ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠠᠩᠬᠠᠳᠠᠭᠴᠢ ᠪᠦᠯᠦᠭ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠭᠤᠤᠯ ᠬᠠᠷᠢᠭᠤᠴᠠᠯᠭ᠋ᠠᠲᠠᠨ᠂ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠠ ᠲᠤᠰᠬᠠᠶ ᠲᠤᠰᠢᠶᠠᠯᠲᠤ ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠤᠯ ᠦᠭᠡᠢ ᠦᠢ᠍ᠯᠡᠳᠪᠦᠷᠢᠯᠡᠯ᠎ᠤᠨ ᠰᠢᠯᠭ᠋ᠠᠯᠲᠠ ᠵᠢᠴᠢ ᠨᠡᠷ᠎ᠡ ᠮᠡᠳᠡᠭᠦᠯᠬᠦ ᠠᠵᠢᠯ᠎ᠢ ᠥᠷᠨᠢᠭᠦᠯᠬᠦ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2025-05-19

ᠡᠯ᠎ᠡ ᠬᠤᠯᠪᠣᠭᠳᠠᠯ ᠪᠦᠬᠦᠢ ᠨᠢᠭᠡᠴᠢ᠄

  《2025 ᠣᠨ᠎ᠤ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠢᠯ᠎ᠤᠨ ᠠᠵᠤ ᠠᠬᠤᠶ᠋ᠢᠯᠠᠯ᠎ᠤᠨ ᠭᠤᠤᠯ ᠬᠠᠷᠢᠭᠤᠴᠠᠯᠭ᠋ᠠᠲᠠᠨ᠂  ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠠ ᠲᠤᠰᠬᠠᠶ ᠲᠤᠰᠢᠶᠠᠯᠲᠤ ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠤᠯ ᠦᠭᠡᠢ ᠦᠢ᠍ᠯᠡᠳᠪᠦᠷᠢᠯᠡᠯ᠎ᠤᠨ ᠰᠢᠯᠭ᠋ᠠᠯᠲᠠ ᠵᠢᠨ ᠲᠥᠯᠥᠪᠯᠡᠭᠡ ᠵᠢ ᠨᠡᠶ᠋ᠢᠲᠡᠯᠡᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠮᠡᠳᠡᠭᠳᠡᠯ》 (ᠥᠪᠥᠷ ᠤᠰᠤᠨ ᠲᠡᠭᠡᠭᠡᠪᠦᠷᠢ ᠬᠠᠮᠢᠶᠠᠷᠤᠯᠲᠠ [2025] 10 ᠳ᠋ᠤᠭ᠋ᠠᠷ ᠲᠣᠭ᠋ᠠᠲᠤ)᠎ᠤᠨ ᠬᠤᠯᠪᠣᠭᠳᠠᠯ ᠪᠥᠬᠦᠶ ᠱᠠᠭ᠋ᠠᠷᠳᠠᠯᠭ᠎ᠠ ᠵᠢ ᠦᠨᠳᠦᠰᠦᠯᠡᠨ᠂  ᠣᠲᠣ 2025 ᠣᠨ᠎ᠤ ᠨᠢᠭᠡᠳᠦᠭᠡᠷ ᠪᠦᠯᠦᠭ᠎ᠤᠨ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠢᠯ᠎ᠤᠨ ᠠᠵᠤ ᠠᠬᠤᠶ᠋ᠢᠯᠠᠯ᠎ᠤᠨ ᠭᠤᠤᠯ ᠬᠠᠷᠢᠭᠤᠴᠠᠯᠭ᠋ᠠᠲᠠᠨ᠂  ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠠ ᠲᠤᠰᠬᠠᠶ ᠲᠤᠰᠢᠶᠠᠯᠲᠤ ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ (ᠳᠣᠷᠣᠭᠰᠢ 《ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ》 ᠭᠡᠵᠦ ᠲᠣᠪᠴᠢᠯᠠᠨ᠎ᠠ)᠎ᠤ ᠠᠶᠤᠯ ᠦᠭᠡᠢ ᠦᠢ᠍ᠯᠡᠳᠪᠦᠷᠢᠯᠡᠯ᠎ᠤᠨ ᠰᠢᠯᠭ᠋ᠠᠯᠲᠠ᠎ᠳᠤ ᠨᠡᠷ᠎ᠡ ᠮᠡᠳᠡᠭᠦᠯᠬᠦ ᠬᠤᠯᠪᠣᠭᠳᠠᠯ ᠪᠥᠬᠦᠶ ᠵᠦᠢ᠍ᠯᠡᠰ᠎ᠢ ᠳᠣᠤᠷᠠᠬᠢ ᠮᠡᠲᠦ ᠮᠡᠳᠡᠭᠳᠡᠪᠡ᠃

   ᠨᠢᠭᠡ᠂  ᠨᠡᠷ᠎ᠡ ᠮᠡᠳᠡᠭᠦᠯᠬᠦ ᠴᠠᠭ

  2025 ᠣᠨ᠎ᠤ 5 ᠳ᠋ᠤᠭ᠋ᠠᠷ ᠰᠠᠷ᠎ᠠ ᠵᠢᠨ 19᠎ᠤ ᠡᠳᠦᠷ᠎ᠠᠴᠠ 5 ᠳ᠋ᠤᠭ᠋ᠠᠷ ᠰᠠᠷ᠎ᠠ ᠵᠢᠨ 30᠎ᠤ ᠡᠳᠦᠷ

   ᠬᠤᠶᠠᠷ᠂  ᠨᠡᠷ᠎ᠡ ᠮᠡᠳᠡᠭᠦᠯᠬᠦ ᠬᠡᠪᠴᠢᠶ᠎ᠡ ᠵᠢᠴᠢ ᠠᠷᠭ᠎ᠠ ᠮᠠᠶᠢᠭ

  1. ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠭᠤᠤᠯ ᠬᠠᠷᠢᠭᠤᠴᠠᠯᠭ᠋ᠠᠲᠠᠨ (A ᠲᠥᠷᠥᠯ)᠂  ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ (B ᠲᠥᠷᠥᠯ)᠂  ᠠᠶᠤᠯ ᠥᠬᠡᠶ ᠦᠢ᠍ᠯᠡᠳᠪᠦᠷᠢᠯᠡᠯ᠎ᠤᠨ ᠲᠤᠰᠬᠠᠶ ᠬᠠᠮᠢᠶᠠᠷᠤᠯᠲᠠ ᠵᠢᠨ ᠠᠵᠢᠯᠲᠠᠨ (C ᠲᠥᠷᠥᠯ)᠎ᠤ ᠦᠨᠡᠮᠯᠡᠯ᠎ᠤᠨ ᠬᠠᠮᠢᠶ᠎ᠠ ᠪᠥᠬᠦᠶ ᠠᠵᠢᠯ ᠡᠷᠭᠢᠯᠡᠭᠰᠡᠳ᠎ᠢ ᠰᠢᠨ᠎ᠡ᠎ᠪᠠᠷ ᠭᠤᠶᠤᠴᠢᠯᠠᠨ᠎ᠠ᠃  ᠨᠢᠭᠡᠨᠲᠡ ᠦᠨᠡᠮᠯᠡᠯ ᠣᠯᠣᠭᠰᠠᠨ ᠪᠣᠯ ᠦᠨᠡᠮᠯᠡᠯ᠎ᠢ ᠦᠷᠭᠦᠯᠵᠢᠯᠡᠭᠦᠯᠬᠦ ᠬᠥᠮᠥᠨ ᠲᠤᠰ ᠤᠳᠠᠭ᠋ᠠᠨ᠎ᠤ ᠰᠢᠯᠭ᠋ᠠᠯᠲᠠ᠎ᠳᠤ ᠣᠷᠣᠯᠴᠠᠵᠤ ᠪᠣᠯᠬᠤ ᠦᠭᠡᠢ᠃

  2. ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠠᠷᠭ᠎ᠠ ᠮᠠᠶᠢᠭ᠎ᠢ ᠬᠡᠷᠡᠭᠯᠡᠨ᠎ᠡ᠃ https://c.exam-sp.com/nmgcc ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠨ᠎ᠡ᠂  ᠲᠤᠬᠠᠢ ᠵᠢᠨ ᠭᠠᠵᠠᠷ᠎ᠲᠤ ᠬᠦᠷᠴᠦ ᠨᠡᠷ᠎ᠡ ᠮᠡᠳᠡᠭᠦᠯᠬᠦ ᠵᠢ ᠬᠦᠯᠢᠶᠡᠬᠦ ᠦᠬᠡᠢ᠂  ᠤᠲᠠᠰᠤ ᠪᠤᠶᠤ ᠰᠢᠤᠳᠠᠨ᠎ᠤ ᠮᠠᠲ᠋ᠧᠷᠢᠶᠠᠯ ᠵᠡᠷᠭᠡ ᠪᠤᠰᠤᠳ ᠬᠡᠯᠪᠡᠷᠢ᠎ᠪᠠᠷ ᠨᠡᠷ᠎ᠡ ᠮᠡᠳᠡᠭᠦᠯᠦᠨ᠎ᠡ᠃  ᠨᠡᠷ᠎ᠡ ᠮᠡᠳᠡᠭᠦᠯᠬᠦ ᠰᠢᠰᠲ᠋ᠧᠮ᠎ᠳᠤ ᠭᠤᠶᠤᠴᠢᠯᠠᠭᠴᠢ ᠵᠢᠨ ᠣᠪᠣᠭ ᠨᠡᠷ᠎ᠡ᠂  ᠪᠡᠶ᠎ᠡ ᠵᠢᠨ ᠦᠨᠡᠮᠯᠡᠯ᠎ᠤᠨ ᠨᠣᠮᠧᠷ᠂  ᠲᠥᠷᠥᠯ ᠢᠯᠭ᠋ᠠᠯ ᠭᠤᠶᠤᠴᠢᠯᠠᠬᠤ ᠪᠠ ᠣᠶ᠋ᠢᠷ᠎ᠠ ᠵᠢᠨ ᠬᠤᠭᠤᠴᠠᠭ᠋ᠠᠨ᠎ᠤ ᠡᠯᠸᠺᠲᠷᠣᠨ ᠬᠡᠷᠡᠯ ᠵᠢᠷᠤᠭ ᠵᠡᠷᠭᠡ ᠮᠡᠳᠡᠭᠡ ᠵᠠᠩᠭᠢ ᠵᠢ ᠣᠷᠣᠭᠤᠯᠬᠤ ᠴᠢᠬᠤᠯᠠᠲᠠᠶ᠂  ᠡᠷᠬᠡᠪᠰᠢ ᠵᠥᠪ ᠣᠨᠣᠪᠴᠢᠲᠠᠶ ᠲᠠᠭᠯᠠᠨ ᠪᠢᠴᠢᠬᠦ ᠬᠡᠷᠡᠭᠲᠡᠶ᠃

   ᠭᠤᠷᠪᠠ᠂  ᠰᠢᠯᠭ᠋ᠠᠬᠤ ᠴᠠᠭ ᠵᠢᠴᠢ ᠭᠠᠵᠠᠷ

   ᠰᠢᠯᠭ᠋ᠠᠯᠲᠠ ᠵᠢᠨ ᠴᠠᠭ᠄ 2025 ᠣᠨ᠎ᠤ 6 ᠳ᠋ᠤᠭ᠋ᠠᠷ ᠰᠠᠷ᠎ᠠ ᠵᠢᠨ 11᠎ᠤ ᠡᠳᠦᠷ᠎ᠤᠨ ᠦᠳᠡ ᠵᠢᠨ ᠡᠮᠦᠨ᠎ᠡ 9᠄ 00 — 11᠄ 30 ᠴᠠᠭ

   ᠰᠢᠯᠭ᠋ᠠᠯᠲᠠ ᠵᠢᠨ ᠭᠠᠵᠠᠷ᠄ ᠬᠥᠬᠡᠬᠤᠲᠠ

   ᠳᠥᠷᠪᠡ᠂  ᠰᠢᠯᠭ᠋ᠠᠭᠤᠯᠬᠤ ᠦᠨᠡᠮᠯᠡᠯ᠎ᠢ ᠪᠠᠭᠤᠯᠭ᠋ᠠᠵᠤ ᠳᠠᠷᠤᠮᠠᠯᠯᠠᠨ᠎ᠠ

   ᠰᠢᠯᠭ᠋ᠠᠭᠤᠯᠤᠭᠴᠢ ᠬᠤᠪᠢ ᠬᠥᠮᠦᠨ 2025 ᠣᠨ᠎ᠤ 6 ᠳ᠋ᠤᠭ᠋ᠠᠷ ᠰᠠᠷ᠎ᠠ ᠵᠢᠨ 4᠎ᠤ ᠡᠳᠦᠷ᠎ᠤᠨ 9᠄ 00 ᠴᠠᠭ᠎ᠠᠴᠠ 6 ᠳ᠋ᠤᠭ᠋ᠠᠷ ᠰᠠᠷ᠎ᠠ ᠵᠢᠨ 11᠎ᠤ ᠡᠳᠦᠷ᠎ᠤᠨ 9᠄ 00 ᠴᠠᠭ᠎ᠲᠤ https://c.exam-sp.com/nmgcc  ᠰᠦᠯᠵᠢᠶᠡᠨ᠎ᠳᠤ  ᠭᠠᠷᠴᠦ ᠰᠢᠯᠭ᠋ᠠᠭᠤᠯᠬᠤ ᠦᠨᠡᠮᠯᠡᠯ ᠵᠶ᠋ᠡᠨ ᠥᠪᠡᠷ ᠵᠶ᠋ᠡᠨ ᠳᠠᠷᠤᠮᠠᠯᠯᠠᠨ᠎ᠠ᠃

   ᠲᠠᠪᠤ᠂  ᠰᠢᠯᠭ᠋ᠠᠯᠲᠠ ᠵᠢᠨ ᠠᠭᠤᠯᠭ᠎ᠠ

   ᠠᠶᠤᠯ ᠦᠭᠡᠶ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠤᠯ ᠦᠭᠡᠶ ᠦᠢ᠍ᠯᠡᠳᠪᠦᠷᠢᠯᠡᠯ᠎ᠤᠨ ᠰᠢᠯᠭ᠋ᠠᠯᠲᠠ ᠵᠢᠨ ᠠᠭᠤᠯᠭ᠎ᠠ᠎ᠳᠤ ᠠᠶᠤᠯ ᠦᠭᠡᠶ ᠦᠢ᠍ᠯᠡᠳᠪᠦᠷᠢᠯᠡᠯ᠎ᠤᠨ ᠮᠡᠳᠡᠯᠭᠡ ᠪᠣᠯᠤᠨ ᠬᠠᠮᠢᠶᠠᠷᠤᠯᠲᠠ ᠵᠢᠨ ᠴᠢᠳᠠᠪᠤᠷᠢ ᠬᠣᠶᠠᠷ ᠬᠡᠰᠡᠭ ᠪᠠᠭᠲᠠᠨ᠎ᠠ᠃

   ᠠᠶᠤᠯ ᠦᠭᠡᠶ ᠦᠢ᠍ᠯᠡᠳᠪᠦᠷᠢᠯᠡᠯ᠎ᠤᠨ ᠮᠡᠳᠡᠯᠭᠡ᠎ᠳᠤ᠄ ᠠᠶᠤᠯ ᠦᠭᠡᠶ ᠦᠢ᠍ᠯᠡᠳᠪᠦᠷᠢᠯᠡᠯ᠎ᠤᠨ ᠠᠵᠢᠯ᠎ᠤᠨ ᠦᠨᠳᠦᠰᠦᠨ ᠴᠢᠭᠯᠡᠯᠲᠡ ᠲᠥᠷᠥ ᠵᠢᠨ ᠪᠣᠳᠣᠯᠭ᠎ᠠ᠂  ᠠᠶᠤᠯ ᠦᠭᠡᠶ ᠦᠢ᠍ᠯᠡᠳᠪᠦᠷᠢᠯᠡᠯ᠎ᠤᠨ ᠲᠠᠯ᠎ᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠂  ᠤᠯᠤᠰ ᠪᠣᠯᠤᠨ ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠠᠶᠤᠯ ᠦᠭᠡᠶ ᠦᠢ᠍ᠯᠡᠳᠪᠦᠷᠢᠯᠡᠯ᠎ᠤᠨ ᠬᠣᠯᠪᠣᠭᠳᠠᠯ ᠪᠦᠬᠦᠢ ᠳᠦᠷᠢᠮ ᠲᠣᠭᠲᠠᠭ᠋ᠠᠯ᠂  ᠪᠠᠷᠢᠮᠵᠢᠶ᠎ᠠ ᠵᠢᠨ ᠵᠢᠷᠤᠮᠵᠢᠯ᠂  ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠶᠤᠯ ᠦᠭᠡᠶ ᠦᠢ᠍ᠯᠡᠳᠪᠦᠷᠢᠯᠡᠯ᠎ᠤᠨ ᠮᠡᠷᠭᠡᠵᠢᠯ ᠵᠡᠷᠭᠡ ᠪᠠᠭᠲᠠᠨ᠎ᠠ᠃

   ᠬᠠᠮᠢᠶᠠᠷᠤᠯᠲᠠ ᠵᠢᠨ ᠴᠢᠳᠠᠪᠤᠷᠢ᠎ᠳᠤ᠄ ᠠᠶᠤᠯ᠎ᠤᠨ ᠡᠬᠢ ᠰᠤᠷᠪᠤᠯᠵᠢ ᠵᠢ ᠢᠯᠭ᠋ᠠᠨ ᠲᠠᠨᠢᠵᠤ ᠦᠨᠡᠯᠡᠨ ᠵᠢᠱ᠌ᠢᠬᠦ ᠪᠠ ᠲᠦᠭᠰᠢᠭᠦᠷᠢ ᠵᠢ ᠬᠠᠮᠢᠶᠠᠷᠤᠨ ᠡᠵᠡᠮᠳᠡᠬᠦ᠂  ᠳᠠᠯᠳᠠ ᠭᠡᠮ᠎ᠢ ᠵᠢᠭᠰᠠᠭ᠋ᠠᠨ ᠪᠠᠶ᠋ᠢᠴᠠᠭ᠋ᠠᠵᠤ ᠵᠠᠰᠠᠬᠤ᠂  ᠡᠨᠳᠡᠯ᠎ᠢ ᠮᠡᠳᠡᠭᠦᠯᠬᠦ ᠪᠠ ᠰᠢᠢ᠍ᠳᠪᠦᠷᠢᠯᠡᠬᠦ᠂  ᠪᠠᠴᠢᠮ ᠪᠠᠶ᠋ᠢᠳᠠᠯ᠎ᠢ ᠠᠷᠭ᠋ᠠᠴᠠᠭ᠋ᠠᠬᠣ ᠬᠠᠮᠢᠶᠠᠷᠤᠯᠲᠠ᠂  ᠠᠶᠤᠯ ᠦᠭᠡᠶ ᠦᠢ᠍ᠯᠡᠳᠪᠦᠷᠢᠯᠡᠯ᠎ᠤᠨ ᠬᠥᠮᠦᠵᠢᠯ ᠪᠣᠯᠪᠠᠰᠤᠷᠠᠯ ᠵᠡᠷᠭᠡ ᠪᠠᠭᠲᠠᠨ᠎ᠠ᠃

   ᠰᠢᠯᠭ᠋ᠠᠯᠲᠠ ᠵᠢᠨ ᠲᠥᠷᠥᠯ ᠵᠦᠢ᠍ᠯ ᠪᠣᠯ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠢᠯ᠎ᠤᠨ ᠠᠵᠤ ᠠᠬᠤᠶ᠋ᠢᠯᠠᠯ ᠪᠣᠯ ᠭᠤᠤᠯᠳᠠᠭᠤ ᠬᠥᠮᠦᠨ ᠲᠥᠷᠥᠯᠬᠢᠲᠡᠨ᠂  ᠲᠥᠷᠥᠯ ᠵᠦᠢ᠍ᠯ᠎ᠢ ᠬᠠᠷᠢᠭᠤᠴᠠᠵᠤ ᠬᠥᠮᠦᠨ ᠲᠥᠷᠥᠯᠬᠢᠲᠡᠨ ᠪᠠ ᠲᠤᠰᠬᠠᠶ ᠲᠤᠰᠢᠶᠠᠯᠲᠤ ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠲᠥᠷᠥᠯ ᠭᠤᠷᠪᠠᠨ ᠲᠥᠷᠥᠯ ᠪᠣᠯᠤᠨ᠎ᠠ᠃

   ᠲᠣᠰ ᠤᠳᠠᠭ᠋ᠠᠨ᠎ᠤ ᠰᠢᠯᠭ᠋ᠠᠯᠲᠠ ᠵᠢᠨ 80% ᠵᠢᠨ ᠰᠡᠳᠦᠪ᠎ᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠭᠤᠤᠯ ᠬᠠᠷᠢᠭᠤᠴᠠᠯᠭ᠋ᠠᠲᠠᠨ᠂  ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠠ ᠲᠤᠰᠬᠠᠶ ᠲᠤᠰᠢᠶᠠᠯᠲᠤ ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠨ ᠰᠢᠯᠭ᠋ᠠᠬᠤ ᠰᠡᠳᠦᠪ᠎ᠤᠨ ᠬᠥᠮᠥᠷᠭᠡ᠎ᠠᠴᠠ ᠰᠣᠩᠭᠤᠨ ᠠᠪᠤᠨ᠎ᠠ᠃

   ᠵᠢᠷᠭᠤᠭ᠎ᠠ᠂  ᠰᠢᠯᠭ᠋ᠠᠯᠲᠠ ᠵᠢᠨ ᠬᠡᠯᠪᠡᠷᠢ ᠵᠢᠴᠢ ᠰᠡᠳᠦᠪ᠎ᠤᠨ ᠬᠡᠯᠪᠡᠷᠢ

   ᠠᠶᠤᠯ ᠦᠬᠡᠢ ᠦᠢ᠍ᠯᠡᠳᠪᠦᠷᠢᠯᠡᠯ᠎ᠤᠨ ᠰᠢᠯᠭ᠋ᠠᠯᠳᠠ᠎ᠳᠤ ᠺᠤᠮᠫᠢᠦ᠋ᠲ᠋ᠧᠷ᠎ᠤᠨ ᠰᠢᠯᠭ᠋ᠠᠯᠳᠠ ᠵᠢᠨ ᠠᠷᠭ᠎ᠠ ᠵᠢ ᠬᠡᠷᠡᠭᠯᠡᠵᠦ᠂  ᠰᠢᠯᠭ᠋ᠠᠯᠳᠠ ᠵᠢᠨ ᠴᠠᠭ᠎ᠨᠢ 150 ᠮᠢᠨᠦ᠋ᠲ ᠪᠤᠯᠤᠨ᠎ᠠ᠃  ᠰᠢᠯᠭ᠋ᠠᠯᠲᠠ᠎ᠳᠤ ᠪᠦᠷᠢᠨ ᠬᠤᠪᠢ᠎ᠨᠢ 100 ᠬᠤᠪᠢ᠂ 60 ᠬᠤᠪᠢ ᠵᠢᠨ ᠬᠢᠷᠢ ᠲᠡᠩᠴᠡᠭᠰᠡᠨ ᠬᠢᠷᠢ ᠪᠦᠲᠦᠮᠵᠢ᠎ᠠᠴᠠ ᠳᠣᠣᠷ᠎ᠠ ᠪᠠᠶ᠋ᠢᠵᠤ ᠪᠣᠯᠬᠤ ᠦᠭᠡᠢ᠃  ᠰᠢᠯᠭ᠋ᠠᠯᠲᠠ ᠵᠢᠨ ᠬᠠᠭᠤᠳᠠᠰᠤ ᠵᠢᠨ ᠰᠡᠳᠦᠪ᠎ᠲᠤ ᠭᠠᠭᠴᠠ ᠰᠣᠩᠭᠣᠬᠤ ᠰᠡᠳᠦᠪ᠂  ᠣᠯᠠᠨ ᠰᠣᠩᠭᠣᠬᠤ ᠰᠡᠳᠦᠪ ᠪᠠ ᠮᠠᠭ᠋ᠠᠳᠯᠠᠬᠤ ᠰᠡᠳᠦᠪ ᠵᠡᠷᠭᠡ ᠰᠡᠳᠦᠪ ᠪᠠᠭᠲᠠᠨ᠎ᠠ᠃  ᠬᠢᠷᠢ ᠲᠡᠩᠴᠡᠭᠰᠡᠨ ᠬᠥᠮᠦᠰ᠎ᠢ ᠵᠠᠷᠯᠠᠨ ᠨᠡᠶ᠋ᠢᠲᠡᠯᠡᠵᠦ ᠳᠠᠭᠤᠰᠤᠭᠰᠠᠨ᠎ᠤ ᠳᠠᠷᠠᠭ᠎ᠠ᠂  ᠬᠢᠷᠢ ᠪᠦᠲᠦᠮᠵᠢ ᠵᠢᠨ ᠬᠦᠴᠦᠨ᠎ᠲᠠᠢ ᠬᠤᠭᠤᠴᠠᠭ᠎ᠠ᠎ᠨᠢ 1 ᠵᠢᠯ ᠪᠣᠯᠤᠨ᠎ᠠ᠃

   ᠳᠣᠯᠤᠭ᠎ᠠ᠂  ᠰᠢᠯᠭ᠋ᠠᠯᠲᠠ᠎ᠳᠤ ᠨᠡᠷ᠎ᠡ ᠮᠡᠳᠡᠭᠦᠯᠬᠦ᠎ᠳᠤ ᠮᠡᠳᠡᠬᠦ ᠴᠢᠬᠤᠯᠠᠲᠠᠢ ᠵᠦᠢ᠍ᠯ

  (ᠨᠢᠭᠡ) ᠰᠦᠢ᠍ᠳᠬᠡᠯ ᠬᠤᠷᠢᠶᠠᠬᠤ ᠦᠭᠡᠢ᠎ᠪᠠᠷ ᠨᠡᠷ᠎ᠡ ᠮᠡᠳᠡᠭᠦᠯᠦᠨ᠎ᠡ᠂  ᠰᠢᠯᠭ᠋ᠠᠭᠤᠯᠤᠭᠴᠢ ᠵᠥᠪᠬᠡᠨ ᠨᠢᠭᠡ ᠲᠦᠷᠦᠯ ᠵᠶ᠋ᠠᠷ ᠨᠡᠷ᠎ᠡ ᠮᠡᠳᠡᠭᠦᠯᠬᠦ᠎ᠳᠤ ᠣᠷᠣᠯᠴᠠᠵᠤ᠂  ᠤᠯᠠᠨ ᠲᠦᠷᠦᠯ ᠵᠶ᠋ᠠᠷ ᠨᠡᠷ᠎ᠡ ᠮᠡᠳᠡᠭᠦᠯᠬᠦ ᠵᠢ ᠴᠠᠭ᠋ᠠᠵᠠᠯᠠᠨ᠎ᠠ᠃

  (ᠬᠤᠶᠠᠷ) ᠰᠢᠯᠭ᠋ᠠᠭᠤᠯᠤᠭᠰᠠᠳ ᠰᠢᠯᠭ᠋ᠠᠯᠲᠠ ᠵᠢᠨ ᠶᠠᠪᠤᠴᠠ᠎ᠳᠤ ᠰᠠᠬᠢᠯᠭ᠎ᠠ ᠪᠠᠲᠤ ᠪᠠ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠲᠠᠢ ᠪᠠᠶ᠋ᠢᠪᠠᠯ᠂  ᠰᠢᠯᠭ᠋ᠠᠯᠲᠠ ᠵᠢᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠮᠠᠭ᠋ᠠᠳᠯᠠᠨ ᠲᠣᠭᠲᠠᠭ᠋ᠠᠬᠤ ᠪᠠ ᠰᠢᠢ᠍ᠳᠪᠦᠷᠢᠯᠡᠨ᠎ᠡ᠃

  (ᠭᠤᠷᠪᠠ) ᠣᠯᠠᠨ ᠨᠡᠶ᠋ᠢᠲᠡ ᠵᠢᠨ ᠡᠬᠢ ᠪᠠᠶᠠᠯᠢᠭ᠎ᠢ ᠪᠦᠷᠢᠯᠭᠡᠬᠦ᠎ᠠᠴᠠ ᠵᠠᠶ᠋ᠢᠯᠠᠰᠬᠢᠬᠦ ᠵᠢᠨ ᠲᠥᠯᠥᠭᠡ᠂  ᠰᠢᠯᠭ᠋ᠠᠭᠤᠯᠤᠭᠴᠢ ᠰᠢᠯᠭ᠋ᠠᠯᠲᠠ ᠵᠢᠨ ᠲᠣᠬᠢᠷᠠᠭᠤᠯᠤᠯᠲᠠ ᠶᠣᠰᠣᠭ᠋ᠠᠷ ᠰᠢᠯᠭ᠋ᠠᠯᠲᠠ᠎ᠳᠤ ᠣᠷᠣᠯᠴᠠᠬᠤ ᠬᠡᠷᠡᠭᠲᠡᠶ᠂  ᠤᠴᠢᠷ ᠰᠢᠯᠲᠠᠭ᠋ᠠᠨ ᠥᠬᠡᠶ᠎ᠪᠠᠷ ᠰᠢᠯᠭ᠋ᠠᠯᠲᠠ᠎ᠠᠴᠠ ᠳᠤᠲᠠᠭᠤ ᠪᠠᠶ᠋ᠢᠵᠤ ᠪᠣᠯᠬᠤ ᠥᠬᠡᠶ᠂  ᠤᠴᠢᠷ ᠰᠢᠯᠲᠠᠭ᠋ᠠᠨ ᠥᠬᠡᠶ᠎ᠪᠠᠷ ᠰᠢᠯᠭ᠋ᠠᠯᠲᠠ᠎ᠠᠴᠠ ᠳᠤᠲᠠᠭᠤ ᠬᠥᠮᠦᠰ ᠲᠠᠷᠠᠭ᠋ᠠᠴᠢ ᠵᠢᠨ ᠪᠦᠯᠦᠭ ᠤᠳᠠᠭ᠎ᠠ ᠵᠢᠨ ᠰᠢᠯᠭ᠋ᠠᠯᠲᠠ ᠵᠢ ᠬᠢᠵᠠᠭ᠋ᠠᠷᠯᠠᠬᠤ ᠪᠣᠯᠤᠨ᠎ᠠ᠃

   ᠬᠠᠷᠢᠯᠴᠠᠬᠤ ᠬᠥᠮᠦᠨ ᠵᠢᠴᠢ ᠬᠠᠷᠢᠯᠴᠠᠬᠤ ᠠᠷᠭ᠎ᠠ ᠮᠠᠶᠢᠭ᠄

   ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢᠨ ᠬᠢᠨᠠᠯᠲᠠ ᠲᠠᠯᠪᠢᠬᠤ ᠭᠠᠵᠠᠷ᠄ ᠳ᠋ᠦᠩ ᠢᠦᠶ ᠯᠢᠶᠠᠩ (0471) 5259449

   ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠶᠠᠰᠤ ᠴᠢᠨᠠᠷ ᠬᠢᠭᠡᠳ ᠠᠮᠤᠷ ᠲᠦᠪᠰᠢᠨ᠎ᠳᠤ ᠬᠢᠨᠠᠯᠲᠠ ᠲᠠᠯᠪᠢᠬᠤ ᠦᠢᠯᠡᠴᠢᠯᠡᠭᠡᠨ᠎ᠤ ᠲᠥᠪ᠄ ᠶᠠᠩ ᠢᠦᠶ ᠬᠤᠸᠠ (0471) 5259319

  

              2025 ᠣᠨ᠎ᠤ 5 ᠳ᠋ᠤᠭ᠋ᠠᠷ ᠰᠠᠷ᠎ᠠ ᠵᠢᠨ 19᠎ᠤ ᠡᠳᠦᠷ

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠤᠰᠤᠨ᠎ᠤ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠣᠨᠴᠠᠭ᠋ᠠᠢ ᠭᠤᠭᠴᠤᠭ᠎ᠠ ᠵᠢ ᠦᠯᠡᠳᠡᠭᠡᠬᠦ᠂ ᠬᠦᠴᠦᠨ ᠦᠭᠡᠢ ᠪᠣᠯᠭ᠋ᠠᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠮᠡᠳᠡᠭᠳᠡᠯ
ᠶᠠᠮᠠᠷᠪᠠ ᠪᠣᠯᠪᠠᠰᠤᠷᠠᠯ᠎ᠤᠨ ᠪᠠᠶ᠋ᠢᠭᠤᠯᠤᠮᠵᠢ ᠪᠤᠶᠤ ᠬᠤᠪᠢ ᠬᠥᠮᠦᠨ᠎ᠳᠤ ᠨᠠᠶ᠋ᠢᠳᠠᠵᠤ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠸᠨ᠋ᠸᠷᠢᠩ᠎ᠤᠨ ᠠᠶᠤᠯ ᠦᠭᠡᠶ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠪᠣᠯᠪᠠᠰᠤᠷᠠᠯ ᠬᠢᠯᠭᠡᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠢᠯᠡᠷᠬᠡᠶ᠋ᠢᠯᠡᠯᠲᠡ
2025 ᠣᠨ᠎ᠤ ᠠᠩᠬᠠᠳᠠᠭᠴᠢ ᠪᠦᠯᠦᠭ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠭᠤᠤᠯ ᠬᠠᠷᠢᠭᠤᠴᠠᠯᠭ᠋ᠠᠲᠠᠨ᠂ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠠ ᠲᠤᠰᠬᠠᠶ ᠲᠤᠰᠢᠶᠠᠯᠲᠤ ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠤᠯ ᠦᠭᠡᠢ ᠦᠢ᠍ᠯᠡᠳᠪᠦᠷᠢᠯᠡᠯ᠎ᠤᠨ ᠰᠢᠯᠭ᠋ᠠᠯᠲᠠ》 ᠵᠢᠨ ᠬᠢᠷᠢ ᠲᠡᠩᠴᠡᠭᠰᠡᠨ ᠬᠥᠮᠦᠰ᠎ᠤᠨ ᠨᠡᠷᠡᠰ᠎ᠤᠨ ᠨᠡᠢ᠌ᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠭᠤᠤᠯ ᠲᠤᠰᠢᠶᠠᠯ ᠬᠠᠷᠢᠭᠤᠴᠠᠯᠭ᠎ᠠ᠂ ᠳᠣᠲᠣᠭ᠋ᠠᠳᠤ ᠪᠠᠢ᠌ᠭᠤᠯᠤᠮᠵᠢ ᠪᠠ ᠠᠵᠢᠯᠲᠠᠨ᠎ᠤ ᠣᠷᠣᠨ ᠲᠣᠭ᠎ᠠ ᠵᠢᠨ ᠲᠤᠭᠳᠠᠭ᠋ᠠᠯ
ᠬᠠᠶ ᠾᠧ ᠵᠢᠨ ᠤᠰᠤᠨ ᠠᠰᠢᠭᠯᠠᠯᠲᠠ ᠵᠢᠨ ᠵᠥᠪᠯᠡᠯ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ (ᠥᠷᠭᠡᠳᠬᠡᠭᠰᠡᠨ) ᠳᠤᠰᠬᠠᠢ ᠰᠡᠳᠦᠪᠳᠤ ᠰᠤᠷᠤᠯᠴᠠᠯᠭ᠎ᠠ᠎ᠳᠤ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠳᠤᠯᠤᠨ ᠶᠠᠷᠢᠯᠴᠠᠪᠠ
 
            