ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠤᠰᠤ ᠠᠪᠬᠤ ᠵᠥᠪᠰᠢᠶᠡᠷᠡᠯ᠎ᠳᠤ ᠣᠷᠣᠭᠤᠯᠬᠤ ᠪᠠ ᠰᠡᠶ᠋ᠢᠷᠡᠭᠦᠯᠦᠨ ᠬᠠᠳᠠᠭ᠋ᠠᠬᠤ ᠤᠰᠤ ᠭᠠᠳᠠᠭᠰᠢᠯᠠᠭᠤᠯᠬᠤ ᠬᠡᠮᠵᠢᠶ᠎ᠡ ᠵᠢᠨ ᠬᠡᠪᠴᠢᠶᠡᠨ᠎ᠤ ᠪᠠᠷᠢᠮᠵᠢᠶ᠎ᠠ ᠵᠢ ᠳᠠᠩᠰᠠᠯᠠᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
ᠨᠡᠶ᠋ᠢᠲᠡᠯᠡᠭᠰᠡᠨ ᠴᠠᠭ᠄ 2024-03-21

ᠡᠯ᠎ᠡ ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄

  《ᠭᠠᠵᠠᠷ ᠳᠣᠤᠷᠠᠬᠢ ᠤᠰᠤᠨ᠎ᠤ ᠬᠠᠮᠢᠶᠠᠷᠤᠯᠲᠠ ᠵᠢᠨ ᠳᠦᠷᠢᠮ》᠎ᠤᠨ ᠬᠣᠷᠢᠨ ᠵᠢᠷᠭᠤᠳᠤᠭ᠋ᠠᠷ ᠵᠦᠢ᠍ᠯ᠂ ᠲᠠᠪᠢᠨ ᠬᠣᠶᠠᠳᠤᠭ᠋ᠠᠷ ᠵᠦᠢ᠍ᠯ ᠵᠢᠴᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠳᠣᠤᠷᠠᠬᠢ ᠤᠰᠤ ᠵᠢ ᠬᠠᠮᠠᠭ᠋ᠠᠯᠠᠬᠤ ᠪᠠ ᠬᠠᠮᠢᠶᠠᠷᠬᠤ ᠳᠦᠷᠢᠮ》᠎ᠤᠨ ᠠᠷᠪᠠᠨ ᠨᠠᠢ᠍ᠮᠠᠳᠤᠭ᠋ᠠᠷ ᠵᠦᠢ᠍ᠯ᠎ᠤᠨ ᠲᠣᠭᠲᠠᠭ᠋ᠠᠯ᠎ᠢ ᠦᠨᠳᠦᠰᠦᠯᠡᠨ᠂ ᠡᠳᠦᠭᠡ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠲᠥᠰᠦᠯ ᠵᠢᠴᠢ ᠭᠠᠵᠠᠷ ᠳᠣᠤᠷᠠᠬᠢ ᠤᠰᠤᠨ᠎ᠳᠤ ᠠᠰᠢᠭ ᠦᠭᠡᠶ ᠨᠥᠯᠥᠭᠡ ᠪᠣᠯᠬᠤ ᠵᠢ ᠰᠡᠷᠭᠡᠶ᠋ᠢᠯᠡᠬᠦ ᠠᠷᠭ᠎ᠠ ᠬᠡᠮᠵᠢᠶ᠎ᠡ ᠵᠢᠨ ᠲᠥᠰᠦᠯ᠎ᠤᠨ ᠭᠠᠵᠠᠷ ᠳᠣᠤᠷᠠᠬᠢ ᠢᠨᠵᠸᠨ᠋ᠸᠷᠢᠩ᠎ᠤᠨ ᠤᠰᠤ ᠭᠠᠳᠠᠭᠰᠢᠯᠠᠭᠤᠯᠬᠤ ᠬᠡᠪᠴᠢᠶ᠎ᠡ᠂ ᠤᠰᠤ ᠠᠪᠬᠤ ᠵᠥᠪᠰᠢᠶᠡᠷᠡᠯ᠎ᠢ ᠬᠠᠤᠯᠢ ᠶᠣᠰᠣᠭ᠋ᠠᠷ ᠭᠤᠶᠤᠴᠢᠯᠠᠨ ᠭᠦᠢ᠍ᠴᠡᠳᠬᠡᠬᠦ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠮᠠᠯᠲᠠᠬᠤ ᠪᠠ ᠭᠠᠵᠠᠷ ᠳᠣᠤᠷᠠᠬᠢ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠰᠡᠶ᠋ᠢᠷᠡᠭᠦᠯᠦᠨ ᠬᠠᠳᠠᠭ᠋ᠠᠬᠤ ᠤᠰᠤ ᠭᠠᠳᠠᠭᠰᠢᠯᠠᠭᠤᠯᠬᠤ ᠬᠡᠮᠵᠢᠶ᠎ᠡ ᠵᠢᠨ ᠬᠡᠪᠴᠢᠶ᠎ᠡ ᠵᠢ ᠳᠣᠤᠷᠠᠬᠢ ᠮᠡᠲᠦ ᠮᠡᠳᠡᠭᠳᠡᠶ᠎ᠡ᠃

   ᠨᠢᠭᠡ᠂ ᠵᠢᠯ᠎ᠤᠨ ᠤᠰᠤ ᠭᠠᠳᠠᠭᠰᠢᠯᠠᠭᠤᠯᠬᠤ ᠬᠡᠮᠵᠢᠶ᠎ᠡ᠎ᠨᠢ 1 ᠲᠦᠮᠡᠨ ᠺᠦᠪ ᠮᠧᠲᠷ ᠵᠢᠴᠢ ᠲᠡᠭᠦᠨ᠎ᠠᠴᠠ ᠳᠡᠭᠡᠭᠰᠢᠬᠢ ᠭᠠᠵᠠᠷ ᠳᠣᠤᠷᠠᠬᠢ ᠢᠨᠵᠸᠨ᠋ᠸᠷᠢᠩ ᠡᠬᠢᠯᠡᠭᠦᠯᠬᠦ᠎ᠠᠴᠠ ᠡᠮᠦᠨ᠎ᠡ᠂ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠲᠥᠰᠦᠯ ᠪᠣᠯᠤᠨ ᠭᠠᠵᠠᠷ ᠳᠣᠤᠷᠠᠬᠢ ᠤᠰᠤᠨ᠎ᠳᠤ ᠠᠰᠢᠭ ᠦᠭᠡᠶ ᠨᠥᠯᠥᠭᠡ ᠭᠠᠷᠬᠤ ᠵᠢ ᠰᠡᠷᠭᠡᠶ᠋ᠢᠯᠡᠬᠦ ᠠᠷᠭ᠎ᠠ ᠬᠡᠮᠵᠢᠶ᠎ᠡ ᠵᠢᠨ ᠲᠥᠰᠦᠯ ᠵᠶ᠋ᠠᠨ ᠬᠠᠮᠢᠶᠠᠷᠤᠯᠲᠠ ᠵᠢᠨ ᠡᠷᠬᠡ ᠮᠡᠳᠡᠯ᠎ᠲᠠᠢ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠬᠦᠷᠭᠡᠵᠦ ᠳᠠᠩᠰᠠᠯᠠᠭᠤᠯᠬᠤ ᠬᠡᠷᠡᠭᠲᠡᠶ᠃

   ᠬᠣᠶᠠᠷ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠮᠠᠯᠲᠠᠬᠤ᠂ ᠭᠠᠵᠠᠷ ᠳᠣᠤᠷᠠᠬᠢ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠣᠨ᠎ᠤ ᠰᠡᠶ᠋ᠢᠷᠡᠭᠦᠯᠦᠨ ᠬᠠᠳᠠᠭ᠋ᠠᠬᠤ ᠤᠰᠤᠨ᠎ᠤ ᠬᠡᠮᠵᠢᠶ᠎ᠡ᠎ᠨᠢ 1 ᠲᠦᠮᠡᠨ ᠪᠣᠰᠣᠭ᠎ᠠ ᠳᠥᠷᠪᠡᠯᠵᠢᠨ ᠮᠧᠲᠷ ᠵᠢᠴᠢ ᠲᠡᠭᠦᠨ᠎ᠠᠴᠠ ᠳᠡᠭᠡᠭᠰᠢ ᠪᠠᠶ᠋ᠢᠪᠠᠯ᠂ ᠤᠰᠤ ᠲᠠᠲᠠᠬᠤ ᠵᠥᠪᠰᠢᠶᠡᠷᠡᠯ᠎ᠢ ᠬᠠᠤᠯᠢ ᠶᠣᠰᠣᠭ᠋ᠠᠷ ᠭᠤᠶᠤᠴᠢᠯᠠᠵᠤ᠂ ᠤᠰᠤ ᠭᠠᠳᠠᠭᠰᠢᠯᠠᠭᠤᠯᠬᠤ  ᠵᠢ ᠬᠡᠮᠵᠢᠬᠦ ᠪᠡᠯᠡᠳᠬᠡᠮᠵᠢ ᠤᠭᠰᠠᠷᠠᠬᠤ ᠵᠢᠨ ᠬᠠᠮᠲᠤ᠂ ᠤᠰᠤ ᠲᠠᠲᠠᠬᠤ ᠵᠥᠪᠰᠢᠶᠡᠷᠡᠯ᠎ᠢ ᠬᠢᠨᠠᠨ ᠵᠥᠪᠰᠢᠶᠡᠷᠡᠬᠦ ᠪᠠᠶ᠋ᠢᠭᠤᠯᠭ᠎ᠠ᠎ᠳᠤ ᠰᠡᠶ᠋ᠢᠷᠡᠭᠦᠯᠦᠨ ᠬᠠᠳᠠᠭ᠋ᠠᠬᠤ ᠤᠰᠤ ᠭᠠᠳᠠᠭᠰᠢᠯᠠᠭᠤᠯᠬᠤ ᠬᠡᠮᠵᠢᠶ᠎ᠡ ᠪᠣᠯᠤᠨ ᠭᠠᠵᠠᠷ ᠳᠣᠤᠷᠠᠬᠢ ᠤᠰᠤᠨ᠎ᠤ ᠤᠰᠤᠨ ᠲᠦᠪᠰᠢᠨ᠎ᠤ ᠪᠠᠶ᠋ᠢᠳᠠᠯ ᠵᠶ᠋ᠠᠨ ᠲᠣᠭᠲᠠᠮᠠᠯ ᠬᠤᠭᠤᠴᠠᠭ᠎ᠠ᠎ᠲᠠᠢ᠎ᠪᠠᠷ ᠮᠡᠳᠡᠭᠦᠯᠦᠨ ᠬᠦᠷᠭᠡᠬᠦ ᠬᠡᠷᠡᠭᠲᠡᠶ᠃

  

                  2024 ᠣᠨ᠎ᠤ 3  ᠳ᠋ᠤᠭ᠋ᠠᠷ ᠰᠠᠷ᠎ᠠ ᠵᠢᠨ 12᠎ᠤᠨ ᠡᠳᠦᠷ

 

ᠢᠷᠡᠯᠲᠡ᠄ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠤᠰᠤᠨ ᠠᠰᠢᠭᠯᠠᠯᠲᠠ ᠵᠢᠨ ᠲᠢᠩᠭᠢᠮ
          
ᠬᠠᠮᠢᠶ᠎ᠡ ᠪᠦᠬᠦᠢ ᠰᠣᠨᠢᠨ
2024 ᠣᠨ᠎ᠤ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠭᠤᠤᠯ ᠬᠠᠷᠢᠭᠤᠴᠠᠯᠭ᠋ᠠᠲᠠᠨ᠂ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠠ ᠲᠤᠰᠬᠠᠶ ᠲᠤᠰᠢᠶᠠᠯᠲᠤ ᠠᠶᠤᠯᠭᠦᠶ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠤᠯᠭᠦᠶ ᠦᠢ᠍ᠯᠡᠳᠪᠦᠷᠢᠯᠡᠯ᠎ᠤᠨ ᠰᠢᠯᠭ᠋ᠠᠯᠲᠠ ᠵᠢᠨ ᠲᠥᠯᠥᠪᠯᠡᠭᠡ ᠵᠢ ᠨᠡᠶ᠋ᠢᠲᠡᠯᠡᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠮᠡᠳᠡᠭᠳᠡᠯ
ᠲᠥᠪ᠎ᠤᠨ ᠠᠮᠢ ᠠᠬᠤᠶ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠡᠭᠦᠷᠭᠡ ᠵᠢᠨ ᠳ᠋ᠤᠭ᠋ᠠᠷ ᠬᠠᠰᠤᠬᠤ ᠲᠤᠬᠠᠶ ᠵᠠᠷᠯᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠱᠢᠨᠵᠢᠯᠡᠭᠡᠨ ᠤᠰᠤᠨ᠎ᠤ ᠡᠬᠢ ᠰᠤᠷᠪᠤᠯᠵᠢ᠎ᠶ᠋ᠢᠨ ᠲᠥᠪ᠎ᠦᠨ ᠳᠠᠭᠠᠭᠠᠴᠢᠯᠠᠯᠲᠠ ᠵᠠᠷᠯᠠᠬᠤ᠎ᠶ᠋ᠢ ᠣᠷᠣᠯᠠᠬᠤ ᠪᠠᠢᠭᠤᠯᠤᠮᠵᠢ᠎ᠶ᠋ᠢᠨ ᠢᠯᠡ᠎ᠪᠡᠷ ᠠᠳᠠᠯᠢᠳᠭᠠᠨ ᠰᠣᠩᠭᠣᠬᠤ ᠠᠯᠪᠠᠨ ᠵᠠᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠥᠪ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠶ᠋ᠢᠭᠤᠯᠤᠮᠵᠢ ᠵᠢᠨ ᠢᠯᠡ᠎ᠪᠠᠷ ᠠᠳᠠᠯᠢᠳᠬᠠᠨ ᠰᠣᠩᠭᠣᠬᠤ ᠠᠯᠪᠠᠨ ᠵᠠᠷ
ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠣᠯ᠎ᠤᠨ ᠰᠠᠨ ᠱᠸᠩ ᠬᠦᠩ ᠤᠰᠤᠨ ᠠᠰᠢᠭᠯᠠᠯᠲᠠ ᠵᠢᠨ ᠵᠠᠩᠭᠢᠯᠠᠭ᠎ᠠ ᠵᠢᠨ ᠬᠠᠮᠢᠶᠠᠷᠤᠯᠲᠠ ᠵᠢᠨ ᠲᠥᠪ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠪᠠᠢ᠌ᠭᠤᠯᠤᠮᠵᠢ ᠵᠢᠨ ᠨᠡᠷ᠎ᠡ ᠮᠡᠳᠡᠭᠦᠯᠬᠦ ᠠᠯᠪᠠᠨ ᠵᠠᠷ
 
            