ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
2023 ᠣᠨ᠎ᠳᠤ ᠮᠠᠨ᠎ᠤ ᠤᠯᠤᠰ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠪᠡᠯᠡ ᠣᠷᠣᠭᠤᠯᠤᠯᠲᠠ ᠵᠢᠨ ᠰᠢᠨ᠎ᠡ ᠲᠡᠮᠳᠡᠭᠯᠡᠯ᠎ᠢ ᠡᠭᠦᠳᠪᠡ
ᠨᠡᠶ᠋ᠢᠲᠡᠯᠡᠭᠰᠡᠨ ᠴᠠᠭ᠄ 2024-01-17

   ᠤᠰᠤᠨ ᠠᠰᠢᠭᠯᠠᠯᠲᠠ ᠵᠢᠨ ᠶᠠᠮᠤᠨ᠎ᠤ ᠰᠠᠶ᠋ᠢᠳ ᠯᠢ ᠭᠦᠸᠧ ᠶᠢᠩ 11᠎ᠤ ᠡᠳᠦᠷ 2024 ᠣᠨ᠎ᠤ ᠪᠥᠬᠥ ᠤᠯᠤᠰ᠎ᠤᠨ ᠤᠰᠤᠨ ᠠᠰᠢᠭᠯᠠᠯᠲᠠ ᠵᠢᠨ ᠠᠵᠢᠯ᠎ᠤᠨ ᠬᠤᠷᠠᠯ ᠳᠡᠭᠡᠷ᠎ᠡ ᠢᠯᠡᠷᠬᠡᠶ᠋ᠢᠯᠡᠬᠦ᠎ᠳᠡᠭᠡᠨ᠂ 2023 ᠣᠨ᠎ᠳᠤ ᠪᠥᠬᠥ ᠤᠯᠤᠰ᠎ᠲᠤ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠪᠠᠯᠠ ᠣᠷᠣᠭᠤᠯᠤᠯᠲᠠ ᠵᠢ 11996 ᠳ᠋ᠦᠩᠰᠢᠭᠤᠷ ᠲᠥᠭᠥᠷᠢᠭ ᠪᠡᠶᠡᠯᠡᠭᠦᠯᠵᠦ᠂ ᠲᠡᠦᠬᠡ ᠵᠢᠨ ᠬᠠᠮᠤᠭ᠎ᠤᠨ ᠥᠨᠳᠥᠷ ᠲᠡᠮᠳᠡᠭᠯᠡᠯ᠎ᠢ ᠡᠭᠦᠳᠪᠡ ᠭᠡᠵᠡᠶ᠃ ᠡᠭᠦᠨ᠎ᠳᠤ᠂ ᠪᠸᠢ ᠪᠦ᠋ ᠸᠠᠨ᠎ᠢ ᠲᠣᠭᠣᠷᠢᠭᠰᠠᠨ ᠭᠤᠸᠠᠩᠰᠢ ᠵᠢᠨ ᠤᠰᠤᠨ᠎ᠤ ᠡᠬᠢ ᠪᠠᠶᠠᠯᠢᠭ᠎ᠢ ᠲᠣᠬᠢᠷᠠᠭᠤᠯᠬᠤ ᠢᠨᠵᠧᠨᠧᠷᠢᠩ ᠵᠡᠷᠭᠡ 44 ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠢ ᠡᠬᠢᠯᠡᠨ ᠪᠠᠶ᠋ᠢᠭᠤᠯᠪᠠ᠃

   ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠨᠡᠶ᠋ᠢᠲᠡ ᠵᠢᠨ ᠠᠰᠠᠷᠠᠮᠵᠢ ᠵᠢᠨ ᠴᠢᠨᠠᠷ ᠵᠶ᠋ᠠᠷ ᠴᠢᠩᠭ᠎ᠠ᠂ ᠢᠯᠠᠩᠭᠤᠶ᠎ᠠ ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠨᠢ ᠦᠷᠭᠦᠯᠵᠢ ᠪᠡᠯᠡ ᠣᠷᠣᠭᠤᠯᠤᠯᠲᠠ ᠵᠢᠨ ᠬᠡᠪᠴᠢᠶ᠎ᠡ᠎ᠪᠠᠷ ᠶᠡᠬᠡ᠂ ᠪᠦᠲᠦᠭᠡᠨ ᠪᠠᠶ᠋ᠢᠭᠤᠯᠬᠤ ᠦᠶᠡᠯᠡᠬᠦ ᠬᠤᠭᠤᠴᠠᠭ᠎ᠠ᠎ᠨᠢ ᠤᠷᠲᠤ᠂ ᠠᠰᠢᠭ ᠣᠯᠵᠠᠪᠤᠷᠢ ᠣᠯᠬᠤ ᠴᠢᠳᠠᠪᠤᠷᠢ᠎ᠪᠠᠷ ᠪᠠᠭᠤᠷᠠᠶ ᠵᠡᠷᠭᠡ ᠣᠨᠴᠠᠯᠢᠭ᠎ᠲᠠᠢ ᠪᠠᠶ᠋ᠢᠵᠤ᠂ ᠦᠷᠭᠦᠯᠵᠢ ᠪᠡᠯᠡ ᠣᠷᠣᠭᠤᠯᠵᠤ ᠪᠡᠯᠡ ᠲᠣᠬᠢᠷᠠᠭᠤᠯᠬᠤ ᠵᠢᠨ 《ᠲᠦᠭᠵᠢᠷᠡᠯ》᠎ᠳᠤ ᠤᠴᠠᠷᠠᠳᠠᠭ ᠪᠠᠶ᠋ᠢᠨ᠎ᠠ᠃ ᠲᠡᠮᠳᠡᠭᠯᠡᠯ᠎ᠢ ᠡᠭᠦᠳᠦᠭᠰᠡᠨ ᠶᠡᠬᠡ ᠬᠡᠮᠵᠢᠶᠡᠨ᠎ᠤ ᠪᠦᠲᠦᠭᠡᠨ ᠪᠠᠶ᠋ᠢᠭᠤᠯᠤᠯᠲᠠ ᠵᠢᠨ ᠪᠡᠯᠡ ᠮᠥᠩᠭᠥ ᠬᠠᠮᠢᠭ᠎ᠠ᠎ᠠᠴᠠ ᠢᠷᠡᠭᠰᠡᠨ ᠪᠤᠢ?

  《ᠡᠳ᠋᠎ᠤᠨ ᠵᠠᠰᠠᠭ᠎ᠤᠨ ᠪᠠᠯᠠ ᠮᠥᠩᠭᠥ᠂ ᠮᠥᠩᠭᠥᠨ ᠭᠦᠢ᠍ᠯᠭᠡᠭᠡᠨ᠎ᠤ ᠢᠲᠡᠭᠡᠮᠵᠢᠲᠦ ᠵᠢᠭᠡᠯᠡᠯᠭᠡ᠂ ᠨᠡᠶ᠋ᠢᠭᠡᠮ᠎ᠤᠨ ᠬᠥᠷᠥᠩᠭᠡ ᠬᠠᠮᠲᠤ᠎ᠪᠠᠷ ᠬᠦᠴᠦᠯᠡᠨ᠎ᠡ᠃ ᠤᠰᠤᠨ ᠠᠰᠢᠭᠯᠠᠯᠲᠠ ᠵᠢᠨ ᠶᠠᠮᠤᠨ᠎ᠤ ᠲᠥᠯᠥᠪᠵᠢᠭᠦᠯᠭᠡ ᠲᠥᠯᠥᠪᠯᠡᠭᠡ ᠵᠢᠨ ᠵᠤᠷᠭ᠋ᠠᠨ᠎ᠤ ᠳᠠᠷᠤᠭ᠎ᠠ ᠵᠠᠩ ᠰᠢᠶᠠᠩ ᠸᠧᠶ ᠬᠡᠯᠡᠬᠦ᠎ᠳᠡᠭᠡᠨ᠂ ᠨᠢᠭᠡ ᠲᠠᠯ᠎ᠠ᠎ᠪᠠᠷ᠂ ᠡᠯ᠎ᠡ ᠱᠠᠲᠤᠨ᠎ᠤ ᠣᠯᠠᠨ ᠨᠡᠶ᠋ᠢᠲᠡ ᠵᠢᠨ ᠡᠳ᠋᠎ᠤᠨ ᠵᠠᠰᠠᠭ ᠤᠰᠤᠨ ᠠᠰᠢᠭᠯᠠᠯᠲᠠ ᠵᠢᠨ ᠣᠷᠣᠭᠤᠯᠤᠯᠲᠠ᠎ᠪᠠᠨ ᠨᠡᠮᠡᠭᠳᠡᠭᠦᠯᠵᠦ᠂ 2023 ᠣᠨ᠎ᠳᠤ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ᠎ᠳᠤ 6787 ᠳ᠋ᠦᠩᠰᠢᠭᠤᠷ ᠲᠥᠭᠥᠷᠢᠭ᠎ᠤᠨ ᠡᠳ᠋᠎ᠤᠨ ᠵᠠᠰᠠᠭ᠎ᠤᠨ ᠪᠠᠯᠠ ᠮᠥᠩᠭᠥ ᠵᠢ ᠨᠠᠶ᠋ᠢᠳᠠᠪᠤᠷᠢᠵᠢᠭᠤᠯᠪᠠ; ᠨᠥᠭᠥᠭᠡ ᠲᠠᠯ᠎ᠠ᠎ᠪᠠᠷ᠂ ᠤᠰᠤᠨ ᠠᠰᠢᠭᠯᠠᠯᠲᠠ ᠵᠢᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠮᠥᠩᠭᠥᠨ ᠭᠦᠢ᠍ᠯᠭᠡᠭᠡᠨ᠎ᠤ ᠢᠲᠡᠭᠡᠮᠵᠢᠲᠦ ᠵᠢᠭᠡᠯᠡᠯᠭᠡ᠂ ᠨᠡᠶ᠋ᠢᠭᠡᠮ᠎ᠤᠨ ᠬᠥᠷᠥᠩᠭᠡ ᠵᠢ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ᠎ᠳᠤ ᠣᠷᠣᠭᠤᠯᠬᠤ᠎ᠪᠠᠷ ᠢᠳᠡᠪᠬᠢᠲᠡᠶ ᠴᠢᠷᠮᠠᠶ᠋ᠢᠵᠤ᠂ ᠪᠦᠲᠦᠭᠡᠨ ᠪᠠᠶ᠋ᠢᠭᠤᠯᠤᠯᠲᠠ ᠵᠢᠨ ᠪᠡᠯᠡ ᠮᠥᠩᠭᠥ ᠵᠢ ᠣᠯᠠᠨ ᠠᠷᠭ᠎ᠠ ᠵᠠᠮ ᠵᠶ᠋ᠠᠷ ᠴᠤᠭᠯᠠᠭᠤᠯᠤᠨ᠎ᠠ᠃

   ᠪᠦᠷᠢᠳᠬᠡᠯ᠎ᠳᠤ ᠢᠯᠡᠷᠡᠭᠦᠯᠦᠭᠰᠡᠨ ᠵᠶ᠋ᠠᠷ᠂ 2023 ᠣᠨ᠎ᠤ ᠪᠥᠬᠥ ᠵᠢᠯ᠎ᠳᠤ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠪᠠᠯᠠ ᠣᠷᠣᠭᠤᠯᠤᠯᠲᠠ ᠵᠢ 12238 ᠳ᠋ᠦᠩᠰᠢᠭᠤᠷ ᠲᠥᠭᠥᠷᠢᠭ ᠨᠠᠶ᠋ᠢᠳᠠᠪᠤᠷᠢᠵᠢᠭᠤᠯᠪᠠ᠂ ᠡᠭᠦᠨ᠎ᠳᠤ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠶ ᠵᠢᠭᠡᠯᠡᠯᠭᠡ ᠵᠢᠨ ᠲᠡᠮᠳᠡᠭᠲᠦ᠂ ᠮᠥᠩᠭᠥᠨ ᠭᠦᠢ᠍ᠯᠭᠡᠭᠡᠨ᠎ᠤ ᠢᠲᠡᠭᠡᠮᠵᠢᠲᠦ ᠵᠢᠭᠡᠯᠡᠯᠭᠡ᠂ ᠨᠡᠶ᠋ᠢᠭᠡᠮ᠎ᠤᠨ ᠬᠥᠷᠥᠩᠭᠡ 5451 ᠳ᠋ᠦᠩᠰᠢᠭᠤᠷ ᠲᠥᠭᠥᠷᠢᠭ ᠪᠠᠶ᠋ᠢᠵᠤ᠂ ᠪᠥᠬᠥ ᠤᠯᠤᠰ᠎ᠤᠨ ᠪᠠᠯᠠ ᠣᠷᠣᠭᠤᠯᠤᠯᠲᠠ ᠵᠢ ᠨᠠᠶ᠋ᠢᠳᠠᠪᠤᠷᠢᠵᠢᠭᠤᠯᠤᠭᠰᠠᠨ ᠬᠡᠪᠴᠢᠶ᠎ᠡ ᠵᠢᠨ 44.5 % ᠵᠢ ᠡᠵᠡᠯᠡᠪᠡ᠃

   ᠲᠡᠮᠳᠡᠭᠯᠡᠯ᠎ᠢ ᠡᠭᠦᠳᠦᠭᠰᠡᠨ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠪᠡᠯᠡ ᠮᠥᠩᠭᠥ ᠵᠢ ᠬᠠᠮᠢᠭ᠎ᠠ ᠣᠷᠣᠭᠤᠯᠤᠭᠰᠠᠨ ᠪᠤᠢ? ᠰᠤᠷᠪᠤᠯᠵᠢᠯᠠᠭᠴᠢ ᠵᠢᠨ ᠣᠶ᠋ᠢᠯᠠᠭ᠋ᠠᠭᠰᠠᠨ ᠵᠶ᠋ᠠᠷ᠂ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠪᠠᠯᠠ ᠮᠥᠩᠭᠥ ᠵᠢ ᠭᠤᠤᠯᠳᠠᠭᠤ 4 ᠬᠦᠷᠢᠶᠡᠨ᠎ᠳᠤ ᠣᠷᠣᠭᠤᠯᠵᠠᠶ᠄ ᠰᠠᠪᠠ ᠭᠠᠵᠠᠷ᠎ᠤᠨ ᠦᠶᠡᠷ᠎ᠢ ᠰᠡᠷᠭᠡᠶ᠋ᠢᠯᠡᠬᠦ ᠢᠨᠵᠧᠨᠧᠷᠢᠩ᠎ᠤᠨ ᠰᠢᠰᠲ᠋ᠧᠮ᠎ᠤᠨ ᠪᠥᠲᠥᠭᠡᠨ ᠪᠠᠶ᠋ᠢᠭᠤᠯᠤᠯᠲᠠ᠎ᠳᠤ 3227 ᠳ᠋ᠦᠩᠰᠢᠭᠤᠷ ᠲᠥᠭᠥᠷᠢᠭ᠎ᠤᠨ ᠪᠠᠯᠠ ᠣᠷᠣᠭᠤᠯᠤᠯᠲᠠ ᠵᠢ ᠪᠡᠶᠡᠯᠡᠭᠦᠯᠵᠦ᠂ ᠤᠯᠤᠰ᠎ᠤᠨ ᠤᠰᠤᠨ ᠲᠤᠤᠷ᠎ᠤᠨ ᠴᠢᠬᠤᠯᠠ ᠶᠡᠬᠡ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ᠎ᠳᠤ 5665 ᠳ᠋ᠦᠩᠰᠢᠭᠤᠷ ᠲᠥᠭᠥᠷᠢᠭ᠎ᠤᠨ ᠪᠠᠯᠠ ᠣᠷᠣᠭᠤᠯᠤᠯᠲᠠ ᠵᠢ ᠪᠡᠶᠡᠯᠡᠭᠦᠯᠵᠦ᠂ ᠭᠤᠤᠯ ᠮᠥᠷᠡᠨ ᠨᠠᠭᠤᠷ ᠴᠥᠭᠥᠷᠥᠮ᠎ᠤᠨ ᠠᠮᠢ ᠠᠬᠤᠶ ᠵᠢᠨ ᠣᠷᠴᠢᠨ ᠨᠥᠬᠥᠴᠡᠯ᠎ᠤᠨ ᠰᠡᠷᠭᠦᠯᠲᠡ᠎ᠳᠤ 2079 ᠳ᠋ᠦᠩᠰᠢᠭᠤᠷ ᠲᠥᠭᠥᠷᠢᠭ᠎ᠤᠨ ᠪᠠᠯᠠ ᠣᠷᠣᠭᠤᠯᠤᠯᠲᠠ ᠵᠢ ᠪᠡᠶᠡᠯᠡᠭᠦᠯᠵᠦ᠂ ᠤᠰᠤᠨ ᠰᠢᠨᠵᠢᠯᠡᠭᠡᠨ᠎ᠤ ᠰᠠᠭᠤᠷᠢ ᠲᠥᠬᠥᠭᠡᠷᠦᠮᠵᠢ᠂ ᠣᠶᠤᠨᠴᠢ ᠤᠰᠤᠨ ᠠᠰᠢᠭᠯᠠᠯᠲᠠ ᠵᠡᠷᠭᠡ ᠪᠤᠰᠤᠳ ᠲᠥᠷᠥᠯ ᠵᠦᠢ᠍ᠯ᠎ᠳᠤ 1025 ᠳ᠋ᠦᠩᠰᠢᠭᠤᠷ ᠲᠥᠭᠥᠷᠢᠭ᠎ᠤᠨ ᠪᠠᠯᠠ ᠣᠷᠣᠭᠤᠯᠤᠯᠲᠠ ᠵᠢ ᠪᠡᠶᠡᠯᠡᠭᠦᠯᠵᠡᠶ᠃

  2023 ᠣᠨ᠎ᠳᠤ ᠤᠰᠤᠨ ᠠᠰᠢᠭᠯᠠᠯᠲᠠ ᠵᠢᠨ ᠲᠥᠷᠥᠯ ᠵᠦᠢ᠍ᠯ᠎ᠢ 2.79 ᠲᠦᠮᠡ ᠰᠢᠨ᠎ᠡ᠎ᠪᠠᠷ ᠡᠬᠢᠯᠡᠭᠦᠯᠵᠦ᠂ 2022 ᠣᠨ᠎ᠤ᠎ᠬᠢ᠎ᠠᠴᠠ 11.5 %᠎ᠪᠠᠷ ᠨᠡᠮᠡᠭᠳᠡᠪᠡ᠃ ᠤᠰᠤᠨ ᠠᠰᠢᠭᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠵᠦᠢ᠍ᠯᠡᠰ ᠪᠠ ᠪᠡᠯᠡ ᠮᠥᠩᠭᠥ ᠨᠡᠮᠡᠭᠳᠡᠵᠦ᠂ ᠠᠵᠢᠯ ᠣᠯᠭᠣᠬᠤ ᠬᠥᠮᠦᠨ᠎ᠤ ᠲᠣᠭ᠎ᠠ ᠦᠷᠭᠦᠯᠵᠢᠯᠡᠨ ᠨᠡᠮᠡᠭᠳᠡᠪᠡ᠃ ᠪᠦᠷᠢᠳᠬᠡᠯ᠎ᠳᠤ ᠢᠯᠡᠷᠡᠭᠦᠯᠦᠭᠰᠡᠨ ᠵᠶ᠋ᠠᠷ᠂ 2023 ᠣᠨ᠎ᠤ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ᠎ᠳᠤ 273.9 ᠲᠦᠮᠡᠨ ᠬᠥᠮᠦᠨ᠎ᠳᠤ ᠠᠵᠢᠯ ᠣᠯᠭᠣᠵᠤ᠂ 2022 ᠣᠨ᠎ᠤ᠎ᠬᠢ᠎ᠠᠴᠠ             8.9 %᠎ᠪᠠᠷ ᠨᠡᠮᠡᠭᠳᠡᠪᠡ᠃

 

ᠢᠷᠡᠯᠲᠡ᠄ ᠰᠢᠨᠬᠤᠸᠠ ᠬᠣᠷᠢᠶ᠎ᠠ
          
ᠬᠠᠮᠢᠶ᠎ᠡ ᠪᠦᠬᠦᠢ ᠰᠣᠨᠢᠨ
2023 ᠣᠨ᠎ᠳᠤ ᠪᠥᠬᠦ ᠣᠷᠣᠨ᠎ᠤ ᠤᠰᠤᠨ ᠠᠰᠢᠭᠯᠠᠯᠲᠠ ᠵᠢᠨ ᠪᠥᠲᠥᠭᠡᠨ ᠪᠠᠶ᠋ᠢᠭᠤᠯᠤᠯᠲᠠ ᠢᠯᠡᠳᠲᠡ ᠦᠷ᠎ᠡ ᠪᠦᠲᠦᠮᠵᠢ ᠤᠯᠪᠠ
ᠡᠠᠷᠠᠣᠠ᠎ᠤᠨ ᠡᠳᠦᠷ᠎ᠤᠨ ᠰᠣᠨᠢᠠ᠄ 《᠎ᠲᠠᠢ ᠬᠤ᠌ ᠨᠠᠭᠤᠷ᠎ᠤᠨ ᠰᠠᠪᠠ ᠭᠠᠵᠠᠷ᠎ᠤᠨ ᠴᠢᠬᠤᠯᠠ ᠪᠤᠯᠬᠤ ᠭᠤᠤᠯ ᠮᠦᠷᠡᠨ ᠨᠠᠭᠤᠷ ᠴᠦᠬᠦᠷᠦᠮ᠎ᠤᠨ ᠡᠷᠭᠢ ᠳᠠᠭ᠋ᠠᠤ ᠵᠢ ᠬᠠᠮᠠᠭ᠋ᠠᠯᠠᠬᠤ ᠪᠠ ᠠᠰᠢᠭᠯᠠᠬᠤ ᠳᠦᠯᠦᠪᠵᠢᠭᠦᠯᠬᠡ》 ᠵᠢ ᠲᠠᠷᠤᠮᠠᠯᠯᠠᠨ ᠲᠠᠷᠬᠠᠭ᠋ᠠᠪᠠ
ᠠᠷᠠᠳ᠎ᠤᠨ ᠡᠳᠦᠷ᠎ᠤᠨ ᠰᠣᠨᠢᠨ᠄  ᠡᠨᠡ ᠵᠢᠯ ᠮᠢᠩᠭ᠎ᠠ᠎ᠠᠴᠠ ᠳᠡᠭᠡᠭᠰᠢ ᠲᠣᠮᠣ ᠳᠤᠮᠳᠠ ᠬᠡᠯᠪᠡᠷᠢ ᠵᠢᠨ ᠤᠰᠤᠯᠠᠯᠲᠠ ᠵᠢᠨ ᠣᠷᠣᠨ᠎ᠢ ᠥᠭᠡᠷᠡᠴᠢᠯᠡᠨ ᠲᠠᠰ ᠳᠡᠪᠰᠢᠭᠦᠯᠵᠦ᠂ ᠵᠢᠱ᠌ᠢᠯᠲᠡ᠎ᠪᠠᠷ ᠰᠡᠷᠭᠦᠭᠡᠨ ᠰᠠᠶ᠋ᠢᠵᠢᠷᠠᠭᠤᠯᠤᠭᠰᠠᠨ ᠤᠰᠤᠯᠠᠯᠲᠠ ᠵᠢᠨ ᠲᠠᠯᠠᠪᠠᠶ 5000 ᠲᠦᠮᠡᠨ ᠮᠥ᠍ ᠵᠢ ᠳᠠᠪᠠᠬᠤ ᠪᠣᠯᠤᠨ᠎ᠠ
ᠠᠷᠠᠳ᠎ᠤᠨ ᠡᠳᠦᠷ᠎ᠤᠨ ᠰᠣᠨᠢᠨ᠄ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠶ ᠠᠬᠢᠭᠤᠯᠪᠠ (ᠰᠢᠨ᠎ᠡ ᠴᠠᠭ ᠦᠶ᠎ᠡ ᠵᠢᠨ ᠵᠢᠷᠤᠭ)
ᠰᠢᠨᠬᠤᠸᠠ ᠬᠤᠷᠢᠶ᠎ᠠ᠄ ᠯᠢ ᠭᠦᠸᠧ ᠶᠢᠩ᠄ 2023 ᠤᠨ᠎ᠤ ᠤᠰᠤᠨ ᠠᠰᠢᠬᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢᠨ ᠠᠬᠢᠴᠠ ᠪᠥᠬᠦ ᠲᠠᠯ᠎ᠠ᠎ᠪᠠᠷ ᠲᠦᠷᠭᠡᠳᠬᠡᠪᠡ
 
            