ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠬᠠᠲᠤᠨ ᠭᠤᠣᠯ᠎ᠤᠨ ᠰᠠᠨ ᠱᠧᠩ ᠭᠦᠩ ᠤᠰᠤᠨ ᠠᠰᠢᠭᠯᠠᠯᠲᠠ ᠵᠢᠨ ᠬᠦᠢ᠍ᠰᠦ ᠵᠢᠨ ᠬᠠᠮᠢᠶᠠᠷᠤᠯᠲᠠ ᠵᠢᠨ ᠲᠥᠪ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢ ᠢᠯᠡ᠎ᠪᠠᠷ ᠬᠠᠷᠢᠴᠠᠭᠤᠯᠤᠨ ᠰᠣᠩᠭᠤᠬᠤ ᠠᠯᠪᠠᠨ ᠵᠠᠷ
ᠨᠡᠶ᠋ᠢᠲᠡᠯᠡᠭᠰᠡᠨ ᠴᠠᠭ᠄ 2025-04-08

  《ᠡᠷᠬᠡ ᠲᠡᠭᠰᠢ᠂  ᠲᠥᠪ ᠭᠤᠣᠯᠴᠢ᠂  ᠢᠯᠡ ᠲᠣᠳᠣ》 ᠪᠠᠶ᠋ᠢᠬᠤ ᠵᠠᠷᠴᠢᠮ ᠶᠣᠰᠣᠭ᠋ᠠᠷ᠂  ᠮᠠᠨ᠎ᠤ ᠲᠥᠪ ᠣᠲᠣ ᠢᠯᠡ᠎ᠪᠠᠷ ᠳᠠᠭ᠋ᠠᠭ᠋ᠠᠴᠢᠯᠠᠯᠲᠠ ᠵᠠᠷᠯᠠᠬᠤ ᠵᠢ ᠤᠷᠤᠯᠠᠨ ᠭᠦᠢ᠍ᠴᠡᠳᠭᠡᠬᠦ ᠪᠠᠶ᠋ᠢᠭᠤᠯᠤᠮᠵᠢ ᠵᠢ ᠢᠯᠡ᠎ᠪᠠᠷ ᠬᠠᠷᠢᠴᠠᠭᠤᠯᠤᠨ ᠰᠣᠩᠭᠤᠬᠤ᠎ᠪᠠᠷ ᠳᠠᠮᠵᠢᠭᠤᠯᠤᠨ ᠬᠠᠲᠤᠨ ᠭᠤᠤᠯ᠎ᠤᠨ ᠰᠠᠨ ᠱᠧᠩ ᠭᠦᠩ᠎ᠤᠨ ᠤᠰᠤᠨ ᠠᠰᠢᠭᠯᠠᠯᠲᠠ ᠵᠢᠨ ᠬᠦᠢ᠍ᠰᠦ ᠪᠠᠷᠢᠯᠭ᠎ᠠ ᠵᠢᠨ ᠬᠠᠷᠢᠶᠠᠲᠤ ᠣᠷᠣᠨ᠎ᠤ ᠨᠣᠭᠤᠭ᠋ᠠᠷᠠᠭᠤᠯᠵᠤ ᠠᠷᠠᠴᠢᠯᠠᠨ ᠬᠠᠮᠠᠭ᠋ᠠᠯᠠᠬᠤ ᠢᠨᠵᠧᠨᠧᠷᠢᠩ᠎ᠤᠨ ᠳᠠᠭ᠋ᠠᠭ᠋ᠠᠴᠢᠯᠠᠯᠲᠠ ᠵᠠᠷᠯᠠᠬᠤ ᠵᠢ ᠤᠷᠤᠯᠠᠨ ᠭᠦᠢ᠍ᠴᠡᠳᠭᠡᠬᠦ ᠠᠵᠢᠯ᠎ᠢ ᠥᠷᠨᠢᠭᠦᠯᠬᠦ᠎ᠪᠠᠷ ᠰᠣᠩᠭᠤᠵᠤ᠂  ᠡᠳᠦᠭᠡ ᠬᠤᠯᠪᠣᠭᠳᠠᠯ ᠪᠥᠬᠦᠶ ᠵᠦᠢ᠍ᠯᠡᠰ᠎ᠢ ᠳᠣᠤᠷᠠᠬᠢ ᠮᠡᠲᠦ ᠵᠠᠷᠯᠠᠶ᠎ᠠ᠄

   ᠨᠢᠭᠡ᠂  ᠲᠦᠷᠦᠯ ᠵᠦᠢ᠍ᠯ᠎ᠤᠨ ᠲᠦᠢ᠍ᠮᠦ ᠪᠠᠶ᠋ᠢᠳᠠᠯ

  1. ᠲᠥᠷᠥᠯ ᠵᠦᠢ᠍ᠯ᠎ᠤᠨ ᠨᠡᠷᠡᠶ᠋ᠢᠳᠦᠯ᠄ ᠬᠠᠲᠤᠨ ᠭᠣᠤᠯ᠎ᠤᠨ ᠰᠠᠨ ᠱᠧᠩ ᠭᠦᠩ᠎ᠤᠨ ᠤᠰᠤᠨ ᠠᠰᠢᠭᠯᠠᠯᠲᠠ ᠵᠢᠨ ᠬᠦᠢ᠍ᠰᠦ ᠵᠢᠨ ᠢᠨᠵᠸᠨ᠋ᠸᠷᠢᠩ᠎ᠤᠨ ᠬᠠᠷᠢᠶᠠᠲᠤ ᠣᠷᠣᠨ᠎ᠤ ᠨᠣᠭᠣᠭ᠋ᠠᠷᠠᠭᠤᠯᠵᠤ ᠠᠷᠠᠴᠢᠯᠠᠨ ᠬᠠᠮᠠᠭ᠋ᠠᠯᠠᠬᠤ ᠢᠨᠵᠧᠨᠧᠷᠢᠩ᠃

  2. ᠬᠡᠷᠡᠭᠵᠢᠭᠦᠯᠬᠦ ᠴᠠᠭ ᠪᠠ ᠭᠠᠵᠠᠷ᠄ 2025 ᠣᠨ᠂  ᠳ᠋ᠧᠩᠺᠸᠦ ᠰᠢᠶᠠᠨ᠃

  3. ᠳᠠᠭ᠋ᠠᠭ᠋ᠠᠴᠢᠯᠠᠯᠲᠠ ᠵᠠᠷᠯᠠᠬᠤ ᠵᠢ ᠤᠷᠤᠯᠠᠨ ᠭᠦᠢ᠍ᠴᠡᠳᠭᠡᠬᠦ ᠠᠭᠤᠯᠭ᠎ᠠ᠄ ᠳᠠᠭ᠋ᠠᠭ᠋ᠠᠴᠢᠯᠠᠯᠲᠠ ᠵᠠᠷᠯᠠᠬᠤ ᠵᠢ ᠣᠷᠤᠯᠠᠨ ᠭᠦᠢ᠍ᠴᠡᠳᠭᠡᠬᠦ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ᠎ᠠ᠂  ᠡᠭᠦᠨ᠎ᠳᠤ ᠳᠠᠭ᠋ᠠᠭ᠋ᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠲᠣᠭᠲᠠᠭ᠋ᠠᠬᠤ᠂  ᠠᠯᠪᠠᠨ ᠵᠠᠷ ᠨᠡᠶ᠋ᠢᠲᠡᠯᠡᠬᠦ᠂  ᠲᠥᠷᠥᠯ ᠵᠦᠢ᠍ᠯ᠎ᠢ ᠥᠷᠨᠢᠭᠦᠯᠬᠦ ᠳᠤᠮᠳᠠᠬᠢ ᠰᠡᠵᠢᠭᠯᠡᠯ (ᠬᠡᠷᠪᠡ ᠪᠠᠢ᠌ᠪᠠᠯ)᠎ᠢ ᠰᠢᠢ᠍ᠳᠪᠦᠷᠢᠯᠡᠬᠦ᠂  ᠳᠠᠭ᠋ᠠᠭ᠋ᠠᠴᠢᠯᠠᠯᠲᠠ ᠨᠡᠶ᠋ᠢᠲᠡᠯᠡᠬᠦ ᠵᠢ ᠵᠣᠬᠢᠶᠠᠨ ᠪᠠᠶ᠋ᠢᠭᠤᠯᠬᠤ᠂  ᠳᠠᠭ᠋ᠠᠭ᠋ᠠᠴᠢᠯᠠᠯᠲᠠ ᠣᠯᠬᠤ ᠮᠡᠳᠡᠭᠳᠡᠯ᠎ᠤᠨ ᠪᠢᠴᠢᠭ ᠲᠠᠷᠬᠠᠭ᠋ᠠᠬᠤ᠂  ᠲᠥᠷᠥᠯ ᠵᠦᠢ᠍ᠯ᠎ᠢ ᠳᠠᠩᠰᠠ ᠡᠪᠬᠡᠮᠡᠯ᠎ᠳᠤ ᠣᠷᠣᠭᠤᠯᠬᠤ ᠵᠡᠷᠭᠡ ᠵᠢ ᠪᠠᠭᠲᠠᠭ᠋ᠠᠭᠰᠠᠨ ᠪᠣᠯᠪᠠᠴᠤ ᠦᠯᠦ ᠬᠢᠵᠠᠭ᠋ᠠᠷᠯᠠᠨ᠎ᠠ᠃

   ᠬᠤᠶᠠᠷ᠂  ᠤᠷᠤᠯᠠᠨ ᠭᠦᠢ᠍ᠴᠡᠳᠭᠡᠬᠦ ᠪᠠᠶ᠋ᠢᠭᠤᠯᠤᠮᠵᠢ ᠵᠢᠨ ᠬᠢᠷᠢ ᠬᠡᠮ᠎ᠤᠨ ᠱᠠᠭ᠋ᠠᠷᠳᠠᠯᠭ᠎ᠠ

  1. ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠡᠷᠬᠡᠪᠰᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶᠡᠨ᠎ᠤ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢᠨ ᠬᠥᠮᠥᠷᠭᠡ᠎ᠳᠤ ᠪᠦᠷᠢᠳᠬᠡᠨ ᠳᠠᠩᠰᠠᠯᠠᠭᠤᠯᠬᠤ ᠬᠡᠷᠡᠭᠲᠡᠶ᠃

  2. ᠲᠤᠰᠠᠭ᠋ᠠᠷ ᠲᠣᠭᠲᠠᠨᠢᠭᠰᠠᠨ ᠬᠠᠤᠯᠢ ᠵᠢᠨ ᠡᠷᠬᠡᠲᠡᠨ᠎ᠤ ᠬᠢᠷᠢ ᠭᠡᠮ᠎ᠲᠠᠢ ᠪᠠᠶ᠋ᠢᠭᠤᠯᠤᠮᠵᠢ ᠡᠷᠬᠡᠪᠰᠢ ᠰᠠᠶ᠋ᠢᠨ ᠰᠠᠶ᠋ᠢᠬᠠᠨ ᠡᠳ᠋᠎ᠤᠨ ᠶᠠᠪᠤᠳᠠᠯ᠎ᠤᠨ ᠪᠠᠶ᠋ᠢᠳᠠᠯ ᠪᠠ ᠬᠤᠳᠠᠯᠳᠤᠭ᠋ᠠᠨ᠎ᠤ ᠢᠲᠡᠭᠡᠯ ᠬᠦᠨᠳᠦ᠎ᠲᠠᠢ ᠪᠠᠶ᠋ᠢᠵᠤ᠂  ᠭᠦᠢ᠍ᠴᠡᠳ ᠡᠳ᠋ ᠬᠥᠷᠥᠩᠭᠡ ᠪᠠ ᠴᠢᠳᠠᠪᠤᠷᠢ᠎ᠲᠠᠢ ᠪᠠᠶ᠋ᠢᠵᠤ ᠭᠡᠷ᠎ᠡ ᠵᠢ ᠭᠦᠢ᠍ᠴᠡᠳᠬᠡᠬᠦ ᠬᠡᠷᠡᠭᠲᠡᠢ᠃

   ᠭᠤᠷᠪᠠ᠂  ᠨᠡᠷ᠎ᠡ ᠮᠡᠳᠡᠭᠦᠯᠬᠦ᠎ᠳᠡᠭᠡᠨ ᠬᠠᠩᠭ᠋ᠠᠬᠤ ᠴᠢᠬᠤᠯᠠᠲᠠᠢ ᠮᠠᠲ᠋ᠧᠷᠢᠶᠠᠯ

  1. ᠨᠡᠷ᠎ᠡ ᠮᠡᠳᠡᠭᠦᠯᠦᠭᠴᠢ᠎ᠠᠴᠠ ᠪᠡᠶ᠎ᠡ ᠵᠢᠨ ᠦᠨᠡᠮᠯᠡᠯ ᠵᠶ᠋ᠠᠨ ᠭᠠᠷᠭ᠋ᠠᠵᠤ ᠦᠵᠡᠭᠦᠯᠦᠨ᠎ᠡ᠂  ᠪᠠᠭᠤᠯᠭ᠋ᠠᠪᠤᠷᠢ᠂  ᠬᠠᠷᠢᠯᠴᠠᠬᠤ ᠠᠷᠭ᠎ᠠ ᠬᠡᠯᠪᠡᠷᠢ᠎ᠪᠠᠨ ᠬᠠᠩᠭ᠋ᠠᠨ᠎ᠠ᠃

  2. ᠨᠡᠷ᠎ᠡ ᠮᠡᠳᠡᠭᠦᠯᠦᠭᠴᠢ᠎ᠠᠴᠠ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠭᠠᠷ᠎ᠤᠨ ᠦᠰᠦᠭ ᠵᠢᠷᠤᠬᠤ᠂  ᠺᠣᠮᠫᠠᠨᠢ ᠵᠢᠨ ᠲᠠᠮᠠᠭ᠎ᠠ ᠳᠠᠷᠤᠭᠰᠠᠨ 《ᠡᠷᠬᠡ ᠣᠯᠭᠤᠭᠰᠠᠨ ᠨᠠᠶ᠋ᠢᠳᠠᠯᠭ᠎ᠠ ᠵᠢᠨ ᠪᠢᠴᠢᠭ》᠎ᠢ ᠬᠠᠩᠭ᠋ᠠᠨ᠎ᠠ᠃

  3. ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠪᠠᠶ᠋ᠢᠭᠤᠯᠭ᠎ᠠ ᠵᠢᠨ ᠣᠨ᠎ᠤ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ᠎ᠨᠢ ᠬᠦᠴᠦᠨ᠎ᠲᠠᠢ ᠮᠥᠷᠲᠡᠭᠡᠨ ᠳᠠᠭ᠋ᠠᠭ᠋ᠠᠴᠢᠯᠠᠯᠲᠠ ᠬᠦᠯᠢᠶᠡᠬᠦ ᠠᠵᠤ ᠠᠬᠤᠶ᠋ᠢᠯᠠᠯ᠎ᠤᠨ ᠠᠯᠪᠠᠨ ᠲᠠᠮᠠᠭ᠎ᠠ ᠵᠢ ᠳᠠᠷᠤᠭᠰᠠᠨ ᠡᠵᠡᠩᠨᠡᠯᠲᠡ ᠵᠢᠨ ᠦᠨᠡᠮᠯᠡᠯ᠎ᠤᠨ ᠬᠠᠭᠤᠯᠪᠤᠷᠢ ᠳᠡᠪᠲᠡᠷ᠎ᠤᠨ ᠬᠠᠭᠤᠯᠪᠤᠷᠢ ᠵᠢ ᠬᠠᠩᠭ᠋ᠠᠨ᠎ᠠ᠃

  4. ᠤᠢ᠌ᠷ᠎ᠠ ᠵᠢᠨ ᠬᠠᠭ᠋ᠠᠰ ᠵᠢᠯ᠎ᠳᠤ ᠭᠤᠷᠪᠠᠨ ᠰᠠᠷ᠎ᠠ ᠳᠠᠷᠠᠭ᠋ᠠᠯᠠᠨ ᠨᠡᠢ᠌ᠭᠡᠮ᠎ᠤᠨ ᠪᠠᠲᠤᠯᠠᠭ᠎ᠠ ᠵᠢᠨ ᠪᠡᠯᠡ ᠮᠦᠩᠭᠦ ᠲᠤᠰᠢᠶᠠᠭᠰᠠᠨ ᠭᠡᠷᠡᠴᠢ ᠮᠠᠲᠸᠷᠢᠶᠠᠯ᠂  ᠪᠠᠷᠤᠭ ᠬᠠᠭ᠋ᠠᠰ ᠵᠢᠯ ᠳᠠᠷᠠᠭ᠋ᠠᠯᠠᠨ ᠭᠤᠷᠪᠠᠨ ᠰᠠᠷ᠎ᠠ ᠭᠠᠢ᠌ᠯᠢ ᠲᠤᠰᠢᠶᠠᠭᠰᠠᠨ ᠭᠡᠷᠡᠴᠢ ᠮᠠᠲᠸᠷᠢᠶᠠᠯ᠎ᠢ ᠬᠠᠩᠭ᠋ᠠᠨ᠎ᠠ᠃

  5. 2024 ᠪᠤᠶᠤ 2023 ᠣᠨ᠎ᠤ ᠬᠢᠨᠠᠨ ᠪᠤᠳᠤᠬᠤ ᠰᠠᠯᠠᠭ᠎ᠠ ᠮᠥᠴᠢᠷ ᠪᠤᠶᠤ ᠨᠢᠭᠲᠠᠯᠠᠨ ᠪᠤᠳᠤᠬᠤ ᠬᠡᠷᠡᠭ ᠡᠷᠬᠢᠯᠡᠬᠦ ᠭᠠᠵᠠᠷ᠎ᠤᠨ ᠬᠢᠵᠦ ᠥᠭᠭᠦᠭᠰᠡᠨ ᠬᠢᠨᠠᠨ ᠪᠤᠳᠤᠭᠰᠠᠨ ᠮᠡᠳᠡᠭᠦᠯᠦᠯᠲᠡ ᠪᠤᠶᠤ ᠺᠣᠮᠫᠠᠨᠢ ᠵᠢᠨ ᠦᠨᠳᠦᠰᠦᠨ ᠲᠠᠩᠰᠠ ᠪᠠᠶ᠋ᠢᠭᠤᠯᠤᠭᠰᠠᠨ ᠪᠠᠩᠬᠢ ᠵᠢᠨ ᠬᠢᠵᠦ ᠥᠭᠭᠦᠭᠰᠡᠨ ᠬᠢᠷᠢ ᠬᠡᠮ᠎ᠤᠨ ᠢᠲᠡᠭᠡᠮᠵᠢ ᠵᠢᠨ ᠭᠡᠷᠡᠴᠢ ᠵᠢ ᠬᠠᠩᠭ᠋ᠠᠨ᠎ᠠ᠃

  6. 《ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠴᠢ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠨ ᠤᠷᠤᠯᠠᠨ ᠭᠦᠢ᠍ᠴᠡᠳᠭᠡᠬᠦ ᠪᠠᠶ᠋ᠢᠭᠤᠯᠤᠮᠵᠢ᠎ᠳᠤ ᠳᠡᠩᠰᠡᠯᠡᠵᠦ ᠬᠥᠮᠥᠷᠭᠡ᠎ᠳᠤ ᠣᠷᠣᠭᠤᠯᠬᠤ ᠤᠭᠲᠤᠯᠤᠭᠰᠠᠨ ᠵᠢᠷᠤᠭ᠎ᠤᠨ ᠭᠡᠷᠡᠴᠢ ᠮᠠᠲ᠋ᠧᠷᠢᠶᠠᠯ᠎ᠢ ᠬᠠᠩᠭ᠋ᠠᠨ᠎ᠠ᠃

  7. 《ᠢᠲᠡᠭᠡᠮᠵᠢᠲᠦ ᠳᠤᠮᠳᠠᠳᠤ ᠤᠯᠤᠰ》 ᠰᠦᠯᠵᠢᠶ᠎ᠡ (www.creditchina.gov.cn) ᠢᠲᠡᠭᠡᠮᠵᠢ ᠠᠯᠳᠠᠭᠰᠠᠨ ᠭᠦᠢ᠍ᠴᠡᠳᠬᠡᠭᠴᠢ ᠪᠠ ᠬᠦᠨᠳᠦ ᠶᠡᠭᠡ ᠭᠠᠶ᠋ᠢᠯᠢ ᠲᠠᠲᠠᠪᠤᠷᠢ ᠵᠢᠨ ᠬᠠᠤᠯᠢ᠎ᠠᠴᠠ ᠵᠥᠷᠢᠴᠡᠭᠰᠡᠨ ᠬᠡᠷᠡᠭ᠎ᠤᠨ ᠲᠤᠬᠠᠶ ᠵᠢᠨ ᠬᠥᠮᠦᠨ᠎ᠤ ᠨᠡᠷᠡᠰ᠎ᠤᠨ ᠲᠡᠮᠳᠡᠭᠯᠡᠯ᠎ᠤᠨ ᠤᠭᠲᠤᠯᠤᠭᠰᠠᠨ ᠵᠢᠷᠤᠭ ᠵᠢᠴᠢ 《ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠨ ᠰᠦᠯᠵᠢᠶ᠎ᠡ (www.ccgp.gov.cn) ᠵᠢᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠵᠢ ᠵᠥᠷᠢᠴᠡᠵᠦ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ ᠵᠢᠨ ᠲᠡᠮᠳᠡᠭᠯᠡᠯ᠎ᠤᠨ ᠨᠡᠷᠡᠰ᠎ᠤᠨ ᠣᠭᠲᠣᠯᠣᠭᠰᠠᠨ ᠵᠢᠷᠤᠭ᠎ᠢ ᠬᠠᠩᠭ᠋ᠠᠨ᠎ᠠ᠃

  8. ᠳᠤᠮᠳᠠᠳᠤ ᠤᠯᠤᠰ᠎ᠤᠨ ᠲᠠᠰᠤᠯᠤᠨ ᠲᠣᠭᠲᠠᠭ᠋ᠠᠯᠲᠠ ᠵᠢᠨ ᠪᠢᠴᠢᠭ ᠬᠠᠷ᠎ᠠ ᠵᠢᠨ ᠰᠦᠯᠵᠢᠶᠡᠨ᠎ᠳᠤ ᠨᠡᠷ᠎ᠡ ᠮᠡᠳᠡᠭᠦᠯᠦᠭᠡᠳ ᠣᠶ᠋ᠢᠷ᠎ᠠ ᠵᠢᠨ ᠭᠤᠷᠪᠠᠨ ᠵᠢᠯ (2022 ᠣᠨ᠎ᠤ 1 ᠳ᠋ᠦ᠍ᠭᠡᠷ ᠰᠠᠷ᠎ᠠ ᠵᠢᠨ 1᠎ᠠᠴᠠ ᠤᠳᠤ ᠪᠣᠯᠲᠠᠯ᠎ᠠ) ᠬᠡᠭᠡᠯᠢ ᠲᠦᠯᠬᠢᠭᠰᠡᠨ ᠶᠠᠯ᠎ᠠ ᠬᠢᠭᠰᠡᠨ ᠲᠡᠮᠳᠡᠭᠯᠡᠯ᠎ᠢ ᠪᠠᠶ᠋ᠢᠴᠠᠭ᠋ᠠᠨ ᠠᠰᠠᠭᠤᠭᠰᠠᠨ ᠲᠡᠮᠳᠡᠭᠯᠡᠯ᠎ᠢ ᠣᠯᠤᠭᠰᠠᠨ ᠦᠭᠡᠢ᠃

   ᠳᠥᠷᠪᠡ᠂  ᠨᠡᠷ᠎ᠡ ᠮᠡᠳᠡᠭᠦᠯᠬᠦ ᠴᠠᠭ᠂  ᠭᠠᠵᠠᠷ ᠣᠷᠣᠨ

   ᠳᠡᠭᠡᠷ᠎ᠡ ᠳᠤᠷᠠᠳᠤᠭᠰᠠᠨ ᠨᠥᠬᠦᠴᠡᠯ᠎ᠳᠤ ᠨᠡᠶ᠋ᠢᠴᠡᠬᠦ ᠳᠠᠭ᠋ᠠᠭ᠋ᠠᠴᠢᠯᠠᠯᠲᠠ ᠵᠠᠷᠯᠠᠬᠤ ᠵᠢ ᠤᠷᠤᠯᠠᠨ ᠭᠦᠢ᠍ᠴᠡᠳᠭᠡᠬᠦ ᠪᠠᠶ᠋ᠢᠭᠤᠯᠤᠮᠵᠢ᠎ᠨᠢ 2025 ᠣᠨ᠎ᠤ 4 ᠳ᠋ᠦ᠍ᠭᠡᠷ ᠰᠠᠷ᠎ᠠ ᠵᠢᠨ 9᠎ᠤ ᠡᠳᠦᠷ᠎ᠠᠴᠠ 2025 ᠣᠨ᠎ᠤ 04 ᠳ᠋ᠦ᠍ᠭᠡᠷ ᠰᠠᠷ᠎ᠠ ᠵᠢᠨ 10᠎ᠤ ᠡᠳᠦᠷ ᠪᠣᠯᠲᠠᠯ᠎ᠠ᠂  ᠠᠵᠢᠯᠯᠠᠬᠤ ᠡᠳᠦᠷ᠎ᠤᠨ ᠦᠳᠡ ᠵᠢᠨ ᠡᠮᠦᠨ᠎ᠡ 9᠄ 00 — 12᠄ 00 ᠴᠠᠭ᠂  ᠦᠳᠡ ᠵᠢᠨ ᠬᠤᠶ᠋ᠢᠨ᠎ᠠ 15᠄ 00 — 18᠄ 00 ᠴᠠᠭ᠎ᠲᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠤᠤᠯ᠎ᠤᠨ ᠰᠠᠨ ᠱᠧᠩ ᠬᠥᠩ ᠤᠰᠤᠨ ᠠᠰᠢᠭᠯᠠᠯᠲᠠ ᠵᠢᠨ ᠬᠦᠢ᠍ᠰᠦ ᠵᠢᠨ ᠬᠠᠮᠢᠶᠠᠷᠤᠯᠲᠠ ᠵᠢᠨ ᠲᠥᠪ᠎ᠲᠤ ᠨᠡᠷ᠎ᠡ ᠮᠡᠳᠡᠭᠦᠯᠬᠦ ᠮᠠᠲ᠋ᠧᠷᠢᠶᠠᠯ ᠵᠶ᠋ᠠᠨ ᠲᠤᠰᠢᠶᠠᠨ᠎ᠠ᠃

   ᠲᠠᠪᠤ᠂  ᠬᠠᠷᠢᠯᠴᠠᠬᠤ ᠠᠷᠭ᠎ᠠ ᠮᠠᠶᠢᠭ

   ᠨᠢᠭᠡᠴᠢ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠤᠤᠯ᠎ᠤᠨ ᠰᠠᠨ ᠱᠧᠩ ᠭᠦᠩ ᠤᠰᠤᠨ ᠠᠰᠢᠭᠯᠠᠯᠲᠠ ᠵᠢᠨ ᠬᠦᠢ᠍ᠰᠦ ᠵᠢᠨ ᠬᠠᠮᠢᠶᠠᠷᠤᠯᠲᠠ ᠵᠢᠨ ᠲᠥᠪ

   ᠨᠡᠷ᠎ᠡ ᠮᠡᠳᠡᠭᠦᠯᠬᠦ ᠬᠠᠶᠢᠭ᠄ ᠥᠪᠥᠷ ᠮᠣᠩᠭᠤᠯ᠎ᠤᠨ ᠪᠠᠶᠠᠨᠨᠠᠭᠤᠷ ᠬᠤᠲᠠ ᠵᠢᠨ ᠳ᠋ᠧᠩᠺᠸᠦ ᠰᠢᠶᠠᠨ᠎ᠤ ᠪᠠᠶᠠᠨᠭᠤᠤᠯ ᠪᠠᠯᠭ᠋ᠠᠰᠤᠨ᠎ᠤ ᠪᠦᠯᠬᠦᠮᠳᠡᠯ ᠵᠠᠮ᠎ᠤᠨ ᠤᠰᠤ ᠵᠠᠰᠠᠬᠤ ᠭᠤᠳᠤᠮᠵᠢ ᠵᠢᠨ 1 ᠳ᠋ᠦ᠍ᠭᠡᠷ ᠲᠣᠭ᠋ᠠᠲᠤ

   ᠰᠢᠦᠳᠠᠨ ᠨᠣᠮᠧᠷ᠄ 015299

   ᠬᠠᠷᠢᠯᠴᠠᠬᠤ ᠬᠥᠮᠦᠨ᠄ ᠶᠦᠨ ᠰᠢᠤᠢ ᠴᠧᠩ᠂  ᠯᠢᠦ ᠰᠢᠶᠤᠤ ᠵᠢᠶᠧ

   ᠬᠠᠷᠢᠯᠴᠠᠬᠤ ᠤᠲᠠᠰᠤ᠄ 0471 — 4237636᠂ 15147869709᠂ 18504840862

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠲᠥᠪ᠎ᠤᠨ ᠠᠮᠢ ᠠᠬᠤᠶ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠡᠭᠦᠷᠭᠡ ᠵᠢᠨ ᠬᠠᠰᠤᠵᠤ ᠠᠷᠢᠯᠭ᠋ᠠᠬᠤ ᠲᠤᠬᠠᠶ ᠵᠠᠷᠯᠠᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠶᠠᠰᠤ ᠴᠢᠨᠠᠷ ᠬᠢᠭᠡᠳ ᠠᠮᠤᠷ ᠲᠦᠪᠰᠢᠨ᠎ᠤ ᠬᠢᠨᠠᠯᠲᠠ ᠲᠠᠯᠪᠢᠬᠤ ᠦᠢ᠍ᠯᠡᠴᠢᠯᠡᠭᠡᠨ᠎ᠤ ᠲᠥᠪ᠎ᠤᠨ 2025 ᠣᠨ᠎ᠤ ᠳᠠᠭ᠋ᠠᠭ᠋ᠠᠴᠢᠯᠠᠯᠲᠠ ᠵᠠᠷᠯᠠᠬᠤ ᠵᠢ ᠤᠷᠤᠯᠠᠬᠤ ᠪᠠᠶ᠋ᠢᠭᠤᠯᠤᠮᠵᠢ ᠵᠢ ᠢᠯᠡ᠎ᠪᠠᠷ ᠠᠳᠠᠯᠢᠳᠬᠠᠨ ᠰᠣᠩᠭᠤᠬᠤ ᠠᠯᠪᠠᠨ ᠵᠠᠷ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠠᠩᠬᠠᠳᠠᠭᠴᠢ ᠪᠦᠯᠦᠭ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠭᠤᠤᠯ ᠬᠠᠷᠢᠭᠤᠴᠠᠯᠭ᠋ᠠᠲᠠᠨ᠂ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠠ ᠲᠤᠰᠬᠠᠶ ᠲᠤᠰᠢᠶᠠᠯᠲᠤ ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠤᠯ ᠦᠭᠡᠢ ᠦᠢ᠍ᠯᠡᠳᠪᠦᠷᠢᠯᠡᠯ᠎ᠤᠨ ᠰᠢᠯᠭ᠋ᠠᠯᠲᠠ ᠵᠢᠴᠢ ᠨᠡᠷ᠎ᠡ ᠮᠡᠳᠡᠭᠦᠯᠬᠦ ᠠᠵᠢᠯ᠎ᠢ ᠥᠷᠨᠢᠭᠦᠯᠬᠦ ᠲᠤᠬᠠᠶ ᠮᠡᠳᠡᠭᠳᠡᠯ
ᠤᠰᠤᠨ᠎ᠤ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠣᠨᠴᠠᠭ᠋ᠠᠢ ᠭᠤᠭᠴᠤᠭ᠎ᠠ ᠵᠢ ᠦᠯᠡᠳᠡᠭᠡᠬᠦ᠂ ᠬᠦᠴᠦᠨ ᠦᠭᠡᠢ ᠪᠣᠯᠭ᠋ᠠᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠮᠡᠳᠡᠭᠳᠡᠯ
ᠶᠠᠮᠠᠷᠪᠠ ᠪᠣᠯᠪᠠᠰᠤᠷᠠᠯ᠎ᠤᠨ ᠪᠠᠶ᠋ᠢᠭᠤᠯᠤᠮᠵᠢ ᠪᠤᠶᠤ ᠬᠤᠪᠢ ᠬᠥᠮᠦᠨ᠎ᠳᠤ ᠨᠠᠶ᠋ᠢᠳᠠᠵᠤ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠸᠨ᠋ᠸᠷᠢᠩ᠎ᠤᠨ ᠠᠶᠤᠯ ᠦᠭᠡᠶ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠪᠣᠯᠪᠠᠰᠤᠷᠠᠯ ᠬᠢᠯᠭᠡᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠢᠯᠡᠷᠬᠡᠶ᠋ᠢᠯᠡᠯᠲᠡ
 
            