ᠲᠠᠪᠤᠨ ᠰᠠᠷ᠎ᠠ ᠵᠢᠨ ᠳᠥᠷᠪᠡᠨ᠎ᠤ ᠵᠠᠯᠠᠭᠤᠴᠤᠳ᠎ᠤᠨ ᠪᠠᠶᠠᠷ ᠬᠦᠷᠴᠦ ᠢᠷᠡᠬᠦ ᠲᠠᠰᠢᠷᠠᠮ ᠵᠶ᠋ᠠᠷ᠂ ᠶᠡᠷᠦᠩᠬᠡᠢ ᠱᠦᠵᠢ ᠰᠢ ᠵᠢᠨ ᠫᠢᠩ ᠨᠠᠮ᠎ᠤᠨ ᠲᠥᠪ ᠬᠤᠷᠢᠶᠠᠨ᠎ᠤ ᠡᠮᠦᠨ᠎ᠡ᠎ᠠᠴᠠ ᠪᠦᠬᠦ ᠤᠯᠤᠰ᠎ᠤᠨ ᠥᠷᠭᠡᠨ ᠤᠯᠠᠨ ᠵᠠᠯᠠᠭᠤᠴᠤᠳ᠎ᠲᠤ ᠪᠠᠶᠠᠷ᠎ᠤᠨ ᠡᠳᠦᠷ᠎ᠤᠨ ᠮᠡᠨᠳᠦᠴᠢᠯᠡᠯ ᠪᠠ ᠴᠢᠩ ᠰᠡᠳᠬᠢᠯ᠎ᠤᠨ ᠮᠡᠨᠳᠦᠴᠢᠯᠡᠯ ᠳᠡᠪᠰᠢᠭᠦᠯᠪᠡ᠃ ᠶᠡᠷᠦᠩᠬᠡᠢ ᠱᠦᠵᠢ ᠰᠢ ᠵᠢᠨ ᠫᠢᠩ᠎ᠤᠨ ᠦᠭᠡ ᠶᠠᠷᠢᠶ᠎ᠠ᠎ᠳᠠᠭᠠᠨ ᠬᠦᠰᠡᠯ ᠡᠷᠡᠮᠡᠯᠵᠡᠯ᠎ᠲᠠᠢ᠂ ᠬᠥᠮᠦᠰ᠎ᠢ ᠤᠷᠮᠠᠰᠢᠭᠤᠯᠤᠨ ᠤᠷᠤᠭᠰᠢᠯᠠᠭᠤᠯᠵᠤ᠂ ᠵᠠᠯᠠᠭᠤᠴᠤᠳ᠎ᠤᠨ ᠦᠰᠦᠨ ᠪᠤᠶ᠋ᠢᠵᠢᠯᠲᠠ᠎ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠵᠠᠯᠠᠭᠤᠴᠤᠳ᠎ᠤᠨ ᠠᠵᠢᠯ᠎ᠢ ᠰᠠᠶ᠋ᠢᠲᠤᠷ ᠬᠢᠬᠦ᠎ᠳᠤ ᠵᠥᠪ ᠴᠢᠭᠯᠡᠯ᠎ᠢ ᠲᠣᠳᠣᠷᠬᠠᠢ ᠵᠢᠭ᠋ᠠᠵᠤ ᠥᠭᠴᠡᠢ᠃ ᠤᠰᠤᠨ ᠠᠰᠢᠭᠯᠠᠯᠲᠠ ᠵᠢᠨ ᠵᠠᠯᠠᠭᠤᠴᠤᠳ᠂ ᠶᠡᠷᠦᠩᠬᠡᠢ ᠱᠦᠵᠢ ᠰᠢ ᠵᠢᠨ ᠫᠢᠩ᠎ᠤᠨ ᠴᠢᠩ ᠰᠡᠳᠬᠢᠯ᠎ᠤᠨ ᠨᠠᠶ᠋ᠢᠳᠠᠯᠭ᠎ᠠ ᠵᠢ ᠢᠮᠠᠭᠲᠠ ᠪᠠᠲᠤ ᠴᠡᠭᠡᠵᠢᠯᠡᠵᠦ᠂ ᠠᠵᠢᠯ᠎ᠤᠨ ᠪᠠᠶ᠋ᠢᠷᠢ᠎ᠳᠠᠭᠠᠨ ᠰᠠᠭᠤᠷᠢᠯᠠᠵᠤ᠂ ᠵᠣᠷᠢᠭᠲᠠᠢ᠎ᠪᠠᠷ ᠬᠤᠪᠢ ᠨᠡᠮᠡᠷᠢ ᠦᠵᠡᠭᠦᠯᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠰᠢᠨ᠎ᠡ ᠱᠠᠳᠤ ᠦᠶ᠎ᠡ ᠵᠢᠨ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠂ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠵᠢᠨ ᠴᠢᠳᠠᠪᠤᠷᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠬᠦ᠎ᠳᠤ ᠵᠠᠯᠠᠭᠤ ᠨᠠᠰᠤᠨ᠎ᠤ ᠬᠦᠴᠦᠨ ᠴᠢᠳᠠᠯ ᠵᠶ᠋ᠠᠨ ᠡᠷᠭᠦᠬᠦ᠎ᠪᠠᠷ ᠴᠢᠷᠮᠠᠶ᠋ᠢᠨ᠎ᠠ ᠭᠡᠵᠦ ᠢᠯᠡᠳᠬᠡᠵᠡᠭᠡᠪᠡ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠡᠪᠯᠡᠯ᠎ᠤᠨ ᠬᠤᠷᠢᠶ᠎ᠠ ᠪᠦᠦ ᡁᠢ ᠮᠢᠩ
ᠲᠡᠮᠡᠴᠡᠯ ᠪᠣᠯ ᠵᠠᠯᠠᠭᠤ ᠨᠠᠰᠤᠨ᠎ᠤ ᠬᠠᠮᠤᠭ᠎ᠤᠨ ᠦᠵᠡᠰᠬᠦᠯᠡᠩᠲᠦ ᠰᠠᠶ᠋ᠢᠬᠠᠨ ᠳᠡᠪᠢᠰᠬᠡᠷ ᠮᠥᠨ᠂ ᠠᠵᠢᠯᠯᠠᠭ᠎ᠠ ᠪᠣᠯ ᠵᠠᠯᠠᠭᠤᠴᠤᠳ᠎ᠤᠨ ᠬᠠᠮᠤᠭ᠎ᠤᠨ ᠪᠦᠲᠦᠮᠵᠢᠲᠡᠶ ᠳᠠᠪᠲᠠᠯᠲᠠ ᠮᠥᠨ᠃ ᠤᠰᠤᠨ ᠠᠰᠢᠭᠯᠠᠯᠲᠠ ᠵᠢᠨ ᠵᠠᠯᠠᠭᠤ ᠺᠠᠳ᠋ᠷ ᠪᠣᠯᠤᠭᠰᠠᠨ᠎ᠤ ᠬᠤᠪᠢ᠎ᠳᠤ᠂ ᠶᠡᠷᠦᠩᠬᠡᠢ ᠱᠦᠵᠢ ᠰᠢ ᠵᠢᠨ ᠫᠢᠩ᠎ᠤᠨ ᠤᠰᠤ ᠵᠢ ᠵᠠᠰᠠᠬᠤ ᠲᠤᠬᠠᠢ ᠴᠢᠬᠤᠯᠠ ᠥᠭᠦᠯᠡᠯᠲᠡ ᠪᠣᠯᠤᠨ ᠥᠪᠥᠷ ᠮᠣᠩᠭᠤᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠤᠢ᠍ᠢ᠍ᠯᠠᠭ᠋ᠠᠨ ᠡᠵᠡᠮᠰᠢᠵᠦ᠂ ᠤᠰᠤ ᠵᠢ ᠵᠠᠰᠠᠵᠤ ᠲᠦᠷᠦ ᠵᠢ ᠲᠦᠪᠰᠢᠳᠬᠡᠬᠦ᠂ ᠤᠰᠤ ᠵᠢ ᠮᠠᠨᠳᠤᠭᠤᠯᠵᠤ ᠠᠷᠠᠳ᠎ᠲᠤ ᠠᠰᠢᠭ ᠬᠦᠷᠲᠡᠭᠡᠬᠦ ᠡᠭᠦᠷᠭᠡ ᠬᠠᠷᠢᠭᠤᠴᠠᠯᠭ᠎ᠠ ᠵᠢ ᠪᠠᠲᠤ ᠰᠠᠬᠢᠵᠤ᠂ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠵᠢᠨ ᠴᠢᠳᠠᠪᠤᠷᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠶᠡᠷᠦᠩᠬᠡᠢ ᠬᠠᠷᠠᠯᠲᠠ ᠵᠢ ᠪᠠᠲᠤ ᠡᠵᠡᠮᠳᠡᠵᠦ᠂ ᠰᠢᠷᠭ᠋ᠠᠭᠤ ᠬᠠᠲᠠᠭᠤᠵᠢᠯᠲᠠᠢ ᠠᠵᠢᠯᠯᠠᠵᠤ᠂ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠵᠤ᠂ ᠰᠢᠨ᠎ᠡ ᠱᠠᠳᠤ ᠦᠶ᠎ᠡ ᠵᠢᠨ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠢ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠬᠤ᠂ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠬᠦ ᠪᠠ 《ᠰᠢᠨ᠎ᠡ ᠵᠠᠮ᠎ᠢ ᠨᠡᠭᠡᠭᠡᠵᠦ᠂ ᠳᠤᠮᠳᠠ ᠲᠦᠪᠰᠢᠨ᠎ᠳᠤ ᠣᠷᠣᠬᠤ》 ᠬᠠᠷᠠᠯᠲᠠ ᠵᠢ ᠪᠡᠶᠡᠯᠡᠭᠦᠯᠬᠦ᠎ᠳᠤ ᠵᠠᠯᠠᠭᠤ ᠨᠠᠰᠤᠨ᠎ᠤ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ ᠵᠢᠨ ᠤᠰᠤᠨ ᠰᠢᠨᠵᠢᠯᠡᠭᠡᠨ ᠤᠰᠤᠨ᠎ᠤ ᠡᠬᠢ ᠪᠠᠶᠠᠯᠢᠭ᠎ᠤᠨ ᠲᠥᠪ᠎ᠤᠨ ᠡᠪᠯᠡᠯ᠎ᠤᠨ ᠡᠭᠦᠷ ᠨᠢ ᠱᠠ
ᠤᠰᠤᠨ ᠰᠢᠨᠵᠢᠯᠡᠭᠡᠨ᠎ᠤ ᠦᠢ᠍ᠯᠡᠰ ᠪᠣᠯ ᠤᠯᠤᠰ ᠠᠷᠠᠳ᠎ᠤᠨ ᠠᠵᠤ ᠠᠬᠤᠶ ᠵᠢᠨ ᠪᠥᠲᠥᠭᠡᠨ ᠪᠠᠶ᠋ᠢᠭᠤᠯᠤᠯᠲᠠ ᠪᠠ ᠨᠡᠶ᠋ᠢᠭᠡᠮ᠎ᠤᠨ ᠬᠥᠭᠵᠢᠯᠲᠡ ᠵᠢᠨ ᠴᠢᠬᠤᠯᠠ ᠰᠠᠭᠤᠷᠢ ᠮᠥᠨ᠂ ᠦᠶᠡᠷ ᠭᠠᠩ᠎ᠤᠨ ᠭᠠᠮᠰᠢᠭ᠎ᠢ ᠰᠡᠷᠭᠡᠶ᠋ᠢᠯᠡᠬᠦ ᠴᠢᠬᠢ ᠨᠢᠳᠦ᠂ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠵᠥᠪᠯᠡᠭᠴᠢ ᠮᠥᠨ᠂ ᠤᠰᠤᠨ᠎ᠤ ᠠᠮᠢ ᠠᠬᠤᠶ ᠵᠢ ᠬᠠᠮᠠᠭ᠋ᠠᠯᠠᠨ ᠵᠠᠰᠠᠬᠤ ᠡᠮᠦᠨ᠎ᠡ ᠬᠠᠷᠠᠭᠤᠯ ᠮᠥᠨ; ᠤᠰᠤᠨ ᠰᠢᠨᠵᠢᠯᠡᠭᠡᠨ᠎ᠤ ᠬᠥᠮᠦᠰ ᠲᠡᠤᠬᠡ ᠵᠢᠨ ᠬᠦᠷᠳᠦᠨ᠎ᠳᠤ ᠴᠡᠩᠭᠡᠭ ᠤᠰᠤ ᠠᠮᠤᠷ ᠠᠮᠤᠭᠤᠯᠠᠩ ᠪᠠᠶ᠋ᠢᠵᠤ᠂ ᠡᠭᠡᠯ ᠵᠢᠷ᠎ᠤᠨ ᠠᠵᠢᠯ᠎ᠤᠨ ᠳᠤᠮᠳᠠ ᠤᠰᠤᠨ ᠰᠢᠨᠵᠢᠯᠡᠭᠡᠨ᠎ᠤ ᠬᠥᠮᠦᠰ᠎ᠤᠨ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠵᠦ᠂ ᠰᠢᠨ᠎ᠡ ᠴᠠᠭ ᠦᠶ᠎ᠡ ᠵᠢᠨ ᠤᠰᠤᠨ ᠰᠢᠨᠵᠢᠯᠡᠭᠡᠨ᠎ᠤ ᠵᠠᠯᠠᠭᠤᠴᠤᠳ ᠲᠠᠰᠤᠷᠠᠯᠲᠠ ᠥᠬᠡᠶ 《ᠪᠦᠯᠬᠦᠮᠳᠡᠬᠦ᠂ ᠦᠨᠡᠨ᠎ᠢ ᠡᠷᠬᠢᠮᠯᠡᠬᠦ᠂ ᠬᠤᠪᠢ ᠨᠡᠮᠡᠷᠢ ᠦᠵᠡᠭᠦᠯᠬᠦ᠂ ᠤᠷᠤᠭᠰᠢᠯᠠᠨ ᠳᠠᠪᠰᠢᠬᠤ》 ᠤᠰᠤᠨ᠎ᠤ ᠵᠣᠷᠢᠭ ᠰᠠᠨᠠᠭ᠎ᠠ ᠵᠢ ᠦᠷᠭᠦᠯᠵᠢᠯᠡᠭᠦᠯᠵᠦ᠂ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠬᠦ᠎ᠳᠤ ᠬᠦᠴᠦᠨ ᠨᠡᠮᠡᠷᠢᠯᠡᠬᠦ᠎ᠳᠤ ᠤᠰᠤᠨ ᠰᠢᠨᠵᠢᠯᠡᠭᠡᠨ᠎ᠤ ᠰᠢᠨ᠎ᠡ ᠬᠤᠪᠢ ᠨᠡᠮᠡᠷᠢ ᠦᠵᠡᠭᠦᠯᠬᠦ ᠪᠣᠯᠤᠨ᠎ᠠ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠦᠢ᠍ᠯᠡᠰ᠎ᠤᠨ ᠬᠦᠭᠵᠢᠭᠦᠯᠦᠯᠲᠡ ᠵᠢᠨ ᠲᠥᠪ᠎ᠤᠨ ᠨᠢᠭᠡᠳᠦᠭᠡᠷ ᠡᠪᠯᠡᠯ᠎ᠤᠨ ᠡᠭᠦᠷ ᠶᠢᠨ ᠳ᠋ᠦᠸᠸ ᠳ᠋ᠦᠸᠸ
ᠵᠠᠯᠠᠭᠤ ᠨᠠᠰᠤ ᠪᠠᠳᠠᠷᠠᠵᠤ ᠪᠠᠶ᠋ᠢᠭ᠎ᠠ ᠴᠠᠭ ᠮᠥᠴᠡ᠎ᠳᠤ᠂ ᠲᠡᠮᠡᠴᠡᠯ ᠶᠠᠭ ᠴᠠᠭ᠎ᠲᠠᠭᠠᠨ ᠢᠷᠡᠨ᠎ᠡ᠃ ᠬᠡᠳᠦᠢ ᠤᠳᠠᠭ᠋ᠠᠨ ᠠᠮᠵᠢᠯᠲᠠ ᠪᠦᠲᠦᠮᠵᠢ ᠣᠯᠤᠭᠰᠠᠨ ᠴᠤ᠌ ᠪᠢᠳᠡ ᠢᠮᠠᠭᠲᠠ ᠴᠤᠭ ᠪᠠᠳᠠᠷᠠᠩᠭᠤᠢ ᠣᠪᠣᠷ ᠪᠠᠶ᠋ᠢᠳᠠᠯ ᠵᠶ᠋ᠠᠨ ᠪᠠᠲᠤᠯᠠᠵᠤ᠂ ᠲᠠᠰᠤᠷᠠᠯᠳᠠ ᠦᠭᠡᠢ ᠤᠷᠤᠭᠰᠢᠯᠠᠨ ᠲᠠᠪᠰᠢᠬᠤ ᠲᠡᠮᠡᠴᠡᠯ᠎ᠤᠨ ᠵᠣᠷᠢᠭ ᠵᠶ᠋ᠠᠷ ᠠᠵᠢᠯ ᠵᠶ᠋ᠠᠨ ᠥᠷᠨᠢᠭᠦᠯᠬᠦ ᠬᠡᠷᠡᠭᠲᠡᠢ᠃ ᠭᠦᠨᠵᠡᠭᠡᠶ ᠰᠤᠷᠤᠯᠴᠠᠨ ᠦᠨᠡᠨᠴᠢ ᠰᠢᠳᠤᠷᠭᠤ᠎ᠪᠠᠷ ᠬᠡᠷᠡᠭᠵᠢᠭᠦᠯᠵᠦ᠂ ᠮᠡᠳᠡᠯᠭᠡ ᠮᠡᠳᠡᠬᠦ ᠵᠢ ᠬᠥᠭᠡᠭᠡᠴᠡᠯᠳᠦᠬᠦ᠎ᠪᠠᠷ ᠪᠠᠷᠠᠬᠤ ᠦᠭᠡᠢ᠂ ᠥᠪᠡᠷ᠎ᠢ᠎ᠪᠠᠨ ᠲᠡᠭᠦᠯᠳᠡᠷᠵᠢᠭᠦᠯᠬᠦ ᠵᠢ ᠪᠠᠷᠢᠮᠲᠠᠯᠠᠬᠤ᠎ᠪᠠᠷ ᠪᠠᠷᠠᠬᠤ ᠦᠭᠡᠢ ᠪᠠᠰᠠ ᠰᠤᠷᠤᠭᠰᠠᠨ ᠵᠶ᠋ᠠᠨ ᠬᠡᠷᠡᠭᠯᠡᠵᠦ᠂ ᠲᠤᠷᠰᠢᠯᠭ᠎ᠠ ᠬᠤᠷᠠᠮᠳᠤᠭᠤᠯᠤᠨ ᠴᠢᠳᠠᠪᠤᠷᠢ᠎ᠪᠠᠨ ᠳᠡᠭᠡᠭᠰᠢᠯᠡᠭᠦᠯᠬᠦ ᠬᠡᠷᠡᠭᠲᠡᠶ᠃ ᠠᠵᠢᠯᠴᠢ ᠬᠥᠳᠡᠯᠮᠦᠷᠢᠴᠢ ᠵᠠᠯᠠᠭᠤ ᠨᠠᠰᠤ᠎ᠪᠠᠨ ᠬᠥᠰᠡᠷᠳᠡᠭᠦᠯᠬᠦ ᠦᠭᠡᠢ᠃ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠵᠠᠯᠠᠭᠤ ᠠᠵᠢᠯᠲᠠᠨ ᠪᠣᠯᠤᠭᠰᠠᠨ᠎ᠤ ᠬᠤᠪᠢ᠎ᠳᠤ᠂ ᠪᠢᠳᠡ ᠵᠣᠷᠢᠭᠲᠠᠶ᠎ᠪᠠᠷ ᠲᠡᠮᠡᠴᠡᠵᠦ᠂ ᠵᠠᠮ ᠨᠡᠭᠡᠭᠡᠨ ᠤᠷᠤᠭᠰᠢᠯᠠᠵᠤ᠂ ᠤᠰᠤᠨ ᠠᠰᠢᠭᠯᠠᠯᠲᠠ ᠵᠢᠨ ᠦᠢ᠍ᠯᠡᠰ᠎ᠤᠨ ᠬᠥᠭᠵᠢᠯᠲᠡ᠎ᠲᠠᠢ ᠵᠣᠬᠢᠴᠠᠭᠰᠠᠨ ᠴᠢᠳᠠᠪᠤᠷᠢ ᠬᠡᠪ ᠪᠣᠯᠪᠠᠰᠤᠷᠠᠯ ᠵᠶ᠋ᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠢᠨ᠎ᠡ ᠱᠠᠲᠤ ᠦᠶ᠎ᠡ ᠵᠢᠨ ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠶ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠶᠡᠷᠦᠩᠬᠡᠢ ᠪᠠᠲᠤᠯᠠᠭ᠎ᠠ ᠵᠢᠨ ᠲᠥᠪ᠎ᠤᠨ ᠡᠪᠯᠡᠯ᠎ᠤᠨ ᠡᠭᠦᠷ ᠴᠧᠨ ᠴᠧᠨ
ᠰᠢᠨ᠎ᠡ ᠴᠠᠭ ᠦᠶ᠎ᠡ ᠵᠢᠨ ᠤᠰᠤᠨ ᠠᠰᠢᠭᠯᠠᠯᠲᠠ ᠵᠢᠨ ᠵᠠᠯᠠᠭᠤ ᠺᠠᠳ᠋ᠷ ᠪᠣᠯᠤᠭᠰᠠᠨ᠎ᠤ ᠬᠤᠪᠢ᠎ᠳᠤ᠂ ᠪᠢᠳᠡ ᠲᠠᠪᠤᠨ ᠰᠠᠷ᠎ᠠ ᠵᠢᠨ ᠳᠥᠷᠪᠡᠨ᠎ᠤ ᠵᠣᠷᠢᠭ ᠰᠠᠨᠠᠭ᠎ᠠ ᠵᠢ ᠵᠠᠯᠭ᠋ᠠᠮᠵᠢᠯᠠᠨ ᠪᠠᠳᠠᠷᠠᠭᠤᠯᠵᠤ᠂ ᠡᠷᠡᠰ ᠭᠤᠶ᠋ᠢᠪᠢᠰᠢ ᠦᠭᠡᠢ᠎ᠪᠠᠷ ᠨᠠᠮ᠎ᠤᠨ ᠠᠴᠢ ᠵᠢ ᠮᠡᠳᠡᠷᠡᠵᠦ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠵᠤ᠂ ᠬᠦᠰᠡᠯᠡᠩ᠎ᠲᠠᠢ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ᠂ ᠵᠣᠪᠠᠭᠤᠷᠢ ᠵᠦᠳᠡᠭᠦᠷᠢ ᠵᠢ ᠠᠮᠰᠠᠵᠤ ᠳᠡᠶ᠋ᠢᠯᠬᠦ᠂ ᠡᠷᠡᠯᠬᠡᠭᠯᠡᠨ ᠲᠡᠮᠡᠴᠡᠬᠦ ᠰᠢᠨ᠎ᠡ ᠴᠠᠭ ᠦᠶ᠎ᠡ ᠵᠢᠨ ᠰᠠᠶ᠋ᠢᠨ ᠵᠠᠯᠠᠭᠤᠴᠤᠳ ᠪᠣᠯᠬᠤ᠎ᠪᠠᠷ ᠴᠢᠷᠮᠠᠶ᠋ᠢᠵᠤ᠂ ᠬᠦᠴᠦᠲᠡᠢ ᠪᠦᠲᠦᠮᠵᠢᠲᠡᠢ ᠦᠢ᠍ᠯᠡᠴᠢᠯᠡᠭᠡᠨ᠎ᠤ ᠪᠠᠲᠤᠯᠠᠭ᠎ᠠ᠎ᠪᠠᠷ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠬᠦ ᠪᠠ 《ᠰᠢᠨ᠎ᠡ ᠵᠠᠮ᠎ᠢ ᠨᠡᠬᠡᠬᠡᠵᠤ᠂ ᠳᠤᠮᠳᠠ ᠲᠦᠪᠰᠢᠨ᠎ᠳᠤ ᠣᠷᠣᠬᠤ》 ᠬᠠᠷᠠᠯᠲᠠ ᠵᠢ ᠪᠡᠶᠡᠯᠡᠭᠦᠯᠬᠦ ᠵᠢᠨ ᠲᠣᠭᠤᠷᠢᠨ᠎ᠳᠤ᠂ 《ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠂ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠬᠠᠩᠭ᠋ᠠᠬᠤ》᠎ᠪᠠᠷ ᠴᠢᠷᠮᠠᠶ᠋ᠢᠬᠤ ᠴᠢᠭᠯᠡᠯ ᠪᠣᠯᠭ᠋ᠠᠵᠤ᠂ ᠴᠠᠭ ᠢᠮᠠᠭᠲᠠ ᠰᠤᠷᠤᠯᠴᠠᠬᠤ ᠪᠠ ᠰᠡᠳᠬᠢᠬᠦ᠎ᠪᠠᠨ ᠪᠠᠲᠤᠯᠠᠵᠤ᠂ ᠶᠡᠭᠡ ᠬᠠᠨᠳᠤᠰᠢ ᠵᠢ ᠠᠵᠢᠭᠯᠠᠵᠤ᠂ ᠶᠡᠭᠡ ᠲᠠᠯ᠎ᠠ ᠵᠢ ᠪᠠᠶ᠋ᠢᠩᠭᠤ ᠪᠣᠳᠣᠯᠬᠢᠯᠠᠵᠤ᠂ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠠᠬᠢᠭᠤᠯᠬᠤ ᠳᠤᠮᠳᠠ ᠵᠠᠯᠠᠭᠤ ᠨᠠᠰᠤᠨ᠎ᠤ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠵᠠᠯᠠᠭᠤ ᠨᠠᠰᠤᠨ᠎ᠤ ᠴᠤᠭ ᠵᠢᠪᠬᠤᠭ᠎ᠠ ᠵᠢ ᠢᠯᠡᠷᠡᠭᠦᠯᠵᠦ᠂ ᠵᠠᠯᠠᠭᠤ ᠨᠠᠰᠤᠨ᠎ᠤ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ ᠭᠡᠵᠡᠢ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠶᠠᠰᠤ ᠴᠢᠨᠠᠷ ᠬᠢᠭᠡᠳ ᠠᠮᠤᠷ ᠲᠦᠪᠰᠢᠨ᠎ᠤ ᠬᠢᠨᠠᠯᠲᠠ ᠲᠠᠯᠪᠢᠬᠤ ᠦᠢ᠍ᠯᠡᠴᠢᠯᠡᠭᠡᠨ᠎ᠤ ᠲᠥᠪ᠎ᠤᠨ ᠡᠪᠯᠡᠯ᠎ᠤᠨ ᠡᠭᠦᠷ ᠷᠸᠨ ᡁᠢ ᠰᠢᠶᠠᠨ
ᠳᠤᠮᠳᠠᠳᠤ ᠵᠢᠨ ᠬᠦᠰᠡᠯ᠎ᠢ ᠪᠡᠶᠡᠯᠡᠭᠦᠯᠬᠦ ᠪᠣᠯ ᠨᠢᠭᠡ ᠤᠳᠠᠭ᠋ᠠᠨ᠎ᠤ ᠲᠡᠦᠬᠡ ᠵᠢᠨ ᠪᠤᠤᠬᠢᠶ᠎ᠠ ᠤᠷᠤᠯᠳᠤᠭ᠋ᠠᠨ ᠮᠥᠨ᠃ ᠤᠰᠤᠨ ᠠᠰᠢᠭᠯᠠᠯᠲᠠ ᠵᠢᠨ ᠵᠠᠯᠠᠭᠤ ᠠᠵᠢᠯᠲᠠᠨ ᠪᠣᠯᠤᠭᠰᠠᠨ᠎ᠤ ᠬᠤᠪᠢ᠎ᠳᠤ᠂ ᠬᠠᠷᠢᠭᠤᠴᠠᠯᠭ᠎ᠠ ᠬᠦᠨᠳᠦ ᠭᠡᠳᠡᠭ᠎ᠢ ᠪᠢ ᠭᠦᠨᠵᠡᠭᠡᠢ ᠮᠡᠳᠡᠷᠡᠨ᠎ᠡ᠃ ᠢᠷᠡᠭᠡᠳᠦᠶ᠎ᠪᠠᠨ ᠪᠠᠷᠠᠯᠠᠬᠤᠶ᠎ᠠ᠂ ᠪᠢ ᠶᠡᠷᠦᠩᠬᠡᠶ ᠱᠦᠵᠢ ᠰᠢ ᠵᠢᠨ ᠫᠢᠩ᠎ᠤᠨ 《ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ᠂ ᠣᠷᠣᠨ ᠵᠠᠶ ᠵᠢ ᠲᠡᠩᠴᠡᠭᠦᠷᠢᠲᠡᠶ ᠪᠠᠶ᠋ᠢᠯᠭ᠋ᠠᠬᠤ᠂ ᠰᠢᠰᠲ᠋ᠧᠮ᠎ᠲᠠᠢ ᠵᠠᠰᠠᠬᠤ᠂ ᠬᠤᠶᠠᠷ ᠲᠠᠯ᠎ᠠ᠎ᠪᠠᠷ ᠬᠦᠴᠦᠯᠡᠬᠦ》 ᠤᠰᠤ ᠵᠢ ᠵᠠᠰᠠᠬᠤ ᠰᠡᠳᠬᠢᠴᠡ᠎ᠪᠠᠷ ᠵᠢᠯᠣᠭᠤᠳᠣᠯᠭ᠎ᠠ ᠪᠣᠯᠭ᠋ᠠᠵᠤ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ᠎ᠳᠤ ᠢᠳᠡᠪᠬᠢᠲᠡᠶ ᠣᠷᠣᠯᠴᠠᠵᠤ᠂ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠶᠠᠰᠤ ᠴᠢᠨᠠᠷ ᠬᠢᠭᠡᠳ ᠠᠮᠤᠷ ᠲᠦᠪᠰᠢᠨ᠎ᠤ ᠬᠢᠨᠠᠯᠲᠠ ᠲᠠᠯᠪᠢᠬᠤ ᠦᠢ᠍ᠯᠡᠴᠢᠯᠡᠭᠡᠨ᠎ᠤ ᠠᠵᠢᠯ᠎ᠢ ᠴᠢᠷᠮᠠᠶ᠋ᠢᠨ ᠰᠠᠶ᠋ᠢᠲᠤᠷ ᠬᠢᠵᠦ᠂ ᠰᠢᠨ᠎ᠡ ᠱᠠᠲᠤ ᠦᠶ᠎ᠡ ᠵᠢᠨ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠎ᠳᠤ ᠵᠠᠯᠠᠭᠤ ᠨᠠᠰᠤ᠂ ᠣᠶᠤᠨ ᠤᠬᠠᠭ᠋ᠠᠨ ᠪᠠ ᠬᠦᠴᠦᠨ ᠴᠢᠳᠠᠯ ᠵᠶ᠋ᠠᠨ ᠡᠷᠭᠦᠨ᠎ᠡ!
ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ ᠵᠢᠨ ᠤᠰᠤ ᠭᠠᠩ᠎ᠤᠨ ᠭᠠᠮᠰᠢᠭ᠎ᠢ ᠰᠡᠷᠭᠡᠢ᠌ᠯᠡᠬᠦ ᠮᠡᠷᠭᠡᠵᠢᠯ᠎ᠤᠨ ᠲᠥᠪ᠎ᠤᠨ ᠡᠪᠯᠡᠯ᠎ᠤᠨ ᠡᠭᠦᠷ ᠵᠢᠶᠠᠩ ᠵᠣᠣ ᠹᠠᠩ
ᠵᠠᠯᠠᠭᠤᠴᠤᠳ ᠬᠦᠴᠦᠷᠬᠡᠭ ᠪᠣᠯ ᠤᠯᠤᠰ ᠣᠷᠣᠨ ᠬᠦᠴᠦᠷᠬᠡᠭ ᠶᠤᠮ᠃ ᠤᠳᠤ ᠦᠶ᠎ᠡ ᠵᠢᠨ ᠳᠤᠮᠳᠠᠳᠤ ᠤᠯᠤᠰ᠎ᠤᠨ ᠵᠠᠯᠠᠭᠤᠴᠤᠳ ᠴᠠᠭ᠎ᠢ ᠠᠮᠵᠢᠵᠤ ᠠᠪᠢᠶᠠᠰ ᠴᠢᠳᠠᠪᠤᠷᠢ᠎ᠪᠠᠨ ᠪᠠᠳᠠᠷᠠᠭᠤᠯᠬᠤ ᠲᠠᠪᠴᠠᠩ ᠬᠢᠵᠠᠭ᠋ᠠᠯᠠᠰᠢ ᠦᠭᠡᠢ ᠥᠷᠭᠡᠨ ᠠᠭᠤᠳᠠᠮ ᠪᠠᠶ᠋ᠢᠵᠤ᠂ ᠬᠦᠰᠡᠯ ᠵᠡᠭᠦᠳᠦ᠎ᠪᠠᠨ ᠪᠡᠶᠡᠯᠡᠭᠦᠯᠬᠦ ᠢᠷᠡᠭᠡᠳᠦᠢ ᠬᠢᠵᠠᠭ᠋ᠠᠯᠠᠰᠢ ᠦᠭᠡᠢ ᠭᠡᠭᠡᠨ ᠰᠠᠷᠠᠭᠤᠯ ᠪᠠᠶ᠋ᠢᠨ᠎ᠠ᠃ ᠤᠰᠤᠨ ᠠᠰᠢᠭᠯᠠᠯᠲᠠ ᠵᠢᠨ ᠵᠠᠯᠠᠭᠤ ᠨᠠᠮ᠎ᠤᠨ ᠭᠡᠰᠢᠭᠦᠨ ᠪᠣᠯᠤᠭᠰᠠᠨ᠎ᠤ ᠬᠤᠪᠢ᠎ᠳᠤ᠂ ᠪᠢ ᠤᠯᠤᠰ ᠭᠡᠷ᠎ᠤᠨ ᠬᠠᠶ᠋ᠢᠷ᠎ᠠ ᠰᠡᠳᠬᠢᠯᠭᠡ᠎ᠪᠠᠨ ᠵᠤᠵᠠᠭ᠋ᠠᠳᠬᠠᠵᠤ᠂ ᠬᠦᠰᠡᠯᠡᠩ ᠢᠲᠡᠭᠡᠯ ᠪᠢᠰᠢᠷᠡᠯ ᠵᠶ᠋ᠠᠨ ᠪᠠᠲᠤᠳᠬᠠᠵᠤ᠂ ᠲᠡᠮᠡᠴᠡᠬᠦ ᠴᠢᠭᠯᠡᠯ ᠵᠶ᠋ᠠᠨ ᠲᠣᠳᠣᠷᠬᠠᠶ᠋ᠢᠯᠠᠵᠤ᠂ ᠲᠡᠦᠬᠡ᠎ᠪᠠᠨ ᠲᠤᠰᠢᠶᠠᠭᠰᠠᠨ ᠪᠤᠤᠬᠢᠶ᠎ᠠ ᠵᠢ ᠴᠢᠩᠭ᠎ᠠ ᠠᠳᠬᠤᠵᠤ᠂ ᠴᠠᠭ ᠦᠶ᠎ᠡ ᠵᠢᠨ ᠬᠠᠩᠭᠢᠨᠠᠭᠰᠠᠨ ᠪᠦᠷᠢᠶ᠎ᠡ ᠵᠢᠨ ᠳᠠᠭᠤᠨ᠎ᠳᠤ ᠬᠠᠷᠢᠭᠤ ᠦᠭᠭᠦᠨ᠎ᠡ᠃ ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ ᠵᠢ ᠳᠡᠭᠡᠳᠦᠯᠡᠬᠦ ᠵᠢ ᠪᠠᠷᠢᠮᠲᠠᠯᠠᠵᠤ᠂ ᠬᠤᠷᠢᠭ᠎ᠠ ᠱᠤᠭᠤᠮ᠎ᠤᠨ ᠰᠡᠳᠬᠢᠬᠦᠢ᠂ ᠲᠦᠢ᠍ᠯᠰᠢᠷᠡᠯᠤᠨ ᠰᠡᠳᠬᠢᠬᠦᠢ ᠵᠢ ᠪᠠᠲᠤ ᠪᠤᠢ ᠪᠣᠯᠭ᠋ᠠᠵᠤ᠂ 《ᠲᠦᠷᠪᠡᠨ ᠦᠭᠡᠢ》 ᠵᠢᠨ ᠬᠠᠷᠠᠯᠲᠠ ᠵᠢ ᠲᠣᠭᠲᠠᠭ᠋ᠠᠵᠤ᠂ 《ᠲᠦᠷᠪᠡᠨ ᠵᠢᠱ᠌ᠢᠯᠲᠡ》 ᠵᠢᠨ ᠠᠷᠭ᠎ᠠ ᠬᠡᠮᠵᠢᠶ᠎ᠡ ᠵᠢ ᠴᠢᠩᠭ᠋ᠠᠳᠬᠠᠵᠤ᠂ ᠦᠶᠡᠷ ᠭᠠᠩ᠎ᠤᠨ ᠭᠠᠮᠰᠢᠭ᠎ᠢ ᠰᠡᠷᠭᠡᠶ᠋ᠢᠯᠡᠬᠦ ᠬᠤᠷᠢᠭ᠎ᠠ ᠱᠤᠭᠤᠮ᠎ᠢ ᠪᠠᠲᠤ ᠰᠠᠬᠢᠵᠤ᠂ ᠤᠰᠤᠨ ᠠᠰᠢᠭᠯᠠᠯᠲᠠ ᠵᠢᠨ ᠦᠢ᠍ᠯᠡᠰ᠎ᠤᠨ ᠬᠥᠭᠵᠢᠯᠲᠡ᠎ᠳᠤ ᠥᠪᠡᠷ᠎ᠤᠨ ᠵᠠᠯᠠᠭᠤ ᠨᠠᠰᠤᠨ᠎ᠤ ᠬᠦᠴᠦᠨ ᠴᠢᠳᠠᠯ ᠵᠶ᠋ᠠᠨ ᠡᠷᠭᠦᠵᠦ᠂ ᠵᠠᠯᠠᠭᠤ ᠨᠠᠰᠤᠨ᠎ᠤ ᠨᠡᠷ᠎ᠡ᠎ᠪᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠲᠥᠯᠥᠭᠡ ᠬᠠᠷᠢᠭᠤᠴᠠᠯᠭ᠎ᠠ ᠡᠭᠦᠷᠭᠡᠯᠡᠬᠦ ᠵᠠᠯᠠᠭᠤ ᠨᠠᠰᠤᠨ᠎ᠤ ᠬᠠᠭᠤᠳᠠᠰᠤ ᠵᠢ ᠴᠢᠷᠮᠠᠶ᠋ᠢᠨ ᠪᠢᠴᠢᠭᠯᠡᠶ᠎ᠡ᠃
ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ ᠵᠢᠨ ᠬᠤᠩᠱ᠌ᠠᠨ ᠤᠰᠤᠨ ᠴᠥᠭᠥᠷᠥᠮ᠎ᠤᠨ ᠬᠠᠮᠢᠶᠠᠷᠤᠯᠲᠠ ᠵᠢᠨ ᠲᠥᠪ᠎ᠤᠨ ᠡᠪᠯᠡᠯ᠎ᠤᠨ ᠡᠭᠦᠷ ᠶᠠᠩ ᠰᠥᠩ ᠪᠤᠤ
ᠵᠠᠯᠠᠭᠤ ᠨᠠᠰᠤᠨ᠎ᠤ ᠢᠲᠡᠭᠡᠯ ᠪᠢᠰᠢᠷᠡᠯ᠎ᠢ ᠡᠪᠤᠷᠯᠡᠨ ᠪᠢᠳᠡᠨ᠎ᠤ ᠤᠶᠤᠨ ᠰᠠᠨᠠᠭ᠋ᠠᠨ᠎ᠤ ᠣᠭᠲᠠᠷᠭᠤᠢ ᠨᠡᠩ ᠥᠷᠭᠡᠨ ᠠᠭᠤᠳᠠᠮ ᠪᠤᠯᠵᠤ᠂ ᠵᠠᠯᠠᠭᠤ ᠨᠠᠰᠤᠨ᠎ᠤ ᠬᠥᠭᠡᠭᠡᠴᠡᠯᠳᠦᠯ ᠵᠶ᠋ᠠᠷ ᠮᠠᠨ᠎ᠤ ᠴᠠᠭ ᠦᠶ᠎ᠡ ᠵᠢᠨ ᠵᠢᠷᠤᠭ᠎ᠢ ᠨᠡᠩ ᠭᠤᠶ᠋ᠢᠳᠠ ᠰᠠᠶ᠋ᠢᠬᠠᠨ ᠪᠣᠯᠭ᠋ᠠᠬᠤ ᠵᠢ ᠬᠥᠭᠡᠭᠡᠴᠡᠯᠳᠦᠵᠦ ᠪᠠᠶ᠋ᠢᠨ᠎ᠠ᠃ ᠤᠰᠤᠨ ᠠᠰᠢᠭᠯᠠᠯᠲᠠ ᠵᠢᠨ ᠵᠠᠯᠠᠭᠤᠴᠤᠳ ᠪᠣᠯᠤᠭᠰᠠᠨ᠎ᠤ ᠬᠤᠪᠢ᠎ᠳᠤ᠂ ᠬᠦᠰᠡᠯᠡᠩ᠎ᠲᠠᠢ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠂ ᠵᠣᠪᠠᠭᠤᠷᠢ ᠵᠦᠳᠡᠭᠦᠷᠢ ᠵᠢ ᠠᠮᠰᠠᠵᠤ᠂ ᠡᠷᠡᠯᠬᠡᠭᠯᠡᠨ ᠲᠡᠮᠡᠴᠡᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠲᠥᠯᠥᠭᠡ ᠬᠠᠷᠢᠭᠤᠴᠠᠯᠭ᠎ᠠ ᠡᠭᠦᠷᠭᠡᠯᠡᠬᠦ ᠵᠠᠯᠠᠭᠤ ᠨᠠᠰᠤᠨ᠎ᠤ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠬᠡᠷᠡᠭᠲᠡᠢ᠃ ᠲᠡᠷᠡ ᠦᠶ᠎ᠡ᠎ᠳᠤ᠂ ᠪᠢᠳᠡ ᠡᠷᠡᠰ ᠭᠤᠶ᠋ᠢᠪᠢᠰᠢ ᠦᠭᠡᠢ᠎ᠪᠠᠷ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠵᠤ᠂ ᠬᠠᠳᠠᠭ᠋ᠠᠰᠤ ᠬᠠᠳᠠᠬᠤ ᠵᠣᠷᠢᠭ ᠰᠠᠨᠠᠭ᠎ᠠ᠎ᠪᠠᠷ ᠠᠵᠢᠯ ᠵᠶ᠋ᠠᠨ ᠰᠠᠶ᠋ᠢᠲᠤᠷ ᠬᠢᠵᠦ᠂ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠮᠠᠨ᠎ᠤ ᠵᠠᠯᠠᠭᠤ ᠨᠢᠭᠡ ᠦᠶ᠎ᠡ ᠵᠢᠨ᠎ᠬᠢᠨ᠎ᠳᠤ ᠲᠠᠯᠪᠢᠭᠰᠠᠨ ᠴᠢᠩ ᠰᠡᠳᠬᠢᠯ᠎ᠤᠨ ᠬᠦᠰᠡᠯ ᠨᠠᠶ᠋ᠢᠳᠠᠯᠭ᠎ᠠ ᠵᠢ ᠬᠥᠰᠡᠷᠳᠡᠭᠦᠯᠬᠦ ᠦᠭᠡᠢ ᠪᠠᠶ᠋ᠢᠬᠤ ᠬᠡᠷᠡᠭᠲᠡᠢ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠤᠣᠯ᠎ᠤᠨ ᠳ᠋ᠸᠩᠺᠸᠤ ᠵᠢᠨ ᠤᠰᠤᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠥᠪ᠎ᠤᠨ ᠡᠪᠯᠡᠯ᠎ᠤᠨ ᠡᠭᠦᠷ ᠶᠢᠨ ᠽᠧ ᠵᠢᠶᠦ᠋ᠨ
ᠣᠨ ᠰᠠᠷ᠎ᠠ ᠵᠢᠯ᠎ᠤᠨ ᠴᠠᠭ ᠦᠶ᠎ᠡ ᠵᠢᠨ ᠲᠡᠮᠡᠴᠡᠯ᠎ᠤᠨ ᠢᠷᠠᠭᠤ ᠠᠯᠳᠠᠷ᠎ᠢ ᠲᠡᠮᠳᠡᠭᠯᠡᠵᠦ᠂ ᠴᠠᠭ ᠦᠶ᠎ᠡ ᠵᠢᠨ ᠣᠷᠣᠨ ᠪᠠᠶ᠋ᠢᠷᠢ ᠵᠢ ᠲᠣᠳᠣᠷᠬᠠᠶ᠋ᠢᠯᠠᠵᠤ᠂ ᠭᠡᠭᠡᠨ ᠰᠠᠷᠠᠭᠤᠯ ᠢᠷᠡᠭᠡᠳᠦᠢ ᠵᠢ ᠪᠡᠯᠭᠡᠳᠡᠵᠦ ᠪᠠᠶ᠋ᠢᠨ᠎ᠠ᠃ ᠲᠡᠦᠬᠡ ᠵᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠴᠤ ᠰᠢᠨ᠎ᠡ ᠬᠠᠭᠤᠳᠠᠰᠤ᠎ᠨᠢ ᠵᠠᠯᠠᠭᠤᠴᠤᠳ᠎ᠢ ᠤᠷᠢᠶᠠᠯᠠᠨ ᠪᠢᠴᠢᠭᠦᠯᠵᠦ᠂ ᠬᠦᠰᠡᠯ ᠡᠷᠡᠮᠡᠯᠵᠡᠯ᠎ᠤᠨ ᠠᠶᠠᠨ ᠵᠠᠮ᠎ᠨᠢ ᠤᠰᠤᠨ ᠠᠰᠢᠭᠯᠠᠯᠲᠠ ᠵᠢᠨ ᠬᠥᠮᠦᠰ᠎ᠢ ᠤᠷᠢᠶᠠᠯᠠᠨ ᠰᠢᠨ᠎ᠡ ᠠᠶᠠᠨ ᠵᠶ᠋ᠠᠨ ᠡᠬᠢᠯᠡᠭᠦᠯᠪᠡ᠃ ᠤᠳᠤ ᠦᠶ᠎ᠡ ᠵᠢᠨ ᠤᠰᠤᠨ ᠠᠰᠢᠭᠯᠠᠯᠲᠠ ᠵᠢᠨ ᠵᠠᠯᠠᠭᠤᠴᠤᠳ ᠪᠣᠯᠤᠭᠰᠠᠨ᠎ᠤ ᠬᠤᠪᠢ᠎ᠳᠤ᠂ ᠪᠢ ᠠᠷᠠᠳ᠎ᠤᠨ ᠠᠮᠢᠳᠤᠷᠠᠯ᠎ᠲᠠᠢ ᠰᠡᠳᠬᠢᠯ ᠵᠢᠷᠦᠬᠡ᠎ᠪᠠᠨ ᠬᠤᠯᠪᠣᠵᠤ᠂ ᠤᠰᠤ ᠵᠢ ᠮᠠᠨᠳᠤᠭᠤᠯᠵᠤ ᠠᠷᠠᠳ᠎ᠲᠤ ᠠᠰᠢᠭ ᠬᠦᠷᠲᠡᠭᠡᠬᠦ ᠡᠨᠡ ᠬᠦ᠌ ᠤᠭ ᠰᠠᠨᠠᠭ᠎ᠠ᠎ᠪᠠᠨ ᠪᠠᠲᠤ ᠰᠠᠬᠢᠵᠤ᠂ ᠲᠡᠰᠪᠦᠷᠢ ᠬᠠᠲᠠᠭᠤᠵᠢᠯᠲᠠᠢ ᠲᠡᠮᠡᠴᠡᠬᠦ ᠵᠢ ᠲᠠᠷᠢᠶᠠᠨ ᠭᠠᠵᠠᠷ᠎ᠤᠨ ᠤᠰᠤᠨ ᠠᠰᠢᠭᠯᠠᠯᠲᠠ ᠵᠢᠨ ᠡᠯ᠎ᠡ ᠵᠦᠢ᠍ᠯ᠎ᠤᠨ ᠠᠵᠢᠯ ᠳᠡᠭᠡᠷ᠎ᠡ ᠰᠡᠶ᠋ᠢᠯᠵᠦ᠂ ᠬᠤᠪᠢ ᠨᠡᠮᠡᠷᠢ ᠦᠵᠡᠭᠦᠯᠵᠤ᠂ ᠵᠠᠯᠠᠭᠤᠴᠤᠳ᠎ᠤᠨ ᠬᠦᠴᠦᠨ᠎ᠢ ᠰᠢᠨ᠎ᠡ ᠱᠠᠳᠤ ᠦᠶ᠎ᠡ ᠵᠢᠨ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠂ ᠦᠢ᠍ᠯᠡᠴᠢᠯᠡᠭᠡᠨ᠎ᠤ ᠪᠠᠲᠤᠯᠠᠭ᠎ᠠ ᠵᠢ ᠰᠠᠶ᠋ᠢᠲᠤᠷ ᠬᠢᠬᠦ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠬᠦ ᠲᠠᠯ᠎ᠠ᠎ᠪᠠᠷ ᠭᠡᠷᠡᠯ ᠭᠢᠯᠪᠠᠭ᠎ᠠ᠎ᠪᠠᠨ ᠰᠠᠴᠤᠷᠠᠭᠤᠯᠤᠨ᠎ᠠ!
ᠥᠪᠥᠷ ᠮᠣᠩᠭᠤᠯ᠎ᠤᠨ ᠤᠰᠤᠨ᠎ᠤ ᠶᠠᠪᠤᠳᠠᠯ᠎ᠤᠨ ᠪᠠᠯᠠ ᠣᠷᠣᠭᠤᠯᠤᠯᠲᠠ ᠵᠢᠨ ᠪᠦᠯᠦᠭᠯᠡᠯ᠎ᠤᠨ ᠬᠢᠵᠠᠭ᠋ᠠᠷᠲᠤ ᠺᠣᠮᠫᠠᠨᠢ ᠵᠢᠨ ᠡᠪᠯᠡᠯ᠎ᠤᠨ ᠬᠤᠷᠢᠶ᠎ᠠ ᠲᠠᠨ ᠶᠦᠩ ᠬᠤᠸᠠ
ᠵᠠᠯᠠᠭᠤᠴᠤᠳ᠎ᠤᠨ ᠬᠦᠰᠡᠯᠡᠩ ᠤᠯᠤᠰ ᠣᠷᠣᠨ᠎ᠤ ᠢᠷᠡᠭᠡᠳᠦᠢ᠎ᠲᠠᠢ ᠬᠣᠯᠪᠣᠭᠳᠠᠨ᠎ᠠ᠃ 75 ᠳ᠋ᠤᠭ᠋ᠠᠷ 《ᠲᠠᠪᠤᠨ ᠰᠠᠷ᠎ᠠ ᠵᠢᠨ ᠳᠥᠷᠪᠡᠨ》᠎ᠤ ᠵᠠᠯᠠᠭᠤᠴᠤᠳ᠎ᠤᠨ ᠪᠠᠶᠠᠷᠲᠤ᠂ ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠪᠡᠯᠡ ᠣᠷᠣᠭᠤᠯᠤᠯᠲᠠ ᠵᠢᠨ ᠪᠦᠯᠦᠭᠯᠡᠯ᠎ᠤᠨ ᠥᠷᠭᠡᠨ ᠤᠯᠠᠨ ᠵᠠᠯᠠᠭᠤᠴᠤᠳ ᠪᠦᠳᠦᠭᠡᠨ ᠪᠠᠶ᠋ᠢᠭᠤᠯᠤᠯᠲᠠ ᠵᠢᠨ ᠡᠮᠦᠨ᠎ᠡ ᠹᠷᠣᠨᠲ᠎ᠲᠤ ᠦᠨᠳᠦᠰᠦᠯᠡᠵᠦ᠂ ᠵᠠᠯᠠᠭᠤ ᠨᠠᠰᠤ ᠪᠣᠯᠤᠨ ᠤᠶᠤᠨ ᠤᠬᠠᠭ᠋ᠠᠨ ᠵᠶ᠋ᠠᠷ 《ᠭᠡᠷᠡᠯᠲᠦᠬᠦ》 ᠪᠦᠳᠦᠭᠡᠨ ᠪᠠᠶ᠋ᠢᠭᠤᠯᠤᠯᠲᠠ ᠵᠢᠨ ᠪᠠᠷᠢᠯᠭ᠎ᠠ ᠵᠢᠨ ᠭᠠᠵᠠᠷ᠎ᠢ ᠦᠵᠡᠰᠬᠦᠯᠡᠩᠲᠦ ᠰᠠᠶ᠋ᠢᠬᠠᠨ ᠤᠮᠠᠷᠠᠲᠤ ᠵᠢᠨ ᠦᠵᠡᠰᠬᠦᠯᠡᠩᠲᠦ ᠰᠠᠶ᠋ᠢᠬᠠᠨ ᠦᠵᠡᠮᠵᠢ ᠪᠣᠯᠭ᠋ᠠᠪᠠ᠃ ᠠᠵᠢᠯ᠎ᠤᠨ ᠪᠠᠶ᠋ᠢᠷᠢ᠎ᠪᠠᠨ ᠪᠠᠲᠤ ᠰᠠᠬᠢᠵᠤ ᠪᠠᠶ᠋ᠢᠭ᠎ᠠ ᠪᠦᠲᠦᠭᠡᠨ ᠪᠠᠶ᠋ᠢᠭᠤᠯᠤᠭᠴᠢ ᠨᠢᠭᠡᠪᠦᠷᠢ ᠪᠣᠳᠠᠲᠤ ᠠᠵᠢᠯᠯᠠᠭ᠎ᠠ᠎ᠪᠠᠷ ᠵᠶ᠋ᠠᠨ ᠤᠭ ᠰᠠᠨᠠᠭ᠎ᠠ᠎ᠪᠠᠨ ᠦᠢ᠍ᠯᠡᠳᠦᠯᠭᠡᠵᠢᠭᠦᠯᠵᠦ᠂ ᠪᠣᠳᠠᠲᠠᠢ ᠠᠵᠢᠯᠯᠠᠨ ᠲᠠᠶ᠋ᠢᠯᠪᠤᠷᠢᠯᠠᠵᠤ ᠬᠠᠷᠢᠭᠤᠴᠠᠯᠭ᠎ᠠ ᠡᠭᠦᠷᠭᠡᠯᠡᠵᠦ᠂ ᠰᠢᠵᠢᠷ ᠠᠯᠲᠠᠨ ᠠᠵᠢᠯ᠎ᠤᠨ ᠬᠤᠭᠤᠴᠠᠭ᠎ᠠ ᠵᠢ ᠠᠮᠵᠢᠨ ᠠᠳᠬᠤᠵᠤ᠂ ᠡᠯ᠎ᠡ ᠵᠦᠢ᠍ᠯ᠎ᠤᠨ ᠭᠤᠣᠯᠳᠠᠯᠭ᠎ᠠ᠎ᠲᠠᠢ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠡᠮᠬᠢ ᠵᠢᠷᠤᠮ᠎ᠲᠠᠢ ᠠᠬᠢᠭᠤᠯᠵᠤ᠂ ᠰᠢᠷᠭ᠋ᠠᠭᠤ ᠬᠠᠲᠠᠭᠤᠵᠢᠯᠲᠠᠢ ᠠᠵᠢᠯᠯᠠᠬᠤ ᠪᠠ ᠬᠦᠴᠦ ᠬᠥᠯᠥᠰᠥ᠎ᠪᠠᠷ ᠵᠶ᠋ᠠᠨ ᠬᠥᠳᠡᠯᠮᠦᠷᠢ ᠵᠢᠨ ᠭᠤᠸ᠎ᠠ ᠰᠠᠶ᠋ᠢᠬᠠᠨ᠎ᠢ ᠲᠠᠶ᠋ᠢᠯᠪᠤᠷᠢᠯᠠᠵᠤ᠂ ᠵᠠᠮ ᠨᠡᠭᠡᠭᠡᠨ ᠤᠷᠤᠭᠰᠢᠯᠠᠨ ᠲᠠᠪᠰᠢᠬᠤ᠎ᠪᠠᠷ 《ᠲᠠᠪᠤᠨ ᠰᠠᠷ᠎ᠠ ᠵᠢᠨ ᠳᠥᠷᠪᠡᠨ》᠎ᠤ ᠵᠣᠷᠢᠭ ᠰᠠᠨᠠᠭ᠎ᠠ ᠵᠢ ᠤᠯᠠᠮᠵᠢᠯᠠᠵᠤ᠂ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠂ ᠦᠢ᠍ᠯᠡᠴᠢᠯᠡᠭᠡᠨ᠎ᠤ ᠪᠠᠲᠤᠯᠠᠭ᠎ᠠ᠎ᠪᠠᠷ ᠬᠤᠶᠠᠷ ᠶᠡᠭᠡ ᠶᠠᠪᠤᠳᠠᠯ᠎ᠢ ᠰᠠᠶ᠋ᠢᠲᠤᠷ ᠪᠡᠶᠡᠯᠡᠭᠦᠯᠬᠦ ᠲᠠᠯ᠎ᠠ᠎ᠪᠠᠷ ᠡᠷᠴᠢ ᠵᠣᠷᠢᠭ ᠵᠶ᠋ᠠᠨ ᠬᠥᠪᠴᠢᠯᠡᠬᠦ᠎ᠪᠠᠷ ᠴᠢᠷᠮᠠᠶ᠋ᠢᠬᠤ ᠬᠡᠷᠡᠭᠲᠡᠢ!
ᠤᠰᠤᠨ ᠠᠰᠢᠭᠯᠠᠯᠲᠠ ᠵᠢᠨ ᠶᠠᠮᠤᠨ᠎ᠤ ᠮᠠᠯᠵᠢᠬᠤ ᠣᠷᠣᠨ᠎ᠤ ᠤᠰᠤᠨ ᠠᠰᠢᠭᠯᠠᠯᠲᠠ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠷᠲᠡᠭᠡ ᠵᠢᠨ ᠡᠪᠯᠡᠯ᠎ᠤᠨ ᠡᠭᠦᠷ ᠠ ᠾᠦᠢ
ᠤᠯᠤᠰ ᠣᠷᠣᠨ᠎ᠤ ᠬᠦᠰᠡᠯ ᠡᠷᠡᠮᠡᠯᠵᠡᠯ ᠵᠠᠯᠠᠭᠤᠴᠤᠳ᠎ᠲᠤ ᠪᠠᠶ᠋ᠢᠨ᠎ᠠ᠂ ᠦᠨᠳᠦᠰᠦᠲᠡᠨ᠎ᠤ ᠢᠷᠡᠭᠡᠳᠦᠢ ᠵᠠᠯᠠᠭᠤᠴᠤᠳ᠎ᠲᠤ ᠪᠠᠶ᠋ᠢᠨ᠎ᠠ᠃ ᠶᠡᠷᠦᠩᠬᠡᠢ ᠱᠦᠵᠢ ᠰᠢ ᠵᠢᠨ ᠫᠢᠩ᠂ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ᠂ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠵᠠᠯᠠᠭᠤᠴᠤᠳ ᠨᠠᠮ ᠪᠣᠯᠤᠨ ᠠᠷᠠᠳ ᠲᠦᠮᠡᠨ᠎ᠤ ᠤᠷᠢᠶᠠᠯᠠᠭ᠎ᠠ ᠵᠢ ᠲᠠᠭ᠋ᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠂ ᠪᠣᠬᠢᠷᠲᠤᠯ ᠦᠭᠡᠢ ᠬᠥᠭᠵᠢᠯᠲᠡ ᠵᠡᠷᠭᠡ ᠡᠯ᠎ᠡ ᠬᠦᠷᠢᠶ᠎ᠡ ᠡᠯ᠎ᠡ ᠲᠠᠯ᠎ᠠ᠎ᠳᠤ ᠬᠤᠰᠢᠭᠤᠴᠢ ᠴᠡᠷᠢᠭ ᠪᠠ ᠬᠦᠴᠦᠨ ᠴᠡᠷᠢᠭ ᠪᠤᠯᠵᠤ᠂ ᠥᠪᠡᠷ᠎ᠢ᠎ᠪᠠᠨ ᠢᠲᠡᠭᠡᠵᠦ ᠥᠪᠡᠷ᠎ᠢ᠎ᠪᠠᠨ ᠬᠦᠴᠦᠷᠬᠡᠭᠵᠢᠭᠦᠯᠬᠦ᠂ ᠢᠳᠡᠷᠬᠡᠭ ᠦᠢ᠍ᠯᠡᠰ ᠪᠦᠲᠦᠭᠡᠬᠦ ᠤᠶᠤᠨ ᠰᠠᠨᠠᠭ᠋ᠠᠨ᠎ᠤ ᠳᠦᠷᠰᠦ ᠪᠠᠶ᠋ᠢᠳᠠᠯ᠎ᠢ ᠢᠯᠡᠷᠡᠭᠦᠯᠪᠡ᠃ ᠤᠷᠢ ᠵᠠᠯᠠᠭᠤ ᠨᠠᠰᠤ ᠪᠠᠳᠠᠷᠠᠵᠤ ᠪᠠᠶ᠋ᠢᠭ᠎ᠠ ᠴᠠᠭ ᠮᠥᠴᠡ᠎ᠳᠤ᠂ ᠲᠡᠮᠡᠴᠡᠯ᠎ᠤᠨ ᠴᠠᠭ ᠶᠠᠭ ᠲᠠᠭ᠋ᠠᠷᠠᠨ᠎ᠠ! ᠮᠠᠯᠵᠢᠬᠤ ᠣᠷᠣᠨ᠎ᠤ ᠤᠰᠤᠨ ᠠᠰᠢᠭᠯᠠᠯᠲᠠ ᠵᠢᠨ ᠬᠥᠮᠦᠨ ᠪᠣᠯᠤᠭᠰᠠᠨ᠎ᠤ ᠬᠤᠪᠢ᠎ᠳᠤ᠂ ᠨᠢᠭᠡᠳᠦᠭᠡᠷ ᠹᠷᠣᠨᠲ᠎ᠤᠨ ᠠᠵᠢᠯ᠎ᠤᠨ ᠪᠠᠶ᠋ᠢᠷᠢ᠎ᠳᠤ ᠲᠤᠬᠠᠶ᠋ᠢᠯᠠᠭᠰᠠᠨ ᠠᠵᠢᠯ ᠵᠶ᠋ᠠᠨ ᠯᠠᠪᠳᠠᠭᠤᠨ ᠪᠠᠲᠤᠲᠠᠶ ᠰᠠᠶ᠋ᠢᠲᠤᠷ ᠬᠢᠵᠦ᠂ ᠯᠠᠪᠳᠠᠭᠤᠨ ᠪᠠᠲᠤᠲᠠᠶ ᠠᠵᠢᠯᠯᠠᠨ᠂ ᠲᠡᠰᠪᠦᠷᠢ ᠬᠠᠲᠠᠭᠤᠵᠢᠯᠲᠠᠶ᠎ᠪᠠᠷ ᠲᠡᠮᠡᠴᠡᠵᠦ᠂ ᠮᠠᠯᠵᠢᠬᠤ ᠣᠷᠣᠨ᠎ᠤ ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠶ ᠬᠥᠭᠵᠢᠯᠲᠡ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠲᠦᠷᠭᠡᠳᠬᠡᠨ ᠪᠣᠶ ᠪᠣᠯᠭ᠋ᠠᠬᠤ᠎ᠳᠤ ᠵᠠᠯᠠᠭᠤ ᠨᠠᠰᠤᠨ᠎ᠤ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠶ!