦ ᠰᠢᠶᠠᠨ᠎ᠤ ᠬᠤᠲᠠ᠂ ᠳᠤᠮᠳᠠᠳᠤ ᠤᠯᠤᠰ᠎ᠤᠨ ᠬᠠᠮᠤᠭ᠎ᠤᠨ ᠰᠠᠶ᠋ᠢᠨ ᠰᠡᠯᠡᠭᠦᠴᠡᠯ᠎ᠤᠨ ᠵᠢᠭᠤᠯᠴᠢᠯᠠᠯ᠎ᠤᠨ ᠵᠣᠷᠢᠭᠰᠠᠨ ᠭᠠᠵᠠᠷ ᠪᠣᠯ ᠲᠡᠭᠦᠨ᠎ᠤ ᠲᠤᠰᠬᠠᠶ ᠨᠡᠷ᠎ᠡ ᠵᠢᠨ ᠬᠠᠭᠤᠳᠠᠰᠤ ᠮᠥᠨ; ᠮᠤᠤᠠᠤᠰᠤ ᠵᠢᠨ ᠡᠯᠡᠰᠦᠷᠬᠡᠭ ᠭᠠᠵᠠᠷ᠎ᠲᠤ ᠪᠠᠶ᠋ᠢᠷᠢᠯᠠᠵᠤ᠂ ᠵᠢᠯ ᠲᠤᠷᠰᠢ ᠭᠠᠩ ᠬᠠᠭᠤᠷᠠᠶ ᠪᠣᠷᠣᠭ᠋ᠠᠨ ᠪᠠᠭ᠎ᠠ ᠪᠠᠶ᠋ᠢᠵᠤ᠂ ᠤᠰᠤᠨ᠎ᠤ ᠡᠬᠢ ᠪᠠᠶᠠᠯᠢᠭ᠎ᠤᠨ ᠲᠠᠷᠬᠠᠯᠲᠠ ᠲᠡᠭᠰᠢ ᠪᠤᠰᠤ᠂ ᠠᠮᠢ ᠠᠬᠤᠶ ᠵᠢᠨ ᠣᠷᠴᠢᠨ ᠲᠣᠭᠤᠷᠢᠨ ᠬᠡᠪᠡᠷᠡᠭ ᠪᠠᠶ᠋ᠢᠵᠤ᠂ ᠮᠥᠨ ᠴᠦ᠍ ᠲᠡᠭᠦᠨ᠎ᠤ ᠪᠠᠯᠠᠯᠵᠤ ᠳᠡᠶ᠋ᠢᠯᠬᠦ ᠦᠭᠡᠢ ᠲᠡᠮᠳᠡᠭ ᠪᠣᠯᠣᠨ᠎ᠠ᠃ ᠡᠨᠡ ᠪᠤᠯ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ 《ᠪᠠᠷᠠᠭᠤᠨ ᠡᠮᠤᠨᠡᠳᠤ ᠤᠷᠤᠨ᠎ᠤ ᠶᠡᠭᠡ ᠬᠠᠭ᠋ᠠᠯᠭ᠎ᠠ》 ᠬᠡᠬᠦ ᠨᠡᠷ᠎ᠠ᠎ᠲᠠᠢ ᠤᠷᠳᠤᠰ ᠬᠤᠳᠠ ᠵᠢᠨ ᠤᠳᠤᠭ᠎ᠤᠨ ᠡᠮᠤᠨᠡᠳᠤ ᠬᠤᠰᠢᠭᠤ ᠪᠤᠯᠤᠨ᠎ᠠ᠃ ᠥᠩᠭᠡᠷᠡᠭᠰᠡᠨ᠎ᠳᠤ 《ᠤᠰᠤᠨ᠎ᠳᠤ ᠬᠢᠵᠠᠭ᠋ᠠᠷᠯᠠᠭᠳᠠᠵᠤ》 ᠪᠠᠢ᠌ᠭᠰᠠᠨ᠎ᠠᠴᠠ᠎ᠪᠠᠨ ᠣᠲᠣ ᠪᠣᠯᠬᠤ᠎ᠳᠤ 《ᠤᠰᠤ ᠵᠢ ᠵᠠᠰᠠᠬᠤ᠎ᠳᠤ ᠠᠷᠭ᠎ᠠ᠎ᠲᠠᠢ》 ᠪᠣᠯᠵᠤ᠂ ᠣᠲᠣᠭ᠎ᠤᠨ ᠡᠮᠦᠨᠡᠲᠦ ᠬᠣᠰᠢᠭᠤᠨ᠎ᠤ ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠲᠠᠲᠠᠭᠰᠠᠨ ᠣᠷᠣᠨ᠎ᠤ ᠵᠠᠰᠠᠯᠲᠠ ᠢᠯᠡᠳᠲᠡ ᠦᠷ᠎ᠡ ᠪᠦᠲᠦᠮᠵᠢ ᠣᠯᠪᠠ᠃
ᠭᠠᠵᠠᠷ ᠲᠣᠣᠷᠠᠬᠢ ᠣᠰᠣᠨ᠎ᠤ ᠲᠣᠷᠣᠭᠰᠢᠯᠠᠯᠳᠠ
ᠤᠳᠤᠭ᠎ᠤᠨ ᠡᠮᠤᠨᠡᠳᠤ ᠬᠤᠰᠢᠭᠤᠨ᠎ᠤ ᠬᠢᠵᠠᠭ᠋ᠠᠷ ᠲᠤᠳᠤᠷᠠᠬᠢ ᠤᠰᠤᠨ᠎ᠤ ᠡᠬᠢ ᠪᠠᠶᠠᠯᠢᠭ᠎ᠤᠨ ᠶᠡᠷᠤᠩᠬᠡᠢ ᠬᠡᠮᠵᠢᠶ᠎ᠡ᠎ᠨᠢ 3.49 ᠳ᠋ᠦᠩᠰᠢᠭᠤᠷ ᠪᠤᠰᠤᠭ᠎ᠠ ᠳᠦᠷᠪᠡᠯᠵᠢᠨ ᠮᠸᠲᠷ ᠪᠠᠶ᠋ᠢᠵᠤ᠂ ᠡᠬᠦᠨ᠎ᠳᠤ ᠭᠠᠵᠠᠷ ᠳᠤᠤᠷᠠᠬᠢ ᠤᠰᠤᠨ᠎ᠤ ᠡᠬᠢ ᠪᠠᠶᠠᠯᠢᠭ᠎ᠤᠨ ᠶᠡᠷᠤᠩᠬᠡᠢ ᠬᠡᠮᠵᠢᠶ᠎ᠡ᠎ᠨᠢ 3.21 ᠳ᠋ᠦᠩᠰᠢᠭᠤᠷ ᠪᠤᠰᠤᠭ᠎ᠠ ᠳᠦᠷᠪᠡᠯᠵᠢᠨ ᠮᠸᠲᠷ ᠪᠠᠶ᠋ᠢᠵᠤ᠂ 92%᠎ᠢ ᠡᠵᠡᠯᠡᠵᠤ ᠪᠤᠢ᠃ ᠪᠥᠬᠦ ᠬᠤᠰᠢᠭᠤᠨ᠎ᠤ ᠵᠣᠩᠬᠢᠯᠠᠬᠤ ᠣᠯᠠᠨ ᠲᠣᠭ᠋ᠠᠨ᠎ᠤ ᠭᠠᠵᠠᠷ ᠣᠷᠣᠨ᠎ᠤ ᠥᠩᠭᠡᠷᠡᠭᠰᠡᠨ᠎ᠤ ᠭᠤᠤᠯ ᠪᠣᠯᠬᠤ ᠤᠰᠤᠨ᠎ᠤ ᠡᠬᠢ ᠰᠤᠷᠪᠤᠯᠵᠢ᠎ᠨᠢ ᠴᠢᠨᠠᠭᠰᠢᠯᠠᠪᠠᠯ ᠴᠤᠷ᠎ᠤᠨ ᠭᠠᠭᠴᠠ ᠤᠰᠤᠨ᠎ᠤ ᠡᠬᠢ ᠰᠤᠷᠪᠤᠯᠵᠢ ᠪᠠᠶ᠋ᠢᠵᠤ᠂ ᠭᠠᠵᠠᠷ ᠳᠣᠤᠷᠠᠬᠢ ᠤᠰᠤ᠎ᠨᠢ ᠠᠷᠠᠳ᠎ᠤᠨ ᠠᠮᠢᠳᠤᠷᠠᠯ᠎ᠢ ᠪᠠᠲᠤᠯᠠᠬᠤ᠂ ᠭᠠᠵᠠᠷ ᠣᠷᠣᠨ᠎ᠤ ᠠᠵᠤ ᠠᠬᠤᠶ ᠵᠢᠨ ᠬᠥᠭᠵᠢᠯᠲᠡ ᠵᠢ ᠠᠬᠢᠭᠤᠯᠬᠤ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠠᠬᠢᠭᠤᠯᠬᠤ ᠳᠤᠮᠳᠠ ᠴᠢᠬᠤᠯᠠ ᠦᠢ᠍ᠯᠡᠳᠦᠯ ᠦᠵᠡᠭᠦᠯᠵᠦ ᠪᠠᠶ᠋ᠢᠨ᠎ᠠ᠃
ᠣᠷᠣᠨ ᠪᠦᠰᠡ ᠵᠢᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢ ᠳᠠᠭ᠋ᠠᠯᠳᠤᠨ᠂ ᠭᠠᠵᠠᠷ ᠳᠣᠤᠷᠠᠬᠢ ᠤᠰᠤ ᠵᠢ ᠨᠡᠭᠡᠭᠡᠨ ᠮᠠᠯᠲᠠᠬᠤ ᠬᠡᠮᠵᠢᠶ᠎ᠡ ᠲᠦᠷᠭᠡᠨ ᠨᠡᠮᠡᠭᠳᠡᠵᠦ᠂ ᠵᠠᠷᠢᠮ ᠭᠠᠵᠠᠷ ᠣᠷᠣᠨ᠎ᠨᠢ 《ᠳᠡᠭᠡᠷᠡᠮᠳᠡᠯᠭᠡ ᠵᠢᠨ ᠮᠠᠶᠢᠭ》᠎ᠤᠨ ᠨᠡᠭᠡᠭᠡᠨ ᠮᠠᠯᠲᠠᠬᠤ ᠪᠠᠶ᠋ᠢᠳᠠᠯ᠎ᠲᠠᠢ ᠪᠣᠯᠣᠭ᠋ᠠᠳ ᠭᠠᠵᠠᠷ ᠳᠣᠤᠷᠠᠬᠢ ᠤᠰᠤ ᠵᠢ ᠬᠦᠨᠳᠦ ᠨᠣᠴᠢᠲᠠᠶ ᠬᠡᠳᠦ ᠮᠠᠯᠲᠠᠵᠤ᠂ ᠣᠷᠣᠨ ᠪᠦᠰᠡ ᠵᠢᠨ ᠭᠠᠵᠠᠷ ᠳᠣᠤᠷᠠᠬᠢ ᠤᠰᠤᠨ᠎ᠤ ᠲᠦᠪᠰᠢᠨ ᠦᠷᠭᠦᠯᠵᠢᠯᠡᠨ ᠳᠣᠷᠣᠭᠰᠢᠯᠠᠪᠠ᠃ ᠬᠡᠲᠦᠷᠡᠲᠡᠯ᠎ᠡ ᠮᠠᠯᠲᠠᠭᠰᠠᠨ ᠣᠷᠣᠨ᠎ᠢ ᠵᠠᠰᠠᠬᠤ ᠶᠠᠪᠤᠳᠠᠯ ᠲᠤᠯᠭ᠋ᠠᠮ᠎ᠠ ᠱᠠᠭ᠋ᠠᠷᠳᠠᠭᠳᠠᠵᠤ ᠪᠠᠶ᠋ᠢᠨ᠎ᠠ᠃
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠳᠣᠣᠷᠠᠬᠢ ᠤᠰᠤ ᠵᠢ ᠬᠠᠮᠠᠭ᠋ᠠᠯᠠᠬᠤ ᠠᠵᠢᠯᠯᠠᠭ᠎ᠠ ᠵᠢᠨ ᠲᠥᠯᠥᠪᠯᠡᠭᠡ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠣᠰᠣᠨ᠎ᠤ ᠡᠬᠢ ᠰᠣᠷᠪᠣᠯᠵᠢ ᠵᠢᠨ ᠬᠠᠮᠤᠭ᠎ᠤᠨ ᠴᠢᠩᠭ᠎ᠠ ᠬᠠᠮᠢᠶᠠᠷᠤᠯᠲᠠ ᠵᠢᠨ ᠳᠦᠷᠢᠮ ᠵᠢᠴᠢ ᠦᠪᠡᠷᠲᠡᠭᠡᠨ ᠵᠠᠰᠠᠬᠤ ᠣᠷᠣᠨ᠂ ᠣᠷᠳᠣᠰ ᠬᠤᠲᠠ ᠵᠢᠨ ᠭᠠᠵᠠᠷ ᠳᠣᠣᠷᠠᠬᠢ ᠣᠰᠣᠨ᠎ᠤ ᠬᠡᠲᠦ ᠮᠠᠯᠲᠠᠯᠲᠠ ᠵᠢᠨ ᠣᠷᠣᠨ᠎ᠤ ᠵᠠᠰᠠᠯᠲᠠ ᠵᠢᠨ ᠱᠠᠭ᠋ᠠᠷᠳᠠᠯᠭ᠎ᠠ ᠶᠤᠰᠤᠭ᠋ᠠᠷ᠂ ᠣᠲᠤᠭ᠎ᠤᠨ ᠡᠮᠦᠨᠡᠲᠦ ᠬᠤᠰᠢᠭᠤ 《ᠣᠲᠤᠭ᠎ᠤᠨ ᠡᠮᠦᠨᠡᠲᠦ ᠬᠤᠰᠢᠭᠤᠨ᠎ᠤ ᠭᠠᠵᠠᠷ ᠳᠣᠣᠷᠠᠬᠢ ᠣᠰᠣᠨ᠎ᠤ ᠬᠡᠲᠦ ᠠᠰᠢᠭᠯᠠᠯᠲᠠ ᠵᠢᠨ ᠣᠷᠣᠨ᠎ᠤ ᠵᠠᠰᠠᠯᠲᠠ ᠵᠢᠨ ᠲᠦᠰᠦᠯ》᠎ᠢ ᠲᠣᠭᠲᠠᠭ᠋ᠠᠵᠤ᠂ ᠣᠰᠣᠨ᠎ᠤ ᠡᠬᠢ ᠰᠣᠷᠪᠣᠯᠵᠢ ᠵᠢᠨ ᠬᠤᠳᠳᠤᠭ ᠪᠠ ᠤᠰᠤᠯᠠᠯᠲᠠ ᠵᠢᠨ ᠮᠠᠰᠢᠨ ᠬᠤᠳᠳᠤᠭ᠎ᠢ ᠢᠳᠡᠪᠬᠢᠲᠡᠢ᠎ᠪᠠᠷ ᠪᠢᠳᠡᠭᠦᠮᠵᠢᠯᠡᠬᠦ᠂ ᠭᠠᠵᠠᠷ ᠳᠣᠣᠷᠠᠬᠢ ᠣᠰᠤ᠎ᠠᠴᠠ ᠣᠰᠣ ᠠᠪᠬᠤ ᠵᠦᠪᠰᠢᠶᠡᠷᠡᠯ᠎ᠤᠨ ᠬᠢᠨᠠᠨ ᠵᠦᠪᠰᠢᠶᠡᠷᠡᠯ᠎ᠢ ᠴᠢᠩᠭ᠋ᠠᠳᠬᠠᠬᠤ᠂ ᠦᠨᠳᠦᠷ ᠪᠦᠲᠦᠮᠵᠢᠲᠡᠢ ᠣᠰᠤ ᠠᠷᠪᠢᠯᠠᠬᠤ ᠤᠰᠤᠯᠠᠯᠲᠠ ᠵᠢᠨ ᠮᠡᠷᠭᠡᠵᠢᠯ᠎ᠢ ᠪᠦᠬᠦ ᠲᠠᠯ᠎ᠠ᠎ᠪᠠᠷ ᠳᠡᠯᠭᠡᠷᠡᠬᠦᠯᠬᠦ᠂ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ ᠵᠢᠨ ᠲᠣᠮᠳᠠᠬᠢ ᠬᠡᠰᠡᠭ ᠰᠠᠭᠤᠭ᠋ᠠᠯᠢ ᠠᠷᠠᠳ᠎ᠢ ᠲᠦᠪᠯᠡᠷᠡᠭᠦᠯᠦᠨ ᠨᠡᠭᠦᠯᠭᠡᠬᠦ᠂ ᠣᠰᠣᠨ᠎ᠤ ᠡᠬᠢ ᠰᠣᠷᠪᠣᠯᠵᠢ ᠵᠢ ᠰᠣᠯᠢᠬᠤ ᠵᠢᠴᠢ ᠬᠢᠨᠠᠯᠲᠠ ᠬᠠᠮᠢᠶᠠᠷᠣᠯᠲᠠ᠎ᠪᠠᠨ ᠴᠢᠩᠭ᠋ᠠᠳᠬᠠᠬᠤ ᠵᠡᠷᠭᠡ ᠠᠷᠭ᠎ᠠ ᠠᠪᠴᠠᠯ ᠵᠶ᠋ᠠᠷ ᠳᠠᠮᠵᠢᠨ᠂ ᠭᠠᠵᠠᠷ ᠳᠣᠣᠷᠠᠬᠢ ᠣᠰᠣ ᠵᠢ ᠬᠡᠳᠣᠷᠬᠡᠢ ᠠᠰᠢᠭᠯᠠᠭᠰᠠᠨ ᠪᠠᠶ᠋ᠢᠳᠠᠯ᠎ᠢ ᠪᠦᠲᠦᠮᠵᠢᠲᠡᠢ ᠬᠤᠷᠢᠭᠯᠠᠵᠤ᠂ ᠣᠰᠣᠨ ᠲᠦᠪᠰᠢᠨ ᠵᠢᠯ ᠳᠠᠷᠠᠭ᠋ᠠᠯᠠᠨ ᠳᠡᠭᠡᠭᠰᠢᠯᠡᠨ᠂ ᠬᠡᠲᠦ ᠮᠠᠯᠲᠠᠭᠰᠠᠨ ᠣᠷᠣᠨ᠎ᠢ ᠵᠠᠰᠠᠬᠤ ᠠᠵᠢᠯ ᠢᠯᠡᠳᠲᠡ ᠠᠮᠵᠢᠯᠲᠠ ᠣᠯᠪᠠ᠃
ᠭᠤᠷᠪᠠᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠤᠯᠤᠰ᠎ᠤᠨ ᠭᠠᠵᠠᠷ ᠰᠢᠷᠤᠢ ᠵᠢᠨ ᠪᠠᠶ᠋ᠢᠴᠠᠭ᠋ᠠᠯᠲᠠ ᠵᠢᠨ ᠲᠤᠭ᠎ᠠ ᠪᠠᠷᠢᠮᠲᠠ ᠵᠢᠨ ᠲᠤᠬᠢᠷᠠᠭᠤᠯᠤᠯᠲᠠ ᠵᠢ ᠲᠠᠭ᠋ᠠᠯᠳᠤᠨ᠂ ᠤᠳᠤᠭ᠎ᠤᠨ ᠡᠮᠤᠨᠡᠳᠤ ᠬᠤᠰᠢᠭᠤᠨ᠎ᠤ ᠬᠡᠰᠡᠭ ᠤᠰᠤᠯᠠᠯᠳᠠ ᠵᠢᠨ ᠳᠠᠯᠠᠪᠠᠢ ᠵᠢᠨ ᠰᠡᠷᠬᠦᠯᠳᠡ᠎ᠨᠢ ᠤᠰᠤᠯᠠᠯᠳᠠ᠎ᠳᠤ ᠬᠡᠷᠡᠭᠯᠡᠬᠦ ᠤᠰᠤᠨ᠎ᠤ ᠬᠡᠮᠵᠢᠶ᠎ᠡ ᠦᠷᠬᠦᠯᠵᠢᠯᠡᠨ ᠨᠡᠮᠡᠭᠳᠡᠵᠤ᠂ ᠭᠠᠵᠠᠷ ᠳᠤᠤᠷᠠᠬᠢ ᠤᠰᠤᠨ᠎ᠤ ᠲᠦᠪᠰᠢᠨ ᠳᠠᠬᠢᠨ ᠪᠠᠭᠤᠷᠠᠬᠤ ᠬᠠᠨᠳᠤᠰᠢ᠎ᠲᠠᠢ ᠪᠤᠯᠪᠠ᠃ 2021 ᠣᠨ᠎ᠤ 5 ᠳ᠋ᠤᠭ᠋ᠠᠷ ᠰᠠᠷ᠎ᠠ᠂ 10 ᠳ᠋ᠤᠭ᠋ᠠᠷ ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠤᠷᠢᠳ ᠬᠣᠵᠢᠳ 2 ᠤᠳᠠᠭ᠎ᠠ 《ᠰᠢᠷ᠎ᠠ ᠫᠠᠢ᠌ᠰᠠ》᠎ᠪᠠᠷ ᠤᠷᠢᠳᠴᠢᠯᠠᠨ ᠰᠡᠷᠡᠮᠵᠢᠯᠡᠭᠦᠯᠪᠡ᠃
ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠲᠠᠲᠠᠭᠰᠠᠨ ᠰᠡᠷᠡᠮᠵᠢ ᠵᠢᠨ ᠬᠤᠩᠬᠤ ᠵᠢ ᠳᠠᠬᠢᠨᠲᠠ ᠳᠤᠤᠭ᠋ᠠᠷᠭ᠋ᠠᠪᠠ᠃ ᠲᠠᠷᠢᠶᠠᠨ ᠭᠠᠵᠠᠷ᠎ᠢ ᠤᠰᠤᠯᠠᠵᠤ᠂ ᠠᠮᠤ ᠪᠤᠳᠠᠭ᠎ᠠ ᠵᠢ ᠪᠠᠲᠤᠯᠠᠵᠤ᠂ ᠨᠢᠭᠡ ᠲᠠᠯ᠎ᠠ᠎ᠪᠠᠷ ᠤᠰᠤ ᠬᠡᠷᠡᠭᠯᠡᠵᠦ᠂ ᠨᠥᠭᠦᠭᠡ ᠲᠠᠯ᠎ᠠ᠎ᠪᠠᠷ ᠲᠠᠲᠠᠬᠤ ᠵᠢ ᠬᠢᠵᠠᠭ᠋ᠠᠷᠯᠠᠵᠤ᠂ ᠬᠤᠰᠢᠭᠤᠨ ᠳᠣᠲᠣᠷᠠᠬᠢ ᠤᠰᠤᠨ᠎ᠤ ᠡᠬᠢ ᠪᠠᠶᠠᠯᠢᠭ᠎ᠢ ᠬᠡᠷᠬᠢᠨ ᠠᠮᠢᠳᠤᠯᠢᠭ ᠪᠣᠯᠭ᠋ᠠᠬᠤ ᠪᠣᠶ?
ᠬᠤᠰᠢᠭᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠣᠰᠣᠨ ᠠᠰᠢᠭᠯᠠᠯᠳᠠ ᠵᠢᠨ ᠰᠠᠯᠠᠭ᠎ᠠ ᠮᠦᠴᠢᠷ᠎ᠲᠠᠢ ᠬᠠᠮᠳᠣᠷᠠᠨ ᠲᠠᠬᠢᠨ ᠲᠠᠪᠳᠠᠨ ᠪᠠᠶ᠋ᠢᠴᠠᠭ᠋ᠠᠨ ᠰᠣᠳᠣᠯᠵᠣ ᠨᠣᠳᠠᠯᠠᠨ᠂ ᠬᠠᠳᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠳᠠ ᠪᠠ ᠴᠢᠨᠠᠷᠯᠢᠭ ᠬᠦᠭᠵᠢᠯᠳᠡ ᠵᠢᠨ ᠠᠵᠢᠯ᠎ᠤᠨ ᠱᠠᠭ᠋ᠠᠷᠳᠠᠯᠭ᠎ᠠ ᠵᠢ ᠬᠠᠩᠭ᠋ᠠᠬᠤ ᠵᠢ ᠪᠠᠳᠣᠯᠠᠭᠰᠠᠨ ᠣᠷᠢᠳᠠᠯ ᠲᠣᠣᠷ᠎ᠠ᠂ ᠪᠦᠬᠦ ᠬᠤᠰᠢᠭᠤᠨ᠎ᠤ ᠬᠦᠴᠦᠨ ᠵᠶ᠋ᠠᠷ ᠣᠳᠤᠭ᠎ᠤᠨ ᠡᠮᠦᠨᠡᠳᠦ ᠬᠤᠰᠢᠭᠤᠨ᠎ᠤ ᠣᠯᠵᠠᠴᠢ ᠪᠠᠯᠭ᠋ᠠᠰᠣᠨ᠎ᠤ ᠭᠠᠵᠠᠷ ᠲᠣᠣᠷᠠᠬᠢ ᠣᠰᠣᠨ᠎ᠤ ᠠᠰᠢᠭᠯᠠᠯᠳᠠ (ᠣᠰᠣᠨ᠎ᠤ ᠠᠮᠢ ᠠᠬᠤᠢ) ᠵᠢ ᠶᠡᠷᠦᠩᠭᠡᠶ᠋ᠢᠯᠡᠨ ᠵᠠᠰᠠᠬᠤ ᠢᠨᠵᠧᠨᠧᠷᠢᠩ᠎ᠢ ᠬᠡᠷᠡᠭᠵᠢᠭᠦᠯᠬᠦ᠎ᠪᠠᠷ ᠲᠣᠭᠳᠠᠪᠠ᠃
ᠲᠣᠰ ᠢᠨᠵᠧᠨᠧᠷᠢᠩ᠎ᠤᠨ ᠤᠰᠤᠨ᠎ᠤ ᠡᠬᠢ ᠰᠤᠷᠪᠤᠯᠵᠢ᠎ᠨᠢ ᠪᠥᠬᠦ ᠬᠤᠰᠢᠭᠤᠨ᠎ᠤ ᠴᠣᠷ᠎ᠤᠨ ᠭᠠᠭᠴᠠ ᠭᠠᠵᠠᠷ ᠳᠡᠭᠡᠷᠡᠬᠢ ᠤᠰᠤᠨ᠎ᠤ ᠡᠬᠢ ᠪᠠᠶᠠᠯᠢᠭ᠎ᠢ ᠠᠰᠢᠭᠯᠠᠵᠤ ᠪᠣᠯᠬᠤ ᠳ᠋ᠠ ᠭ᠋ᠸᠦ ᠸᠠᠨ ᠤᠰᠤᠨ ᠴᠥᠭᠦᠷᠥᠮ ᠪᠣᠯᠤᠨ᠎ᠠ᠂ ᠬᠥᠪᠦᠮᠡᠯ ᠣᠩᠭᠤᠴᠠ ᠵᠢᠨ ᠬᠥᠭᠡᠷᠭᠡ ᠵᠢᠨ ᠥᠷᠲᠡᠭᠡ 1᠂ ᠬᠤᠶᠠᠳᠤᠭ᠋ᠠᠷ ᠳᠡᠰ᠎ᠤᠨ ᠳᠠᠷᠤᠯᠲᠠᠲᠤ ᠬᠥᠭᠡᠷᠭᠡ ᠵᠢᠨ ᠥᠷᠲᠡᠭᠡ 1᠂ ᠬᠦᠷᠢᠶᠡᠯᠡᠩ ᠲᠣᠭᠤᠷᠢᠭ᠎ᠤᠨ ᠤᠰᠤ ᠴᠡᠪᠡᠷᠰᠢᠭᠦᠯᠬᠦ ᠦᠢ᠍ᠯᠡᠳᠪᠦᠷᠢ ᠵᠢᠨ ᠲᠣᠭᠤᠷᠢᠭ 1 ᠵᠢ ᠰᠢᠨ᠎ᠡ᠎ᠪᠠᠷ ᠪᠠᠶ᠋ᠢᠭᠤᠯᠬᠤ᠎ᠪᠠᠷ ᠳᠠᠮᠵᠢᠭᠤᠯᠤᠨ᠂ ᠤᠰᠤ ᠳᠠᠮᠵᠢᠭᠤᠯᠬᠤ ᠬᠤᠭᠤᠯᠠᠶ 129 ᠺᠢᠯᠤᠮᠸᠲᠷ ᠳᠡᠪᠢᠰᠴᠦ᠂ ᠤᠰᠤ ᠵᠢ ᠳ᠋ᠠ ᠭ᠋ᠸᠦ ᠸᠠᠨ ᠤᠰᠤᠨ ᠴᠥᠭᠦᠷᠥᠮ᠎ᠠᠴᠠ ᠣᠯᠵᠠᠴᠢ ᠪᠠᠯᠭ᠋ᠠᠰᠤᠨ᠎ᠳᠤ ᠬᠦᠷᠭᠡᠵᠦ᠂ ᠪᠥᠬᠦ ᠬᠤᠰᠢᠭᠤᠨ᠎ᠤ ᠤᠰᠤ ᠬᠡᠷᠡᠭᠯᠡᠬᠦ ᠬᠦᠴᠢᠷ ᠠᠰᠠᠭᠤᠳᠠᠯ᠎ᠢ ᠰᠢᠢ᠍ᠳᠪᠦᠷᠢᠯᠡᠬᠦ᠎ᠳᠤ ᠬᠦᠴᠦᠨ ᠨᠡᠮᠡᠷᠢᠯᠡᠪᠡ᠃
ᠭᠠᠵᠠᠷ ᠳᠡᠭᠡᠷᠡᠬᠢ ᠤᠰᠤ ᠵᠢ ᠣᠷᠣᠭᠤᠯᠵᠤ ᠢᠷᠡᠭᠰᠡᠨ᠎ᠤ ᠲᠠᠷᠠᠭ᠎ᠠ᠂ ᠣᠯᠵᠠᠴᠢ ᠪᠠᠯᠭ᠋ᠠᠰᠤᠨ᠎ᠤ ᠬᠡᠲᠦᠷᠡᠲᠡᠯ᠎ᠡ ᠮᠠᠯᠲᠠᠭᠰᠠᠨ ᠣᠷᠣᠨ᠎ᠤ ᠳᠣᠲᠣᠷᠠᠬᠢ ᠨᠣᠭᠤᠭ᠋ᠠᠷᠠᠭᠤᠯᠤᠯᠲᠠ᠎ᠳᠤ ᠬᠡᠷᠡᠭᠯᠡᠬᠦ 67 ᠬᠤᠳᠳᠤᠭ᠎ᠢ ᠪᠢᠲᠡᠭᠦᠮᠵᠢᠯᠡᠵᠦ᠂ ᠭᠠᠵᠠᠷ ᠳᠣᠣᠷᠠᠬᠢ ᠤᠰᠤ ᠵᠢ 320 ᠲᠦᠮᠡᠨ ᠪᠣᠰᠤᠭ᠎ᠠ ᠳᠥᠷᠪᠡᠯᠵᠢᠨ ᠮᠸᠲᠷ ᠰᠣᠯᠢᠵᠤ᠂ ᠬᠤᠳᠠ ᠪᠠᠯᠭ᠋ᠠᠰᠤᠨ᠎ᠤ ᠠᠮᠢ ᠠᠬᠤᠢ ᠵᠢᠨ ᠨᠣᠭᠤᠭ᠋ᠠᠷᠠᠭᠤᠯᠤᠯᠲᠠ ᠵᠢᠨ ᠭᠠᠵᠠᠷ ᠳᠣᠣᠷᠠᠬᠢ ᠤᠰᠤ ᠵᠢ ᠨᠡᠭᠡᠭᠡᠨ ᠮᠠᠯᠲᠠᠬᠤ ᠬᠡᠮᠵᠢᠶ᠎ᠡ ᠵᠢ ᠪᠦᠲᠦᠮᠵᠢᠲᠡᠢ ᠪᠠᠭ᠋ᠠᠰᠬᠠᠵᠤ᠂ ᠣᠷᠣᠨ ᠪᠦᠰᠡ ᠵᠢᠨ ᠤᠰᠤᠨ᠎ᠤ ᠡᠬᠢ ᠪᠠᠶᠠᠯᠢᠭ ᠤᠰᠤᠨ᠎ᠤ ᠣᠷᠴᠢᠨ ᠲᠣᠭᠤᠷᠢᠨ᠎ᠤ ᠳᠠᠭ᠋ᠠᠭ᠋ᠠᠴᠠ ᠵᠢ ᠳᠡᠭᠡᠭᠰᠢᠯᠡᠭᠦᠯᠪᠡ; ᠭᠠᠵᠠᠷ ᠳᠣᠤᠷᠠᠬᠢ ᠤᠰᠤᠨ᠎ᠤ ᠲᠦᠪᠰᠢᠨ ᠠᠯᠬᠤᠮ ᠠᠯᠬᠤᠮ ᠵᠶ᠋ᠠᠷ ᠳᠡᠭᠡᠭᠰᠢᠯᠡᠵᠦ᠂ ᠣᠯᠵᠠᠴᠢ ᠪᠠᠯᠭ᠋ᠠᠰᠤᠨ᠎ᠤ ᠬᠡᠲᠦᠷᠡᠲᠡᠯ᠎ᠡ ᠮᠠᠯᠲᠠᠭᠰᠠᠨ ᠣᠷᠣᠨ ᠪᠠ ᠭᠤᠷᠪᠠᠳᠤᠭ᠋ᠠᠷ ᠬᠡᠰᠡᠭ᠎ᠤᠨ ᠭᠠᠵᠠᠷ᠎ᠤᠨ ᠬᠡᠲᠦᠷᠡᠲᠡᠯ᠎ᠡ ᠮᠠᠯᠲᠠᠭᠰᠠᠨ ᠣᠷᠣᠨ᠎ᠤ 6 ᠳ᠋ᠤᠭ᠋ᠠᠷ ᠰᠠᠷ᠎ᠠ᠎ᠠᠴᠠ 9 ᠳ᠋ᠦ᠍ᠭᠡᠷ ᠰᠠᠷ᠎ᠠ ᠪᠣᠯᠲᠠᠯᠠᠬᠢ ᠭᠠᠵᠠᠷ ᠳᠣᠤᠷᠠᠬᠢ ᠤᠰᠤᠨ᠎ᠤ ᠲᠦᠪᠰᠢᠨ 2023 ᠣᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠣᠰ 0.25 — 2.12 ᠮᠸᠲᠷ᠂ 1.53 — 4.8 ᠮᠸᠲᠷ ᠵᠡᠷᠭᠡ ᠠᠳᠠᠯᠢ ᠪᠤᠰᠤ ᠬᠡᠮᠵᠢᠶ᠎ᠡ᠎ᠪᠠᠷ ᠢᠯᠡᠷᠡᠵᠦ᠂ 《ᠬᠡᠲᠦᠷᠡᠲᠡᠯ᠎ᠡ ᠮᠠᠯᠲᠠᠭᠰᠠᠨ》 ᠪᠠᠶ᠋ᠢᠳᠠᠯ ᠢᠯᠡᠳᠲᠡ ᠰᠠᠶ᠋ᠢᠵᠢᠷᠠᠪᠠ; ᠣᠯᠵᠠᠴᠢ ᠪᠠᠯᠭ᠋ᠠᠰᠣᠨ᠎ᠤ ᠶᠡᠷᠦᠩᠬᠡᠶ᠋ᠢᠯᠡᠭᠰᠡᠨ ᠠᠵᠣ ᠣᠶ᠋ᠢᠯᠠᠰ᠎ᠤᠨ ᠬᠦᠷᠢᠶᠡᠯᠡᠩ᠎ᠤᠨ ᠠᠵᠣ ᠣᠶ᠋ᠢᠯᠠᠳᠪᠦᠷᠢ ᠵᠢᠨ ᠲᠦᠷᠦᠯ ᠵᠣᠶ᠋ᠢᠯ ᠵᠢᠴᠢ ᠰᠢᠳᠠᠮᠠᠬᠠᠢ ᠬᠡᠢ ᠵᠢᠨ ᠲᠦᠷᠦᠯ ᠵᠣᠶ᠋ᠢᠯ᠎ᠤᠨ ᠣᠰᠣ ᠬᠡᠷᠡᠭᠯᠡᠬᠦ ᠱᠠᠭ᠋ᠠᠷᠳᠠᠯᠭ᠎ᠠ ᠵᠢ ᠪᠦᠲᠦᠮᠵᠢᠲᠡᠢ ᠪᠠᠳᠣᠯᠠᠵᠣ᠂ ᠬᠦᠷᠢᠶᠡᠯᠡᠩ ᠲᠣᠭᠤᠷᠢᠭ᠎ᠤᠨ ᠲᠣᠳᠣᠷᠠᠬᠢ 6 ᠠᠵᠣ ᠣᠶ᠋ᠢᠯᠠᠳᠪᠦᠷᠢ ᠵᠢᠨ ᠠᠵᠣ ᠠᠬᠤᠶ᠋ᠢᠯᠠᠯ᠎ᠳᠤ 69.2 ᠲᠦᠮᠡᠨ ᠪᠣᠰᠤᠭ᠎ᠠ ᠲᠦᠷᠪᠡᠯᠵᠢᠨ ᠮᠸᠲᠷ ᠣᠰᠣ ᠬᠡᠷᠡᠭᠯᠡᠬᠦ ᠵᠢᠭ᠋ᠠᠯᠳᠠ ᠲᠤᠭ᠎ᠠ ᠵᠢ ᠲᠣᠬᠢᠷᠠᠭᠤᠯᠵᠣ᠂ ᠵᠢᠯ᠎ᠤᠨ ᠣᠶ᠋ᠢᠯᠠᠰ᠎ᠤᠨ ᠦᠷᠳᠡᠭ᠎ᠨᠢ 40 ᠭᠠᠷᠣᠢ ᠳ᠋ᠦᠩᠰᠢᠭᠤᠷ ᠲᠦᠭᠦᠷᠢᠭ ᠪᠣᠯᠣᠨ᠎ᠠ᠃
ᠤᠰᠤᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ ᠵᠢᠨ ᠠᠯᠬᠤᠮ ᠠᠯᠬᠤᠮ ᠵᠶ᠋ᠠᠷ ᠲᠡᠭᠦᠯᠳᠡᠷᠵᠢᠬᠦ ᠵᠢ ᠳᠠᠭ᠋ᠠᠯᠳᠤᠨ᠂ ᠲᠤᠰ ᠢᠨᠵᠧᠨᠧᠷᠢᠩ᠎ᠤᠨ ᠤᠰᠤ ᠬᠠᠩᠭ᠋ᠠᠬᠤ ᠬᠦᠷᠢᠶ᠎ᠡ ᠬᠡᠪᠴᠢᠶ᠎ᠡ ᠵᠢ ᠰᠠᠭᠤᠭ᠋ᠠᠯᠢ ᠠᠷᠠᠳ᠎ᠤᠨ ᠠᠮᠢᠳᠤᠷᠠᠯ᠎ᠳᠤ ᠬᠡᠷᠡᠭᠯᠡᠬᠦ ᠤᠰᠤ ᠪᠠ ᠲᠠᠷᠢᠶᠠᠯᠠᠩ᠎ᠤᠨ ᠤᠰᠤᠯᠠᠯᠲᠠ ᠵᠢᠨ ᠤᠰᠤ ᠵᠡᠷᠭᠡ ᠲᠠᠯ᠎ᠠ᠎ᠳᠤ ᠬᠦᠷᠲᠡᠯ᠎ᠡ ᠤᠯᠠᠮ ᠨᠢᠭᠡ ᠠᠯᠬᠤᠮ ᠥᠷᠭᠡᠳᠬᠡᠬᠦ ᠪᠣᠯᠤᠨ᠎ᠠ᠃
ᠬᠡᠳᠤ ᠮᠠᠯᠳᠠᠯᠳᠠ ᠵᠢᠨ ᠤᠷᠤᠨ᠎ᠤ ᠶᠡᠷᠤᠩᠬᠡᠶ᠋ᠢᠯᠡᠭᠰᠡᠨ ᠵᠠᠰᠠᠯᠳᠠ
ᠰᠡᠳᠬᠢᠴᠡ᠎ᠪᠠᠨ ᠬᠤᠪᠢᠷᠠᠭᠤᠯᠬᠤ᠎ᠳᠤ ᠤᠰᠤᠨ᠎ᠤ ᠡᠬᠢ ᠰᠣᠷᠪᠣᠯᠵᠢ ᠵᠢᠨ 《ᠬᠤᠶᠠᠳᠣᠭ᠋ᠠᠷ ᠣᠷᠣᠨ ᠵᠠᠢ》 ᠵᠢ ᠨᠡᠭᠡᠭᠡᠵᠦ᠂ ᠣᠷᠣᠨ ᠪᠦᠰᠡ ᠵᠢᠨ ᠣᠰᠣᠨ᠎ᠤ ᠡᠬᠢ ᠰᠣᠷᠪᠣᠯᠵᠢ ᠵᠢ ᠨᠡᠭᠡᠭᠡᠨ ᠠᠰᠢᠭᠯᠠᠬᠤ ᠬᠦᠴᠦᠯᠡᠴᠡ ᠵᠢ ᠪᠠᠭ᠋ᠠᠰᠬᠠᠬᠤ᠎ᠪᠠᠷ ᠪᠠᠷᠠᠬᠤ ᠦᠭᠡᠢ ᠣᠰᠣᠨ᠎ᠤ ᠡᠬᠢ ᠰᠣᠷᠪᠣᠯᠵᠢ ᠵᠢ ᠮᠠᠰᠢ ᠶᠡᠭᠡ ᠰᠢᠯᠢᠳᠡᠭᠵᠢᠬᠦᠯᠬᠦ ᠪᠠ ᠳᠡᠭᠡᠭᠰᠢᠯᠡᠬᠦᠯᠦᠨ᠂ ᠭᠠᠵᠠᠷ ᠲᠣᠣᠷᠠᠬᠢ ᠣᠰᠣᠨ᠎ᠤ ᠬᠡᠳᠣᠷᠬᠡᠢ ᠮᠠᠯᠳᠠᠭᠰᠠᠨ ᠣᠷᠣᠨ᠎ᠤ ᠨᠡᠭᠡᠭᠡᠨ ᠠᠰᠢᠭᠯᠠᠯᠳᠠ ᠵᠢᠨ ᠨᠦᠬᠦᠪᠣᠷᠢ ᠵᠢᠨ ᠲᠡᠩᠴᠡᠬᠦᠷᠢ ᠵᠢ᠎ᠨᠢ ᠪᠡᠶᠡᠯᠡᠬᠦᠯᠬᠦ᠎ᠳᠤ ᠮᠠᠰᠢ ᠠᠰᠢᠭᠲᠠᠢ ᠪᠠᠶ᠋ᠢᠵᠤ᠂ ᠣᠳᠤᠭ᠎ᠤᠨ ᠡᠮᠦᠨᠡᠳᠦ ᠬᠤᠰᠢᠭᠤᠨ᠎ᠳᠤ ᠣᠯᠠᠨ ᠵᠢᠯ ᠭᠠᠴᠢᠬᠳᠠᠭᠰᠠᠨ ᠭᠠᠵᠠᠷ ᠲᠣᠣᠷᠠᠬᠢ ᠣᠰᠣ ᠵᠢ ᠬᠡᠳᠣᠷᠬᠡᠢ ᠮᠠᠯᠳᠠᠭᠰᠠᠨ ᠪᠠᠶ᠋ᠢᠳᠠᠯ᠎ᠢ ᠦᠨᠳᠦᠰᠦᠨ᠎ᠠᠴᠠ᠎ᠨᠢ ᠬᠤᠪᠢᠷᠠᠭᠤᠯᠤᠨ᠎ᠠ᠃
ᠠᠷᠪᠢᠯᠠᠨ ᠭᠠᠮᠨᠠᠵᠤ᠂ ᠤᠰᠤᠨ᠎ᠤ ᠡᠬᠢ ᠪᠠᠶᠠᠯᠢᠭ᠎ᠢ ᠨᠠᠷᠢᠨ ᠨᠢᠮᠪᠠᠶ ᠲᠥᠯᠥᠪᠯᠡᠨ ᠰᠠᠶ᠋ᠢᠲᠤᠷ ᠬᠡᠷᠡᠭᠯᠡᠵᠦ᠂ ᠳᠤᠰᠤᠯ ᠤᠰᠤ ᠨᠢᠭᠡᠪᠦᠷᠢ ᠵᠢᠨ ᠳᠠᠯᠳᠠ ᠬᠦᠴᠦᠨ᠎ᠢ ᠠᠭᠤᠳᠠᠯᠤᠨ᠂ 《ᠡᠬᠢ ᠪᠠᠶᠠᠯᠢᠭ》᠎ᠲᠠᠢ ᠵᠡᠷᠭᠡ᠎ᠪᠠᠷ ᠤᠷᠤᠭᠰᠢᠯᠠᠵᠤ᠂ ᠬᠡᠲᠦᠷᠡᠲᠡᠯ᠎ᠡ ᠲᠠᠲᠠᠭᠰᠠᠨ ᠣᠷᠣᠨ᠎ᠤ ᠵᠠᠰᠠᠯᠲᠠ ᠵᠢᠨ 《ᠦᠷ᠎ᠡ ᠠᠰᠢᠭ》᠎ᠢ ᠨᠡᠮᠡᠭᠳᠡᠭᠦᠯᠪᠡ᠃
ᠣᠲᠤᠭ᠎ᠤᠨ ᠡᠮᠦᠨᠡᠲᠦ ᠬᠤᠰᠢᠭᠤᠨ᠎ᠤ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠮᠡᠳᠡᠭᠡ ᠵᠠᠩᠭᠢᠵᠢᠯᠲᠠ ᠵᠢᠨ ᠶᠡᠷᠦᠩᠬᠡᠶ ᠡᠵᠡᠮᠰᠢᠯ᠎ᠤᠨ ᠲᠥᠪ᠎ᠤᠨ ᠲᠣᠮᠣ ᠳᠡᠯᠭᠡᠴᠡ ᠳᠡᠭᠡᠷ᠎ᠡ᠂ ᠬᠤᠰᠢᠭᠤᠨ᠎ᠤ ᠬᠡᠪᠴᠢᠶᠡᠨ᠎ᠳᠠᠬᠢ ᠤᠰᠤᠯᠠᠯᠲᠠ ᠵᠢᠨ ᠮᠠᠰᠢᠨ ᠴᠠᠬᠢᠯᠭ᠋ᠠᠨ ᠬᠤᠳᠳᠤᠭ᠎ᠤᠨ ᠠᠵᠢᠯᠯᠠᠭ᠋ᠠᠨ᠎ᠤ ᠪᠠᠶ᠋ᠢᠳᠠᠯ᠎ᠢ ᠴᠠᠭ ᠲᠤᠬᠠᠶ᠎ᠳᠤᠨᠢ ᠢᠯᠡᠷᠡᠭᠦᠯᠵᠦ᠂ ᠠᠵᠢᠯᠲᠠᠳ ᠨᠢᠭᠡ ᠲᠠᠯ᠎ᠠ᠎ᠪᠠᠷ ᠦᠵᠡᠭᠦᠯᠦᠨ ᠲᠠᠨᠢᠭᠤᠯᠬᠤ ᠲᠠᠯ᠎ᠠ᠎ᠪᠠᠷ᠄ 《〈ᠬᠤᠳᠳᠤᠭ ᠴᠠᠬᠢᠯᠭ᠋ᠠᠨ ᠬᠤᠶᠠᠷ᠎ᠢ ᠡᠵᠡᠮᠳᠡᠬᠦ〉 ᠤᠶᠤᠨᠲᠤ ᠲᠥᠬᠦᠭᠡᠷᠦᠮᠵᠢ᠎ᠨᠢ ᠬᠤᠳᠳᠤᠭ᠎ᠤᠨ ᠳᠣᠲᠣᠷᠠᠬᠢ ᠪᠥᠬᠦ ᠵᠢᠯ᠎ᠤᠨ ᠤᠰᠤ ᠲᠠᠲᠠᠬᠤ ᠬᠡᠮᠵᠢᠶ᠎ᠡ ᠵᠢᠨ ᠵᠠᠷᠯᠢᠭ᠎ᠢ ᠦᠨᠳᠦᠰᠦᠯᠡᠨ ᠤᠰᠤ ᠠᠪᠬᠤ ᠶᠠᠪᠤᠴᠠ᠎ᠳᠤ ᠬᠤᠪᠢᠶᠠᠷᠢᠯᠠᠵᠤ᠂ ᠠᠯᠤᠰ᠎ᠠᠴᠠ ᠬᠠᠮᠢᠶᠠᠷᠤᠨ ᠡᠵᠡᠮᠳᠡᠵᠦ᠂ ᠭᠠᠵᠠᠷ ᠣᠷᠣᠨ᠎ᠤ ᠬᠤᠭᠤᠯᠠᠢ᠎ᠪᠠᠷ ᠤᠰᠤ ᠬᠠᠮᠢᠶᠠᠷᠬᠤ ᠵᠣᠷᠢᠯᠭ᠎ᠠ᠎ᠳᠠᠭᠠᠨ ᠬᠦᠷᠴᠦ ᠪᠣᠯᠤᠨ᠎ᠠ᠃ ᠤᠰᠤᠯᠠᠬᠤ ᠦᠶ᠎ᠡ᠎ᠳᠤ᠂ ᠪᠣᠳᠠᠲᠠᠶ ᠬᠡᠷᠡᠭᠯᠡᠬᠦ ᠤᠰᠤᠨ᠎ᠤ ᠬᠡᠮᠵᠢᠶ᠎ᠡ᠎ᠨᠢ ᠤᠰᠤ ᠬᠡᠷᠡᠭᠯᠡᠬᠦ ᠲᠥᠯᠥᠪᠯᠡᠭᠡ ᠵᠢ ᠬᠢᠨᠠᠨ ᠲᠣᠭᠲᠠᠭ᠋ᠠᠬᠤ ᠬᠡᠮᠵᠢᠭᠳᠡᠯ᠎ᠳᠤ ᠬᠦᠷᠪᠡᠯ᠂ ᠲᠥᠬᠦᠭᠡᠷᠦᠮᠵᠢ᠎ᠨᠢ ᠠᠦ᠋ᠲ᠋ᠣ᠋ ᠮᠠᠰᠢᠨ ᠬᠤᠳᠳᠤᠭ᠎ᠢ ᠬᠠᠭ᠋ᠠᠵᠤ ᠵᠣᠭᠰᠣᠭ᠋ᠠᠵᠤ᠂ ᠮᠠᠯᠴᠢᠨ ᠲᠠᠷᠢᠶᠠᠴᠢᠨ᠎ᠢ ᠬᠡᠳᠡᠷᠬᠦ ᠰᠢᠬᠠᠮᠳᠠᠭᠤᠯᠵᠤ ᠪᠠᠶ᠋ᠢᠭ᠋ᠠᠳ ᠤᠰᠤᠨ᠎ᠤ ᠡᠬᠢ ᠪᠠᠶᠠᠯᠢᠭ᠎ᠢ ᠰᠠᠶ᠋ᠢᠲᠤᠷ ᠬᠡᠷᠡᠭᠯᠡᠭᠦᠯᠦᠨ᠎ᠡ᠃
ᠤᠳᠤᠭ᠎ᠤᠨ ᠡᠮᠤᠨᠡᠳᠤ ᠬᠤᠰᠢᠭᠤᠨ᠎ᠤ ᠳᠠᠷᠢᠶᠠᠯᠠᠩ ᠮᠠᠯ ᠠᠵᠤ ᠠᠬᠤᠢ ᠪᠠ ᠤᠰᠤᠨ ᠠᠰᠢᠭᠯᠠᠯᠳᠠ ᠵᠢᠨ ᠳᠤᠪᠴᠢᠶᠠᠨ᠎ᠤ ᠳᠠᠷᠤᠭ᠎ᠠ ᠶᠠᠩ ᠪᠦᠸᠧ ᠨᠦᠬᠦᠪᠦᠷᠢᠯᠡᠬᠦ᠎ᠳᠡᠭᠡᠨ᠄ 《ᠳᠠᠷᠢᠶᠠᠯᠠᠩ᠎ᠤᠨ ᠤᠰᠤᠯᠠᠯᠳᠠ᠎ᠳᠤ ᠬᠡᠷᠡᠭᠯᠡᠬᠦ ᠤᠰᠤᠨ᠎ᠤ ᠶᠡᠷᠤᠩᠬᠡᠢ ᠬᠡᠮᠵᠢᠶ᠎ᠡ ᠵᠢ ᠬᠢᠵᠠᠭ᠋ᠠᠷᠯᠠᠬᠤ ᠪᠠ ᠬᠢᠵᠠᠭ᠋ᠠᠷᠯᠠᠬᠤ ᠳᠤᠭ᠎ᠠ ᠵᠢᠨ ᠨᠠᠷᠢᠯᠢᠭᠵᠢᠭᠤᠯᠤᠭᠰᠠᠨ ᠬᠠᠮᠢᠶᠠᠷᠤᠯᠳᠠ ᠵᠢ ᠴᠢᠩᠭ᠋ᠠᠳᠬᠠᠬᠤ ᠵᠢᠨ ᠳᠤᠰᠠᠳᠠ᠂ ᠬᠤᠳᠠ ᠵᠢᠨ ᠵᠠᠰᠠᠭ᠎ᠤᠨ ᠤᠷᠳᠤᠨ ᠪᠠ ᠬᠤᠳᠠ ᠵᠢᠨ ᠤᠰᠤᠨ ᠠᠰᠢᠭᠯᠠᠯᠳᠠ ᠵᠢᠨ ᠳᠤᠪᠴᠢᠶᠠᠨ ᠳᠠᠷᠤᠭ᠎ᠠ 1840 ᠳᠦᠮᠡᠨ ᠳᠦᠬᠦᠷᠢᠭ᠎ᠤᠨ ᠲᠦᠷᠤᠯ ᠵᠦᠢ᠍ᠯ᠎ᠤᠨ ᠪᠡᠯᠡ ᠮᠦᠩᠬᠦ ᠵᠢ ᠢᠵᠢ ᠪᠦᠷᠢᠳᠦᠬᠦᠯᠵᠤ᠂ ᠤᠶᠤᠨᠳᠤ ᠤᠰᠤᠨ ᠠᠰᠢᠭᠯᠠᠯᠳᠠ ᠵᠢᠨ ᠤᠶ᠋ᠢᠯᠡᠴᠢᠯᠡᠬᠡᠨᠤ ᠳᠡᠪᠴᠡᠩᠢ ᠪᠠᠶ᠋ᠢᠭᠤᠯᠬᠤ᠎ᠳᠤ ᠬᠡᠷᠡᠭᠯᠡᠵᠤ᠂ ᠮᠡᠳᠡᠭᠡ ᠵᠠᠩᠬᠢᠵᠢᠯᠳᠠ ᠵᠢᠨ ᠶᠡᠷᠤᠩᠬᠡᠢ ᠡᠵᠡᠮᠰᠢᠯ᠎ᠤᠨ ᠳᠦᠪ᠂ ᠬᠤᠪᠢᠶᠠᠷᠢ ᠡᠵᠡᠮᠰᠢᠯ᠎ᠤᠨ ᠳᠦᠪ᠎ᠢ 5 ᠪᠠᠶ᠋ᠢᠭᠤᠯᠵᠤ᠂ 2400 ᠢᠵᠢ ᠬᠤᠳᠳᠤᠭ ᠴᠠᠬᠢᠯᠭ᠋ᠠᠨ ᠬᠤᠤᠰ ᠡᠵᠡᠮᠳᠡᠯ᠎ᠤᠨ ᠲᠦᠬᠦᠬᠡᠷᠤᠮᠵᠢ ᠵᠢ ᠤᠭᠰᠠᠷᠠᠵᠤ᠂ ᠬᠡᠳᠤ ᠮᠠᠯᠳᠠᠯᠳᠠ ᠵᠢᠨ ᠤᠷᠤᠨ᠎ᠳᠤ ᠨᠡᠶ᠋ᠢᠳᠡ 440 ᠪᠤᠰᠤᠭ᠎ᠠ ᠳᠦᠷᠪᠠᠯᠵᠢᠨ ᠮᠸᠲᠷ ᠤᠰᠤ ᠤᠷᠤᠭᠤᠯᠵᠤ᠂ 220 ᠪᠤᠰᠤᠭ᠎ᠠ ᠳᠦᠷᠪᠡᠯᠵᠢᠨ ᠮᠸᠲᠷ᠎ᠤᠨ ᠳᠤᠳᠤᠷ᠎ᠡ᠂ 6.4 ᠳᠦᠮᠡᠨ ᠪᠤᠰᠤᠭ᠎ᠠ ᠳᠦᠷᠪᠠᠯᠵᠢᠨ ᠮᠸᠲᠷ᠎ᠤᠨ ᠳᠤᠳᠤᠷ᠎ᠡ ᠪᠦᠲᠦᠮᠵᠢ᠎ᠲᠠᠢ ᠤᠰᠤ ᠠᠷᠪᠢᠯᠠᠵᠤ᠂ ᠳᠠᠷᠢᠶᠠᠯᠠᠩ᠎ᠤᠨ ᠤᠰᠤᠯᠠᠯᠳᠠ ᠵᠢᠨ ᠤᠰᠤᠨ᠎ᠤ ᠠᠰᠢᠭᠯᠠᠮᠵᠢ ᠵᠢᠨ ᠨᠤᠷᠮ᠎ᠠ ᠵᠢ ᠶᠡᠬᠡᠪᠡᠷ ᠳᠡᠭᠡᠭᠰᠢᠯᠡᠬᠦᠯᠪᠡ᠃
ᠶᠡᠷᠦᠩᠬᠡᠢ ᠬᠡᠮᠵᠢᠶ᠎ᠡ ᠵᠢ ᠬᠢᠵᠠᠭ᠋ᠠᠷᠯᠠᠨ᠂ ᠬᠢᠵᠠᠭ᠋ᠠᠷᠯᠠᠬᠤ ᠲᠤᠭ᠎ᠠ᠎ᠪᠠᠷ ᠬᠠᠮᠢᠶᠠᠷᠴᠤ᠂ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠤᠨ ᠠᠵᠢᠯ᠎ᠢ ᠪᠥᠬᠦ ᠲᠠᠯ᠎ᠠ᠎ᠪᠠᠷ ᠬᠡᠷᠡᠭᠵᠢᠭᠦᠯᠵᠦ᠂ ᠤᠰᠤᠨ᠎ᠤ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠬᠢᠷᠢ ᠲᠦᠪᠰᠢᠨ᠎ᠢ ᠪᠦᠲᠦᠮᠵᠢᠲᠡᠶ ᠳᠡᠭᠡᠭᠰᠢᠯᠡᠭᠦᠯᠦᠨ᠂ ᠣᠲᠤᠭ᠎ᠤᠨ ᠡᠮᠦᠨᠡᠲᠦ ᠬᠤᠰᠢᠭᠤᠨ᠎ᠳᠤ ᠤᠰᠤᠨ᠎ᠤ ᠡᠬᠢ ᠪᠠᠶᠠᠯᠢᠭ᠎ᠤᠨ 《ᠬᠥᠭᠵᠢᠯᠲᠡ ᠵᠢᠨ ᠣᠷᠣᠨ ᠵᠠᠢ》 ᠵᠢ ᠰᠢᠬᠠᠨ ᠭᠠᠷᠭ᠋ᠠᠵᠤ ᠥᠭᠭᠦᠨ᠎ᠡ᠃
ᠨᠠᠮᠤᠷ᠎ᠤᠨ ᠰᠡᠭᠦᠯᠴᠢ ᠪᠣᠯᠬᠤ᠎ᠳᠤ᠂ ᠲᠠᠷᠢᠶᠠᠨ ᠳᠣᠲᠣᠷ᠎ᠠ ᠭᠠᠵᠠᠷ ᠪᠣᠯᠭ᠋ᠠᠨ᠎ᠳᠤ ᠠᠯᠳᠠᠨ ᠰᠢᠷᠭ᠋ᠠᠯ ᠭᠡᠷᠡᠯ ᠰᠠᠴᠤᠷᠠᠨ᠎ᠠ᠃ ᠡᠨᠡ ᠪᠣᠯ ᠨᠡᠷᠡᠲᠦ ᠲᠥᠮᠥᠰᠥ ᠮᠥᠨ᠂ ᠪᠢᠳᠡᠨ᠎ᠤ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ᠎ᠪᠠᠷ ᠳᠠᠮᠵᠢᠭᠤᠯᠤᠨ ᠣᠷᠣᠭᠤᠯᠤᠭᠰᠠᠨ ᠰᠢᠨ᠎ᠡ ᠡᠭᠦᠯᠳᠡᠷ ᠮᠥᠨ᠂ ᠠᠵᠤ ᠠᠬᠤᠶ᠋ᠢᠯᠠᠯ᠎ᠠᠴᠠ ᠦᠷ᠎ᠡ ᠬᠠᠩᠭ᠋ᠠᠵᠤ᠂ ᠪᠥᠬᠦ ᠶᠠᠪᠤᠴᠠ ᠵᠢᠨ ᠮᠡᠷᠭᠡᠵᠢᠯ᠎ᠤᠨ ᠵᠢᠯᠣᠭᠤᠳᠣᠯᠭ᠎ᠠ ᠬᠠᠩᠭ᠋ᠠᠵᠤ᠂ ᠬᠠᠮᠠᠭ᠋ᠠᠯᠠᠯᠲᠠ ᠵᠢᠨ ᠦᠨ᠎ᠡ ᠵᠢᠨ ᠵᠠᠬᠢᠶᠠᠯᠠᠭ᠎ᠠ ᠵᠢ ᠬᠤᠷᠢᠶᠠᠨ ᠠᠪᠴᠤ ᠪᠠᠶ᠋ᠢᠨ᠎ᠠ᠃ ᠡᠨᠡ ᠵᠢᠯ ᠠᠩᠬ᠎ᠠ ᠤᠳᠠᠭ᠎ᠠ 3300 ᠮᠦ᠍ ᠲᠥᠪᠯᠡᠷᠡᠭᠦᠯᠦᠨ ᠵᠠᠯᠭ᠋ᠠᠯᠳᠤᠭᠤᠯᠤᠨ ᠲᠠᠷᠢᠬᠤ ᠵᠢ ᠲᠤᠷᠰᠢᠵᠤ᠂ ᠦᠷ᠎ᠡ ᠪᠦᠲᠦᠮᠵᠢ᠎ᠨᠢ ᠣᠨᠴᠠᠭ᠋ᠠᠶ ᠰᠠᠶ᠋ᠢᠨ ᠪᠠᠶ᠋ᠢᠵᠤ᠂ ᠠᠩᠬ᠎ᠠ ᠠᠯᠬᠤᠮ ᠪᠠᠷᠤᠭᠴᠠᠭ᠋ᠠᠯᠠᠭᠰᠠᠨ ᠵᠶ᠋ᠠᠷ ᠮᠦ᠍ ᠪᠦᠷᠢ ᠵᠢᠨ ᠤᠨᠠᠯᠲᠠ 5000 ᠵᠢᠩ᠎ᠠᠴᠠ 6000 ᠵᠢᠩ᠎ᠳᠤ ᠬᠦᠷᠴᠦ᠂ ᠴᠡᠪᠡᠷ ᠣᠷᠣᠯᠭ᠎ᠠ 1500 — 2000 ᠲᠥᠭᠦᠷᠢᠭ᠎ᠲᠤ ᠬᠦᠷᠬᠦ ᠪᠣᠯᠤᠨ᠎ᠠ》 ᠭᠡᠵᠡᠢ᠃ ᠣᠯᠵᠠᠴᠢ ᠪᠠᠯᠭ᠋ᠠᠰᠤᠨ᠎ᠤ ᠳᠠᠷᠤᠭ᠎ᠠ ᠢᠦᠢ ᠫᠸᠢ ᡁᠢ ᠬᠡᠯᠡᠪᠡ᠃
ᠪᠢᠳᠡᠨ᠎ᠤ ᠡᠨᠡ ᠤᠳᠠᠭ᠍ᠠᠨᠤ ᠬᠠᠶ᠋ᠢᠨ ᠰᠦ᠍ᠪᠡᠭᠴᠢᠯᠡᠯᠲᠡ ᠠᠮᠵᠢᠯᠲᠠ᠎ᠲᠠᠢ ᠭᠡᠵᠦ ᠬᠡᠯᠡᠵᠦ ᠪᠤᠯᠤᠨ᠎ᠠ᠃ ᠠᠵᠤ ᠠᠬᠤᠶ ᠵᠢᠨ ᠦᠷ᠎ᠡ ᠠᠰᠢᠭ ᠵᠶ᠋ᠠᠷ ᠰᠠᠶ᠋ᠢᠨ ᠪᠠᠶ᠋ᠢᠬᠤ᠎ᠨᠢ ᠠᠷᠠᠳ ᠣᠯᠠᠨ᠎ᠤ ᠣᠷᠣᠯᠭ᠎ᠠ ᠵᠢ ᠨᠡᠮᠡᠭᠳᠡᠭᠦᠯᠬᠦ ᠪᠣᠯ ᠨᠢᠭᠡ ᠲᠠᠯ᠎ᠠ ᠪᠣᠯᠤᠨ᠎ᠠ᠂ ᠡᠷᠳᠡᠨᠢ ᠰᠢᠰᠢ᠎ᠲᠠᠢ ᠬᠠᠷᠢᠴᠠᠭᠤᠯᠪᠠᠯ᠂ ᠬᠠᠭᠤᠷᠠᠶ᠎ᠪᠠᠷ ᠨᠡᠷᠡᠲᠦ ᠲᠥᠮᠥᠰᠥᠢ ᠳᠠᠷᠢᠪᠠᠯ ᠮᠦ᠍ ᠪᠦᠷᠢ 400 ᠪᠣᠰᠤᠭ᠎ᠠ ᠳᠥᠷᠪᠡᠯᠵᠢᠨ ᠮᠸᠲᠷ ᠣᠷᠴᠢᠮ ᠤᠰᠤ ᠠᠷᠪᠢᠯᠠᠵᠤ᠂ ᠡᠬᠢᠯᠡᠵᠦ ᠶᠡᠭᠡ ᠬᠡᠪᠴᠢᠶ᠎ᠡ᠎ᠪᠠᠷ ᠳᠡᠯᠭᠡᠷᠡᠭᠦᠯᠪᠡᠯ᠂ ᠤᠰᠤ ᠠᠷᠪᠢᠯᠠᠬᠤ ᠦᠷ᠎ᠡ ᠪᠦᠲᠦᠮᠵᠢ᠎ᠨᠢ ᠮᠠᠰᠢ ᠰᠠᠶ᠋ᠢᠨ ᠪᠠᠶ᠋ᠢᠳᠠᠭ᠂ ᠡᠨᠡ᠎ᠨᠢ ᠬᠡᠲᠦᠷᠡᠲᠡᠯ᠎ᠡ ᠮᠠᠯᠲᠠᠭᠰᠠᠨ ᠣᠷᠣᠨ᠎ᠢ ᠵᠠᠰᠠᠬᠤ᠎ᠳᠤ ᠢᠳᠡᠪᠬᠢᠲᠡᠶ ᠠᠬᠢᠭᠤᠯᠬᠤ ᠦᠢ᠍ᠯᠡᠳᠦᠯ ᠦᠵᠡᠭᠦᠯᠵᠡᠢ》 ᠭᠡᠵᠡᠶ᠃ ᠢᠦᠢ ᠫᠸᠢ ᡁᠢ ᠦᠷᠭᠦᠯᠵᠢᠯᠡᠨ ᠨᠦᠬᠦᠪᠦᠷᠢᠯᠡᠵᠦ ᠬᠡᠯᠡᠪᠡ᠃
ᠨᠡᠷᠡᠲᠦ ᠲᠥᠮᠥᠰᠥ᠂ ᠬᠦᠬᠦᠷᠭᠡᠨ᠎ᠡ ᠵᠢᠨ ᠦᠨᠳᠦᠰᠦ᠂ ᠳ᠋ᠠ ᠱᠠ ᠲᠸᠤ ᠲᠣᠰᠬᠤᠨ᠎ᠤ ᠵᠢᠮᠢᠰ᠎ᠤᠨ ᠮᠣᠳᠣ᠂ ᠬᠤᠩ ᠱᠠᠨ ᠨᠠᠭᠤᠷ᠎ᠤᠨ ᠢᠳᠡᠰᠢᠨ ᠮᠥᠭᠦ ᠵᠡᠷᠭᠡ ᠨᠢᠭᠡ ᠪᠦᠯᠦᠭ ᠤᠰᠤ ᠠᠷᠪᠢᠯᠠᠬᠤ ᠬᠡᠯᠪᠡᠷᠢ ᠵᠢᠨ ᠤᠨᠴᠠᠯᠢᠬᠳᠤ ᠲᠥᠬᠦᠭᠡᠷᠦᠮᠵᠢ ᠵᠢᠨ ᠲᠠᠷᠢᠮᠠᠯ᠎ᠤᠨ ᠠᠵᠤ ᠦᠢ᠍ᠯᠡᠰ ᠥᠷᠨᠢᠭᠦᠨ ᠬᠥᠭᠵᠢᠵᠡᠢ᠃ ᠣᠳᠤᠭ᠎ᠤᠨ ᠡᠮᠦᠨᠡᠳᠦ ᠬᠤᠰᠢᠭᠤ ᠬᠡᠲᠦ ᠮᠠᠯᠳᠠᠭᠰᠠᠨ ᠣᠷᠣᠨ᠎ᠢ ᠲᠦᠪᠯᠡᠷᠡᠭᠦᠯᠦᠭᠰᠡᠨ ᠲᠦᠬᠦᠭᠡᠷᠦᠮᠵᠢᠲᠦ ᠲᠠᠷᠢᠶᠠᠯᠠᠩ᠎ᠤᠨ ᠬᠦᠭᠵᠢᠯᠳᠡ ᠵᠢᠨ ᠣᠷᠣᠨ ᠪᠣᠯᠭ᠋ᠠᠨ ᠪᠠᠶ᠋ᠢᠭᠤᠯᠬᠤ᠎ᠪᠠᠷ ᠬᠦᠴᠦᠯᠡᠨ ᠴᠢᠷᠮᠠᠶ᠋ᠢᠵᠤ᠂ ᠣᠰᠣ ᠪᠠᠭ᠎ᠠ ᠵᠠᠷᠣᠴᠠᠭᠤᠯᠣᠭᠰᠠᠨ᠂ ᠦᠨᠳᠦᠷ ᠦᠷ᠎ᠡ ᠠᠰᠢᠭᠳᠠᠢ ᠲᠠᠷᠢᠮᠠᠯ᠎ᠤᠨ ᠪᠦᠲᠦᠴᠡ ᠵᠢ ᠬᠦᠴᠦᠯᠡᠨ ᠪᠠᠶ᠋ᠢᠭᠤᠯᠵᠣ᠂ ᠠᠵᠣ ᠣᠶ᠋ᠢᠯᠠᠰ᠎ᠤᠨ ᠣᠰᠣ ᠠᠷᠪᠢᠯᠠᠬᠤ᠂ ᠣᠷᠣᠯᠭ᠎ᠠ ᠵᠢ ᠨᠡᠮᠡᠭᠳᠡᠭᠦᠯᠬᠦ ᠬᠤᠣᠰ ᠢᠯᠠᠯᠳᠠ ᠵᠢ ᠪᠡᠶᠡᠯᠡᠭᠦᠯᠬᠦ ᠬᠠᠷᠠᠯᠲᠠ ᠵᠢ ᠲᠦᠯᠬᠢᠨ ᠠᠬᠢᠭᠤᠯᠣᠨ᠂ 《ᠣᠰᠣᠨ ᠬᠤᠭᠤᠯᠠᠢ》 ᠵᠢ ᠴᠢᠩᠭ᠋ᠠᠯᠠᠬᠤ᠎ᠪᠠᠷ ᠪᠠᠷᠠᠬᠤ ᠦᠭᠡᠢ ᠪᠠᠰᠠ 《ᠵᠣᠭᠤᠰᠣᠨ ᠤᠭᠤᠳᠠ》 ᠵᠢ ᠬᠦᠪᠴᠢᠯᠡᠨ᠎ᠡ᠃
《ᠣᠰᠣ ᠵᠢ ᠡᠵᠡᠮᠳᠡᠬᠦ᠂ ᠣᠰᠣ ᠵᠢ ᠲᠠᠳᠠᠬᠤ᠂ ᠣᠰᠣ ᠵᠢ ᠠᠷᠪᠢᠯᠠᠬᠤ᠂ ᠣᠰᠣ ᠵᠢ ᠬᠠᠮᠢᠶᠠᠷᠬᠤ》 ᠠᠵᠢᠯ᠎ᠢ ᠴᠢᠩᠭ᠎ᠠ ᠠᠳᠬᠤᠵᠣ᠂ ᠣᠳᠤᠭ᠎ᠤᠨ ᠡᠮᠦᠨᠡᠳᠦ ᠬᠤᠰᠢᠭᠤ ᠵᠠᠪᠠᠯ ᠣᠰᠣ ᠵᠠᠰᠠᠬᠤ ᠰᠢᠲᠠᠷ᠎ᠠ ᠵᠢ ᠲᠠᠯᠪᠢᠵᠣ᠂ ᠠᠷᠠᠳ᠎ᠲᠤ ᠠᠰᠢᠭᠳᠠᠢ ᠡᠪᠬᠡᠮᠡᠯ᠎ᠢ ᠬᠠᠷᠢᠭᠤᠯᠬᠤ ᠬᠡᠷᠡᠭᠳᠡᠢ᠃ ᠢᠷᠡᠭᠡᠳᠦᠶ᠎ᠪᠠᠨ ᠪᠠᠷᠠᠯᠠᠬᠤᠶ᠎ᠠ᠂ 《ᠰᠠᠭᠤᠷᠢ ᠥᠩᠭᠡ》᠎ᠨᠢ ᠨᠠᠩ ᠥᠳᠬᠡᠨ᠂ 《ᠥᠩᠭᠡ ᠵᠢᠰᠦ》᠎ᠨᠢ ᠨᠠᠩ ᠥᠨᠳᠥᠷ᠂ 《ᠰᠦᠷ ᠵᠢᠪᠬᠤᠭ᠎ᠠ》᠎ᠨᠢ ᠨᠠᠩ ᠰᠠᠶ᠋ᠢᠨ ᠤᠰᠤᠨ ᠠᠰᠢᠭᠯᠠᠯᠲᠠ ᠵᠢᠨ ᠵᠢᠷᠤᠭ ᠳᠦᠷᠰᠦ ᠣᠲᠤᠭ᠎ᠤᠨ ᠡᠮᠦᠨᠡᠲᠦ ᠬᠤᠰᠢᠭᠤᠨ᠎ᠤ ᠡᠬᠡ ᠭᠠᠵᠠᠷ᠎ᠲᠤ ᠠᠯᠭᠤᠷᠬᠠᠨ ᠳᠡᠯᠭᠡᠭᠳᠡᠵᠦ ᠪᠠᠶ᠋ᠢᠨ᠎ᠠ᠃
(ᠳᠤᠮᠳᠠᠳᠤ ᠤᠯᠤᠰ᠎ᠤᠨ ᠤᠰᠤᠨ ᠠᠰᠢᠭᠯᠠᠯᠲᠠ ᠵᠢᠨ ᠰᠣᠨᠢᠨ᠎ᠤ ᠮᠡᠳᠡᠭᠡᠯᠡᠭᠴᠢ ᠵᠤᠤ ᠴᠢᠶᠠᠨ ᠰᠤᠷᠪᠤᠯᠵᠢᠯᠠᠭᠴᠢ ᠯᠢ ᠵᠢᠶᠠᠨ ᠭᠦᠸᠧ)