ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ᠎ᠤ ᠠᠵᠤ ᠠᠬᠤᠶ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠪᠥᠬᠦ ᠲᠠᠯ᠎ᠠ᠎ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠥᠭᠡᠷᠡᠴᠢᠯᠡᠯᠲᠡ ᠵᠢ ᠪᠥᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠤᠨ᠂ ᠥᠪᠡᠷᠲᠡᠭᠡᠨ ᠵᠠᠰᠠᠬᠤ ᠣᠷᠣᠨ᠎ᠤ 《ᠤᠰᠤ ᠠᠷᠪᠢᠯᠠᠬᠤ ᠠᠵᠢᠯᠯᠠᠭ᠎ᠠ》 ᠵᠢ ᠬᠡᠷᠡᠭᠵᠢᠭᠦᠯᠬᠦ ᠵᠢ ᠭᠦᠨᠵᠡᠭᠡᠶ ᠠᠬᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠨᠢ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠣᠶ᠋ᠢᠷ᠎ᠠ᠎ᠳᠤ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠠᠬᠢᠯᠲᠠ ᠤᠰᠤ ᠵᠢ ᠶᠡᠷᠦᠩᠬᠡᠶ᠋ᠢᠯᠡᠨ ᠠᠰᠢᠭᠯᠠᠬᠤ ᠵᠢ ᠴᠢᠩᠭ᠋ᠠᠳᠬᠠᠬᠤ ᠲᠤᠬᠠᠶ ᠠᠷᠭ᠎ᠠ ᠬᠡᠮᠵᠢᠶ᠎ᠡ᠎ᠨᠦᠭᠦᠳ》 (ᠳᠣᠷᠣᠭᠰᠢ 《ᠠᠷᠭ᠎ᠠ ᠬᠡᠮᠵᠢᠶ᠎ᠡ᠎ᠨᠦᠭᠦᠳ》 ᠭᠡᠵᠦ ᠲᠣᠪᠴᠢᠯᠠᠨ᠎ᠠ)᠎ᠢ ᠵᠢᠩᠬᠢᠨᠢ᠎ᠪᠠᠷ ᠳᠠᠷᠤᠮᠠᠯᠯᠠᠨ ᠲᠠᠷᠬᠠᠭ᠋ᠠᠵᠤ᠂ ᠲᠥᠯᠥᠪᠵᠢᠭᠦᠯᠦᠨ ᠪᠥᠲᠥᠭᠡᠨ ᠪᠠᠶ᠋ᠢᠭᠤᠯᠬᠤ᠂ ᠡᠬᠢ ᠪᠠᠶᠠᠯᠢᠭ᠎ᠢ ᠲᠣᠬᠢᠷᠠᠭᠤᠯᠬᠤ᠂ ᠵᠠᠬ᠎ᠠ ᠳᠡᠯᠭᠡᠭᠦᠷ᠎ᠢ ᠪᠤᠶ᠋ᠢᠵᠢᠭᠤᠯᠬᠤ᠂ ᠮᠡᠷᠭᠡᠵᠢᠯ᠎ᠤᠨ ᠪᠠᠲᠤᠯᠠᠭ᠎ᠠ ᠵᠡᠷᠭᠡ ᠳᠥᠷᠪᠡᠨ ᠶᠡᠭᠡ ᠭᠤᠤᠯ ᠭᠤᠭᠴᠤᠭ᠎ᠠ ᠵᠢᠨ ᠲᠣᠭᠤᠷᠢᠨ᠎ᠳᠤ 15 ᠵᠦᠢ᠍ᠯ᠎ᠤᠨ ᠪᠣᠳᠠᠲᠠᠶ ᠠᠷᠭ᠎ᠠ ᠬᠡᠮᠵᠢᠶ᠎ᠡ ᠵᠢ ᠲᠣᠭᠲᠠᠭ᠋ᠠᠨ ᠨᠡᠶ᠋ᠢᠲᠡᠯᠡᠵᠦ᠂ ᠳᠠᠬᠢᠯᠲᠠ ᠤᠰᠤ ᠵᠢ ᠳᠣᠭᠢᠷᠠᠭᠤᠯᠤᠨ ᠠᠰᠢᠭᠯᠠᠬᠤ ᠵᠢ ᠤᠯᠠᠮ ᠨᠢᠭᠡ ᠠᠯᠬᠤᠮ ᠴᠢᠩᠭ᠋ᠠᠳᠬᠠᠪᠠ᠃
《ᠠᠷᠭ᠎ᠠ ᠬᠡᠮᠵᠢᠶ᠎ᠡ᠎ᠨᠦᠭᠦᠳ》᠎ᠲᠤ ᠶᠡᠷᠦᠩᠬᠡᠶ᠋ᠢᠯᠡᠨ ᠠᠰᠢᠭᠯᠠᠬᠤ ᠰᠠᠭᠤᠷᠢ ᠲᠥᠬᠦᠭᠡᠷᠦᠮᠵᠢ ᠵᠢᠨ ᠪᠥᠲᠥᠭᠡᠨ ᠪᠠᠶ᠋ᠢᠭᠤᠯᠤᠯᠲᠠ ᠵᠢ ᠨᠢᠭᠡᠳᠦᠯᠲᠡᠶ ᠲᠥᠯᠥᠪᠯᠡᠨ ᠠᠬᠢᠭᠤᠯᠵᠤ᠂ ᠳᠠᠬᠢᠯᠲᠠ ᠤᠰᠤ ᠵᠢ ᠲᠣᠬᠢᠷᠠᠭᠤᠯᠤᠨ ᠠᠰᠢᠭᠯᠠᠬᠤ ᠶᠡᠷᠦᠩᠬᠡᠶ ᠪᠠᠶ᠋ᠢᠷᠢᠰᠢᠭᠤᠯᠤᠯᠲᠠ ᠵᠢ ᠰᠢᠰᠲ᠋ᠧᠮ᠎ᠲᠠᠢ ᠲᠥᠯᠥᠪᠵᠢᠭᠦᠯᠵᠦ᠂ ᠪᠣᠬᠢᠷ ᠤᠰᠤ ᠵᠢ ᠬᠤᠷᠢᠶᠠᠨ ᠴᠤᠭᠯᠠᠭᠤᠯᠬᠤ ᠬᠤᠭᠤᠯᠠᠶ ᠵᠢᠨ ᠲᠣᠤᠷ᠂ ᠳᠠᠬᠢᠯᠲᠠ ᠤᠰᠤᠨ᠎ᠤ ᠪᠠᠷᠢᠮᠵᠢᠶ᠎ᠠ ᠵᠢ ᠳᠡᠭᠡᠭᠰᠢᠯᠡᠭᠦᠯᠦᠨ ᠥᠭᠡᠷᠡᠴᠢᠯᠡᠵᠦ ᠰᠢᠢ᠍ᠳᠪᠦᠷᠢᠯᠡᠬᠦ ᠲᠥᠬᠦᠭᠡᠷᠦᠮᠵᠢ ᠵᠢ ᠲᠡᠭᠦᠯᠳᠡᠷᠵᠢᠭᠦᠯᠬᠦ᠂ ᠡᠭᠡᠭᠦᠯᠦᠨ ᠬᠡᠷᠡᠭᠯᠡᠬᠦ ᠬᠤᠭᠤᠯᠠᠶ ᠵᠢᠨ ᠲᠣᠤᠷ᠎ᠢ ᠢᠵᠢ ᠪᠥᠷᠢᠳᠦᠭᠦᠯᠦᠨ ᠪᠥᠲᠥᠭᠡᠨ ᠪᠠᠶ᠋ᠢᠭᠤᠯᠬᠤ᠎ᠪᠠᠷ ᠳᠠᠮᠵᠢᠭᠤᠯᠤᠨ᠂ ᠪᠠᠶ᠋ᠢᠷᠢᠰᠢᠯ᠎ᠨᠢ ᠵᠦᠶ ᠵᠣᠬᠢᠰᠲᠠᠶ᠂ ᠪᠥᠬᠦ ᠣᠷᠣᠨ ᠪᠦᠰᠡ ᠵᠢ ᠬᠠᠮᠤᠷᠤᠭᠰᠠᠨ 《ᠱᠠᠲᠤᠯᠢᠭ ᠰᠢᠢ᠍ᠳᠪᠦᠷᠢᠯᠡᠬᠦ — ᠴᠢᠨᠠᠷ ᠬᠤᠪᠢᠶᠠᠨ ᠤᠰᠤ ᠬᠠᠩᠭ᠋ᠠᠬᠤ》 ᠰᠢᠰᠲ᠋ᠧᠮ᠎ᠢ ᠲᠦᠷᠭᠡᠪᠴᠢᠯᠡᠨ ᠪᠠᠶ᠋ᠢᠭᠤᠯᠬᠤ ᠬᠡᠷᠡᠭᠲᠡᠶ ᠭᠡᠵᠦ ᠲᠣᠳᠣᠷᠬᠠᠶ ᠳᠤᠷᠠᠳᠤᠨ ᠭᠠᠷᠭ᠋ᠠᠪᠠ᠃ ᠳᠠᠬᠢᠯᠲᠠ ᠤᠰᠤᠨ᠎ᠤ ᠡᠬᠢ ᠪᠠᠶᠠᠯᠢᠭ᠎ᠢ ᠨᠢᠭᠡᠳᠦᠯᠲᠡᠶ ᠲᠣᠬᠢᠷᠠᠭᠤᠯᠤᠨ ᠬᠠᠮᠢᠶᠠᠷᠬᠤ ᠵᠢ ᠬᠡᠷᠡᠭᠵᠢᠭᠦᠯᠵᠦ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ᠎ᠳᠤ ᠬᠡᠷᠡᠭᠯᠡᠬᠦ ᠤᠰᠤ᠎ᠪᠠᠷ ᠣᠷᠣᠯᠠᠭᠤᠯᠬᠤ ᠵᠢ ᠭᠣᠤᠯᠳᠠᠯᠭ᠎ᠠ᠎ᠲᠠᠢ ᠲᠦᠯᠬᠢᠨ ᠠᠬᠢᠭᠤᠯᠵᠤ᠂ ᠠᠮᠢ ᠠᠬᠤᠶ ᠵᠢᠨ ᠤᠰᠤ ᠨᠥᠬᠥᠪᠥᠷᠢᠯᠡᠬᠦ᠂ ᠬᠣᠲᠠ ᠵᠢᠨ ᠶᠠᠪᠤᠳᠠᠯ᠎ᠤᠨ ᠰᠤᠯᠠ ᠬᠡᠷᠡᠭᠯᠡᠬᠦ ᠵᠡᠷᠭᠡ ᠬᠦᠷᠢᠶᠡᠨ᠎ᠤ ᠬᠡᠷᠡᠭᠯᠡᠯᠲᠡ ᠵᠢ ᠵᠢᠷᠤᠮᠵᠢᠭᠤᠯᠤᠨ ᠥᠷᠭᠡᠳᠬᠡᠬᠦ ᠬᠡᠷᠡᠭᠲᠡᠶ᠃ ᠵᠠᠬ᠎ᠠ ᠳᠡᠯᠭᠡᠭᠦᠷ᠎ᠤᠨ ᠳᠣᠲᠣᠭ᠋ᠠᠳᠤ ᠬᠥᠳᠡᠯᠭᠡᠬᠦ ᠬᠦᠴᠦᠨ᠎ᠢ ᠭᠦᠢ᠍ᠴᠡᠳ ᠬᠥᠭᠵᠢᠭᠡᠵᠦ᠂ ᠳᠠᠬᠢᠯᠲᠠ ᠤᠰᠤᠨ᠎ᠤ ᠤᠰᠤᠨ᠎ᠤ ᠦᠨ᠎ᠡ ᠬᠠᠩᠰᠢ ᠵᠢᠨ ᠪᠦᠷᠢᠯᠳᠦᠬᠦ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠳᠠᠬᠢᠯᠲᠠ ᠤᠰᠤᠨ᠎ᠤ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠵᠢ ᠢᠳᠡᠪᠬᠢᠲᠡᠶ ᠯᠠᠪᠳᠠᠭᠤᠨ ᠵᠶ᠋ᠠᠷ ᠠᠬᠢᠭᠤᠯᠵᠤ᠂ ᠨᠡᠶ᠋ᠢᠭᠡᠮ᠎ᠤᠨ ᠬᠥᠷᠥᠩᠭᠡ ᠵᠢ ᠬᠥᠲᠥᠯᠥᠨ ᠵᠢᠯᠣᠭᠤᠳᠴᠤ ᠪᠠᠶ᠋ᠢᠭ᠋ᠠᠳ ᠰᠢᠢ᠍ᠳᠪᠦᠷᠢᠯᠡᠬᠦ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ ᠪᠠ ᠡᠵᠡᠩᠨᠡᠯᠲᠡ ᠬᠠᠮᠠᠭ᠋ᠠᠯᠠᠯᠲᠠ᠎ᠳᠤ ᠣᠷᠣᠯᠴᠠᠭᠤᠯᠵᠤ᠂ ᠦᠷᠭᠦᠯᠵᠢᠯᠡᠬᠦ᠋ᠢ᠍ᠴᠡ 《ᠪᠠᠯᠠ ᠣᠷᠣᠭᠤᠯᠤᠯᠲᠠ ᠵᠢᠨ ᠪᠥᠲᠥᠭᠡᠨ ᠪᠠᠶ᠋ᠢᠭᠤᠯᠤᠯᠲᠠ — ᠡᠵᠡᠩᠨᠡᠯᠲᠡ ᠬᠠᠮᠢᠶᠠᠷᠤᠯᠲᠠ — ᠦᠷ᠎ᠡ ᠠᠰᠢᠭ ᠵᠶ᠋ᠠᠷ ᠬᠥᠴᠥᠷᠬᠡᠭᠵᠢᠭᠦᠯᠬᠦ》 ᠬᠥᠭᠵᠢᠯᠲᠡ ᠵᠢᠨ ᠵᠠᠭᠪᠤᠷ᠎ᠢ ᠪᠠᠶ᠋ᠢᠭᠤᠯᠤᠨ᠎ᠠ᠃ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢᠨ ᠬᠦᠲᠦᠯᠦᠨ ᠳᠠᠭ᠋ᠠᠭᠤᠯᠬᠤ ᠦᠢ᠍ᠯᠡᠳᠦᠯ᠎ᠢ ᠴᠢᠩᠭ᠋ᠠᠳᠬᠠᠵᠤ᠂ ᠳᠠᠬᠢᠯᠲᠠ ᠤᠰᠤ ᠵᠢ ᠠᠰᠢᠭᠯᠠᠬᠤ ᠬᠦᠷᠢᠶᠡᠨ᠎ᠳᠠᠬᠢ ᠵᠠᠩᠭᠢᠯᠠᠭ᠎ᠠ ᠵᠢᠨ ᠮᠡᠷᠭᠡᠵᠢᠯ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠣᠭᠤᠮᠲᠠ ᠰᠢᠪᠲᠤᠯᠬᠤ ᠵᠢ ᠭᠦᠨᠵᠡᠭᠡᠢ ᠰᠦᠪᠡᠭᠴᠢᠯᠡᠨ᠎ᠡ᠃ ᠡᠭᠦᠨ᠎ᠤ ᠬᠠᠮᠲᠤ᠂ ᠰᠠᠯᠠᠭ᠎ᠠ ᠮᠥᠴᠢᠷ ᠠᠯᠤᠰᠯᠠᠭᠰᠠᠨ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠲᠣᠭᠲᠠᠴᠠ ᠵᠢ ᠲᠡᠭᠦᠯᠳᠡᠷᠵᠢᠭᠦᠯᠵᠦ᠂ ᠪᠥᠬᠦ ᠶᠠᠪᠤᠴᠠ ᠵᠢ ᠬᠢᠨᠠᠨ ᠬᠡᠮᠵᠢᠵᠦ ᠪᠦᠷᠢᠳᠬᠡᠬᠦ ᠰᠢᠰᠲ᠋ᠧᠮ᠎ᠢ ᠪᠠᠶ᠋ᠢᠭᠤᠯᠤᠨ᠎ᠠ᠃ ᠳᠠᠬᠢᠯᠲᠠ ᠤᠰᠤ ᠵᠢ ᠠᠰᠢᠭᠯᠠᠬᠤ ᠤᠬᠠᠭᠤᠯᠭ᠎ᠠ ᠬᠥᠮᠦᠵᠢᠯ᠎ᠤᠨ ᠠᠵᠢᠯ᠎ᠢ ᠪᠦᠬᠦ ᠲᠠᠯ᠎ᠠ᠎ᠪᠠᠷ ᠲᠦᠯᠬᠢᠨ ᠠᠬᠢᠭᠤᠯᠵᠤ᠂ ᠪᠦᠬᠦ ᠨᠡᠶ᠋ᠢᠭᠡᠮ ᠵᠶ᠋ᠠᠷ ᠵᠶ᠋ᠠᠨ ᠥᠷᠭᠡᠨ ᠵᠶ᠋ᠠᠷ ᠣᠷᠣᠯᠴᠠᠬᠤ᠂ ᠪᠦᠬᠦ ᠠᠷᠠᠳ ᠵᠶ᠋ᠠᠷ ᠵᠶ᠋ᠠᠨ ᠬᠠᠮᠲᠤ᠎ᠪᠠᠷ ᠤᠰᠤ ᠠᠷᠪᠢᠯᠠᠬᠤ ᠭᠦᠨ ᠵᠤᠵᠠᠭ᠋ᠠᠨ ᠠᠭᠤᠷ ᠠᠮᠢᠰᠬᠤᠯ᠎ᠢ ᠪᠤᠢ ᠪᠣᠯᠭ᠋ᠠᠬᠤ ᠬᠡᠷᠡᠭᠲᠡᠶ ᠭᠡᠵᠦ ᠲᠤᠳᠤᠷᠬᠠᠢ ᠲᠤᠭᠲᠠᠭ᠋ᠠᠪᠠ᠃
《ᠠᠷᠭ᠎ᠠ ᠬᠡᠮᠵᠢᠶ᠎ᠡ᠎ᠨᠦᠭᠦᠳ》᠎ᠢ ᠨᠡᠶ᠋ᠢᠲᠡᠯᠡᠨ ᠬᠡᠷᠡᠭᠵᠢᠭᠦᠯᠦᠭᠰᠡᠨ᠎ᠨᠢ ᠥᠪᠥᠷ ᠮᠣᠩᠭᠤᠯ ᠤᠰᠤᠨ᠎ᠤ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠬᠦᠷᠢᠶᠡᠨ᠎ᠳᠤ ᠵᠠᠩᠭᠢᠯᠠᠭ᠎ᠠ ᠵᠢᠨ ᠨᠢᠭᠡ ᠠᠯᠬᠤᠮ᠎ᠢ ᠠᠯᠬᠤᠭᠰᠠᠨ᠎ᠢ ᠬᠠᠷᠠᠭᠤᠯᠵᠤ ᠪᠠᠶ᠋ᠢᠨ᠎ᠠ᠃ 《ᠲᠥᠷᠥ ᠵᠢᠨ ᠪᠣᠳᠣᠯᠭ᠎ᠠ᠎ᠪᠠᠷ ᠤᠷᠮᠠᠰᠢᠭᠤᠯᠬᠤ᠂ ᠵᠠᠬ᠎ᠠ ᠳᠡᠯᠭᠡᠭᠦᠷ ᠵᠶ᠋ᠠᠷ ᠭᠤᠤᠯᠯᠠᠭᠤᠯᠬᠤ᠂ ᠮᠡᠷᠭᠡᠵᠢᠯ ᠵᠶ᠋ᠠᠷ ᠡᠨᠧᠷᠭᠢ ᠣᠯᠭᠤᠬᠤ᠂ ᠬᠠᠮᠵᠢᠯᠴᠠᠨ ᠬᠠᠮᠲᠤ᠎ᠪᠠᠷ ᠵᠠᠰᠠᠬᠤ》 ᠳᠠᠬᠢᠯᠲᠠ ᠤᠰᠤ ᠵᠢ ᠠᠰᠢᠭᠯᠠᠬᠤ ᠬᠠᠮᠢᠶᠠᠷᠤᠯᠲᠠ ᠵᠢᠨ ᠰᠢᠰᠲ᠋ᠧᠮ᠎ᠢ ᠪᠠᠶ᠋ᠢᠭᠤᠯᠬᠤ᠎ᠪᠠᠷ ᠳᠠᠮᠵᠢᠭᠤᠯᠤᠨ᠂ ᠣᠳᠣᠬᠠᠨ᠎ᠤ ᠳᠠᠬᠢᠯᠲᠠ ᠤᠰᠤᠨ᠎ᠤ ᠠᠰᠢᠭᠯᠠᠯᠲᠠ ᠵᠢᠨ ᠨᠣᠷᠮ᠎ᠠ ᠳᠣᠤᠷ᠎ᠠ᠂ ᠬᠤᠭᠤᠯᠠᠶ ᠵᠢᠨ ᠲᠣᠤᠷ᠎ᠤᠨ ᠢᠵᠢ ᠪᠥᠷᠢᠳᠦᠭᠦᠯᠬᠦ ᠬᠦᠷᠦᠯᠴᠡᠬᠦ ᠥᠬᠡᠶ᠂ ᠵᠠᠬ᠎ᠠ ᠳᠡᠯᠭᠡᠭᠦᠷᠴᠢᠯᠡᠯᠲᠡ ᠵᠢᠨ ᠬᠡᠮᠵᠢᠶ᠎ᠡ ᠥᠨᠳᠥᠷ ᠪᠤᠰᠤ ᠵᠡᠷᠭᠡ ᠲᠣᠪᠤᠶ᠋ᠢᠮ᠎ᠠ ᠠᠰᠠᠭᠤᠳᠠᠯ᠎ᠢ ᠪᠦᠲᠦᠮᠵᠢᠲᠡᠶ ᠰᠢᠢ᠍ᠳᠪᠦᠷᠢᠯᠡᠵᠦ᠂ ᠳᠠᠬᠢᠯᠲᠠ ᠤᠰᠤ ᠵᠢ ᠠᠰᠢᠭᠯᠠᠬᠤ ᠬᠢᠷᠢ ᠬᠡᠮᠵᠢᠶ᠎ᠡ ᠵᠢ ᠪᠥᠬᠦ ᠲᠠᠯ᠎ᠠ᠎ᠪᠠᠷ ᠳᠡᠭᠡᠭᠰᠢᠯᠡᠭᠦᠯᠦᠨ᠂ ᠳᠠᠬᠢᠯᠲᠠ ᠤᠰᠤ ᠵᠢ 《ᠬᠤᠶᠠᠳᠤᠭ᠋ᠠᠷ ᠤᠰᠤᠨ᠎ᠤ ᠡᠬᠢ ᠰᠤᠷᠪᠤᠯᠵᠢ》 ᠪᠣᠯᠭ᠋ᠠᠬᠤ ᠴᠢᠬᠤᠯᠠ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠪᠠ ᠪᠥᠬᠦ ᠣᠷᠣᠨ᠎ᠤ ᠠᠵᠤ ᠠᠬᠤᠶ ᠨᠡᠶ᠋ᠢᠭᠡᠮ᠎ᠤᠨ ᠴᠢᠨᠠᠷ ᠰᠠᠶ᠋ᠢᠲᠠᠶ ᠬᠥᠭᠵᠢᠯᠲᠡ᠎ᠳᠤ ᠬᠦᠴᠦᠷᠬᠡᠭ ᠶᠡᠭᠡ ᠪᠣᠬᠢᠷᠲᠤᠯ ᠥᠬᠡᠶ ᠬᠥᠳᠡᠯᠭᠡᠬᠦ ᠬᠦᠴᠦᠨ ᠨᠡᠮᠡᠷᠢᠯᠡᠨ᠎ᠡ᠃