ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠠᠷᠠᠳ᠎ᠤᠨ ᠰᠦᠯᠵᠢᠶ᠎ᠡ᠄ ᠶᠦᠨᠨᠠᠨ᠎ᠤ ᠨᠦᠵᠢᠶᠠᠩ ᠮᠥᠷᠡᠨ᠎ᠤ ᠠᠭᠤᠯᠠᠨ ᠦᠶᠡᠷ᠎ᠢ ᠣᠨᠣᠪᠴᠢᠲᠠᠢ ᠰᠡᠷᠭᠡᠢ᠌ᠯᠡᠬᠦ᠄ 《1262》 ᠨᠠᠷᠢᠯᠢᠭ ᠤᠷᠢᠳᠴᠢᠯᠠᠭᠰᠠᠨ ᠮᠡᠳᠡᠭᠡ ᠪᠣᠯᠤᠨ ᠴᠤᠤᠷᠢᠶᠠᠳᠤᠨ ᠳᠠᠭ᠋ᠠᠵᠦ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠬᠠᠢ᠌ᠨ ᠰᠦᠪᠡᠭᠴᠢᠯᠡᠨ᠎ᠡ
ᠨᠡᠶ᠋ᠢᠲᠡᠯᠡᠭᠰᠡᠨ ᠴᠠᠭ᠄ 2025-06-11

   ᠤᠰᠤᠨ ᠠᠰᠢᠭᠯᠠᠯᠲᠠ ᠵᠢᠨ ᠶᠠᠮᠤᠨ᠎ᠤ ᠮᠡᠳᠡᠭᠡ ᠵᠢ ᠦᠨᠳᠦᠰᠦᠯᠡᠪᠡᠯ᠂ 5 ᠳ᠋ᠤᠭ᠋ᠠᠷ ᠰᠠᠷ᠎ᠠ ᠵᠢᠨ 23᠎ᠤ ᠡᠳᠦᠷ᠎ᠠᠴᠠ ᠨᠠᠰᠢᠬᠢ ᠰᠢᠷᠦᠭᠦᠨ ᠪᠣᠷᠣᠭ᠋ᠠᠨ᠎ᠤ ᠡᠮᠦᠨ᠎ᠡ᠂  ᠶᠦᠨᠨᠠᠨ᠎ᠤ ᠨᠦᠵᠢᠶᠠᠩ ᠵᠧᠦ 《1262》 ᠨᠠᠷᠢᠯᠢᠭ ᠤᠷᠢᠳᠴᠢᠯᠠᠭᠰᠠᠨ ᠮᠡᠳᠡᠭᠡ ᠪᠣᠯᠤᠨ ᠴᠤᠤᠷᠢᠶᠠᠲᠤᠨ ᠳᠠᠭ᠋ᠠᠵᠤ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠪᠠᠷᠢᠮᠲᠠᠯᠠᠵᠤ (ᠤᠷᠢᠳᠴᠢᠯᠠᠨ 12 ᠴᠠᠭ᠎ᠤᠨ ᠦᠶ᠎ᠡ᠎ᠳᠤ ᠤᠷᠢᠳᠴᠢᠯᠠᠭᠰᠠᠨ ᠮᠡᠳᠡᠭᠡ ᠵᠢᠨ ᠰᠢᠷᠦᠭᠦᠨ ᠪᠤᠷᠤᠭ᠋ᠠᠨ᠎ᠨᠢ 50 ᠮᠢᠯᠢᠮᠧᠲᠷ᠎ᠤᠨ ᠪᠠᠭᠤᠬᠤ ᠣᠷᠣᠨ᠎ᠢ ᠨᠠᠷᠢᠯᠢᠭᠵᠢᠭᠤᠯᠤᠭ᠋ᠠᠳ ᠰᠢᠶᠠᠨ᠎ᠳᠤ ᠬᠦᠷᠭᠡᠵᠦ᠂  ᠤᠷᠢᠳᠴᠢᠯᠠᠨ 6 ᠴᠠᠭ ᠪᠠ ᠤᠷᠢᠳᠴᠢᠯᠠᠨ 2 ᠴᠠᠭ᠎ᠤᠨ ᠦᠶ᠎ᠡ᠎ᠳᠤ ᠰᠢᠷᠦᠭᠦᠨ ᠪᠤᠷᠤᠭ᠋ᠠᠨ᠎ᠤ ᠤᠷᠢᠳᠴᠢᠯᠠᠭᠰᠠᠨ ᠮᠡᠳᠡᠭᠡ ᠵᠢᠨ ᠪᠠᠭᠤᠬᠤ ᠣᠷᠣᠨ᠎ᠢ ᠨᠠᠷᠢᠯᠢᠭᠵᠢᠭᠤᠯᠤᠭ᠋ᠠᠳ ᠰᠢᠶᠠᠩ ᠪᠠᠯᠭ᠋ᠠᠰᠤᠨ᠎ᠳᠤ ᠬᠦᠷᠭᠡᠵᠡᠢ)᠂  ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠮᠡᠳᠡᠭᠡ ᠵᠠᠩᠭᠢ ᠵᠢ ᠴᠠᠭ ᠲᠤᠬᠠᠢ᠎ᠳᠤᠨᠢ ᠨᠡᠢ᠌ᠲᠡᠯᠡᠵᠦ᠂  ᠰᠡᠷᠭᠡᠢ᠌ᠯᠡᠨ ᠠᠷᠭ᠋ᠠᠴᠠᠭ᠋ᠠᠬᠤ ᠤᠷᠢᠳᠴᠢᠯᠠᠨ ᠰᠡᠷᠡᠮᠵᠢᠯᠡᠭᠦᠯᠬᠦ ᠠᠷᠭ᠎ᠠ ᠬᠡᠮᠵᠢᠶ᠎ᠡ ᠵᠢ ᠤᠷᠢᠳᠴᠢᠯᠠᠨ ᠰᠠᠢ᠌ᠲᠤᠷ ᠬᠢᠵᠦ᠂  ᠤᠯᠠᠨ ᠲᠦᠮᠡᠨ᠎ᠢ ᠰᠢᠯᠵᠢᠭᠦᠯᠦᠨ ᠲᠥᠪᠬᠢᠨᠡᠭᠦᠯᠬᠦ᠂  ᠲᠠᠯᠳᠠ ᠭᠡᠮ᠎ᠢ ᠵᠢᠭᠰᠠᠭ᠋ᠠᠨ ᠪᠠᠢ᠌ᠴᠠᠭ᠋ᠠᠬᠤ ᠪᠠ ᠠᠶᠤᠯ᠎ᠠᠴᠠ ᠠᠪᠤᠷᠠᠨ ᠲᠤᠰᠠᠯᠠᠬᠤ ᠠᠵᠢᠯ᠎ᠢ ᠪᠦᠬᠦ ᠬᠦᠴᠦᠨ ᠵᠶ᠋ᠡᠷ ᠵᠶ᠋ᠡᠨ ᠵᠣᠬᠢᠶᠠᠨ ᠪᠠᠢ᠌ᠭᠤᠯᠤᠨ ᠥᠷᠨᠢᠭᠦᠯᠵᠦ᠂  ᠲᠤᠰ ᠤᠳᠠᠭ᠋ᠠᠨ᠎ᠤ ᠰᠢᠷᠦᠭᠦᠨ ᠪᠣᠷᠣᠭ᠋ᠠᠨ᠎ᠢ ᠪᠦᠲᠦᠮᠵᠢᠲᠡᠶ᠎ᠪᠠᠷ ᠠᠷᠭ᠋ᠠᠴᠠᠭ᠋ᠠᠵᠤ᠂  ᠠᠭᠤᠯᠠᠨ ᠦᠶᠡᠷ ᠢᠷᠡᠬᠦ᠎ᠠᠴᠠ ᠡᠮᠦᠨ᠎ᠡ 5 ᠤᠳᠠᠭ᠎ᠠ ᠠᠶᠤᠯ᠎ᠠᠴᠠ ᠠᠮᠵᠢᠯᠲᠠᠲᠠᠢ ᠵᠠᠢ᠌ᠯᠠᠵᠤ᠂ 4000 ᠰᠢᠬᠠᠮ ᠬᠥᠮᠥᠨ᠎ᠢ ᠰᠢᠯᠵᠢᠭᠦᠯᠵᠦ᠂  ᠨᠢᠭᠡ ᠬᠥᠮᠥᠨ᠎ᠢ ᠴᠦ᠍ ᠦᠬᠦᠭᠦᠯᠵᠦ ᠰᠢᠷᠬᠠᠲᠤᠭᠤᠯᠤᠭᠰᠠᠨ ᠦᠭᠡᠢ ᠪᠠᠢ᠌ᠨ᠎ᠠ᠃ 

   ᠬᠦᠨᠲᠦ ᠬᠡᠴᠡᠭᠦᠦ ᠨᠠᠷᠢᠨ ᠪᠤᠲᠤᠯᠢᠶᠠᠨᠲᠠᠢ ᠦᠶᠡᠷ᠎ᠤᠨ ᠭᠠᠮᠰᠢᠭ᠎ᠤᠨ ᠪᠠᠶ᠋ᠢᠲᠠᠯ᠎ᠤᠨ ᠡᠮᠦᠨ᠎ᠡ᠂ 5 ᠳ᠋ᠤᠭ᠋ᠠᠷ ᠰᠠᠷ᠎ᠠ ᠵᠢᠨ 29 — 30᠎ᠤ ᠡᠳᠦᠷ᠂  ᠤᠰᠤᠨ ᠠᠰᠢᠬᠯᠠᠯᠲᠠ ᠵᠢᠨ ᠶᠠᠮᠤᠨ ᠨᠦᠵᠢᠶᠠᠩ ᠵᠸᠦ ᠵᠢᠨ ᠭᠦᠩᠱ᠌ᠠᠨ ᠰᠢᠶᠠᠨ᠎ᠳᠤ ᠠᠭᠤᠯᠠᠨ ᠦᠶᠡᠷ᠎ᠤᠨ ᠭᠠᠮᠰᠢᠭ᠎ᠤᠨ ᠲᠤᠬᠠᠢ ᠰᠡᠷᠡᠮᠵᠢᠯᠡᠭᠦᠯᠦᠯ ᠨᠡᠶ᠋ᠢᠲᠡᠯᠡᠵᠦ᠂  ᠳᠤᠭᠰᠢᠨ ᠪᠤᠷᠤᠭ᠋ᠠᠨ᠎ᠢ ᠰᠡᠷᠬᠡᠶ᠋ᠢᠯᠡᠭᠦ ᠠᠵᠢᠯ᠎ᠢ ᠰᠠᠶ᠋ᠢᠲᠤᠷ ᠬᠢᠭᠦ ᠲᠤᠬᠠᠢ ᠮᠡᠲᠡᠭᠲᠡᠯ ᠭᠠᠷᠭ᠋ᠠᠭᠰᠠᠨ ᠪᠦᠭᠡᠳ ᠶᠦᠨᠨᠠᠨ ᠮᠤᠵᠢ᠎ᠳᠤ ᠲᠤᠭᠢᠷᠠᠭᠤᠯᠤᠯᠲᠠ ᠬᠢᠪᠡ᠃ 5 ᠳ᠋ᠤᠭ᠋ᠠᠷ ᠰᠠᠷ᠎ᠠ ᠵᠢᠨ 28᠎ᠤ ᠡᠳᠦᠷ᠂  ᠶᠦᠨᠨᠠᠨ ᠮᠣᠵᠢ ᠵᠢᠨ ᠤᠰᠤᠨ ᠠᠰᠢᠭᠯᠠᠯᠲᠠ ᠵᠢᠨ ᠲᠢᠩᠬᠢᠮ ᠪᠦᠬᠦ ᠮᠣᠵᠢ ᠵᠢᠨ ᠦᠶᠡᠷ᠎ᠤᠨ ᠰᠡᠷᠭᠡᠢ᠌ᠯᠡᠯᠲᠡ ᠵᠢᠨ Ⅳ  ᠳᠡᠰ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠵᠢᠯ᠎ᠢ ᠡᠬᠢᠯᠡᠭᠦᠯᠵᠦ᠂  ᠨᠦᠵᠢᠶᠠᠩ ᠵᠧᠦ᠎ᠪᠠᠷ ᠭᠣᠣᠯᠳᠠᠯᠭ᠎ᠠ ᠪᠣᠯᠭ᠋ᠠᠭᠰᠠᠨ ᠪᠦᠬᠦ ᠮᠣᠵᠢ ᠵᠢᠨ ᠦᠶᠡᠷ᠎ᠤᠨ ᠭᠠᠮᠰᠢᠭ᠎ᠢ ᠰᠡᠷᠭᠡᠢ᠌ᠯᠡᠬᠦ ᠠᠵᠢᠯ᠎ᠢ ᠪᠦᠬᠦ ᠲᠠᠯ᠎ᠠ᠎ᠪᠠᠷ ᠴᠢᠩᠭ᠋ᠠᠳᠬᠠᠪᠠ; 5 ᠳ᠋ᠤᠭ᠋ᠠᠷ ᠰᠠᠷ᠎ᠠ ᠵᠢᠨ 31᠎ᠤ ᠡᠳᠦᠷ᠂  ᠨᠦᠵᠢᠶᠠᠩ ᠵᠧᠦ᠎ᠳᠤ ᠦᠶᠡᠷ᠎ᠤᠨ ᠭᠠᠮᠰᠢᠭ᠎ᠢ ᠰᠡᠷᠭᠡᠢ᠌ᠯᠡᠬᠦ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠵᠡᠷᠭᠡ ᠳᠡᠰ᠎ᠢ Ⅳ  ᠳᠡᠰ ᠪᠠᠢ᠌ᠭᠰᠠᠨ᠎ᠠᠴᠠ Ⅲ  ᠳᠡᠰ ᠪᠣᠯᠭ᠋ᠠᠨ ᠳᠡᠭᠡᠭᠰᠢᠯᠡᠭᠦᠯᠵᠦ᠂  ᠠᠭᠤᠯᠠᠨ ᠦᠶᠡᠷ᠎ᠤᠨ ᠭᠠᠮᠰᠢᠭ᠎ᠤᠨ ᠴᠠᠭ ᠠᠭᠤᠷ᠎ᠤᠨ ᠰᠡᠷᠡᠮᠵᠢ ᠵᠢᠨ ᠳᠣᠬᠢᠶ᠎ᠠ ᠵᠢ ᠨᠡᠢ᠌ᠲᠡ 14 ᠬᠤᠭᠤᠴᠠᠭ᠎ᠠ ᠨᠡᠢ᠌ᠲᠡᠯᠡᠵᠦ᠂  ᠠᠭᠤᠯᠠᠨ ᠦᠶᠡᠷ᠎ᠤᠨ ᠭᠠᠮᠰᠢᠭ᠎ᠤᠨ ᠤᠷᠢᠳᠴᠢᠯᠠᠨ ᠰᠡᠷᠡᠮᠵᠢᠯᠡᠭᠦᠯᠬᠦ ᠣᠬᠣᠷ ᠴᠢᠮᠡᠭᠡ ᠵᠢ 4.5 ᠲᠦᠮᠡ ᠭᠠᠷᠤᠢ ᠵᠤᠷᠪᠤᠰ ᠶᠠᠪᠤᠭᠤᠯᠵᠤ᠂  ᠬᠠᠮᠲᠤᠷᠠᠭᠰᠠᠨ ᠬᠤᠷᠠᠯ᠎ᠢ 2 ᠤᠳᠠᠭ᠎ᠠ ᠥᠷᠨᠢᠭᠦᠯᠵᠦ᠂  ᠬᠤᠷᠳᠤᠨ ᠪᠠᠴᠢᠮ ᠪᠠᠢ᠌ᠳᠠᠯ᠎ᠢ ᠴᠤᠤᠷᠢᠶᠠᠳᠤᠨ ᠳᠠᠭ᠋ᠠᠬᠤ ᠤᠰᠤᠨ᠎ᠳᠤ ᠬᠣᠯᠪᠣᠭᠳᠠᠭᠰᠠᠨ ᠪᠠᠴᠢᠮ ᠪᠠᠢ᠌ᠳᠠᠯ 7 ᠤᠳᠠᠭ᠎ᠠ ᠡᠭᠦᠰᠴᠠᠢ᠃

   ᠲᠣᠰ ᠡᠭᠡᠯᠵᠢ ᠵᠢᠨ ᠰᠢᠷᠦᠭᠦᠨ ᠪᠣᠷᠣᠭ᠋ᠠᠨ᠎ᠤ ᠬᠤᠭᠤᠴᠠᠭ᠋ᠠᠨ᠎ᠳᠤ᠂  ᠮᠤᠵᠢ᠂  ᠵᠧᠤ᠂  ᠰᠢᠶᠠᠨ᠎ᠤ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠳ ᠲᠤᠰᠬᠠᠶ ᠮᠡᠷᠭᠡᠵᠢᠯ᠎ᠤᠨ ᠬᠦᠴᠦᠨ᠎ᠢ ᠵᠣᠬᠢᠶᠠᠨ ᠪᠠᠶ᠋ᠢᠭᠤᠯᠤᠨ 3 ᠡᠭᠡᠯᠵᠢ ᠵᠢᠨ ᠲᠣᠤᠷ ᠲᠠᠲᠠᠬᠤ ᠬᠡᠯᠪᠡᠷᠢ ᠵᠢᠨ ᠵᠢᠭᠰᠠᠭ᠋ᠠᠨ ᠪᠠᠶ᠋ᠢᠴᠠᠭ᠋ᠠᠯᠲᠠ ᠵᠢ ᠥᠷᠨᠢᠭᠦᠯᠵᠦ᠂ 《ᠬᠥᠮᠦᠨ᠎ᠤ ᠬᠦᠴᠦ᠎ᠪᠠᠷ ᠪᠦᠬᠦᠨ᠎ᠢ ᠬᠠᠮᠤᠷᠬᠤ + ᠭᠤᠤᠯᠳᠠᠯᠭ᠎ᠠ᠎ᠲᠠᠢ ᠣᠷᠣᠨ ᠪᠠᠶ᠋ᠢᠷᠢ ᠵᠢ ᠠᠩᠬᠠᠷᠤᠨ ᠰᠡᠷᠭᠡᠶ᠋ᠢᠯᠡᠬᠦ》 ᠲᠣᠭᠤᠷᠢᠨ ᠪᠠᠶ᠋ᠢᠴᠠᠭ᠋ᠠᠬᠤ ᠰᠢᠰᠲ᠋ᠧᠮ᠎ᠢ ᠪᠠᠶ᠋ᠢᠭᠤᠯᠪᠠ᠃  ᠨᠦᠵᠢᠶᠡᠩ ᠮᠥᠷᠡᠨ᠎ᠤ ᠭᠤᠤᠯ ᠤᠷᠤᠰᠬᠠᠯ᠂  ᠳ᠋ᠦ᠋ ᠯᠦᠩ ᠵᠢᠶᠠᠩ᠂  ᠯᠣᠤ ᠸᠧ ᠾᠧ ᠭᠤᠤᠯ ᠵᠡᠷᠭᠡ 12 ᠵᠤᠷᠪᠤᠰ ᠭᠤᠤᠯᠳᠠᠯᠭ᠎ᠠ᠎ᠲᠠᠢ ᠭᠤᠤᠯ᠎ᠤᠨ ᠬᠡᠰᠡᠭ᠎ᠢ ᠴᠠᠭᠳᠠᠨ ᠪᠠᠶ᠋ᠢᠴᠠᠭ᠋ᠠᠵᠤ᠂ 13 ᠬᠡᠰᠡᠭ ᠭᠤᠤᠯᠳᠠᠯᠭ᠎ᠠ᠎ᠲᠠᠢ ᠬᠠᠰᠢᠯᠭ᠎ᠠ ᠵᠢᠨ ᠬᠡᠰᠡᠭ ᠳᠠᠷᠠᠭ᠋ᠠᠯᠠᠨ ᠬᠠᠰᠢᠯᠭ᠎ᠠ ᠵᠢᠨ ᠤᠷᠤᠰᠬᠠᠭᠳᠠᠯ ᠪᠠ ᠡᠷᠭᠢ ᠵᠢᠨ ᠨᠤᠷᠠᠯᠲᠠ ᠵᠡᠷᠭᠡ ᠳᠠᠯᠳᠠ ᠬᠡᠮ᠎ᠢ ᠪᠠᠶ᠋ᠢᠴᠠᠭ᠋ᠠᠨ ᠰᠢᠨᠵᠢᠵᠦ᠂  ᠭᠤᠤᠯ᠎ᠤᠨ ᠵᠠᠮ᠎ᠤᠨ ᠦᠶᠡᠷ ᠵᠠᠯᠠᠬᠤ ᠬᠠᠷᠰᠢ ᠪᠣᠳᠠᠰ᠎ᠢ ᠵᠡᠷᠭᠡᠪᠡᠷ ᠵᠣᠬᠢᠶᠠᠨ ᠪᠠᠶ᠋ᠢᠭᠤᠯᠤᠨ ᠴᠡᠪᠡᠷᠯᠡᠵᠦ᠂  ᠦᠶᠡᠷ ᠵᠠᠯᠠᠬᠤ ᠰᠠᠭ᠋ᠠᠳ ᠥᠬᠡᠶ ᠨᠡᠪᠲᠡᠷᠡᠬᠦ ᠵᠢ ᠦᠨᠡᠨ ᠬᠦ᠌ ᠪᠠᠲᠤᠯᠠᠪᠠ᠃  ᠠᠭᠤᠯᠠᠨ ᠦᠶᠡᠷ᠎ᠤᠨ ᠭᠠᠮᠰᠢᠭ᠎ᠤᠨ ᠠᠶᠤᠯᠲᠠᠶ ᠣᠷᠣᠨ᠎ᠢ ᠴᠢᠩᠭ᠎ᠠ ᠠᠩᠬᠠᠷᠴᠤ᠂ 9 ᠮᠥᠷᠡᠨ ᠳᠠᠭ᠋ᠠᠤ ᠵᠢᠨ ᠬᠤᠲᠣᠭᠤᠷ ᠲᠣᠰᠬᠤᠨ᠂ 8 ᠠᠭᠤᠯᠠᠨ ᠦᠶᠡᠷ᠎ᠢ ᠬᠢᠨᠠᠨ ᠬᠡᠮᠵᠢᠬᠦ ᠥᠷᠲᠡᠭᠡ ᠴᠡᠭ᠎ᠲᠤ ᠭᠦᠨᠵᠡᠭᠡᠶ᠋ᠢᠷᠡᠵᠦ᠂  ᠬᠥᠮᠦᠨ᠎ᠤ ᠬᠦᠴᠦ᠎ᠪᠠᠷ ᠪᠠᠶ᠋ᠢᠴᠠᠭ᠋ᠠᠵᠤ ᠤᠷᠢᠳᠴᠢᠯᠠᠨ ᠰᠡᠷᠡᠮᠵᠢᠯᠡᠭᠦᠯᠬᠦ ᠷᠠᠳᠢᠣ᠋ ᠨᠡᠪᠲᠡᠷᠡᠭᠦᠯᠭᠡ᠂  ᠪᠣᠷᠣᠭ᠋ᠠᠨ᠎ᠤ ᠬᠡᠮᠵᠢᠶ᠎ᠡ ᠵᠢ ᠪᠤᠳᠤᠬᠤ ᠵᠡᠷᠭᠡ ᠲᠥᠬᠦᠭᠡᠷᠦᠮᠵᠢ ᠵᠢᠨ ᠠᠵᠢᠯᠯᠠᠭ᠋ᠠᠨ᠎ᠤ ᠪᠠᠶ᠋ᠢᠳᠠᠯ᠎ᠢ ᠡᠷᠦᠬᠡ ᠳᠠᠷᠠᠭ᠋ᠠᠯᠠᠨ ᠬᠠᠷᠭᠤᠭᠤᠯᠵᠤ᠂  ᠣᠯᠠᠨ ᠲᠦᠮᠡᠨ᠎ᠤ ᠰᠢᠯᠵᠢᠭᠦᠯᠬᠦ ᠱᠤᠭᠤᠮ᠎ᠤᠨ ᠲᠡᠮᠳᠡᠭ᠎ᠢ ᠡᠷᠦᠬᠡ ᠳᠠᠷᠠᠭ᠋ᠠᠯᠠᠨ ᠬᠠᠷᠭᠤᠭᠤᠯᠵᠤ᠂  ᠤᠷᠢᠳᠴᠢᠯᠠᠨ ᠰᠡᠷᠡᠮᠵᠢᠯᠡᠭᠦᠯᠬᠦ ᠵᠢ ᠴᠤᠤᠷᠢᠶᠠᠲᠤᠨ ᠳᠠᠭ᠋ᠠᠬᠤ 《ᠡᠴᠦᠰ᠎ᠤᠨ ᠨᠢᠭᠡ ᠺᠢᠯᠤᠮᠸᠲᠷ》᠎ᠤᠨ ᠰᠠᠭ᠋ᠠᠳ ᠥᠬᠡᠶ ᠨᠡᠪᠲᠡᠷᠡᠬᠦ ᠵᠢ ᠦᠨᠡᠨ ᠬᠦ᠌ ᠪᠠᠲᠤᠯᠠᠪᠠ᠃  ᠳᠤᠮᠳᠠ ᠪᠠᠭ᠎ᠠ ᠬᠡᠯᠪᠡᠷᠢ ᠵᠢᠨ 4 ᠤᠰᠤᠨ ᠴᠥᠭᠦᠷᠥᠮ᠎ᠳᠤ ᠬᠠᠰᠢᠯᠭ᠎ᠠ ᠵᠢᠨ ᠲᠣᠭᠲᠠᠭᠤᠨ ᠴᠢᠨᠠᠷ᠎ᠢ ᠬᠥᠮᠦᠨ᠎ᠤ ᠬᠦᠴᠦ᠎ᠪᠠᠷ ᠠᠵᠢᠭᠯᠠᠨ ᠬᠡᠮᠵᠢᠵᠦ᠂  ᠤᠰᠤᠨ ᠲᠦᠪᠰᠢᠨ᠎ᠤ ᠬᠤᠪᠢᠷᠠᠯᠲᠠ ᠪᠠ ᠨᠡᠪᠴᠢᠯᠲᠡ ᠵᠢᠨ ᠪᠠᠶ᠋ᠢᠳᠠᠯ᠎ᠢ ᠲᠡᠮᠳᠡᠭᠯᠡᠵᠦ᠂  ᠪᠠᠶ᠋ᠢᠴᠠᠭ᠋ᠠᠵᠤ ᠢᠯᠡᠷᠡᠭᠦᠯᠦᠭᠰᠡᠨ ᠠᠰᠠᠭᠤᠳᠠᠯ᠎ᠢ ᠲᠤᠬᠠᠶ ᠵᠢᠨ ᠲᠠᠯᠠᠪᠠᠶ᠎ᠳᠤ ᠴᠡᠭᠴᠡᠯᠡᠨ ᠰᠠᠶ᠋ᠢᠵᠢᠷᠠᠭᠤᠯᠬᠤ ᠵᠠᠷᠯᠢᠭ ᠪᠠᠭᠤᠯᠭ᠋ᠠᠬᠤ ᠵᠢᠨ ᠬᠠᠮᠲᠤ ᠲᠤᠰᠬᠠᠶ ᠬᠥᠮᠦᠨ ᠵᠶ᠋ᠠᠷ ᠮᠥᠷᠳᠡᠨ ᠳᠠᠭ᠋ᠠᠬᠤ ᠵᠢ ᠨᠠᠶ᠋ᠢᠳᠠᠪᠤᠷᠢᠵᠢᠭᠤᠯᠪᠠ᠃

   ᠣᠳᠣᠬᠠᠨ ᠪᠣᠯᠲᠠᠯ᠎ᠠ᠂ 《1262》 ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ᠎ᠳᠤ ᠲᠦᠰᠢᠭᠯᠡᠨ᠂  ᠨᠦᠵᠢᠶᠠᠩ ᠵᠧᠦ᠎ᠠᠴᠠ 1156 ᠡᠷᠦᠬᠡ ᠵᠢᠨ 3904 ᠬᠥᠮᠦᠨ᠎ᠢ ᠡᠮᠬᠢ ᠵᠢᠷᠤᠮ᠎ᠲᠠᠢ᠎ᠪᠠᠷ ᠵᠣᠬᠢᠶᠠᠨ ᠪᠠᠶ᠋ᠢᠭᠤᠯᠤᠨ ᠠᠶᠤᠯ᠎ᠠᠴᠠ ᠵᠠᠶ᠋ᠢᠯᠠᠭᠤᠯᠤᠨ ᠲᠥᠪᠬᠢᠨᠡᠭᠦᠯᠪᠡ᠃

   ᠦᠷᠭᠦᠯᠵᠢᠯᠡᠨ ᠰᠢᠷᠦᠭᠦᠨ ᠪᠣᠷᠣᠭ᠋ᠠᠨ᠎ᠠᠴᠠ ᠪᠣᠯᠤᠭᠰᠠᠨ ᠰᠢᠪᠠᠷ ᠴᠢᠯᠠᠭᠤᠨ᠎ᠤ ᠤᠷᠤᠰᠬᠠᠯ᠎ᠤᠨ ᠭᠠᠮᠰᠢᠭ᠎ᠤᠨ ᠨᠥᠯᠥᠭᠡ᠎ᠠᠴᠠ ᠪᠣᠯᠵᠣ᠂  ᠭᠦᠩᠱ᠌ᠠᠨ ᠰᠢᠶᠠᠨ᠎ᠤ 12 ᠤᠰᠤ ᠬᠠᠩᠭ᠋ᠠᠬᠤ ᠲᠥᠬᠦᠭᠡᠷᠦᠮᠵᠢ᠂ 9 ᠤᠰᠤᠨ ᠰᠤᠷᠪᠤᠯᠵᠢ ᠵᠢᠨ ᠭᠠᠵᠠᠷ ᠵᠢᠴᠢ 37.9 ᠺᠢᠯᠤᠮᠸᠲᠷ᠎ᠤᠨ ᠤᠰᠤ ᠬᠠᠩᠭ᠋ᠠᠬᠤ ᠬᠤᠭᠤᠯᠠᠶ ᠵᠢᠨ ᠲᠣᠤᠷ᠎ᠨᠢ ᠬᠤᠬᠢᠷᠠᠯ᠎ᠳᠤ ᠤᠴᠠᠷᠠᠵᠤ᠂  ᠽᠢ ᠺᠠᠶ ᠪᠠᠯᠭ᠋ᠠᠰᠤ᠂  ᠪᠢᠩ ᠵᠥᠩ ᠯᠦᠸᠧ ᠪᠠᠯᠭ᠋ᠠᠰᠤ᠂  ᠫᠸᠩ ᠳ᠋ᠠᠩ ᠰᠢᠶᠠᠩ ᠵᠡᠷᠭᠡ 3 ᠴᠤᠭᠯᠠᠭ᠎ᠠ ᠪᠠᠯᠭ᠋ᠠᠰᠤ ᠵᠢᠴᠢ 18 ᠲᠣᠰᠬᠤᠨ ᠳᠤᠭᠤᠶ᠋ᠢᠯᠠᠩ᠎ᠢ ᠨᠥᠯᠥᠭᠡᠯᠡᠭᠰᠡᠨ ᠪᠠᠶ᠋ᠢᠨ᠎ᠠ᠃  ᠦᠶᠡᠷ᠎ᠤᠨ ᠬᠤᠭᠤᠴᠠᠭ᠎ᠠ ᠬᠦᠷᠴᠦ ᠢᠷᠡᠬᠦ᠎ᠠᠴᠠ ᠡᠮᠦᠨ᠎ᠡ᠂  ᠭᠦᠩᠱ᠌ᠠᠨ ᠰᠢᠶᠠᠨ᠎ᠤ ᠤᠰᠤᠨ ᠠᠰᠢᠭᠯᠠᠯᠲᠠ ᠵᠢᠨ ᠲᠣᠪᠴᠢᠶ᠎ᠠ 《1262》 ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠣᠭᠲᠠᠴᠠ ᠶᠣᠰᠣᠭ᠋ᠠᠷ᠂ 16 ᠰᠠᠤᠷᠢ ᠮᠠᠯᠲᠠᠬᠤ ᠮᠠᠰᠢᠨ᠂ 7 ᠠᠴᠢᠶᠠᠯᠠᠬᠤ ᠮᠠᠰᠢᠨ ᠵᠡᠷᠭᠡ ᠠᠶᠤᠯ᠎ᠠᠴᠠ ᠠᠪᠤᠷᠠᠬᠤ ᠲᠥᠬᠦᠭᠡᠷᠦᠮᠵᠢ ᠵᠢ ᠤᠷᠢᠳᠴᠢᠯᠠᠨ ᠪᠠᠶ᠋ᠢᠷᠢᠯᠠᠭᠤᠯᠵᠤ᠂ 4200 ᠬᠤᠪᠢ ᠦᠶᠡᠷ᠎ᠢ ᠰᠡᠷᠭᠡᠶ᠋ᠢᠯᠡᠬᠦ ᠡᠳ᠋ ᠪᠣᠳᠠᠰ᠎ᠢ ᠨᠥᠭᠡᠴᠡᠯᠡᠪᠡ᠃  ᠭᠠᠮᠰᠢᠭ ᠭᠠᠷᠤᠭᠰᠠᠨ᠎ᠤ ᠳᠠᠷᠠᠭ᠎ᠠ᠂  ᠭᠦᠩᠱ᠌ᠠᠨ ᠰᠢᠶᠠᠨ᠎ᠤ ᠤᠰᠤᠨ ᠠᠰᠢᠭᠯᠠᠯᠲᠠ ᠵᠢᠨ ᠲᠣᠪᠴᠢᠶ᠎ᠠ ᠲᠡᠷᠡ ᠳᠠᠷᠤᠶ᠎ᠳᠤᠨᠢ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠦᠯ ᠵᠶ᠋ᠠᠨ ᠡᠬᠢᠯᠡᠭᠦᠯᠵᠦ᠂  ᠦᠶᠡᠷ᠎ᠢ ᠰᠡᠷᠭᠡᠶ᠋ᠢᠯᠡᠬᠦ ᠲᠤᠬᠠᠶ᠋ᠢᠯᠠᠭᠰᠠᠨ ᠠᠵᠢᠯ᠎ᠤᠨ ᠴᠤᠭᠯᠠᠷᠠᠯ᠂  ᠤᠰᠤᠨ᠎ᠤ ᠦᠢ᠍ᠯᠡᠳᠪᠦᠷᠢ ᠵᠢᠨ ᠣᠯᠠᠨ ᠨᠡᠶ᠋ᠢᠲᠡ ᠵᠢᠨ ᠳ᠋ᠤᠭ᠋ᠠᠷ ᠵᠡᠷᠭᠡ ᠠᠷᠭ᠎ᠠ ᠵᠠᠮ ᠵᠶ᠋ᠠᠷ ᠳᠠᠮᠵᠢᠭᠤᠯᠤᠨ᠂  ᠦᠨᠳᠦᠰᠦᠨ ᠱᠠᠲᠤᠨ᠎ᠤ ᠬᠠᠷᠢᠭᠤᠴᠠᠯᠭ᠋ᠠᠲᠠᠨ᠎ᠳᠤ ᠨᠡᠶ᠋ᠢᠲᠡ 21 ᠵᠤᠷᠪᠤᠰ ᠰᠡᠷᠡᠮᠵᠢᠯᠡᠭᠦᠯᠬᠦ ᠮᠡᠳᠡᠭᠡ ᠵᠠᠩᠭᠢ ᠨᠡᠶ᠋ᠢᠲᠡᠯᠡᠵᠦ᠂  ᠤᠰᠤ ᠬᠠᠩᠭ᠋ᠠᠬᠤ ᠬᠥᠳᠡᠯᠦᠯ ᠪᠠᠶ᠋ᠢᠳᠠᠯ᠎ᠢ 4 ᠵᠤᠷᠪᠤᠰ ᠬᠦᠷᠭᠡᠵᠦ᠂ 2300 ᠭᠠᠷᠤᠶ ᠬᠥᠮᠦᠨ ᠤᠳᠠᠭ᠎ᠠ ᠵᠢ ᠬᠠᠮᠤᠷᠴᠠᠶ᠃  ᠬᠦᠴᠦᠨ ᠵᠶ᠋ᠠᠨ ᠵᠣᠬᠢᠶᠠᠨ ᠪᠠᠶ᠋ᠢᠭᠤᠯᠵᠤ ᠪᠠᠶ᠋ᠢᠭ᠋ᠠᠳ ᠬᠤᠬᠢᠷᠠᠯ᠎ᠳᠤ ᠬᠦᠨᠳᠦ ᠨᠣᠴᠢᠲᠠᠢ ᠤᠴᠠᠷᠠᠭᠰᠠᠨ ᠺᠠ ᠸᠠ ᠬᠤᠶᠠᠳᠤᠭ᠋ᠠᠷ ᠤᠰᠤᠨ᠎ᠤ ᠦᠢ᠍ᠯᠡᠳᠪᠦᠷᠢ᠎ᠳᠤ ᠤᠰᠤ ᠬᠠᠩᠭ᠋ᠠᠬᠤ ᠲᠥᠬᠦᠭᠡᠷᠦᠮᠵᠢ ᠵᠢ ᠵᠠᠪᠳᠤᠨ ᠵᠠᠰᠠᠬᠤ ᠠᠵᠢᠯ᠎ᠢ ᠥᠷᠨᠢᠭᠦᠯᠵᠦ᠂  ᠠᠩᠭᠢ ᠵᠢᠨ ᠭᠡᠰᠢᠭᠦᠳ ᠠᠭᠤᠯᠠᠨ ᠴᠣᠭᠴᠠ ᠵᠢᠨ ᠬᠤᠶᠠᠳᠠᠬᠢ ᠤᠳᠠᠭ᠎ᠠ ᠵᠢᠨ ᠶᠡᠭᠦᠷᠡᠬᠦ ᠲᠦᠭᠰᠢᠭᠦᠷᠢ ᠵᠢ ᠰᠥᠷᠴᠦ᠂  ᠲᠡᠮᠦᠷᠯᠢᠭ ᠬᠠᠶ᠋ᠢᠨ ᠬᠡᠮᠵᠢᠬᠦ ᠬᠡᠮᠵᠢᠭᠦᠷᠯᠢᠭ᠎ᠢ ᠬᠡᠷᠡᠭᠯᠡᠨ ᠡᠪᠳᠡᠭᠳᠡᠭᠰᠡᠨ ᠬᠤᠭᠤᠯᠠᠢ ᠵᠢ ᠪᠠᠶ᠋ᠢᠷᠢ ᠲᠣᠭᠲᠠᠭ᠋ᠠᠪᠠ᠃  ᠠᠵᠢᠯᠴᠢᠨ ᠴᠧᠩ ᠬᠦᠶ ᠪᠦᠰᠡᠯᠡᠭᠦᠷ ᠴᠢᠨᠡᠭᠡ ᠭᠦᠨ ᠤᠰᠤᠨ᠎ᠳᠤ ᠦᠷᠭᠦᠯᠵᠢᠯᠡᠨ 6 ᠴᠠᠭ ᠠᠵᠢᠯᠯᠠᠪᠠ᠂  ᠲᠡᠷᠡ ᠶᠠᠷᠢᠬᠤ᠎ᠳᠤ᠎ᠪᠠᠨ᠄ 《ᠨᠢᠭᠡ ᠵᠠᠯᠭ᠋ᠠᠭ᠋ᠠᠰᠤ ᠵᠢ ᠵᠠᠰᠠᠨ ᠰᠡᠷᠭᠦᠭᠡᠬᠦ ᠪᠦᠷᠢ᠂  ᠬᠤᠶᠠᠷ ᠵᠠᠭᠤᠨ ᠡᠷᠦᠬᠡ ᠬᠡᠷ ᠪᠦᠯᠢ ᠵᠢᠨ ᠬᠡᠷᠡᠭᠯᠡᠬᠦ ᠤᠰᠤ ᠵᠢ ᠰᠡᠷᠭᠦᠭᠡᠵᠦ ᠳᠡᠢ᠌ᠯᠦᠨ᠎ᠡ》᠃  ᠵᠠᠪᠳᠠᠵᠦ ᠰᠡᠯᠪᠢᠭ᠍ᠰᠠᠨ ᠵᠶ᠋ᠠᠷ ᠳᠠᠮᠵᠢᠨ᠂  ᠲᠤᠰ ᠦᠢ᠍ᠯᠡᠳᠪᠦᠷᠢ ᠵᠢᠨ ᠤᠰᠤ ᠬᠠᠳᠠᠭ᠋ᠠᠯᠠᠬᠤ ᠴᠥᠭᠦᠷᠥᠮ᠎ᠤᠨ ᠤᠰᠤᠨ ᠲᠦᠪᠰᠢᠨ᠎ᠢ 6 ᠳ᠋ᠤᠭ᠋ᠠᠷ ᠰᠠᠷ᠎ᠠ ᠵᠢᠨ 1᠎ᠤ ᠡᠳᠦᠷ᠎ᠤᠨ 22 ᠴᠠᠭ ᠪᠣᠯᠬᠤ᠎ᠳᠤ ᠬᠡᠪ᠎ᠤᠨ ᠪᠠᠶ᠋ᠢᠳᠠᠯ᠎ᠳᠤ᠎ᠨᠢ ᠣᠷᠣᠭᠤᠯᠪᠠ᠃

   ᠶᠠᠩ ᠭᠤᠸᠠᠩ ᠰᠠᠭᠤᠭ᠋ᠠᠯᠢ ᠠᠷᠠᠳ᠎ᠤᠨ ᠲᠣᠭᠤᠷᠢᠭ᠎ᠤᠨ ᠰᠠᠭᠤᠭ᠋ᠠᠯᠢ ᠠᠷᠠᠳ ᠶᠠᠩ ᠵᠧᠨ ᠯᠢ ᠵᠢᠨ ᠭᠡᠷ᠎ᠲᠤ ᠤᠰᠤ ᠬᠠᠩᠭ᠋ᠠᠬᠤ ᠵᠢ ᠰᠡᠷᠭᠦᠭᠡᠭᠰᠡᠨ᠎ᠤ ᠳᠠᠷᠠᠭ᠎ᠠ᠂  ᠲᠣᠭᠤᠭ᠋ᠠᠨ ᠭᠡᠷ᠎ᠲᠤ᠎ᠪᠠᠨ ᠨᠣᠭᠤᠭ᠎ᠠ ᠤᠬᠢᠶᠠᠬᠤ ᠵᠢᠨ ᠳᠠᠭ᠋ᠠᠤ ᠢᠨᠢᠶᠡᠮᠰᠦᠭᠯᠡᠭᠰᠡᠭᠡᠷ᠄ 《ᠡᠨᠡ ᠬᠡᠰᠡᠭ ᠬᠤᠭᠤᠴᠠᠭ᠋ᠠᠨ᠎ᠳᠤ ᠰᠢᠷᠦᠭᠦᠨ ᠪᠣᠷᠣᠭ᠋ᠠᠨ ᠤᠷᠤᠵᠦ᠂  ᠮᠠᠨ᠎ᠤ ᠤᠤᠭᠤᠬᠤ ᠤᠰᠤᠨ᠎ᠤ ᠬᠠᠩᠭ᠋ᠠᠯᠭ᠎ᠠ ᠲᠠᠰᠤᠯᠳᠠᠭᠰᠠᠨ ᠪᠠᠶ᠋ᠢᠨ᠎ᠠ᠃  ᠵᠠᠰᠠᠭ᠎ᠤᠨ ᠣᠷᠳᠣᠨ᠂  ᠤᠰᠤᠨ ᠠᠰᠢᠭᠯᠠᠯᠲᠠ ᠵᠢᠨ ᠲᠣᠪᠴᠢᠶ᠎ᠠ ᠪᠣᠯᠤᠨ ᠤᠰᠤᠨ᠎ᠤ ᠦᠢ᠍ᠯᠡᠳᠪᠦᠷᠢ ᠵᠢᠨ ᠠᠵᠢᠯᠲᠠᠨ᠎ᠤ ᠰᠥᠨᠢ᠎ᠪᠠᠷ ᠵᠠᠪᠳᠤᠨ ᠵᠠᠰᠠᠵᠤ ᠪᠠᠶ᠋ᠢᠬᠤ ᠵᠢ ᠦᠵᠡᠭᠡᠳ᠂  ᠰᠡᠳᠬᠢᠯ ᠮᠠᠰᠢ ᠶᠡᠬᠡ ᠳᠣᠭᠳᠣᠯᠪᠠ᠃  ᠤᠳᠤ ᠤᠰᠤᠨ ᠬᠠᠩᠭ᠋ᠠᠯᠭ᠎ᠠ ᠪᠥᠬᠦ ᠲᠠᠯ᠎ᠠ᠎ᠪᠠᠷ ᠬᠡᠪ᠎ᠤᠨ ᠪᠠᠶ᠋ᠢᠳᠠᠯ ᠵᠶ᠋ᠠᠨ ᠰᠡᠷᠭᠦᠭᠡᠪᠡ᠂  ᠡᠮᠦᠨ᠎ᠡ ᠹᠷᠣᠨᠲ᠎ᠲᠤ ᠭᠠᠪᠰᠢᠭ᠋ᠠᠶ᠋ᠢᠯᠠᠵᠤ ᠪᠠᠶ᠋ᠢᠭ᠎ᠠ ᠨᠥᠬᠦᠳ᠎ᠲᠤ ᠦᠨᠡᠨ ᠰᠡᠳᠬᠢᠯ᠎ᠠᠴᠠ᠎ᠪᠠᠨ ᠲᠠᠯᠠᠷᠬᠠᠵᠤ ᠪᠠᠶ᠋ᠢᠨ᠎ᠠ᠂  ᠪᠢᠳᠡᠨ᠎ᠢ ᠴᠠᠭ ᠲᠤᠬᠠᠶ᠎ᠳᠤᠨᠢ ᠠᠮᠤᠷ ᠲᠦᠪᠰᠢᠨ ᠰᠠᠨᠠᠭ᠎ᠠ ᠠᠮᠤᠷ ᠤᠤᠭᠤᠬᠤ ᠤᠰᠤ ᠵᠢ ᠬᠡᠷᠡᠭᠯᠡᠭᠦᠯᠦᠭᠰᠡᠨ》 ᠪᠠᠢ᠌ᠨ᠎ᠠ᠃

  

   ᠵᠣᠬᠢᠶᠠᠭᠴᠢ᠄       ᠬᠠᠷᠢᠭᠤᠴᠠᠭᠰᠠᠨ ᠨᠠᠢ᠌ᠷᠠᠭᠤᠯᠤᠭᠴᠢ᠄ ᠯᠢ ᠱᠠᠨ

 

ᠢᠷᠡᠯᠲᠡ᠄ ᠠᠷᠠᠳ᠎ᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠡᠳᠦᠷ᠎ᠤᠨ ᠰᠣᠨᠢᠨ᠄ ᠬᠤᠸᠠᠶ᠋ᠢᠾᠧ ᠭᠣᠣᠯ᠎ᠤᠨ ᠦᠶᠡᠷ᠎ᠢ ᠰᠡᠷᠭᠡᠢ᠌ᠯᠡᠨ ᠭᠠᠩ ᠬᠠᠭᠰᠠᠷᠠᠭ᠋ᠠᠨ᠎ᠲᠠᠢ ᠲᠡᠮᠡᠴᠡᠬᠦ ᠶᠡᠷᠦᠩᠬᠡᠢ ᠵᠢᠯᠣᠭᠣᠳᠬᠤ ᠭᠠᠵᠠᠷ᠂ ᠬᠤᠸᠠᠢ ᠾᠧ ᠭᠤᠣᠯ᠎ᠤᠨ ᠵᠦᠪᠯᠡᠯ ᠭᠠᠩ ᠬᠠᠭᠰᠠᠷᠠᠭ᠋ᠠᠨ᠎ᠲᠠᠢ ᠲᠡᠮᠡᠴᠡᠬᠦ ᠳᠥᠷᠪᠡᠳᠦᠭᠡᠷ ᠳᠡᠰ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠵᠢᠯᠯᠠᠭ᠎ᠠ ᠵᠢ ᠡᠬᠢᠯᠡᠭᠦᠯᠪᠡ
ᠠᠷᠠᠳ᠎ᠤᠨ ᠡᠳᠦᠷ᠎ᠤᠨ ᠰᠣᠨᠢᠨ᠄ ᠤᠰᠤᠨ ᠠᠰᠢᠭᠯᠠᠯᠲᠠ ᠵᠢᠨ ᠶᠠᠮᠤᠨ ᠰᠠᠨᠠᠯ ᠳᠠᠷᠤᠮᠠᠯᠯᠠᠨ ᠲᠠᠷᠬᠠᠭ᠋ᠠᠵᠤ ᠬᠠᠲᠤᠨ ᠭᠤᠤᠯ᠎ᠤᠨ ᠰᠠᠪᠠ ᠭᠠᠵᠠᠷ᠎ᠤᠨ ᠮᠤᠵᠢ ᠣᠷᠣᠨ ᠠᠯᠤᠰᠯᠠᠨ ᠤᠰᠤ ᠬᠡᠷᠡᠭᠯᠡᠬᠦ ᠡᠷᠬᠡ ᠵᠢᠨ ᠠᠷᠠᠯᠵᠢᠶ᠎ᠠ ᠵᠢ ᠬᠠᠶ᠋ᠢᠨ ᠰᠦᠪᠡᠭᠴᠢᠯᠡᠬᠦ ᠪᠠ ᠵᠢᠷᠤᠮᠵᠢᠭᠤᠯᠤᠨ ᠠᠬᠢᠭᠤᠯᠤᠨ᠎ᠠ
ᠠᠷᠠᠳ᠎ᠤᠨ ᠡᠳᠦᠷ᠎ᠤᠨ ᠰᠣᠨᠢᠨ᠄ ᠤᠰᠤᠨ ᠠᠰᠢᠭᠯᠠᠯᠲᠠ ᠵᠢᠨ ᠶᠠᠮᠤᠨ ᠦᠶᠡᠷ᠎ᠤᠨ ᠤᠰᠤ ᠵᠢ ᠰᠡᠷᠭᠡᠶ᠋ᠢᠯᠡᠬᠦ Ⅳ ᠲᠠᠰ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠵᠢᠯᠯᠠᠭ᠎ᠠ ᠡᠬᠢᠯᠡᠭᠦᠯᠪᠡ
ᠠᠷᠠᠳ᠎ᠤᠨ ᠰᠦᠯᠵᠢᠶ᠎ᠡ ᠄ ᠤᠰᠤᠨ ᠠᠱᠢᠭ᠍ᠯᠠᠯᠲᠠ᠎ᠶ᠋ᠢᠨ ᠶᠠᠮᠤᠨ ᠬᠥᠬᠡᠨᠠᠭᠤᠷ᠎ᠤᠨ ᠦᠶᠡᠷ᠎ᠦᠨ ᠤᠰᠤ᠎ᠶ᠋ᠢ ᠰᠡᠷᠭᠡᠢᠯᠡᠬᠦ᠌ Ⅳᠲᠠᠰ᠎ᠤᠨ ᠪᠠᠴᠢᠮ ᠪᠠᠢᠳᠠᠯ᠎ᠢ ᠠᠷᠭᠠᠴᠠᠭᠠᠬᠤ ᠠᠵᠢᠯᠯᠠᠭ᠎ᠠ᠎ᠶ᠋ᠢ ᠡᠬᠢᠯᠡᠭᠦᠯᠪᠡ
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ 《13 · 5》 ᠵᠢᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠭᠣᠤᠯ ᠭᠤᠷᠤᠬ᠎ᠠ ᠨᠠᠭᠤᠷ ᠴᠥᠭᠥᠷᠥᠮ᠎ᠢ ᠵᠠᠰᠠᠬᠤ ᠪᠠ ᠤᠤᠭᠤᠬᠤ ᠤᠰᠤᠨ᠎ᠤ ᠠᠮᠤᠷ ᠲᠦᠪᠰᠢᠨ᠎ᠤ ᠰᠤᠨᠢᠨ ᠮᠡᠳᠡᠭᠡ ᠨᠡᠢ᠌ᠳᠡᠯᠡᠬᠦ ᠬᠤᠷᠠᠯ ᠬᠢᠪᠡ
 
            