ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
ᠬᠠᠤᠯᠢ ᠴᠠᠭ᠋ᠠᠵᠠ ᠵᠢᠨ ᠮᠡᠳᠡᠯᠭᠡ ᠵᠢ ᠲᠦᠭᠡᠮᠡᠯᠵᠢᠭᠦᠯᠬᠦ ᠠᠵᠢᠯᠯᠠᠭ᠎ᠠ ᠦᠨᠳᠦᠰᠦᠨ ᠱᠠᠳᠤᠨ᠎ᠳᠤ ᠤᠷᠤᠪᠠ — ᠦᠴᠣᠸᠠᠨ ᠰᠢᠶᠠᠨ
ᠨᠡᠶ᠋ᠢᠲᠡᠯᠡᠭᠰᠡᠨ ᠴᠠᠭ᠄ 2024-03-28

   ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠢ᠍ᠯᠡᠳᠦᠯ ᠴᠢᠳᠠᠪᠤᠷᠢ ᠵᠢ ᠦᠨᠡᠨ ᠬᠦ᠌ ᠳᠡᠭᠡᠭᠰᠢᠯᠡᠭᠦᠯᠵᠦ᠂ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠩᠨᠡᠭᠡ ᠵᠢᠨ ᠴᠢᠳᠠᠪᠤᠷᠢ ᠵᠢᠨ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠤᠰᠠᠳᠠ᠂ 2024 ᠣᠨ᠎ᠤ 3 ᠳ᠋ᠤᠭ᠋ᠠᠷ ᠰᠠᠷ᠎ᠠ ᠵᠢᠨ 25᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠭᠤᠴᠢᠨ ᠳᠣᠯᠣᠳᠤᠭ᠋ᠠᠷ ᠬᠤᠭᠤᠴᠠᠭ᠋ᠠᠨ᠎ᠤ 《ᠳᠤᠮᠳᠠᠳᠤ ᠤᠯᠤᠰ᠎ᠤᠨ ᠤᠰᠤᠨ᠎ᠤ ᠭᠠᠷᠠᠭ》᠎ᠤᠨ ᠬᠤᠭᠤᠴᠠᠭ᠋ᠠᠨ᠎ᠳᠤ᠂ ᠬᠠᠤᠯᠢ ᠴᠠᠭ᠋ᠠᠵᠠ ᠵᠢ ᠲᠦᠭᠡᠮᠡᠯᠵᠢᠭᠦᠯᠬᠦ ᠵᠢ ᠦᠨᠳᠦᠰᠦᠨ ᠱᠠᠲᠤᠨ᠎ᠳᠤ ᠣᠷᠣᠭᠤᠯᠬᠤ ᠲᠤᠰᠬᠠᠶ ᠰᠡᠳᠦᠪᠲᠦ ᠤᠬᠠᠭᠤᠯᠤᠨ ᠲᠠᠶ᠋ᠢᠯᠪᠤᠷᠢᠯᠠᠬᠤ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ ᠥᠷᠨᠢᠭᠦᠯᠪᠡ᠃


走进武川县.png


   ᠠᠵᠢᠯᠯᠠᠭ᠎ᠠ ᠵᠢᠨ ᠳᠤᠮᠳᠠ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠦᠢ᠍ᠯᠡᠰ᠎ᠤᠨ ᠬᠥᠭᠵᠢᠯᠲᠡ ᠵᠢᠨ ᠲᠥᠪ᠎ᠨᠢ ᠬᠠᠮᠢᠶ᠎ᠠ ᠪᠥᠬᠦᠶ ᠤᠰᠤᠨ ᠠᠰᠢᠭᠯᠠᠯᠲᠠ ᠪᠠ ᠬᠠᠤᠯᠢ ᠴᠠᠭ᠋ᠠᠵᠠ ᠵᠢᠨ ᠬᠡᠷᠡᠭ ᠶᠠᠪᠤᠳᠠᠯ᠎ᠤᠨ ᠲᠤᠰᠬᠠᠶ ᠮᠡᠷᠭᠡᠵᠢᠯᠲᠡᠨ᠎ᠲᠠᠢ ᠬᠠᠮᠲᠤᠷᠠᠨ᠂ ᠤᠰᠤᠨ᠎ᠤ ᠶᠠᠪᠤᠳᠠᠯ᠎ᠤᠨ ᠬᠠᠤᠯᠢ᠎ᠠᠴᠠ ᠵᠥᠷᠢᠴᠡᠭᠰᠡᠨ ᠬᠡᠷᠡᠭ᠎ᠤᠨ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠨᠡᠶ᠋ᠢᠯᠡᠭᠦᠯᠵᠦ᠂ ᠤᠰᠤᠨ᠎ᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠭᠤᠤᠯᠳᠠᠯᠭ᠎ᠠ᠎ᠲᠠᠢ ᠵᠦᠢ᠍ᠯ ᠵᠤᠷᠪᠤᠰ ᠵᠢᠴᠢ ᠵᠢᠷᠤᠮᠵᠢᠭᠰᠠᠨ ᠬᠠᠤᠯᠢ ᠬᠡᠷᠡᠭᠵᠢᠭᠦᠯᠬᠦ ᠴᠤᠪᠤᠷᠠᠯ᠎ᠳᠤ ᠴᠢᠭᠯᠡᠭᠦᠯᠦᠨ ᠨᠠᠷᠢᠨ ᠲᠠᠶ᠋ᠢᠯᠤᠮᠵᠢ ᠬᠢᠪᠠ᠃  ᠡᠭᠦᠨ᠎ᠤ ᠬᠠᠮᠲᠤ᠂ ᠥᠪᠡᠷᠲᠡᠭᠡᠨ ᠵᠠᠰᠠᠬᠤ ᠣᠷᠣᠨ᠎ᠤ 2024 ᠣᠨ᠎ᠳᠤ ᠨᠡᠶ᠋ᠢᠲᠡᠯᠡᠨ ᠬᠡᠷᠡᠭᠵᠢᠭᠦᠯᠦᠭᠰᠡᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠲᠠᠰᠤᠯᠤᠯᠲᠠ ᠵᠢᠨ ᠡᠷᠬᠡ ᠵᠢᠨ ᠬᠡᠷᠡᠭᠯᠡᠬᠦ ᠲᠦᠷᠢᠮ ᠵᠢᠴᠢ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ (ᠲᠤᠷᠰᠢᠨ ᠬᠡᠷᠡᠭᠵᠢᠭᠦᠯᠬᠦ)》 ᠵᠢᠨ ᠲᠣᠭᠤᠷᠢᠨ᠎ᠳᠤ᠂ ᠲᠠᠰᠤᠯᠤᠯᠲᠠ ᠵᠢᠨ ᠪᠠᠷᠢᠮᠵᠢᠶ᠎ᠠ᠂ ᠰᠢᠢ᠍ᠳᠭᠡᠯ᠎ᠠᠴᠠ ᠬᠡᠯᠲᠦᠷᠢᠭᠦᠯᠬᠦ ᠵᠦᠢ᠍ᠯᠡᠰ᠎ᠤᠨ ᠬᠡᠷᠡᠭᠯᠡᠬᠦ ᠪᠠᠶ᠋ᠢᠳᠠᠯ ᠵᠡᠷᠭᠡ ᠭᠤᠤᠯᠳᠠᠯᠭ᠎ᠠ᠎ᠲᠠᠢ ᠠᠭᠤᠯᠭ᠎ᠠ ᠵᠢᠨ ᠲᠣᠭᠤᠷᠢᠨ᠎ᠳᠤ ᠲᠠᠶ᠋ᠢᠯᠤᠮᠵᠢ ᠬᠢᠨ᠎ᠠ᠃

   ᠲᠣᠰ ᠤᠳᠠᠭ᠋ᠠᠨ᠎ᠤ ᠠᠵᠢᠯᠯᠠᠭ᠎ᠠ᠎ᠳᠤ ᠨᠡᠶ᠋ᠢᠲᠡ 50 ᠭᠠᠷᠤᠶ ᠬᠠᠤᠯᠢ ᠬᠡᠷᠡᠭᠵᠢᠭᠦᠯᠬᠦ ᠠᠵᠢᠯᠲᠠᠨ ᠣᠷᠣᠯᠴᠠᠭᠰᠠᠨ ᠪᠥᠭᠡᠳ ᠪᠠᠶ᠋ᠢᠴᠠᠭ᠋ᠠᠯᠲᠠ ᠵᠢᠨ ᠠᠰᠠᠭᠤᠯᠲᠠ ᠵᠢᠨ ᠬᠠᠭᠤᠳᠠᠰᠤ ᠵᠢ ᠲᠠᠭᠯᠠᠵᠤ᠂ ᠬᠠᠨᠤᠮᠵᠢ ᠵᠢᠨ ᠬᠡᠮᠵᠢᠶ᠎ᠡ 100%᠎ᠳᠤ ᠬᠥᠷᠪᠡ᠃ ᠲᠣᠰ ᠤᠳᠠᠭ᠋ᠠᠨ᠎ᠤ ᠦᠨᠳᠦᠰᠦᠨ ᠱᠠᠲᠤᠨ᠎ᠳᠤ ᠬᠠᠤᠯᠢ ᠴᠠᠭ᠋ᠠᠵᠠ ᠵᠢᠨ ᠲᠠᠶ᠋ᠢᠯᠤᠮᠵᠢ᠎ᠪᠠᠷ ᠳᠡᠮᠵᠢᠨ᠂ ᠬᠠᠤᠯᠢ ᠬᠡᠷᠡᠭᠵᠢᠭᠦᠯᠬᠦ ᠠᠵᠢᠯᠲᠠᠨ ᠤᠰᠤᠨ᠎ᠤ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠤᠬᠠᠶ ᠲᠠᠨᠢᠯᠲᠠ᠎ᠪᠠᠨ ᠴᠢᠩᠭ᠋ᠠᠳᠬᠠᠵᠤ᠂ ᠤᠰᠤᠨ ᠠᠰᠢᠭᠯᠠᠯᠲᠠ ᠵᠢᠨ ᠲᠤᠬᠠᠶ᠋ᠢᠯᠠᠭᠰᠠᠨ ᠠᠵᠢᠯ᠎ᠤᠨ ᠮᠡᠳᠡᠯᠭᠡ ᠵᠢ ᠪᠠᠶᠠᠯᠢᠭᠵᠢᠭᠤᠯᠤᠭᠰᠠᠨ᠎ᠨᠢ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠢ᠍ᠯᠡ ᠠᠵᠢᠯᠯᠠᠭ᠎ᠠ ᠵᠢ ᠤᠯᠠᠮ ᠨᠢᠭᠡ ᠠᠯᠬᠤᠮ ᠵᠢᠷᠤᠮᠵᠢᠭᠤᠯᠬᠤ᠎ᠳᠤ ᠠᠰᠢᠭᠲᠠᠶ ᠶᠤᠮ᠃

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠤᠰᠤ ᠵᠢ ᠵᠠᠰᠠᠬᠤ᠎ᠳᠤ ᠠᠷᠭ᠎ᠠ᠎ᠲᠠᠢ ᠥᠪᠥᠷ ᠮᠣᠩᠭᠤᠯ ᠭᠤᠣᠯ ᠮᠥᠷᠡᠨ ᠨᠠᠭᠤᠷ ᠴᠥᠭᠦᠷᠥᠮ᠎ᠤᠨ ᠠᠮᠢ ᠠᠬᠤᠢ ᠣᠷᠴᠢᠨ ᠲᠣᠭᠤᠷᠢᠨ᠎ᠢ ᠰᠠᠶ᠋ᠢᠵᠢᠷᠠᠭᠤᠯᠬᠤ᠎ᠪᠠᠷ ᠴᠢᠨᠠᠷ ᠰᠠᠶ᠋ᠢᠲᠠᠢ ᠬᠥᠭᠵᠢᠯᠲᠡ ᠵᠢ ᠲᠤᠯᠭ᠋ᠠᠭᠤᠷᠢᠯᠠᠪᠠ
ᠬᠠᠲᠤᠨ ᠭᠤᠣᠯ᠎ᠤᠨ ᠰᠠᠨ ᠱᠧᠩ ᠭᠦᠩ ᠤᠰᠤᠨ ᠠᠰᠢᠭᠯᠠᠯᠲᠠ ᠵᠢᠨ ᠵᠠᠩᠭᠢᠯᠠᠭ᠎ᠠ ᠬᠠᠭ᠋ᠠᠯᠲᠠ ᠵᠢ ᠨᠡᠭᠡᠭᠡᠵᠦ ᠤᠰᠤ ᠲᠠᠯᠪᠢᠪᠠ
ᠥᠪᠥᠷ ᠮᠣᠩᠭᠤᠯ ᠳᠤᠮᠳᠠᠳᠤ ᠪᠠᠭ᠎ᠠ ᠰᠤᠷᠭ᠋ᠠᠭᠤᠯᠢ ᠵᠢᠨ ᠤᠰᠤ ᠠᠷᠪᠢᠯᠠᠬᠤ 35 ᠪᠦᠲᠦᠭᠡᠯ᠎ᠢ ᠰᠢᠯᠭ᠋ᠠᠷᠠᠭᠤᠯᠤᠨ ᠭᠠᠷᠭ᠋ᠠᠪᠠ
ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠲᠢᠩᠬᠢᠮ᠎ᠤᠨ ᠡᠪᠯᠡᠯ᠎ᠤᠨ ᠬᠤᠷᠢᠶ᠎ᠠ ᠬᠢᠭᠡᠳ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠤᠷᠢᠶ᠎ᠠ ᠵᠢᠨ ᠡᠪᠯᠡᠯ᠎ᠤᠨ ᠬᠤᠷᠢᠶ᠎ᠠ ᠬᠠᠮᠲᠤᠷᠠᠨ ᠡᠵᠢ ᠭᠤᠣᠯ ᠵᠶ᠋ᠠᠨ ᠬᠠᠮᠲᠤ᠎ᠪᠠᠷ ᠬᠠᠮᠠᠭ᠋ᠠᠯᠠᠬᠤ ᠭᠤᠣᠯ ᠰᠡᠳᠦᠪᠲᠦ ᠡᠪᠯᠡᠯ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠤᠰᠤᠨ ᠠᠰᠢᠭᠯᠠᠯᠲᠠ ᠵᠢᠨ ᠵᠠᠯᠠᠭᠤᠴᠤᠳ᠎ᠤᠨ ᠬᠡᠯᠡᠬᠦ᠎ᠨᠢ — ᠤᠰᠤᠨ ᠠᠰᠢᠭᠯᠠᠯᠲᠠ ᠵᠢᠨ ᠰᠢᠰᠲ᠋ᠧᠮ᠎ᠤᠨ ᠵᠠᠯᠠᠭᠤᠴᠤᠳ ᠶᠡᠷᠦᠩᠬᠡᠢ ᠱᠦᠵᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠵᠠᠯᠠᠭᠤᠴᠤᠳ᠎ᠲᠤ ᠲᠠᠯᠪᠢᠭᠰᠠᠨ ᠬᠦᠰᠡᠯ ᠨᠠᠢ᠌ᠳᠠᠯᠭ᠎ᠠ ᠵᠢᠨ ᠲᠤᠬᠠᠢ
 
            