ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠢᠯ᠎ᠤᠨ ᠠᠵᠤ ᠠᠬᠤᠶ᠋ᠢᠯᠠᠯ᠎ᠤᠨ ᠭᠤᠣᠯ ᠬᠠᠷᠢᠭᠤᠴᠠᠯᠭ᠋ᠠᠲᠠᠨ᠂ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠠ ᠲᠤᠰᠬᠠᠢ ᠲᠤᠰᠢᠶᠠᠯᠲᠤ ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠨ ᠰᠢᠯᠭ᠋ᠠᠬᠤ ᠰᠡᠳᠦᠪ᠎ᠤᠨ ᠬᠥᠮᠥᠷᠭᠡ ᠵᠢ ᠡᠬᠢᠯᠡᠵᠦ ᠬᠡᠷᠡᠭᠯᠡᠬᠦ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2025-03-28

ᠡᠯ᠎ᠡ ᠬᠤᠯᠪᠣᠭᠳᠠᠯ ᠪᠦᠬᠦᠢ ᠨᠢᠭᠡᠴᠢ᠄

   ᠠᠶᠤᠯ ᠦᠭᠡᠶ ᠦᠢ᠍ᠯᠡᠳᠪᠦᠷᠢᠯᠡᠯ᠎ᠤᠨ ᠲᠤᠬᠠᠶ ᠤᠯᠤᠰ ᠬᠢᠭᠡᠳ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢ᠍ᠯ᠎ᠤᠨ ᠱᠠᠭ᠋ᠠᠷᠳᠠᠯᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂  ᠮᠠᠨ᠎ᠤ ᠣᠷᠣᠨ᠎ᠤ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠠᠶᠤᠯ ᠦᠭᠡᠶ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯ᠎ᠢ ᠤᠯᠠᠮ ᠨᠢᠭᠡ ᠠᠯᠬᠤᠮ ᠴᠢᠩᠭ᠋ᠠᠷᠠᠭᠤᠯᠤᠨ᠂  ᠤᠰᠤᠨ ᠠᠰᠢᠭᠯᠠᠯᠲᠠ ᠵᠢᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠭᠣᠤᠯ ᠬᠠᠷᠢᠭᠤᠴᠠᠯᠭ᠋ᠠᠲᠠᠨ᠂  ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠣᠯᠤᠨ ᠲᠤᠰᠬᠠᠶ ᠲᠤᠰᠢᠶᠠᠯ᠎ᠤᠨ ᠠᠶᠤᠯ ᠦᠭᠡᠶ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠤᠯ ᠦᠭᠡᠶ ᠦᠢ᠍ᠯᠡᠳᠪᠦᠷᠢᠯᠡᠯ᠎ᠤᠨ ᠦᠵᠡᠯ ᠤᠬᠠᠮᠰᠠᠷ ᠬᠢᠭᠡᠳ ᠲᠤᠰᠬᠠᠶ ᠮᠡᠷᠭᠡᠵᠢᠯ᠎ᠤᠨ ᠴᠢᠳᠠᠪᠤᠷᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠵᠢᠨ ᠲᠤᠰᠠᠳᠠ᠂  ᠰᠤᠳᠤᠯᠤᠨ ᠲᠣᠭᠲᠠᠭ᠋ᠠᠭ᠋ᠠᠳ᠂  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠢᠯ᠎ᠤᠨ ᠠᠵᠤ ᠠᠬᠤᠶ᠋ᠢᠯᠠᠯ᠎ᠤᠨ ᠭᠣᠤᠯ ᠬᠠᠷᠢᠭᠤᠴᠠᠯᠭ᠋ᠠᠲᠠᠨ᠂  ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠣᠯᠤᠨ ᠲᠤᠰᠬᠠᠶ ᠲᠤᠰᠢᠶᠠᠯᠲᠤ ᠠᠶᠤᠯ ᠦᠭᠡᠶ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠤᠯ ᠦᠭᠡᠶ ᠦᠢ᠍ᠯᠡᠳᠪᠦᠷᠢᠯᠡᠯ᠎ᠤᠨ ᠬᠢᠨᠠᠨ ᠰᠢᠯᠭ᠋ᠠᠬᠤ ᠰᠡᠳᠦᠪ᠎ᠤᠨ ᠬᠥᠮᠥᠷᠭᠡ ᠵᠢ ᠡᠬᠢᠯᠡᠵᠦ ᠬᠡᠷᠡᠭᠯᠡᠬᠦ᠎ᠪᠠᠷ ᠲᠣᠭᠲᠠᠭ᠋ᠠᠪᠠ᠃

   ᠲᠣᠰ ᠰᠡᠳᠦᠪ᠎ᠤᠨ ᠬᠥᠮᠥᠷᠭᠡ᠎ᠨᠢ 《ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠭᠤᠤᠯ ᠬᠠᠷᠢᠭᠤᠴᠠᠯᠭ᠋ᠠᠲᠠᠨ᠂  ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠠ ᠲᠤᠰᠬᠠᠶ ᠲᠤᠰᠢᠶᠠᠯᠲᠤ ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠤᠯ ᠦᠭᠡᠢ ᠦᠢ᠍ᠯᠡᠳᠪᠦᠷᠢᠯᠡᠯ᠎ᠤᠨ ᠰᠢᠯᠭ᠋ᠠᠯᠲᠠ ᠵᠢᠨ ᠬᠥᠲᠥᠯᠪᠦᠷᠢ》 (ᠠᠯᠪᠠᠨ ᠬᠢᠨᠠᠯᠲᠠ ᠲᠠᠯᠪᠢᠬᠤ ᠵᠠᠬᠢᠳᠠᠯ [2023] 718 ᠳ᠋ᠤᠭ᠋ᠠᠷ ᠲᠣᠭ᠋ᠠᠲᠤ)᠎ᠤᠨ ᠶᠣᠰᠣᠭ᠋ᠠᠷ ᠨᠠᠶ᠋ᠢᠷᠠᠭᠤᠯᠤᠨ ᠵᠣᠬᠢᠶᠠᠪᠠ᠃  ᠰᠡᠳᠦᠪ᠎ᠤᠨ ᠬᠡᠯᠪᠡᠷᠢ᠎ᠨᠢ ᠭᠠᠭᠴᠠ ᠬᠠᠷᠢᠭᠤ᠎ᠲᠠᠢ ᠰᠣᠩᠭᠣᠬᠤ ᠰᠡᠳᠦᠪ᠂  ᠣᠯᠠᠨ ᠬᠠᠷᠢᠭᠤ᠎ᠲᠠᠢ ᠰᠣᠩᠭᠣᠬᠤ ᠰᠡᠳᠦᠪ᠂  ᠮᠠᠭ᠋ᠠᠳᠯᠠᠬᠤ ᠰᠡᠳᠦᠪ ᠪᠠᠭᠲᠠᠨ᠎ᠠ᠂  ᠨᠡᠶ᠋ᠢᠲᠡ 3100 ᠰᠡᠳᠦᠪ ᠪᠣᠯᠤᠨ᠎ᠠ᠃  ᠡᠭᠦᠨ᠎ᠳᠤ ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶ᠎ᠠ ᠪᠦᠬᠦᠢ ᠬᠠᠤᠯᠢ ᠲᠣᠭᠲᠠᠭ᠋ᠠᠯ ᠲᠦᠷᠦ ᠵᠢᠨ ᠪᠤᠳᠤᠯᠭ᠎ᠠ ᠵᠢᠨ ᠰᠢᠯᠭ᠋ᠠᠯᠲᠠ ᠵᠢᠨ ᠰᠡᠳᠦᠪ 1061 ᠪᠠᠶ᠋ᠢᠵᠤ᠂  ᠠᠶᠤᠯ ᠦᠭᠡᠢ ᠦᠢ᠍ᠯᠡᠳᠪᠦᠷᠢᠯᠡᠯ᠎ᠤᠨ ᠮᠡᠷᠭᠡᠵᠢᠯ᠎ᠤᠨ ᠰᠢᠯᠭ᠋ᠠᠯᠲᠠ ᠵᠢᠨ ᠰᠡᠳᠦᠪ 1001 ᠪᠠᠶ᠋ᠢᠵᠤ᠂  ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠦᠨᠳᠦᠰᠦᠨ ᠮᠡᠳᠡᠯᠭᠡ ᠵᠢᠨ ᠰᠢᠯᠭ᠋ᠠᠯᠲᠠ ᠵᠢᠨ ᠰᠡᠳᠦᠪ 334 ᠪᠠᠶ᠋ᠢᠵᠤ᠂  ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠴᠢᠳᠠᠪᠤᠷᠢ ᠵᠢᠨ ᠰᠢᠯᠭ᠋ᠠᠯᠲᠠ ᠵᠢᠨ ᠰᠡᠳᠦᠪ 704 ᠪᠤᠢ᠃  ᠰᠢᠯᠭ᠋ᠠᠯᠲᠠ ᠵᠢᠨ ᠬᠠᠭᠤᠳᠠᠰᠤ ᠵᠢᠨ 80% ᠰᠢᠯᠭ᠋ᠠᠯᠲᠠ ᠵᠢᠨ ᠰᠡᠳᠦᠪ᠎ᠢ ᠰᠡᠳᠦᠪ᠎ᠤᠨ ᠬᠥᠮᠥᠷᠭᠡ᠎ᠠᠴᠠ ᠰᠤᠭᠤᠯᠵᠤ ᠠᠪᠴᠤ ᠪᠣᠯᠣᠨ᠎ᠠ᠃

   ᠲᠣᠰ ᠰᠡᠳᠦᠪ᠎ᠤᠨ ᠬᠥᠮᠥᠷᠭᠡ ᠵᠢ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠠᠯᠪᠠᠨ ᠰᠦᠯᠵᠢᠶ᠎ᠡ (https://slt.nmg.gov.cn/) ᠪᠠ ᠸᠢᠴᠠᠲ᠎ᠤᠨ ᠤᠯᠠᠨ ᠨᠡᠢ᠌ᠲᠡ ᠵᠢᠨ ᠲᠠᠪᠴᠠᠩ ᠵᠶ᠋ᠠᠷ ᠳᠠᠮᠵᠢᠭᠤᠯᠤᠨ 《ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠶᠠᠰᠤ ᠴᠢᠨᠠᠷ ᠬᠢᠭᠡᠳ ᠠᠮᠤᠷ ᠲᠦᠪᠰᠢᠨ᠎ᠤ ᠬᠢᠨᠠᠯᠲᠠ》 ᠵᠢ ᠰᠦᠢ᠍ᠳᠬᠡᠯ ᠬᠤᠷᠢᠶᠠᠬᠤ ᠥᠬᠡᠶ᠎ᠪᠠᠷ ᠪᠠᠭᠤᠯᠭ᠋ᠠᠨ ᠠᠪᠴᠤ ᠪᠣᠯᠤᠨ᠎ᠠ᠃

   ᠰᠡᠳᠦᠪ᠎ᠤᠨ ᠬᠥᠮᠥᠷᠭᠡ ᠵᠢ ᠬᠡᠷᠡᠭᠯᠡᠬᠦ ᠶᠠᠪᠤᠴᠠ᠎ᠳᠤ᠂  ᠬᠡᠷᠪᠡ ᠶᠠᠮᠠᠷ ᠨᠢᠭᠡᠨ ᠠᠰᠠᠭᠤᠯᠲᠠ ᠪᠤᠶᠤ ᠰᠠᠨᠠᠭᠤᠯᠭ᠎ᠠ ᠪᠠᠢ᠌ᠪᠠᠯ᠂  ᠴᠠᠭ ᠲᠤᠬᠠᠢ᠎ᠳᠤᠨᠢ ᠥᠪᠥᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠲᠠᠢ ᠬᠠᠷᠢᠯᠴᠠᠭ᠋ᠠᠷᠠᠢ᠃

   ᠬᠠᠷᠢᠯᠴᠠᠬᠤ ᠠᠷᠭ᠎ᠠ ᠬᠡᠯᠪᠡᠷᠢ᠄

   ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠶᠠᠰᠤ ᠴᠢᠨᠠᠷ ᠬᠢᠭᠡᠳ ᠠᠮᠤᠷ ᠲᠦᠪᠰᠢᠨ᠎ᠳᠤ ᠬᠢᠨᠠᠯᠲᠠ ᠲᠠᠯᠪᠢᠬᠤ ᠦᠢᠯᠡᠴᠢᠯᠡᠭᠡᠨ᠎ᠤ ᠲᠥᠪ᠄ ᠶᠠᠩ ᠢᠦᠶ ᠬᠤᠸᠠ (0471) 5259319

   ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢᠨ ᠬᠢᠨᠠᠯᠲᠠ ᠲᠠᠯᠪᠢᠬᠤ ᠭᠠᠵᠠᠷ᠄ ᠴᠧᠩ ᠬᠤᠤ (0471) 5259449

   ᠢᠮᠧᠯ᠄ nmgzjz23456@163.com

  

   ᠲᠠᠭ᠋ᠠᠯᠳᠤᠭᠤᠯᠤᠯ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠰᠤᠨ ᠠᠰᠢᠭᠯᠠᠯᠳᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠢᠯ᠎ᠤᠨ ᠠᠵᠤ ᠠᠬᠤᠶ᠋ᠢᠯᠠᠯ᠎ᠤᠨ 《ᠠᠮᠤᠷ ᠲᠦᠪᠰᠢᠨ᠎ᠤ ᠬᠠᠮᠢᠶᠠᠷᠤᠭᠴᠢ》 ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠨ ᠰᠢᠯᠭ᠋ᠠᠬᠤ ᠰᠡᠳᠦᠪ᠎ᠤᠨ ᠬᠦᠮᠦᠷᠭᠡ.pdf

 

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
2024 ᠣᠨ᠎ᠤ ᠤᠰᠤ ᠲᠠᠲᠠᠵᠤ ᠬᠡᠷᠡᠭᠯᠡᠬᠦ ᠬᠦᠷᠢᠶᠡᠨ᠎ᠳᠠᠬᠢ ᠢᠲᠡᠭᠡᠮᠵᠢ ᠵᠢᠨ ᠦᠨᠡᠯᠡᠯᠲᠡ ᠵᠢᠨ ᠠᠩᠬ᠎ᠠ ᠠᠯᠬᠤᠮ᠎ᠤᠨ ᠦᠷ᠎ᠡ ᠳ᠋ᠦᠩ᠎ᠤᠨ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠵᠠᠷᠯᠠᠯ
ᠬᠠᠲᠤᠨ ᠭᠤᠣᠯ᠎ᠤᠨ ᠰᠠᠨ ᠱᠧᠩ ᠭᠦᠩ ᠤᠰᠤᠨ ᠠᠰᠢᠭᠯᠠᠯᠲᠠ ᠵᠢᠨ ᠬᠦᠢ᠍ᠰᠦ ᠵᠢᠨ ᠬᠠᠮᠢᠶᠠᠷᠤᠯᠲᠠ ᠵᠢᠨ ᠲᠥᠪ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢ ᠢᠯᠡ᠎ᠪᠠᠷ ᠬᠠᠷᠢᠴᠠᠭᠤᠯᠤᠨ ᠰᠣᠩᠭᠤᠬᠤ ᠠᠯᠪᠠᠨ ᠵᠠᠷ
ᠲᠥᠪ᠎ᠤᠨ ᠠᠮᠢ ᠠᠬᠤᠶ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠡᠭᠦᠷᠭᠡ ᠵᠢᠨ ᠬᠠᠰᠤᠵᠤ ᠠᠷᠢᠯᠭ᠋ᠠᠬᠤ ᠲᠤᠬᠠᠶ ᠵᠠᠷᠯᠠᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠶᠠᠰᠤ ᠴᠢᠨᠠᠷ ᠬᠢᠭᠡᠳ ᠠᠮᠤᠷ ᠲᠦᠪᠰᠢᠨ᠎ᠤ ᠬᠢᠨᠠᠯᠲᠠ ᠲᠠᠯᠪᠢᠬᠤ ᠦᠢ᠍ᠯᠡᠴᠢᠯᠡᠭᠡᠨ᠎ᠤ ᠲᠥᠪ᠎ᠤᠨ 2025 ᠣᠨ᠎ᠤ ᠳᠠᠭ᠋ᠠᠭ᠋ᠠᠴᠢᠯᠠᠯᠲᠠ ᠵᠠᠷᠯᠠᠬᠤ ᠵᠢ ᠤᠷᠤᠯᠠᠬᠤ ᠪᠠᠶ᠋ᠢᠭᠤᠯᠤᠮᠵᠢ ᠵᠢ ᠢᠯᠡ᠎ᠪᠠᠷ ᠠᠳᠠᠯᠢᠳᠬᠠᠨ ᠰᠣᠩᠭᠤᠬᠤ ᠠᠯᠪᠠᠨ ᠵᠠᠷ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠠᠩᠬᠠᠳᠠᠭᠴᠢ ᠪᠦᠯᠦᠭ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠭᠤᠤᠯ ᠬᠠᠷᠢᠭᠤᠴᠠᠯᠭ᠋ᠠᠲᠠᠨ᠂ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠠ ᠲᠤᠰᠬᠠᠶ ᠲᠤᠰᠢᠶᠠᠯᠲᠤ ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠤᠯ ᠦᠭᠡᠢ ᠦᠢ᠍ᠯᠡᠳᠪᠦᠷᠢᠯᠡᠯ᠎ᠤᠨ ᠰᠢᠯᠭ᠋ᠠᠯᠲᠠ ᠵᠢᠴᠢ ᠨᠡᠷ᠎ᠡ ᠮᠡᠳᠡᠭᠦᠯᠬᠦ ᠠᠵᠢᠯ᠎ᠢ ᠥᠷᠨᠢᠭᠦᠯᠬᠦ ᠲᠤᠬᠠᠶ ᠮᠡᠳᠡᠭᠳᠡᠯ
 
            