ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
ᠬᠠᠲᠤᠨ ᠭᠤᠣᠯ᠎ᠤᠨ ᠰᠠᠨ ᠱᠧᠩ ᠭᠦᠩ ᠤᠰᠤᠨ ᠠᠰᠢᠭᠯᠠᠯᠲᠠ ᠵᠢᠨ ᠵᠠᠩᠭᠢᠯᠠᠭ᠎ᠠ ᠬᠠᠭ᠋ᠠᠯᠲᠠ ᠵᠢ ᠨᠡᠭᠡᠭᠡᠵᠦ ᠤᠰᠤ ᠲᠠᠯᠪᠢᠪᠠ
ᠨᠡᠶ᠋ᠢᠲᠡᠯᠡᠭᠰᠡᠨ ᠴᠠᠭ᠄ 2024-04-10

  4 ᠳ᠋ᠦ᠍ᠭᠡᠷ ᠰᠠᠷ᠎ᠠ ᠵᠢᠨ 8᠎ᠤ ᠡᠳᠦᠷ᠎ᠤᠨ 10 ᠴᠠᠭ᠎ᠲᠤ᠂ ᠬᠠᠲᠤᠨ ᠭᠤᠤᠯ᠎ᠤᠨ ᠰᠠᠨ ᠱᠧᠩ ᠭᠦᠩ ᠤᠰᠤᠨ ᠠᠰᠢᠭᠯᠠᠯᠲᠠ ᠵᠢᠨ ᠵᠠᠩᠭᠢᠯᠠᠭ᠎ᠠ ᠵᠢᠨ ᠢᠨᠵᠧᠨᠧᠷᠢᠩ᠎ᠤᠨ ᠬᠤᠶ᠋ᠢᠲᠤ ᠡᠷᠭᠢ ᠵᠢᠨ ᠤᠰᠤ ᠣᠷᠣᠭᠤᠯᠬᠤ ᠬᠠᠭ᠋ᠠᠯᠲᠠ ᠵᠢ ᠨᠡᠭᠡᠭᠡᠵᠦ ᠤᠰᠤ ᠲᠠᠯᠪᠢᠵᠤ᠂ ᠥᠪᠥᠷ ᠮᠣᠩᠭᠤᠯ᠎ᠤᠨ ᠪᠣᠷᠣᠲᠣᠬᠤᠶ ᠵᠢᠨ ᠤᠰᠤᠯᠠᠯᠲᠠ ᠵᠢᠨ ᠣᠷᠣᠨ᠎ᠤ ᠵᠣᠨ᠎ᠤ ᠤᠰᠤᠯᠠᠯᠲᠠ ᠵᠢᠨ ᠠᠵᠢᠯ ᠪᠥᠬᠦ ᠲᠠᠯ᠎ᠠ᠎ᠪᠠᠷ ᠡᠬᠢᠯᠡᠪᠡ᠃ ᠡᠨᠡ ᠵᠢᠯ᠎ᠤᠨ ᠵᠣᠨ᠎ᠤ ᠤᠰᠤᠯᠠᠯᠲᠠ ᠵᠢᠨ ᠤᠮᠠᠷᠠᠲᠤ ᠵᠢᠨ ᠶᠡᠷᠦᠩᠬᠡᠶ ᠭᠤᠤᠯ ᠰᠤᠪᠠᠭ᠎ᠤᠨ ᠠᠮᠠᠰᠠᠷ᠎ᠢ ᠲᠠᠯᠪᠢᠬᠤ ᠴᠠᠭ᠎ᠨᠢ ᠳᠡᠭᠡᠷ᠎ᠡ ᠵᠢᠯ᠎ᠤᠨ᠎ᠬᠢ᠎ᠠᠴᠠ 2 ᠡᠳᠦᠷ ᠤᠷᠢᠳᠴᠢᠯᠠᠨ᠂ ᠡᠬᠢᠨ᠎ᠤ ᠠᠮᠠᠰᠠᠷ᠎ᠤᠨ ᠤᠷᠤᠰᠬᠠᠯ᠎ᠤᠨ ᠬᠡᠮᠵᠢᠶ᠎ᠡ᠎ᠨᠢ ᠰᠧᠺᠦ᠋ᠨ᠋ᠳ᠋ ᠪᠦᠷᠢ 100 ᠪᠣᠰᠤᠭ᠎ᠠ ᠳᠥᠷᠪᠡᠯᠵᠢᠨ ᠮᠸᠲᠷ ᠪᠤᠯᠤᠨ᠎ᠠ᠃


黄河三盛公水利枢纽开闸放水.png


   ᠤᠰᠤᠯᠠᠯᠲᠠ ᠵᠢᠨ ᠬᠤᠭᠤᠴᠠᠭ᠋ᠠᠨ᠎ᠤ ᠵᠠᠩᠭᠢᠯᠠᠭ᠎ᠠ ᠵᠢᠨ ᠢᠨᠵᠧᠨᠧᠷᠢᠩ᠎ᠤᠨ ᠬᠡᠪ᠎ᠤᠨ ᠠᠵᠢᠯᠯᠠᠭ᠋ᠠᠨ᠎ᠢ ᠪᠠᠲᠤᠯᠠᠬᠤ ᠵᠢᠨ ᠲᠥᠯᠥᠭᠡ᠂ ᠬᠠᠲᠤᠨ ᠭᠤᠤᠯ᠎ᠤᠨ ᠰᠠᠨ ᠱᠧᠩ ᠬᠥᠩ ᠤᠰᠤᠨ ᠠᠰᠢᠭᠯᠠᠯᠲᠠ ᠵᠢᠨ ᠵᠠᠩᠭᠢᠯᠠᠭ᠎ᠠ ᠵᠢᠨ ᠬᠠᠮᠢᠶᠠᠷᠤᠯᠲᠠ ᠵᠢᠨ ᠲᠥᠪ᠎ᠠᠴᠠ ᠮᠡᠷᠭᠡᠵᠢᠯ᠎ᠤᠨ ᠠᠵᠢᠯᠲᠠᠨ᠎ᠢ ᠵᠣᠬᠢᠶᠠᠨ ᠪᠠᠶ᠋ᠢᠭᠤᠯᠤᠨ ᠭᠤᠤᠯ᠎ᠤᠨ ᠬᠠᠭ᠋ᠠᠯᠲᠠ᠂ ᠬᠤᠶ᠋ᠢᠲᠤ ᠡᠷᠭᠢ ᠵᠢᠨ ᠤᠰᠤ ᠣᠷᠣᠭᠤᠯᠬᠤ ᠬᠠᠭ᠋ᠠᠯᠲᠠ᠂ ᠤᠰᠤᠨ᠎ᠳᠤ ᠠᠪᠲᠠᠬᠤ ᠬᠠᠭ᠋ᠠᠯᠲᠠ᠂ ᠱᠧᠨ ᠡᠤ ᠭᠤᠤᠯ ᠰᠤᠪᠠᠭ᠎ᠤᠨ ᠤᠰᠤ ᠣᠷᠣᠭᠤᠯᠬᠤ ᠬᠠᠭ᠋ᠠᠯᠲᠠ ᠪᠠ ᠡᠮᠦᠨ᠎ᠡ ᠡᠷᠭᠢ ᠵᠢᠨ ᠭᠤᠤᠯ ᠰᠤᠪᠠᠭ᠎ᠤᠨ ᠤᠰᠤ ᠣᠷᠣᠭᠤᠯᠬᠤ ᠬᠠᠭ᠋ᠠᠯᠲᠠ  ᠵᠡᠷᠭᠡ 5 ᠤᠰᠤᠨ ᠬᠠᠭ᠋ᠠᠯᠲᠠ ᠵᠢᠨ ᠬᠠᠭ᠋ᠠᠯᠲᠠ᠂ ᠬᠠᠭ᠋ᠠᠯᠲᠠ ᠵᠢᠨ ᠲᠤᠯᠭ᠋ᠠᠭᠤᠷᠢ᠂ ᠵᠢᠭᠦᠷ ᠬᠡᠷᠡᠮ᠂ ᠴᠢᠯᠠᠭᠤ ᠬᠠᠶᠠᠵᠤ ᠨᠦᠬᠡᠯᠡᠬᠦ ᠵᠡᠷᠭᠡ ᠤᠰᠤᠨ ᠳᠡᠭᠡᠷ᠎ᠡ᠂ ᠤᠰᠤᠨ ᠳᠣᠤᠷᠠᠬᠢ ᠪᠠᠷᠢᠯᠭ᠎ᠠ ᠵᠢᠨ ᠠᠵᠢᠯᠯᠠᠭ᠋ᠠᠨ᠎ᠤ ᠪᠠᠶ᠋ᠢᠳᠠᠯ᠎ᠳᠤ ᠪᠥᠬᠦ ᠲᠠᠯ᠎ᠠ ᠵᠢᠨ ᠪᠠᠶ᠋ᠢᠴᠠᠭ᠋ᠠᠯᠲᠠ ᠬᠢᠵᠦ᠂ ᠪᠠᠴᠢᠮ ᠪᠠᠶ᠋ᠢᠳᠠᠯ᠎ᠢ ᠠᠷᠭ᠋ᠠᠴᠠᠨ ᠰᠦᠩ ᠬᠠᠯᠢᠶ᠎ᠠ ᠵᠢ ᠰᠠᠯᠭ᠋ᠠᠬᠤ ᠶᠠᠪᠤᠴᠠ᠎ᠳᠤ ᠢᠯᠡᠷᠡᠭᠰᠡᠨ ᠤᠰᠤᠨ᠎ᠳᠤ ᠡᠪᠳᠡᠭᠳᠡᠭᠰᠡᠨ ᠢᠨᠵᠧᠨᠧᠷᠢᠩ᠎ᠢ ᠴᠠᠭ ᠲᠤᠬᠠᠶ᠎ᠳᠤᠨᠢ ᠰᠡᠯᠪᠢᠨ ᠵᠠᠰᠠᠵᠤ᠂ ᠠᠮᠤᠷ ᠲᠦᠪᠰᠢᠨ᠎ᠤ ᠳᠠᠯᠳᠠ ᠬᠡᠮ᠎ᠢ ᠠᠷᠢᠯᠭ᠋ᠠᠨ᠂ ᠵᠠᠩᠭᠢᠯᠠᠭ᠎ᠠ ᠵᠢᠨ ᠢᠨᠵᠧᠨᠧᠷᠢᠩ᠎ᠤᠨ ᠤᠰᠤ ᠬᠠᠩᠭ᠋ᠠᠬᠤ ᠠᠮᠤᠷ ᠲᠦᠪᠰᠢᠨ᠎ᠢ ᠪᠠᠲᠤᠯᠠᠪᠠ᠃

   ᠬᠠᠮᠢᠶᠠᠷᠤᠯᠲᠠ ᠵᠢᠨ ᠲᠥᠪ᠎ᠨᠢ 《ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ》 ᠱᠠᠭ᠋ᠠᠷᠳᠠᠯᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠤᠰᠤᠯᠠᠯᠲᠠ ᠵᠢᠨ ᠣᠷᠣᠨ᠎ᠤ ᠤᠰᠤ ᠲᠠᠲᠠᠵᠤ ᠬᠡᠷᠡᠭᠯᠡᠬᠦ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠂ ᠤᠰᠤᠨ᠎ᠤ ᠡᠬᠢ ᠪᠠᠶᠠᠯᠢᠭ᠎ᠢ ᠨᠠᠷᠢᠯᠢᠭᠵᠢᠭᠤᠯᠤᠭᠰᠠᠨ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢ ᠬᠦᠴᠦᠯᠡᠨ ᠳᠡᠭᠡᠭᠰᠢᠯᠡᠭᠦᠯᠦᠨ᠎ᠡ; ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠤᠰᠤᠨ᠎ᠤ ᠬᠡᠮᠵᠢᠶ᠎ᠡ ᠵᠢ ᠲᠣᠬᠢᠷᠠᠭᠤᠯᠬᠤ ᠲᠥᠯᠥᠪᠯᠡᠭᠡ ᠪᠠ ᠵᠠᠷᠯᠢᠭ᠎ᠢ ᠴᠢᠩᠭ᠎ᠠ ᠬᠡᠷᠡᠭᠵᠢᠭᠦᠯᠵᠦ᠂ ᠤᠰᠤ ᠬᠡᠷᠡᠭᠯᠡᠬᠦ ᠪᠦᠷᠢᠳᠬᠡᠯ᠎ᠢ ᠴᠢᠩᠭ᠋ᠠᠳᠬᠠᠨ᠂ ᠤᠰᠤᠯᠠᠯᠲᠠ ᠵᠢᠨ ᠣᠷᠣᠨ᠎ᠳᠤ ᠤᠰᠤ ᠲᠠᠲᠠᠬᠤ ᠪᠠ ᠤᠰᠤ ᠵᠠᠷᠤᠴᠠᠭᠤᠯᠬᠤ ᠭᠦᠢ᠍ᠴᠡᠳᠬᠡᠯ ᠲᠤᠭ᠎ᠠ ᠵᠢᠨ ᠬᠤᠶᠠᠷ᠎ᠢ ᠡᠵᠡᠮᠳᠡᠬᠦ ᠵᠢ ᠬᠡᠷᠡᠭᠵᠢᠭᠦᠯᠵᠦ᠂ ᠤᠰᠤᠨ᠎ᠤ ᠡᠬᠢ ᠪᠠᠶᠠᠯᠢᠭ᠎ᠢ ᠴᠢᠩᠭ᠎ᠠ ᠨᠢᠮᠪᠠᠶ ᠰᠠᠶ᠋ᠢᠲᠤᠷ ᠬᠠᠮᠢᠶᠠᠷᠤᠨ᠎ᠠ; ᠤᠰᠤᠨ᠎ᠤ ᠬᠡᠮᠵᠢᠯᠲᠡ ᠵᠢᠨ ᠣᠨᠣᠪᠴᠢ ᠵᠢᠨ ᠬᠡᠮᠵᠢᠶ᠎ᠡ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠷᠢᠯᠢᠭᠵᠢᠭᠤᠯᠤᠨ ᠲᠣᠬᠢᠷᠠᠭᠤᠯᠵᠤ᠂ ᠣᠨ᠎ᠤ ᠤᠰᠤᠨ᠎ᠤ ᠬᠡᠮᠵᠢᠶ᠎ᠡ ᠵᠢ ᠲᠣᠬᠢᠷᠠᠭᠤᠯᠬᠤ ᠡᠭᠦᠷᠭᠡ ᠵᠢ ᠤᠷᠤᠭᠰᠢᠲᠠᠶ ᠪᠡᠶᠡᠯᠡᠭᠦᠯᠬᠦ ᠵᠢ ᠦᠨᠡᠨᠬᠦ ᠪᠠᠲᠤᠯᠠᠨ᠎ᠠ᠃

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ ᠳᠤᠮᠳᠠᠳᠤ ᠪᠠᠭ᠎ᠠ ᠰᠤᠷᠭ᠋ᠠᠭᠤᠯᠢ ᠵᠢᠨ ᠤᠰᠤ ᠠᠷᠪᠢᠯᠠᠬᠤ 35 ᠪᠦᠲᠦᠭᠡᠯ᠎ᠢ ᠰᠢᠯᠭ᠋ᠠᠷᠠᠭᠤᠯᠤᠨ ᠭᠠᠷᠭ᠋ᠠᠪᠠ
ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠲᠢᠩᠬᠢᠮ᠎ᠤᠨ ᠡᠪᠯᠡᠯ᠎ᠤᠨ ᠬᠤᠷᠢᠶ᠎ᠠ ᠬᠢᠭᠡᠳ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠤᠷᠢᠶ᠎ᠠ ᠵᠢᠨ ᠡᠪᠯᠡᠯ᠎ᠤᠨ ᠬᠤᠷᠢᠶ᠎ᠠ ᠬᠠᠮᠲᠤᠷᠠᠨ ᠡᠵᠢ ᠭᠤᠣᠯ ᠵᠶ᠋ᠠᠨ ᠬᠠᠮᠲᠤ᠎ᠪᠠᠷ ᠬᠠᠮᠠᠭ᠋ᠠᠯᠠᠬᠤ ᠭᠤᠣᠯ ᠰᠡᠳᠦᠪᠲᠦ ᠡᠪᠯᠡᠯ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠤᠰᠤᠨ ᠠᠰᠢᠭᠯᠠᠯᠲᠠ ᠵᠢᠨ ᠵᠠᠯᠠᠭᠤᠴᠤᠳ᠎ᠤᠨ ᠬᠡᠯᠡᠬᠦ᠎ᠨᠢ — ᠤᠰᠤᠨ ᠠᠰᠢᠭᠯᠠᠯᠲᠠ ᠵᠢᠨ ᠰᠢᠰᠲ᠋ᠧᠮ᠎ᠤᠨ ᠵᠠᠯᠠᠭᠤᠴᠤᠳ ᠶᠡᠷᠦᠩᠬᠡᠢ ᠱᠦᠵᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠵᠠᠯᠠᠭᠤᠴᠤᠳ᠎ᠲᠤ ᠲᠠᠯᠪᠢᠭᠰᠠᠨ ᠬᠦᠰᠡᠯ ᠨᠠᠢ᠌ᠳᠠᠯᠭ᠎ᠠ ᠵᠢᠨ ᠲᠤᠬᠠᠢ
ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠲᠢᠩᠬᠢᠮ᠎ᠤᠨ ᠡᠪᠯᠡᠯ᠎ᠤᠨ ᠬᠤᠷᠢᠶ᠎ᠠ 《ᠲᠠᠪᠤᠨ ᠰᠠᠷ᠎ᠠ ᠵᠢᠨ ᠳᠥᠷᠪᠡᠨ᠎ᠤ ᠵᠣᠷᠢᠭ ᠰᠠᠨᠠᠭ᠎ᠠ ᠵᠢ ᠪᠠᠳᠠᠷᠠᠭᠤᠯᠵᠤ ᠵᠢᠳᠬᠦᠯ ᠴᠢᠷᠮᠠᠶ᠋ᠢᠯᠭ᠎ᠠ ᠭᠠᠷᠭ᠋ᠠᠬᠤ ᠵᠠᠯᠠᠭᠤᠴᠤᠳ ᠪᠣᠯᠬᠤ᠎ᠪᠠᠷ ᠴᠢᠷᠮᠠᠶ᠋ᠢᠬᠤ》 ᠭᠤᠤᠯ ᠰᠡᠳᠦᠪᠲᠦ ᠵᠠᠯᠠᠭᠤᠴᠤᠳ᠎ᠤᠨ ᠬᠠᠮᠳᠤ᠎ᠪᠠᠷ ᠡᠳ᠋ᠯᠡᠬᠦ ᠬᠤᠷᠠᠯ ᠬᠢᠪᠡ
ᠤᠰᠤᠨ᠎ᠤ ᠶᠠᠪᠤᠳᠠᠯ᠎ᠤᠨ ᠬᠠᠮᠢᠶᠠᠷᠤᠯᠲᠠ ᠵᠢᠨ ᠨᠠᠷᠢᠯᠢᠭᠵᠢᠭᠤᠯᠤᠯᠲᠠ ᠬᠤᠪᠢᠶᠠᠷᠢ ᠲᠣᠭᠣᠷᠢᠭ᠎ᠤᠨ ᠬᠡᠮᠵᠢᠯᠲᠡ ᠵᠢᠨ ᠤᠶᠤᠨᠴᠢᠯᠠᠯᠲᠠ ᠥᠪᠥᠷ ᠮᠤᠩᠭᠤᠯ᠎ᠤᠨ ᠪᠤᠭᠤᠲᠤ ᠬᠣᠲᠠ ᠵᠢᠨ ᠬᠣᠲᠠ ᠪᠠᠯᠭ᠋ᠠᠰᠤᠨ᠎ᠤ ᠤᠰᠤ ᠠᠷᠪᠢᠯᠠᠵᠤ ᠬᠣᠬᠢᠷᠠᠯ᠎ᠢ ᠪᠠᠭ᠋ᠠᠰᠬᠠᠬᠤ ᠦᠷ᠎ᠡ ᠪᠦᠲᠦᠮᠵᠢ ᠰᠠᠢ᠌ᠨ
 
            