ᠦᠨᠦᠳᠦᠷ ᠪᠤᠯ ᠳᠤᠯᠤᠳᠤᠭ᠋ᠠᠷ 《ᠳᠤᠮᠳᠠᠳᠤ ᠤᠯᠤᠰ᠎ᠤᠨ ᠳᠠᠷᠢᠶᠠᠴᠢᠳ᠎ᠤᠨ ᠡᠯᠪᠡᠭ ᠬᠤᠷᠢᠶᠠᠯᠲᠠ ᠵᠢᠨ ᠪᠠᠶᠠᠷ》 ᠪᠤᠯᠤᠨ᠎ᠠ᠃
ᠳᠤᠮᠳᠠᠳᠤ ᠤᠯᠤᠰ᠎ᠤᠨ ᠲᠠᠷᠢᠶᠠᠴᠢᠳ᠎ᠤᠨ ᠡᠯᠪᠡᠭ ᠬᠤᠷᠢᠶᠠᠯᠲᠠ ᠵᠢᠨ ᠪᠠᠶᠠᠷ ᠪᠣᠯ ᠶᠡᠷᠦᠩᠬᠡᠢ ᠱᠦᠵᠢ ᠰᠢ ᠵᠢᠨ ᠫᠢᠩ᠎ᠤᠨ ᠪᠡᠶ᠎ᠡ᠎ᠪᠠᠷ ᠵᠶ᠋ᠠᠨ ᠲᠦᠯᠬᠢᠨ ᠠᠬᠢᠭᠤᠯᠵᠤ ᠪᠠᠶ᠋ᠢᠭᠤᠯᠤᠭᠰᠠᠨ ᠠᠩᠬᠠᠳᠠᠭᠴᠢ ᠤᠯᠤᠰ᠎ᠤᠨ ᠳᠡᠰ᠎ᠤᠨ ᠳᠠᠪᠬᠤᠷᠭ᠎ᠠ ᠲᠤᠰᠬᠠᠶ᠋ᠢᠯᠠᠨ ᠲᠠᠷᠢᠶᠠᠴᠢᠳ᠎ᠲᠤ ᠪᠠᠶ᠋ᠢᠭᠤᠯᠤᠭᠰᠠᠨ ᠬᠠᠤᠯᠢ᠎ᠪᠠᠷ ᠲᠣᠭᠲᠠᠭ᠋ᠠᠭᠰᠠᠨ ᠪᠠᠶᠠᠷ᠎ᠤᠨ ᠡᠳᠦᠷ ᠮᠥᠨ᠃

ᠬᠠᠪᠤᠷ ᠨᠢᠭᠡ ᠮᠦᠬᠦᠯᠢᠭ ᠨᠠᠷᠢᠮᠤ ᠲᠠᠷᠢᠵᠤ ᠨᠠᠮᠤᠷ ᠲᠦᠮᠡᠨ ᠮᠦᠬᠦᠯᠢᠭ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ᠎ᠨᠢ 《ᠤᠯᠤᠰ᠎ᠤᠨ ᠶᠡᠭᠡ ᠶᠠᠪᠤᠳᠠᠯ》 ᠪᠤᠯᠤᠨ᠎ᠠ
ᠶᠡᠷᠦᠩᠬᠡᠶ ᠱᠦᠵᠢ ᠰᠢ ᠵᠢᠨ ᠫᠢᠩ ᠠᠮᠤ ᠪᠤᠳᠠᠭ᠎ᠠ ᠪᠠ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠤ ᠲᠣᠭᠲᠠᠭᠤᠨ ᠠᠮᠤᠷ ᠲᠦᠪᠰᠢᠨ ᠬᠠᠩᠭ᠋ᠠᠯᠭ᠎ᠠ ᠵᠢ ᠪᠠᠲᠤᠯᠠᠬᠤ ᠪᠣᠯ ᠢᠮᠠᠭᠲᠠ ᠲᠠᠷᠢᠶᠠᠯᠠᠩ᠎ᠤᠨ ᠬᠦᠴᠦᠷᠬᠡᠭ ᠤᠯᠤᠰ᠎ᠢ ᠪᠥᠲᠥᠭᠡᠨ ᠪᠠᠶ᠋ᠢᠭᠤᠯᠬᠤ ᠵᠢᠨ ᠲᠡᠷᠢᠭᠦᠨ ᠴᠢᠬᠤᠯᠠ ᠶᠠᠪᠤᠳᠠᠯ ᠮᠥᠨ ᠭᠡᠵᠦ ᠴᠢᠬᠤᠯᠠᠴᠢᠯᠠᠪᠠ᠃
ᠮᠠᠨ᠎ᠤ ᠤᠯᠤᠰ᠎ᠤᠨ ᠬᠥᠮᠥᠨ ᠣᠯᠠᠨ ᠭᠠᠵᠠᠷ ᠴᠥᠭᠡᠨ ᠤᠰᠤ ᠭᠠᠩ᠎ᠤᠨ ᠭᠠᠮᠰᠢᠭ ᠣᠯᠠᠨ ᠭᠠᠷᠴᠤ ᠤᠰᠤ ᠰᠢᠷᠣᠢ ᠵᠢᠨ ᠡᠬᠢ ᠪᠠᠶᠠᠯᠢᠭ ᠲᠣᠬᠢᠷᠠᠯᠴᠠᠬᠤ ᠦᠭᠡᠢ ᠪᠠᠢ᠌ᠬᠤ᠂ ᠤᠰᠤᠨ ᠠᠰᠢᠭᠯᠠᠯᠲᠠ᠎ᠨᠢ ᠠᠮᠤ ᠪᠤᠳᠠᠭ᠋ᠠᠨ᠎ᠤ ᠦᠢ᠍ᠯᠡᠳᠪᠦᠷᠢᠯᠡᠯ ᠪᠠ ᠲᠠᠷᠢᠶᠠᠯᠠᠩ ᠬᠥᠳᠡᠭᠡ ᠲᠣᠰᠬᠣᠨ᠎ᠤ ᠬᠥᠭᠵᠢᠯᠲᠡ ᠵᠢ ᠪᠠᠲᠤᠯᠠᠬᠤ᠎ᠳᠤ ᠲᠤᠢ᠌ᠯ᠎ᠤᠨ ᠴᠢᠬᠤᠯᠠ ᠦᠢ᠍ᠯᠡᠳᠦᠯ᠎ᠲᠠᠢ ᠪᠠᠢ᠌ᠬᠤ ᠵᠢ ᠲᠣᠭᠲᠠᠭ᠋ᠠᠪᠠ᠃

ᠲᠠᠷᠢᠶᠠᠯᠠᠩ᠎ᠤᠨ ᠡᠯᠪᠡᠭ ᠬᠤᠷᠢᠶᠠᠯᠲᠠ ᠣᠯᠬᠤ᠎ᠨᠢ ᠤᠰᠤᠨ ᠠᠰᠢᠭᠯᠠᠯᠲᠠ ᠵᠢᠨ ᠪᠠᠲᠤᠯᠠᠭ᠎ᠠ᠎ᠠᠴᠠ ᠰᠠᠯᠵᠤ ᠴᠢᠳᠠᠬᠤ ᠦᠭᠡᠢ
ᠤᠰᠤᠨ ᠠᠰᠢᠭᠯᠠᠯᠲᠠ ᠵᠢᠨ ᠶᠠᠮᠤᠨ ᠶᠡᠷᠦᠩᠬᠡᠢ ᠱᠦᠵᠢ ᠰᠢ ᠵᠢᠨ ᠫᠢᠩ᠎ᠤᠨ ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ᠂ ᠣᠷᠣᠨ ᠵᠠᠢ ᠵᠢ ᠲᠡᠩᠴᠡᠭᠦᠷᠢᠲᠡᠢ ᠰᠢᠰᠲ᠋ᠧᠮ᠎ᠲᠠᠢ ᠵᠠᠰᠠᠬᠤ᠂ ᠬᠤᠶᠠᠷ ᠲᠠᠯ᠎ᠠ᠎ᠪᠠᠷ ᠬᠦᠴᠦᠯᠡᠵᠦ ᠤᠰᠤ ᠵᠢ ᠵᠠᠰᠠᠬᠤ ᠰᠡᠳᠬᠢᠴᠡ ᠪᠠ ᠤᠰᠤ ᠵᠢ ᠵᠠᠰᠠᠬᠤ ᠲᠤᠬᠠᠢ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠵᠢ ᠭᠦᠨᠵᠡᠭᠡᠢ ᠦᠢ᠍ᠯᠡᠳᠦᠯᠭᠡᠵᠢᠭᠦᠯᠵᠦ᠂ ᠠᠮᠤ ᠪᠤᠳᠠᠭ᠋ᠠᠨ᠎ᠤ ᠠᠮᠤᠷ ᠲᠦᠪᠰᠢᠨ᠎ᠤ ᠤᠰᠤᠨ ᠠᠰᠢᠭᠯᠠᠯᠲᠠ ᠵᠢᠨ ᠰᠠᠭᠤᠷᠢ ᠵᠢ ᠲᠠᠰᠤᠷᠠᠯᠲᠠ ᠦᠭᠡᠢ ᠪᠠᠬᠢᠵᠢᠭᠦᠯᠪᠡ᠃
ᠤᠰᠤᠨ ᠠᠰᠢᠭᠯᠠᠯᠲᠠ ᠪᠣᠯ ᠲᠠᠷᠢᠶᠠᠯᠠᠩ᠎ᠤᠨ ᠠᠮᠢᠨ ᠰᠤᠳᠠᠰᠦ ᠮᠦᠨ᠂ ᠤᠰᠤᠯᠠᠯᠲᠠ ᠵᠢᠨ ᠣᠷᠣᠨ ᠪᠣᠯ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠭᠤᠤᠯ ᠬᠦᠴᠦᠨ ᠴᠡᠷᠢᠭ᠂ ᠤᠰᠤᠨ ᠠᠰᠢᠭᠯᠠᠯᠲᠠ ᠵᠢᠨ ᠶᠠᠮᠤᠨ ᠤᠰᠤ ᠠᠷᠪᠢᠯᠠᠬᠤ ᠵᠢ ᠤᠷᠢᠳ ᠵᠶ᠋ᠠᠷ ᠪᠣᠳᠣᠯᠬᠢᠯᠠᠬᠤ ᠴᠢᠭᠯᠡᠯᠲᠡ ᠵᠢ ᠪᠠᠷᠢᠮᠲᠠᠯᠠᠨ ᠤᠰᠤ ᠠᠪᠬᠤ ᠵᠥᠪᠰᠢᠶᠡᠷᠡᠯ᠎ᠢ ᠠᠬᠢᠭᠤᠯᠵᠤ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢ ᠡᠵᠡᠮᠳᠡᠬᠦ ᠪᠠ ᠨᠣᠷᠮ᠎ᠠ ᠲᠣᠭᠲᠠᠭ᠋ᠠᠨ ᠬᠠᠮᠢᠶᠠᠷᠬᠤ ᠵᠢ ᠠᠬᠢᠭᠤᠯᠵᠤ ᠤᠰᠤᠯᠠᠯᠲᠠ ᠵᠢᠨ ᠣᠷᠣᠨ᠎ᠤ ᠤᠰᠤ ᠠᠷᠪᠢᠯᠠᠬᠤ ᠥᠭᠡᠷᠡᠴᠢᠯᠡᠯᠲᠡ ᠵᠢ ᠥᠷᠨᠢᠭᠦᠯᠵᠦ᠂ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠵᠢᠨ ᠮᠡᠷᠭᠡᠵᠢᠯ᠎ᠤᠨ ᠲᠠᠷᠢᠶᠠᠨ ᠭᠠᠵᠠᠷ᠎ᠤᠨ ᠤᠰᠤᠯᠠᠯᠲᠠ ᠵᠢᠨ ᠮᠦ᠍ ᠪᠦᠷᠢ ᠵᠢᠨ ᠳᠤᠮᠳᠠᠴᠢ ᠤᠰᠤ ᠬᠡᠷᠡᠭᠯᠡᠬᠦ ᠬᠡᠮᠵᠢᠶ᠎ᠡ ᠵᠢ 2014 ᠣᠨ᠎ᠳᠤ 402 ᠪᠣᠰᠤᠭ᠎ᠠ ᠳᠥᠷᠪᠡᠯᠵᠢᠨ ᠮᠸᠲᠷ ᠪᠠᠶ᠋ᠢᠭᠰᠠᠨ᠎ᠠᠴᠠ᠎ᠪᠠᠨ ᠪᠠᠭᠤᠷᠠᠭ᠋ᠠᠳ 2023 ᠣᠨ ᠪᠣᠯᠬᠤ᠎ᠳᠤ 347 ᠪᠣᠰᠤᠭ᠎ᠠ ᠳᠥᠷᠪᠡᠯᠵᠢᠨ ᠮᠧᠲᠷ ᠪᠤᠯᠵᠦ᠂14 ᠵᠠᠭᠤᠨ᠎ᠤ ᠨᠢᠭᠡᠴᠢ ᠳᠤᠷᠤᠭᠰᠢᠯᠠᠵᠤ ᠂ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠤᠰᠤ ᠬᠡᠷᠡᠭᠯᠡᠬᠦ ᠵᠥᠷᠢᠴᠡᠯ᠎ᠢ ᠪᠦᠲᠦᠮᠵᠢᠲᠡᠶ ᠨᠠᠮᠳᠠᠭᠤᠯᠪᠠ ᠂ ᠠᠮᠤ ᠪᠤᠳᠠᠭ᠋ᠠᠨ᠎ᠤ ᠶᠡᠷᠦᠩᠬᠡᠢ ᠤᠨᠠᠯᠲᠠ ᠲᠣᠭᠲᠠᠭᠤᠨ ᠵᠶ᠋ᠠᠷ ᠨᠡᠮᠡᠭᠳᠡᠵᠦ ᠪᠠᠢ᠌ᠭ᠎ᠠ ᠪᠠᠢ᠌ᠳᠠᠯ ᠳᠣᠣᠷ᠎ᠠ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠤᠰᠤ ᠬᠡᠷᠡᠭᠯᠡᠬᠦ ᠵᠥᠷᠢᠴᠡᠯ᠎ᠢ ᠪᠦᠲᠦᠮᠵᠢᠲᠡᠶ ᠨᠠᠮᠳᠠᠭᠤᠯᠪᠠ᠃
ᠪᠦᠬᠦ ᠤᠯᠤᠰ᠎ᠤᠨ ᠲᠠᠷᠢᠶᠠᠯᠠᠩ᠎ᠤᠨ ᠤᠰᠤᠯᠠᠯᠲᠠ᠎ᠳᠤ ᠬᠡᠷᠡᠭᠯᠡᠬᠦ ᠤᠰᠤᠨ᠎ᠤ ᠶᠡᠷᠦᠩᠬᠡᠢ ᠬᠡᠮᠵᠢᠶ᠎ᠡ ᠦᠴᠦᠬᠡᠨ ᠴᠤ᠌ ᠨᠡᠮᠡᠭᠳᠡᠭᠰᠡᠨ ᠦᠭᠡᠢ
ᠣᠯᠠᠨ ᠵᠢᠯ᠎ᠤᠨ ᠴᠢᠷᠮᠠᠢ᠌ᠯᠭ᠎ᠠ᠎ᠪᠠᠷ ᠳᠡᠮᠵᠢᠨ ᠪᠥᠬᠥ ᠤᠯᠤᠰ᠎ᠲᠤ ᠨᠢᠭᠡᠨᠲᠡ ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠤ 7300 ᠭᠠᠷᠤᠢ ᠬᠥᠭᠡᠷᠭᠡ ᠵᠢᠨ ᠥᠷᠲᠡᠭᠡ᠂ ᠮᠠᠰᠢᠨ ᠬᠤᠳᠳᠤᠭ᠂ ᠴᠥᠭᠥᠷᠥᠮ ᠵᠡᠷᠭᠡ ᠡᠯ᠎ᠡ ᠲᠥᠷᠥᠯ᠎ᠤᠨ ᠵᠢᠵᠢᠭ ᠬᠡᠯᠪᠡᠷᠢ ᠵᠢᠨ ᠲᠠᠷᠢᠶᠠᠯᠠᠩ᠎ᠤᠨ ᠤᠰᠤᠨ ᠠᠰᠢᠭᠯᠠᠯᠲᠠ ᠵᠢᠨ ᠢᠨᠵᠧᠨᠧᠷᠢᠩ᠎ᠤᠨ 2200 ᠭᠠᠷᠤᠢ ᠲᠦᠮᠡᠨ ᠪᠥᠬᠥ ᠤᠯᠤᠰ᠎ᠤᠨ ᠲᠠᠷᠢᠶᠠᠨ ᠭᠠᠵᠠᠷ᠎ᠤᠨ ᠤᠰᠤᠯᠠᠯᠲᠠ ᠵᠢᠨ ᠲᠠᠯᠠᠪᠠᠶ 10.75 ᠳ᠋ᠦᠩᠰᠢᠭᠤᠷ ᠮᠦ᠍᠎ᠳᠤ ᠬᠦᠷᠴᠦ᠂ ᠪᠥᠬᠥ ᠤᠯᠤᠰ᠎ᠤᠨ 56% ᠵᠢ ᠡᠵᠡᠯᠡᠬᠦ ᠲᠠᠷᠢᠶᠠᠨ ᠭᠠᠵᠠᠷ᠎ᠤᠨ ᠤᠰᠤᠯᠠᠯᠲᠠ ᠵᠢᠨ ᠲᠠᠯᠠᠪᠠᠶ ᠳᠡᠭᠡᠷ᠎ᠡ ᠪᠥᠬᠥ ᠤᠯᠤᠰ᠎ᠤᠨ 77% ᠵᠢᠨ ᠠᠮᠤ ᠪᠤᠳᠠᠭ᠎ᠠ ᠪᠠ 90%᠎ᠠᠴᠠ ᠳᠡᠭᠡᠭᠰᠢᠬᠢ ᠠᠵᠤ ᠠᠬᠤᠢ ᠵᠢᠨ ᠲᠠᠷᠢᠮᠠᠯ᠎ᠢ ᠦᠢ᠍ᠯᠡᠳᠪᠦᠷᠢᠯᠡᠵᠦ᠂ ᠳᠤᠮᠳᠠᠳᠤ ᠤᠯᠤᠰ᠎ᠤᠨ ᠪᠤᠳᠠᠭ᠋ᠠᠨ ᠠᠶᠠᠭ᠎ᠠ ᠵᠢ ᠪᠡᠬᠢᠯᠡᠬᠦ᠎ᠳᠤ ᠪᠠᠲᠤ ᠪᠡᠬᠢ ᠰᠠᠭᠤᠷᠢ ᠲᠠᠯᠪᠢᠪᠠ᠃
(《ᠳᠤᠮᠳᠠᠳᠤ ᠤᠯᠤᠰ᠎ᠤᠨ ᠤᠰᠤᠨ ᠠᠰᠢᠭᠯᠠᠯᠲᠠ》 ᠠᠴᠠ ᠰᠢᠯᠵᠢᠭᠦᠯᠪᠡ)