ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠳᠤᠰᠬᠠᠢ ᠮᠡᠳᠡᠭᠡᠯᠡᠯ
ᠲᠦᠷᠦᠭᠦᠸ᠋ ᠬᠠᠭᠠᠰ ᠵᠢᠯ᠎ᠳᠦ ᠥᠪᠥᠷ ᠮᠣᠩᠭᠣᠯ᠎ᠤᠨ ᠬᠣᠲᠠ ᠪᠠᠯᠭᠠᠰᠤᠨ᠎ᠤ 12.3 ᠲᠦᠮᠡᠨ ᠬᠥᠮᠥᠨ᠎ᠳᠦ ᠱᠢᠨ᠎ᠡ᠎ᠪᠡᠷ ᠠᠵᠢᠯ ᠣᠯᠭᠣᠪᠠ ᠣᠨ᠎ᠤ ᠬᠠᠷᠠᠯᠲᠠ᠎ᠶᠢᠨ᠎ᠢᠶᠠᠨ 68.4%᠎ᠶᠢ ᠪᠡᠶᠡᠯᠡᠭᠦᠯᠪᠡ
ᠨᠡᠶ᠋ᠢᠲᠡᠯᠡᠭᠰᠡᠨ ᠴᠠᠭ᠄ 2025-07-22

  ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠣᠯᠠᠭ᠎ᠠ᠎ᠶ᠋ᠢᠨ ᠲᠢᠩᠬᠢᠮ᠎ᠡᠴᠡ ᠣᠢᠯᠠᠭᠠᠭᠰᠠᠨ᠎ᠢᠶᠡᠷ᠂ ᠠᠵᠢᠯ ᠣᠯᠭᠣᠯᠲᠠ᠎ᠶᠢ ᠠᠬᠢᠭᠤᠯᠬᠤ ᠠᠵᠢᠯᠯᠠᠭᠠᠨ᠎ᠢ ᠬᠡᠷᠡᠭᠵᠢᠭᠦᠯᠬᠦ᠎ᠪᠡᠷ ᠳᠡᠮᠵᠢᠨ᠂ ᠡᠨᠡ ᠵᠢᠯ᠎ᠦᠨ ᠲᠦᠷᠦᠭᠦᠸ᠋ ᠬᠠᠭᠠᠰ ᠵᠢᠯ᠎ᠳᠦ ᠥᠪᠥᠷ ᠮᠣᠩᠭᠣᠯ᠎ᠤᠨ ᠬᠣᠲᠠ ᠪᠠᠯᠭᠠᠰᠤᠨ᠎ᠤ 12.3 ᠲᠦᠮᠡᠨ ᠬᠥᠮᠥᠨ᠎ᠳᠦ ᠱᠢᠨ᠎ᠡ ᠎ᠪᠡᠷ ᠠᠵᠢᠯ ᠣᠯᠭᠣᠵᠤ᠂ ᠣᠨ᠎ᠤ ᠬᠠᠷᠠᠯᠲᠠ᠎ᠶᠢᠨ᠎ᠢᠶᠠᠨ 68.4%ᠶ᠋ᠢ ᠪᠡᠶᠡᠯᠡᠭᠦᠯᠦᠨ᠂ ᠪᠠᠢᠴᠠᠭᠠᠯᠲᠠ᠎ᠶᠢᠨ ᠠᠵᠢᠯ ᠠᠯᠳᠠᠯᠲᠠ᠎ᠶᠢᠨ ᠨᠣᠷᠮ᠎ᠠ ᠠᠳᠠᠯᠢ ᠬᠤᠭᠤᠴᠠᠭᠠᠨ᠎ᠤ ᠬᠢ᠎ᠡᠴᠡ ᠴᠥᠮ ᠪᠠᠭᠣᠷᠠᠵᠣ᠂ ᠪᠥᠬᠥ ᠣᠷᠣᠨ᠎ᠤ ᠠᠵᠢᠯ ᠣᠯᠭᠣᠯᠲᠠ᠎ᠶᠢᠨ ᠪᠠᠢᠳᠠᠯ ᠲᠣᠭᠲᠠᠭᠤᠨ᠎ᠤ ᠳᠤᠮᠳᠠ ᠰᠠᠢᠵᠢᠷᠠᠪᠠ᠃

  ᠣᠢᠯᠠᠭᠠᠭᠰᠠᠨ᠎ᠢᠶᠠᠷ᠂ ᠠᠵᠢᠯ ᠣᠯᠭᠣᠯᠲᠠ᠎ᠶᠢ ᠠᠬᠢᠭᠤᠯᠬᠤ ᠠᠵᠢᠯᠯᠠᠭᠠᠨ᠎ᠢ ᠬᠡᠷᠡᠭᠵᠢᠭᠦᠯᠬᠦ ᠶᠠᠪᠤᠴᠠ᠎ᠳᠤ᠂ ᠮᠠᠨ᠎ᠤ ᠣᠷᠣᠨ ᠦᠷᠭᠦᠯᠵᠢᠯᠡᠨ ᠳᠠᠯᠳᠠ ᠬᠦᠴᠦᠨ᠎ᠢ ᠠᠭᠤᠳᠠᠯᠤᠨ ᠠᠵᠢᠯ ᠣᠯᠭᠣᠯᠲᠠ᠎ᠶᠢᠨ ᠣᠷᠣᠨ ᠵᠠᠢ᠎ᠶᠢ ᠥᠷᠭᠡᠳᠬᠡᠵᠦ᠂ ᠠᠵᠢᠯ ᠣᠯᠭᠣᠯᠲᠠ᠎ᠶᠢᠨ ᠲᠥᠷᠥ᠎ᠶᠢᠨ ᠪᠣᠳᠣᠯᠭ᠎ᠠ ᠎ᠶ᠋ᠢ ᠲᠣᠭᠲᠠᠭᠤᠨ ᠪᠠᠢᠯᠭᠠᠬᠤ 《ᠬᠠᠮ ᠠᠷᠭ᠎ᠠ 》ᠶ᠋ᠢ ᠰᠠᠢᠲᠤᠷ ᠬᠡᠷᠡᠭᠵᠢᠭᠦᠯᠵᠦ ᠪᠠᠢᠨ᠎ᠠ ᠃ ᠠᠵᠢᠯ᠎ᠤᠨ ᠬᠠᠷᠠᠭ᠎ᠠ᠎ᠠᠴᠠ ᠪᠣᠯᠤᠭᠰᠠᠨ ᠭᠡᠮᠲᠦᠯ ᠪᠠ ᠠᠵᠢᠯ ᠠᠯᠳᠠᠯᠲᠠ᠎ᠶᠢᠨ ᠳᠠᠭᠠᠳᠭᠠᠯ᠎ᠦᠨ ᠰᠦᠢᠳᠬᠡᠯ᠎ᠦᠨ ᠨᠤᠷᠮ᠎ᠠ᠎ᠶᠢ ᠪᠠᠭᠤᠷᠠᠭᠤᠯᠬᠤ᠂ ᠠᠵᠢᠯ᠎ᠤᠨ ᠪᠠᠢᠷᠢ᠎ᠪᠠᠨ ᠦᠷᠭᠡᠳᠭᠡᠭ᠌ᠰᠡᠨ᠎ᠳᠦ ᠨᠢᠭᠡ ᠯᠡ ᠣᠳᠠᠭ᠎ᠠ ᠎ᠶ᠋ᠢᠨ ᠴᠢᠨᠠᠷᠲᠠᠢ ᠨᠥᠬᠥᠪᠦᠷᠢ ᠥᠭᠬᠦ ᠵᠡᠷᠭᠡ ᠠᠵᠤ ᠠᠬᠤᠢᠯᠠᠯ᠎ᠢ ᠲᠤᠰᠠᠯᠠᠨ ᠠᠵᠢᠯ᠎ᠤᠨ ᠪᠠᠢᠷᠢ ᠲᠣᠭᠲᠠᠪᠤᠷᠢᠵᠢᠭᠤᠯᠬᠤ ᠲᠦᠷᠦ᠎ᠶᠢᠨ ᠪᠣᠳᠣᠯᠭ᠎ᠠ᠎ᠶᠢ ᠨᠡᠢᠲᠡᠯᠡᠵᠦ᠂ ᠲᠦᠷᠦ᠎ᠶᠢᠨ ᠪᠣᠳᠣᠯᠭ᠎ᠠ ᠶ᠋ᠢᠨ ᠠᠰᠢᠭ᠋ ᠲᠣᠰᠠ ᠨᠢ 20.9 ᠳ᠋ᠦᠩᠰᠢᠭᠤᠷ ᠲᠥᠭᠥᠷᠢᠭ᠎ᠲᠤ ᠬᠦᠷᠴᠦ᠍᠂ ᠠᠳᠠᠯ ᠦᠢᠯᠡᠰ ᠴᠣᠭᠴᠠᠯᠠᠬᠤ ᠪᠠ ᠠᠵᠤ ᠠᠬᠤᠢᠯᠠᠯ᠎ᠢ ᠲᠤᠰᠠᠯᠠᠬᠤ ᠵᠢᠭᠡᠯᠡᠯᠭᠡ᠎ᠶᠢ 9.6 ᠳ᠋ᠦᠩᠰᠢᠭᠤᠷ ᠲᠥᠭᠥᠷᠢᠭ ᠲᠠᠯᠪᠢᠪᠠ᠃ ᠲᠣᠰ ᠬᠤᠭᠤᠴᠠᠭᠠᠨ᠎ᠤ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠎ᠢ ᠮᠠᠭᠠᠳᠯᠠᠨ ᠲᠣᠭᠲᠠᠭᠠᠬᠤ ᠨᠥᠬᠥᠴᠡᠯ᠎ᠢ ᠠᠭᠤᠵᠢᠭᠤ ᠲᠠᠯᠪᠢᠵᠤ᠂ ᠲᠥᠷᠥ᠎ᠶᠢᠨ ᠪᠣᠳᠣᠯᠭ᠎ᠠ ᠶ᠋ᠢᠨ ᠴᠢᠨᠠᠷᠲᠠᠢ ᠠᠵᠢᠯ᠎ᠤᠨ ᠪᠠᠢᠷᠢ᠎ᠶᠢᠨ ᠡᠬᠢ ᠪᠠᠶᠠᠯᠢᠭ᠋᠎ᠢ ᠲᠦᠷᠭᠡᠪᠴᠢᠯᠡᠨ ᠭᠠᠷᠭᠠᠵᠤ᠂ ᠲᠡᠭᠦᠰᠦᠭᠰᠡᠨ ᠰᠣᠷᠣᠭ᠍ᠴᠢᠳ ᠨᠠᠩ ᠡᠷᠲᠡ᠂ ᠨᠠᠩ ᠣᠯᠠᠨ ᠠᠵᠢᠯ᠎ᠤᠨ ᠪᠠᠢᠷᠢ ᠰᠣᠩᠭᠣᠬᠣ ᠠᠵᠠ ᠲᠣᠬᠢᠶᠠᠯ᠎ᠲᠠᠢ ᠪᠣᠯᠭᠠᠪᠠ᠃ ᠴᠢᠬᠤᠯᠠ ᠶᠡᠬᠡ ᠲᠦᠷᠦᠯ ᠵᠦᠢᠯ ᠵᠡᠷᠭᠡ ᠠᠵᠢᠯ᠎ᠤᠨ ᠪᠠᠢᠷᠢ᠎ᠶᠢ ᠴᠤᠭᠯᠠᠭᠤᠯᠤᠨ ᠨᠡᠢᠲᠡᠯᠡᠬᠦ ᠲᠣᠭᠲᠠᠴᠠ᠎ᠶᠢ ᠪᠠᠢᠭᠤᠯᠵᠤ᠂ ᠨᠡᠢ᠍ᠢᠳᠡ 68.9 ᠲᠦᠮᠡᠨ ᠠᠵᠢᠯ᠎ᠤᠨ ᠪᠠᠢᠷᠢ᠎ᠶᠢ ᠨᠡᠢᠲᠡᠯᠡᠪᠡ᠃ ᠣᠷᠣᠨ᠎ᠤ ᠳᠣᠲᠣᠷᠠᠬᠢ 《ᠵᠡᠭᠦᠨ ᠪᠡᠶ᠎ᠡ ᠶ᠋ᠢᠨ ᠠᠵᠢᠯᠴᠢᠨ᠎ᠢ ᠪᠠᠷᠠᠭᠤᠨ ᠪᠡᠶ᠎ᠡ ᠎ᠳᠦ ᠬᠡᠷᠡᠭᠯᠡᠬᠦ 》ᠵᠡᠷᠭᠡ ᠠᠷᠭ᠎ᠠ ᠬᠡᠮᠵᠢᠶ᠎ᠡ᠎ᠶᠢ ᠬᠡᠷᠡᠭᠵᠢᠭᠦᠯᠵᠦ᠂ 259 ᠲᠦᠮᠡᠨ ᠮᠠᠯᠴᠢᠨ ᠲᠠᠷᠢᠶᠠᠴᠢᠨ᠎ᠢ ᠰᠢᠯᠵᠢᠭᠦᠯᠦᠨ ᠠᠵᠢᠯ ᠣᠯᠭᠣᠬᠤ᠎ᠶᠢ ᠪᠡᠶᠡᠯᠡᠭᠦᠯᠪᠡ᠃ ᠲᠦᠷᠦ᠎ᠶᠢᠨ ᠪᠣᠳᠣᠯᠭ᠎ᠠ᠎ᠶᠢᠨ ᠴᠢᠨᠠᠷᠲᠠᠢ ᠠᠵᠢᠯ᠎ᠤᠨ ᠪᠠᠢᠷᠢ᠎ᠶᠢ 6.1 ᠲᠦᠮᠨ ᠴᠣᠭ᠍ᠯᠠᠭᠣᠯᠬᠣ᠎ᠪᠡᠷ ᠲᠦᠯᠦᠪᠯᠡᠭᠡᠳ᠂ 3.3 ᠲᠦᠮᠡᠨ ᠬᠥᠮᠥᠨ᠎ᠢ ᠡᠯᠰᠡᠨ ᠬᠡᠷᠡᠭ᠌ᠯᠡᠪᠡ᠃ ᠪᠠᠴᠢᠮ ᠱᠠᠭᠠᠷᠳᠠᠭᠳᠠᠵᠤ ᠪᠠᠢᠭ᠎ᠠ ᠪᠠᠴᠢᠮ ᠬᠡᠷᠡᠭᠴᠡᠭᠡᠨ᠎ᠦ ᠵᠢᠩᠬᠢᠨᠢ ᠠᠩᠭᠢ᠎ᠶᠢᠨ ᠲᠤᠰᠬᠠᠢ ᠮᠡᠷᠭᠡᠵᠢᠯ᠎ᠢ ᠱᠢᠨ᠎ᠡ ᠎ᠪᠡᠷ 19 ᠨᠡᠮᠡᠭᠳᠡᠭᠦᠯᠵᠦ᠂ ᠠᠵᠤ ᠦᠢᠯᠡᠰ ᠯᠦ᠍ᠭᠡ ᠲᠣᠬᠢᠷᠠᠯᠴᠠᠬᠤ ᠬᠡᠮᠵᠢᠶ᠎ᠡ᠎ᠪᠡᠷ ᠥᠨᠳᠥᠷ ᠪᠢᠰᠢ᠂ ᠠᠵᠢᠯ ᠣᠯᠭᠣᠯᠲᠠ᠎ᠶᠢᠨ ᠪᠠᠢᠳᠠᠯ᠎ᠢᠶᠠᠷ ᠠᠨᠠᠢ 20 ᠲᠤᠰᠬᠠᠢ ᠮᠡᠷᠭᠡᠵᠢᠯ᠎ᠢ ᠬᠦᠴᠦᠨ ᠦᠭᠡᠢ ᠪᠣᠯᠭᠠᠪᠠ᠃ 《ᠮᠡᠷᠭᠡᠵᠢᠯ ᠴᠢᠳᠠᠪᠣᠷᠢ᠎ᠪᠠᠷ ᠢᠷᠡᠭᠡᠳᠦᠢ᠎ᠶᠢ ᠨᠢ ᠭᠡᠷᠡᠯᠳᠦᠬᠦᠯᠬᠦ》ᠪᠣᠯᠪᠠᠰᠤᠷᠠᠯ᠎ᠢ 30.3 ᠲᠦᠮᠡᠨ ᠬᠥᠮᠥᠨ ᠤᠳᠠᠭ᠎ᠠ ᠥᠷᠨᠢᠭᠦᠯᠪᠡ᠃ 《ᠠᠵᠢᠯ ᠣᠯᠭᠣᠯᠲᠠ᠎ᠶ᠋ᠢᠨ ᠥᠪᠥᠷ ᠮᠣᠩᠭᠣᠯ 》᠎ᠤᠨ ᠠᠵᠢᠯ ᠡᠷᠢᠬᠦ ᠪᠠ ᠡᠯᠰᠡᠵᠦ᠍ ᠤᠷᠢᠬᠤ ᠲᠠᠪᠴᠠᠩ᠎ᠢ ᠰᠦᠯᠵᠢᠶᠡᠨ᠎ᠳᠦ ᠣᠷᠣᠭᠤᠯᠤᠨ ᠠᠵᠢᠯᠯᠠᠭᠤᠯᠵᠤ᠂ ᠬᠥᠮᠥᠨ ᠪᠠ ᠠᠵᠢᠯ᠎ᠤᠨ ᠪᠠᠢᠷᠢ᠎ᠶᠢ ᠣᠶᠤᠨᠴᠢ᠎ᠪᠠᠷ ᠲᠣᠬᠢᠷᠠᠭᠤᠯᠬᠤ᠎ᠶᠢ ᠠᠬᠢᠭᠣᠯᠪᠠ᠃ 《ᠠᠵᠢᠯ ᠣᠯᠭᠣᠯᠲᠠ + 》ᠦᠢᠯᠡᠴᠢᠯᠡᠭᠡᠨ᠎ᠦ ᠬᠡᠪ ᠵᠠᠭᠪᠤᠷ᠎ᠲᠦ ᠰᠢᠨ᠎ᠡ᠎ᠶᠢ ᠡᠭᠦᠳᠴᠦ᠂ ᠠᠵᠢᠯᠲᠠᠨ ᠡᠯᠰᠡᠬᠦ ᠴᠤᠭᠯᠠᠭᠠᠨ᠎ᠢ ᠬᠤᠳᠠᠯᠳᠤᠭᠠᠨ᠎ᠤ ᠲᠣᠭᠣᠷᠢᠭ᠋᠂ ᠰᠥᠨᠢ᠎ᠶᠢᠨ ᠵᠠᠬ᠎ᠠ ᠳᠡᠯᠭᠡᠭᠦᠷ ᠵᠡᠷᠭᠡ ᠬᠥᠮᠥᠨ ᠣᠯᠠᠨ ᠴᠤᠭᠯᠠᠷᠠᠳᠠᠭ ᠲᠠᠯᠠᠪᠤᠷ᠎ᠲᠤ ᠡᠷᠭᠢᠯᠡᠵᠦ᠂ ᠠᠵᠢᠯ ᠲᠥᠷᠥᠯ᠂ ᠬᠦᠷᠢᠶ᠎ᠡ ᠬᠡᠪᠴᠢᠶ᠎ᠡ ᠬᠤᠪᠢᠶᠠᠨ ᠠᠵᠢᠯᠲᠠᠨ ᠡᠯᠰᠡᠬᠦ ᠠᠵᠢᠯᠯᠠᠭᠠᠨ᠎ᠢ 1827 ᠲᠠᠯᠠᠪᠤᠷ ᠥᠷᠨᠢᠭᠦᠯᠪᠡ ᠃

  ᠵᠠᠯᠭᠠᠭᠠᠳ᠂ ᠮᠠᠨ᠎ᠤ ᠣᠷᠣᠨ ᠪᠠᠰᠠ ᠤᠯᠤᠰ᠎ᠤᠨ ᠠᠵᠢᠯ ᠣᠯᠭᠣᠯᠲᠠ᠎ᠶᠢᠨ ᠨᠡᠮᠡᠭᠳᠡᠯ᠎ᠦᠨ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠬᠤ᠎ᠪᠠᠷ ᠢᠵᠢ ᠪᠦᠷᠢᠳᠦᠭ᠌ᠰᠡᠨ ᠠᠷᠭ᠎ᠠ ᠬᠡᠮᠵᠢᠶ᠎ᠡ᠎ᠶ᠋ᠢ ᠨᠡᠢᠲᠡᠯᠡᠵᠦ᠂ ᠨᠡᠢᠭᠡᠮ᠎ᠦᠨ ᠳᠠᠭᠠᠳᠭᠠᠯ᠎ᠤᠨ ᠵᠠᠷᠤᠳᠠᠯ᠎ᠢ ᠱᠠᠲᠣᠴᠢ ᠴᠢᠨᠠᠷᠲᠠᠢ᠎ᠪᠠᠷ ᠬᠣᠢᠰᠢᠯᠠᠭᠤᠯᠤᠨ ᠲᠤᠰᠢᠶᠠᠬᠤ᠂ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠨ ᠪᠤᠴᠠᠭᠠᠬᠤ ᠬᠠᠷᠢᠴᠠᠯ᠎ᠢ ᠳᠡᠭᠡᠭᠰᠢᠯᠡᠭᠦᠯᠬᠦ ᠵᠡᠷᠭᠡ ᠳᠡᠮᠵᠢᠬᠦ ᠠᠷᠭ᠎ᠠ ᠬᠡᠮᠵᠢᠶ᠎ᠡ᠎ᠶᠢ ᠨᠠᠷᠢᠯᠢᠭ᠍ᠵᠢᠭᠤᠯᠤᠨ ᠪᠣᠳᠠᠲᠠᠢᠵᠢᠭᠤᠯᠤᠨ᠎ᠠ ᠃ ᠴᠢᠬᠤᠯᠠ ᠶᠡᠬᠡ ᠲᠦᠷᠦᠯ ᠵᠦᠢᠯ ᠂ ᠭᠣᠣᠯᠳᠠᠯᠭ᠎ᠠ ᠪᠣᠯᠬᠣ ᠠᠵᠤ ᠦᠢᠯᠡᠰ᠎ᠦᠨ ᠲᠣᠭᠣᠷᠢᠨ᠎ᠳᠤ ᠠᠵᠢᠯ᠎ᠤᠨ ᠪᠠᠢᠷᠢ᠎ᠶᠢᠨ ᠲᠠᠯᠳᠠ ᠬᠦᠴᠦᠨ᠎ᠢ ᠠᠭᠤᠳᠠᠯᠤᠨ ᠪᠠᠭᠲᠠᠭᠠᠮᠵᠢ᠎ᠶᠢ ᠥᠷᠭᠡᠳᠬᠡᠵᠦ᠂ ᠨᠢᠭᠡᠳᠦᠭᠡᠷ ᠪᠦᠯᠦᠭ᠎ᠦᠨ ᠠᠵᠢᠯ ᠣᠯᠭᠣᠬᠤ᠎ᠪᠠᠷ ᠲᠡᠳᠬᠦᠮᠵᠢ᠎ᠶᠢ ᠣᠷᠣᠯᠠᠭᠤᠯᠬᠤ ᠲᠦᠷᠦᠯ ᠵᠦᠢᠯ᠎ᠢ ᠪᠦᠬᠦ ᠲᠠᠯ᠎ᠠ᠎ᠪᠠᠷ ᠡᠬᠢᠯᠡᠭᠦᠯᠬᠦ ᠪᠠ ᠬᠣᠶᠠᠳᠤᠭᠠᠷ ᠪᠦᠯᠦᠭ᠎ᠦᠨ ᠲᠦᠷᠦᠯ ᠵᠦᠢᠯ᠎ᠢ ᠲᠥᠯᠥᠪᠯᠡᠨ ᠬᠡᠷᠡᠭᠵᠢᠭᠦᠯᠬᠦ᠎ᠶᠢ ᠲᠦᠯᠬᠢᠨ ᠠᠬᠢᠭᠤᠯᠤᠨ᠎ᠠ᠃ ᠳᠡᠭᠡᠳᠦ ᠰᠤᠷᠭᠠᠭᠤᠯᠢ ᠲᠡᠭᠦᠰᠦᠭ᠌ᠰᠡᠳ ᠵᠡᠷᠭᠡ ᠵᠠᠯᠠᠭᠤ ᠬᠦᠮᠦᠰ᠎ᠲᠦ ᠴᠢᠭ᠌ᠯᠡᠭᠦᠯᠦᠨ ᠠᠵᠢᠯ ᠣᠯᠭᠣᠬᠣ ᠦᠢᠯᠡᠴᠢᠯᠡᠭᠡᠨ᠎ᠦ ᠪᠡᠷᠬᠡ ᠰᠡᠳᠦᠪ᠎ᠢ ᠰᠢᠢᠳᠪᠦᠷᠢᠯᠡᠬᠦ ᠠᠵᠢᠯᠯᠠᠭᠠᠨ ᠦᠷᠨᠢᠭᠦᠯᠦᠨ᠂ 《1131》 ᠦᠢᠯᠡᠴᠢᠯᠡᠬᠦ᠌ ᠬᠡᠪ ᠵᠠᠭ᠍ᠪᠣᠷ᠎ᠤᠨ ᠦᠨᠡᠨ ᠨᠡᠷ᠎ᠡ᠎ᠪᠡᠷ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ᠎ᠶᠢ ᠰᠠᠢᠲᠤᠷ ᠨᠠᠢᠳᠠᠪᠤᠷᠢᠵᠢᠭᠤᠯᠵᠤ᠂ ᠵᠠᠬ᠎ᠠ ᠳᠡᠯᠭᠡᠭᠦᠷ᠎ᠢᠶᠠᠷ ᠠᠵᠢᠯ ᠣᠯᠬᠤ᠎ᠳᠤ ᠬᠦᠴᠢᠷᠲᠡᠢ ᠬᠥᠮᠥᠰ᠎ᠢ ᠨᠡᠶ᠋ᠢᠲᠡ᠎ᠶᠢᠨ ᠠᠰᠠᠷᠠᠮᠵᠢ᠎ᠶᠢᠨ ᠴᠢᠨᠠᠷᠲᠠᠢ ᠠᠵᠢᠯ᠎ᠤᠨ ᠪᠠᠢᠷᠢ᠎ᠪᠠᠷ ᠳᠠᠮᠵᠢᠭᠤᠯᠤᠨ ᠳᠠᠭᠠᠭᠠᠨ ᠪᠠᠲᠣᠯᠠᠵᠣ ᠲᠥᠪᠬᠢᠨᠡᠭᠦᠯᠦᠨ᠎ᠡ᠃ ᠭᠣᠣᠯᠳᠠᠯᠭ᠎ᠠ ᠪᠣᠯᠬᠣ ᠠᠵᠤ ᠦᠢᠯᠡᠰ᠎ᠦᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠪᠠ ᠭᠣᠣᠯᠳᠠᠯᠭ᠎ᠠ ᠪᠣᠯᠬᠣ ᠬᠦᠮᠦᠰ᠎ᠦᠨ ᠪᠣᠯᠪᠠᠰᠤᠷᠠᠯ ᠬᠦᠷᠲᠡᠬᠦ᠌ ᠬᠦᠰᠡᠯ ᠰᠠᠨᠠᠭ᠎ᠠ᠎ᠶᠢ ᠪᠥᠬᠥ ᠲᠠᠯ᠎ᠠ᠎ᠪᠠᠷ ᠣᠢᠯᠠᠭᠠᠨ ᠵᠢᠭ᠍ᠰᠠᠭᠠᠵᠤ᠂ ᠠᠵᠤ ᠠᠬᠤᠢᠯᠠᠯ᠎ᠢ ᠬᠦᠲᠦᠯᠦᠨ ᠵᠢᠯᠣᠭᠣᠳᠴᠣ ᠪᠠᠢᠭᠠᠳ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠂ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠭᠠᠵᠠᠷ᠎ᠤᠳ ᠲᠠᠢ ᠬᠠᠮᠲᠤᠷᠠᠨ ᠵᠠᠬᠢᠶᠠᠯᠠᠭ᠎ᠠ᠂ᠲᠠᠢ ᠬᠠᠨᠳᠤᠯᠭ᠎ᠠ᠎ᠲᠠᠢ᠂ ᠠᠵᠢᠯ᠎ᠤᠨ ᠪᠠᠢᠷᠢ ᠲᠠᠢ ᠪᠣᠯᠪᠠᠰᠤᠷᠠᠭᠤᠯᠬᠤ ᠬᠡᠪᠴᠢᠶ᠎ᠡ᠎ᠪᠡᠨ ᠦᠷᠭᠡᠳᠭᠡᠨ᠎ᠡ᠃

 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
            