ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
ᠭᠣᠪᠢ ᠲᠠᠩ ᠳᠡᠭᠡᠷ᠎ᠡ᠂ ᠢᠩᠭᠢᠵᠦ ᠤᠰᠤ ᠵᠢ ᠠᠷᠪᠢᠯᠠᠵᠤ ᠤᠰᠤ ᠵᠢ ᠭᠠᠮᠨᠠᠵᠤ ᠤᠰᠤ ᠵᠢ ᠬᠠᠮᠠᠭ᠋ᠠᠯᠠᠬᠤ
ᠨᠡᠶ᠋ᠢᠲᠡᠯᠡᠭᠰᠡᠨ ᠴᠠᠭ᠄ 2024-03-26

   ᠭᠠᠩ ᠬᠠᠭᠤᠷᠠᠶ ᠪᠣᠷᠣᠭ᠋ᠠᠨ ᠪᠠᠭ᠎ᠠ᠂ ᠰᠠᠯᠬᠢ ᠶᠡᠭᠡ ᠡᠯᠡᠰᠦ ᠤᠯᠠᠨ᠂ ᠵᠢᠯ᠎ᠤᠨ ᠳᠤᠮᠳᠠᠴᠢ ᠬᠤᠷ᠎ᠠ ᠲᠤᠨᠳᠠᠰᠤᠨ᠎ᠤ ᠬᠡᠮᠵᠢᠶ᠎ᠡ 39-220 ᠮᠢᠯᠢᠮᠸᠲᠷ᠂ ᠠᠭᠤᠷᠰᠢᠯᠲᠠ ᠵᠢᠨ ᠬᠡᠮᠵᠢᠶ᠎ᠡ ᠬᠠᠷᠢᠨ 2400-4200 ᠮᠢᠯᠢᠮᠸᠲᠷ᠎ᠲᠤ ᠬᠦᠷᠴᠦ᠂ ᠡᠯᠡᠰᠦ ᠮᠠᠩᠬ᠎ᠠ᠂ ᠭᠤᠪᠢ᠂ ᠴᠦᠯᠯᠡᠷᠭᠡᠭ ᠣᠷᠣᠨ᠎ᠤ ᠥᠪᠥᠷ ᠮᠣᠩᠭᠤᠯ᠎ᠤᠨ ᠠᠯᠠᠱ᠌ᠠ ᠠᠶ᠋ᠢᠮᠠᠭ᠎ᠲᠤ ᠪᠠᠶ᠋ᠢᠷᠢᠯᠠᠵᠤ᠂ ᠭᠠᠵᠠᠷ ᠵᠦᠶ ᠵᠢᠨ ᠥᠪᠡᠷᠮᠢᠴᠡ ᠪᠠᠶ᠋ᠢᠷᠢᠯᠠᠯ ᠪᠠ ᠪᠠᠶ᠋ᠢᠭ᠋ᠠᠯᠢ ᠵᠢᠨ ᠨᠥᠬᠦᠴᠡᠯ᠎ᠠᠴᠠ ᠪᠣᠯᠵᠤ᠂ ᠤᠰᠤᠨ᠎ᠤ ᠡᠬᠢ ᠪᠠᠶᠠᠯᠢᠭ ᠲᠦᠢ᠍ᠯ᠎ᠤᠨ ᠳᠤᠲᠠᠮᠠᠭ ᠪᠠᠶ᠋ᠢᠳᠠᠭ᠃

   ᠪᠠᠶ᠋ᠢᠭ᠋ᠠᠯᠢ ᠵᠢᠨ ᠬᠦᠴᠦᠨ ᠵᠦᠢ᠍ᠯ᠎ᠤᠨ ᠬᠢᠵᠠᠭ᠋ᠠᠷᠯᠠᠯ᠎ᠤᠨ ᠡᠮᠦᠨ᠎ᠡ᠂ ᠳᠤᠰᠤᠯ ᠤᠰᠤ ᠨᠢᠭᠡᠪᠦᠷᠢ ᠵᠢ ᠨᠠᠷᠢᠨ ᠨᠢᠮᠪᠠᠶ ᠪᠤᠳᠤᠵᠤ ᠰᠠᠶ᠋ᠢᠲᠤᠷ ᠬᠡᠷᠡᠭᠯᠡᠵᠦ᠂ ᠨᠡᠶ᠋ᠢᠭᠡᠮ᠎ᠤᠨ ᠤᠰᠤ ᠠᠷᠪᠢᠯᠠᠬᠤ ᠳᠠᠯᠳᠠ ᠬᠦᠴᠦᠨ᠎ᠢ ᠠᠭᠤᠳᠠᠯᠤᠨ᠂ ᠨᠢᠭᠡᠨᠲᠡ ᠪᠠᠶ᠋ᠢᠭ᠎ᠠ ᠤᠰᠤᠨ᠎ᠤ ᠡᠬᠢ ᠪᠠᠶᠠᠯᠢᠭ᠎ᠢ ᠰᠠᠬᠢᠨ ᠬᠠᠮᠠᠭ᠋ᠠᠯᠠᠬᠤ ᠪᠣᠯ ᠠᠯᠠᠱ᠌ᠠ ᠠᠶ᠋ᠢᠮᠠᠭ᠎ᠤᠨ ᠤᠰᠤᠨ᠎ᠤ ᠡᠬᠢ ᠪᠠᠶᠠᠯᠢᠭ᠎ᠤᠨ ᠬᠠᠩᠭ᠋ᠠᠯᠭ᠎ᠠ ᠬᠡᠷᠡᠭᠴᠡᠭᠡ ᠵᠢᠨ ᠵᠥᠷᠢᠴᠡᠯ᠎ᠢ ᠨᠠᠮᠳᠠᠭᠤᠯᠵᠤ᠂ ᠤᠰᠤᠨ᠎ᠤ ᠠᠮᠤᠷ ᠲᠦᠪᠰᠢᠨ᠎ᠢ ᠪᠠᠲᠤᠯᠠᠬᠤ ᠵᠢᠨ ᠵᠠᠶ᠋ᠢᠯᠠᠰᠢ ᠥᠬᠡᠶ ᠰᠣᠩᠭᠤᠯᠲᠠ ᠮᠥᠨ᠃

   ᠠᠵᠤ ᠦᠢ᠍ᠯᠡᠳᠪᠦᠷᠢ ᠲᠠᠷᠢᠶᠠᠯᠠᠩ᠎ᠤᠨ 《ᠤᠰᠤ ᠠᠷᠪᠢᠯᠠᠬᠤ ᠨᠡᠭᠡᠯᠡᠭᠡᠢ》 ᠵᠢ ᠴᠢᠩᠭ᠋ᠠᠯᠠᠵᠤ᠂ ᠤᠰᠤ ᠬᠡᠷᠡᠭᠯᠡᠬᠦ ᠬᠡᠮᠵᠢᠶ᠎ᠡ ᠵᠢ ᠵᠦᠶ ᠵᠣᠬᠢᠰᠲᠠᠶ ᠲᠡᠩᠴᠡᠭᠦᠷᠢᠲᠡᠶ ᠪᠠᠶ᠋ᠢᠯᠭ᠋ᠠᠨ᠎ᠠ

   ᠬᠠᠪᠤᠷ᠎ᠤᠨ ᠡᠬᠢᠨ᠎ᠤ ᠤᠯᠠᠷᠢᠯ᠎ᠳᠤ᠂  ᠬᠣᠶᠠᠷᠬᠤᠤᠡᠳᠤᠭ᠎ᠤᠨ ᠬᠦᠳᠡᠭᠡ ᠵᠢᠨ ᠠᠮᠢ ᠠᠬᠤᠢ ᠵᠢᠨ ᠨᠡᠭᠦᠳᠡᠯ  ᠠᠷᠠᠳ᠎ᠤᠨ ᠵᠢᠱ᠌ᠢᠶ᠎ᠡ ᠦᠵᠡᠭᠦᠯᠬᠦ ᠣᠷᠣᠨ᠎ᠤ ᠨᠢᠭᠡᠨ ᠲᠠᠷᠢᠶᠠᠯᠠᠩ᠎ᠤᠨ ᠬᠡᠷᠡᠭᠰᠡᠯ᠎ᠤᠨ ᠳᠡᠯᠭᠡᠭᠦᠷ᠎ᠲᠤ᠂ ᠳᠡᠯᠭᠡᠭᠦᠷ᠎ᠤᠨ ᠡᠵᠡᠨ ᠰᠣᠩᠭᠤᠨ ᠬᠤᠳᠠᠯᠳᠤᠨ ᠠᠪᠬᠤ᠎ᠪᠠᠷ ᠢᠷᠡᠭᠰᠡᠨ ᠲᠠᠷᠢᠶᠠᠴᠢᠨ ᠡᠷᠦᠬᠡ᠎ᠳᠤ ᠡᠯ᠎ᠡ ᠲᠥᠷᠥᠯ᠎ᠤᠨ ᠬᠢᠮᠢ ᠵᠢᠨ ᠪᠣᠷᠲᠣᠭᠤᠷ᠎ᠤᠨ ᠰᠢᠨᠵᠢ ᠪᠠᠶ᠋ᠢᠳᠠᠯ ᠪᠠ ᠦᠨ᠎ᠡ ᠬᠠᠩᠰᠢ ᠵᠢ ᠲᠠᠨᠢᠯᠴᠠᠭᠤᠯᠵᠤ᠂ ᠲᠠᠷᠢᠶᠠᠴᠢᠨ ᠡᠷᠦᠬᠡ ᠵᠢ ᠬᠠᠪᠰᠤᠷᠤᠨ ᠬᠠᠪᠤᠷ᠎ᠤᠨ ᠲᠠᠷᠢᠶᠠᠯᠠᠭ᠎ᠠ᠎ᠳᠤ ᠪᠡᠯᠡᠳᠬᠡᠯ ᠬᠢᠪᠠ᠃

   ᠬᠤᠶᠠᠷᠬᠤᠳᠳᠤᠭ᠎ᠤᠨ ᠭᠤᠣᠯ᠎ᠤᠨ ᠤᠰᠤᠯᠠᠯᠲᠠ ᠵᠢᠨ ᠣᠷᠣᠨ ᠪᠣᠯ ᠠᠯᠠᠱ᠌ᠠ ᠠᠶ᠋ᠢᠮᠠᠭ᠎ᠤᠨ ᠬᠠᠳᠤᠨ ᠭᠤᠣᠯ᠎ᠤᠨ ᠤᠰᠤᠯᠠᠯᠲᠠ ᠵᠢᠨ ᠬᠠᠮᠤᠭ᠎ᠤᠨ ᠶᠡᠭᠡ ᠣᠷᠣᠨ ᠪᠣᠯᠤᠨ᠎ᠠ᠂ ᠵᠢᠯ ᠪᠦᠷᠢ ᠳᠥᠷᠪᠡᠳᠦᠭᠡᠷ ᠳᠡᠰ᠎ᠤᠨ ᠬᠠᠳᠤᠨ ᠭᠤᠣᠯ᠎ᠢ ᠮᠠᠨᠳᠤᠭᠤᠯᠬᠤ ᠢᠨᠵᠧᠨᠧᠷᠢᠩ ᠵᠶ᠋ᠠᠷ ᠳᠠᠮᠵᠢᠨ ᠬᠠᠳᠤᠨ ᠭᠤᠣᠯ᠎ᠠᠴᠠ 4000 ᠲᠦᠮᠡᠨ ᠪᠣᠰᠤᠭ᠎ᠠ ᠳᠥᠷᠪᠡᠯᠵᠢᠨ ᠮᠸᠲᠷ ᠤᠰᠤ ᠠᠪᠴᠤ ᠲᠠᠷᠢᠶᠠᠯᠠᠩ᠎ᠤᠨ ᠤᠰᠤᠯᠠᠯᠲᠠ᠎ᠳᠤ ᠬᠡᠷᠡᠭᠯᠡᠨ᠎ᠡ᠃ ᠭᠡᠪᠡᠴᠦ ᠡᠬᠢᠨ᠎ᠤ ᠦᠶ᠎ᠡ ᠵᠢᠨ ᠤᠰᠤᠯᠠᠯᠲᠠ ᠵᠢᠨ ᠠᠷᠭ᠎ᠠ ᠮᠠᠶᠢᠭ ᠬᠤᠴᠣᠷᠤᠩᠭᠤᠶ᠎ᠠᠴᠠ ᠪᠣᠯᠵᠤ᠂ ᠤᠰᠤᠨ ᠠᠮᠤ ᠵᠢᠨ ᠵᠥᠷᠢᠴᠡᠯ ᠲᠣᠪᠤᠶ᠋ᠢᠮ᠎ᠠ ᠪᠠᠶ᠋ᠢᠪᠠ᠃ ᠤᠰᠤᠨ᠎ᠤ ᠡᠬᠢ ᠪᠠᠶᠠᠯᠢᠭ᠎ᠤᠨ ᠠᠰᠢᠭᠯᠠᠯᠲᠠ ᠵᠢᠨ ᠨᠣᠷᠮ᠎ᠠ ᠵᠢ ᠳᠡᠭᠡᠭᠰᠢᠯᠡᠭᠦᠯᠬᠦ ᠵᠢᠨ ᠲᠥᠯᠥᠭᠡ᠂ 2012 ᠣᠨ᠎ᠠᠴᠠ ᠡᠬᠢᠯᠡᠨ᠂ ᠬᠤᠶᠠᠷᠬᠤᠳᠳᠤᠭ᠎ᠤᠨ ᠭᠤᠤᠯ᠎ᠤᠨ ᠤᠰᠤᠯᠠᠯᠲᠠ ᠵᠢᠨ ᠣᠷᠣᠨ᠎ᠳᠤ ᠵᠠᠯᠭ᠋ᠠᠭ᠎ᠠ᠎ᠪᠠᠷ ᠳ᠋ᠦᠩᠰᠢᠭᠤᠷ ᠲᠥᠭᠦᠷᠢᠭ᠎ᠤᠨ ᠪᠠᠯᠠ ᠣᠷᠣᠭᠤᠯᠵᠤ ᠤᠰᠤ ᠠᠷᠪᠢᠯᠠᠬᠤ ᠥᠭᠡᠷᠡᠴᠢᠯᠡᠯᠲᠡ ᠵᠢᠨ ᠢᠨᠵᠧᠨᠧᠷᠢᠩ᠎ᠢ ᠬᠡᠷᠡᠭᠵᠢᠭᠦᠯᠵᠦ᠂ 2021 ᠣᠨ᠎ᠳᠤ᠂ ᠤᠰᠤᠯᠠᠯᠲᠠ ᠵᠢᠨ ᠣᠷᠣᠨ᠎ᠤ ᠳᠣᠲᠣᠷᠠᠬᠢ 8.5 ᠲᠦᠮᠡᠨ ᠮᠥ᠍ ᠲᠠᠷᠢᠶᠠᠨ ᠭᠠᠵᠠᠷ᠎ᠲᠤ ᠤᠰᠤ ᠠᠷᠪᠢᠯᠠᠬᠤ ᠤᠰᠤᠯᠠᠯᠲᠠ ᠵᠢ ᠪᠦᠬᠦᠨ᠎ᠢ ᠪᠡᠶᠡᠯᠡᠭᠦᠯᠵᠦ᠂ ᠵᠢᠯ ᠪᠦᠷᠢ 1000 ᠲᠦᠮᠡᠨ ᠪᠣᠰᠤᠭ᠎ᠠ ᠳᠥᠷᠪᠡᠯᠵᠢᠨ ᠮᠸᠲᠷ ᠤᠰᠤ ᠠᠷᠪᠢᠯᠠᠵᠤ ᠪᠣᠯᠤᠨ᠎ᠠ᠃

   ᠵᠢᠷᠤᠭ ᠪᠣᠯ ᠠᠯᠠᠱ᠌ᠠ ᠠᠶ᠋ᠢᠮᠠᠭ᠎ᠤᠨ ᠬᠣᠶᠠᠷᠬᠤᠤᠡᠳᠤᠭ᠎ᠤᠨ ᠬᠦᠳᠡᠭᠡ ᠵᠢᠨ ᠠᠮᠢ ᠠᠬᠤᠢ ᠵᠢᠨ ᠨᠡᠭᠦᠳᠡᠯ ᠠᠷᠠᠳ᠎ᠤᠨ ᠵᠢᠱ᠌ᠢᠶ᠎ᠡ ᠦᠵᠡᠬᠦᠯᠬᠦ ᠤᠷᠤᠨ᠎ᠤ ᠶᠠᠩ ᠬᠤᠸᠠᠩ ᠤᠰᠤᠯᠠᠯᠲᠠ ᠵᠢᠨ ᠢᠨᠵᠧᠨᠧᠷᠢᠩ᠎ᠤᠨ ᠬᠠᠭ᠋ᠠᠯᠲᠠ ᠵᠢᠨ ᠠᠮᠠ᠃ ᠰᠢᠨᠬᠤᠸᠠ ᠬᠤᠷᠢᠶ᠎ᠠ ᠲᠠᠷᠬᠠᠭ᠋ᠠᠪᠠ

  《ᠨᠢᠳᠤᠨᠤᠨ ᠵᠣᠨ᠎ᠤ ᠤᠯᠠᠷᠢᠯ ᠭᠠᠩ ᠬᠠᠭᠰᠠᠷᠠᠭ᠋ᠠᠨ᠂ ᠭᠡᠪᠡᠴᠦ ᠪᠢᠳᠡ ᠴᠥᠮ ᠳᠤᠰᠤᠯᠭ᠋ᠠᠨ ᠤᠰᠤᠯᠠᠯᠲᠠ ᠵᠢ ᠠᠰᠢᠭᠯᠠᠭᠰᠠᠨ᠎ᠠᠴᠠ ᠪᠣᠯᠵᠤ᠂ ᠤᠨᠠᠯᠲᠠ᠎ᠨᠢ ᠳᠡᠮᠡᠢ ᠶᠡᠭᠡ ᠨᠥᠯᠥᠭᠡᠯᠡᠭᠳᠡᠭᠰᠡᠨ ᠦᠭᠡᠢ᠂ ᠮᠦ᠍ ᠪᠦᠷᠢ ᠵᠢᠨ ᠤᠨᠠᠯᠲᠠ ᠳᠤᠮᠳᠠᠴᠢ᠎ᠪᠠᠷ 900 ᠺᠢᠯᠣᠭ᠌ᠷᠠᠮ ᠬᠦᠷᠴᠦ᠂ ᠮᠠᠨ᠎ᠤ ᠭᠡᠷ 1000 ᠭᠠᠷᠤᠢ ᠮᠦ᠍ ᠲᠠᠷᠢᠶ᠎ᠠ ᠲᠠᠷᠢᠵᠤ᠂ ᠣᠷᠣᠯᠭ᠎ᠠ᠎ᠨᠢ 40 ᠭᠠᠷᠤᠢ ᠲᠦᠮᠡᠨ ᠲᠥᠭᠦᠷᠢᠭ᠎ᠲᠤ ᠬᠦᠷᠪᠡ》᠃ ᠴᠠᠭ᠋ᠠᠨᠭᠤᠣᠯ ᠭᠠᠴᠠᠭ᠋ᠠᠨ᠎ᠤ ᠲᠠᠷᠢᠶᠠᠴᠢᠨ ᠡᠷᠦᠬᠡ ᠸᠧᠢ ᠢᠦᠢ ᠰᠢᠨ ᠬᠡᠯᠡᠪᠡ᠃

   ᠲᠦᠢ᠍ᠯ᠎ᠤᠨ ᠳᠤᠲᠠᠮᠠᠭ ᠤᠰᠤᠨ᠎ᠤ ᠡᠬᠢ ᠪᠠᠶᠠᠯᠢᠭ᠎ᠤᠨ ᠡᠮᠦᠨ᠎ᠡ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠳᠤᠰᠤᠯᠭ᠋ᠠᠨ ᠤᠰᠤᠯᠠᠬᠤ᠂ ᠤᠰᠤ ᠪᠣᠷᠳᠣᠭᠤᠷ᠎ᠢ ᠨᠢᠭᠡ ᠴᠣᠭᠴᠠᠵᠢᠭᠤᠯᠬᠤ ᠵᠡᠷᠭᠡ ᠥᠨᠳᠥᠷ ᠪᠦᠲᠦᠮᠵᠢᠲᠡᠶ ᠤᠰᠤᠯᠠᠯᠲᠠ ᠵᠢᠨ ᠮᠡᠷᠭᠡᠵᠢᠯ᠎ᠢ ᠳᠡᠯᠭᠡᠷᠡᠭᠦᠯᠬᠦ ᠪᠣᠯ ᠲᠤᠬᠠᠶ ᠵᠢᠨ ᠭᠠᠵᠠᠷ᠎ᠤᠨ ᠲᠠᠷᠢᠶᠠᠯᠠᠩ᠎ᠤᠨ ᠬᠥᠭᠵᠢᠯᠲᠡ ᠵᠢᠨ ᠵᠠᠪᠠᠯ ᠥᠩᠭᠡᠷᠡᠬᠦ ᠵᠠᠮ ᠪᠣᠯᠤᠨ᠎ᠠ᠃

  《ᠣᠳᠣᠬᠠᠨ᠎ᠳᠤ ᠪᠥᠬᠦ ᠠᠶ᠋ᠢᠮᠠᠭ᠎ᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠵᠢᠨ ᠲᠠᠯᠠᠪᠠᠶ 42.47 ᠲᠦᠮᠡᠨ ᠮᠥ᠍ ᠪᠠᠶ᠋ᠢᠵᠤ᠂ ᠲᠠᠷᠢᠶᠠᠯᠠᠩ᠎ᠤᠨ ᠤᠰᠤᠯᠠᠯᠲᠠ ᠵᠢᠨ ᠥᠨᠳᠥᠷ ᠪᠦᠲᠦᠮᠵᠢᠲᠡᠶ ᠤᠰᠤ ᠠᠷᠪᠢᠯᠠᠬᠤ ᠪᠠᠶ᠋ᠢᠭᠤᠯᠤᠯᠲᠠ ᠵᠢᠨ ᠬᠠᠷᠢᠴᠠᠯ᠎ᠢ 94 %᠎ᠳᠤ ᠬᠦᠷᠭᠡᠪᠡ᠃ ᠡᠭᠦᠨ᠎ᠤ ᠬᠠᠮᠲᠤ᠂ ᠪᠢᠳᠡ ᠲᠠᠷᠢᠶᠠᠴᠢᠳ᠎ᠢ ᠬᠥᠲᠥᠯᠦᠨ ᠵᠢᠯᠣᠭᠤᠳᠴᠤ ᠪᠠᠶ᠋ᠢᠭ᠋ᠠᠳ ᠲᠠᠷᠢᠮᠠᠯ᠎ᠤᠨ ᠪᠦᠲᠦᠴᠡ᠎ᠳᠤ ᠲᠣᠬᠢᠷᠠᠭᠤᠯᠤᠯᠲᠠ ᠬᠢᠯᠭᠡᠵᠦ᠂ ᠬᠢᠲᠠᠳ ᠡᠮ᠎ᠤᠨ ᠮᠠᠲ᠋ᠧᠷᠢᠶᠠᠯ᠂ ᠲᠠᠷᠪᠤᠰ᠂ ᠨᠡᠷᠡᠨ ᠬᠤᠸᠠᠷ ᠵᠡᠷᠭᠡ ᠥᠨᠳᠥᠷ ᠤᠨᠠᠯᠲᠠ᠎ᠲᠠᠢ ᠤᠰᠤ ᠠᠷᠪᠢᠯᠠᠬᠤ ᠲᠠᠷᠢᠮᠠᠯ ᠳᠠᠷᠢᠬᠤ ᠵᠢ ᠵᠣᠷᠢᠭᠵᠢᠭᠤᠯᠵᠤ᠂ ᠤᠰᠤ ᠶᠡᠭᠡ ᠬᠤᠷᠣᠭᠳᠠᠭᠤᠯᠬᠤ ᠲᠠᠷᠢᠮᠠᠯ ᠳᠠᠷᠢᠬᠤ ᠬᠠᠷᠢᠴᠠᠯ᠎ᠢ ᠪᠠᠭ᠋ᠠᠰᠬᠠᠪᠠ》 ᠠᠯᠠᠱ᠌ᠠ ᠠᠶ᠋ᠢᠮᠠᠭ᠎ᠤᠨ ᠤᠰᠤᠨ᠎ᠤ ᠶᠠᠪᠤᠳᠠᠯ᠎ᠤᠨ ᠲᠣᠪᠴᠢᠶᠠᠨ᠎ᠤ ᠳᠠᠷᠤᠭ᠎ᠠ ᠯᠦᠸᠧ ᠰᠢᠶᠤᠤ ᠴᠦᠨ ᠲᠠᠨᠢᠯᠴᠠᠭᠤᠯᠪᠠ᠃

   ᠠᠯᠠᠱ᠌ᠠ ᠠᠢ᠌ᠮᠠᠭ ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠎ᠢ ᠨᠡᠮᠡᠭᠳᠡᠭᠦᠯᠬᠦ ᠠᠵᠢᠯ᠎ᠢ ᠰᠠᠢ᠌ᠲᠤᠷ ᠬᠢᠬᠦ ᠵᠢᠨ ᠬᠠᠮᠲᠤ ᠠᠵᠤ ᠦᠢ᠍ᠯᠡᠳᠪᠦᠷᠢ ᠵᠢᠨ ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠵᠠᠮ᠎ᠢ ᠦᠷᠭᠦᠯᠵᠢᠯᠡᠨ ᠬᠠᠢ᠌ᠨ ᠰᠦᠪᠡᠭᠴᠢᠯᠡᠨ᠎ᠡ᠃ ᠠᠯᠠᠱ᠌ᠠ ᠵᠢᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠨ ᠬᠥᠭᠵᠢᠭᠦᠯᠦᠯᠲᠡ ᠵᠢᠨ ᠲᠣᠭᠤᠷᠢᠭ᠎ᠲᠤ ᠬᠦᠷᠬᠦ᠎ᠳᠤ᠂ ᠥᠪᠥᠷ ᠮᠣᠩᠭᠤᠯ᠎ᠤᠨ ᠪᠧᠨ ᠰᠢᠩ ᠬᠢᠮᠢ ᠵᠢᠨ ᠬᠢᠵᠠᠭ᠋ᠠᠷᠲᠤ ᠺᠣᠮᠫᠠᠨᠢ ᠵᠢᠨ ᠦᠢ᠍ᠯᠡᠳᠪᠦᠷᠢᠯᠡᠯ᠎ᠤᠨ ᠲᠠᠰᠤᠭ᠎ᠲᠤ᠂ ᠠᠵᠢᠯᠲᠠᠳ ᠡᠨᠡ ᠵᠢᠯ᠎ᠤᠨ ᠬᠠᠪᠤᠷ᠎ᠤᠨ ᠠᠩᠬᠠᠨ᠎ᠤ ᠵᠠᠬᠢᠶᠠᠯᠠᠭ᠎ᠠ ᠵᠢ ᠶᠠᠭ᠋ᠠᠷᠠᠯᠲᠠᠢ ᠠᠵᠢᠯᠯᠠᠵᠤ ᠪᠠᠶ᠋ᠢᠯ᠎ᠠ᠃ 2021 ᠣᠨ᠎ᠳᠤ ᠲᠣᠰ ᠺᠣᠮᠫᠠᠨᠢ ᠳᠤᠮᠳᠠ ᠤᠰᠤ ᠵᠢ ᠡᠭᠡᠭᠦᠯᠦᠨ ᠬᠡᠷᠡᠭᠯᠡᠬᠦ ᠰᠢᠰᠲ᠋ᠧᠮ᠎ᠢ ᠪᠠᠶ᠋ᠢᠭᠤᠯᠵᠤ᠂ 《ᠣᠳᠣᠬᠠᠨ᠎ᠳᠤ ᠡᠳᠦᠷ ᠪᠦᠷᠢ ᠵᠢᠨ ᠰᠢᠢ᠍ᠳᠪᠦᠷᠢᠯᠡᠬᠦ ᠤᠰᠤᠨ᠎ᠤ ᠬᠡᠮᠵᠢᠶ᠎ᠡ 1000 ᠲᠣᠨ᠎ᠠᠴᠠ ᠳᠡᠭᠡᠭᠰᠢ ᠪᠠᠶ᠋ᠢᠨ᠎ᠠ᠂ ᠤᠰᠤ ᠠᠷᠪᠢᠯᠠᠬᠤ᠎ᠪᠠᠷ ᠪᠠᠷᠠᠬᠤ ᠥᠬᠡᠶ᠂ ᠪᠠᠰᠠ ᠤᠰᠤ ᠬᠡᠷᠡᠭᠯᠡᠬᠦ ᠥᠪᠡᠷ᠎ᠤᠨ ᠥᠷᠲᠡᠭ᠎ᠢ ᠪᠠᠭᠤᠷᠠᠭᠤᠯᠪᠠ》᠃ ᠶᠡᠷᠦᠩᠬᠡᠢ ᠵᠠᠬᠢᠷᠤᠯ ᠯᠢᠶᠠᠨ ᠵᠢᠶᠠᠨ ᠵᠢᠶᠦ᠋ᠨ ᠬᠡᠯᠡᠪᠡ᠃

   ᠣᠶ᠋ᠢᠷ᠎ᠠ ᠵᠢᠨ ᠵᠢᠯ᠎ᠤᠨ ᠲᠤᠷᠰᠢ᠂ ᠠᠯᠠᠱ᠌ᠠ ᠵᠢᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠲᠣᠭᠤᠷᠢᠭ᠎ᠨᠢ ᠤᠰᠤ ᠬᠡᠷᠡᠭᠯᠡᠬᠦ ᠬᠡᠮᠵᠢᠶ᠎ᠡ ᠵᠢ ᠦᠨᠳᠦᠰᠦᠯᠡᠨ ᠠᠵᠤ ᠦᠢ᠍ᠯᠡᠳᠪᠦᠷᠢ ᠵᠢᠨ ᠬᠥᠭᠵᠢᠯᠲᠡ ᠵᠢᠨ ᠪᠠᠶ᠋ᠢᠷᠢᠯᠠᠭᠤᠯᠤᠯᠲᠠ ᠵᠢ ᠵᠦᠶ ᠵᠣᠬᠢᠰᠲᠠᠶ ᠲᠥᠯᠥᠪᠵᠢᠭᠦᠯᠵᠦ᠂ ᠬᠠᠶᠠᠭᠳᠠᠮᠠᠯ ᠪᠣᠬᠢᠷᠲᠤᠯ᠎ᠢ ᠶᠡᠷᠦᠩᠬᠡᠶ᠋ᠢᠯᠡᠨ ᠵᠠᠰᠠᠬᠤ᠂ ᠳᠠᠬᠢᠯᠲᠠ ᠤᠰᠤ ᠵᠢ ᠭᠦᠨᠵᠡᠭᠡᠶ ᠰᠢᠢ᠍ᠳᠪᠦᠷᠢᠯᠡᠬᠦ᠂ ᠤᠰᠤ ᠵᠢ ᠬᠥᠷᠥᠭᠡᠬᠦ ᠰᠢᠰᠲ᠋ᠧᠮ᠎ᠤᠨ ᠤᠰᠤ ᠠᠷᠪᠢᠯᠠᠬᠤ ᠥᠭᠡᠷᠡᠴᠢᠯᠡᠯᠲᠡ ᠵᠡᠷᠭᠡ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠦᠢ᠍ᠯᠡᠳᠪᠦᠷᠢᠯᠡᠯ᠎ᠤᠨ ᠶᠠᠪᠤᠴᠠ᠎ᠳᠠᠬᠢ ᠤᠰᠤᠨ᠎ᠤ ᠡᠬᠢ ᠪᠠᠶᠠᠯᠢᠭ᠎ᠤᠨ ᠬᠤᠷᠣᠭᠳᠠᠯ᠎ᠢ ᠪᠦᠲᠦᠮᠵᠢᠲᠡᠶ ᠪᠠᠭᠤᠷᠠᠭᠤᠯᠵᠤ᠂ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ ᠵᠢ ᠪᠠᠭ᠋ᠠᠰᠬᠠᠪᠠ᠃

   ᠰᠤᠷᠪᠤᠯᠵᠢᠯᠠᠭᠴᠢ ᠵᠢᠨ ᠣᠶ᠋ᠢᠯᠠᠭ᠋ᠠᠭᠰᠠᠨ ᠵᠶ᠋ᠠᠷ᠂ ᠠᠯᠠᠱ᠌ᠠ ᠠᠶ᠋ᠢᠮᠠᠭ ᠣᠲᠣ ᠨᠢᠭᠡᠨᠲᠡ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠤᠰᠤ ᠠᠷᠪᠢᠯᠠᠬᠤ ᠬᠡᠯᠪᠡᠷᠢ ᠵᠢᠨ ᠠᠵᠤ ᠠᠬᠤᠶ᠋ᠢᠯᠠᠯ 1᠂ 5 ᠬᠡᠦᠷᠰᠢᠭᠦᠯᠬᠦ ᠲᠥᠷᠥᠯ ᠵᠦᠢ᠍ᠯ᠎ᠳᠤ ᠤᠰᠤ ᠠᠷᠪᠢᠯᠠᠬᠤ ᠥᠭᠡᠷᠡᠴᠢᠯᠡᠯᠲᠡ ᠵᠢ ᠥᠷᠨᠢᠭᠦᠯᠵᠦ ᠪᠠᠶ᠋ᠢᠨ᠎ᠠ᠂ ᠪᠠᠶ᠋ᠢᠭᠤᠯᠵᠤ ᠳᠠᠭᠤᠰᠬᠠᠭ᠋ᠠᠳ ᠠᠰᠢᠭᠯᠠᠯᠲᠠ᠎ᠳᠤ ᠣᠷᠣᠭᠤᠯᠤᠭᠰᠠᠨ᠎ᠤ ᠳᠠᠷᠠᠭ᠎ᠠ ᠵᠢᠱ᠌ᠢᠯᠲᠡ᠎ᠪᠠᠷ 255 ᠲᠦᠮᠡᠨ ᠪᠣᠰᠤᠭ᠎ᠠ ᠳᠥᠷᠪᠡᠯᠵᠢᠨ ᠮᠸᠲᠷ ᠤᠰᠤ ᠠᠷᠪᠢᠯᠠᠬᠤ ᠪᠣᠯᠤᠨ᠎ᠠ᠃

   ᠳᠤᠰᠤᠯ ᠤᠰᠤ ᠪᠦᠷᠢ ᠵᠢ ᠰᠠᠶ᠋ᠢᠲᠤᠷ ᠬᠡᠷᠡᠭᠯᠡᠨ 《ᠬᠠᠮᠠᠭ᠋ᠠᠯᠠᠭᠴᠢ》 ᠪᠣᠯᠬᠤ᠎ᠪᠠᠷ ᠴᠢᠷᠮᠠᠢ᠌ᠶ᠎ᠠ

   ᠤᠢ᠌ᠷ᠎ᠡ᠎ᠳᠤ ᠳᠤᠯᠠᠭ᠋ᠠᠨ᠎ᠤ ᠬᠡᠮᠵᠢᠶ᠎ᠡ ᠳᠡᠭᠡᠭᠰᠢᠯᠡᠵᠦ᠂ ᠠᠯᠠᠱ᠌ᠠ ᠵᠡᠭᠦᠨ ᠬᠤᠰᠢᠭᠤᠨ᠎ᠳᠤ ᠬᠡᠳᠦᠨ ᠠᠷᠪᠠᠨ ᠤᠯᠠᠭ᠋ᠠᠨ ᠠᠯᠠᠭ ᠨᠤᠭᠤᠰᠤ ᠲᠤᠩᠭ᠋ᠠᠯᠠᠭ ᠤᠰᠤᠨ᠎ᠤ ᠳᠡᠭᠡᠷ᠎ᠡ ᠤᠮᠪᠠᠵᠤ᠂ ᠭᠣᠪᠢ ᠭᠣᠣᠯ᠎ᠤᠨ ᠳᠠᠩ ᠳᠡᠭᠡᠷᠡᠬᠢ ᠨᠢᠭᠡᠨ ᠭᠣᠶᠣ ᠦᠵᠡᠮᠵᠢ ᠪᠣᠯᠤᠭᠰᠠᠨ ᠪᠠᠢ᠌ᠨ᠎ᠠ᠃ ᠡᠨᠡ ᠬᠦ᠌ ᠬᠠᠳᠠᠭ᠋ᠠᠯᠠᠯᠲᠠ ᠵᠢᠨ ᠴᠢᠳᠠᠪᠤᠷᠢ᠎ᠨᠢ 200 ᠲᠦᠮᠡᠨ ᠪᠣᠰᠤᠭ᠎ᠠ ᠳᠥᠷᠪᠡᠯᠵᠢᠨ ᠮᠧᠲᠷ ᠳᠤᠮᠳᠠ ᠤᠰᠤ ᠵᠢ ᠲᠣᠬᠢᠷᠠᠭᠤᠯᠤᠨ ᠬᠠᠳᠠᠭ᠋ᠠᠯᠠᠬᠤ ᠴᠥᠭᠦᠷᠥᠮ᠎ᠨᠢ ᠠᠯᠠᠱ᠌ᠠ ᠵᠡᠭᠦᠨ ᠬᠤᠰᠢᠭᠤᠨ᠎ᠤ ᠬᠤᠲᠠ ᠵᠢᠨ ᠨᠣᠭᠤᠭ᠋ᠠᠷᠠᠭᠤᠯᠤᠯᠲᠠ ᠵᠢᠴᠢ ᠳᠤᠯᠠᠭ᠋ᠠᠯᠠᠭ᠎ᠠ ᠬᠠᠩᠭ᠋ᠠᠬᠤ᠎ᠳᠤ ᠬᠡᠷᠡᠭᠯᠡᠬᠦ ᠤᠰᠤ ᠵᠢ ᠡᠭᠦᠷᠭᠡᠯᠡᠵᠦ ᠪᠣᠶ᠃

  3 ᠳ᠋ᠤᠭ᠋ᠠᠷ ᠰᠠᠷ᠎ᠠ ᠵᠢᠨ 20᠎ᠤ ᠡᠳᠦᠷ᠂ ᠤᠯᠠᠭ᠋ᠠᠨ ᠠᠯᠠᠭ ᠨᠤᠭᠤᠰᠤ ᠠᠯᠠᠱ᠌ᠠ ᠵᠡᠭᠦᠨ ᠬᠤᠰᠢᠭᠤᠨ᠎ᠤ ᠪᠠᠶᠠᠨᠬᠤᠲᠠ ᠪᠠᠯᠭ᠋ᠠᠰᠤᠨ᠎ᠤ ᠳᠤᠮᠳᠠᠬᠢ ᠤᠰᠤ ᠵᠢ ᠰᠢᠯᠵᠢᠭᠦᠯᠦᠨ ᠬᠠᠳᠠᠭ᠋ᠠᠯᠠᠬᠤ ᠴᠥᠭᠦᠷᠥᠮ᠎ᠳᠤ ᠤᠮᠪᠠᠵᠤ ᠪᠠᠶ᠋ᠢᠪᠠ᠃ ᠰᠢᠠᠬᠣᠧᠠ ᠬᠣᠷᠢᠶᠠᠨ᠎ᠤ ᠰᠣᠷᠪᠤᠯᠵᠢᠯᠠᠬ᠍ᠴᠢ ᠯᠢᠶᠠᠩ ᠸᠠᠨ ᠱᠠᠨ ᠰᠠᠭᠦᠲᠠᠷᠯᠠᠪᠠ

   ᠬᠤᠲᠠ ᠵᠢᠨ ᠣᠷᠣᠰᠢᠨ ᠰᠠᠭᠤᠬᠤ ᠣᠷᠴᠢᠨ ᠲᠣᠭᠤᠷᠢᠨ᠎ᠤ ᠲᠠᠰᠤᠷᠠᠯᠲᠠ ᠦᠭᠡᠢ ᠰᠠᠶ᠋ᠢᠵᠢᠷᠠᠬᠤ ᠵᠢ       ᠳᠠᠭ᠋ᠠᠯᠳᠤᠨ᠂ 《ᠨᠣᠭᠤᠭ᠋ᠠᠷᠠᠭᠤᠯᠤᠯᠲᠠ ᠪᠠ ᠬᠥᠮᠦᠨ ᠤᠰᠤ ᠪᠤᠯᠢᠶᠠᠯᠳᠤᠬᠤ》 ᠠᠰᠠᠭᠤᠳᠠᠯ᠎ᠨᠢ ᠲᠤᠬᠠᠶ ᠵᠢᠨ ᠭᠠᠵᠠᠷ᠎ᠲᠤ ᠲᠤᠯᠭ᠋ᠠᠷᠠᠵᠤ ᠪᠠᠶ᠋ᠢᠭ᠎ᠠ ᠬᠦᠴᠢᠷ ᠠᠰᠠᠭᠤᠳᠠᠯ ᠪᠣᠯᠤᠭᠰᠠᠨ ᠪᠠᠶ᠋ᠢᠨ᠎ᠠ᠃ ᠪᠠᠶᠠᠨᠬᠤᠲᠠ ᠪᠠᠯᠭ᠋ᠠᠰᠤᠨ᠎ᠤ ᠲᠣᠭᠤᠷᠢᠭ᠎ᠤᠨ ᠬᠤᠲᠠ ᠵᠢᠨ ᠳᠤᠮᠳᠠᠬᠢ ᠤᠰᠤ ᠵᠢ ᠡᠭᠡᠭᠦᠯᠦᠨ ᠬᠡᠷᠡᠭᠯᠡᠬᠦ ᠰᠢᠯᠵᠢᠭᠦᠯᠦᠨ ᠬᠠᠳᠠᠭ᠋ᠠᠯᠠᠬᠤ ᠢᠨᠵᠧᠨᠧᠷᠢᠩ᠎ᠢ ᠬᠡᠷᠡᠭᠵᠢᠭᠦᠯᠦᠭᠰᠡᠨ᠎ᠤ ᠳᠠᠷᠠᠭ᠎ᠠ᠂ ᠡᠪᠦᠯ᠎ᠤᠨ ᠤᠯᠠᠷᠢᠯ᠎ᠤᠨ ᠳᠤᠮᠳᠠ ᠤᠰᠤ ᠵᠢ ᠰᠢᠯᠵᠢᠭᠦᠯᠦᠨ ᠬᠠᠳᠠᠭ᠋ᠠᠯᠠᠬᠤ ᠴᠥᠭᠦᠷᠥᠮ ᠳᠣᠲᠣᠷ᠎ᠠ ᠴᠤᠭᠯᠠᠭᠤᠯᠵᠤ᠂ ᠵᠣᠨ᠎ᠤ ᠤᠯᠠᠷᠢᠯ᠎ᠳᠤ ᠨᠣᠭᠤᠭ᠋ᠠᠷᠠᠭᠤᠯᠤᠯᠲᠠ᠎ᠳᠤ ᠬᠡᠷᠡᠭᠯᠡᠬᠦ ᠤᠰᠤ ᠪᠣᠯᠭ᠋ᠠᠵᠤ᠂ ᠰᠢᠨ᠎ᠡ ᠤᠰᠤᠨ᠎ᠤ ᠬᠡᠮᠵᠢᠶ᠎ᠡ ᠵᠢ ᠶᠡᠭᠡ᠎ᠪᠠᠷ ᠪᠠᠭ᠋ᠠᠰᠬᠠᠪᠠ᠃

  《ᠡᠨᠡ ᠵᠢᠯ ᠪᠢᠳᠡ ᠪᠠᠰᠠ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠣᠪᠴᠢᠶ᠎ᠠ᠎ᠲᠠᠢ ᠬᠠᠮᠵᠢᠯᠴᠠᠨ ᠬᠤᠲᠠ ᠵᠢᠨ ᠲᠣᠭᠤᠷᠢᠭ᠎ᠤᠨ ᠳᠣᠲᠣᠷᠠᠬᠢ ᠪᠠᠷᠤᠭ 37 ᠺᠢᠯᠤᠮᠸᠲᠷ ᠪᠣᠬᠢᠷ ᠤᠰᠤᠨ᠎ᠤ ᠬᠤᠭᠤᠯᠠᠶ ᠵᠢᠨ ᠲᠣᠤᠷ᠎ᠢ ᠥᠭᠡᠷᠡᠴᠢᠯᠡᠵᠦ᠂ ᠪᠣᠷᠣᠭ᠋ᠠᠨ᠎ᠤ ᠤᠰᠤ ᠪᠠ ᠪᠣᠬᠢᠷ ᠤᠰᠤ ᠵᠢ ᠰᠠᠯᠭ᠋ᠠᠬᠤ ᠠᠰᠠᠭᠤᠳᠠᠯ᠎ᠢ ᠰᠢᠢ᠍ᠳᠪᠦᠷᠢᠯᠡᠬᠦ ᠵᠢᠨ ᠬᠠᠮᠲᠤ᠂ ᠪᠠᠶᠠᠨᠬᠤᠲᠠ ᠪᠠᠯᠭ᠋ᠠᠰᠤᠨ᠎ᠤ ᠪᠣᠬᠢᠷ ᠤᠰᠤ ᠴᠤᠭᠯᠠᠭᠤᠯᠬᠤ ᠴᠢᠳᠠᠪᠤᠷᠢ ᠵᠢ ᠳᠡᠭᠡᠭᠰᠢᠯᠡᠭᠦᠯᠵᠦ᠂ ᠳᠤᠮᠳᠠᠬᠢ ᠤᠰᠤᠨ᠎ᠤ ᠭᠠᠷᠤᠯᠲᠠ ᠵᠢᠨ ᠬᠡᠮᠵᠢᠶ᠎ᠡ ᠵᠢ ᠬᠤᠲᠠ ᠵᠢᠨ ᠨᠣᠭᠤᠭ᠋ᠠᠷᠠᠭᠤᠯᠤᠯᠲᠠ ᠵᠢᠨ ᠤᠰᠤᠯᠠᠯᠲᠠ ᠵᠢᠴᠢ ᠬᠠᠮᠢᠶ᠎ᠠ ᠪᠥᠬᠦᠶ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ᠎ᠳᠤ ᠬᠡᠷᠡᠭᠯᠡᠬᠦ ᠤᠰᠤ ᠵᠢ ᠨᠡᠮᠡᠭᠳᠡᠭᠦᠯᠵᠦ᠂ ᠬᠤᠲᠠ ᠵᠢᠨ ᠣᠷᠴᠢᠨ ᠲᠣᠭᠤᠷᠢᠨ᠎ᠢ ᠰᠠᠶ᠋ᠢᠵᠢᠷᠠᠭᠤᠯᠤᠨ᠎ᠠ᠃ ᠠᠯᠠᠱ᠌ᠠ ᠵᠡᠭᠦᠨ ᠬᠤᠰᠢᠭᠤᠨ᠎ᠤ ᠬᠤᠲᠠ ᠬᠥᠳᠡᠭᠡ ᠵᠢᠨ ᠤᠰᠤᠨ᠎ᠤ ᠶᠠᠪᠤᠳᠠᠯ᠎ᠤᠨ ᠬᠢᠵᠠᠭ᠋ᠠᠷᠲᠤ ᠺᠣᠮᠫᠠᠨᠢ ᠵᠢᠨ ᠦᠢ᠍ᠯᠡᠳᠪᠦᠷᠢᠯᠡᠯ᠎ᠤᠨ ᠠᠵᠢᠯᠯᠠᠭ᠋ᠠᠨ᠎ᠤ ᠬᠡᠯᠲᠡᠰ᠎ᠤᠨ ᠳᠠᠷᠤᠭ᠎ᠠ ᠮᠠ ᠵᠢᠶᠠᠨ ᠭᠦᠸᠧ ᠲᠠᠨᠢᠯᠴᠠᠭᠤᠯᠵᠠᠶ᠃

   ᠳᠤᠰᠤᠯ ᠤᠰᠤ ᠵᠢ ᠬᠡᠷᠡᠭᠯᠡᠬᠦ᠎ᠳᠤ ᠮᠡᠳᠡᠭᠳᠡᠬᠦ ᠦᠭᠡᠢ᠂ ᠠᠯᠳᠠᠪᠠᠯ ᠬᠤᠷᠢᠶᠠᠬᠤ᠎ᠳᠤ ᠪᠡᠷᠬᠡ᠃ ᠣᠳᠣᠬᠠᠨ᠎ᠳᠤ ᠬᠥᠮᠦᠨ ᠤᠰᠤ ᠡᠶ᠎ᠡ ᠵᠣᠬᠢᠴᠠᠩᠭᠤᠶ᠂ ᠰᠢᠨᠵᠢᠯᠡᠬᠦ ᠤᠬᠠᠭ᠋ᠠᠨᠴᠢ ᠬᠥᠭᠵᠢᠯᠲᠡ ᠵᠢᠨ ᠣᠶ᠋ᠢᠯᠠᠭ᠋ᠠᠭᠳᠠᠬᠤᠨ ᠠᠯᠠᠱ᠌ᠠ᠎ᠳᠤ ᠨᠢᠭᠡᠨᠲᠡ ᠬᠥᠮᠦᠰ᠎ᠤᠨ ᠰᠡᠳᠬᠢᠯ᠎ᠳᠤ ᠬᠠᠳᠠᠩᠰᠢᠵᠤ᠂ ᠪᠠᠭ᠎ᠠ᠎ᠠᠴᠠ ᠬᠤᠪᠢ ᠬᠥᠮᠦᠨ᠎ᠤ ᠬᠡᠷ ᠪᠦᠯᠢ᠂ ᠲᠣᠮᠣ᠎ᠠᠴᠠ ᠨᠢᠬᠡᠴᠢ ᠰᠤᠷᠭ᠋ᠠᠭᠤᠯᠢ ᠬᠦᠷᠲᠡᠯ᠎ᠡ᠂ ᠣᠯᠠᠨ ᠵᠶ᠋ᠠᠷ ᠵᠶ᠋ᠠᠨ ᠥᠪᠡᠷ᠎ᠤᠨ ᠠᠵᠢᠯᠯᠠᠭ᠎ᠠ᠎ᠪᠠᠷ ᠵᠶ᠋ᠠᠨ ᠠᠯᠠᠱ᠌ᠠ ᠵᠢᠨ ᠤᠰᠤᠨ᠎ᠤ ᠡᠬᠢ ᠪᠠᠶᠠᠯᠢᠭ᠎ᠢ ᠠᠷᠪᠢᠯᠠᠨ ᠡᠷᠴᠢᠮᠵᠢᠭᠦᠯᠦᠨ ᠠᠰᠢᠭᠯᠠᠬᠤ᠎ᠳᠤ ᠬᠤᠪᠢ ᠨᠡᠮᠡᠷᠢ ᠦᠵᠡᠭᠦᠯᠵᠦ᠂ ᠤᠰᠤ ᠠᠷᠪᠢᠯᠠᠬᠤ᠂ ᠤᠰᠤ ᠵᠢ ᠨᠠᠨᠳᠢᠩᠨᠠᠬᠤ ᠲᠠᠯ᠎ᠠ᠎ᠪᠠᠷ ᠬᠥᠮᠦᠰ᠎ᠤᠨ ᠬᠠᠮᠲᠤ ᠵᠢᠨ ᠲᠠᠨᠢᠯᠲᠠ᠎ᠲᠠᠢ ᠪᠣᠯᠵᠠᠶ᠃

  《ᠨᠣᠭᠣᠭ᠎ᠠ ᠤᠭᠢᠶᠠᠭᠰᠠᠨ ᠤᠰᠤ᠂ ᠪᠤᠳᠠᠭ᠎ᠠ ᠤᠬᠢᠶᠠᠭᠰᠠᠨ ᠤᠰᠤ ᠵᠶ᠋ᠠᠨ ᠬᠤᠷᠠᠮᠳᠤᠭᠤᠯᠵᠤ ᠪᠠᠢ᠌ᠭ᠋ᠠᠳ ᠬᠣᠸᠠᠷ ᠤᠰᠣᠯᠠᠬᠤ᠂ ᠨᠢᠭᠤᠷ ᠭᠠᠷ ᠵᠶ᠋ᠠᠨ ᠤᠭᠢᠶᠠᠬᠤ᠂ ᠳᠠᠷᠠᠭ᠎ᠠ᠎ᠨᠢ ᠱᠠᠯᠠ ᠵᠢᠨ ᠵᠦᠯᠭᠦᠭᠦᠷ ᠵᠶ᠋ᠡᠨ ᠤᠬᠢᠶᠠᠵᠤ ᠪᠤᠯᠤᠨ᠎ᠠ》᠃ ᠡᠨᠡ ᠵᠢᠯ 68 ᠨᠠᠰᠤᠲᠠᠶ ᠪᠠᠶᠠᠨᠬᠤᠲᠠ ᠪᠠᠯᠭ᠋ᠠᠰᠤᠨ᠎ᠤ ᠰᠠᠭᠤᠭ᠋ᠠᠯᠢ ᠠᠷᠠᠳ ᠶᠤᠸᠠᠨ ᠹᠧᠩ ᠰᠢᠶᠠ ᠰᠤᠷᠪᠤᠯᠵᠢᠯᠠᠭᠴᠢ᠎ᠳᠤ ᠥᠪᠡᠷ᠎ᠤᠨ ᠠᠮᠢᠳᠤᠷᠠᠯ ᠳᠤᠮᠳᠠᠬᠢ ᠤᠰᠤ ᠠᠷᠪᠢᠯᠠᠬᠤ ᠠᠷᠭ᠎ᠠ ᠮᠠᠶᠢᠭ ᠵᠶ᠋ᠠᠨ ᠬᠤᠪᠢᠶᠠᠯᠴᠠᠵᠤ᠂ ᠲᠡᠭᠦᠨ᠎ᠤ ᠰᠠᠭᠤᠵᠤ ᠪᠠᠶ᠋ᠢᠭ᠎ᠠ ᠰᠠᠭᠤᠭ᠋ᠠᠯᠢ ᠲᠣᠭᠤᠷᠢᠭ᠎ᠨᠢ ᠴᠦ᠍ ᠠᠯᠢ ᠡᠷᠲᠡ ᠨᠣᠭᠤᠭ᠋ᠠᠷᠠᠭᠤᠯᠤᠯᠲᠠ ᠵᠢᠨ ᠪᠦᠰᠡ ᠵᠢᠨ ᠤᠰᠤ ᠬᠠᠩᠭ᠋ᠠᠬᠤ ᠲᠥᠬᠦᠭᠡᠷᠦᠮᠵᠢ ᠵᠢ ᠰᠦᠷᠴᠢᠨ ᠤᠰᠤᠯᠠᠬᠤ ᠬᠡᠯᠪᠡᠷᠢ ᠵᠢᠨ ᠤᠰᠤ ᠠᠷᠪᠢᠯᠠᠬᠤ ᠲᠥᠬᠦᠭᠡᠷᠦᠮᠵᠢ ᠪᠣᠯᠭ᠋ᠠᠨ ᠥᠭᠡᠷᠡᠴᠢᠯᠡᠭᠰᠡᠨ ᠪᠠᠶ᠋ᠢᠨ᠎ᠠ᠃

   ᠠᠯᠠᠱ᠌ᠠ ᠪᠠᠷᠠᠭᠤᠨ ᠬᠤᠰᠢᠭᠤᠨ᠎ᠳᠤ᠂ ᠰᠠᠭᠤᠭ᠋ᠠᠯᠢ ᠠᠷᠠᠳ᠎ᠤᠨ ᠲᠣᠭᠤᠷᠢᠭ᠂ ᠣᠯᠠᠨ ᠨᠡᠶ᠋ᠢᠲᠡ ᠵᠢᠨ ᠲᠠᠯᠠᠪᠤᠷ ᠪᠣᠯᠤᠨ ᠪᠠᠶ᠋ᠢᠭᠤᠯᠭ᠎ᠠ ᠨᠢᠭᠡᠴᠢ ᠤᠰᠤ ᠠᠷᠪᠢᠯᠠᠬᠤ ᠪᠠᠭ᠋ᠠᠵᠢ ᠬᠡᠷᠡᠭᠰᠡᠯ᠎ᠢ ᠪᠦᠬᠦᠨ᠎ᠢ ᠰᠣᠯᠢᠵᠤ᠂ ᠨᠢᠳᠤᠨᠤᠨ ᠵᠢᠯ᠎ᠤᠨ ᠡᠴᠦᠰ ᠪᠣᠯᠲᠠᠯ᠎ᠠ᠂ ᠬᠤᠰᠢᠭᠤᠨ᠎ᠤ ᠳᠣᠲᠣᠷ᠎ᠠ ᠨᠢᠭᠡᠨᠲᠡ ᠤᠰᠤ ᠠᠷᠪᠢᠯᠠᠬᠤ ᠬᠡᠯᠪᠡᠷᠢ ᠵᠢᠨ ᠨᠢᠭᠡᠴᠢ 76 ᠪᠣᠯᠵᠣ᠂ ᠤᠰᠤ ᠠᠷᠪᠢᠯᠠᠬᠤ ᠬᠡᠯᠪᠡᠷᠢ ᠵᠢᠨ ᠰᠠᠭᠤᠭ᠋ᠠᠯᠢ ᠠᠷᠠᠳ᠎ᠤᠨ ᠲᠣᠭᠤᠷᠢᠭ 5 ᠪᠠᠶ᠋ᠢᠵᠤ᠂ ᠤᠰᠤ ᠠᠷᠪᠢᠯᠠᠬᠤ ᠬᠡᠯᠪᠡᠷᠢ ᠵᠢᠨ ᠠᠵᠤ ᠠᠬᠤᠶ᠋ᠢᠯᠠᠯ 5 ᠪᠣᠯᠵᠣ᠂ ᠨᠢᠳᠤᠨᠤᠨ ᠠᠯᠠᠱ᠌ᠠ ᠪᠠᠷᠠᠭᠤᠨ ᠬᠤᠰᠢᠭᠤ ᠴᠤ᠌ ᠪᠥᠬᠦ ᠤᠯᠤᠰ᠎ᠤᠨ ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠤᠨ ᠪᠠᠶ᠋ᠢᠭᠤᠯᠤᠯᠲᠠ ᠵᠢᠨ ᠪᠠᠷᠢᠮᠵᠢᠶ᠎ᠠ᠎ᠳᠤ ᠬᠦᠷᠦᠭᠰᠡᠨ ᠰᠢᠶᠠᠨ᠎ᠤ ᠡᠩᠨᠡᠭᠡᠨ᠎ᠳᠤ ᠣᠷᠣᠪᠠ᠃

   ᠤᠰᠤ ᠵᠢ ᠵᠠᠰᠠᠬᠤ ᠬᠢᠭᠡᠳ ᠤᠰᠤ ᠵᠢ ᠬᠠᠮᠠᠭ᠋ᠠᠯᠠᠬᠤ ᠵᠢ ᠤᠶᠠᠯᠳᠤᠭᠤᠯᠤᠨ ᠤᠰᠤᠨ᠎ᠤ ᠠᠮᠢ ᠠᠬᠤᠢ ᠵᠢ ᠬᠠᠮᠠᠭ᠋ᠠᠯᠠᠨ᠎ᠠ

   ᠭᠤᠷᠪᠠᠳᠤᠭ᠋ᠠᠷ ᠰᠠᠷ᠎ᠠ ᠵᠢᠨ ᠡᠬᠢ᠎ᠪᠠᠷ ᠬᠠᠲᠤᠨ ᠭᠣᠣᠯ᠎ᠤᠨ ᠠᠯᠠᠱ᠌ᠠᠨ᠎ᠤ ᠬᠡᠰᠡᠭ᠎ᠲᠤ 80 ᠺᠢᠯᠣᠮᠧᠲᠷ ᠵᠠᠢ᠌ᠲᠠᠢ ᠭᠣᠣᠯ ᠨᠡᠭᠡᠭᠡᠪᠡ᠃ ᠮᠠᠨ᠎ᠤ ᠤᠯᠤᠰ᠎ᠤᠨ ᠤᠮᠠᠷᠠᠲᠤ ᠵᠢᠨ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ᠎ᠤ ᠬᠤᠪᠢ᠎ᠳᠤ᠂ ᠠᠯᠠᠱ᠌ᠠ ᠠᠶ᠋ᠢᠮᠠᠭ᠎ᠨᠢ ᠬᠠᠲᠤᠨ ᠭᠤᠤᠯ᠎ᠠᠴᠠ ᠨᠢᠩᠰᠢᠶᠠ᠎ᠳᠤ ᠣᠷᠣᠵᠤ ᠥᠪᠥᠷ ᠮᠣᠩᠭᠤᠯ᠎ᠳᠤ ᠤᠷᠤᠭᠰᠠᠨ ᠴᠢᠬᠤᠯᠠ ᠵᠠᠩᠭᠢᠯᠠᠭ᠎ᠠ ᠵᠢᠨ ᠴᠡᠭ᠎ᠲᠤ ᠪᠠᠶ᠋ᠢᠷᠢᠯᠠᠵᠤ᠂ ᠬᠠᠲᠤᠨ ᠭᠤᠤᠯ᠎ᠤᠨ ᠤᠰᠤᠨ᠎ᠤ ᠠᠮᠢ ᠠᠬᠤᠶ ᠵᠢᠨ ᠠᠮᠤᠷ ᠲᠦᠪᠰᠢᠨ᠎ᠢ ᠬᠠᠮᠠᠭ᠋ᠠᠯᠠᠬᠤ ᠡᠭᠦᠷᠭᠡ ᠵᠢ ᠡᠭᠦᠷᠭᠡᠯᠡᠵᠦ ᠪᠣᠶ᠃

   ᠤᠯᠠᠭ᠋ᠠᠨᠪᠦ᠋ᠬᠡ ᠡᠯᠡᠰᠦᠨ ᠴᠦᠯ᠎ᠤᠨ ᠵᠡᠭᠦᠨ ᠢᠷᠮᠡᠭ᠎ᠲᠠᠬᠢ ᠡᠯᠡᠰᠦ ᠲᠣᠭᠲᠠᠪᠤᠷᠢᠵᠢᠭᠤᠯᠬᠤ ᠪᠦᠰᠡ᠃ ᠰᠢᠨᠬᠤᠸᠠ ᠬᠤᠷᠢᠶ᠎ᠠ ᠲᠠᠷᠬᠠᠭ᠋ᠠᠪᠠ

   ᠬᠡᠳᠦᠢ᠌ᠪᠡᠷ ᠬᠠᠪᠤᠷ᠎ᠤᠨ ᠡᠳᠦᠷ᠎ᠤᠨ ᠡᠯᠡᠰᠦᠨ ᠴᠦᠯ᠎ᠤᠨ ᠰᠠᠯᠬᠢ ᠮᠥᠨ ᠯᠡ ᠠᠢ᠌ᠮᠠᠷ ᠪᠠᠢ᠌ᠭᠰᠠᠨ ᠪᠣᠯᠪᠠᠴᠤ᠂ ᠤᠯᠠᠭ᠋ᠠᠨᠪᠦ᠋ᠬᠡ ᠵᠢᠨ  ᠡᠯᠡᠰᠦᠨ ᠴᠦᠯ᠎ᠤᠨ ᠵᠡᠭᠦᠨ ᠬᠥᠪᠡᠭᠡ᠂ ᠬᠠᠲᠤᠨ ᠭᠣᠣᠯ᠎ᠤᠨ ᠪᠠᠷᠠᠭᠤᠨ ᠬᠥᠪᠡᠭᠡᠨ᠎ᠳᠤ᠂ 60 ᠭᠠᠷᠤᠢ ᠲᠦᠮᠡᠨ ᠮᠦ᠍ ᠬᠢᠯᠢ ᠵᠢᠨ ᠣᠢ ᠮᠣᠳᠣ ᠡᠪᠡᠰᠦᠨ᠎ᠤ ᠬᠠᠮᠠᠭ᠋ᠠᠯᠠᠯᠲᠠ ᠵᠢᠨ ᠪᠦᠰᠡ᠎ᠨᠢ ᠶᠠᠭ ᠯᠠ ᠲᠣᠮᠣ ᠲᠣᠣᠷ ᠮᠡᠲᠦ ᠪᠠᠢ᠌ᠵᠤ᠂ ᠡᠯᠡᠰᠦ ᠵᠢ ᠪᠠᠲᠤ ᠪᠡᠬᠢ ᠪᠣᠯᠭ᠋ᠠᠪᠠ᠃

   ᠥᠩᠭᠡᠷᠡᠭᠰᠡᠨ᠎ᠳᠤ ᠠᠳᠡ 5.7 ᠺᠢᠯᠤᠮᠸᠲᠷ ᠤᠷᠲᠤ ᠱᠠ ᠾᠧ ᠭᠤᠣᠯ᠎ᠤᠨ 《ᠭᠠᠷ ᠠᠳᠬᠤᠬᠤ》 ᠭᠠᠵᠠᠷ ᠪᠠᠶ᠋ᠢᠪᠠ᠂ ᠶᠡᠭᠡ ᠬᠡᠮᠵᠢᠶᠡᠨ᠎ᠤ ᠬᠠᠲᠤᠨ ᠭᠤᠣᠯ᠎ᠤᠨ ᠡᠯᠡᠰᠦ ᠰᠠᠯᠬᠢᠨ᠎ᠤ ᠬᠦᠴᠦᠨ᠎ᠤ ᠦᠢ᠍ᠯᠡᠳᠦᠯ ᠳᠣᠣᠷ᠎ᠠ ᠲᠠᠰᠤᠷᠠᠯᠲᠠ ᠦᠭᠡᠢ ᠬᠠᠲᠤᠨ ᠭᠤᠣᠯ ᠵᠦᠭ ᠲᠦᠷᠢᠨ ᠣᠷᠣᠵᠤ᠂ ᠡᠷᠭᠢ ᠵᠢᠨ ᠲᠠᠷᠢᠶᠠᠯᠠᠩ᠎ᠤᠨ ᠲᠠᠷᠢᠶ᠎ᠠ ᠪᠤᠯᠠᠭᠳᠠᠬᠤ᠂ ᠭᠤᠣᠯ᠎ᠳᠤ ᠡᠯᠡᠰᠦ ᠰᠢᠪᠠᠷ ᠬᠤᠷᠠᠵᠤ᠂ ᠠᠮᠢ ᠠᠬᠤᠢ ᠵᠢᠨ ᠣᠷᠴᠢᠨ ᠲᠣᠭᠤᠷᠢᠨ ᠲᠤᠶ᠋ᠢᠯ᠎ᠤᠨ ᠮᠠᠭᠤ ᠪᠠᠶ᠋ᠢᠵᠤ᠂ ᠲᠤᠬᠠᠢ ᠵᠢᠨ ᠭᠠᠵᠠᠷ᠎ᠤᠨ ᠬᠥᠮᠦᠰ ᠠᠳᠡ 《ᠡᠷᠯᠢᠭ᠎ᠤᠨ ᠬᠠᠮᠠᠷ》 ᠭᠡᠵᠦ ᠬᠡᠯᠡᠵᠦ ᠪᠠᠶ᠋ᠢᠪᠠ᠃

   ᠣᠳᠣ ᠵᠢᠨ 《  ᠡᠷᠯᠢᠭ᠎ᠤᠨ ᠬᠠᠮᠠᠷ》᠎ᠨᠢ ᠨᠢᠭᠡᠨᠲᠡ ᠵᠠᠯᠭ᠋ᠠᠯᠳᠤᠭᠰᠠᠨ ᠡᠪᠡᠰᠦᠨ ᠳᠥᠷᠪᠡᠯᠵᠢ ᠪᠣᠯᠤᠨ ᠡᠯᠡᠰᠦ ᠵᠢ ᠲᠣᠭᠲᠠᠪᠤᠷᠢᠵᠢᠭᠤᠯᠬᠤ ᠤᠷᠭᠤᠮᠠᠯ ᠵᠶ᠋ᠠᠷ ᠪᠦᠷᠭᠦᠭᠳᠡᠵᠡᠢ᠃ 《ᠣᠶ᠋ᠢᠷ᠎ᠠ ᠵᠢᠨ ᠵᠢᠯ᠎ᠤᠳ᠎ᠲᠤ᠂ ᠪᠢᠳᠡ ᠡᠯ᠎ᠡ ᠲᠥᠷᠥᠯ᠎ᠤᠨ ᠣᠶ ᠰᠢᠭᠤᠶ ᠡᠪᠡᠰᠦ ᠪᠡᠯᠴᠢᠭᠡᠷ᠎ᠤᠨ ᠠᠮᠢ ᠠᠬᠤᠶ ᠵᠢᠨ ᠲᠥᠷᠥᠯ ᠵᠦᠢ᠍ᠯ᠎ᠢ ᠬᠡᠷᠡᠭᠵᠢᠭᠦᠯᠬᠦ᠎ᠪᠠᠷ ᠳᠠᠮᠵᠢᠭᠤᠯᠤᠨ᠂ ᠤᠯᠠᠭ᠋ᠠᠨᠪᠦ᠋ᠬᠡ ᠵᠢᠨ ᠡᠯᠡᠰᠦᠨ ᠴᠥᠯ᠎ᠳᠤ ᠬᠠᠲᠤᠨ ᠭᠤᠤᠯ᠎ᠳᠤ ᠬᠠᠯᠳᠠᠨ ᠣᠷᠣᠬᠤ ᠵᠢ ᠪᠦᠲᠦᠮᠵᠢᠲᠡᠶ ᠬᠤᠷᠢᠭᠯᠠᠵᠤ᠂ ᠬᠠᠲᠤᠨ ᠭᠤᠤᠯ᠎ᠤᠨ ᠤᠰᠤᠨ᠎ᠤ ᠠᠮᠢ ᠠᠬᠤᠶ ᠵᠢᠨ ᠠᠮᠤᠷ ᠲᠦᠪᠰᠢᠨ᠎ᠢ ᠬᠠᠮᠠᠭ᠋ᠠᠯᠠᠭᠰᠠᠨ ᠮᠥᠷᠲᠡᠭᠡᠨ ᠲᠤᠬᠠᠶ ᠵᠢᠨ ᠭᠠᠵᠠᠷ᠎ᠤᠨ ᠪᠠᠶ᠋ᠢᠭ᠋ᠠᠯᠢ ᠵᠢᠨ ᠣᠷᠴᠢᠨ ᠲᠣᠭᠤᠷᠢᠨ᠎ᠢ ᠴᠤ᠌ ᠰᠠᠶ᠋ᠢᠵᠢᠷᠠᠭᠤᠯᠵᠠᠶ᠃ ᠠᠯᠠᠱ᠌ᠠ ᠵᠢᠨ ᠳᠡᠭᠡᠳᠦ ᠰᠢᠨ᠎ᠡ ᠮᠡᠷᠭᠡᠵᠢᠯ᠎ᠤᠨ ᠠᠵᠦ ᠦᠢ᠍ᠯᠡᠰ᠎ᠤᠨ ᠨᠡᠭᠡᠭᠡᠯᠳᠡ ᠵᠢᠨ ᠣᠷᠣᠨ᠎ᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ᠎ᠤᠨ ᠡᠷᠬᠢᠯᠡᠭᠴᠢ ᠵᠢᠶᠠᠩ ᠮᠢᠩ ᠵᠢᠢ ᠬᠡᠯᠡᠪᠡ᠃

   ᠡᠯᠡᠰᠦᠨ ᠰᠢᠭᠤᠷᠭ᠎ᠠ ᠬᠠᠲᠤᠨ ᠭᠤᠤᠯ᠎ᠳᠤ ᠢᠳᠡᠭᠳᠡᠬᠦ ᠵᠢ ᠰᠡᠷᠭᠡᠶ᠋ᠢᠯᠡᠬᠦ ᠵᠢᠨ ᠲᠥᠯᠥᠭᠡ᠂ ᠠᠯᠠᠱ᠌ᠠ ᠠᠶ᠋ᠢᠮᠠᠭ ᠬᠠᠲᠤᠨ ᠭᠤᠤᠯ᠎ᠤᠨ ᠳᠡᠭᠡᠳᠦ ᠳᠤᠮᠳᠠᠳᠤ ᠤᠷᠤᠰᠬᠠᠯ᠎ᠤᠨ ᠤᠯᠠᠭ᠋ᠠᠨᠪᠦ᠋ᠬᠡ ᠵᠢᠨ ᠬᠡᠰᠡᠭ᠎ᠤᠨ ᠡᠯᠡᠰᠦ ᠵᠢ ᠬᠠᠰᠢᠵᠤ ᠠᠮᠢ ᠠᠬᠤᠶ ᠵᠢ ᠰᠡᠷᠭᠦᠭᠡᠬᠦ ᠢᠨᠵᠧᠨᠧᠷᠢᠩ᠎ᠢ ᠬᠡᠷᠡᠭᠵᠢᠭᠦᠯᠵᠦ᠂ ᠤᠯᠠᠭ᠋ᠠᠨᠪᠦ᠋ᠬᠡ ᠵᠢᠨ ᠡᠯᠡᠰᠦᠨ ᠴᠥᠯ᠎ᠤᠨ 1.1 ᠲᠦᠮᠡᠨ ᠮᠥ᠍ ᠣᠷᠣᠨ ᠪᠦᠰᠡ᠎ᠳᠤ ᠡᠯᠡᠰᠦ ᠮᠠᠩᠬ᠎ᠠ ᠵᠢ ᠨᠢᠭᠡ ᠴᠤᠭᠴᠠᠵᠢᠭᠤᠯᠤᠨ ᠵᠠᠰᠠᠵᠤ᠂ ᠶᠡᠷᠦᠩᠬᠡᠶ ᠪᠠᠯᠠ ᠣᠷᠣᠭᠤᠯᠤᠯᠲᠠ᠎ᠨᠢ 2 ᠳ᠋ᠦᠩᠰᠢᠭᠤᠷ ᠲᠥᠭᠦᠷᠢᠭ᠎ᠲᠤ ᠬᠦᠷᠴᠦ᠂ ᠣᠳᠣᠬᠠᠨ᠎ᠳᠤ ᠭᠤᠤᠯ ᠴᠣᠭᠴᠠ ᠵᠢᠨ ᠢᠨᠵᠧᠨᠧᠷᠢᠩ᠎ᠢ ᠨᠢᠭᠡᠨᠲᠡ ᠪᠦᠬᠦᠨ᠎ᠢ ᠪᠡᠶᠡᠯᠡᠭᠦᠯᠪᠡ᠃ 《ᠲᠥᠷᠥᠯ ᠵᠦᠢ᠍ᠯ ᠪᠠᠶ᠋ᠢᠭᠤᠯᠤᠭᠳᠠᠭᠰᠠᠨ᠎ᠤ ᠳᠠᠷᠠᠭ᠎ᠠ᠂ ᠤᠷᠭᠤᠮᠠᠯ᠎ᠤᠨ ᠪᠦᠷᠬᠦᠴᠡ ᠵᠢᠨ ᠨᠣᠷᠮ᠎ᠠ 84.5%᠎ᠠᠴᠠ ᠳᠡᠭᠡᠭᠰᠢ᠎ᠳᠤ ᠬᠦᠷᠴᠦ᠂ ᠵᠢᠯ ᠪᠦᠷᠢ ᠪᠠᠷᠤᠭ 150 ᠲᠦᠮᠡᠨ ᠲᠣᠨ ᠨᠡᠭᠦᠳᠡᠯ ᠡᠯᠡᠰᠦ ᠬᠠᠲᠤᠨ ᠭᠤᠤᠯ᠎ᠳᠤ ᠣᠷᠣᠬᠤ ᠵᠢ ᠬᠤᠷᠢᠭᠯᠠᠨ᠎ᠠ》 ᠬᠡᠵᠡᠢ᠃ ᠠᠯᠠᠱ᠌ᠠ ᠵᠢᠨ ᠪᠢᠨ ᠾᠧ ᠵᠢᠨ ᠵᠢᠨ ᠱᠠ ᠬᠥᠭᠵᠢᠯᠲᠡ ᠵᠢᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠶᠡᠷᠦᠩᠬᠡᠢ ᠢᠨᠵᠧᠨᠧᠷ ᠸᠠᠩ ᠳ᠋ᠦᠩ ᠬᠤᠤ ᠲᠠᠨᠢᠯᠴᠠᠭᠤᠯᠪᠠ᠃

   ᠠᠳᠠᠯᠢᠬᠠᠨ ᠬᠠᠲᠤᠨ ᠭᠤᠣᠯ᠎ᠤᠨ ᠰᠠᠪᠠ ᠭᠠᠵᠠᠷ᠎ᠲᠤ ᠪᠠᠶ᠋ᠢᠷᠢᠯᠠᠵᠤ ᠪᠠᠶ᠋ᠢᠭ᠎ᠠ ᠪᠠᠶᠠᠨᠮᠥ᠋ᠷᠡᠨ ᠰᠤᠮᠤ᠎ᠳᠤ᠂ ᠨᠢᠳᠤᠨᠤᠨ 3000 ᠮᠦ᠍ ᠪᠣᠬᠢᠷᠲᠤᠯ ᠦᠭᠡᠢ ᠰᠡᠷᠭᠡᠶ᠋ᠢᠯᠡᠨ ᠡᠵᠡᠮᠳᠡᠬᠦ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠢ ᠬᠡᠷᠡᠭᠵᠢᠭᠦᠯᠵᠦ᠂ ᠡᠮ᠎ᠢ ᠬᠢᠵᠠᠭ᠋ᠠᠷᠯᠠᠨ ᠬᠤᠣᠷ ᠬᠥᠨᠥᠭᠡᠯ᠎ᠢ ᠪᠠᠭ᠋ᠠᠰᠬᠠᠬᠤ᠂ ᠪᠣᠷᠳᠣᠭᠤᠷ᠎ᠢ ᠬᠢᠵᠠᠭ᠋ᠠᠷᠯᠠᠨ ᠦᠷ᠎ᠡ ᠠᠰᠢᠭ᠎ᠢ ᠨᠡᠮᠡᠭᠳᠡᠭᠦᠯᠬᠦ᠂ ᠤᠰᠤ ᠵᠢ ᠬᠢᠵᠠᠭ᠋ᠠᠷᠯᠠᠨ ᠬᠤᠷᠣᠭᠳᠠᠯ᠎ᠢ ᠪᠠᠭ᠋ᠠᠰᠬᠠᠬᠤ ᠪᠠ ᠪᠦᠷᠬᠦᠪᠴᠢ ᠵᠢ ᠬᠢᠵᠠᠭ᠋ᠠᠷᠯᠠᠨ ᠦᠷ᠎ᠡ ᠪᠦᠲᠦᠮᠵᠢ ᠵᠢ ᠳᠡᠭᠡᠭᠰᠢᠯᠡᠭᠦᠯᠬᠦ 《ᠲᠦᠷᠪᠡ ᠵᠢ ᠬᠢᠵᠠᠭ᠋ᠠᠷᠯᠠᠬᠤ》 ᠠᠵᠢᠯᠯᠠᠭ᠎ᠠ᠎ᠪᠠᠷ ᠳᠠᠮᠵᠢᠭᠤᠯᠤᠨ᠂ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠪᠣᠬᠢᠷᠲᠤᠯ ᠦᠭᠡᠢ ᠬᠡᠯᠪᠡᠷᠢ ᠵᠢ ᠬᠤᠪᠢᠷᠠᠭᠤᠯᠬᠤ ᠵᠢ ᠰᠦᠪᠡᠭᠴᠢᠯᠡᠵᠦ᠂ ᠬᠠᠳᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠣᠭᠤᠷᠢᠨ᠎ᠢ ᠬᠠᠮᠠᠭ᠋ᠠᠯᠠᠪᠠ᠃

  《ᠮᠠᠨ᠎ᠤ ᠬᠡᠷᠡᠭᠯᠡᠵᠦ ᠪᠠᠶ᠋ᠢᠭ᠎ᠠ ᠲᠠᠷᠢᠶᠠᠨ ᠡᠮ᠂ ᠬᠢᠮᠢ ᠵᠢᠨ ᠪᠣᠷᠳᠣᠭᠤᠷ ᠪᠠᠭ᠎ᠠ ᠪᠣᠯᠤᠭᠰᠠᠨ ᠪᠣᠯᠪᠠᠴᠤ ᠲᠠᠷᠢᠶ᠎ᠠ ᠮᠠᠰᠢ ᠰᠠᠶ᠋ᠢᠨ ᠤᠷᠭᠤᠵᠤ᠂ ᠨᠢᠳᠤᠨᠤᠨ᠎ᠤ ᠬᠤᠷᠢᠶᠠᠯᠲᠠ ᠥᠩᠭᠡᠷᠡᠭᠰᠡᠨ ᠵᠢᠯ᠎ᠤᠳ᠎ᠠᠴᠠ 20%᠎ᠪᠠᠷ ᠨᠡᠮᠡᠭᠳᠡᠪᠡ》᠃ ᠪᠠᠶᠠᠨᠮᠥ᠋ᠷᠡᠨ ᠰᠤᠮᠤ ᠵᠢᠨ ᠰᠠᠭᠤᠭ᠋ᠠᠯᠢ ᠠᠷᠠᠳ ᠯᠢᠦ ᠵᠢᠶᠠᠨ ᠰᠢᠩ ᠬᠡᠯᠡᠬᠦ᠎ᠳᠡᠭᠡᠨ᠂ 《ᠠᠮᠢ ᠠᠬᠤᠶ ᠣᠷᠴᠢᠨ ᠲᠣᠭᠤᠷᠢᠨ ᠰᠠᠶ᠋ᠢᠵᠢᠷᠠᠵᠤ᠂ ᠣᠷᠣᠯᠭ᠎ᠠ ᠴᠦ᠍ ᠨᠡᠮᠡᠭᠳᠡᠵᠦ᠂ ᠠᠮᠢᠳᠤᠷᠠᠯ ᠶᠠᠪᠤᠬᠤ ᠲᠤᠲᠤᠮ ᠰᠠᠶ᠋ᠢᠵᠢᠷᠠᠵᠤ ᠪᠠᠶ᠋ᠢᠨ᠎ᠠ》 ᠭᠡᠵᠡᠶ᠃

  

  《ᠰᠢᠨᠬᠤᠸᠠ ᠬᠤᠷᠢᠶ᠎ᠡ》᠎ᠠᠴᠠ ᠰᠢᠯᠵᠢᠭᠦᠯᠪᠡ

 

ᠢᠷᠡᠯᠲᠡ᠄ ᠰᠢᠨᠬᠤᠸᠠ ᠬᠣᠷᠢᠶ᠎ᠠ
          
ᠬᠠᠮᠢᠶ᠎ᠡ ᠪᠦᠬᠦᠢ ᠰᠣᠨᠢᠨ
ᠬᠠᠤᠯᠢ ᠴᠠᠭ᠋ᠠᠵᠠ ᠵᠢᠨ ᠮᠡᠳᠡᠯᠭᠡ ᠵᠢ ᠲᠦᠭᠡᠮᠡᠯᠵᠢᠭᠦᠯᠬᠦ ᠠᠵᠢᠯᠯᠠᠭ᠎ᠠ ᠦᠨᠳᠦᠰᠦᠨ ᠱᠠᠳᠤᠨ᠎ᠳᠤ ᠤᠷᠤᠪᠠ — ᠦᠴᠣᠸᠠᠨ ᠰᠢᠶᠠᠨ
ᠤᠰᠤ ᠵᠢ ᠵᠠᠰᠠᠬᠤ᠎ᠳᠤ ᠠᠷᠭ᠎ᠠ᠎ᠲᠠᠢ ᠥᠪᠥᠷ ᠮᠣᠩᠭᠤᠯ ᠭᠤᠣᠯ ᠮᠥᠷᠡᠨ ᠨᠠᠭᠤᠷ ᠴᠥᠭᠦᠷᠥᠮ᠎ᠤᠨ ᠠᠮᠢ ᠠᠬᠤᠢ ᠣᠷᠴᠢᠨ ᠲᠣᠭᠤᠷᠢᠨ᠎ᠢ ᠰᠠᠶ᠋ᠢᠵᠢᠷᠠᠭᠤᠯᠬᠤ᠎ᠪᠠᠷ ᠴᠢᠨᠠᠷ ᠰᠠᠶ᠋ᠢᠲᠠᠢ ᠬᠥᠭᠵᠢᠯᠲᠡ ᠵᠢ ᠲᠤᠯᠭ᠋ᠠᠭᠤᠷᠢᠯᠠᠪᠠ
ᠬᠠᠲᠤᠨ ᠭᠤᠣᠯ᠎ᠤᠨ ᠰᠠᠨ ᠱᠧᠩ ᠭᠦᠩ ᠤᠰᠤᠨ ᠠᠰᠢᠭᠯᠠᠯᠲᠠ ᠵᠢᠨ ᠵᠠᠩᠭᠢᠯᠠᠭ᠎ᠠ ᠬᠠᠭ᠋ᠠᠯᠲᠠ ᠵᠢ ᠨᠡᠭᠡᠭᠡᠵᠦ ᠤᠰᠤ ᠲᠠᠯᠪᠢᠪᠠ
ᠥᠪᠥᠷ ᠮᠣᠩᠭᠤᠯ ᠳᠤᠮᠳᠠᠳᠤ ᠪᠠᠭ᠎ᠠ ᠰᠤᠷᠭ᠋ᠠᠭᠤᠯᠢ ᠵᠢᠨ ᠤᠰᠤ ᠠᠷᠪᠢᠯᠠᠬᠤ 35 ᠪᠦᠲᠦᠭᠡᠯ᠎ᠢ ᠰᠢᠯᠭ᠋ᠠᠷᠠᠭᠤᠯᠤᠨ ᠭᠠᠷᠭ᠋ᠠᠪᠠ
ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠲᠢᠩᠬᠢᠮ᠎ᠤᠨ ᠡᠪᠯᠡᠯ᠎ᠤᠨ ᠬᠤᠷᠢᠶ᠎ᠠ ᠬᠢᠭᠡᠳ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠤᠷᠢᠶ᠎ᠠ ᠵᠢᠨ ᠡᠪᠯᠡᠯ᠎ᠤᠨ ᠬᠤᠷᠢᠶ᠎ᠠ ᠬᠠᠮᠲᠤᠷᠠᠨ ᠡᠵᠢ ᠭᠤᠣᠯ ᠵᠶ᠋ᠠᠨ ᠬᠠᠮᠲᠤ᠎ᠪᠠᠷ ᠬᠠᠮᠠᠭ᠋ᠠᠯᠠᠬᠤ ᠭᠤᠣᠯ ᠰᠡᠳᠦᠪᠲᠦ ᠡᠪᠯᠡᠯ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
 
            