ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠤᠤᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠠᠯᠪᠠᠨ ᠬᠡᠷ ᠣᠯᠠᠨ ᠰᠠᠯᠠᠭ᠎ᠠ ᠮᠥᠴᠢᠷ᠎ᠲᠠᠢ ᠬᠤᠯᠪᠣᠭ᠋ᠠᠯᠠᠨ ᠭᠤᠤᠯ ᠮᠥᠷᠡᠨ ᠨᠠᠭᠤᠷ ᠴᠥᠭᠦᠷᠥᠮ᠎ᠢ ᠬᠠᠮᠢᠶᠠᠷᠬᠤ ᠪᠠ ᠬᠠᠮᠠᠭ᠋ᠠᠯᠠᠬᠤ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2025-07-01

  ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠳᠦᠷᠢᠮ᠎ᠤᠨ ᠠᠵᠢᠯ᠎ᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ ᠵᠢ ᠯᠠᠪᠳᠠᠭᠤᠨ ᠪᠠᠲᠤᠲᠠᠢ ᠠᠬᠢᠭᠤᠯᠬᠤ ᠵᠢᠨ ᠲᠥᠯᠥᠭᠡ᠂ 6 ᠳ᠋ᠤᠭ᠋ᠠᠷ ᠰᠠᠷ᠎ᠠ ᠵᠢᠨ 29᠎ᠤ ᠡᠳᠦᠷ᠎ᠤᠨ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠠᠯᠪᠠᠨ ᠭᠡᠷ᠂ ᠤᠰᠤᠨ ᠠᠰᠢᠭᠯᠠᠯᠲᠠ ᠵᠢᠨ ᠲᠢᠩᠬᠢᠮ᠂ ᠪᠠᠶ᠋ᠢᠴᠠᠭ᠋ᠠᠬᠤ ᠬᠤᠷᠢᠶ᠎ᠠ᠎ᠠᠴᠠ ᠬᠠᠮᠲᠤᠷᠠᠨ ᠡᠷᠬᠢᠯᠡᠵᠦ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠦᠢ᠍ᠯᠡᠰ᠎ᠤᠨ ᠬᠥᠭᠵᠢᠯᠲᠡ ᠵᠢᠨ ᠲᠥᠪ᠎ᠠᠴᠠ ᠳᠠᠭ᠋ᠠᠭ᠋ᠠᠴᠢᠯᠠᠨ ᠡᠷᠬᠢᠯᠡᠵᠦ᠂ ᠰᠠᠶ᠋ᠢᠬᠠᠨ ᠲᠣᠭᠤᠷᠢᠭ᠎ᠤᠨ ᠪᠠᠶ᠋ᠢᠴᠠᠭ᠋ᠠᠬᠤ ᠬᠤᠷᠢᠶ᠎ᠠ᠂ ᠬᠤᠲᠣᠩ ᠠᠷᠠᠳ᠎ᠤᠨ ᠲᠣᠭᠤᠷᠢᠭ᠎ᠤᠨ ᠪᠠᠶ᠋ᠢᠴᠠᠭ᠋ᠠᠬᠤ ᠬᠤᠷᠢᠶ᠎ᠠ᠂ ᠰᠠᠶ᠋ᠢᠬᠠᠨ ᠲᠣᠭᠤᠷᠢᠭ᠎ᠤᠨ ᠭᠤᠣᠯ᠎ᠤᠨ ᠳᠠᠷᠤᠭ᠎ᠠ ᠵᠢᠨ ᠠᠯᠪᠠᠨ ᠭᠡᠷ᠂ ᠬᠤᠲᠣᠩ ᠠᠷᠠᠳ᠎ᠤᠨ ᠲᠣᠭᠤᠷᠢᠭ᠎ᠤᠨ ᠭᠤᠣᠯ᠎ᠤᠨ ᠳᠠᠷᠤᠭ᠎ᠠ ᠵᠢᠨ ᠠᠯᠪᠠᠨ ᠭᠡᠷ ᠬᠠᠮᠵᠢᠨ ᠡᠷᠬᠢᠯᠡᠭᠰᠡᠨ 《ᠴᠡᠩᠭᠡᠭ ᠤᠰᠤ ᠵᠢ ᠬᠠᠮᠵᠢᠯᠴᠠᠨ ᠰᠠᠬᠢᠨ ᠬᠠᠮᠠᠭ᠋ᠠᠯᠠᠵᠤ᠂ ᠭᠤᠣᠯ ᠮᠥᠷᠡᠨ᠎ᠢ ᠤᠮᠳᠠᠯᠠᠬᠤ ᠵᠢ ᠬᠠᠥᠯᠢ᠎ᠪᠠᠷ ᠵᠠᠰᠠᠬᠤ》 ᠎ᠪᠠᠷ ᠭᠤᠣᠯ ᠰᠡᠳᠦᠪ ᠪᠣᠯᠭ᠋ᠠᠭᠰᠠᠨ ᠤᠬᠠᠭᠤᠯᠭ᠎ᠠ ᠵᠢᠨ ᠠᠵᠢᠯᠯᠠᠭ᠎ᠠ ᠬᠥᠬᠡᠬᠤᠲᠠ᠎ᠳᠤ ᠶᠠᠪᠤᠭᠳᠠᠪᠠ᠃  

 

  

  ᠲᠣᠰ ᠤᠳᠠᠭ᠋ᠠᠨ᠎ᠤ ᠠᠵᠢᠯᠯᠠᠭ᠎ᠠ᠎ᠨᠢ 《ᠭᠤᠤᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ + ᠪᠠᠶ᠋ᠢᠴᠠᠭ᠋ᠠᠬᠤ ᠳᠠᠷᠤᠭ᠎ᠠ》 ᠵᠢᠨ ᠬᠠᠮᠵᠢᠯᠴᠠᠬᠤ ᠲᠣᠭᠲᠠᠴᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠠᠯᠠᠭ᠎ᠠ ᠮᠥᠴᠢᠷ ᠬᠤᠯᠪᠣᠭ᠋ᠠᠯᠠᠨ ᠬᠥᠳᠡᠯᠦᠯᠴᠡᠬᠦ᠂ ᠬᠠᠤᠯᠢ᠎ᠪᠠᠷ ᠵᠠᠰᠠᠬᠤ ᠤᠬᠠᠭᠤᠯᠭ᠎ᠠ ᠬᠢᠭᠡᠳ ᠣᠯᠠᠨ ᠨᠡᠶ᠋ᠢᠲᠡ ᠵᠢᠨ ᠣᠷᠣᠯᠴᠠᠬᠤ ᠵᠢ ᠤᠶᠠᠯᠳᠤᠭᠤᠯᠬᠤ ᠠᠷᠭ᠎ᠠ ᠮᠠᠶᠢᠭ ᠵᠶ᠋ᠠᠷ ᠳᠠᠮᠵᠢᠭᠤᠯᠤᠨ ᠭᠤᠤᠯ ᠮᠥᠷᠡᠨ ᠨᠠᠭᠤᠷ ᠴᠥᠭᠦᠷᠥᠮ᠎ᠤᠨ ᠬᠠᠮᠢᠶᠠᠷᠤᠯᠲᠠ ᠬᠢᠭᠡᠳ ᠬᠠᠮᠠᠭ᠋ᠠᠯᠠᠯᠲᠠ ᠵᠢᠨ ᠲᠥᠷᠥ ᠵᠢᠨ ᠪᠣᠳᠣᠯᠭ᠎ᠠ ᠵᠢ ᠪᠥᠬᠦ ᠲᠠᠯ᠎ᠠ᠎ᠪᠠᠷ ᠲᠦᠭᠡᠮᠡᠯᠵᠢᠭᠦᠯᠦᠨ᠎ᠡ᠃ ᠠᠵᠢᠯᠯᠠᠭ᠎ᠠ ᠵᠢᠨ ᠠᠬᠤᠢ ᠲᠠᠯᠠᠪᠠᠢ᠎ᠳᠤ ᠰᠣᠨᠢᠷᠬᠠᠯ᠎ᠤᠨ ᠮᠡᠳᠡᠯᠭᠡ ᠵᠢᠨ ᠠᠰᠠᠭᠤᠯᠲᠠ ᠬᠠᠷᠢᠭᠤᠯᠲᠠ᠂ ᠵᠣᠬᠢᠶᠠᠨ ᠪᠠᠶ᠋ᠢᠭᠤᠯᠤᠯᠲᠠ ᠵᠢᠨ ᠬᠠᠷᠢᠯᠴᠠᠨ ᠬᠥᠳᠡᠯᠦᠯᠴᠡᠬᠦ ᠲᠣᠭᠯᠠᠭ᠋ᠠᠮ᠂ ᠵᠢᠵᠢᠭ ᠪᠡᠯᠡᠭ ᠣᠯᠭᠤᠬᠤ ᠵᠡᠷᠭᠡ ᠠᠷᠭ᠎ᠠ ᠮᠠᠶᠢᠭ ᠵᠶ᠋ᠠᠷ ᠬᠤᠲᠠ ᠵᠢᠨ ᠠᠷᠠᠳ᠎ᠤᠨ ᠠᠩᠬᠠᠷᠤᠯ᠎ᠢ ᠢᠳᠡᠪᠬᠢᠲᠡᠶ ᠲᠠᠲᠠᠪᠠ᠃ ᠠᠵᠢᠯᠯᠠᠭ᠎ᠠ ᠵᠢᠨ ᠳᠤᠮᠳᠠ᠂ ᠠᠵᠢᠯᠲᠠᠳ ᠤᠬᠠᠭᠤᠯᠭ᠎ᠠ ᠵᠢᠨ ᠰᠠᠮᠪᠠᠷ᠎ᠠ ᠭᠠᠷᠭ᠋ᠠᠬᠤ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠤᠤᠯ ᠮᠥᠷᠡᠨ ᠨᠠᠭᠤᠷ ᠴᠥᠭᠦᠷᠥᠮ᠎ᠤᠨ ᠬᠠᠮᠠᠭ᠋ᠠᠯᠠᠯᠲᠠ ᠪᠠ ᠬᠠᠮᠢᠶᠠᠷᠤᠯᠲᠠ ᠵᠢᠨ ᠲᠦᠷᠢᠮ》᠂ 《ᠭᠤᠤᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠲᠦᠷᠢᠮ᠎ᠤᠨ ᠤᠬᠠᠭᠤᠯᠭ᠎ᠠ ᠵᠢᠨ ᠭᠠᠷ ᠳᠡᠪᠲᠡᠷ》᠎ᠢ ᠲᠠᠷᠬᠠᠭ᠋ᠠᠬᠤ᠂ ᠠᠬᠤᠢ ᠲᠠᠯᠠᠪᠠᠢ᠎ᠳᠤ ᠮᠠᠳᠠᠭ᠎ᠲᠠᠢ ᠠᠰᠠᠭᠤᠳᠠᠯ᠎ᠢ ᠰᠢᠢ᠍ᠳᠪᠦᠷᠢᠯᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠬᠤᠲᠠ ᠵᠢᠨ ᠠᠷᠠᠳ᠎ᠲᠤ ᠭᠤᠤᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠲᠦᠷᠢᠮ᠎ᠤᠨ ᠬᠠᠮᠢᠶ᠎ᠠ ᠪᠥᠬᠦᠶ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠢ ᠲᠦᠭᠡᠮᠡᠯᠵᠢᠭᠦᠯᠵᠡᠶ᠃ ᠥᠪᠡᠷᠲᠡᠭᠡᠨ ᠵᠠᠰᠠᠬᠤ ᠣᠷᠣᠨ᠎ᠤ ᠪᠠᠶ᠋ᠢᠴᠠᠭ᠋ᠠᠬᠤ ᠬᠤᠷᠢᠶᠠᠨ᠎ᠤ ᠠᠵᠢᠯᠲᠠᠳ ᠴᠤ᠌ ᠨᠡᠶ᠋ᠢᠲᠡᠯᠢᠭ ᠬᠡᠷᠡᠭ᠎ᠤᠨ ᠵᠢᠱ᠌ᠢᠶ᠎ᠡ᠎ᠪᠠᠷ ᠳᠠᠮᠵᠢᠭᠤᠯᠤᠨ ᠳᠡᠯᠭᠡᠨ ᠦᠵᠡᠭᠦᠯᠵᠦ᠂ ᠬᠤᠲᠠ ᠵᠢᠨ ᠠᠷᠠᠳ᠎ᠲᠤ ᠬᠠᠤᠯᠢ ᠴᠠᠭ᠋ᠠᠵᠠ ᠵᠢᠨ ᠠᠷᠭ᠎ᠠ ᠪᠠᠷᠢᠯ᠎ᠢ ᠬᠡᠷᠬᠢᠨ ᠬᠡᠷᠡᠭᠯᠡᠨ ᠭᠤᠤᠯ ᠮᠥᠷᠡᠨ ᠨᠠᠭᠤᠷ ᠴᠥᠭᠦᠷᠥᠮ᠎ᠤᠨ ᠠᠮᠢ ᠠᠬᠤᠶ ᠵᠢᠨ ᠣᠷᠴᠢᠨ ᠨᠥᠬᠦᠴᠡᠯ᠎ᠢ ᠬᠠᠮᠠᠭ᠋ᠠᠯᠠᠵᠤ ᠪᠠᠶ᠋ᠢᠬᠤ ᠵᠢ ᠣᠶ᠋ᠢᠯᠠᠭ᠋ᠠᠭᠤᠯᠪᠠ᠃ ᠡᠭᠦᠨ᠎ᠠᠴᠠ ᠭᠠᠳᠠᠨ᠎ᠠ᠂ ᠠᠵᠢᠯᠲᠠᠳ ᠪᠠᠰᠠ ᠬᠤᠲᠠ ᠵᠢᠨ ᠠᠷᠠᠳ᠎ᠢ ᠤᠷᠢᠵᠤ ᠪᠠᠶ᠋ᠢᠴᠠᠭ᠋ᠠᠯᠲᠠ ᠵᠢᠨ ᠠᠰᠠᠭᠤᠯᠲᠠ ᠵᠢᠨ ᠬᠠᠭᠤᠳᠠᠰᠤ ᠵᠢ ᠲᠠᠭᠯᠠᠨ ᠪᠢᠴᠢᠭᠦᠯᠬᠦ ᠬᠡᠯᠪᠡᠷᠢ᠎ᠪᠠᠷ ᠬᠤᠲᠠ ᠵᠢᠨ ᠠᠷᠠᠳ᠎ᠤᠨ ᠭᠤᠤᠯ ᠮᠥᠷᠡᠨ ᠨᠠᠭᠤᠷ ᠴᠥᠭᠦᠷᠥᠮ᠎ᠤᠨ ᠬᠠᠮᠢᠶᠠᠷᠤᠯᠲᠠ ᠵᠢᠨ ᠲᠤᠬᠠᠶ ᠰᠠᠨᠠᠯ ᠰᠠᠨᠠᠭᠤᠯᠭ᠎ᠠ ᠵᠢ ᠴᠤᠭᠯᠠᠭᠤᠯᠪᠠ᠃    

  ᠲᠣᠰ ᠤᠳᠠᠭ᠋ᠠᠨ᠎ᠤ ᠤᠬᠠᠭᠤᠯᠭ᠎ᠠ ᠵᠢᠨ ᠠᠵᠢᠯᠯᠠᠭ᠎ᠠ᠎ᠨᠢ ᠪᠥᠬᠦ ᠨᠡᠶ᠋ᠢᠭᠡᠮ ᠵᠶ᠋ᠠᠷ ᠵᠶ᠋ᠠᠨ ᠭᠤᠤᠯ ᠮᠥᠷᠡᠨ ᠨᠠᠭᠤᠷ ᠴᠥᠭᠦᠷᠥᠮ᠎ᠢ ᠬᠠᠯᠠᠮᠵᠢᠯᠠᠬᠤ᠂ ᠭᠤᠤᠯ ᠮᠥᠷᠡᠨ ᠨᠠᠭᠤᠷ ᠴᠥᠭᠦᠷᠥᠮ᠎ᠢ ᠨᠠᠨᠳᠢᠩᠨᠠᠬᠤ᠂ ᠭᠤᠤᠯ ᠮᠥᠷᠡᠨ ᠨᠠᠭᠤᠷ ᠴᠥᠭᠦᠷᠥᠮ᠎ᠢ ᠬᠠᠮᠠᠭ᠋ᠠᠯᠠᠬᠤ ᠬᠠᠯᠠᠭᠤᠨ ᠰᠡᠳᠬᠢᠯᠭᠡ ᠵᠢ ᠬᠥᠭᠵᠢᠭᠡᠭᠰᠡᠨ ᠪᠥᠭᠡᠳ ᠬᠤᠲᠠ ᠵᠢᠨ ᠠᠷᠠᠳ᠎ᠤᠨ ᠭᠤᠤᠯ ᠮᠥᠷᠡᠨ ᠨᠠᠭᠤᠷ ᠴᠥᠭᠦᠷᠥᠮ᠎ᠢ ᠬᠠᠮᠢᠶᠠᠷᠬᠤ ᠪᠠ ᠬᠠᠮᠠᠭ᠋ᠠᠯᠠᠬᠤ ᠬᠠᠮᠢᠶ᠎ᠠ ᠪᠥᠬᠦᠶ ᠲᠥᠷᠥ ᠵᠢᠨ ᠪᠣᠳᠣᠯᠭ᠎ᠠ ᠵᠢᠨ ᠲᠤᠬᠠᠶ ᠲᠠᠨᠢᠯᠲᠠ ᠪᠠ ᠣᠶ᠋ᠢᠯᠠᠭ᠋ᠠᠯᠲᠠ ᠵᠢ ᠳᠡᠭᠡᠭᠰᠢᠯᠡᠭᠦᠯᠦᠭᠰᠡᠨ ᠪᠠᠶ᠋ᠢᠨ᠎ᠠ᠃ ᠡᠯ᠎ᠡ ᠰᠢᠰᠲ᠋ᠧᠮ ᠡᠯ᠎ᠡ ᠰᠠᠯᠠᠭ᠎ᠠ ᠮᠥᠴᠢᠷ᠎ᠤᠨ᠎ᠬᠢᠨ ᠢᠷᠡᠭᠡᠳᠦᠢ᠎ᠳᠤ 《ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ + ᠪᠠᠶ᠋ᠢᠴᠠᠭ᠋ᠠᠬᠤ ᠳᠠᠷᠤᠭ᠎ᠠ》 ᠵᠢᠨ ᠬᠠᠮᠵᠢᠯᠴᠠᠬᠤ ᠲᠣᠭᠲᠠᠴᠠ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠡᠯ᠎ᠡ ᠲᠠᠯ᠎ᠠ ᠵᠢᠨ ᠬᠦᠴᠦᠨ᠎ᠲᠠᠢ ᠬᠤᠯᠪᠣᠭ᠋ᠠᠯᠠᠨ᠂ ᠭᠤᠣᠯ ᠮᠥᠷᠡᠨ ᠨᠠᠭᠤᠷ ᠴᠥᠭᠦᠷᠥᠮ᠎ᠢ ᠬᠠᠮᠠᠭ᠋ᠠᠯᠠᠬᠤ᠎ᠳᠤ ᠠᠰᠢᠭᠲᠠᠢ ᠤᠬᠠᠭᠤᠯᠭ᠎ᠠ ᠵᠢᠨ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠦᠨ᠎ᠡ᠃

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠦᠶᠡᠷ᠎ᠤᠨ ᠬᠤᠭᠤᠴᠠᠭ᠋ᠠᠨ᠎ᠳᠤ ᠠᠭᠤᠯᠠᠨ ᠦᠶᠡᠷ᠎ᠤᠨ ᠭᠠᠮᠰᠢᠭ᠎ᠢ ᠬᠡᠷᠬᠢᠨ ᠰᠡᠷᠭᠡᠢ᠌ᠯᠡᠨ ᠠᠷᠭ᠋ᠠᠴᠠᠬᠤ ᠪᠣᠢ — ᠡᠳᠡᠭᠡᠷ ᠭᠠᠮᠰᠢᠭ᠎ᠢ ᠰᠡᠷᠭᠡᠢ᠌ᠯᠡᠵᠦ ᠠᠶᠤᠯ᠎ᠠᠴᠠ ᠵᠠᠢ᠌ᠯᠠᠬᠤ ᠮᠡᠳᠡᠯᠭᠡ ᠵᠢ ᠬᠤᠷᠳᠤᠨ ᠰᠤᠷᠤᠯᠴᠠᠶ᠎ᠠ!
ᠤᠰᠤᠨ᠎ᠤ ᠡᠬᠢ ᠪᠠᠶᠠᠯᠢᠭ᠎ᠢ ᠬᠠᠮᠠᠭ᠋ᠠᠯᠠᠵᠤ ᠠᠮᠢᠨ ᠰᠤᠳᠠᠰᠤ ᠵᠢ ᠬᠠᠮᠠᠭ᠋ᠠᠯᠠᠶ᠎ᠠ ᠥᠪᠥᠷ ᠮᠣᠩᠭᠤᠯ 《ᠤᠰᠤ ᠵᠢ ᠠᠷᠪᠢᠯᠠᠨ ᠭᠠᠮᠨᠠᠬᠤ ᠲᠦᠷᠢᠮ》᠎ᠢ ᠢᠳᠡᠪᠬᠢᠲᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ ᠤᠯᠤᠰ᠎ᠤᠨ ᠤᠰᠤ ᠠᠷᠪᠢᠯᠠᠬᠤ ᠠᠵᠢᠯᠯᠠᠭ᠎ᠠ ᠵᠢ ᠪᠥᠬᠦ ᠲᠠᠯ᠎ᠠ᠎ᠪᠠᠷ ᠳᠥᠯᠭᠢᠨ ᠠᠬᠢᠭᠤᠯᠪᠠ
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ 2024 ᠣᠨ᠎ᠤ ᠭᠤᠣᠯ᠎ᠳᠤ ᠬᠤᠯᠪᠣᠭᠳᠠᠭᠰᠠᠨ ᠢᠨᠸᠨ᠋ᠸᠷᠢᠩ᠎ᠤᠨ ᠠᠭᠤᠯᠠᠨ ᠦᠶᠡᠷ᠎ᠤᠨ ᠭᠠᠮᠰᠢᠭ᠎ᠠᠴᠠ ᠵᠠᠶ᠋ᠢᠯᠠᠬᠤ ᠰᠣᠷᠢᠯᠲᠠ ᠵᠢᠴᠢ ᠤᠰᠤᠨ ᠠᠰᠢᠭᠯᠠᠯᠲᠠ ᠵᠢᠨ ᠠᠶᠤᠯᠭᠦᠢ ᠦᠢ᠍ᠯᠡᠳᠪᠦᠷᠢᠯᠡᠯ᠎ᠤᠨ ᠰᠠᠷ᠎ᠠ ᠵᠢᠨ ᠤᠬᠠᠭᠤᠯᠭ᠎ᠠ ᠵᠢᠨ ᠠᠵᠢᠯᠯᠠᠭ᠎ᠠ ᠵᠢ ᠥᠷᠨᠢᠭᠦᠯᠪᠡ
ᠥᠪᠥᠷ ᠮᠣᠩᠭᠤᠯ᠄ 《ᠤᠰᠤ ᠰᠢᠷᠣᠶ ᠵᠢ ᠬᠠᠮᠠᠭ᠋ᠠᠯᠠᠬᠤ᠎ᠨᠢ ᠤᠮᠠᠷᠠᠲᠤ ᠬᠢᠯᠢ ᠵᠢᠨ ᠠᠮᠢ ᠠᠬᠤᠶ ᠵᠢᠨ ᠵᠢᠷᠤᠭ᠎ᠲᠤ ᠭᠡᠷᠡᠯ ᠭᠢᠯᠪᠠᠭ᠎ᠠ ᠨᠡᠮᠡᠷᠢᠯᠡᠬᠦ》᠎ᠪᠠᠷ ᠭᠤᠤᠯ ᠰᠡᠳᠦᠪ ᠪᠣᠯᠭ᠋ᠠᠨ 《ᠭᠤᠷᠪᠠ ᠵᠢ ᠣᠷᠣᠭᠤᠯᠬᠤ》 ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠤᠣᠯ᠎ᠤᠨ ᠰᠠᠨ ᠱᠧᠩ ᠭᠦᠩ ᠤᠰᠤᠨ ᠠᠰᠢᠭᠯᠠᠯᠲᠠ ᠵᠢᠨ ᠵᠠᠩᠭᠢᠯᠠᠭ᠎ᠠ ᠵᠢᠨ ᠬᠠᠮᠢᠶᠠᠷᠤᠯᠲᠠ ᠵᠢᠨ ᠲᠥᠪ 《ᠲᠦᠷᠢᠮ ᠲᠣᠭᠲᠠᠭ᠋ᠠᠯ᠎ᠢ ᠵᠢᠷᠤᠮᠯᠠᠨ ᠰᠠᠬᠢᠯᠭ᠎ᠠ ᠪᠠᠲᠤ ᠵᠢ ᠰᠠᠬᠢᠬᠤ ᠤᠬᠠᠮᠰᠠᠷ ᠵᠶ᠋ᠠᠨ ᠴᠢᠩᠭ᠋ᠠᠳᠬᠠᠬᠤ》 ᠭᠤᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ ᠥᠷᠨᠢᠭᠦᠯᠪᠡ
 
            