ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠥᠷ ᠮᠣᠩᠭᠤᠯ ᠳᠤᠮᠳᠠᠳᠤ ᠪᠠᠭ᠎ᠠ ᠰᠤᠷᠭ᠋ᠠᠭᠤᠯᠢ ᠵᠢᠨ ᠤᠰᠤ ᠠᠷᠪᠢᠯᠠᠬᠤ 35 ᠪᠦᠲᠦᠭᠡᠯ᠎ᠢ ᠰᠢᠯᠭ᠋ᠠᠷᠠᠭᠤᠯᠤᠨ ᠭᠠᠷᠭ᠋ᠠᠪᠠ
ᠨᠡᠶ᠋ᠢᠲᠡᠯᠡᠭᠰᠡᠨ ᠴᠠᠭ᠄ 2024-04-22

  《ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ᠂ ᠣᠷᠣᠨ ᠵᠠᠶ ᠵᠢ ᠲᠡᠩᠴᠡᠭᠦᠷᠢᠲᠡᠶ ᠪᠠᠶ᠋ᠢᠯᠭ᠋ᠠᠬᠤ᠂ ᠰᠢᠰᠲ᠋ᠧᠮ᠎ᠲᠠᠢ ᠵᠠᠰᠠᠬᠤ᠂ ᠬᠤᠶᠠᠷ ᠲᠠᠯ᠎ᠠ᠎ᠪᠠᠷ ᠬᠦᠴᠦᠯᠡᠬᠦ》 ᠰᠡᠳᠬᠢᠮᠵᠢ ᠵᠢ ᠭᠦᠨᠵᠡᠭᠡᠶ ᠦᠢ᠍ᠯᠡᠳᠦᠯᠭᠡᠵᠢᠭᠦᠯᠵᠦ᠂ ᠤᠯᠤᠰ᠎ᠤᠨ ᠤᠰᠤ ᠠᠷᠪᠢᠯᠠᠬᠤ ᠠᠵᠢᠯᠯᠠᠭ᠎ᠠ ᠵᠢ ᠭᠦᠨᠵᠡᠭᠡᠶ ᠬᠡᠷᠡᠭᠵᠢᠭᠦᠯᠦᠨ᠂ ᠵᠠᠯᠠᠭᠤᠴᠤᠳ ᠪᠠᠭ᠋ᠠᠴᠤᠳ᠎ᠤᠨ ᠤᠰᠤ ᠵᠢ ᠠᠷᠪᠢᠯᠠᠨ ᠬᠡᠷᠡᠭᠯᠡᠬᠦ ᠣᠨᠣᠯᠵᠢᠬᠤᠨ ᠪᠠ ᠤᠰᠤᠨ᠎ᠤ ᠰᠠᠨᠠᠭ᠋ᠠᠰᠢᠷᠠᠯ᠎ᠤᠨ ᠤᠬᠠᠮᠰᠠᠷ᠎ᠢ ᠴᠢᠩᠭ᠋ᠠᠷᠠᠭᠤᠯᠵᠤ᠂ ᠤᠰᠤ ᠠᠷᠪᠢᠯᠠᠬᠤ᠂ ᠤᠰᠤ ᠵᠢ ᠬᠠᠮᠠᠭ᠋ᠠᠯᠠᠬᠤ᠂ ᠤᠰᠤ ᠵᠢ ᠬᠠᠶ᠋ᠢᠷᠠᠯᠠᠬᠤ᠂ ᠤᠰᠤ ᠵᠢ ᠬᠠᠶ᠋ᠢᠷᠠᠯᠠᠬᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠬᠤ ᠵᠢᠨ ᠲᠤᠰᠠᠳᠠ᠂ 《ᠪᠥᠬᠦ ᠣᠷᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠤᠰᠤ ᠠᠷᠪᠢᠯᠠᠬᠤ ᠡᠯᠴᠢ ᠵᠢ ᠰᠢᠯᠭ᠋ᠠᠷᠠᠭᠤᠯᠬᠤ ᠠᠵᠢᠯ᠎ᠢ ᠥᠷᠨᠢᠭᠦᠯᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠬᠠᠮᠲᠤᠷᠠᠨ 2023 ᠣᠨ᠎ᠤ ᠳᠤᠮᠳᠠᠳᠤ ᠪᠠᠭ᠎ᠠ ᠰᠤᠷᠭ᠋ᠠᠭᠤᠯᠢ ᠵᠢᠨ ᠤᠰᠤ ᠠᠷᠪᠢᠯᠠᠬᠤ ᠡᠯᠴᠢᠨ ᠰᠠᠶ᠋ᠢᠳ᠎ᠤᠨ ᠤᠰᠤ ᠠᠷᠪᠢᠯᠠᠬᠤ ᠪᠦᠲᠦᠭᠡᠯ᠎ᠢ ᠬᠢᠨᠠᠨ ᠲᠣᠭᠲᠠᠭ᠋ᠠᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠪᠡ᠃  ᠬᠤᠷᠠᠯ᠎ᠳᠤ ᠣᠷᠣᠯᠴᠠᠭᠰᠠᠨ ᠲᠤᠰᠬᠠᠶ ᠮᠡᠷᠭᠡᠵᠢᠯᠲᠡᠳ ᠡᠷᠬᠡ ᠲᠡᠭᠰᠢ ᠪᠠᠶ᠋ᠢᠬᠤ ᠵᠠᠷᠴᠢᠮ ᠶᠣᠰᠣᠭ᠋ᠠᠷ᠂ ᠡᠯ᠎ᠡ ᠭᠠᠵᠠᠷ᠎ᠤᠨ ᠤᠰᠤ ᠠᠷᠪᠢᠯᠠᠬᠤ ᠡᠯᠴᠢᠨ ᠰᠠᠶ᠋ᠢᠳ᠎ᠤᠨ ᠳᠡᠪᠰᠢᠭᠦᠯᠦᠭᠰᠡᠨ ᠵᠢᠷᠤᠭ᠂ ᠬᠠᠶ᠋ᠢᠴᠢᠯᠠᠨ ᠨᠠᠭ᠋ᠠᠬᠤ ᠵᠢᠷᠤᠭ᠂ ᠴᠠᠭ᠋ᠠᠰᠤᠨ ᠬᠠᠶ᠋ᠢᠴᠢᠯᠠᠮᠠᠯ᠎ᠤᠨ ᠵᠢᠷᠤᠭ᠂ ᠸᠢᠳᠢᠣ᠋ ᠵᠡᠷᠭᠡ ᠤᠰᠤ ᠠᠷᠪᠢᠯᠠᠬᠤ ᠪᠦᠲᠦᠭᠡᠯ᠎ᠢ ᠰᠢᠯᠭ᠋ᠠᠷᠠᠭᠤᠯᠪᠠ᠃ ᠪᠦᠲᠦᠭᠡᠯ᠎ᠤᠨ ᠭᠤᠣᠯ ᠰᠡᠳᠦᠪ᠂ ᠬᠡᠯᠪᠡᠷᠢ᠂ ᠪᠦᠲᠦᠭᠡᠯᠴᠢ ᠰᠠᠨᠠᠭ᠎ᠠ᠂ ᠥᠩᠭᠡ ᠪᠤᠳᠤᠭ ᠪᠠ ᠪᠦᠲᠦᠴᠡ ᠵᠢᠨ ᠵᠢᠷᠤᠭ᠎ᠢ ᠦᠨᠳᠦᠰᠦᠯᠡᠨ᠂ ᠨᠢᠭᠡᠳᠦᠭᠡᠷ ᠳᠡᠰ᠎ᠤᠨ ᠱᠠᠩᠨᠠᠯ 5       ᠨᠡᠷᠡᠰ᠂ ᠬᠤᠶᠠᠳᠤᠭ᠋ᠠᠷ ᠳᠡᠰ᠎ᠤᠨ ᠱᠠᠩᠨᠠᠯ 10 ᠨᠡᠷᠡᠰ᠂ ᠭᠤᠷᠪᠠᠳᠤᠭ᠋ᠠᠷ ᠳᠡᠰ᠎ᠤᠨ ᠱᠠᠩᠨᠠᠯ 20 ᠨᠡᠷᠡᠰ ᠰᠢᠯᠭ᠋ᠠᠷᠠᠭᠤᠯᠪᠠ᠃ ᠥᠷᠭᠡᠨ ᠣᠯᠠᠨ ᠵᠠᠯᠠᠭᠤ ᠪᠠᠭ᠋ᠠᠴᠤᠳ ᠲᠣᠰ ᠤᠳᠠᠭ᠋ᠠᠨ᠎ᠤ ᠠᠵᠢᠯᠯᠠᠭ᠎ᠠ᠎ᠪᠠᠷ ᠠᠵᠠ ᠲᠣᠬᠢᠶᠠᠯ ᠪᠣᠯᠭ᠋ᠠᠵᠤ᠂ ᠤᠰᠤᠨ᠎ᠤ ᠡᠬᠢ ᠪᠠᠶᠠᠯᠢᠭ᠎ᠢ ᠠᠷᠪᠢᠯᠠᠬᠤ᠂ ᠤᠰᠤᠨ᠎ᠤ ᠠᠮᠢ ᠠᠬᠤᠶ ᠵᠢ ᠬᠠᠮᠠᠭ᠋ᠠᠯᠠᠬᠤ ᠦᠵᠡᠯ ᠤᠬᠠᠮᠰᠠᠷ ᠪᠠ ᠦᠢ᠍ᠯᠡ ᠠᠵᠢᠯᠯᠠᠭ᠎ᠠ ᠵᠢᠨ ᠤᠬᠠᠮᠰᠠᠷ ᠵᠶ᠋ᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠬᠥᠬᠡᠮᠳᠦᠭ ᠨᠣᠭᠤᠭ᠋ᠠᠨ ᠠᠭᠤᠯᠠ ᠤᠰᠤᠨ᠎ᠤ ᠤᠬᠠᠭᠤᠯᠤᠭᠴᠢ᠂ ᠣᠷᠣᠯᠴᠠᠭᠴᠢ ᠪᠠ ᠪᠦᠲᠦᠭᠡᠨ ᠪᠠᠶ᠋ᠢᠭᠤᠯᠤᠭᠴᠢ ᠪᠣᠯᠬᠤ᠎ᠪᠠᠷ ᠴᠢᠷᠮᠠᠶ᠋ᠢᠬᠤ ᠵᠢ ᠬᠦᠰᠡᠵᠦ ᠪᠠᠶ᠋ᠢᠨ᠎ᠠ᠃ 


内蒙古评选出35个中小学节水作品1.png


内蒙古评选出35个中小学节水作品2.jpg


 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠲᠢᠩᠬᠢᠮ᠎ᠤᠨ ᠡᠪᠯᠡᠯ᠎ᠤᠨ ᠬᠤᠷᠢᠶ᠎ᠠ ᠬᠢᠭᠡᠳ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠤᠷᠢᠶ᠎ᠠ ᠵᠢᠨ ᠡᠪᠯᠡᠯ᠎ᠤᠨ ᠬᠤᠷᠢᠶ᠎ᠠ ᠬᠠᠮᠲᠤᠷᠠᠨ ᠡᠵᠢ ᠭᠤᠣᠯ ᠵᠶ᠋ᠠᠨ ᠬᠠᠮᠲᠤ᠎ᠪᠠᠷ ᠬᠠᠮᠠᠭ᠋ᠠᠯᠠᠬᠤ ᠭᠤᠣᠯ ᠰᠡᠳᠦᠪᠲᠦ ᠡᠪᠯᠡᠯ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠤᠰᠤᠨ ᠠᠰᠢᠭᠯᠠᠯᠲᠠ ᠵᠢᠨ ᠵᠠᠯᠠᠭᠤᠴᠤᠳ᠎ᠤᠨ ᠬᠡᠯᠡᠬᠦ᠎ᠨᠢ — ᠤᠰᠤᠨ ᠠᠰᠢᠭᠯᠠᠯᠲᠠ ᠵᠢᠨ ᠰᠢᠰᠲ᠋ᠧᠮ᠎ᠤᠨ ᠵᠠᠯᠠᠭᠤᠴᠤᠳ ᠶᠡᠷᠦᠩᠬᠡᠢ ᠱᠦᠵᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠵᠠᠯᠠᠭᠤᠴᠤᠳ᠎ᠲᠤ ᠲᠠᠯᠪᠢᠭᠰᠠᠨ ᠬᠦᠰᠡᠯ ᠨᠠᠢ᠌ᠳᠠᠯᠭ᠎ᠠ ᠵᠢᠨ ᠲᠤᠬᠠᠢ
ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠲᠢᠩᠬᠢᠮ᠎ᠤᠨ ᠡᠪᠯᠡᠯ᠎ᠤᠨ ᠬᠤᠷᠢᠶ᠎ᠠ 《ᠲᠠᠪᠤᠨ ᠰᠠᠷ᠎ᠠ ᠵᠢᠨ ᠳᠥᠷᠪᠡᠨ᠎ᠤ ᠵᠣᠷᠢᠭ ᠰᠠᠨᠠᠭ᠎ᠠ ᠵᠢ ᠪᠠᠳᠠᠷᠠᠭᠤᠯᠵᠤ ᠵᠢᠳᠬᠦᠯ ᠴᠢᠷᠮᠠᠶ᠋ᠢᠯᠭ᠎ᠠ ᠭᠠᠷᠭ᠋ᠠᠬᠤ ᠵᠠᠯᠠᠭᠤᠴᠤᠳ ᠪᠣᠯᠬᠤ᠎ᠪᠠᠷ ᠴᠢᠷᠮᠠᠶ᠋ᠢᠬᠤ》 ᠭᠤᠤᠯ ᠰᠡᠳᠦᠪᠲᠦ ᠵᠠᠯᠠᠭᠤᠴᠤᠳ᠎ᠤᠨ ᠬᠠᠮᠳᠤ᠎ᠪᠠᠷ ᠡᠳ᠋ᠯᠡᠬᠦ ᠬᠤᠷᠠᠯ ᠬᠢᠪᠡ
ᠤᠰᠤᠨ᠎ᠤ ᠶᠠᠪᠤᠳᠠᠯ᠎ᠤᠨ ᠬᠠᠮᠢᠶᠠᠷᠤᠯᠲᠠ ᠵᠢᠨ ᠨᠠᠷᠢᠯᠢᠭᠵᠢᠭᠤᠯᠤᠯᠲᠠ ᠬᠤᠪᠢᠶᠠᠷᠢ ᠲᠣᠭᠣᠷᠢᠭ᠎ᠤᠨ ᠬᠡᠮᠵᠢᠯᠲᠡ ᠵᠢᠨ ᠤᠶᠤᠨᠴᠢᠯᠠᠯᠲᠠ ᠥᠪᠥᠷ ᠮᠤᠩᠭᠤᠯ᠎ᠤᠨ ᠪᠤᠭᠤᠲᠤ ᠬᠣᠲᠠ ᠵᠢᠨ ᠬᠣᠲᠠ ᠪᠠᠯᠭ᠋ᠠᠰᠤᠨ᠎ᠤ ᠤᠰᠤ ᠠᠷᠪᠢᠯᠠᠵᠤ ᠬᠣᠬᠢᠷᠠᠯ᠎ᠢ ᠪᠠᠭ᠋ᠠᠰᠬᠠᠬᠤ ᠦᠷ᠎ᠡ ᠪᠦᠲᠦᠮᠵᠢ ᠰᠠᠢ᠌ᠨ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠤᠣᠯ᠎ᠤᠨ ᠰᠠᠨ ᠱᠧᠩ ᠭᠦᠩ ᠤᠰᠤᠨ ᠠᠰᠢᠭᠯᠠᠯᠲᠠ ᠵᠢᠨ ᠵᠠᠩᠭᠢᠯᠠᠭ᠎ᠠ ᠵᠢᠨ ᠬᠠᠮᠢᠶᠠᠷᠤᠯᠲᠠ ᠵᠢᠨ ᠲᠥᠪ 《ᠲᠦᠷᠢᠮ ᠲᠣᠭᠲᠠᠭ᠋ᠠᠯ᠎ᠢ ᠵᠢᠷᠤᠮᠯᠠᠨ ᠰᠠᠬᠢᠯᠭ᠎ᠠ ᠪᠠᠲᠤ ᠵᠢ ᠰᠠᠬᠢᠬᠤ ᠤᠬᠠᠮᠰᠠᠷ ᠵᠶ᠋ᠠᠨ ᠴᠢᠩᠭ᠋ᠠᠳᠬᠠᠬᠤ》 ᠭᠤᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ ᠥᠷᠨᠢᠭᠦᠯᠪᠡ
 
            