2025 ᠣᠨ᠎ᠤ 10 ᠰᠠᠷ᠎ᠠ᠎ᠶᠢᠨ 14᠎ᠦ ᠡᠳᠦᠷ ᠪᠣᠯ 56 ᠳ᠋ᠤᠭᠠᠷ ᠬᠤᠭᠤᠴᠠᠭᠠᠨ᠎ᠤ 《 ᠳᠡᠯᠡᠬᠡᠢ᠎ᠶᠢᠨ ᠪᠠᠷᠢᠮᠵᠢᠶᠠᠵᠢᠭᠤᠯᠤᠯᠲᠠ᠎ᠶᠢᠨ ᠡᠳᠦᠷ 》 ᠪᠣᠯᠣᠨ᠎ᠠ ᠃ 《 ᠪᠠᠷᠢᠮᠵᠢᠶ᠎ᠠ᠎ᠶᠢ ᠰᠤᠷᠤᠯᠴᠠᠬᠤ ᠂ ᠪᠠᠷᠢᠮᠵᠢᠶ᠎ᠠ᠎ᠶᠢ ᠣᠢᠯᠠᠭᠠᠬᠤ ᠂ ᠪᠠᠷᠢᠮᠵᠢᠶ᠎ᠠ᠎ᠶᠢ ᠬᠡᠷᠡᠭᠯᠡᠬᠦ 》 ᠠᠭᠤᠷ ᠠᠮᠢᠰᠬᠤᠯ᠎ᠢ ᠪᠣᠶ ᠪᠣᠯᠭᠠᠬᠤ᠎ᠶᠢᠨ ᠲᠥᠯᠥᠭᠡ ᠂ 10 ᠳ᠋ᠤᠭᠠᠷ ᠰᠠᠷ᠎ᠠ᠎ᠶᠢᠨ 13᠎ᠤ ᠡᠳᠦᠷ᠎ᠡᠴᠡ 14᠎ᠦ ᠡᠳᠦᠷ ᠪᠣᠯᠲᠠᠯ᠎ᠠ ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠪᠠᠷᠢᠮᠵᠢᠶᠠᠵᠢᠭᠤᠯᠤᠯᠲᠠ᠎ᠶᠢᠨ ᠮᠡᠷᠭᠡᠵᠢᠯ᠎ᠦᠨ ᠵᠥᠪᠯᠡᠯ᠎ᠡᠴᠡ 2025 ᠣᠨ᠎ᠤ 《 ᠳᠡᠯᠡᠬᠡᠢ᠎ᠶᠢᠨ ᠪᠠᠷᠢᠮᠵᠢᠶᠠᠵᠢᠭᠤᠯᠤᠯᠲᠠ᠎ᠶᠢᠨ ᠡᠳᠦᠷ 》᠎ᠤᠨ ᠤᠬᠠᠭᠤᠯᠭ᠎ᠠ᠎ᠶᠢᠨ ᠠᠵᠢᠯᠯᠠᠭ᠎ᠠ ᠵᠢᠴᠢ ᠠᠩᠬᠠᠳᠤᠭᠠᠷ ᠬᠤᠭᠤᠴᠠᠭᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠪᠠᠷᠢᠮᠵᠢᠶᠠᠵᠢᠭᠤᠯᠤᠯᠲᠠ᠎ᠶᠢᠨ ᠮᠡᠳᠡᠯᠭᠡ᠎ᠶᠢᠨ ᠤᠷᠤᠯᠳᠤᠭᠠᠨ᠎ᠢ ᠵᠣᠬᠢᠶᠠᠨ ᠪᠠᠢᠭᠤᠯᠤᠨ ᠥᠷᠨᠢᠭᠦᠯᠪᠡ ᠃
ᠲᠤᠰ ᠤᠳᠠᠭ᠎ᠠ᠎ᠶᠢᠨ ᠠᠵᠢᠯᠯᠠᠭ᠎ᠠ ᠨᠢ 《 ᠲᠤᠭᠠᠴᠢᠯᠠᠯᠳᠠ᠎ᠪᠠᠷ ᠪᠠᠷᠢᠮᠵᠢᠶᠠᠵᠢᠭᠤᠯᠤᠯᠲᠠ᠎ᠳᠤ ᠬᠦᠴᠦᠨ ᠣᠯᠭᠣᠬᠤ᠎ᠶᠢ ᠠᠬᠢᠭᠤᠯᠵᠤ᠂ ᠲᠣᠮᠣ᠌ ᠵᠠᠭᠪᠤᠷ᠎ᠢ ᠬᠠᠮᠲᠤ᠎ᠪᠠᠷ ᠠᠬᠢᠭᠤᠯᠬᠤ 》 ᠪᠡᠷ ᠭᠣᠣᠯ ᠰᠡᠳᠦᠪ ᠪᠣᠯᠭᠠᠵᠤ᠂ ᠮᠠᠨ᠎ᠤ ᠣᠷᠣᠨ᠎ᠤ ᠣᠢᠷ᠎ᠠ᠎ᠶᠢᠨ ᠵᠢᠯ᠎ᠦᠨ ᠤᠰᠤᠨ ᠠᠰᠢᠭ᠍ᠯᠠᠯᠲᠠ᠎ᠶᠢᠨ ᠪᠠᠷᠢᠮᠵᠢᠶ᠎ᠠ᠎ᠶᠢᠨ ᠰᠢᠰᠲᠧᠮ᠎ᠤᠨ ᠪᠠᠢᠭᠤᠯᠤᠯᠲᠠ᠂ ᠪᠠᠷᠢᠮᠵᠢᠶ᠎ᠠ᠎ᠶᠢ ᠲᠣᠭᠲᠠᠭᠠᠬᠤ ᠵᠠᠰᠠᠪᠤᠷᠢ ᠣᠷᠣᠭᠤᠯᠬᠤ ᠪᠠ ᠬᠡᠷᠡᠭᠵᠢᠭᠦᠯᠬᠦ᠎ᠶᠢ ᠦᠨᠡᠯᠡᠬᠦ ᠵᠡᠷᠭᠡ ᠲᠠᠯ᠎ᠠ᠎ᠪᠠᠷ ᠣᠯᠣᠭᠰᠠᠨ ᠠᠬᠢᠴᠠ᠎ᠶᠢ ᠰᠢᠰᠲᠧᠮ ᠲᠠᠢ ᠳ᠋ᠦᠩᠨᠡᠵᠦ᠂ ᠤᠰᠤᠨ ᠠᠰᠢᠭ᠍ᠯᠠᠯᠲᠠ᠎ᠶᠢᠨ ᠪᠠᠷᠢᠮᠵᠢᠶᠠᠵᠢᠭᠤᠯᠤᠯᠲᠠ᠎ᠶᠢᠨ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠋᠎ᠢ ᠨᠡᠮᠡᠭᠳᠡᠭᠦᠯᠬᠦ᠂ ᠶᠠᠰᠤ ᠴᠢᠨᠠᠷ᠎ᠢ ᠳᠡᠭᠡᠭᠰᠢᠯᠡᠭᠦᠯᠵᠦ ᠲᠡᠰ ᠳᠡᠪᠰᠢᠭᠦᠯᠬᠦ᠎ᠶᠢ ᠠᠬᠢᠭᠤᠯᠬᠤ ᠲᠤᠬᠠᠢ ᠪᠠᠢᠷᠢᠯᠠᠭᠤᠯᠤᠯᠲᠠ ᠬᠢᠵᠡᠢ᠃ ᠠᠵᠢᠯᠯᠠᠭ᠎ᠠ᠎ᠳᠤ ᠳᠤᠮᠳᠠᠳᠤ ᠤᠯᠤᠰ᠎ᠤᠨ ᠤᠰᠤᠨ ᠠᠰᠢᠭ᠍ᠯᠠᠯᠲᠠ ᠤᠰᠤᠨ ᠴᠠᠬᠢᠯᠭᠠᠨ᠎ᠤ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠂ ᠤᠰᠤᠨ ᠠᠰᠢᠭ᠍ᠯᠠᠯᠲᠠ᠎ᠶᠢᠨ ᠶᠠᠮᠤᠨ᠎ᠤ ᠮᠠᠯᠵᠢᠬᠤ ᠣᠷᠣᠨ᠎ᠤ ᠤᠰᠤᠨ ᠠᠰᠢᠭ᠍ᠯᠠᠯᠲᠠ᠎ᠶᠢᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠭᠠᠵᠠᠷ ᠂ ᠴᠢᠨᠠᠷ ᠰᠠᠢᠲᠠᠢ ᠪᠠᠷᠢᠮᠵᠢᠶᠠᠵᠢᠭᠤᠯᠤᠯᠲᠠ᠎ᠶᠢᠨ ᠰᠤᠳᠤᠯᠭᠠᠨ᠎ᠤ ᠬᠦᠷᠢᠶᠡᠯᠡᠩ ᠵᠡᠷᠭᠡ ᠨᠢᠭᠡᠴᠢ᠎ᠶᠢᠨ ᠲᠤᠰᠬᠠᠢ ᠮᠡᠷᠭᠡᠵᠢᠯᠲᠡᠨ ᠡᠷᠳᠡᠮᠲᠡᠨ᠎ᠢ ᠤᠷᠢᠵᠤ ᠲᠤᠰᠬᠠᠢ ᠰᠡᠳᠦᠪᠲᠦ ᠲᠠᠢᠯᠤᠮᠵᠢ ᠬᠢᠯᠭᠡᠵᠦ ᠂ 《 ᠤᠰᠤᠨ ᠠᠰᠢᠭ᠍ᠯᠠᠯᠲᠠ᠎ᠶᠢᠨ AI ᠲᠣᠮᠣ᠌ ᠵᠠᠭᠪᠤᠷ 》᠎ᠤᠨ ᠬᠣᠰᠢᠭᠤᠷᠠᠯ ᠮᠡᠷᠭᠡᠵᠢᠯ᠎ᠳᠦ ᠠᠩᠬᠠᠷᠤᠯ᠎ᠢᠶᠠᠨ ᠲᠥᠪᠯᠡᠷᠡᠭᠦᠯᠦᠨ ᠂ ᠪᠠᠷᠢᠮᠵᠢᠶ᠎ᠠ᠎ᠶᠢ ᠰᠢᠯᠭᠠᠨ ᠪᠠᠲᠤᠯᠠᠬᠤ ᠴᠡᠭ᠎ᠦᠨ ᠰᠢᠨ᠎ᠡ ᠦᠷ᠎ᠡ ᠪᠦᠲᠦᠭᠡᠯ᠎ᠢ ᠳᠡᠯᠭᠡᠨ ᠦᠵᠡᠭᠦᠯᠵᠦ ᠂ ᠲᠤᠭᠠᠴᠢᠯᠠᠯᠳᠠ᠎ᠪᠠᠷ ᠬᠡᠯᠪᠡᠷᠢ᠎ᠶᠢ ᠬᠤᠪᠢᠷᠠᠭᠤᠯᠬᠤ ᠰᠢᠨ᠎ᠡ ᠠᠷᠭ᠎ᠠ ᠵᠠᠮ᠎ᠢ ᠰᠦᠪᠡᠭᠴᠢᠯᠡᠨ ᠰᠤᠳᠤᠯᠵᠤ ᠂ ᠣᠷᠣᠨ ᠨᠤᠲᠤᠭ᠎ᠤᠨ ᠪᠠᠷᠢᠮᠵᠢᠶ᠎ᠠ᠎ᠶᠢ ᠳᠡᠯᠭᠡᠷᠡᠭᠦᠯᠬᠦ ᠦᠢᠯᠡᠳᠦᠯᠭᠡ᠎ᠶᠢᠨ ᠲᠤᠷᠰᠢᠯᠭ᠎ᠠ᠎ᠶᠢ ᠬᠤᠪᠢᠶᠠᠯᠴᠠᠭᠰᠠᠨ ᠪᠠᠢᠨ᠎ᠠ ᠃ ᠡᠭᠦᠨ᠎ᠦ ᠬᠠᠮᠲᠤ ᠂ ᠡᠯ᠎ᠡ ᠭᠡᠰᠢᠭᠦᠨ ᠨᠢᠭᠡᠴᠢ᠎ᠶᠢ ᠵᠣᠬᠢᠶᠠᠨ ᠪᠠᠢᠭᠤᠯᠵᠤ ᠬᠥᠬᠡᠬᠣᠲᠠ᠎ᠶᠢᠨ ᠤᠰᠤᠨ᠎ᠤ ᠶᠠᠪᠤᠳᠠᠯ᠎ᠤᠨ ᠡᠵᠡᠩᠨᠡᠯᠲᠡ᠎ᠶᠢᠨ ᠠᠵᠤ ᠠᠬᠤᠢᠯᠠᠯ᠎ᠤᠨ ᠤᠰᠤᠨ᠎ᠤ ᠠᠮᠢ ᠠᠬᠤᠢ᠎ᠶᠢᠨ ᠦᠵᠡᠰᠬᠦᠯᠡᠩ᠎ᠦᠨ ᠣᠷᠳᠣᠨ᠎ᠳᠤ ᠲᠣᠭᠣᠷᠢᠨ ᠦᠵᠡᠭᠦᠯᠵᠦ ᠰᠤᠷᠤᠯᠴᠠᠭᠤᠯᠤᠨ ᠂ ᠵᠢᠷᠤᠭ ᠳᠦᠷᠰᠦ ᠪᠠ ᠲᠣᠭᠠᠴᠢᠯᠠᠭᠰᠠᠨ ᠮᠡᠷᠭᠡᠵᠢᠯ ᠵᠡᠷᠭᠡ ᠭᠦᠨᠵᠡᠭᠡᠢ ᠮᠠᠶᠢᠭ᠋᠎ᠤᠨ ᠣᠢᠯᠠᠭᠠᠯᠲᠠ ᠪᠠ ᠰᠣᠯᠢᠯᠴᠠᠭ᠎ᠠ᠎ᠪᠠᠷ ᠳᠠᠮᠵᠢᠭᠤᠯᠤᠨ ᠂ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠪᠠᠷᠢᠮᠵᠢᠶᠠᠵᠢᠭᠤᠯᠬᠤ᠎ᠶᠢᠨ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠳᠦ ᠦᠵᠡᠭᠦᠯᠬᠦ ᠠᠴᠢ ᠬᠣᠯᠪᠣᠭᠳᠠᠯ ᠪᠠ ᠪᠣᠳᠠᠲᠤ ᠦᠢᠯᠡᠳᠦᠯ᠎ᠢ ᠣᠯᠠᠨ᠎ᠳᠤ ᠭᠦᠨᠵᠡᠭᠡᠢ ᠲᠠᠨᠢᠭᠤᠯᠬᠤ᠎ᠶᠢ ᠬᠥᠲᠥᠯᠥᠨ ᠵᠢᠯᠣᠭᠣᠳᠴᠠᠢ ᠃
ᠠᠵᠢᠯᠯᠠᠭ᠎ᠠ᠎ᠶᠢᠨ ᠬᠤᠭᠤᠴᠠᠭᠠᠨ᠎ᠳᠤ ᠪᠠᠰᠠ ᠠᠩᠬᠠᠳᠤᠭᠠᠷ ᠬᠤᠭᠤᠴᠠᠭᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠪᠠᠷᠢᠮᠵᠢᠶᠠᠵᠢᠭᠤᠯᠤᠯᠲᠠ᠎ᠶᠢᠨ ᠮᠡᠳᠡᠯᠭᠡ᠎ᠶᠢᠨ ᠤᠷᠤᠯᠳᠤᠭᠠᠨ ᠶᠠᠪᠤᠭᠤᠯᠵᠤ ᠂ ᠪᠥᠬᠥ ᠣᠷᠣᠨ᠎ᠤ ᠤᠰᠤᠨ ᠠᠰᠢᠭ᠍ᠯᠠᠯᠲᠠ᠎ᠶᠢᠨ ᠰᠢᠰᠲᠧᠮ᠎ᠦᠨ 6 ᠨᠢᠭᠡᠴᠢ᠎ᠶᠢᠨ ᠡᠩᠨᠡᠭᠡ ᠤᠷᠤᠯᠳᠤᠭᠠᠨ᠎ᠳᠤ ᠣᠷᠣᠯᠴᠠᠵᠤ ᠂ 《 ᠤᠷᠤᠯᠳᠤᠭᠠᠨ᠎ᠢᠶᠠᠷ ᠪᠣᠯᠪᠠᠰᠤᠷᠠᠯ᠎ᠢ ᠠᠬᠢᠭᠤᠯᠬᠤ ᠂ ᠤᠷᠤᠯᠳᠤᠭᠠᠨ᠎ᠢᠶᠠᠷ ᠰᠤᠷᠤᠯᠴᠠᠯᠭ᠎ᠠ᠎ᠶᠢ ᠠᠬᠢᠭᠤᠯᠬᠤ ᠂ ᠤᠷᠤᠯᠳᠤᠭᠠᠨ᠎ᠢᠶᠠᠷ ᠤᠬᠠᠭᠤᠯᠭ᠎ᠠ᠎ᠶᠢ ᠠᠬᠢᠭᠤᠯᠬᠤ ᠂ ᠤᠷᠤᠯᠳᠤᠭᠠᠨ᠎ᠢᠶᠠᠷ ᠬᠡᠷᠡᠭᠯᠡᠯᠲᠡ᠎ᠶᠢ ᠠᠬᠢᠭᠤᠯᠬᠤ 》 ᠵᠢᠱ᠌ᠢᠭᠰᠡᠨ ᠬᠠᠷᠠᠯᠲᠠ᠎ᠳᠤ ᠭᠦᠷᠦᠭᠰᠡᠨ ᠪᠠᠢᠨ᠎ᠠ ᠃