2025 ᠣᠨ᠎ᠤ 3 ᠳ᠋ᠤᠭ᠋ᠠᠷ ᠰᠠᠷ᠎ᠠ ᠵᠢᠨ 22᠎ᠤᠨ ᠡᠳᠦᠷ ᠪᠣᠯ ᠭᠤᠴᠢᠨ ᠭᠤᠷᠪᠠᠳᠤᠭ᠋ᠠᠷ ᠬᠤᠭᠤᠴᠠᠭ᠋ᠠᠨ᠎ᠤ 《ᠳᠡᠯᠡᠬᠡᠶ ᠵᠢᠨ ᠤᠰᠤᠨ᠎ᠤ ᠡᠳᠦᠷ》 ᠪᠣᠯᠤᠨ᠎ᠠ᠂ 3 ᠳ᠋ᠤᠭ᠋ᠠᠷ ᠰᠠᠷ᠎ᠠ ᠵᠢᠨ 22᠎ᠤᠨ ᠡᠳᠦᠷ᠎ᠠᠴᠠ 28᠎ᠤ ᠡᠳᠦᠷ ᠪᠣᠯᠲᠠᠯ᠎ᠠ ᠪᠣᠯ ᠭᠤᠴᠢᠨ ᠨᠠᠢ᠍ᠮᠠᠳᠤᠭ᠋ᠠᠷ ᠬᠤᠭᠤᠴᠠᠭ᠋ᠠᠨ᠎ᠤ 《ᠳᠤᠮᠳᠠᠳᠤ ᠤᠯᠤᠰ᠎ᠤᠨ ᠤᠰᠤᠨ᠎ᠤ ᠭᠠᠷᠠᠭ》 ᠪᠣᠯᠤᠨ᠎ᠠ᠃ ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ᠂ ᠰᠢ ᠵᠢᠨ ᠫᠢᠩ᠎ᠤᠨ ᠬᠠᠥᠯᠢ᠎ᠪᠠᠷ ᠵᠠᠰᠠᠬᠤ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠵᠢᠨ ᠫᠢᠩ᠎ᠤᠨ ᠤᠰᠤ ᠵᠢ ᠵᠠᠰᠠᠬᠤ ᠲᠤᠬᠠᠶ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠥᠷᠭᠡᠨ ᠣᠯᠠᠨ ᠺᠠᠳ᠋ᠷ ᠠᠵᠢᠯᠲᠠᠨ ᠠᠵᠢᠯᠴᠢᠨ ᠵᠢᠴᠢ ᠤᠰᠤᠯᠠᠯᠲᠠ ᠵᠢᠨ ᠣᠷᠣᠨ᠎ᠤ ᠣᠯᠠᠨ ᠲᠦᠮᠡᠨ᠎ᠤ ᠤᠰᠤ ᠠᠷᠪᠢᠯᠠᠬᠤ ᠤᠬᠠᠮᠰᠠᠷ᠎ᠢ ᠤᠯᠠᠮ ᠨᠢᠭᠡ ᠠᠯᠬᠤᠮ ᠴᠢᠩᠭ᠋ᠠᠳᠬᠠᠵᠤ᠂ ᠪᠥᠬᠦ ᠨᠡᠶ᠋ᠢᠭᠡᠮ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠤᠰᠤ ᠵᠢ ᠨᠠᠨᠳᠢᠩᠨᠠᠬᠤ᠂ ᠤᠰᠤ ᠵᠢ ᠠᠷᠪᠢᠯᠠᠬᠤ ᠪᠠ ᠤᠰᠤ ᠵᠢ ᠬᠠᠶ᠋ᠢᠷᠠᠯᠠᠬᠤ ᠰᠠᠶ᠋ᠢᠨ ᠰᠠᠶ᠋ᠢᠬᠠᠨ ᠬᠡᠪ ᠰᠤᠷᠲᠠᠯ᠎ᠢ ᠪᠣᠶ ᠪᠣᠯᠭ᠋ᠠᠬᠤ ᠵᠢᠨ ᠲᠥᠯᠥᠭᠡ᠂ ᠬᠠᠮᠢᠶᠠᠷᠤᠯᠲᠠ ᠵᠢᠨ ᠲᠥᠪ᠎ᠨᠢ 《ᠤᠰᠤᠨ ᠠᠰᠢᠭᠯᠠᠯᠲᠠ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ᠂ ᠮᠠᠨ᠎ᠤ ᠤᠯᠤᠰ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠬᠤ》 ᠪᠠ 《ᠤᠰᠤ ᠠᠷᠪᠢᠯᠠᠬᠤ ᠠᠵᠢᠯᠯᠠᠭ᠎ᠠ ᠵᠢ ᠭᠦᠨᠵᠡᠭᠡᠶ ᠬᠡᠷᠡᠭᠵᠢᠭᠦᠯᠵᠦ᠂ ᠤᠰᠤᠨ᠎ᠤ ᠠᠮᠤᠷ ᠲᠦᠪᠰᠢᠨ᠎ᠤ ᠪᠠᠲᠤ ᠴᠢᠩᠭ᠎ᠠ ᠪᠠᠲᠤᠯᠠᠭ᠎ᠠ ᠬᠠᠩᠭ᠋ᠠᠬᠤ》 ᠭᠤᠤᠯ ᠰᠡᠳᠦᠪ᠎ᠤᠨ ᠲᠣᠭᠤᠷᠢᠨ᠎ᠳᠤ᠂ ᠵᠠᠯᠠᠭᠤᠴᠤᠳ᠎ᠤᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠭᠤᠤᠯ ᠬᠦᠴᠦᠨ ᠪᠠ ᠭᠠᠪᠰᠢᠭ᠋ᠠᠶ ᠠᠩᠭᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠭᠠᠵᠠᠷ ᠣᠷᠣᠨ᠎ᠤ ᠪᠠᠶ᠋ᠢᠳᠠᠯ᠎ᠳᠤᠨᠢ ᠳᠣᠭᠢᠷᠠᠭᠤᠯᠤᠨ ᠣᠯᠠᠨ ᠬᠡᠮᠵᠢᠯᠲᠡ᠂ ᠪᠥᠬᠦ ᠲᠠᠯ᠎ᠠ ᠵᠢᠨ ᠤᠰᠤ ᠠᠷᠪᠢᠯᠠᠬᠤ ᠤᠬᠠᠭᠤᠯᠭ᠎ᠠ ᠵᠢᠨ ᠰᠠᠶ᠋ᠢᠨ ᠳᠤᠷ᠎ᠠ ᠵᠢᠨ ᠠᠵᠢᠯᠯᠠᠭ᠎ᠠ ᠵᠢ ᠥᠷᠨᠢᠭᠦᠯᠵᠦ᠂ 《ᠤᠰᠤ ᠠᠷᠪᠢᠯᠠᠬᠤ ᠠᠵᠢᠯᠯᠠᠭ᠎ᠠ》᠎ᠪᠠᠷ ᠤᠰᠤᠯᠠᠯᠲᠠ ᠵᠢᠨ ᠣᠷᠣᠨ᠎ᠤ 《ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ》 ᠰᠢᠨ᠎ᠡ ᠬᠠᠭᠤᠳᠠᠰᠤ ᠵᠢ ᠵᠢᠷᠤᠭᠯᠠᠪᠠ᠃
3 ᠳ᠋ᠤᠭ᠋ᠠᠷ ᠰᠠᠷ᠎ᠠ ᠵᠢᠨ 22᠎ᠤᠨ ᠡᠳᠦᠷ᠎ᠤᠨ ᠦᠳᠡ ᠵᠢᠨ ᠡᠮᠦᠨ᠎ᠡ᠂ ᠬᠠᠲᠤᠨ ᠭᠤᠤᠯ᠎ᠤᠨ ᠳ᠋ᠸᠩᠺᠸᠤ ᠤᠰᠤᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠥᠪ᠎ᠠᠴᠠ ᠭᠤᠤᠯᠯᠠᠨ ᠡᠷᠭᠢᠯᠡᠵᠦ᠂ ᠲᠦᠮᠡᠳ ᠪᠠᠷᠠᠭᠤᠨ ᠬᠤᠰᠢᠭᠤᠨ᠎ᠤ ᠤᠰᠤᠨ᠎ᠤ ᠶᠠᠪᠤᠳᠠᠯ᠎ᠤᠨ ᠲᠣᠪᠴᠢᠶ᠎ᠠ᠎ᠠᠴᠠ ᠳᠠᠭ᠋ᠠᠭ᠋ᠠᠨ ᠡᠷᠭᠢᠯᠡᠭᠰᠡᠨ ᠭᠤᠴᠢᠨ ᠭᠤᠷᠪᠠᠳᠤᠭ᠋ᠠᠷ ᠬᠤᠭᠤᠴᠠᠭ᠋ᠠᠨ᠎ᠤ 《ᠳᠡᠯᠡᠬᠡᠶ ᠵᠢᠨ ᠤᠰᠤᠨ᠎ᠤ ᠡᠳᠦᠷ》᠂ ᠭᠤᠴᠢᠨ ᠨᠠᠢ᠍ᠮᠠᠳᠤᠭ᠋ᠠᠷ ᠬᠤᠭᠤᠴᠠᠭ᠋ᠠᠨ᠎ᠤ 《ᠳᠤᠮᠳᠠᠳᠤ ᠤᠯᠤᠰ᠎ᠤᠨ ᠤᠰᠤᠨ᠎ᠤ ᠭᠠᠷᠠᠭ》᠎ᠤᠨ ᠭᠤᠤᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢᠨ ᠡᠬᠢᠯᠡᠯᠲᠡ ᠵᠢᠨ ᠶᠣᠰᠣᠯᠠᠯ ᠲᠦᠮᠡᠳ ᠪᠠᠷᠠᠭᠤᠨ ᠬᠤᠰᠢᠭᠤᠨ᠎ᠤ ᠮᠣᠳᠤᠳᠠᠢ ᠲᠣᠰᠬᠤᠨ᠎ᠤ ᠠᠷᠠᠳ᠎ᠤᠨ ᠵᠥᠪᠯᠡᠯ᠎ᠤᠨ ᠰᠣᠶᠣᠯ᠎ᠤᠨ ᠲᠠᠯᠠᠪᠠᠶ᠎ᠳᠤ ᠶᠠᠪᠤᠭᠳᠠᠪᠠ᠃
ᠠᠵᠢᠯᠯᠠᠭ᠎ᠠ ᠵᠢᠨ ᠲᠤᠬᠠᠶ ᠵᠢᠨ ᠲᠠᠯᠠᠪᠤᠷ᠎ᠲᠤ᠂ ᠤᠬᠠᠭᠤᠯᠭ᠎ᠠ ᠵᠢᠨ ᠰᠠᠮᠪᠠᠷ᠎ᠠ ᠲᠠᠯᠪᠢᠬᠤ᠂ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠵᠢᠨ ᠳᠡᠪᠲᠡᠷ ᠪᠠ ᠳᠤᠷᠠᠰᠬᠠᠯ᠎ᠤᠨ ᠡᠳ᠋ ᠲᠠᠷᠬᠠᠭ᠋ᠠᠬᠤ᠂ ᠲᠤᠬᠠᠶ ᠵᠢᠨ ᠲᠠᠯᠠᠪᠤᠷ᠎ᠲᠤ ᠮᠠᠳᠠᠭ᠎ᠲᠠᠢ ᠠᠰᠠᠭᠤᠳᠠᠯ᠎ᠢ ᠬᠠᠷᠢᠭᠤᠯᠬᠤ ᠵᠢᠴᠢ 《ᠤᠰᠤ ᠠᠷᠪᠢᠯᠠᠬᠤ ᠮᠡᠳᠡᠯᠭᠡ ᠵᠢᠨ ᠱᠠᠩᠨᠠᠯ᠎ᠲᠠᠢ ᠥᠷᠢᠰᠥᠯᠳᠦᠨ ᠬᠠᠷᠢᠭᠤᠯᠬᠤ》 ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠤᠰᠤᠯᠠᠯᠲᠠ ᠵᠢᠨ ᠣᠷᠣᠨ᠎ᠤ ᠣᠯᠠᠨ ᠲᠦᠮᠡᠨ ᠲᠡᠶ᠋ᠢᠰᠢ 《ᠤᠰᠤᠨ᠎ᠤ ᠬᠠᠤᠯᠢ》᠂ 《ᠬᠠᠲᠤᠨ ᠭᠤᠤᠯ᠎ᠤᠨ ᠬᠠᠮᠠᠭ᠋ᠠᠯᠠᠯᠲᠠ ᠵᠢᠨ ᠬᠠᠤᠯᠢ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠢᠨᠵᠧᠨᠧᠷᠢᠩ᠎ᠤᠨ ᠬᠠᠮᠢᠶᠠᠷᠤᠯᠲᠠ ᠬᠠᠮᠠᠭ᠋ᠠᠯᠠᠯᠲᠠ ᠵᠢᠨ ᠠᠷᠭ᠎ᠠ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠢᠴᠢ ᠤᠰᠤ ᠵᠢ ᠠᠷᠪᠢᠯᠠᠨ ᠬᠡᠷᠡᠭᠯᠡᠬᠦ᠂ ᠤᠰᠤ ᠬᠦᠷᠦᠰᠦ ᠵᠢ ᠬᠠᠮᠠᠭ᠋ᠠᠯᠠᠬᠤ᠂ ᠲᠠᠷᠢᠶᠠᠨ ᠭᠠᠵᠠᠷ᠎ᠤᠨ ᠤᠰᠤᠨ ᠠᠰᠢᠭᠯᠠᠯᠲᠠ ᠵᠢᠨ ᠤᠰᠤᠯᠠᠯᠲᠠ ᠵᠢᠨ ᠲᠦᠷᠢᠮ᠂ ᠤᠰᠤᠨ ᠠᠰᠢᠭᠯᠠᠯᠲᠠ ᠵᠢᠨ ᠣᠳᠣᠬᠢᠴᠢᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠡᠷᠭᠡ ᠣᠯᠠᠨ ᠲᠠᠯ᠎ᠠ ᠵᠢᠨ ᠮᠡᠳᠡᠯᠭᠡ ᠵᠢ ᠤᠬᠠᠭᠤᠯᠤᠨ ᠲᠦᠭᠡᠮᠡᠯᠵᠢᠭᠦᠯᠵᠦ᠂ ᠤᠰᠤᠯᠠᠯᠲᠠ ᠵᠢᠨ ᠣᠷᠣᠨ᠎ᠤ ᠣᠯᠠᠨ ᠲᠦᠮᠡᠨ᠎ᠢ ᠤᠰᠤᠨ᠎ᠤ ᠡᠬᠢ ᠪᠠᠶᠠᠯᠢᠭ᠎ᠢ ᠬᠠᠮᠠᠭ᠋ᠠᠯᠠᠬᠤ ᠪᠠ ᠠᠰᠢᠭᠯᠠᠬᠤ ᠠᠵᠢᠯᠯᠠᠭ᠎ᠠ᠎ᠳᠤ ᠣᠷᠣᠯᠴᠠᠬᠤ ᠵᠢ ᠤᠷᠢᠶᠠᠯᠠᠨ᠂ ᠤᠰᠤᠨ᠎ᠤ ᠡᠬᠢ ᠪᠠᠶᠠᠯᠢᠭ᠎ᠢ ᠰᠢᠨᠵᠢᠯᠡᠬᠦ ᠤᠬᠠᠭ᠋ᠠᠨᠴᠢ᠎ᠪᠠᠷ ᠬᠠᠮᠠᠭ᠋ᠠᠯᠠᠬᠤ ᠪᠠ ᠠᠰᠢᠭᠯᠠᠬᠤ ᠤᠬᠠᠮᠰᠠᠷ᠎ᠢ ᠪᠣᠶ ᠪᠣᠯᠭ᠋ᠠᠵᠤ᠂ ᠤᠰᠤᠯᠠᠯᠲᠠ ᠵᠢᠨ ᠣᠷᠣᠨ᠎ᠤ ᠣᠯᠠᠨ ᠲᠦᠮᠡᠨ᠎ᠢ 《ᠨᠠᠮ᠎ᠠ ᠵᠢ ᠤᠰᠤ ᠠᠷᠪᠢᠯᠠᠭᠤᠯᠬᠤ》᠎ᠪᠠᠷ ᠪᠠᠶ᠋ᠢᠭᠰᠠᠨ᠎ᠠᠴᠠ 《ᠪᠢ ᠤᠰᠤ ᠠᠷᠪᠢᠯᠠᠬᠤ》 ᠦᠵᠡᠯ ᠰᠠᠨᠠᠭ᠎ᠠ ᠣᠶ᠋ᠢᠯᠠᠭ᠋ᠠᠭᠳᠠᠬᠤᠨ ᠵᠶ᠋ᠠᠨ ᠬᠤᠪᠢᠷᠠᠭᠤᠯᠬᠤ ᠵᠢ ᠬᠦᠴᠦᠲᠡᠶ ᠳᠥᠯᠭᠢᠨ ᠠᠬᠢᠭᠤᠯᠪᠠ᠃
《ᠳᠤᠮᠳᠠᠳᠤ ᠤᠯᠤᠰ᠎ᠤᠨ ᠤᠰᠤᠨ᠎ᠤ ᠭᠠᠷᠠᠭ》᠎ᠤᠨ ᠬᠤᠭᠤᠴᠠᠭ᠋ᠠᠨ᠎ᠳᠤ᠂ ᠬᠠᠮᠢᠶᠠᠷᠤᠯᠲᠠ ᠵᠢᠨ ᠲᠥᠪ᠎ᠨᠢ ᠣᠳᠣᠬᠠᠨ᠎ᠤ ᠬᠠᠪᠤᠷ᠎ᠤᠨ ᠲᠠᠷᠢᠶᠠᠯᠠᠭ᠎ᠠ ᠵᠢᠨ ᠪᠡᠯᠡᠳᠬᠡᠯ ᠠᠵᠢᠯ᠎ᠤᠨ ᠵᠠᠩᠭᠢᠯᠠᠭ᠎ᠠ ᠵᠢᠨ ᠴᠡᠭ᠎ᠲᠠᠢ ᠤᠶᠠᠯᠳᠤᠭᠤᠯᠤᠨ᠂ ᠪᠠᠶ᠋ᠢᠭᠤᠯᠭ᠎ᠠ ᠵᠢᠴᠢ ᠡᠯ᠎ᠡ ᠦᠨᠳᠦᠰᠦᠨ ᠱᠠᠲᠤᠨ᠎ᠤ ᠥᠷᠲᠡᠭᠡ ᠭᠠᠵᠠᠷ᠎ᠲᠤ LED ᠳᠡᠯᠭᠡᠴᠡ᠎ᠪᠠᠷ ᠨᠡᠪᠲᠡᠷᠡᠭᠦᠯᠦᠨ ᠨᠡᠪᠲᠡᠷᠡᠭᠦᠯᠬᠦ᠂ ᠤᠬᠠᠭᠤᠯᠭ᠎ᠠ ᠵᠢᠨ ᠳᠡᠯᠭᠡᠴᠡ ᠵᠢ ᠳᠡᠯᠭᠡᠬᠦ᠂ ᠤᠬᠠᠭᠤᠯᠭ᠎ᠠ ᠵᠢᠨ ᠵᠠᠷᠯᠠᠯ ᠨᠠᠭ᠋ᠠᠬᠤ ᠵᠢᠴᠢ ᠤᠰᠤᠯᠠᠯᠲᠠ ᠵᠢᠨ ᠣᠷᠣᠨ᠎ᠤ ᠤᠰᠤᠨ᠎ᠤ ᠬᠠᠭ᠋ᠠᠯᠲᠠ᠂ ᠬᠥᠭᠦᠷᠭᠡ᠂ ᠭᠤᠤᠯ ᠰᠤᠪᠠᠭ᠎ᠤᠨ ᠬᠤᠶᠠᠷ ᠬᠠᠵᠠᠭᠤ ᠵᠡᠷᠭᠡ ᠢᠯᠡᠷᠬᠡᠶ ᠭᠠᠵᠠᠷ᠎ᠲᠤ ᠬᠥᠨᠳᠡᠯᠡᠨ ᠪᠢᠴᠢᠭᠡᠰᠦ ᠡᠯᠭᠦᠬᠦ ᠵᠡᠷᠭᠡ ᠬᠡᠯᠪᠡᠷᠢ᠎ᠪᠠᠷ ᠳᠠᠮᠵᠢᠭᠤᠯᠤᠨ ᠤᠬᠠᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠥᠷᠭᠡᠨ ᠣᠯᠠᠨ ᠠᠵᠢᠯᠲᠠᠨ ᠠᠵᠢᠯᠴᠢᠨ ᠣᠯᠠᠨ ᠲᠦᠮᠡᠨ᠎ᠢ ᠤᠯᠠᠮ ᠨᠢᠭᠡ ᠠᠯᠬᠤᠮ ᠬᠥᠲᠥᠯᠦᠨ ᠵᠢᠯᠣᠭᠤᠳᠴᠤ ᠪᠠᠶ᠋ᠢᠭ᠋ᠠᠳ ᠤᠰᠤᠨ᠎ᠤ ᠪᠠᠶ᠋ᠢᠳᠠᠯ᠎ᠤᠨ ᠲᠤᠬᠠᠶ ᠲᠠᠨᠢᠯᠲᠠ ᠵᠢ᠎ᠨᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠦᠨ᠂ ᠤᠰᠤᠨ᠎ᠤ ᠰᠠᠨᠠᠭ᠋ᠠᠰᠢᠷᠠᠨ ᠵᠣᠪᠠᠨᠢᠬᠤ ᠤᠬᠠᠮᠰᠠᠷ ᠪᠠ ᠤᠰᠤᠨ᠎ᠤ ᠬᠠᠤᠯᠢ ᠲᠣᠭᠲᠠᠭ᠋ᠠᠯ᠎ᠢ ᠵᠢᠷᠤᠮᠯᠠᠬᠤ ᠤᠬᠠᠮᠰᠠᠷᠲᠤ ᠴᠢᠨᠠᠷ᠎ᠢ᠎ᠨᠢ ᠨᠡᠮᠡᠭᠳᠡᠭᠦᠯᠦᠨ᠎ᠡ᠃
ᠲᠠᠷᠠᠭ᠋ᠠᠴᠢ ᠵᠢᠨ ᠠᠯᠬᠤᠮ᠎ᠳᠤ᠂ ᠬᠠᠮᠢᠶᠠᠷᠤᠯᠲᠠ ᠵᠢᠨ ᠲᠥᠪ᠎ᠠᠴᠠ ᠲᠣᠰ ᠤᠳᠠᠭ᠋ᠠᠨ᠎ᠤ 《ᠳᠡᠯᠡᠬᠡᠶ ᠵᠢᠨ ᠤᠰᠤᠨ᠎ᠤ ᠡᠳᠦᠷ》᠂ 《ᠳᠤᠮᠳᠠᠳᠤ ᠤᠯᠤᠰ᠎ᠤᠨ ᠤᠰᠤᠨ᠎ᠤ ᠭᠠᠷᠠᠭ》᠎ᠤᠨ ᠠᠵᠢᠯᠯᠠᠭ᠎ᠠ ᠵᠢᠨ ᠦᠷ᠎ᠡ ᠪᠦᠲᠦᠭᠡᠯ᠎ᠢ ᠭᠦᠢ᠍ᠴᠡᠳ ᠠᠰᠢᠭᠯᠠᠵᠤ᠂ ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ ᠵᠢ ᠪᠠᠷᠢᠮᠲᠠᠯᠠᠨ᠂ ᠤᠰᠤ ᠬᠡᠷᠡᠭᠯᠡᠬᠦ ᠬᠠᠮᠢᠶᠠᠷᠤᠯᠲᠠ ᠵᠢ ᠴᠢᠩᠭ᠋ᠠᠳᠬᠠᠵᠤ᠂ ᠤᠰᠤᠨ᠎ᠤ ᠡᠬᠢ ᠪᠠᠶᠠᠯᠢᠭ᠎ᠢ ᠨᠢᠭᠡᠳᠦᠯᠲᠡᠶ ᠲᠥᠯᠥᠪᠯᠡᠨ᠂ ᠤᠰᠤᠨ᠎ᠤ ᠶᠠᠪᠤᠳᠠᠯ᠎ᠢ ᠭᠦᠢ᠍ᠴᠡᠳ ᠬᠢᠵᠦ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ᠎ᠪᠠᠷ ᠡᠬᠢ ᠰᠤᠷᠪᠤᠯᠵᠢ ᠵᠢᠨ ᠬᠥᠳᠡᠯᠭᠡᠬᠦ ᠬᠦᠴᠦᠨ ᠪᠣᠯᠭ᠋ᠠᠵᠤ᠂ ᠨᠠᠷᠢᠯᠢᠭ ᠬᠤᠭᠤᠯᠠᠶ᠎ᠪᠠᠷ ᠤᠰᠤ ᠠᠷᠪᠢᠯᠠᠬᠤ ᠵᠢ ᠬᠠᠲᠠᠭᠤ ᠡᠭᠦᠷᠭᠡ ᠪᠣᠯᠭ᠋ᠠᠵᠤ᠂ ᠤᠰᠤᠯᠠᠯᠲᠠ ᠵᠢᠨ ᠣᠷᠣᠨ᠎ᠤ ᠣᠳᠣᠬᠢᠴᠢᠯᠠᠯᠲᠠ ᠵᠢᠨ ᠥᠭᠡᠷᠡᠴᠢᠯᠡᠯᠲᠡ ᠬᠢᠭᠡᠳ ᠤᠰᠤ ᠠᠷᠪᠢᠯᠠᠬᠤ ᠠᠵᠢᠯᠯᠠᠭ᠎ᠠ ᠵᠢ ᠣᠷᠭ᠋ᠠᠨᠢᠭ ᠵᠶ᠋ᠠᠷ ᠤᠶᠠᠯᠳᠤᠭᠤᠯᠵᠤ᠂ ᠤᠰᠤᠨ᠎ᠤ ᠡᠬᠢ ᠪᠠᠶᠠᠯᠢᠭ᠎ᠢ ᠡᠷᠴᠢᠮᠵᠢᠭᠦᠯᠦᠨ ᠠᠷᠪᠢᠯᠠᠨ ᠠᠰᠢᠭᠯᠠᠬᠤ ᠵᠢ ᠲᠠᠰᠤᠷᠠᠯᠲᠠ ᠥᠬᠡᠶ ᠳᠥᠯᠭᠢᠨ ᠠᠬᠢᠭᠤᠯᠵᠤ᠂ ᠥᠨᠳᠥᠷ ᠪᠦᠲᠦᠮᠵᠢᠲᠡᠶ ᠤᠰᠤ ᠠᠷᠪᠢᠯᠠᠬᠤ᠂ ᠰᠢᠨᠵᠢᠯᠡᠬᠦ ᠤᠬᠠᠭ᠋ᠠᠨᠴᠢ᠎ᠪᠠᠷ ᠤᠰᠤ ᠬᠠᠮᠢᠶᠠᠷᠬᠤ ᠣᠨᠴᠠᠯᠢᠭᠲᠤ ᠬᠥᠭᠵᠢᠯᠲᠡ ᠵᠢᠨ ᠵᠠᠮ᠎ᠢ ᠴᠢᠷᠮᠠᠶ᠋ᠢᠨ ᠨᠡᠬᠡᠬᠡᠨ᠎ᠡ᠃