ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠤᠣᠯ᠎ᠤᠨ ᠰᠠᠨ ᠱᠧᠩ ᠭᠦᠩ ᠤᠰᠤᠨ ᠠᠰᠢᠭᠯᠠᠯᠲᠠ ᠵᠢᠨ ᠵᠠᠩᠭᠢᠯᠠᠭ᠎ᠠ ᠵᠢᠨ ᠬᠠᠮᠢᠶᠠᠷᠤᠯᠲᠠ ᠵᠢᠨ ᠲᠥᠪ 《ᠲᠦᠷᠢᠮ ᠲᠣᠭᠲᠠᠭ᠋ᠠᠯ᠎ᠢ ᠵᠢᠷᠤᠮᠯᠠᠨ ᠰᠠᠬᠢᠯᠭ᠎ᠠ ᠪᠠᠲᠤ ᠵᠢ ᠰᠠᠬᠢᠬᠤ ᠤᠬᠠᠮᠰᠠᠷ ᠵᠶ᠋ᠠᠨ ᠴᠢᠩᠭ᠋ᠠᠳᠬᠠᠬᠤ》 ᠭᠤᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ ᠥᠷᠨᠢᠭᠦᠯᠪᠡ
ᠨᠡᠶ᠋ᠢᠲᠡᠯᠡᠭᠰᠡᠨ ᠴᠠᠭ᠄ 2024-06-03

   ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ ᠵᠢ ᠯᠠᠪᠳᠠᠭᠤᠨ ᠪᠠᠲᠤᠲᠠᠢ ᠠᠬᠢᠭᠤᠯᠵᠤ᠂ ᠨᠠᠮ᠎ᠤᠨ ᠭᠡᠰᠢᠭᠦᠨ ᠺᠠᠳ᠋ᠷᠴᠤᠳ᠎ᠤᠨ ᠠᠷᠢᠭᠤᠨ ᠴᠢᠬᠡᠴᠢ᠎ᠪᠠᠷ ᠵᠠᠰᠠᠭ ᠪᠠᠷᠢᠬᠤ ᠬᠥᠮᠦᠵᠢᠯ᠎ᠢ ᠦᠷᠭᠦᠯᠵᠢᠯᠡᠨ ᠴᠢᠩᠭ᠋ᠠᠳᠬᠠᠵᠤ᠂ ᠢᠯᠵᠠᠷᠠᠯ᠎ᠢ ᠡᠰᠡᠷᠭᠦᠴᠡᠵᠦ ᠬᠤᠪᠢᠷᠠᠬᠤ ᠵᠢ ᠰᠡᠷᠭᠡᠶ᠋ᠢᠯᠡᠬᠦ ᠦᠵᠡᠯ ᠰᠠᠨᠠᠭ᠋ᠠᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠠᠬᠢᠵᠢᠭᠦᠯᠬᠦ ᠵᠢᠨ ᠲᠥᠯᠥᠭᠡ᠂ 5 ᠳ᠋ᠤᠭ᠋ᠠᠷ ᠰᠠᠷ᠎ᠠ ᠵᠢᠨ 28᠎ᠤ ᠡᠳᠦᠷ᠂ ᠬᠠᠳᠤᠨ ᠭᠤᠣᠯ᠎ᠤᠨ ᠰᠠᠨ ᠱᠧᠩ ᠬᠦᠩ ᠤᠰᠤᠨ ᠠᠰᠢᠭᠯᠠᠯᠲᠠ ᠵᠢᠨ ᠵᠠᠩᠭᠢᠯᠠᠭ᠎ᠠ ᠵᠢᠨ ᠬᠠᠮᠢᠶᠠᠷᠤᠯᠲᠠ ᠵᠢᠨ ᠲᠥᠪ᠎ᠠᠴᠠ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠶ᠋ᠢᠭᠤᠯᠤᠨ ᠪᠠᠶᠠᠨᠨᠠᠭᠤᠷ ᠬᠤᠳᠠ ᠵᠢᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠰᠡᠷᠡᠮᠵᠢᠯᠡᠭᠦᠯᠬᠦ ᠬᠥᠮᠦᠵᠢᠯ᠎ᠤᠨ ᠰᠠᠭᠤᠷᠢᠨ ᠭᠠᠵᠠᠷ᠎ᠲᠤ ᠬᠦᠷᠴᠦ᠂ 《ᠲᠦᠷᠢᠮ ᠲᠣᠭᠲᠠᠭ᠋ᠠᠯ᠎ᠢ ᠵᠢᠷᠤᠮᠯᠠᠨ ᠰᠠᠬᠢᠯᠭ᠎ᠠ ᠪᠠᠲᠤ ᠵᠢ ᠰᠠᠬᠢᠬᠤ ᠤᠬᠠᠮᠰᠠᠷ᠎ᠢ ᠴᠢᠩᠭ᠋ᠠᠳᠬᠠᠬᠤ》 ᠭᠤᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ᠃

   ᠲᠠᠶ᠋ᠢᠯᠪᠤᠷᠢᠯᠠᠭᠴᠢ ᠵᠢᠨ ᠳᠠᠭ᠋ᠠᠭᠤᠯᠭ᠎ᠠ ᠳᠣᠣᠷ᠎ᠠ᠂ ᠨᠠᠮ᠎ᠤᠨ ᠭᠡᠰᠢᠭᠦᠨ ᠺᠠᠳ᠋ᠷᠴᠤᠳ 《ᠲᠣᠯᠢᠨ᠎ᠳᠤ         ᠲᠣᠯᠢᠳᠠᠬᠤ · ᠪᠤᠷᠤᠭᠤ ᠵᠠᠮ᠎ᠤᠨ ᠡᠴᠦᠰ᠎ᠤᠨ ᠵᠠᠮ》 《ᠨᠠᠮ ᠲᠣᠭᠲᠠᠭᠤᠨ · ᠪᠣᠯᠠᠭ᠎ᠤᠨ ᠤᠰᠤ᠎ᠪᠠᠷ ᠤᠬᠢᠶᠠᠬᠤ》 《ᠡᠷᠡᠯᠬᠡᠭᠯᠡᠨ ᠤᠷᠤᠭᠰᠢᠯᠠᠬᠤ · ᠶᠡᠭᠡ ᠵᠠᠮ᠎ᠤᠨ ᠠᠵᠢᠯᠯᠠᠭ᠎ᠠ》 ᠵᠡᠷᠭᠡ ᠭᠤᠷᠪᠠᠨ ᠨᠢᠭᠡᠴᠢ ᠵᠢᠨ ᠭᠤᠣᠯ ᠰᠡᠳᠦᠪᠲᠦ ᠦᠵᠡᠭᠦᠯᠭᠡ ᠵᠢᠨ ᠲᠢᠩᠬᠢᠮ᠎ᠢ ᠳᠠᠷᠠᠭ᠋ᠠᠯᠠᠨ ᠲᠣᠭᠤᠷᠢᠨ ᠦᠵᠡᠵᠦ᠂ 《ᠬᠠᠤᠯᠢ ᠵᠢ ᠡᠪᠳᠡᠬᠦ》᠎ᠨᠢ 《ᠰᠠᠬᠢᠯᠭ᠎ᠠ ᠪᠠᠲᠤ ᠵᠢ ᠡᠪᠳᠡᠬᠦ》᠎ᠠᠴᠠ ᠡᠬᠢᠯᠡᠨ᠎ᠡ᠂ ᠬᠡᠷᠡᠭ ᠵᠶ᠋ᠠᠷ ᠲᠤᠯᠢ ᠪᠣᠯᠭ᠋ᠠᠨ ᠰᠡᠷᠡᠮᠵᠢ ᠵᠢᠨ ᠬᠤᠩᠬᠤ ᠵᠢ ᠪᠠᠶ᠋ᠢᠩᠭᠤ ᠳᠤᠤᠭ᠋ᠠᠷᠭ᠋ᠠᠬᠤ᠂  ᠭᠡᠮᠰᠢᠯ ᠵᠶ᠋ᠠᠨ ᠵᠠᠯᠠᠷᠠᠭᠤᠯᠤᠨ ᠰᠡᠷᠡᠮᠵᠢᠯᠡᠭᠦᠯᠬᠦ᠂ ᠥᠩᠭᠡᠷᠡᠭᠰᠡᠨ᠎ᠢ ᠵᠠᠯᠬᠠᠭ᠋ᠠᠵᠤ ᠬᠤᠶ᠋ᠢᠰᠢᠬᠢ᠎ᠳᠤ ᠴᠡᠭᠡᠷᠯᠡᠯ ᠪᠣᠯᠭ᠋ᠠᠵᠤ ᠡᠪᠡᠳᠴᠢᠲᠡᠨ᠎ᠢ ᠵᠠᠰᠠᠵᠤ ᠡᠳᠡᠭᠡᠷᠡᠭᠦᠯᠬᠦ᠂ ᠪᠦᠬᠦ ᠲᠠᠯ᠎ᠠ᠎ᠪᠠᠷ ᠬᠥᠮᠦᠰ᠎ᠤᠨ ᠰᠡᠳᠬᠢᠯ᠎ᠢ ᠴᠢᠩᠭ᠎ᠠ ᠪᠠᠶ᠋ᠢᠯᠭ᠋ᠠᠬᠤ᠂ ᠡᠷᠴᠢ ᠵᠣᠷᠢᠭ ᠵᠶ᠋ᠠᠨ ᠬᠥᠪᠴᠢᠯᠡᠨ ᠦᠷᠭᠦᠯᠵᠢᠯᠡᠨ ᠲᠡᠮᠡᠴᠡᠬᠦ ᠵᠡᠷᠭᠡ 6 ᠬᠠᠭᠤᠳᠠᠰᠤ ᠵᠢ ᠨᠠᠷᠢᠨ ᠬᠢᠨᠠᠮᠠᠭ᠋ᠠᠢ ᠰᠤᠷᠤᠯᠴᠠᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠴᠢᠬᠤᠯᠠ ᠶᠡᠭᠡ ᠦᠷ᠎ᠡ ᠪᠦᠲᠦᠭᠡᠯ᠎ᠢ ᠪᠦᠬᠦ ᠲᠠᠯ᠎ᠠ᠎ᠪᠠᠷ ᠣᠶ᠋ᠢᠯᠠᠭ᠋ᠠᠵᠤ᠂ ᠭᠡᠮᠰᠢᠭᠰᠡᠨ ᠬᠡᠷᠡᠭ᠎ᠤᠨ ᠵᠢᠱ᠌ᠢᠶ᠎ᠡ ᠪᠣᠯᠤᠨ ᠱᠠᠮᠰᠢᠵᠤ ᠢᠯᠵᠠᠷᠠᠭᠰᠠᠨ ᠬᠡᠷᠡᠭ᠎ᠤᠨ ᠳᠤᠮᠳᠠ᠎ᠠᠴᠠ ᠭᠦᠨᠵᠡᠭᠡᠢ ᠰᠡᠷᠡᠮᠵᠢ ᠪᠠ ᠬᠥᠮᠦᠵᠢᠯ ᠣᠯᠵᠠᠢ᠃

   ᠬᠠᠥᠯᠢ᠎ᠪᠠᠷ ᠲᠣᠯᠢ ᠪᠣᠯᠭ᠋ᠠᠵᠤ ᠳᠡᠪᠡᠯ ᠮᠠᠯᠠᠭ᠋ᠠᠢ᠎ᠪᠠᠨ ᠲᠥᠪ ᠪᠣᠯᠭ᠋ᠠᠵᠤ᠂ ᠬᠥᠮᠥᠨ ᠵᠶ᠋ᠠᠷ ᠲᠣᠯᠢ ᠪᠣᠯᠭ᠋ᠠᠪᠠᠯ ᠣᠯᠵᠤ ᠠᠯᠳᠠᠬᠤ᠎ᠪᠠᠨ ᠮᠡᠳᠡᠵᠦ ᠪᠣᠯᠣᠨ᠎ᠠ᠃ ᠰᠡᠳᠬᠢᠯ ᠵᠢᠷᠦᠬᠡ ᠵᠢ ᠳᠣᠩᠰᠣᠯᠭ᠋ᠠᠮ᠎ᠠ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠵᠥᠷᠢᠴᠡᠭᠰᠡᠨ ᠬᠡᠷᠡᠭ᠎ᠤᠨ ᠵᠢᠱ᠌ᠢᠶ᠎ᠡ᠂ ᠬᠥᠮᠦᠰ᠎ᠤᠨ ᠭᠦᠨ ᠰᠡᠳᠬᠢᠵᠦ ᠪᠠᠶ᠋ᠢᠭ᠎ᠠ ᠭᠡᠷᠡᠯ ᠵᠢᠷᠤᠭ᠂ ᠦᠭᠡ ᠥᠭᠦᠯᠡᠪᠦᠷᠢ᠎ᠨᠢ ᠴᠥᠮ ᠳᠡᠷᠭᠡᠳᠡᠬᠢ ᠤᠴᠢᠷ ᠶᠠᠪᠤᠳᠠᠯ ᠵᠶ᠋ᠠᠷ ᠳᠠᠮᠵᠢᠭᠤᠯᠤᠨ ᠳᠡᠷᠭᠡᠳᠡᠬᠢ ᠬᠥᠮᠦᠰ ᠵᠶ᠋ᠠᠨ ᠰᠡᠷᠡᠮᠵᠢᠯᠡᠭᠦᠯᠵᠦ᠂ ᠲᠤᠬᠠᠢ ᠵᠢᠨ ᠲᠠᠯᠠᠪᠤᠷ᠎ᠲᠤ ᠪᠠᠶ᠋ᠢᠭ᠎ᠠ ᠨᠠᠮ᠎ᠤᠨ ᠭᠡᠰᠢᠭᠦᠨ ᠺᠠᠳ᠋ᠷ ᠨᠢᠭᠡᠪᠦᠷᠢ᠎ᠳᠤ ᠴᠢᠩᠭ᠎ᠠ ᠬᠦᠴᠦᠲᠡᠶ ᠰᠡᠳᠬᠢᠯ ᠵᠢᠷᠦᠬᠡ ᠵᠢ ᠳᠣᠭᠳᠣᠯᠤᠭᠤᠯᠵᠤ᠂ ᠣᠯᠠᠨ᠎ᠳᠤ 《ᠨᠢᠭᠡ ᠴᠠᠭ᠎ᠤᠨ ᠠᠨᠳᠠᠭᠤ ᠪᠤᠳᠤᠯ》 ᠪᠠ 《ᠨᠢᠭᠡ ᠬᠡᠷᠡᠮ᠎ᠤᠨ ᠠᠯᠤᠰᠯᠠᠯ》 ᠯᠤᠲᠤ ᠶᠡᠭᠡ ᠲᠠᠭ᠋ᠠᠷᠢᠯᠲᠠ ᠵᠢ ᠪᠡᠶ᠎ᠡ᠎ᠪᠠᠷ ᠵᠶ᠋ᠠᠨ ᠮᠡᠳᠡᠷᠡᠭᠦᠯᠵᠦ᠂ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠵᠥᠷᠢᠴᠡᠨ ᠨᠠᠮ ᠪᠠ ᠤᠯᠤᠰ᠎ᠤᠨ ᠦᠢ᠍ᠯᠡᠰ᠎ᠲᠤ ᠤᠴᠠᠷᠠᠭᠤᠯᠤᠭᠰᠠᠨ ᠬᠦᠨᠳᠦ ᠨᠣᠴᠢᠲᠠᠶ ᠬᠤᠤᠷ ᠬᠥᠨᠥᠭᠡᠯ᠎ᠢ ᠭᠦᠨᠵᠡᠭᠡᠶ ᠲᠠᠨᠢᠭᠤᠯᠵᠤ᠂ ᠲᠤᠰ ᠪᠡᠶ᠎ᠡ᠂ ᠭᠡᠷ ᠪᠦᠯᠢ ᠪᠠ ᠲᠥᠷᠥᠯ ᠰᠠᠳᠤᠨ᠎ᠳᠤ ᠠᠪᠴᠢᠷᠠᠭᠰᠠᠨ ᠪᠦᠷᠢᠨ ᠪᠤᠰᠤ ᠬᠤᠤᠷ ᠬᠥᠨᠥᠭᠡᠯ᠎ᠢ ᠭᠦᠨᠵᠡᠭᠡᠶ ᠲᠠᠨᠢᠭᠤᠯᠪᠠ᠃ ᠡᠴᠦᠰ᠎ᠲᠤ᠂ ᠨᠠᠮ᠎ᠤᠨ ᠭᠡᠰᠢᠭᠦᠨ ᠺᠠᠳ᠋ᠷ ᠳᠡᠳ᠋ ᠨᠠᠮ᠎ᠤᠨ ᠬᠤᠷᠢᠶᠠᠨ᠎ᠤ ᠱᠦᠵᠢ ᠯᠢᠦ ᠰᠢ ᠵᠢᠶᠦ᠋ᠨ᠎ᠤ ᠳᠠᠭ᠋ᠠᠭᠤᠯᠭ᠎ᠠ ᠳᠣᠣᠷ᠎ᠠ᠂ ᠨᠠᠮ᠎ᠤᠨ ᠲᠤᠭ᠎ᠤᠨ ᠳᠣᠣᠷ᠎ᠠ ᠨᠠᠮ᠎ᠳᠤ ᠣᠷᠣᠬᠤ ᠲᠠᠩᠭ᠋ᠠᠷᠢᠭ᠎ᠤᠨ ᠦᠭᠡᠰ ᠵᠶ᠋ᠠᠨ ᠲᠥᠪ ᠴᠢᠩᠭ᠎ᠠ᠎ᠪᠠᠷ ᠲᠠᠬᠢᠨ ᠡᠷᠭᠢᠴᠡᠭᠦᠯᠪᠡ᠃

   ᠲᠤᠬᠠᠶ ᠵᠢᠨ ᠭᠠᠵᠠᠷ᠎ᠲᠤᠨᠢ ᠲᠣᠭᠤᠷᠢᠨ ᠦᠵᠡᠬᠦ᠎ᠪᠠᠷ ᠳᠡᠮᠵᠢᠨ᠂ ᠨᠠᠮ᠎ᠤᠨ ᠭᠡᠰᠢᠭᠦᠨ ᠺᠠᠳ᠋ᠷᠴᠤᠳ᠎ᠤᠨ ᠰᠡᠳᠬᠢᠯ ᠵᠢᠷᠦᠬᠡ ᠵᠢ ᠳᠣᠭᠳᠣᠯᠤᠭᠤᠯᠵᠤ᠂ ᠤᠶᠤᠨ ᠰᠠᠨᠠᠭ᠎ᠠ᠎ᠨᠢ ᠤᠬᠢᠶᠠᠯ ᠬᠦᠷᠲᠡᠵᠤ᠂ ᠦᠵᠡᠯ ᠰᠠᠨᠠᠭ᠋ᠠᠨ᠎ᠤ ᠲᠠᠯ᠎ᠠ᠎ᠪᠠᠷ ᠴᠡᠪᠡᠷᠰᠢᠭᠦᠯᠪᠡ᠃ ᠤᠯᠠᠨ ᠵᠶ᠋ᠠᠷ ᠵᠶ᠋ᠠᠨ᠂ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠵᠥᠷᠢᠴᠡᠭᠰᠡᠨ ᠬᠡᠷᠡᠭ᠎ᠤᠨ ᠵᠢᠱ᠌ᠢᠶ᠎ᠡ᠎ᠠᠴᠠ ᠭᠦᠨᠵᠡᠭᠡᠢ ᠰᠤᠷᠭ᠋ᠠᠮᠵᠢ ᠠᠪᠴᠤ᠂ ᠡᠭᠦᠨ ᠵᠶ᠋ᠠᠷ ᠴᠡᠭᠡᠷᠯᠡᠯ ᠪᠣᠯᠭ᠋ᠠᠵᠤ᠂ ᠬᠤᠶ᠋ᠢᠰᠢᠳᠠ ᠵᠢᠨ ᠰᠤᠷᠤᠯᠴᠠᠯᠭ᠎ᠠ ᠪᠠ ᠠᠵᠢᠯ᠎ᠤᠨ ᠳᠤᠮᠳᠠ᠎ᠪᠠᠨ ᠲᠠᠷᠢᠬᠢ ᠲᠣᠯᠣᠭ᠋ᠠᠢ᠎ᠪᠠᠨ ᠴᠠᠭ ᠢᠮᠠᠭᠲᠠ ᠰᠡᠷᠭᠡᠭ ᠪᠠᠶ᠋ᠢᠯᠭ᠋ᠠᠵᠤ᠂ ᠰᠠᠬᠢᠯᠭ᠎ᠠ ᠪᠠᠲᠤ ᠬᠠᠤᠯᠢ ᠴᠠᠭ᠋ᠠᠵᠠ ᠵᠢᠨ ᠬᠤᠷᠢᠭ᠎ᠠ ᠱᠤᠭᠤᠮ᠎ᠢ ᠪᠠᠲᠤ ᠰᠠᠬᠢᠵᠤ᠂ ᠢᠮᠠᠭᠲᠠ ᠦᠨᠡᠨᠴᠢ ᠰᠢᠳᠤᠷᠭᠤ᠂ ᠠᠷᠢᠭᠤᠨ       ᠴᠢᠬᠡᠴᠢ᠂ ᠬᠠᠷᠢᠭᠤᠴᠠᠯᠭ᠎ᠠ ᠡᠭᠦᠷᠭᠡᠯᠡᠬᠦ ᠵᠢ ᠪᠡᠶᠡᠯᠡᠭᠦᠯᠵᠦ᠂ ᠯᠠᠪᠳᠠᠭᠤᠨ ᠪᠠᠲᠤᠲᠠᠢ᠎ᠪᠠᠷ ᠠᠷᠢᠭᠤᠨ ᠴᠢᠬᠡᠴᠢ᠎ᠪᠠᠷ ᠵᠠᠰᠠᠭ ᠪᠠᠷᠢᠬᠤ ᠠᠯᠬᠤᠮ ᠨᠢᠭᠡᠪᠦᠷᠢ ᠵᠢ ᠰᠠᠶ᠋ᠢᠲᠤᠷ ᠵᠠᠮᠨᠠᠵᠤ᠂ ᠬᠠᠳᠤᠨ ᠭᠤᠣᠯ᠎ᠤᠨ ᠰᠠᠨ ᠱᠧᠩ ᠬᠦᠩ ᠤᠰᠤᠨ ᠠᠰᠢᠭᠯᠠᠯᠲᠠ ᠵᠢᠨ ᠵᠠᠩᠭᠢᠯᠠᠭ᠎ᠠ ᠵᠢᠨ ᠬᠠᠮᠢᠶᠠᠷᠤᠯᠲᠠ ᠵᠢᠨ ᠲᠥᠪ᠎ᠤᠨ ᠴᠢᠨᠠᠷ ᠰᠠᠶ᠋ᠢᠲᠠᠢ ᠬᠥᠭᠵᠢᠯᠲᠡ ᠵᠢᠨ ᠰᠢᠨ᠎ᠡ ᠬᠠᠭᠤᠳᠠᠰᠤ ᠵᠢ ᠪᠢᠴᠢᠭᠯᠡᠬᠦ᠎ᠳᠤ ᠪᠠᠲᠤ ᠴᠢᠩᠭ᠎ᠠ ᠤᠯᠤᠰ ᠲᠦᠷᠦ ᠵᠢᠨ ᠪᠠᠲᠤᠯᠠᠭ᠎ᠠ ᠪᠠ ᠰᠠᠬᠢᠯᠭ᠎ᠠ ᠪᠠᠲᠤ ᠵᠢᠨ ᠪᠠᠲᠤᠯᠠᠭ᠎ᠠ ᠬᠠᠩᠭ᠋ᠠᠬᠤ ᠬᠡᠷᠡᠭᠲᠡᠢ ᠭᠡᠵᠦ ᠢᠯᠡᠳᠬᠡᠵᠡᠭᠡᠪᠡ᠃

   ᠨᠠᠮ᠎ᠤᠨ ᠡᠳᠦᠷ᠎ᠤᠨ ᠠᠵᠢᠯᠯᠠᠭ᠎ᠠ᠎ᠳᠤ ᠭᠤᠣᠯ ᠤᠳᠤᠷᠢᠳᠤᠯᠭ᠎ᠠ᠂ ᠨᠠᠮ᠎ᠤᠨ ᠭᠡᠰᠢᠭᠦᠨ ᠺᠠᠳ᠋ᠷ 28 ᠬᠥᠮᠦᠨ ᠣᠷᠣᠯᠴᠠᠪᠠ᠃

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠄ 《ᠤᠰᠤ ᠰᠢᠷᠣᠶ ᠵᠢ ᠬᠠᠮᠠᠭ᠋ᠠᠯᠠᠬᠤ᠎ᠨᠢ ᠤᠮᠠᠷᠠᠲᠤ ᠬᠢᠯᠢ ᠵᠢᠨ ᠠᠮᠢ ᠠᠬᠤᠶ ᠵᠢᠨ ᠵᠢᠷᠤᠭ᠎ᠲᠤ ᠭᠡᠷᠡᠯ ᠭᠢᠯᠪᠠᠭ᠎ᠠ ᠨᠡᠮᠡᠷᠢᠯᠡᠬᠦ》᠎ᠪᠠᠷ ᠭᠤᠤᠯ ᠰᠡᠳᠦᠪ ᠪᠣᠯᠭ᠋ᠠᠨ 《ᠭᠤᠷᠪᠠ ᠵᠢ ᠣᠷᠣᠭᠤᠯᠬᠤ》 ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ 2024 ᠣᠨ᠎ᠤ ᠭᠤᠣᠯ᠎ᠳᠤ ᠬᠤᠯᠪᠣᠭᠳᠠᠭᠰᠠᠨ ᠢᠨᠸᠨ᠋ᠸᠷᠢᠩ᠎ᠤᠨ ᠠᠭᠤᠯᠠᠨ ᠦᠶᠡᠷ᠎ᠤᠨ ᠭᠠᠮᠰᠢᠭ᠎ᠠᠴᠠ ᠵᠠᠶ᠋ᠢᠯᠠᠬᠤ ᠰᠣᠷᠢᠯᠲᠠ ᠵᠢᠴᠢ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ ᠵᠢᠨ ᠤᠬᠠᠭᠤᠯᠭ᠎ᠠ ᠵᠢᠨ ᠠᠵᠢᠯᠯᠠᠭ᠎ᠠ ᠵᠢ ᠥᠷᠨᠢᠭᠦᠯᠪᠡ
ᠤᠰᠤᠨ᠎ᠤ ᠡᠬᠢ ᠪᠠᠶᠠᠯᠢᠭ᠎ᠢ ᠬᠠᠮᠠᠭ᠋ᠠᠯᠠᠵᠤ ᠠᠮᠢᠨ ᠰᠤᠳᠠᠰᠤ ᠵᠢ ᠬᠠᠮᠠᠭ᠋ᠠᠯᠠᠶ᠎ᠠ ᠥᠪᠥᠷ ᠮᠣᠩᠭᠤᠯ 《ᠤᠰᠤ ᠵᠢ ᠠᠷᠪᠢᠯᠠᠨ ᠭᠠᠮᠨᠠᠬᠤ ᠲᠦᠷᠢᠮ》᠎ᠢ ᠢᠳᠡᠪᠬᠢᠲᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ ᠤᠯᠤᠰ᠎ᠤᠨ ᠤᠰᠤ ᠠᠷᠪᠢᠯᠠᠬᠤ ᠠᠵᠢᠯᠯᠠᠭ᠎ᠠ ᠵᠢ ᠪᠥᠬᠦ ᠲᠠᠯ᠎ᠠ᠎ᠪᠠᠷ ᠳᠥᠯᠭᠢᠨ ᠠᠬᠢᠭᠤᠯᠪᠠ
ᠦᠶᠡᠷ᠎ᠤᠨ ᠬᠤᠭᠤᠴᠠᠭ᠋ᠠᠨ᠎ᠳᠤ ᠠᠭᠤᠯᠠᠨ ᠦᠶᠡᠷ᠎ᠤᠨ ᠭᠠᠮᠰᠢᠭ᠎ᠢ ᠬᠡᠷᠬᠢᠨ ᠰᠡᠷᠭᠡᠢ᠌ᠯᠡᠨ ᠠᠷᠭ᠋ᠠᠴᠠᠬᠤ ᠪᠣᠢ — ᠡᠳᠡᠭᠡᠷ ᠭᠠᠮᠰᠢᠭ᠎ᠢ ᠰᠡᠷᠭᠡᠢ᠌ᠯᠡᠵᠦ ᠠᠶᠤᠯ᠎ᠠᠴᠠ ᠵᠠᠢ᠌ᠯᠠᠬᠤ ᠮᠡᠳᠡᠯᠭᠡ ᠵᠢ ᠬᠤᠷᠳᠤᠨ ᠰᠤᠷᠤᠯᠴᠠᠶ᠎ᠠ!
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠤᠤᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠠᠯᠪᠠᠨ ᠬᠡᠷ ᠣᠯᠠᠨ ᠰᠠᠯᠠᠭ᠎ᠠ ᠮᠥᠴᠢᠷ᠎ᠲᠠᠢ ᠬᠤᠯᠪᠣᠭ᠋ᠠᠯᠠᠨ ᠭᠤᠤᠯ ᠮᠥᠷᠡᠨ ᠨᠠᠭᠤᠷ ᠴᠥᠭᠦᠷᠥᠮ᠎ᠢ ᠬᠠᠮᠢᠶᠠᠷᠬᠤ ᠪᠠ ᠬᠠᠮᠠᠭ᠋ᠠᠯᠠᠬᠤ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
 
            