ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
ᠤᠰᠤᠨ᠎ᠤ ᠡᠬᠢ ᠪᠠᠶᠠᠯᠢᠭ᠎ᠢ ᠬᠠᠮᠠᠭ᠋ᠠᠯᠠᠵᠤ ᠠᠮᠢᠨ ᠰᠤᠳᠠᠰᠤ ᠵᠢ ᠬᠠᠮᠠᠭ᠋ᠠᠯᠠᠶ᠎ᠠ ᠥᠪᠥᠷ ᠮᠣᠩᠭᠤᠯ 《ᠤᠰᠤ ᠵᠢ ᠠᠷᠪᠢᠯᠠᠨ ᠭᠠᠮᠨᠠᠬᠤ ᠲᠦᠷᠢᠮ》᠎ᠢ ᠢᠳᠡᠪᠬᠢᠲᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ ᠤᠯᠤᠰ᠎ᠤᠨ ᠤᠰᠤ ᠠᠷᠪᠢᠯᠠᠬᠤ ᠠᠵᠢᠯᠯᠠᠭ᠎ᠠ ᠵᠢ ᠪᠥᠬᠦ ᠲᠠᠯ᠎ᠠ᠎ᠪᠠᠷ ᠳᠥᠯᠭᠢᠨ ᠠᠬᠢᠭᠤᠯᠪᠠ
ᠨᠡᠶ᠋ᠢᠲᠡᠯᠡᠭᠰᠡᠨ ᠴᠠᠭ᠄ 2024-06-27

全面推进国家节水行动.jpg



ᠠᠵᠢᠯᠲᠠᠨ ᠲᠠᠷᠢᠶᠠᠯᠠᠨᠭ᠌᠎ᠢ ᠴᠠᠬᠢᠯᠭ᠋ᠠᠨ ᠵᠶ᠋ᠠᠷ ᠨᠤᠭᠤᠯᠬᠤ ᠤᠰᠤᠨ ᠰᠢᠰᠲ᠋ᠧᠮ᠎ᠤᠨ ᠲᠣᠭ᠎ᠠ ᠵᠢ ᠲᠤᠭᠲᠠᠭ᠋ᠠᠵᠤ ᠪᠤᠢ

 

  《〈ᠤᠰᠤ ᠵᠢ ᠠᠷᠪᠢᠯᠠᠨ ᠭᠠᠮᠨᠠᠬᠤ ᠲᠦᠷᠢᠮ〉᠎ᠢ 5 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠣᠳᠣᠬᠠᠨ᠎ᠳᠤ᠂ ᠪᠢᠳᠡ ᠤᠰᠤ ᠵᠢ ᠠᠷᠪᠢᠯᠠᠵᠤ ᠬᠡᠷᠡᠭᠯᠡᠬᠦ ᠠᠵᠢᠯ᠎ᠤᠨ ᠲᠢᠩᠬᠢᠮ᠎ᠤᠨ ᠬᠤᠭᠤᠷᠣᠨᠳᠣᠬᠢ ᠵᠣᠬᠢᠴᠠᠭᠤᠯᠬᠤ ᠲᠣᠭᠲᠠᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ᠎ᠲᠠᠢ ᠬᠠᠮᠲᠤᠷᠠᠨ ᠬᠦᠴᠦᠲᠡᠶ ᠠᠷᠭ᠎ᠠ ᠬᠡᠮᠵᠢᠶ᠎ᠡ ᠠᠪᠴᠤ᠂ 〈ᠲᠦᠷᠢᠮ〉᠎ᠢ ᠪᠥᠬᠦ ᠲᠠᠯ᠎ᠠ᠎ᠪᠠᠷ ᠪᠦᠲᠦᠮᠵᠢᠲᠡᠶ ᠬᠡᠷᠡᠭᠵᠢᠭᠦᠯᠬᠦ ᠵᠢ ᠠᠬᠢᠭᠤᠯᠵᠤ᠂ ᠤᠰᠤᠨ᠎ᠤ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠬᠢᠷᠢ ᠲᠦᠪᠰᠢᠨ᠎ᠢ ᠳᠡᠭᠡᠭᠰᠢᠯᠡᠭᠦᠯᠦᠨ᠂ ᠥᠪᠡᠷᠲᠡᠭᠡᠨ ᠵᠠᠰᠠᠬᠤ ᠣᠷᠣᠨ᠎ᠳᠤ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠵᠦ᠂ ᠰᠢᠨ᠎ᠡ ᠵᠠᠮ᠎ᠢ ᠨᠡᠬᠡᠬᠡᠵᠦ᠂ ᠳᠤᠮᠳᠠ ᠲᠦᠪᠰᠢᠨ᠎ᠳᠤ ᠣᠷᠣᠬᠤ ᠬᠠᠷᠠᠯᠲᠠ ᠵᠢ ᠪᠡᠶᠡᠯᠡᠭᠦᠯᠬᠦ᠎ᠳᠤ ᠬᠦᠴᠦᠲᠡᠶ ᠤᠰᠤᠨ᠎ᠤ ᠠᠮᠤᠷ ᠲᠦᠪᠰᠢᠨ᠎ᠤ ᠪᠠᠲᠤᠯᠠᠭ᠎ᠠ ᠬᠠᠩᠭ᠋ᠠᠨ᠎ᠠ》 ᠭᠡᠵᠡᠶ᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠱᠧᠩ ᠰᠢᠶᠣᠣ ᠶᠢᠥ ᠲᠠᠨᠢᠯᠴᠠᠭᠤᠯᠵᠠᠢ᠃

   ᠥᠪᠥᠷ ᠮᠣᠩᠭᠤᠯ ᠪᠣᠯ ᠠᠭᠤᠷ ᠠᠮᠢᠰᠬᠤᠯ ᠭᠠᠩ ᠬᠠᠭᠤᠷᠠᠶ᠂ ᠤᠰᠤᠨ᠎ᠤ ᠡᠬᠢ ᠪᠠᠶᠠᠯᠢᠭ ᠬᠦᠨᠳᠦ ᠨᠣᠴᠢᠲᠠᠶ ᠳᠤᠲᠠᠭᠳᠠᠵᠤ ᠪᠠᠶ᠋ᠢᠭ᠎ᠠ ᠭᠠᠵᠠᠷ ᠣᠷᠣᠨ ᠮᠥᠨ᠂ ᠤᠰᠤᠨ᠎ᠤ ᠡᠬᠢ ᠪᠠᠶᠠᠯᠢᠭ᠎ᠢ ᠠᠷᠪᠢᠲᠠᠶ ᠡᠷᠴᠢᠮᠯᠢᠭ ᠥᠨᠳᠥᠷ ᠪᠦᠲᠦᠮᠵᠢᠲᠡᠶ᠎ᠪᠠᠷ ᠠᠰᠢᠭᠯᠠᠬᠤ᠎ᠪᠠᠷ ᠠᠵᠤ ᠠᠬᠤᠶ ᠨᠡᠶ᠋ᠢᠭᠡᠮ᠎ᠤᠨ ᠦᠷᠭᠦᠯᠵᠢᠯᠡᠬᠦ ᠴᠢᠨᠠᠷᠲᠠᠶ᠂ ᠴᠢᠨᠠᠷ ᠰᠠᠶ᠋ᠢᠲᠠᠶ ᠬᠥᠭᠵᠢᠯᠲᠡ ᠵᠢ ᠲᠤᠯᠭ᠋ᠠᠭᠤᠷᠢᠯᠠᠬᠤ ᠪᠣᠯ ᠥᠪᠥᠷ ᠮᠣᠩᠭᠤᠯ᠎ᠤᠨ ᠡᠷᠬᠡᠪᠰᠢ ᠰᠠᠶ᠋ᠢᠲᠤᠷ ᠬᠢᠬᠦ ᠬᠡᠷᠡᠭᠲᠡᠶ ᠬᠠᠷᠢᠭᠤᠯᠲᠠ ᠵᠢᠨ ᠬᠠᠭᠤᠳᠠᠰᠤ ᠮᠥᠨ᠃ ᠥᠪᠥᠷ ᠮᠣᠩᠭᠤᠯ ᠣᠲᠣ ᠦᠶ᠎ᠡ ᠵᠢᠨ ᠤᠰᠤᠨ ᠲᠣᠣᠷ᠎ᠢ ᠪᠥᠲᠥᠭᠡᠨ ᠪᠠᠶ᠋ᠢᠭᠤᠯᠬᠤ᠂ 《ᠤᠰᠤᠨ ᠭᠤᠭᠤᠵᠢᠭᠤᠷ》 ᠵᠢ ᠴᠢᠩᠭ᠋ᠠᠯᠠᠵᠤ᠂ ᠤᠰᠤᠨ᠎ᠤ ᠵᠠᠬ᠎ᠠ ᠳᠡᠯᠭᠡᠭᠦᠷ᠎ᠢ ᠠᠮᠢᠳᠤᠯᠢᠭ ᠪᠣᠯᠭ᠋ᠠᠬᠤ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ 《ᠤᠰᠤᠨ᠎ᠤ ᠶᠠᠪᠤᠳᠠᠯ》᠎ᠢ ᠦᠷᠭᠦᠯᠵᠢᠯᠡᠨ ᠪᠤᠵᠠᠭ᠋ᠠᠶ᠋ᠢᠷᠠᠭᠤᠯᠤᠨ       ᠬᠦᠴᠦᠷᠬᠡᠭᠵᠢᠭᠦᠯᠵᠦ᠂ ᠴᠢᠨᠠᠷ ᠰᠠᠶ᠋ᠢᠲᠠᠶ ᠬᠥᠭᠵᠢᠯᠲᠡ᠎ᠳᠤ ᠬᠦᠴᠦᠷᠬᠡᠭ ᠶᠡᠭᠡ 《ᠤᠰᠤᠨ᠎ᠤ ᠬᠥᠳᠡᠯᠭᠡᠬᠦ ᠬᠦᠴᠦᠨ》 ᠨᠡᠮᠡᠷᠢᠯᠡᠪᠡ᠃

   ᠬᠠᠲᠠᠭᠤ ᠬᠢᠵᠠᠭ᠋ᠠᠷᠯᠠᠯ᠎ᠢ ᠴᠢᠩᠭ᠋ᠠᠳᠬᠠᠵᠤ ᠤᠰᠤᠨ᠎ᠤ ᠡᠬᠢ ᠪᠠᠶᠠᠯᠢᠭ᠎ᠢ ᠰᠠᠶ᠋ᠢᠲᠤᠷ ᠬᠡᠷᠡᠭᠯᠡᠨ᠎ᠡ

   ᠥᠩᠭᠡᠷᠡᠭᠰᠡᠨ᠎ᠳᠤ ᠣᠲᠤᠭ ᠬᠤᠰᠢᠭᠤᠨ᠎ᠤ ᠴᠢ ᠫᠠᠨ ᠵᠢᠩ ᠣᠷᠣᠨ ᠪᠦᠰᠡ ᠵᠢᠨ ᠭᠠᠵᠠᠷ ᠳᠣᠤᠷᠠᠬᠢ ᠤᠰᠤᠨ᠎ᠤ ᠲᠦᠪᠰᠢᠨ ᠨᠢᠭᠡ ᠦᠶ᠎ᠡ 20 ᠮᠧᠲᠷ᠎ᠢ ᠳᠠᠪᠠᠵᠠᠶ᠃ ᠡᠨᠡ ᠬᠦ᠌ ᠪᠠᠶ᠋ᠢᠳᠠᠯ᠎ᠤᠨ ᠡᠮᠦᠨ᠎ᠡ᠂ ᠣᠲᠤᠭ ᠬᠤᠰᠢᠭᠤ 59 ᠵᠦᠢ᠍ᠯ᠎ᠤᠨ ᠠᠷᠭ᠎ᠠ ᠬᠡᠮᠵᠢᠶ᠎ᠡ ᠲᠣᠭᠲᠠᠭ᠋ᠠᠵᠤ᠂ ᠤᠰᠤᠨ᠎ᠤ ᠡᠬᠢ ᠪᠠᠶᠠᠯᠢᠭ᠎ᠢ ᠴᠢᠩᠭ᠎ᠠ ᠨᠢᠮᠪᠠᠶ ᠰᠠᠶ᠋ᠢᠲᠤᠷ ᠬᠠᠮᠢᠶᠠᠷᠴᠤ ᠪᠠᠶ᠋ᠢᠨ᠎ᠠ᠃ ᠣᠳᠣᠬᠠᠨ᠎ᠳᠤ᠂ ᠵᠢᠯ ᠳᠠᠷᠠᠭ᠋ᠠᠯᠠᠨ ᠪᠠᠭᠤᠷᠠᠵᠤ ᠪᠠᠶ᠋ᠢᠭ᠎ᠠ ᠭᠠᠵᠠᠷ ᠳᠣᠤᠷᠠᠬᠢ ᠤᠰᠤᠨ᠎ᠤ ᠲᠦᠪᠰᠢᠨ ᠬᠤᠷᠢᠭᠯᠠᠭᠳᠠᠭᠰᠠᠨ ᠵᠶ᠋ᠠᠷ ᠪᠠᠷᠠᠬᠤ ᠥᠬᠡᠶ᠂ ᠪᠠᠰᠠ 《ᠰᠥᠭᠡᠷᠭᠦ᠎ᠠᠴᠠ ᠡᠶᠡᠷᠭᠦ ᠲᠡᠰᠢ ᠰᠢᠯᠵᠢᠬᠦ》 ᠰᠠᠶ᠋ᠢᠨ ᠪᠠᠶ᠋ᠢᠳᠠᠯ ᠢᠯᠡᠷᠡᠵᠦ ᠪᠠᠶ᠋ᠢᠨ᠎ᠠ᠃

   ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠥᠪᠥᠷ ᠮᠣᠩᠭᠤᠯ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭ᠋ᠠᠷᠯᠠᠯ᠎ᠢ ᠲᠠᠰᠤᠷᠠᠯᠲᠠ ᠥᠬᠡᠶ ᠴᠢᠩᠭ᠋ᠠᠳᠬᠠᠵᠤ᠂ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠲᠣᠭᠲᠠᠴᠠ ᠵᠢᠨ ᠰᠢᠨ᠎ᠡ ᠵᠢ ᠡᠭᠦᠳᠬᠦ ᠵᠢ ᠠᠬᠢᠭᠤᠯᠵᠤ᠂ ᠤᠰᠤᠨ᠎ᠤ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠬᠦᠴᠢᠷ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ᠎ᠳᠤ ᠨᠠᠩ ᠨᠠᠶ᠋ᠢᠳᠠᠪᠤᠷᠢᠲᠠᠶ ᠤᠰᠤᠨ᠎ᠤ ᠠᠮᠤᠷ ᠲᠦᠪᠰᠢᠨ᠎ᠤ ᠲᠤᠯᠭ᠋ᠠᠭᠤᠷᠢᠯᠠᠯ ᠪᠠ ᠪᠠᠲᠤᠯᠠᠭ᠎ᠠ ᠬᠠᠩᠭ᠋ᠠᠬᠤ᠎ᠪᠠᠷ ᠴᠢᠷᠮᠠᠶ᠋ᠢᠪᠠ᠃

   ᠳᠦᠷᠢᠮ᠎ᠤᠨ ᠪᠠᠲᠤᠯᠠᠭ᠎ᠠ ᠵᠢ ᠨᠠᠶ᠋ᠢᠳᠠᠪᠤᠷᠢᠵᠢᠭᠤᠯᠤᠨ᠎ᠠ᠃ ᠥᠪᠥᠷ ᠮᠣᠩᠭᠤᠯ ᠤᠷᠢᠳ ᠬᠤᠵᠢᠳ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠡᠬᠢ ᠪᠠᠶᠠᠯᠢᠭ᠎ᠤᠨ ᠬᠠᠮᠤᠭ᠎ᠤᠨ ᠴᠢᠩᠭ᠎ᠠ ᠬᠠᠮᠢᠶᠠᠷᠤᠯᠲᠠ ᠵᠢᠨ ᠲᠦᠷᠢᠮ᠎ᠢ ᠬᠡᠷᠡᠭᠵᠢᠭᠦᠯᠬᠦ ᠰᠠᠨᠠᠯ》 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠳᠣᠤᠷᠠᠬᠢ ᠤᠰᠤᠨ᠎ᠤ ᠬᠠᠮᠠᠭ᠋ᠠᠯᠠᠯᠲᠠ ᠪᠠ ᠬᠠᠮᠢᠶᠠᠷᠤᠯᠲᠠ ᠵᠢᠨ ᠲᠦᠷᠢᠮ》 ᠵᠡᠷᠭᠡ ᠠᠯᠢ ᠣᠯᠠᠨ ᠬᠠᠤᠯᠢ ᠲᠣᠭᠲᠠᠭ᠋ᠠᠯ ᠪᠠ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠨᠡᠶ᠋ᠢᠲᠡᠯᠡᠵᠦ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠤᠨ ᠪᠠᠶ᠋ᠢᠭᠤᠯᠤᠯᠲᠠ ᠵᠢᠨ ᠲᠥᠯᠥᠪᠵᠢᠭᠦᠯᠭᠡ》 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠤᠨ ᠪᠠᠶ᠋ᠢᠭᠤᠯᠤᠯᠲᠠ ᠵᠢᠨ ᠲᠥᠯᠥᠪᠵᠢᠭᠦᠯᠭᠡ》 ᠵᠢ ᠳᠠᠷᠤᠮᠠᠯᠯᠠᠨ ᠲᠠᠷᠬᠠᠭ᠋ᠠᠵᠤ᠂ 《ᠤᠰᠤᠨ᠎ᠤ ᠡᠬᠢ ᠪᠠᠶᠠᠯᠢᠭ᠎ᠤᠨ ᠬᠠᠮᠤᠭ᠎ᠤᠨ ᠶᠡᠭᠡ ᠬᠠᠲᠠᠭᠤ ᠬᠢᠵᠠᠭ᠋ᠠᠷᠯᠠᠯ᠎ᠢ ᠴᠢᠩᠭ᠋ᠠᠳᠬᠠᠵᠤ ᠤᠰᠤᠨ᠎ᠤ ᠡᠬᠢ ᠪᠠᠶᠠᠯᠢᠭ᠎ᠢ ᠠᠷᠪᠢᠲᠠᠶ ᠡᠷᠴᠢᠮᠯᠢᠭ ᠠᠰᠢᠭᠯᠠᠬᠤ ᠵᠢ ᠪᠥᠬᠦ ᠲᠠᠯ᠎ᠠ᠎ᠪᠠᠷ ᠠᠬᠢᠭᠤᠯᠬᠤ ᠵᠢᠨ ᠬᠡᠷᠡᠭᠵᠢᠭᠦᠯᠬᠦ ᠲᠥᠰᠦᠯ》᠂ 《ᠲᠠᠷᠢᠶᠠᠯᠠᠩ᠎ᠤᠨ ᠤᠰᠤ ᠠᠷᠪᠢᠯᠠᠬᠤ ᠬᠡᠷᠡᠭᠵᠢᠭᠦᠯᠬᠦ ᠲᠥᠰᠦᠯ》᠎ᠢ ᠨᠠᠶ᠋ᠢᠷᠠᠭᠤᠯᠤᠨ ᠵᠣᠬᠢᠶᠠᠬᠤ ᠵᠢ ᠠᠬᠢᠭᠤᠯᠵᠤ ᠪᠠᠶ᠋ᠢᠨ᠎ᠠ᠂ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭ᠋ᠠᠷᠯᠠᠯ᠎ᠢ ᠴᠢᠩᠭ᠋ᠠᠳᠬᠠᠬᠤ᠂ ᠤᠰᠤᠨ᠎ᠤ ᠡᠬᠢ ᠪᠠᠶᠠᠯᠢᠭ᠎ᠢ ᠠᠷᠪᠢᠲᠠᠶ ᠡᠷᠴᠢᠮᠯᠢᠭ ᠠᠰᠢᠭᠯᠠᠬᠤ ᠵᠢ ᠴᠢᠩᠭ᠋ᠠᠳᠬᠠᠬᠤ᠎ᠳᠤ ᠴᠢᠬᠤᠯᠠ ᠲᠦᠷᠢᠮ᠎ᠤᠨ ᠪᠠᠲᠤᠯᠠᠭ᠎ᠠ ᠵᠢ ᠬᠠᠩᠭ᠋ᠠᠨ᠎ᠠ᠃

   ᠣᠶ᠋ᠢᠷ᠎ᠠ ᠵᠢᠨ ᠵᠢᠯ᠎ᠤᠳ᠎ᠲᠤ᠂ ᠥᠪᠥᠷ ᠮᠣᠩᠭᠤᠯ ᠡᠬᠢ ᠡᠭᠦᠰᠦᠯ᠎ᠠᠴᠠ᠎ᠨᠢ ᠬᠠᠮᠢᠶᠠᠷᠤᠨ ᠡᠵᠡᠮᠳᠡᠬᠦ ᠪᠠ ᠶᠠᠪᠤᠴᠠ ᠵᠢ ᠬᠢᠨᠠᠨ ᠬᠠᠮᠢᠶᠠᠷᠬᠤ᠎ᠪᠠᠨ ᠴᠢᠩᠭ᠋ᠠᠳᠬᠠᠵᠤ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠂ ᠨᠡᠭᠡᠭᠡᠯᠲᠡ ᠵᠢᠨ ᠲᠣᠭᠤᠷᠢᠭ᠎ᠢ ᠤᠰᠤᠨ᠎ᠤ ᠡᠬᠢ ᠪᠠᠶᠠᠯᠢᠭ᠎ᠤᠨ ᠨᠤᠲᠠᠯᠠᠯᠲᠠ ᠪᠤᠶᠤ ᠣᠷᠣᠨ ᠪᠦᠰᠡ ᠵᠢᠨ ᠦᠨᠡᠯᠡᠨ ᠵᠢᠱ᠌ᠢᠯᠲᠡ ᠵᠢ ᠥᠷᠨᠢᠭᠦᠯᠵᠦ᠂ 《ᠤᠰᠤ᠎ᠪᠠᠷ ᠳᠥᠷᠪᠡ ᠵᠢ ᠲᠣᠭᠲᠠᠭ᠋ᠠᠬᠤ》 ᠵᠠᠷᠴᠢᠮ ᠶᠣᠰᠣᠭ᠋ᠠᠷ᠂ ᠣᠷᠣᠨ ᠪᠦᠰᠡ ᠵᠢᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠪᠠ ᠠᠵᠤ ᠦᠢ᠍ᠯᠡᠰ᠎ᠤᠨ ᠪᠠᠶ᠋ᠢᠷᠢᠰᠢᠭᠤᠯᠤᠯᠲᠠ ᠬᠢᠭᠡᠳ ᠤᠰᠤᠨ᠎ᠤ ᠡᠬᠢ ᠪᠠᠶᠠᠯᠢᠭ᠎ᠤᠨ ᠳᠠᠭ᠋ᠠᠭ᠋ᠠᠴᠠ ᠵᠢᠨ ᠴᠢᠳᠠᠪᠤᠷᠢ ᠵᠢᠨ ᠵᠣᠬᠢᠴᠠᠯᠳᠤᠯ᠎ᠢ ᠠᠬᠢᠭᠤᠯᠬᠤ ᠵᠢ ᠱᠠᠭ᠋ᠠᠷᠳᠠᠪᠠ᠃ ᠬᠠᠲᠤᠨ ᠭᠣᠤᠯ᠎ᠤᠨ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠤᠨ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠭᠰᠠᠨ ᠭᠠᠵᠠᠷ ᠣᠷᠣᠨ᠎ᠳᠤ ᠤᠰᠤ ᠠᠪᠬᠤ ᠵᠥᠪᠰᠢᠶᠡᠷᠡᠯ᠎ᠢ ᠬᠢᠵᠠᠭ᠋ᠠᠷᠯᠠᠨ ᠬᠢᠨᠠᠨ ᠵᠥᠪᠰᠢᠶᠡᠷᠡᠬᠦ ᠵᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠤᠰᠤ ᠠᠪᠬᠤ ᠵᠥᠪᠰᠢᠶᠡᠷᠡᠯ᠎ᠤᠨ 《ᠡᠯᠸᠺᠲᠷᠣᠨ ᠦᠨᠡᠮᠯᠡᠯ》᠎ᠢ ᠪᠥᠬᠦ ᠲᠠᠯ᠎ᠠ᠎ᠪᠠᠷ ᠬᠡᠷᠡᠭᠵᠢᠭᠦᠯᠵᠦ᠂ ᠤᠰᠤ ᠠᠪᠬᠤ ᠵᠥᠪᠰᠢᠶᠡᠷᠡᠯ᠎ᠤᠨ ᠠᠮᠠᠯᠠᠯᠲᠠ ᠵᠢᠨ ᠲᠦᠷᠢᠮ᠎ᠢ ᠬᠡᠷᠡᠭᠵᠢᠭᠦᠯᠦᠨ᠂ ᠣᠷᠣᠨ ᠪᠦᠰᠡ ᠵᠢᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠪᠠ ᠲᠡᠷᠢᠭᠦᠨ᠎ᠤ ᠤᠰᠤᠨ᠎ᠤ ᠬᠤᠷᠣᠭᠳᠠᠯ᠎ᠤᠨ ᠱᠠᠭ᠋ᠠᠷᠳᠠᠯᠭ᠎ᠠ᠎ᠳᠤ ᠨᠡᠶ᠋ᠢᠴᠡᠬᠦ ᠥᠬᠡᠶ ᠲᠦᠰᠦᠯ᠎ᠢ ᠴᠥᠮ ᠬᠢᠨᠠᠨ ᠵᠥᠪᠰᠢᠶᠡᠷᠡᠬᠦ ᠥᠬᠡᠶ ᠪᠠᠶ᠋ᠢᠵᠤ᠂ ᠤᠰᠤ ᠶᠡᠭᠡ ᠬᠤᠷᠣᠭᠳᠠᠭᠤᠯᠬᠤ ᠠᠵᠤ ᠦᠢ᠍ᠯᠡᠳᠪᠦᠷᠢ ᠵᠢᠨ ᠭᠠᠵᠠᠷ ᠳᠣᠤᠷᠠᠬᠢ ᠤᠰᠤ ᠵᠢ ᠬᠡᠷᠡᠭᠯᠡᠬᠦ ᠪᠠ ᠠᠮᠢ ᠠᠬᠤᠶ ᠵᠢᠨ ᠬᠡᠷᠡᠭᠯᠡᠬᠦ ᠤᠰᠤ ᠵᠢ ᠡᠵᠡᠯᠡᠬᠦ ᠵᠢ ᠴᠢᠩᠭ᠎ᠠ ᠴᠠᠭ᠋ᠠᠵᠠᠯᠠᠨ᠎ᠠ᠃

   ᠤᠰᠤ ᠠᠷᠪᠢᠯᠠᠬᠤ ᠤᠰᠤ ᠡᠵᠡᠮᠰᠢᠬᠦ ᠤᠰᠤ ᠬᠡᠷᠡᠭᠯᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ

   ᠥᠪᠥᠷ ᠮᠣᠩᠭᠤᠯ ᠤᠰᠤ ᠠᠷᠪᠢᠯᠠᠬᠤ ᠵᠢ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠪᠥᠬᠦ ᠶᠠᠪᠤᠴᠠ᠎ᠳᠤ ᠲᠤᠭᠤᠰᠢᠯᠠᠭᠤᠯᠵᠤ᠂ ᠡᠯ᠎ᠡ ᠬᠦᠷᠢᠶᠡᠨ᠎ᠤ ᠤᠰᠤᠨ᠎ᠤ ᠡᠬᠢ ᠪᠠᠶᠠᠯᠢᠭ᠎ᠤᠨ ᠠᠰᠢᠭᠯᠠᠯᠲᠠ ᠵᠢᠨ ᠦᠷ᠎ᠡ ᠪᠦᠲᠦᠮᠵᠢ ᠵᠢ ᠲᠠᠰᠤᠷᠠᠯᠲᠠ ᠥᠬᠡᠶ ᠳᠡᠭᠡᠭᠰᠢᠯᠡᠭᠦᠯᠪᠡ᠃

   ᠪᠠᠷᠠᠭᠤᠨ ᠯᠢᠶᠣᠤ ᠡᠾᠸ ᠭᠣᠤᠯ᠎ᠤᠨ ᠰᠠᠪᠠ ᠭᠠᠵᠠᠷ ᠪᠣᠯᠤᠨ ᠣᠷᠳᠣᠰ᠎ᠤᠨ ᠭᠠᠵᠠᠷ ᠳᠣᠤᠷᠠᠬᠢ ᠤᠰᠤ ᠵᠢ ᠬᠡᠲᠦᠷᠡᠲᠡᠯ᠎ᠡ ᠲᠠᠲᠠᠭᠰᠠᠨ ᠣᠷᠣᠨ ᠵᠶ᠋ᠠᠷ ᠭᠣᠤᠯᠳᠠᠯᠭ᠎ᠠ ᠪᠣᠯᠭ᠋ᠠᠨ᠂ ᠲᠠᠷᠢᠶᠠᠯᠠᠩ᠎ᠤᠨ ᠤᠰᠤ ᠠᠷᠪᠢᠯᠠᠬᠤ ᠵᠢ ᠲᠦᠷᠭᠡᠳᠬᠡᠨ ᠠᠬᠢᠭᠤᠯᠵᠤ᠂ ᠥᠪᠥᠷ ᠮᠣᠩᠭᠣᠯ ᠤᠰᠤᠯᠠᠯᠲᠠ ᠵᠢᠨ ᠣᠷᠣᠨ᠎ᠤ ᠦᠷᠭᠦᠯᠵᠢᠯᠡᠨ ᠪᠠᠶ᠋ᠢᠭᠤᠯᠵᠤ ᠢᠵᠢ ᠪᠦᠷᠢᠳᠦᠭᠦᠯᠬᠦ ᠪᠠ ᠣᠳᠣᠬᠢᠴᠢᠯᠠᠭᠰᠠᠨ ᠥᠭᠡᠷᠡᠴᠢᠯᠡᠯᠲᠡ ᠵᠢᠨ ᠠᠬᠢᠴᠠ ᠵᠢ ᠲᠦᠷᠭᠡᠳᠬᠡᠨ᠂ ᠬᠤᠳᠳᠤᠭ᠎ᠤᠨ ᠤᠰᠤᠯᠠᠯᠲᠠ ᠵᠢᠨ ᠣᠷᠣᠨ᠎ᠤ ᠭᠦᠶᠦᠭᠡᠨ ᠪᠤᠯᠠᠵᠤ ᠳᠤᠰᠤᠯᠭ᠋ᠠᠨ ᠤᠰᠤᠯᠠᠬᠤ ᠮᠡᠷᠭᠡᠵᠢᠯ᠎ᠢ ᠶᠡᠬᠡᠪᠡᠷ ᠳᠡᠯᠭᠡᠷᠡᠭᠦᠯᠵᠦ᠂ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠲᠦᠯᠬᠢᠨ ᠠᠬᠢᠭᠤᠯᠵᠤ᠂ 《ᠶᠡᠬᠡ ᠤᠰᠤ᠎ᠪᠠᠷ ᠨᠡᠯᠦᠶ᠋ᠢᠲᠡᠯ᠎ᠡ ᠤᠰᠤᠯᠠᠬᠤ》 ᠠᠰᠠᠭᠤᠳᠠᠯ᠎ᠢ ᠶᠡᠬᠡᠬᠡᠨ ᠬᠦᠴᠦ ᠣᠷᠣᠭᠤᠯᠤᠨ ᠰᠢᠢ᠍ᠳᠪᠦᠷᠢᠯᠡᠵᠦ᠂ ᠭᠠᠵᠠᠷ ᠳᠣᠤᠷᠠᠬᠢ ᠤᠰᠤ ᠠᠪᠬᠤ ᠪᠠ ᠨᠥᠬᠥᠪᠥᠷᠢᠯᠡᠬᠦ ᠵᠢᠨ ᠲᠡᠩᠴᠡᠭᠦᠷᠢ ᠵᠢ ᠠᠯᠬᠤᠮ ᠠᠯᠬᠤᠮ ᠵᠶ᠋ᠠᠷ ᠪᠡᠶᠡᠯᠡᠭᠦᠯᠦᠨ᠎ᠡ᠃  ᠠᠵᠤ ᠦᠢ᠍ᠯᠡᠳᠪᠦᠷᠢ ᠵᠢᠨ ᠤᠰᠤ ᠠᠷᠪᠢᠯᠠᠬᠤ ᠵᠢ ᠶᠡᠬᠡᠪᠡᠷ ᠬᠡᠷᠡᠭᠵᠢᠭᠦᠯᠵᠦ᠂ ᠬᠠᠲᠤᠨ ᠭᠤᠣᠯ ᠳᠠᠭ᠋ᠠᠤ ᠵᠢᠨ ᠭᠠᠵᠠᠷ ᠣᠷᠣᠨ᠎ᠤ ᠬᠠᠭᠤᠴᠢᠨ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠳᠤ ᠤᠰᠤ ᠠᠷᠪᠢᠯᠠᠬᠤ ᠥᠭᠡᠷᠡᠴᠢᠯᠡᠯᠲᠡ ᠵᠢ ᠬᠡᠷᠡᠭᠵᠢᠭᠦᠯᠵᠦ᠂ ᠤᠰᠤ ᠶᠡᠭᠡ ᠬᠤᠷᠣᠭᠳᠠᠭᠤᠯᠬᠤ ᠲᠦᠰᠦᠯ᠎ᠢ ᠴᠢᠩᠭ᠎ᠠ ᠬᠢᠵᠠᠭ᠋ᠠᠷᠯᠠᠵᠤ᠂ ᠰᠢᠨ᠎ᠡ᠎ᠪᠠᠷ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ ᠲᠦᠰᠦᠯ᠎ᠤᠨ ᠤᠰᠤ ᠬᠡᠷᠡᠭᠯᠡᠬᠦ ᠲᠦᠪᠰᠢᠨ᠎ᠢ ᠡᠷᠬᠡᠪᠰᠢ ᠲᠡᠷᠢᠭᠦᠨ᠎ᠤ ᠤᠰᠤ ᠬᠡᠷᠡᠭᠯᠡᠬᠦ ᠲᠣᠭᠲᠠᠭᠰᠠᠨ ᠨᠣᠷᠮ᠎ᠠ ᠵᠢᠨ ᠬᠢᠷᠢ ᠲᠦᠪᠰᠢᠨ᠎ᠳᠤ ᠬᠦᠷᠭᠡᠵᠦ᠂ ᠤᠰᠤᠨ᠎ᠤ ᠬᠤᠷᠣᠭᠳᠠᠯ᠎ᠢ ᠵᠥᠪᠰᠢᠶᠡᠷᠡᠬᠦ ᠱᠠᠭ᠋ᠠᠷᠳᠠᠯᠭ᠎ᠠ᠎ᠳᠤ ᠨᠡᠶ᠋ᠢᠴᠡᠬᠦ ᠦᠭᠡᠢ ᠲᠦᠰᠦᠯ᠎ᠳᠤ ᠴᠥᠮ ᠤᠰᠤ ᠠᠪᠴᠤ ᠵᠥᠪᠰᠢᠶᠡᠷᠡᠬᠦ ᠵᠥᠪᠰᠢᠶᠡᠷᠡᠯ᠎ᠢ ᠬᠢᠨᠠᠨ ᠵᠥᠪᠰᠢᠶᠡᠷᠡᠵᠦ ᠪᠣᠯᠬᠤ ᠦᠭᠡᠢ ᠭᠡᠵᠦ ᠱᠠᠭ᠋ᠠᠷᠳᠠᠪᠠ᠃ ᠳᠠᠬᠢᠯᠲᠠ ᠤᠰᠤ ᠵᠡᠷᠭᠡ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ᠂ ᠬᠣᠲᠠ ᠵᠢᠨ ᠨᠣᠭᠣᠭ᠋ᠠᠷᠠᠭᠤᠯᠤᠯᠲᠠ ᠵᠢᠨ ᠲᠠᠯ᠎ᠠ᠎ᠪᠠᠷ᠎ᠬᠢ ᠬᠡᠪ᠎ᠤᠨ ᠤᠰᠤᠨ᠎ᠤ ᠲᠣᠬᠢᠷᠠᠭᠤᠯᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠬᠤ ᠬᠡᠷᠡᠭᠲᠡᠶ᠃

  2024 ᠣᠨ᠎ᠳᠤ᠂ ᠥᠪᠥᠷ ᠮᠣᠩᠭᠤᠯ ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠎ᠢ ᠨᠡᠮᠡᠭᠳᠡᠭᠦᠯᠬᠦ᠂ ᠠᠵᠤ ᠦᠢ᠍ᠯᠡᠳᠪᠦᠷᠢ ᠵᠢᠨ ᠤᠰᠤ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠵᠢ ᠪᠠᠭ᠋ᠠᠰᠬᠠᠬᠤ᠂ ᠬᠤᠲᠠ ᠪᠠᠯᠭ᠋ᠠᠰᠤᠨ᠎ᠤ ᠤᠰᠤ ᠠᠷᠪᠢᠯᠠᠵᠤ ᠬᠤᠬᠢᠷᠠᠯ᠎ᠢ ᠪᠠᠭ᠋ᠠᠰᠬᠠᠬᠤ ᠵᠢ ᠲᠦᠷᠭᠡᠳᠬᠡᠨ ᠠᠬᠢᠭᠤᠯᠵᠤ᠂ ᠸᠠᠨ ᠶᠤᠸᠠᠨ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠤᠨ ᠤᠰᠤ ᠬᠡᠷᠡᠭᠯᠡᠬᠦ ᠬᠡᠮᠵᠢᠶ᠎ᠡ᠂ ᠸᠠᠨ ᠶᠤᠸᠠᠨ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠤᠨ ᠤᠰᠤ ᠬᠡᠷᠡᠭᠯᠡᠬᠦ ᠬᠡᠮᠵᠢᠶ᠎ᠡ ᠵᠢ ᠲᠣᠰ ᠲᠣᠰ 2020 ᠣᠨ᠎ᠤ᠎ᠬᠢ᠎ᠠᠴᠠ 9% ᠪᠠ        10 %᠎ᠪᠠᠷ ᠪᠠᠭᠤᠷᠠᠭᠤᠯᠪᠠ᠃

   ᠤᠰᠤᠨ᠎ᠤ ᠡᠷᠬᠡ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ ᠤᠰᠤ ᠠᠷᠪᠢᠯᠠᠬᠤ ᠠᠵᠤ ᠦᠢ᠍ᠯᠡᠰ᠎ᠢ ᠬᠦᠭᠵᠢᠭᠦᠯᠦᠨ᠎ᠡ

  2023 ᠣᠨ᠎ᠳᠤ᠂ ᠥᠪᠥᠷ ᠮᠣᠩᠭᠤᠯ ᠪᠣᠷᠣᠲᠣᠬᠤᠶ ᠵᠢᠨ ᠤᠰᠤᠯᠠᠯᠲᠠ ᠵᠢᠨ ᠣᠷᠣᠨ ᠵᠡᠷᠭᠡ 8 ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠤ ᠢᠵᠢ ᠪᠥᠷᠢᠳᠦᠭᠦᠯᠬᠦ ᠪᠠ ᠣᠳᠣᠬᠢᠴᠢᠯᠠᠭᠰᠠᠨ ᠥᠭᠡᠷᠡᠴᠢᠯᠡᠯᠲᠡ ᠵᠢ ᠦᠷᠭᠦᠯᠵᠢᠯᠡᠨ ᠠᠬᠢᠭᠤᠯᠵᠤ᠂ 6.65 ᠳ᠋ᠦᠩᠰᠢᠭᠤᠷ ᠲᠥᠭᠦᠷᠢᠭ᠎ᠤᠨ ᠪᠠᠯᠠ ᠣᠷᠣᠭᠤᠯᠵᠤ᠂ ᠤᠰᠤᠯᠠᠯᠲᠠ ᠵᠢᠨ ᠲᠠᠯᠠᠪᠠᠶ ᠵᠢ 198 ᠲᠦᠮᠡᠨ ᠮᠥ᠍ ᠰᠠᠶ᠋ᠢᠵᠢᠷᠠᠭᠤᠯᠵᠤ᠂ ᠤᠰᠤ ᠠᠷᠪᠢᠯᠠᠬᠤ ᠴᠢᠳᠠᠪᠤᠷᠢ ᠵᠢ 0.55 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ ᠰᠢᠨ᠎ᠡ᠎ᠪᠠᠷ ᠨᠡᠮᠡᠭᠳᠡᠭᠦᠯᠵᠦ᠂ ᠠᠮᠤ ᠪᠤᠳᠠᠭ᠋ᠠᠨ᠎ᠤ ᠤᠨᠠᠯᠲᠠ ᠵᠢ 1.16 ᠳ᠋ᠦᠩᠰᠢᠭᠤᠷ ᠺᠢᠯᠣᠭ᠌ᠷᠠᠮ ᠰᠢᠨ᠎ᠡ᠎ᠪᠠᠷ ᠨᠡᠮᠡᠭᠳᠡᠭᠦᠯᠪᠡ᠃

   ᠪᠣᠷᠣᠲᠣᠬᠣᠶ ᠵᠢᠨ ᠤᠰᠤᠯᠠᠯᠲᠠ ᠵᠢᠨ ᠣᠷᠣᠨ ᠵᠶ᠋ᠠᠷ ᠭᠣᠤᠯᠳᠠᠯᠭ᠎ᠠ ᠪᠣᠯᠭ᠋ᠠᠨ᠂ ᠥᠪᠥᠷ ᠮᠣᠩᠭᠣᠯ ᠵᠠᠰᠠᠭ᠎ᠤᠨ ᠣᠷᠳᠣᠨ ᠪᠡᠯᠡ ᠣᠷᠣᠭᠤᠯᠬᠤ ᠬᠢᠭᠡᠳ ᠵᠠᠬ᠎ᠠ ᠳᠡᠯᠭᠡᠭᠦᠷ ᠵᠶ᠋ᠠᠷ ᠪᠡᠯᠡ ᠲᠣᠬᠢᠷᠠᠭᠤᠯᠬᠤ ᠬᠣᠶᠠᠷ ᠲᠠᠯ᠎ᠠ᠎ᠪᠠᠷ ᠬᠦᠴᠦ ᠭᠠᠷᠭ᠋ᠠᠬᠤ ᠵᠢ ᠪᠠᠷᠢᠮᠲᠠᠯᠠᠨ᠂ ᠨᠡᠶ᠋ᠢᠭᠡᠮ᠎ᠤᠨ ᠬᠥᠷᠥᠩᠭᠡ ᠵᠢ ᠲᠠᠲᠠᠨ ᠤᠰᠤᠯᠠᠯᠲᠠ ᠵᠢᠨ ᠣᠷᠣᠨ᠎ᠤ ᠤᠰᠤ ᠠᠷᠪᠢᠯᠠᠬᠤ ᠥᠭᠡᠷᠡᠴᠢᠯᠡᠯᠲᠡ ᠵᠢᠨ ᠪᠦᠲᠦᠭᠡᠨ ᠪᠠᠶ᠋ᠢᠭᠤᠯᠤᠯᠲᠠ᠎ᠳᠤ ᠣᠷᠣᠭᠤᠯᠤᠯᠲᠠ ᠣᠷᠣᠭᠤᠯᠵᠤ᠂ ᠨᠡᠶ᠋ᠢᠲᠡ 23.13 ᠳ᠋ᠦᠩᠰᠢᠭᠤᠷ ᠲᠥᠭᠥᠷᠢᠭ᠎ᠤᠨ ᠠᠶ᠋ᠢᠮᠠᠭ ᠬᠣᠲᠠ ᠠᠯᠤᠰᠯᠠᠭᠰᠠᠨ ᠤᠰᠤᠨ᠎ᠤ ᠡᠷᠬᠡ᠎ᠪᠠᠨ ᠰᠢᠯᠵᠢᠭᠦᠯᠦᠨ ᠥᠭᠬᠦ ᠬᠣᠶᠠᠳᠤᠭ᠋ᠠᠷ ᠬᠤᠭᠤᠴᠠᠭ᠋ᠠᠨ᠎ᠤ ᠢᠨᠵᠧᠨᠧᠷᠢᠩ᠎ᠢ ᠡᠬᠢᠯᠡᠭᠦᠯᠦᠨ᠎ᠡ᠃ ᠢᠨᠵᠸᠨ᠋ᠸᠷᠢᠩ ᠪᠠᠶ᠋ᠢᠭᠤᠯᠵᠤ ᠳᠠᠭᠤᠰᠤᠭᠰᠠᠨ᠎ᠤ ᠳᠠᠷᠠᠭ᠎ᠠ᠂ 2 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ ᠤᠰᠤ ᠠᠷᠪᠢᠯᠠᠬᠤ᠂ 1.2 ᠳ᠋ᠦᠩᠰᠢᠭᠤᠷ ᠪᠣᠰᠤᠭ᠎ᠠ ᠳᠥᠷᠪᠡᠯᠵᠢᠨ ᠮᠸᠲᠷ ᠤᠰᠤᠨ᠎ᠤ ᠭᠦᠢ᠍ᠴᠡᠳᠬᠡᠯ ᠲᠤᠭ᠎ᠠ ᠵᠢ ᠰᠢᠯᠵᠢᠭᠦᠯᠦᠨ ᠥᠭᠬᠦ ᠬᠠᠷᠠᠯᠲᠠ ᠵᠢ ᠪᠡᠶᠡᠯᠡᠭᠦᠯᠵᠦ ᠪᠣᠯᠤᠨ᠎ᠠ᠃  ᠦᠬᠠᠶ ᠬᠤᠲᠠ ᠵᠢᠨ ᠤᠳᠠ ᠲᠣᠭᠤᠷᠢᠭ᠎ᠨᠢ ᠠᠵᠢᠯᠴᠢᠨ ᠲᠠᠷᠢᠶᠠᠴᠢᠨ᠎ᠤ 《ᠤᠰᠤᠨ ᠰᠤᠳᠠᠰᠤ》 ᠵᠢ ᠨᠡᠪᠲᠡᠷᠡᠭᠦᠯᠵᠦ᠂ ᠬᠤᠶᠠᠷ ᠲᠠᠯ᠎ᠠ᠎ᠪᠠᠷ ᠵᠶ᠋ᠠᠨ ᠠᠰᠢᠭ ᠭᠥᠷᠳᠡᠬᠦ ᠵᠢ ᠪᠡᠶᠡᠯᠡᠭᠦᠯᠬᠦ ᠵᠢᠨ ᠲᠥᠯᠥᠭᠡ᠂ ᠨᠡᠶ᠋ᠢᠭᠡᠮ᠎ᠤᠨ ᠬᠥᠷᠥᠩᠭᠡ ᠵᠢ ᠣᠷᠣᠭᠤᠯᠤᠨ ᠠᠪᠴᠢᠷᠠᠵᠤ᠂ ᠲᠠᠷᠢᠶᠠᠯᠠᠩ᠎ᠤᠨ ᠤᠰᠤ ᠠᠷᠪᠢᠯᠠᠬᠤ ᠤᠰᠤᠯᠠᠯᠲᠠ ᠵᠢᠨ ᠲᠦᠰᠦᠯ᠎ᠳᠤ ᠪᠠᠯᠠ ᠣᠷᠣᠭᠤᠯᠵᠤ᠂ ᠤᠰᠤᠨ ᠰᠤᠷᠪᠤᠯᠵᠢ ᠵᠢᠨ ᠢᠨᠵᠧᠨᠧᠷᠢᠩ᠂ ᠤᠰᠤ ᠳᠠᠮᠵᠢᠭᠤᠯᠬᠤ ᠢᠨᠵᠧᠨᠧᠷᠢᠩ᠂ ᠲᠠᠷᠢᠶᠠᠨ ᠭᠠᠵᠠᠷ᠎ᠤᠨ ᠢᠨᠵᠧᠨᠧᠷᠢᠩ ᠵᠡᠷᠭᠡ ᠲᠠᠯ᠎ᠠ᠎ᠪᠠᠷ ᠤᠰᠤ ᠠᠷᠪᠢᠯᠠᠬᠤ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠬᠡᠷᠡᠭᠵᠢᠭᠦᠯᠵᠦ᠂ ᠠᠵᠤ ᠦᠢ᠍ᠯᠡᠳᠪᠦᠷᠢ ᠲᠠᠷᠢᠶᠠᠯᠠᠩ ᠬᠠᠷᠢᠯᠴᠠᠨ ᠠᠬᠢᠭᠤᠯᠬᠤ ᠰᠠᠶ᠋ᠢᠨ ᠣᠷᠴᠢᠯ᠎ᠢ ᠪᠣᠶ ᠪᠣᠯᠭ᠋ᠠᠪᠠ᠃ ᠣᠳᠣᠬᠠᠨ᠎ᠳᠤ᠂ ᠤᠳᠠ ᠲᠣᠭᠤᠷᠢᠭ ᠨᠢᠭᠡᠨᠲᠡ ᠳ᠋ᠦᠩ ᠶᠤᠸᠠᠨ᠎ᠤ ᠴᠠᠬᠢᠯᠭ᠋ᠠᠨ ᠭᠠᠷᠭ᠋ᠠᠬᠤ ᠵᠡᠷᠭᠡ ᠤᠰᠤᠨ᠎ᠤ ᠡᠷᠬᠡ ᠵᠢ ᠰᠢᠯᠵᠢᠭᠦᠯᠦᠨ ᠥᠭᠬᠦ ᠲᠦᠰᠦᠯ᠎ᠢ ᠬᠡᠷᠡᠭᠵᠢᠭᠦᠯᠵᠦ᠂ 695 ᠲᠦᠮᠡᠨ ᠪᠣᠰᠤᠭ᠎ᠠ ᠳᠥᠷᠪᠡᠯᠵᠢᠨ ᠮᠸᠲᠷ᠎ᠤᠨ ᠠᠵᠤ ᠦᠢ᠍ᠯᠡᠳᠪᠦᠷᠢ᠎ᠳᠤ ᠬᠡᠷᠡᠭᠯᠡᠬᠦ ᠬᠠᠲᠤᠨ ᠭᠤᠤᠯ᠎ᠤᠨ ᠤᠰᠤᠨ᠎ᠤ ᠭᠦᠢ᠍ᠴᠡᠳᠬᠡᠯ ᠲᠤᠭ᠎ᠠ ᠵᠢ ᠰᠢᠯᠵᠢᠭᠦᠯᠦᠨ ᠣᠯᠪᠠ᠃

   ᠥᠪᠥᠷ ᠮᠣᠩᠭᠤᠯ ᠤᠰᠤ ᠠᠷᠪᠢᠯᠠᠬᠤ ᠵᠢ ᠤᠰᠤᠨ᠎ᠤ ᠡᠬᠢ ᠪᠠᠶᠠᠯᠢᠭ ᠳᠤᠲᠠᠭᠳᠠᠵᠤ ᠪᠠᠶ᠋ᠢᠭ᠎ᠠ ᠠᠰᠠᠭᠤᠳᠠᠯ᠎ᠢ ᠰᠢᠢ᠍ᠳᠪᠦᠷᠢᠯᠡᠬᠦ ᠦᠨᠳᠦᠰᠦᠨ ᠴᠢᠨᠠᠷᠲᠠᠶ ᠠᠷᠭ᠎ᠠ ᠬᠡᠮᠵᠢᠶ᠎ᠡ ᠪᠣᠯᠭ᠋ᠠᠵᠤ᠂ ᠤᠰᠤ ᠠᠷᠪᠢᠯᠠᠬᠤ ᠶᠡᠷᠦᠩᠬᠡᠶ᠋ᠢᠯᠡᠭᠰᠡᠨ ᠰᠢᠰᠲᠸᠮ᠎ᠢ ᠲᠦᠷᠭᠡᠳᠬᠡᠨ ᠪᠠᠶ᠋ᠢᠭᠤᠯᠵᠤ᠂ ᠤᠰᠤ ᠬᠡᠷᠡᠭᠯᠡᠬᠦ ᠠᠷᠭ᠎ᠠ ᠮᠠᠶᠢᠭ᠎ᠢ ᠪᠦᠳᠦᠭᠦᠯᠢᠭ ᠪᠠᠶ᠋ᠢᠭᠰᠠᠨ᠎ᠠᠴᠠ ᠠᠷᠪᠢᠲᠠᠶ ᠡᠷᠴᠢᠮᠯᠢᠭ ᠪᠣᠯᠭ᠋ᠠᠨ ᠬᠤᠪᠢᠷᠠᠭᠤᠯᠬᠤ ᠵᠢ ᠠᠬᠢᠭᠤᠯᠪᠠ᠃

   ᠣᠳᠣᠬᠠᠨ᠎ᠳᠤ᠂ ᠥᠪᠥᠷ ᠮᠣᠩᠭᠤᠯ ᠶᠠᠭ 《ᠤᠰᠤ ᠵᠢ ᠠᠷᠪᠢᠯᠠᠵᠤ ᠬᠡᠷᠡᠭᠯᠡᠬᠦ ᠲᠦᠷᠢᠮ》᠎ᠤᠨ ᠲᠣᠭᠲᠠᠭ᠋ᠠᠯ᠎ᠤᠨ ᠱᠠᠭ᠋ᠠᠷᠳᠠᠯᠭ᠎ᠠ ᠵᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠲᠠ᠂ ᠬᠤᠰᠢᠭᠤ ᠰᠢᠶᠠᠨ᠎ᠤ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢ ᠡᠵᠡᠮᠳᠡᠬᠦ ᠭᠦᠢ᠍ᠴᠡᠳᠬᠡᠯ ᠲᠤᠭ᠎ᠠ ᠵᠢᠨ ᠬᠠᠲᠠᠭᠤ ᠬᠢᠵᠠᠭ᠋ᠠᠷᠯᠠᠯ᠎ᠢ ᠴᠢᠩᠭ᠋ᠠᠷᠠᠭᠤᠯᠤᠨ᠂ ᠤᠰᠤ ᠠᠪᠬᠤ ᠵᠥᠪᠰᠢᠶᠡᠷᠡᠯ᠎ᠤᠨ ᠬᠢᠨᠠᠨ ᠵᠥᠪᠰᠢᠶᠡᠷᠡᠯ᠎ᠢ ᠴᠢᠩᠳᠠᠯᠠᠵᠤ᠂ ᠲᠥᠯᠥᠪᠯᠡᠭᠡ᠎ᠲᠠᠢ᠎ᠪᠠᠷ ᠤᠰᠤ ᠬᠡᠷᠡᠭᠯᠡᠬᠦ ᠬᠠᠮᠢᠶᠠᠷᠤᠯᠲᠠ ᠵᠢ ᠴᠢᠩᠭ᠋ᠠᠳᠬᠠᠨ᠂ ᠤᠰᠤ ᠠᠷᠪᠢᠯᠠᠬᠤ ᠦᠨᠡᠯᠡᠯᠲᠡ ᠵᠢᠨ ᠲᠦᠷᠢᠮ᠎ᠢ ᠨᠠᠶ᠋ᠢᠳᠠᠪᠤᠷᠢᠵᠢᠭᠤᠯᠵᠤ ᠪᠠᠶ᠋ᠢᠨ᠎ᠠ; ᠬᠠᠮᠢᠶ᠎ᠠ ᠪᠥᠬᠦᠶ ᠰᠠᠯᠠᠭ᠎ᠠ ᠮᠥᠴᠢᠷ᠎ᠢ ᠵᠣᠬᠢᠴᠠᠭᠤᠯᠵᠤ ᠪᠠᠶ᠋ᠢᠭ᠋ᠠᠳ ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠎ᠢ ᠨᠡᠮᠡᠭᠳᠡᠭᠦᠯᠬᠦ᠂ ᠠᠵᠤ ᠦᠢ᠍ᠯᠡᠳᠪᠦᠷᠢ ᠵᠢᠨ ᠤᠰᠤ ᠠᠷᠪᠢᠯᠠᠵᠤ ᠪᠣᠬᠢᠷᠲᠤᠯ᠎ᠢ ᠪᠠᠭ᠋ᠠᠰᠬᠠᠬᠤ᠂ ᠬᠤᠲᠠ ᠪᠠᠯᠭ᠋ᠠᠰᠤᠨ᠎ᠤ ᠤᠰᠤ ᠠᠷᠪᠢᠯᠠᠵᠤ ᠬᠤᠬᠢᠷᠠᠯ᠎ᠢ ᠪᠠᠭ᠋ᠠᠰᠬᠠᠬᠤ ᠵᠢ ᠶᠡᠭᠡ᠎ᠪᠠᠷ ᠠᠬᠢᠭᠤᠯᠵᠤ᠂ ᠬᠠᠲᠤᠨ ᠭᠤᠤᠯ᠎ᠤᠨ ᠰᠠᠪᠠ ᠭᠠᠵᠠᠷ᠎ᠤᠨ ᠤᠰᠤ ᠠᠷᠪᠢᠯᠠᠵᠤ ᠤᠰᠤ ᠵᠢ ᠬᠢᠵᠠᠭ᠋ᠠᠷᠯᠠᠬᠤ ᠪᠡᠷᠬᠡ ᠰᠡᠳᠦᠪ᠎ᠢ ᠰᠢᠢ᠍ᠳᠪᠦᠷᠢᠯᠡᠬᠦ ᠲᠡᠶ᠋ᠢᠨ᠎ᠢ ᠰᠠᠶ᠋ᠢᠲᠤᠷ ᠬᠢᠵᠦ᠂ ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠤᠨ ᠪᠠᠷᠢᠮᠵᠢᠶᠠᠵᠢᠭᠤᠯᠬᠤ ᠪᠠᠶ᠋ᠢᠭᠤᠯᠤᠯᠲᠠ ᠵᠢ ᠦᠷᠭᠦᠯᠵᠢᠯᠡᠨ ᠠᠬᠢᠭᠤᠯᠵᠤ᠂ ᠡᠯ᠎ᠡ ᠲᠥᠷᠥᠯ᠎ᠤᠨ ᠤᠰᠤ ᠠᠷᠪᠢᠯᠠᠬᠤ ᠠᠴᠢᠶᠠᠯᠠᠪᠤᠷᠢ ᠵᠢᠨ ᠪᠠᠶ᠋ᠢᠭᠤᠯᠤᠯᠲᠠ ᠵᠢ ᠨᠢᠭᠡᠳᠦᠯᠲᠡᠶ ᠲᠥᠯᠥᠪᠯᠡᠨ᠎ᠡ; ᠶᠡᠷᠦ ᠪᠤᠰᠤ ᠵᠢᠨ ᠤᠰᠤ ᠵᠢ ᠳᠣᠭᠢᠷᠠᠭᠤᠯᠤᠨ ᠠᠰᠢᠭᠯᠠᠬᠤ ᠡᠷᠴᠢᠮ᠎ᠢ ᠴᠢᠩᠭ᠋ᠠᠷᠠᠭᠤᠯᠵᠤ᠂ ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ᠂ ᠦᠬᠠᠶ ᠬᠤᠲᠠ ᠵᠢᠨ ᠨᠡᠶ᠋ᠢᠲᠡᠯᠢᠭ ᠭᠠᠵᠠᠷ ᠣᠷᠣᠨ᠎ᠤ ᠳᠠᠬᠢᠯᠲᠠ ᠤᠰᠤ ᠵᠢ ᠠᠰᠢᠭᠯᠠᠨ ᠳᠣᠭᠢᠷᠠᠭᠤᠯᠬᠤ ᠲᠤᠷᠰᠢᠯᠲᠠ ᠵᠢᠨ ᠴᠡᠭ᠎ᠤᠨ ᠪᠥᠲᠥᠭᠡᠨ ᠪᠠᠶ᠋ᠢᠭᠤᠯᠤᠯᠲᠠ ᠵᠢ ᠴᠢᠨᠠᠷ ᠰᠠᠶ᠋ᠢᠲᠠᠶ ᠳᠥᠯᠭᠢᠨ ᠠᠬᠢᠭᠤᠯᠤᠨ᠎ᠠ; ᠤᠰᠤ ᠠᠷᠪᠢᠯᠠᠬᠤ ᠮᠡᠷᠭᠡᠵᠢᠯ᠎ᠢ ᠳᠡᠯᠭᠡᠷᠡᠭᠦᠯᠦᠨ ᠬᠡᠷᠡᠭᠯᠡᠬᠦ ᠵᠢ ᠴᠢᠩᠭ᠋ᠠᠳᠬᠠᠵᠤ᠂ ᠭᠡᠷ᠎ᠡ ᠵᠢᠨ ᠤᠰᠤ ᠠᠷᠪᠢᠯᠠᠬᠤ ᠪᠠ 《ᠤᠰᠤ ᠠᠷᠪᠢᠯᠠᠬᠤ ᠵᠢᠭᠡᠯᠡᠯᠭᠡ》 ᠵᠢᠨ ᠪᠠᠯᠠ ᠲᠣᠬᠢᠷᠠᠭᠤᠯᠬᠤ ᠦᠢ᠍ᠯᠡᠴᠢᠯᠡᠭᠡᠨ᠎ᠤ ᠵᠠᠭᠪᠤᠷ᠎ᠢ ᠳᠡᠯᠭᠡᠷᠡᠭᠦᠯᠦᠨ᠂ ᠤᠰᠤ ᠠᠷᠪᠢᠯᠠᠬᠤ ᠠᠵᠤ ᠦᠢ᠍ᠯᠡᠰ᠎ᠢ ᠢᠳᠡᠪᠬᠢᠲᠡᠶ᠎ᠪᠠᠷ ᠪᠤᠶ᠋ᠢᠵᠢᠭᠤᠯᠤᠨ ᠪᠤᠵᠠᠭ᠋ᠠᠶ᠋ᠢᠷᠠᠭᠤᠯᠤᠨ᠎ᠠ᠃

 

ᠢᠷᠡᠯᠲᠡ᠄ ᠳᠤᠮᠳᠠᠳᠤ ᠤᠯᠤᠰ᠎ᠤᠨ ᠤᠰᠤᠨ ᠠᠰᠢᠭᠯᠠᠯᠲᠠ ᠵᠢᠨ ᠰᠣᠨᠢᠨ
          
ᠬᠠᠮᠢᠶ᠎ᠡ ᠪᠦᠬᠦᠢ ᠰᠣᠨᠢᠨ
ᠦᠶᠡᠷ᠎ᠤᠨ ᠬᠤᠭᠤᠴᠠᠭ᠋ᠠᠨ᠎ᠳᠤ ᠠᠭᠤᠯᠠᠨ ᠦᠶᠡᠷ᠎ᠤᠨ ᠭᠠᠮᠰᠢᠭ᠎ᠢ ᠬᠡᠷᠬᠢᠨ ᠰᠡᠷᠭᠡᠢ᠌ᠯᠡᠨ ᠠᠷᠭ᠋ᠠᠴᠠᠬᠤ ᠪᠣᠢ — ᠡᠳᠡᠭᠡᠷ ᠭᠠᠮᠰᠢᠭ᠎ᠢ ᠰᠡᠷᠭᠡᠢ᠌ᠯᠡᠵᠦ ᠠᠶᠤᠯ᠎ᠠᠴᠠ ᠵᠠᠢ᠌ᠯᠠᠬᠤ ᠮᠡᠳᠡᠯᠭᠡ ᠵᠢ ᠬᠤᠷᠳᠤᠨ ᠰᠤᠷᠤᠯᠴᠠᠶ᠎ᠠ!
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠤᠤᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠠᠯᠪᠠᠨ ᠬᠡᠷ ᠣᠯᠠᠨ ᠰᠠᠯᠠᠭ᠎ᠠ ᠮᠥᠴᠢᠷ᠎ᠲᠠᠢ ᠬᠤᠯᠪᠣᠭ᠋ᠠᠯᠠᠨ ᠭᠤᠤᠯ ᠮᠥᠷᠡᠨ ᠨᠠᠭᠤᠷ ᠴᠥᠭᠦᠷᠥᠮ᠎ᠢ ᠬᠠᠮᠢᠶᠠᠷᠬᠤ ᠪᠠ ᠬᠠᠮᠠᠭ᠋ᠠᠯᠠᠬᠤ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
 
            