ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
ᠤᠰᠤᠨ᠎ᠤ ᠶᠠᠪᠤᠳᠠᠯ᠎ᠤᠨ ᠬᠠᠮᠢᠶᠠᠷᠤᠯᠲᠠ ᠵᠢᠨ ᠨᠠᠷᠢᠯᠢᠭᠵᠢᠭᠤᠯᠤᠯᠲᠠ ᠬᠤᠪᠢᠶᠠᠷᠢ ᠲᠣᠭᠣᠷᠢᠭ᠎ᠤᠨ ᠬᠡᠮᠵᠢᠯᠲᠡ ᠵᠢᠨ ᠤᠶᠤᠨᠴᠢᠯᠠᠯᠲᠠ ᠥᠪᠥᠷ ᠮᠤᠩᠭᠤᠯ᠎ᠤᠨ ᠪᠤᠭᠤᠲᠤ ᠬᠣᠲᠠ ᠵᠢᠨ ᠬᠣᠲᠠ ᠪᠠᠯᠭ᠋ᠠᠰᠤᠨ᠎ᠤ ᠤᠰᠤ ᠠᠷᠪᠢᠯᠠᠵᠤ ᠬᠣᠬᠢᠷᠠᠯ᠎ᠢ ᠪᠠᠭ᠋ᠠᠰᠬᠠᠬᠤ ᠦᠷ᠎ᠡ ᠪᠦᠲᠦᠮᠵᠢ ᠰᠠᠢ᠌ᠨ
ᠨᠡᠶ᠋ᠢᠲᠡᠯᠡᠭᠰᠡᠨ ᠴᠠᠭ᠄ 2024-05-24


进城镇节水降损成效好.png


   ᠤᠰᠤ ᠬᠠᠩᠭ᠋ᠠᠬᠤ ᠣᠶᠤᠨᠴᠢ ᠬᠠᠮᠢᠶᠠᠷᠤᠯᠲᠠ ᠵᠢᠨ ᠲᠠᠪᠴᠠᠩ (ᠵᠢᠷᠤᠭ)

   ᠭᠤᠭᠤᠵᠢᠭᠳᠠᠭᠰᠠᠨ᠎ᠢ ᠵᠠᠰᠠᠬᠤ᠂ ᠣᠷᠣᠨ ᠬᠤᠪᠢᠶᠠᠨ ᠬᠡᠮᠵᠢᠬᠦ ᠪᠠ ᠤᠶᠤᠨᠴᠢ ᠤᠰᠤᠨ᠎ᠤ ᠶᠠᠪᠤᠳᠠᠯ᠎ᠤᠨ ᠪᠥᠲᠥᠭᠡᠨ ᠪᠠᠶ᠋ᠢᠭᠤᠯᠤᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠭᠡᠷ᠎ᠡ ᠵᠢᠨ ᠤᠰᠤ ᠠᠷᠪᠢᠯᠠᠬᠤ ᠬᠠᠮᠢᠶᠠᠷᠤᠯᠲᠠ ᠵᠢᠨ ᠰᠢᠨ᠎ᠡ ᠵᠠᠭᠪᠤᠷ᠎ᠢ ᠰᠦᠪᠡᠭᠴᠢᠯᠡᠨ ᠠᠬᠢᠭᠤᠯᠵᠤ᠂ ᠲᠡᠷᠢᠭᠦᠨ᠎ᠤ ᠤᠰᠤ ᠠᠷᠪᠢᠯᠠᠬᠤ ᠮᠡᠷᠭᠡᠵᠢᠯ ᠪᠠ ᠤᠶᠤᠨᠴᠢ ᠤᠰᠤᠨ᠎ᠤ ᠶᠠᠪᠤᠳᠠᠯ᠎ᠢ ᠰᠢᠢ᠍ᠳᠪᠦᠷᠢᠯᠡᠬᠦ ᠲᠥᠰᠦᠯ᠎ᠢ ᠣᠷᠣᠭᠤᠯᠤᠨ ᠠᠪᠴᠢᠷᠠᠵᠤ᠂ ᠬᠤᠭᠤᠯᠠᠶ ᠵᠢᠨ ᠲᠣᠤᠷ᠎ᠤᠨ ᠭᠤᠭᠤᠵᠢᠭᠳᠠᠭᠰᠠᠨ ᠨᠣᠷᠮ᠎ᠠ ᠵᠢ 2020 ᠣᠨ᠎ᠳᠤ 11.97%᠎ᠠᠴᠠ 2023 ᠣᠨ ᠪᠣᠯᠲᠠᠯ᠎ᠠ ᠪᠠᠭᠤᠷᠠᠭᠤᠯᠵᠤ᠂ ᠤᠯᠤᠰ᠎ᠤᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠲᠠ ᠵᠢᠨ ᠣᠯᠠᠨ ᠨᠡᠶ᠋ᠢᠲᠡ ᠵᠢᠨ ᠤᠰᠤ ᠬᠠᠩᠭ᠋ᠠᠬᠤ ᠠᠵᠤ ᠠᠬᠤᠶ᠋ᠢᠯᠠᠯ᠎ᠤᠨ ᠬᠤᠭᠤᠯᠠᠶ ᠵᠢᠨ ᠲᠣᠤᠷ᠎ᠤᠨ ᠭᠤᠭᠤᠵᠢᠭᠳᠠᠭᠰᠠᠨ ᠨᠣᠷᠮ᠎ᠠ ᠵᠢᠨ 9% ᠵᠢᠨ ᠬᠠᠷᠠᠯᠲᠠ ᠵᠢ ᠪᠡᠶᠡᠯᠡᠭᠦᠯᠪᠡ᠃ ᠡᠨᠡᠬᠦ ᠨᠢᠳᠦ ᠭᠢᠯᠠᠰᠤᠮ᠎ᠠ ᠬᠢᠷᠢ ᠪᠦᠲᠦᠮᠵᠢ ᠵᠢᠨ ᠬᠠᠭᠤᠳᠠᠰᠤ ᠵᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠤᠭᠤᠲᠤ ᠬᠤᠲᠠ ᠵᠢᠨ ᠤᠰᠤᠨ᠎ᠤ ᠶᠠᠪᠤᠳᠠᠯ᠎ᠤᠨ ᠪᠦᠯᠦᠭᠯᠡᠯ᠎ᠤᠨ ᠬᠢᠵᠠᠭ᠋ᠠᠷᠲᠤ ᠺᠣᠮᠫᠠᠨᠢ ᠵᠢᠨ ᠬᠠᠷᠢᠶ᠎ᠠ ᠪᠦᠬᠦᠢ ᠤᠰᠤ ᠬᠠᠩᠭ᠋ᠠᠬᠤ ᠺᠣᠮᠫᠠᠨᠢ (ᠳᠣᠷᠣᠭᠰᠢ 《ᠤᠰᠤ ᠬᠠᠩᠭ᠋ᠠᠬᠤ ᠺᠣᠮᠫᠠᠨᠢ》 ᠭᠡᠵᠦ ᠲᠣᠪᠴᠢᠯᠠᠨ᠎ᠠ)᠎ᠠᠴᠠ ᠢᠷᠡᠵᠡᠢ᠃

   ᠣᠶ᠋ᠢᠷ᠎ᠠ᠎ᠳᠤ ᠨᠡᠶ᠋ᠢᠲᠡᠯᠡᠭᠰᠡᠨ 《ᠬᠤᠲᠠ ᠵᠢᠨ ᠣᠯᠠᠨ ᠨᠡᠶ᠋ᠢᠲᠡ ᠵᠢᠨ ᠤᠰᠤ ᠬᠠᠩᠭ᠋ᠠᠬᠤ ᠬᠤᠭᠤᠯᠠᠶ ᠵᠢᠨ ᠲᠣᠣᠷ᠎ᠤᠨ ᠭᠤᠭᠤᠵᠢᠭᠳᠠᠬᠤ ᠵᠢ ᠵᠠᠰᠠᠬᠤ ᠲᠥᠷᠥ ᠵᠢᠨ ᠪᠣᠳᠣᠯᠭ᠎ᠠ ᠵᠢᠨ ᠲᠣᠭᠲᠠᠴᠠ ᠵᠢᠨ ᠨᠠᠷᠢᠨ ᠳᠠᠩᠰᠠ》᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠤᠭᠤᠲᠤ ᠬᠤᠲᠠ ᠵᠢᠨ ᠭᠡᠷ᠎ᠡ ᠵᠢᠨ ᠤᠰᠤ ᠠᠷᠪᠢᠯᠠᠬᠤ ᠵᠢ ᠬᠡᠷᠡᠭᠵᠢᠭᠦᠯᠦᠭᠰᠡᠨ ᠬᠠᠮᠢᠶ᠎ᠠ ᠪᠦᠬᠦᠢ ᠲᠤᠷᠰᠢᠯᠭ᠎ᠠ ᠰᠣᠩᠭᠤᠭᠳᠠᠪᠠ᠃ ᠤᠰᠤ ᠬᠠᠩᠭ᠋ᠠᠬᠤ ᠺᠣᠮᠫᠠᠨᠢ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠵᠢᠯᠣᠭᠤᠳᠣᠯᠭ᠎ᠠ ᠳᠣᠤᠷ᠎ᠠ᠂ ᠪᠣᠳᠠᠲᠠᠶ᠎ᠠᠴᠠ       ᠡᠭᠦᠰᠴᠦ᠂ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠬᠤᠭᠤᠯᠠᠶ ᠵᠢᠨ ᠲᠣᠤᠷ᠎ᠤᠨ ᠭᠤᠭᠤᠵᠢᠭᠳᠠᠭᠰᠠᠨ ᠬᠤᠬᠢᠷᠠᠯ᠎ᠢ ᠡᠵᠡᠮᠳᠡᠵᠦ᠂ ᠬᠤᠲᠠ ᠪᠠᠯᠭ᠋ᠠᠰᠤᠨ᠎ᠤ ᠤᠰᠤ ᠠᠷᠪᠢᠯᠠᠵᠤ ᠬᠤᠬᠢᠷᠠᠯ᠎ᠢ ᠪᠠᠭ᠋ᠠᠰᠬᠠᠬᠤ ᠵᠢ ᠢᠳᠡᠪᠬᠢᠲᠡᠶ ᠠᠬᠢᠭᠤᠯᠪᠠ᠃

  2021 ᠣᠨ᠎ᠳᠤ᠂ ᠤᠰᠤ ᠬᠠᠩᠭ᠋ᠠᠬᠤ ᠺᠣᠮᠫᠠᠨᠢ ᠠᠵᠤ ᠠᠬᠤᠶ᠋ᠢᠯᠠᠯ᠎ᠤᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢ ᠬᠡᠷᠡᠭᠵᠢᠭᠦᠯᠵᠦ᠂ ᠤᠤᠯ᠎ᠤᠨ 5 ᠡᠵᠡᠩᠨᠡᠯᠲᠡ ᠵᠢᠨ ᠬᠤᠪᠢᠶᠠᠷᠢ ᠺᠣᠮᠫᠠᠨᠢ ᠬᠢᠭᠡᠳ 4 ᠬᠤᠭᠤᠯᠠᠶ ᠵᠢᠨ ᠲᠣᠤᠷ᠎ᠤᠨ ᠬᠤᠪᠢᠶᠠᠷᠢ ᠺᠣᠮᠫᠠᠨᠢ ᠵᠢ 8 ᠣᠷᠣᠨ ᠪᠦᠰᠡ ᠵᠢᠨ ᠬᠤᠪᠢᠶᠠᠷᠢ ᠺᠣᠮᠫᠠᠨᠢ ᠪᠣᠯᠭ᠋ᠠᠨ ᠨᠡᠶ᠋ᠢᠯᠡᠭᠦᠯᠵᠦ᠂ ᠡᠯ᠎ᠡ ᠣᠷᠣᠨ ᠪᠦᠰᠡ ᠵᠢᠨ ᠦᠢ᠍ᠯᠡᠴᠢᠯᠡᠭᠡᠨ᠎ᠤ ᠬᠢᠷᠢ ᠲᠦᠪᠰᠢᠨ ᠪᠠ ᠠᠵᠢᠯᠯᠠᠭ᠋ᠠᠨ᠎ᠤ ᠦᠷ᠎ᠡ ᠪᠦᠲᠦᠮᠵᠢ ᠵᠢ ᠪᠥᠬᠦ ᠲᠠᠯ᠎ᠠ᠎ᠪᠠᠷ ᠳᠡᠭᠡᠭᠰᠢᠯᠡᠭᠦᠯᠪᠡ᠃ ᠡᠭᠦᠨ᠎ᠤ ᠬᠠᠮᠲᠤ᠂ ᠣᠷᠬᠢᠭᠳᠠᠭᠤᠯᠤᠭᠰᠠᠨ᠎ᠢ ᠡᠵᠡᠮᠳᠡᠬᠦ ᠤᠳᠤᠷᠢᠳᠬᠤ ᠳᠤᠭᠤᠶ᠋ᠢᠯᠠᠩ ᠪᠠᠶ᠋ᠢᠭᠤᠯᠵᠤ᠂ ᠰᠠᠷ᠎ᠠ ᠪᠦᠷᠢ ᠬᠠᠷᠠᠯᠲᠠᠲᠤ ᠡᠭᠦᠷᠭᠡ ᠪᠠᠭᠤᠯᠭ᠋ᠠᠵᠤ᠂ ᠡᠯ᠎ᠡ ᠨᠢᠭᠡᠴᠢ (ᠪᠠᠢ᠌ᠭᠤᠯᠭ᠎ᠠ) ᠵᠢ ᠵᠢᠯᠣᠭᠤᠳᠴᠤ ᠪᠠᠶ᠋ᠢᠭ᠋ᠠᠳ ᠬᠠᠷᠠᠯᠲᠠ ᠵᠢ ᠪᠡᠶᠡᠯᠡᠭᠦᠯᠦᠭᠰᠡᠨ ᠪᠠᠶ᠋ᠢᠳᠠᠯ᠎ᠢ ᠦᠨᠳᠦᠰᠦᠯᠡᠨ ᠵᠢᠯ᠎ᠤᠨ ᠡᠴᠦᠰ᠎ᠤᠨ ᠰᠢᠯᠭ᠋ᠠᠨ ᠬᠢᠨᠠᠭᠰᠠᠨ ᠠᠮᠵᠢᠯᠲᠠ ᠪᠦᠲᠦᠮᠵᠢ ᠵᠢ ᠪᠤᠳᠤᠨ᠎ᠠ᠃

   ᠤᠰᠤ ᠬᠠᠩᠭ᠋ᠠᠬᠤ ᠺᠣᠮᠫᠠᠨᠢ ᠵᠢᠨ ᠤᠷᠢᠳ ᠬᠤᠵᠢᠳ ᠨᠡᠶ᠋ᠢᠲᠡᠯᠡᠭᠰᠡᠨ 《ᠣᠷᠣᠨ ᠪᠦᠰᠡ ᠵᠢᠨ ᠬᠤᠪᠢᠶᠠᠷᠢ ᠺᠣᠮᠫᠠᠨᠢ ᠵᠢᠨ ᠠᠵᠢᠯ᠎ᠤᠨ ᠡᠭᠦᠷᠭᠡ ᠬᠠᠷᠢᠭᠤᠴᠠᠯᠭ᠎ᠠ》᠂ 《ᠵᠣᠬᠢᠶᠠᠨ ᠪᠠᠶ᠋ᠢᠭᠤᠯᠤᠭᠰᠠᠨ ᠠᠵᠢᠯ᠎ᠤᠨ ᠠᠮᠵᠢᠯᠲᠠ ᠪᠦᠲᠦᠮᠵᠢ ᠵᠢ ᠬᠢᠨᠠᠨ ᠰᠢᠯᠭ᠋ᠠᠬᠤ ᠠᠷᠭ᠎ᠠ ᠵᠢᠴᠢ ᠬᠢᠨᠠᠨ ᠰᠢᠯᠭ᠋ᠠᠬᠤ ᠨᠠᠷᠢᠨ ᠳᠦᠷᠢᠮ》 ᠪᠣᠯᠤᠨ ᠭᠤᠭᠤᠵᠢᠭᠳᠠᠭᠰᠠᠨ᠎ᠢ ᠪᠠᠶ᠋ᠢᠴᠠᠭ᠋ᠠᠬᠤ᠂ ᠲᠣᠭᠤᠷᠢᠨ ᠪᠠᠶ᠋ᠢᠴᠠᠭ᠋ᠠᠬᠤ ᠠᠵᠢᠯᠴᠢᠨ᠂ ᠬᠡᠮᠵᠢᠭᠦᠷ ᠬᠠᠭᠤᠯᠤᠭᠴᠢ᠂ ᠵᠠᠮ᠎ᠤᠨ ᠠᠵᠢᠯᠴᠢᠨ ᠵᠡᠷᠭᠡ ᠠᠵᠢᠯ᠎ᠤᠨ ᠪᠠᠶ᠋ᠢᠷᠢ ᠵᠢᠨ ᠲᠤᠰᠬᠠᠶ ᠠᠵᠢᠯ᠎ᠤᠨ ᠠᠮᠵᠢᠯᠲᠠ ᠪᠦᠲᠦᠮᠵᠢ ᠵᠢ ᠬᠢᠨᠠᠨ ᠰᠢᠯᠭ᠋ᠠᠬᠤ ᠠᠷᠭ᠎ᠠ ᠵᠡᠷᠭᠡ 20 ᠭᠠᠷᠤᠶ ᠵᠦᠢ᠍ᠯ᠎ᠤᠨ ᠳᠦᠷᠢᠮ᠎ᠢ ᠨᠡᠶ᠋ᠢᠲᠡᠯᠡᠵᠦ᠂ ᠭᠡᠷ᠎ᠡ ᠵᠢᠨ ᠤᠰᠤ ᠠᠷᠪᠢᠯᠠᠬᠤ ᠬᠠᠮᠢᠶᠠᠷᠤᠯᠲᠠ ᠵᠢ ᠪᠦᠲᠦᠮᠵᠢᠲᠡᠶ ᠳᠡᠯᠭᠡᠷᠡᠭᠦᠯᠬᠦ᠎ᠳᠤ ᠬᠦᠴᠦᠲᠡᠶ ᠳᠦᠷᠢᠮ᠎ᠤᠨ ᠪᠠᠲᠤᠯᠠᠭ᠎ᠠ ᠬᠠᠩᠭ᠋ᠠᠪᠠ᠃ ᠭᠤᠭᠤᠵᠢᠭᠳᠠᠭᠰᠠᠨ᠎ᠢ ᠵᠠᠰᠠᠬᠤ ᠲᠦᠷᠢᠮ ᠪᠠ ᠠᠵᠢᠯ᠎ᠤᠨ ᠠᠮᠵᠢᠯᠲᠠ ᠪᠦᠲᠦᠮᠵᠢ ᠵᠢ ᠬᠢᠨᠠᠨ ᠰᠢᠯᠭ᠋ᠠᠬᠤ ᠰᠢᠰᠲ᠋ᠧᠮ᠎ᠢ ᠪᠠᠶ᠋ᠢᠭᠤᠯᠤᠨ ᠲᠡᠭᠦᠯᠳᠡᠷᠵᠢᠭᠦᠯᠬᠦ᠎ᠪᠠᠷ ᠳᠠᠮᠵᠢᠭᠤᠯᠤᠨ ᠠᠵᠢᠯᠲᠠᠨ ᠠᠵᠢᠯᠴᠢᠨ᠎ᠤ ᠢᠳᠡᠪᠬᠢᠵᠢᠯ᠎ᠢ ᠳᠠᠶ᠋ᠢᠴᠢᠯᠠᠵᠤ᠂ ᠵᠥᠪᠬᠡᠨ 2023 ᠣᠨ᠎ᠳᠤ ᠤᠰᠤ ᠬᠠᠩᠭ᠋ᠠᠬᠤ ᠺᠣᠮᠫᠠᠨᠢ 1844 ᠭᠠᠵᠠᠷ᠎ᠢ ᠪᠠᠶ᠋ᠢᠴᠠᠭ᠋ᠠᠨ ᠭᠠᠷᠭ᠋ᠠᠵᠤ᠂ 2021 ᠣᠨ᠎ᠤ᠎ᠬᠢ᠎ᠠᠴᠠ 2.5 ᠳᠠᠬᠢᠨ ᠳᠡᠭᠡᠭᠰᠢᠯᠡᠪᠡ᠃

   ᠤᠰᠤᠨ᠎ᠤ ᠶᠠᠪᠤᠳᠠᠯ᠎ᠤᠨ ᠨᠠᠷᠢᠯᠢᠬ᠍ᠵᠢᠭᠤᠯᠤᠭᠰᠠᠨ ᠬᠠᠮᠢᠶᠠᠷᠤᠯᠲᠠ ᠪᠣᠯ ᠬᠣᠲᠠ ᠪᠠᠯᠭ᠋ᠠᠰᠤ ᠵᠢᠨ ᠤᠰᠤ ᠠᠷᠪᠢᠯᠠᠵᠤ ᠬᠣᠬᠢᠷᠠᠯ᠎ᠢ ᠪᠠᠭ᠋ᠠᠰᠬᠠᠬᠤ ᠵᠠᠩᠭᠢᠯᠠᠭ᠎ᠠ ᠵᠢᠨ ᠠᠷᠭ᠎ᠠ ᠬᠡᠮᠵᠢᠶ᠎ᠡ ᠪᠣᠯᠤᠨ᠎ᠠ᠃ ᠤᠰᠤᠨ᠎ᠤ ᠶᠠᠪᠤᠳᠠᠯ᠎ᠤᠨ ᠬᠠᠮᠢᠶᠠᠷᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠵᠢᠨ ᠲᠥᠯᠥᠭᠡ᠂ ᠤᠰᠤ ᠬᠠᠩᠭ᠋ᠠᠬᠤ ᠺᠣᠮᠫᠠᠨᠢ ᠶᠡᠷᠦᠩᠬᠡᠶ᠋ᠢᠯᠡᠭᠰᠡᠨ ᠤᠶᠤᠨᠴᠢ ᠤᠰᠤᠨ᠎ᠤ ᠶᠠᠪᠤᠳᠠᠯ᠎ᠤᠨ 《ᠨᠢᠭᠡ ᠲᠠᠪᠴᠠᠩ》᠎ᠢ ᠪᠠᠶ᠋ᠢᠭᠤᠯᠵᠤ᠂ ᠠᠵᠤ ᠠᠬᠤᠶ᠋ᠢᠯᠠᠯ᠎ᠤᠨ ᠲᠣᠮᠣ ᠳ᠋ᠠᠶ᠋ᠢᠲ᠋ᠠ (ᠲᠤᠭ᠎ᠠ ᠪᠠᠷᠢᠮᠲᠠ ᠵᠢᠨ ᠬᠥᠮᠥᠷᠭᠡ) ᠵᠢᠨ 《ᠨᠢᠭᠡ ᠲᠥᠪ》᠎ᠢ ᠪᠠᠶ᠋ᠢᠭᠤᠯᠵᠤ᠂ ᠶᠡᠷᠦᠩᠬᠡᠶ᠋ᠢᠯᠡᠭᠰᠡᠨ 《ᠨᠢᠭᠡ ᠵᠢᠷᠤᠭ》᠎ᠢ ᠳᠡᠯᠭᠡᠨ ᠦᠵᠡᠭᠦᠯᠵᠦ᠂ ᠬᠤᠭᠤᠯᠠᠶ ᠵᠢᠨ ᠲᠣᠤᠷ᠎ᠤᠨ GIS (ᠭᠠᠵᠠᠷ ᠵᠦᠶ ᠵᠢᠨ ᠮᠡᠳᠡᠭᠡ ᠵᠠᠩᠭᠢ ᠵᠢᠨ ᠰᠢᠰᠲ᠋ᠧᠮ)᠂ ᠦᠢ᠍ᠯᠡᠳᠪᠦᠷᠢᠯᠡᠯ᠎ᠤᠨ ᠲᠣᠬᠢᠷᠠᠭᠤᠯᠤᠯᠲᠠ᠂ ᠣᠷᠣᠨ ᠬᠤᠪᠢᠶᠠᠨ ᠬᠡᠮᠵᠢᠬᠦ᠂ ᠬᠤᠶᠠᠳᠠᠬᠢ ᠤᠳᠠᠭ᠎ᠠ ᠤᠰᠤ ᠬᠠᠩᠭ᠋ᠠᠬᠤ᠂ ᠠᠯᠤᠰ᠎ᠠᠴᠠ ᠤᠯᠠᠮᠵᠢᠯᠠᠨ ᠬᠠᠭᠤᠯᠬᠤ ᠵᠡᠷᠭᠡ ᠣᠯᠠᠨ ᠲᠤᠬᠠᠶ᠋ᠢᠯᠠᠭᠰᠠᠨ ᠠᠵᠢᠯ᠎ᠤᠨ ᠰᠢᠰᠲ᠋ᠧᠮ᠎ᠢ ᠴᠤᠭᠯᠠᠭᠤᠯᠬᠤ ᠵᠢᠨ ᠬᠠᠮᠲᠤ ᠲᠡᠷᠢᠭᠦᠨ᠎ᠤ ᠤᠰᠤ ᠣᠷᠬᠢᠭᠳᠠᠭᠤᠯᠬᠤ ᠬᠡᠮᠵᠢᠭᠦᠷᠯᠢᠭ᠎ᠢ ᠣᠷᠣᠭᠤᠯᠤᠨ ᠠᠪᠴᠢᠷᠠᠵᠤ᠂ ᠤᠰᠤ ᠴᠢᠩᠨᠠᠬᠤ᠂ ᠱᠤᠤᠭᠢᠶᠠᠨ᠎ᠢ ᠪᠠᠶ᠋ᠢᠴᠠᠭ᠋ᠠᠨ ᠬᠡᠮᠵᠢᠬᠦ ᠬᠡᠮᠵᠢᠭᠦᠷᠯᠢᠭ᠂ ᠡᠯᠸᠺᠲᠷᠣᠨ ᠰᠣᠨᠣᠷ᠎ᠤᠨ ᠭᠤᠭᠤᠵᠢᠭᠤᠷ ᠵᠡᠷᠭᠡ ᠲᠥᠬᠦᠭᠡᠷᠦᠮᠵᠢ ᠵᠢ ᠬᠡᠷᠡᠭᠯᠡᠨ ᠭᠤᠭᠤᠵᠢᠭᠤᠷ ᠴᠡᠭ᠎ᠢ ᠣᠨᠣᠪᠴᠢᠲᠠᠶ ᠲᠣᠭᠲᠠᠭ᠋ᠠᠵᠤ᠂ ᠬᠤᠭᠤᠯᠠᠶ ᠵᠢᠨ ᠲᠣᠤᠷ᠎ᠤᠨ ᠡᠳᠦᠷ ᠲᠤᠲᠤᠮ᠎ᠢ ᠬᠠᠮᠠᠭ᠋ᠠᠯᠠᠵᠤ ᠵᠠᠪᠳᠤᠨ ᠵᠠᠰᠠᠬᠤ ᠵᠡᠷᠭᠡ᠎ᠳᠤ ᠨᠠᠶ᠋ᠢᠳᠠᠪᠤᠷᠢᠲᠠᠶ ᠳᠡᠮᠵᠢᠯᠭᠡ ᠬᠠᠩᠭ᠋ᠠᠪᠠ᠃

   ᠬᠡᠷᠡᠭᠯᠡᠭᠴᠢ ᠵᠢᠨ ᠲᠤᠰᠬᠠᠭᠰᠠᠨ ᠤᠰᠤᠨ ᠳᠠᠷᠤᠯᠲᠠ ᠬᠦᠷᠦᠯᠴᠡᠬᠦ ᠥᠬᠡᠶ᠂ ᠭᠤᠭᠤᠵᠢᠵᠤ ᠰᠦᠢ᠍ᠳᠦᠭᠰᠡᠨ ᠵᠡᠷᠭᠡ ᠪᠠᠶ᠋ᠢᠳᠠᠯ᠎ᠳᠤ ᠴᠢᠭᠯᠡᠭᠦᠯᠦᠨ᠂ ᠤᠰᠤ ᠬᠠᠩᠭ᠋ᠠᠬᠤ ᠺᠣᠮᠫᠠᠨᠢ ᠪᠠᠯᠠ ᠮᠥᠩᠭᠦ ᠵᠢ ᠢᠳᠡᠪᠬᠢᠲᠡᠶ ᠲᠡᠮᠡᠴᠡᠨ ᠤᠯᠬᠤ ᠵᠢᠨ ᠬᠠᠮᠲᠤ ᠬᠠᠮᠢᠶ᠎ᠠ ᠪᠥᠬᠦᠶ ᠰᠠᠯᠠᠭ᠎ᠠ ᠮᠥᠴᠢᠷ᠎ᠢ ᠵᠣᠬᠢᠴᠠᠭᠤᠯᠵᠤ᠂ ᠬᠡᠷᠡᠭᠯᠡᠭᠴᠢᠳ᠎ᠤᠨ ᠲᠤᠰᠬᠠᠯ ᠶᠡᠬᠡᠲᠡᠶ ᠬᠠᠭᠤᠴᠢᠨ ᠪᠠᠭ᠎ᠠ ᠲᠣᠭᠤᠷᠢᠭ ᠪᠠ ᠬᠤᠲᠠ ᠵᠢᠨ ᠶᠠᠪᠤᠳᠠᠯ᠎ᠤᠨ ᠬᠡᠰᠡᠭ ᠬᠤᠭᠤᠯᠠᠶ ᠵᠢᠨ ᠲᠣᠤᠷ᠎ᠢ ᠥᠭᠡᠷᠡᠴᠢᠯᠡᠨ᠎ᠡ᠃ ᠣᠲᠣ ᠪᠣᠯᠲᠠᠯ᠎ᠠ᠂ ᠨᠢᠭᠡᠨᠲᠡ 4.8 ᠲᠦᠮᠡ ᠭᠠᠷᠤᠶ ᠤᠰᠤ ᠬᠡᠷᠡᠭᠯᠡᠬᠦ ᠡᠷᠦᠬᠡ ᠵᠢ ᠥᠭᠡᠷᠡᠴᠢᠯᠡᠬᠦ ᠠᠵᠢᠯ᠎ᠢ ᠪᠡᠶᠡᠯᠡᠭᠦᠯᠵᠦ᠂ ᠬᠠᠭᠤᠴᠢᠨ ᠰᠠᠭᠤᠭ᠋ᠠᠯᠢ ᠲᠣᠭᠤᠷᠢᠭ᠎ᠤᠨ ᠤᠰᠤ ᠬᠠᠩᠭ᠋ᠠᠬᠤ ᠬᠤᠭᠤᠯᠠᠶ ᠵᠢᠨ ᠲᠣᠤᠷ᠎ᠲᠤ ᠣᠷᠣᠰᠢᠵᠤ ᠪᠠᠶ᠋ᠢᠭ᠎ᠠ ᠠᠰᠠᠭᠤᠳᠠᠯ᠎ᠢ ᠪᠦᠲᠦᠮᠵᠢᠲᠡᠶ ᠰᠢᠢ᠍ᠳᠪᠦᠷᠢᠯᠡᠪᠡ᠃

  (《ᠳᠣᠮᠲᠠᠲᠤ ᠤᠯᠤᠰ᠎ᠤᠨ ᠣᠰᠣᠠ ᠠᠰᠢᠬᠯᠠᠯᠲᠠ ᠵᠢᠨ ᠰᠣᠨᠢᠠ》᠎ᠠᠴᠠ ᠰᠢᠯᠵᠢᠭᠦᠯᠪᠡ ᠰᠣᠷᠪᠤᠯᠵᠢᠯᠠᠬ᠍ᠴᠢ ᠯᠢ ᠵᠢᠶᠠᠨ ᠭᠦᠸᠸ)

 

ᠢᠷᠡᠯᠲᠡ᠄ ᠳᠤᠮᠳᠠᠳᠤ ᠤᠯᠤᠰ᠎ᠤᠨ ᠤᠰᠤᠨ ᠠᠰᠢᠭᠯᠠᠯᠲᠠ ᠵᠢᠨ ᠰᠣᠨᠢᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠤᠣᠯ᠎ᠤᠨ ᠰᠠᠨ ᠱᠧᠩ ᠭᠦᠩ ᠤᠰᠤᠨ ᠠᠰᠢᠭᠯᠠᠯᠲᠠ ᠵᠢᠨ ᠵᠠᠩᠭᠢᠯᠠᠭ᠎ᠠ ᠵᠢᠨ ᠬᠠᠮᠢᠶᠠᠷᠤᠯᠲᠠ ᠵᠢᠨ ᠲᠥᠪ 《ᠲᠦᠷᠢᠮ ᠲᠣᠭᠲᠠᠭ᠋ᠠᠯ᠎ᠢ ᠵᠢᠷᠤᠮᠯᠠᠨ ᠰᠠᠬᠢᠯᠭ᠎ᠠ ᠪᠠᠲᠤ ᠵᠢ ᠰᠠᠬᠢᠬᠤ ᠤᠬᠠᠮᠰᠠᠷ ᠵᠶ᠋ᠠᠨ ᠴᠢᠩᠭ᠋ᠠᠳᠬᠠᠬᠤ》 ᠭᠤᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ ᠥᠷᠨᠢᠭᠦᠯᠪᠡ
ᠥᠪᠥᠷ ᠮᠣᠩᠭᠤᠯ᠄ 《ᠤᠰᠤ ᠰᠢᠷᠣᠶ ᠵᠢ ᠬᠠᠮᠠᠭ᠋ᠠᠯᠠᠬᠤ᠎ᠨᠢ ᠤᠮᠠᠷᠠᠲᠤ ᠬᠢᠯᠢ ᠵᠢᠨ ᠠᠮᠢ ᠠᠬᠤᠶ ᠵᠢᠨ ᠵᠢᠷᠤᠭ᠎ᠲᠤ ᠭᠡᠷᠡᠯ ᠭᠢᠯᠪᠠᠭ᠎ᠠ ᠨᠡᠮᠡᠷᠢᠯᠡᠬᠦ》᠎ᠪᠠᠷ ᠭᠤᠤᠯ ᠰᠡᠳᠦᠪ ᠪᠣᠯᠭ᠋ᠠᠨ 《ᠭᠤᠷᠪᠠ ᠵᠢ ᠣᠷᠣᠭᠤᠯᠬᠤ》 ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ 2024 ᠣᠨ᠎ᠤ ᠭᠤᠣᠯ᠎ᠳᠤ ᠬᠤᠯᠪᠣᠭᠳᠠᠭᠰᠠᠨ ᠢᠨᠸᠨ᠋ᠸᠷᠢᠩ᠎ᠤᠨ ᠠᠭᠤᠯᠠᠨ ᠦᠶᠡᠷ᠎ᠤᠨ ᠭᠠᠮᠰᠢᠭ᠎ᠠᠴᠠ ᠵᠠᠶ᠋ᠢᠯᠠᠬᠤ ᠰᠣᠷᠢᠯᠲᠠ ᠵᠢᠴᠢ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ ᠵᠢᠨ ᠤᠬᠠᠭᠤᠯᠭ᠎ᠠ ᠵᠢᠨ ᠠᠵᠢᠯᠯᠠᠭ᠎ᠠ ᠵᠢ ᠥᠷᠨᠢᠭᠦᠯᠪᠡ
ᠤᠰᠤᠨ᠎ᠤ ᠡᠬᠢ ᠪᠠᠶᠠᠯᠢᠭ᠎ᠢ ᠬᠠᠮᠠᠭ᠋ᠠᠯᠠᠵᠤ ᠠᠮᠢᠨ ᠰᠤᠳᠠᠰᠤ ᠵᠢ ᠬᠠᠮᠠᠭ᠋ᠠᠯᠠᠶ᠎ᠠ ᠥᠪᠥᠷ ᠮᠣᠩᠭᠤᠯ 《ᠤᠰᠤ ᠵᠢ ᠠᠷᠪᠢᠯᠠᠨ ᠭᠠᠮᠨᠠᠬᠤ ᠲᠦᠷᠢᠮ》᠎ᠢ ᠢᠳᠡᠪᠬᠢᠲᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ ᠤᠯᠤᠰ᠎ᠤᠨ ᠤᠰᠤ ᠠᠷᠪᠢᠯᠠᠬᠤ ᠠᠵᠢᠯᠯᠠᠭ᠎ᠠ ᠵᠢ ᠪᠥᠬᠦ ᠲᠠᠯ᠎ᠠ᠎ᠪᠠᠷ ᠳᠥᠯᠭᠢᠨ ᠠᠬᠢᠭᠤᠯᠪᠠ
ᠦᠶᠡᠷ᠎ᠤᠨ ᠬᠤᠭᠤᠴᠠᠭ᠋ᠠᠨ᠎ᠳᠤ ᠠᠭᠤᠯᠠᠨ ᠦᠶᠡᠷ᠎ᠤᠨ ᠭᠠᠮᠰᠢᠭ᠎ᠢ ᠬᠡᠷᠬᠢᠨ ᠰᠡᠷᠭᠡᠢ᠌ᠯᠡᠨ ᠠᠷᠭ᠋ᠠᠴᠠᠬᠤ ᠪᠣᠢ — ᠡᠳᠡᠭᠡᠷ ᠭᠠᠮᠰᠢᠭ᠎ᠢ ᠰᠡᠷᠭᠡᠢ᠌ᠯᠡᠵᠦ ᠠᠶᠤᠯ᠎ᠠᠴᠠ ᠵᠠᠢ᠌ᠯᠠᠬᠤ ᠮᠡᠳᠡᠯᠭᠡ ᠵᠢ ᠬᠤᠷᠳᠤᠨ ᠰᠤᠷᠤᠯᠴᠠᠶ᠎ᠠ!
 
            