ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ᠎ᠶᠢᠨ ᠲᠢᠩᠬᠢᠮ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠤᠨᠤᠯ ᠰᠤᠷᠤᠯᠴᠠᠬᠤ ᠭᠣᠣᠯ ᠳᠤᠭᠤᠶ᠋ᠢᠯᠠᠩ ( ᠥᠷᠭᠡᠳᠬᠡᠭᠰᠡᠨ )᠎ᠤᠨ ᠠᠷᠪᠠᠨ ᠬᠣᠶᠠᠳᠤᠭᠠᠷ ᠤᠳᠠᠭ᠎ᠠ᠎ᠶᠢᠨ ᠬᠠᠮᠲᠤ᠎ᠶᠢᠨ ᠰᠤᠷᠤᠯᠴᠠᠯᠭ᠎ᠠ ᠵᠢᠴᠢ 《 ᠤᠮᠠᠷᠠᠲᠤ ᠬᠢᠯᠢ᠎ᠶᠢ ᠠᠭᠤᠰᠤᠯᠴᠠᠭᠤᠯᠤᠨ ᠴᠣᠭᠴᠠᠯᠠᠵᠤ᠂ ᠰᠡᠳᠬᠢᠯ ᠨᠢᠭᠡᠳᠦᠨ ᠨᠠᠮ᠎ᠳᠠᠭᠠᠨ ᠬᠠᠨᠳᠤᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠶ᠋ᠢᠭᠤᠯᠤᠯᠲᠠ᠎ᠶᠢ ᠠᠬᠢᠭᠤᠯᠬᠤ 》 ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-10-22

      9 ᠳ᠋ᠦ᠍ᠭᠡᠷ ᠰᠠᠷ᠎ᠠ᠎ᠶᠢᠨ 23᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ᠎ᠶᠢᠨ ᠲᠢᠩᠬᠢᠮ ᠲᠢᠩᠬᠢᠮ᠎ᠦᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ᠎ᠤᠨ ᠰᠤᠷᠤᠯᠴᠠᠯᠭ᠎ᠠ᠎ᠶᠢᠨ ᠭᠣᠥᠯ ᠳᠤᠭᠤᠶ᠋ᠢᠯᠠᠩ ( ᠥᠷᠭᠡᠳᠬᠡᠭᠰᠡᠨ )᠎ᠤᠨ ᠠᠷᠪᠠᠨ ᠬᠣᠶᠠᠳᠤᠭᠠᠷ ᠤᠳᠠᠭᠠᠨ᠎ᠤ ᠬᠠᠮᠲᠤ᠎ᠶᠢᠨ ᠰᠤᠷᠤᠯᠴᠠᠯᠭ᠎ᠠ ᠵᠢᠴᠢ 《 ᠤᠮᠠᠷᠠᠲᠤ ᠬᠢᠯᠢ᠎ᠶᠢ ᠠᠭᠤᠰᠤᠯᠴᠠᠭᠤᠯᠤᠨ ᠴᠣᠭᠴᠠᠯᠠᠵᠤ᠂ ᠰᠡᠳᠬᠢᠯ ᠨᠢᠭᠡᠳᠦᠨ ᠨᠠᠮ᠎ᠳᠠᠭᠠᠨ ᠬᠠᠨᠳᠤᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠶ᠋ᠢᠭᠤᠯᠤᠯᠲᠠ᠎ᠶᠢ ᠳᠥᠯᠭᠢᠨ ᠠᠬᠢᠭᠤᠯᠬᠤ 》 ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠲᠢᠩᠬᠢᠮ᠎ᠦᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠱᠧᠩ ᠰᠢᠶᠤᠤ ᠶᠢᠦ ᠬᠤᠷᠠᠯ᠎ᠢ ᠡᠷᠭᠢᠯᠡᠵᠦ ᠶᠠᠷᠢᠶ᠎ᠠ ᠲᠠᠯᠪᠢᠪᠠ᠃
      ᠬᠤᠷᠠᠯ ᠳᠡᠭᠡᠷ᠎ᠡ᠂ ᠶᠡᠷᠦᠩᠬᠡᠢ ᠱᠦᠵᠢ ᠰᠢ᠎ᠶᠢᠨ ᠫᠢᠩ᠎ᠤᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠲᠤᠬᠠᠢ ᠴᠢᠬᠤᠯᠠ ᠥᠭᠦᠯᠡᠯᠲᠡ᠂ ᠠᠶᠤᠯᠭᠦᠢ ᠦᠢᠯᠡᠳᠪᠦᠷᠢᠯᠡᠯ᠎ᠦᠨ ᠬᠠᠷᠢᠭᠤᠴᠠᠯᠭ᠎ᠠ᠎ᠶᠢᠨ ᠲᠦᠷᠢᠮ᠎ᠦᠨ ᠲᠣᠭᠲᠠᠭᠠᠯ ᠵᠢᠴᠢ ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠎ᠤᠨ ᠬᠠᠷᠢᠭᠤᠴᠠᠯᠭ᠎ᠠ᠎ᠶᠢᠨ ᠲᠦᠷᠢᠮ ᠵᠡᠷᠭᠡ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠢ ᠲᠥᠪᠯᠡᠷᠡᠩᠭᠦᠢ ᠰᠤᠷᠤᠯᠴᠠᠬᠤ᠎ᠶᠢᠨ ᠬᠠᠮᠲᠤ 《 ᠤᠮᠠᠷᠠᠲᠤ ᠬᠢᠯᠢ᠎ᠶᠢ ᠠᠭᠤᠰᠤᠯᠴᠠᠭᠤᠯᠤᠨ ᠴᠣᠭᠴᠠᠯᠠᠵᠤ᠂ ᠰᠡᠳᠬᠢᠯ ᠨᠢᠭᠡᠳᠦᠨ ᠨᠠᠮ᠎ᠳᠠᠭᠠᠨ ᠬᠠᠨᠳᠤᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠶ᠋ᠢᠭᠤᠯᠤᠯᠲᠠ᠎ᠶᠢ ᠠᠬᠢᠭᠤᠯᠬᠤ 》 ᠪᠡᠷ ᠭᠣᠣᠯ ᠰᠡᠳᠦᠪ ᠪᠣᠯᠭᠠᠨ ᠲᠤᠰᠬᠠᠢ ᠰᠡᠳᠦᠪᠲᠦ ᠰᠤᠳᠤᠯᠤᠨ ᠶᠠᠷᠢᠯᠴᠠᠭ᠎ᠠ ᠰᠣᠯᠢᠯᠴᠠᠭ᠎ᠠ ᠥᠷᠨᠢᠭᠦᠯᠵᠡᠢ᠃ ᠲᠢᠩᠬᠢᠮ᠎ᠦᠨ ᠤᠳᠤᠷᠢᠳᠬᠤ ᠪᠠᠭ᠎ᠤᠨ ᠪᠦᠷᠢᠯᠳᠦᠬᠦᠨ ᠨᠡᠷ ᠰᠠᠨᠠᠯ᠎ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠪᠤᠰᠤᠳ ᠣᠨᠣᠯ᠎ᠤᠨ ᠰᠤᠷᠤᠯᠴᠠᠯᠭ᠎ᠠ᠎ᠶᠢᠨ ᠭᠣᠥᠯ ᠳᠤᠭᠤᠶ᠋ᠢᠯᠠᠩ᠎ᠤᠨ ᠪᠦᠷᠢᠯᠳᠦᠬᠦᠨ ᠨᠡᠷ ᠪᠢᠴᠢᠭ᠎ᠦᠨ ᠬᠡᠯᠪᠡᠷᠢ᠎ᠪᠡᠷ ᠰᠠᠨᠠᠯ᠎ᠢᠶᠠᠨ ᠰᠣᠯᠢᠯᠴᠠᠪᠠ᠃
      ᠬᠤᠷᠠᠯ᠎ᠠᠴᠠ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠣᠯᠤᠨ ᠨᠠᠮ᠎ᠤᠨ ᠭᠡᠰᠢᠭᠦᠨ ᠺᠠᠳ᠋ᠷ ᠶᠡᠷᠦᠩᠬᠡᠢ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠬᠠᠨ ᠰᠠᠶ᠋ᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠤᠨ ᠥᠪᠥᠷ ᠮᠣᠩᠭᠣᠯ᠎ᠳᠤ ᠥᠭᠭᠦᠭᠰᠡᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠦᠨᠳᠦᠰᠦᠲᠡᠨ᠎ᠦ ᠠᠵᠢᠯ᠎ᠤᠨ ᠵᠥᠪ ᠣᠨᠣᠪᠴᠢᠲᠠᠢ ᠤᠷᠤᠭᠰᠢᠯᠠᠯᠲᠠ᠎ᠶᠢᠨ ᠴᠢᠭᠯᠡᠯ᠎ᠢ ᠢᠮᠠᠭᠲᠠ ᠵᠥᠪ ᠡᠵᠡᠮᠳᠡᠬᠦ ᠬᠡᠷᠡᠭᠲᠡᠢ᠃ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠢ ᠦᠨᠡᠨ ᠬᠦ᠌ ᠡᠵᠡᠮᠳᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠵ᠎ᠠ᠎ᠶᠢᠨ 28 ᠵᠤᠷᠪᠤᠰ ᠪᠣᠳᠠᠲᠠᠢ ᠠᠷᠭ᠎ᠠ ᠬᠡᠮᠵᠢᠵ᠎ᠡ ᠪᠣᠯᠤᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠣᠳᠠᠲᠠᠢ ᠠᠵᠢᠯ᠎ᠤᠨ ᠬᠤᠪᠢᠶᠠᠷᠢᠯᠠᠯ᠎ᠤᠨ ᠲᠥᠰᠦᠯ ᠶᠣᠰᠣᠭᠠᠷ᠂ ᠠᠵᠢᠯ᠎ᠤᠨ ᠭᠣᠣᠯ ᠰᠢᠵᠢᠮ᠎ᠢ ᠢᠮᠠᠭᠲᠠ ᠤᠰᠤᠨ ᠠᠰᠢᠭᠯᠠᠯᠲᠠ᠎ᠶᠢᠨ ᠥᠭᠡᠷᠡᠴᠢᠯᠡᠯᠲᠡ ᠬᠥᠭᠵᠢᠯᠲᠡ᠎ᠶᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠪᠦᠬᠦ ᠶᠠᠪᠤᠴᠠ᠎ᠶᠢᠨ ᠡᠯ᠎ᠡ ᠲᠠᠯ᠎ᠠ᠎ᠳᠤ ᠲᠤᠭᠤᠰᠢᠯᠠᠭᠤᠯᠵᠤ᠂ 《 ᠨᠠᠮ᠎ᠤᠨ ᠠᠴᠢ᠎ᠶᠢ ᠮᠡᠳᠡᠷᠡᠵᠦ᠂ ᠨᠠᠮ᠎ᠤᠨ ᠦᠭᠡ᠎ᠶᠢ ᠰᠣᠨᠣᠰᠴᠤ᠂ ᠨᠠᠮ᠎ᠢᠶᠠᠨ ᠳᠠᠭᠠᠬᠤ 》 ᠤᠯᠠᠨ ᠲᠦᠮᠡᠨ᠎ᠦ ᠬᠥᠮᠦᠵᠢᠯ ᠦᠢᠯᠡᠳᠦᠯᠭᠡ᠎ᠶᠢᠨ ᠠᠵᠢᠯᠯᠠᠭ᠎ᠠ᠎ᠶᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ᠎ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠢᠮᠠᠭᠲᠠ 《 ᠲᠦᠷᠦ ᠬᠦᠷᠦᠨ᠎ᠤ ᠶᠡᠭᠡ ᠶᠠᠪᠤᠳᠠᠯ 》᠎ᠢ ᠪᠣᠳᠣᠯᠬᠢᠯᠠᠵᠤ᠂ ᠤᠰᠤᠨ ᠠᠰᠢᠭᠯᠠᠯᠲᠠ᠎ᠶᠢᠨ ᠴᠢᠨᠠᠷ ᠰᠠᠶ᠋ᠢᠲᠠᠢ ᠬᠥᠭᠵᠢᠯᠲᠡ᠎ᠶᠢ ᠡᠷᠡᠰ ᠭᠤᠶ᠋ᠢᠪᠢᠰᠢ ᠦᠭᠡᠢ ᠠᠬᠢᠭᠤᠯᠵᠤ᠂ ᠪᠦᠬᠦ ᠣᠷᠣᠨ᠎ᠤ ᠠᠵᠤ ᠠᠬᠤᠢ ᠨᠡᠶ᠋ᠢᠭᠡᠮ᠎ᠦᠨ ᠬᠥᠭᠵᠢᠯᠲᠡ᠎ᠶᠢᠨ ᠶᠡᠬᠡ ᠲᠠᠯ᠎ᠠ ᠪᠣᠯᠤᠨ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠦᠢᠯᠡᠰ᠎ᠲᠦ ᠨᠡᠩ ᠪᠠᠲᠤ ᠪᠡᠬᠢ ᠤᠰᠤᠨ᠎ᠤ ᠠᠮᠤᠷ ᠲᠦᠪᠰᠢᠨ᠎ᠦ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
      ᠬᠤᠷᠠᠯ᠎ᠠᠴᠠ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠣᠯᠤᠨ ᠨᠠᠮ᠎ᠤᠨ ᠭᠡᠰᠢᠭᠦᠨ ᠤᠳᠤᠷᠢᠳᠬᠤ ᠺᠠᠳ᠋ᠷᠴᠤᠳ ᠠᠶᠤᠯᠭᠦᠶ ᠦᠢᠯᠡᠳᠪᠦᠷᠢᠯᠡᠯ᠎ᠦᠨ ᠴᠢᠬᠤᠯᠠ ᠶᠡᠬᠡ ᠠᠴᠢ ᠬᠣᠯᠪᠣᠭᠳᠠᠯ᠎ᠢ ᠭᠦᠢᠴᠡᠳ ᠲᠠᠨᠢᠵᠤ᠂ ᠠᠮᠤᠷ ᠲᠦᠪᠰᠢᠨ ᠬᠥᠭᠵᠢᠯᠲᠡ᠎ᠶᠢᠨ ᠣᠶ᠋ᠢᠯᠠᠭᠠᠭᠳᠠᠬᠤᠨ᠎ᠢ ᠪᠠᠲᠤ ᠪᠡᠬᠢ ᠪᠤᠶ ᠪᠣᠯᠭᠠᠵᠤ᠂ ᠨᠢᠭᠡᠳᠦᠯᠲᠡᠶ ᠲᠥᠯᠥᠪᠯᠡᠵᠦ ᠨᠡᠶ᠋ᠢᠲᠡ ᠳ᠋ᠦ᠍ᠨᠢ ᠬᠠᠷᠠᠭᠠᠯᠵᠠᠬᠤ᠎ᠶᠢ ᠪᠠᠷᠢᠮᠲᠠᠯᠠᠵᠤ᠂ ᠬᠥᠭᠵᠢᠯᠲᠡ ᠪᠣᠯᠤᠨ ᠠᠮᠤᠷ ᠲᠦᠪᠰᠢᠨ᠎ᠦ ᠬᠠᠷᠢᠴᠠᠭ᠎ᠠ᠎ᠶᠢ ᠰᠠᠶ᠋ᠢᠲᠤᠷ ᠰᠢᠶ᠋ᠳᠪᠦᠷᠢᠯᠡᠵᠦ᠂ ᠠᠶᠤᠯᠭᠦᠢ ᠦᠢᠯᠡᠳᠪᠦᠷᠢᠯᠡᠯ᠎ᠦᠨ ᠬᠠᠷᠢᠭᠤᠴᠠᠯᠭ᠎ᠠ᠎ᠶᠢ ᠱᠠᠳᠤ ᠱᠠᠳᠤ᠎ᠪᠠᠷ ᠪᠤᠳᠠᠳᠠᠢ ᠨᠠᠢᠳᠠᠪᠤᠷᠢᠵᠢᠭᠤᠯᠵᠤ᠂ 《 ᠭᠤᠷᠪᠠ᠎ᠶᠢ ᠬᠠᠮᠢᠶᠠᠷᠴᠤ ᠭᠤᠷᠪᠠ᠎ᠶᠢ ᠡᠷᠬᠡᠪᠰᠢ ᠭᠦᠢᠴᠡᠳᠬᠡᠬᠦ 》 ᠴᠢᠬᠤᠯᠠ ᠱᠠᠭᠠᠷᠳᠠᠯᠭ᠎ᠠ᠎ᠶᠢ ᠤᠷᠳᠤ ᠬᠤᠭᠤᠴᠠᠭ᠎ᠠ᠎ᠪᠠᠷ ᠰᠠᠶ᠋ᠢᠲᠤᠷ ᠨᠠᠶ᠋ᠢᠳᠠᠪᠤᠷᠢᠵᠢᠭᠤᠯᠵᠤ᠂ ᠠᠵᠢᠯ᠎ᠤᠨ ᠴᠢᠭᠯᠡᠭᠦᠯᠤᠯᠳᠤ ᠴᠢᠨᠠᠷ ᠪᠣᠯᠤᠨ ᠪᠦᠳᠤᠮᠵᠢᠳᠤ ᠴᠢᠨᠠᠷ᠎ᠢ ᠦᠨᠡᠨ ᠬᠦ᠌ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ᠎ᠦᠨ ᠦᠨᠳᠦᠰᠦ᠎ᠡᠴᠡ ᠨᠢ ᠵᠠᠰᠠᠬᠤ ᠪᠣᠭᠣᠮᠲᠠ ᠰᠢᠪᠲᠤᠯᠬᠤ ᠭᠤᠷᠪᠠᠨ ᠵᠢᠯ᠎ᠦᠨ ᠠᠵᠢᠯᠯᠠᠭ᠎ᠠ᠎ᠶᠢ ᠪᠣᠳᠠᠲᠠᠢ ᠭᠠᠵᠠᠷ ᠲᠤᠨᠢ ᠨᠠᠶ᠋ᠢᠳᠠᠪᠤᠷᠢᠵᠢᠭᠤᠯᠬᠤ᠎ᠶᠢ ᠦᠷᠭᠦᠯᠵᠢᠯᠡᠨ ᠠᠬᠢᠭᠤᠯᠵᠤ᠂ 《 ᠴᠠᠭ ᠢᠮᠠᠭᠲᠠ ᠰᠠᠨᠠᠭᠠᠰᠢᠷᠠᠵᠤ᠂ ᠦᠷᠬᠦᠯᠵᠢ ᠬᠢᠴᠢᠶᠡᠨ ᠪᠣᠯᠭᠣᠮᠵᠢᠯᠠᠬᠤ 》 ᠬᠠᠷᠢᠭᠤᠴᠠᠯᠭᠠᠲᠤ ᠰᠡᠳᠬᠢᠯᠭᠡ᠎ᠪᠡᠷ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠡᠷᠡᠰ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ᠎ᠠᠴᠠ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠣᠯᠤᠨ ᠨᠠᠮ᠎ᠤᠨ ᠭᠡᠰᠢᠭᠦᠨ ᠤᠳᠤᠷᠢᠳᠬᠤ ᠺᠠᠳ᠋ᠷ ᠦᠵᠡᠯ ᠰᠠᠨᠠᠭᠠᠨ᠎ᠤ ᠰᠠᠭᠤᠷᠢ᠎ᠪᠠᠨ ᠡᠷᠡᠰ ᠪᠠᠲᠤᠳᠬᠠᠵᠤ᠂ 《 ᠬᠣᠶᠠᠷ᠎ᠢ ᠲᠣᠭᠲᠠᠭᠠᠬᠤ 》 ᠵᠢᠨ ᠰᠢᠢᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠣᠶ᠋ᠢᠯᠠᠭᠠᠵᠤ᠂ 《 ᠲᠦᠷᠪᠡᠨ ᠤᠬᠠᠮᠰᠠᠷ 》᠎ᠢᠶᠠᠨ ᠴᠢᠩᠭᠠᠳᠬᠠᠵᠤ᠂ 《 ᠲᠦᠷᠪᠡᠨ ᠢᠲᠡᠭᠡᠯ 》᠎ᠢᠶᠠᠨ ᠪᠠᠲᠤᠳᠬᠠᠵᠤ᠂ 《 ᠬᠣᠶᠠᠷ᠎ᠢ ᠬᠠᠮᠠᠭᠠᠯᠠᠬᠤ 》 ᠤᠯᠤᠰ ᠲᠦᠷᠦ᠎ᠶᠢᠨ ᠦᠨᠳᠦᠷᠴᠡ ᠡᠴᠡ ᠤᠨᠤᠯ᠎ᠢᠶᠠᠷ ᠵᠡᠪᠰᠡᠭᠯᠡᠬᠦ ᠠᠵᠢᠯ᠎ᠤᠨ ᠭᠦᠨᠵᠡᠭᠡᠶ᠋ᠢᠷᠡᠨ ᠪᠣᠳᠠᠲᠠᠶ᠋ᠢᠵᠢᠬᠤ᠎ᠶᠢ ᠠᠬᠢᠭᠤᠯᠬᠤ ᠬᠡᠷᠡᠭᠲᠡᠢ᠃ ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠎ᠤᠨ ᠬᠠᠷᠢᠭᠤᠴᠠᠯᠭ᠎ᠠ᠎ᠶᠢᠨ ᠲᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠦᠵᠡᠯ ᠰᠠᠨᠠᠭ᠎ᠠ ᠤᠯᠤᠰ ᠲᠦᠷᠦ᠎ᠶᠢᠨ ᠠᠵᠢᠯ ᠪᠣᠯᠤᠨ ᠰᠦᠯᠵᠢᠶᠡᠨ᠎ᠦ ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠎ᠤᠨ ᠴᠢᠳᠠᠪᠤᠷᠢ᠎ᠶᠢᠨ ᠲᠦᠪᠰᠢᠨ᠎ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠦᠨᠳᠦ ᠶᠡᠬᠡ ᠠᠶᠤᠯ ᠲᠦᠭᠰᠢᠭᠦᠷᠢ᠎ᠶᠢ ᠴᠠᠭ ᠲᠤᠬᠠᠢ ᠳ᠋ᠤᠨᠢ ᠪᠦᠲᠦᠮᠵᠢᠲᠡᠢ ᠰᠡᠷᠭᠡᠶ᠋ᠢᠯᠡᠨ ᠠᠷᠢᠯᠭᠠᠬᠤ ᠬᠡᠷᠡᠭᠲᠡᠢ ᠭᠡᠵᠦ ᠱᠠᠭᠠᠷᠳᠠᠪᠠ᠃
      ᠬᠤᠷᠠᠯ᠎ᠠᠴᠠ ᠪᠠᠰᠠ ᠤᠯᠤᠰ᠎ᠤᠨ ᠪᠠᠶᠠᠷ ᠪᠣᠯᠤᠨ ᠨᠠᠢ᠍ᠮᠠᠨ ᠰᠠᠷ᠎ᠠ᠎ᠶᠢᠨ ᠠᠷᠪᠠᠨ ᠲᠠᠪᠤᠨ᠎ᠤ ᠪᠠᠶᠠᠷ᠎ᠤᠨ ᠠᠮᠠᠷᠠᠯᠲᠠ᠎ᠶᠢᠨ ᠬᠤᠭᠤᠴᠠᠭᠠᠨ᠎ᠳᠤ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠂ ᠵᠢᠵᠢᠭᠦᠷᠯᠡᠨ ᠰᠠᠬᠢᠬᠤ᠂ ᠮᠡᠳᠡᠭᠡ ᠵᠠᠩᠭᠢ᠎ᠶᠢ ᠮᠡᠳᠡᠭᠦᠯᠦᠨ ᠬᠦᠷᠭᠡᠬᠦ᠂ ᠠᠶᠤᠯᠭᠦᠢ ᠦᠢᠯᠡᠳᠪᠦᠷᠢᠯᠡᠯ᠂ ᠠᠰᠠᠷ ᠪᠠᠶ᠋ᠢᠰᠢᠩ᠎ᠤᠨ ᠭᠠᠯ ᠰᠡᠷᠭᠡᠢᠯᠡᠬᠦ ᠵᠡᠷᠭᠡ ᠠᠵᠢᠯ᠎ᠢ ᠲᠤᠬᠢᠷᠠᠭᠤᠯᠤᠨ ᠪᠠᠶ᠋ᠢᠷᠢᠯᠠᠭᠤᠯᠵᠠᠢ᠃
      ᠲᠢᠩᠬᠢᠮ᠎ᠦᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠤᠨᠤᠯ ᠰᠤᠷᠤᠯᠴᠠᠬᠤ ᠭᠣᠣᠯ ᠳᠤᠭᠤᠶ᠋ᠢᠯᠠᠩ ( ᠥᠷᠭᠡᠳᠬᠡᠭᠰᠡᠨ )᠎ᠤᠨ ᠪᠦᠷᠢᠯᠳᠦᠬᠦᠨ ᠰᠤᠷᠤᠯᠴᠠᠯᠭ᠎ᠠ᠎ᠳᠤ ᠣᠷᠣᠯᠴᠠᠪᠠ᠃ ( ᠲᠢᠩᠬᠢᠮ᠎ᠦᠨ ᠪᠠᠶ᠋ᠢᠭᠤᠯᠭ᠎ᠠ᠎ᠶᠢᠨ ᠨᠠᠮ᠎ᠤᠨ ᠬᠣᠷᠢᠶ᠎ᠠ ᠡᠬᠡ ᠪᠢᠴᠢᠭ ᠬᠠᠩᠭᠠᠪᠠ )

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            