ᠲᠤᠰ ᠰᠣᠨᠢᠠ᠎ᠤ ᠪᠠᠭᠡᠵᠢᠩ᠎ᠤᠨ 6 ᠳ᠋ᠤᠭ᠋ᠠᠷ ᠰᠠᠷ᠎ᠠ ᠵᠢᠨ 15᠎ᠤ ᠡᠳᠦᠷ᠎ᠤᠨ ᠴᠠᠬᠢᠯᠭ᠋ᠠᠨ ᠮᠡᠳᠡᠭᠡ (ᠰᠣᠷᠪᠤᠯᠵᠢᠯᠠᠬ᠍ᠴᠢ ᠸᠠᠩ ᠬᠣᠤ) ᠤᠰᠤᠨ ᠠᠰᠢᠭᠯᠠᠯᠲᠠ ᠵᠢᠨ ᠶᠠᠮᠤᠨ ᠣᠢ᠌ᠷ᠎ᠠ᠎ᠳᠤ 《ᠬᠠᠲᠤᠨ ᠭᠣᠣᠯ᠎ᠤᠨ ᠰᠠᠪᠠ ᠭᠠᠵᠠᠷ᠎ᠤᠨ ᠮᠤᠵᠢ ᠣᠷᠣᠨ ᠠᠯᠤᠰᠯᠠᠨ ᠤᠰᠤ ᠬᠡᠷᠡᠭᠯᠡᠬᠦ ᠡᠷᠬᠡ ᠵᠢᠨ ᠠᠷᠠᠯᠵᠢᠶ᠎ᠠ ᠵᠢ ᠢᠳᠡᠪᠬᠢᠲᠡᠢ᠎ᠪᠠᠷ ᠬᠠᠢ᠌ᠨ ᠰᠦᠪᠡᠭᠴᠢᠯᠡᠬᠦ ᠪᠠ ᠵᠢᠷᠤᠮᠵᠢᠭᠤᠯᠤᠨ ᠠᠬᠢᠭᠤᠯᠬᠤ ᠲᠤᠬᠠᠢ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠣᠲᠣᠬᠠᠨ᠎ᠤ ᠪᠠ ᠬᠣᠢ᠍ᠢ᠍ᠰᠢᠲᠠ ᠵᠢᠨ ᠨᠢᠭᠡ ᠬᠣᠭᠣᠴᠠᠭ᠋ᠠᠨ᠎ᠤ ᠬᠠᠲᠣᠠ ᠭᠣᠣᠯ᠎ᠤᠨ ᠰᠠᠪᠠ ᠭᠠᠵᠠᠷ᠎ᠤᠨ ᠮᠣᠵᠢ ᠠᠯᠤᠰᠯᠠᠨ ᠣᠰᠤ ᠬᠡᠷᠡᠭᠯᠡᠬᠦ ᠡᠷᠭᠡ ᠵᠢᠨ ᠳᠣᠬᠠᠢ ᠶᠠᠷᠣᠩᠭᠡᠢ ᠳᠣᠭᠢᠷᠠᠭᠣᠯᠣᠯᠲᠠ ᠪᠠ ᠪᠠᠢ᠍ᠢ᠍ᠷᠢᠯᠠᠭᠣᠯᠣᠯᠲᠠ ᠬᠢᠵᠠᠢ᠃
ᠰᠠᠨᠠᠯ᠎ᠳᠤ᠂ ᠬᠠᠲᠤᠨ ᠭᠤᠣᠯ᠎ᠤᠨ ᠰᠠᠪᠠ ᠭᠠᠵᠠᠷ᠎ᠤᠨ ᠮᠤᠵᠢ ᠣᠷᠣᠨ ᠠᠯᠤᠰᠯᠠᠨ ᠤᠰᠤ ᠬᠡᠷᠡᠭᠯᠡᠬᠦ ᠡᠷᠬᠡ ᠵᠢᠨ ᠠᠷᠠᠯᠵᠢᠶ᠎ᠠ ᠵᠢ ᠢᠳᠡᠪᠬᠢᠲᠡᠢ᠎ᠪᠠᠷ ᠬᠠᠶ᠋ᠢᠨ ᠰᠦᠪᠡᠭᠴᠢᠯᠡᠬᠦ ᠪᠠ ᠵᠢᠷᠤᠮᠵᠢᠭᠤᠯᠤᠨ ᠠᠬᠢᠭᠤᠯᠵᠤ᠂ 2 — 3 ᠵᠢᠯ᠎ᠤᠨ ᠬᠤᠭᠤᠴᠠᠭ᠎ᠠ ᠵᠢ ᠬᠡᠷᠡᠭᠯᠡᠵᠦ᠂ ᠬᠠᠲᠤᠨ ᠭᠤᠣᠯ᠎ᠤᠨ ᠰᠠᠪᠠ ᠭᠠᠵᠠᠷ᠎ᠲᠤ ᠬᠠᠷᠢᠶᠠᠯᠠᠯ᠎ᠨᠢ ᠲᠣᠳᠣᠷᠬᠠᠢ᠂ ᠡᠷᠬᠡ ᠬᠠᠷᠢᠭᠤᠴᠠᠯᠭ᠎ᠠ᠎ᠨᠢ ᠲᠣᠳᠣᠷᠬᠠᠢ᠂ ᠰᠢᠯᠵᠢᠭᠦᠯᠦᠯᠲᠡ᠎ᠨᠢ ᠤᠷᠤᠭᠰᠢᠲᠠᠢ᠂ ᠬᠢᠨᠠᠯᠲᠠ ᠬᠠᠮᠢᠶᠠᠷᠤᠯᠲᠠ᠎ᠨᠢ ᠪᠦᠲᠦᠮᠵᠢᠲᠡᠢ ᠤᠰᠤ ᠬᠡᠷᠡᠭᠯᠡᠬᠦ ᠡᠷᠬᠡ ᠵᠢᠨ ᠠᠷᠠᠯᠵᠢᠶᠠᠨ᠎ᠤ ᠳᠦᠷᠢᠮ᠎ᠤᠨ ᠰᠢᠰᠲ᠋ᠧᠮ᠎ᠢ ᠪᠠᠶ᠋ᠢᠭᠤᠯᠬᠤ᠎ᠪᠠᠷ ᠴᠢᠷᠮᠠᠶ᠋ᠢᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠰᠠᠨᠠᠯ᠎ᠨᠢ ᠭᠤᠣᠯᠳᠠᠭᠤ 5 ᠲᠠᠯ᠎ᠠ᠎ᠪᠠᠷ ᠬᠠᠲᠤᠨ ᠭᠤᠣᠯ᠎ᠤᠨ ᠰᠠᠪᠠ ᠭᠠᠵᠠᠷ᠎ᠤᠨ ᠮᠤᠵᠢ ᠣᠷᠣᠨ ᠠᠯᠤᠰᠯᠠᠨ ᠤᠰᠤ ᠬᠡᠷᠡᠭᠯᠡᠬᠦ ᠡᠷᠬᠡ ᠵᠢᠨ ᠠᠷᠠᠯᠵᠢᠶ᠎ᠠ ᠵᠢ ᠥᠷᠨᠢᠭᠦᠯᠬᠦ᠎ᠳᠤ ᠪᠣᠳᠠᠲᠠᠢ ᠲᠣᠬᠢᠷᠠᠭᠤᠯᠤᠯᠲᠠ ᠬᠢᠬᠦ ᠬᠡᠷᠡᠭᠲᠡᠢ᠃ ᠨᠢᠭᠡ᠎ᠳᠤ᠂ ᠤᠰᠤ ᠬᠡᠷᠡᠭᠯᠡᠬᠦ ᠡᠷᠬᠡ ᠵᠢ ᠠᠩᠬ᠎ᠠ ᠬᠤᠪᠢᠶᠠᠷᠢᠯᠠᠬᠤ ᠰᠢᠰᠲ᠋ᠧᠮ᠎ᠢ ᠲᠡᠭᠦᠯᠳᠡᠷᠵᠢᠭᠦᠯᠦᠨ᠎ᠡ᠃ ᠣᠷᠣᠨ ᠪᠦᠰᠡ ᠵᠢᠨ ᠤᠰᠤᠨ᠎ᠤ ᠡᠷᠬᠡ ᠵᠢ ᠨᠠᠷᠢᠯᠢᠬ᠍ᠵᠢᠭᠤᠯᠤᠨ ᠲᠣᠳᠣᠷᠬᠠᠶ᠋ᠢᠯᠠᠵᠤ᠂ ᠤᠰᠤ ᠠᠪᠴᠤ ᠬᠡᠷᠡᠭᠯᠡᠬᠦ ᠡᠷᠦᠬᠡ ᠵᠢᠨ ᠤᠰᠤ ᠠᠪᠬᠤ ᠡᠷᠬᠡ ᠵᠢ ᠴᠢᠩᠭ᠎ᠠ ᠬᠢᠨᠠᠨ ᠲᠣᠭᠲᠠᠭ᠋ᠠᠵᠤ᠂ ᠤᠰᠤᠯᠠᠯᠲᠠ ᠵᠢᠨ ᠣᠷᠣᠨ ᠪᠣᠯᠤᠨ ᠣᠯᠠᠨ ᠨᠡᠶ᠋ᠢᠲᠡ ᠵᠢᠨ ᠤᠰᠤ ᠬᠠᠩᠭ᠋ᠠᠬᠤ ᠬᠤᠭᠤᠯᠠᠶ ᠵᠢᠨ ᠲᠣᠤᠷ᠎ᠤᠨ ᠳᠣᠲᠣᠷᠠᠬᠢ ᠤᠰᠤ ᠬᠡᠷᠡᠭᠯᠡᠬᠦ ᠡᠷᠦᠬᠡ ᠵᠢᠨ ᠤᠰᠤ ᠬᠡᠷᠡᠭᠯᠡᠬᠦ ᠡᠷᠬᠡ ᠵᠢ ᠲᠣᠳᠣᠷᠬᠠᠶ᠋ᠢᠯᠠᠬᠤ ᠬᠡᠷᠡᠭᠲᠡᠶ᠃ ᠬᠤᠶᠠᠷ᠎ᠲᠤ᠂ ᠮᠤᠵᠢ ᠣᠷᠣᠨ ᠠᠯᠤᠰᠯᠠᠨ ᠤᠰᠤ ᠬᠡᠷᠡᠭᠯᠡᠬᠦ ᠡᠷᠬᠡ ᠵᠢᠨ ᠠᠷᠠᠯᠵᠢᠶ᠎ᠠ ᠵᠢ ᠢᠳᠡᠪᠬᠢᠲᠡᠶ᠎ᠪᠠᠷ ᠲᠦᠯᠬᠢᠨ ᠠᠬᠢᠭᠤᠯᠤᠨ᠎ᠠ᠃ ᠣᠷᠣᠨ ᠪᠦᠰᠡ ᠵᠢᠨ ᠬᠣᠭᠣᠷᠣᠨᠳᠣ᠎ᠪᠠᠨ ᠣᠷᠣᠨ ᠪᠦᠰᠡ ᠵᠢᠨ ᠤᠰᠤ ᠬᠡᠷᠡᠭᠯᠡᠵᠦ ᠪᠣᠯᠬᠤ ᠤᠰᠤᠨ᠎ᠤ ᠬᠡᠮᠵᠢᠶᠡᠨ᠎ᠤ ᠳᠣᠲᠣᠷᠠᠬᠢ ᠦᠯᠡᠳᠡᠪᠦᠷᠢ᠂ ᠤᠷᠢᠳᠴᠢᠯᠠᠨ ᠦᠯᠡᠳᠡᠭᠡᠭᠰᠡᠨ ᠪᠤᠶᠤ ᠰᠤᠯᠠ ᠪᠠᠶ᠋ᠢᠬᠤ ᠤᠰᠤᠨ᠎ᠤ ᠬᠡᠮᠵᠢᠶ᠎ᠡ᠎ᠳᠤ᠂ ᠣᠨ᠎ᠤ ᠤᠰᠤᠨ᠎ᠤ ᠬᠡᠮᠵᠢᠶ᠎ᠡ ᠵᠢ ᠲᠣᠬᠢᠷᠠᠭᠤᠯᠬᠤ ᠲᠥᠯᠥᠪᠯᠡᠭᠡ ᠵᠢᠨ ᠭᠦᠢ᠍ᠴᠡᠳᠭᠡᠯ ᠲᠣᠭ᠎ᠠ ᠵᠢᠨ ᠳᠣᠲᠣᠷᠠᠬᠢ ᠦᠯᠡᠳᠡᠪᠦᠷᠢ ᠤᠰᠤᠨ᠎ᠤ ᠬᠡᠮᠵᠢᠶ᠎ᠡ ᠵᠢ ᠮᠤᠵᠢ ᠣᠷᠣᠨ ᠠᠯᠤᠰᠯᠠᠨ ᠤᠰᠤ ᠬᠡᠷᠡᠭᠯᠡᠬᠦ ᠡᠷᠬᠡ ᠵᠢᠨ ᠠᠷᠠᠯᠵᠢᠶ᠎ᠠ ᠥᠷᠨᠢᠭᠦᠯᠬᠦ ᠵᠢ ᠵᠣᠷᠢᠭᠵᠢᠭᠤᠯᠤᠨ᠎ᠠ᠃ ᠤᠰᠤ ᠲᠠᠲᠠᠵᠤ ᠬᠡᠷᠡᠭᠯᠡᠬᠦ ᠡᠷᠦᠬᠡ ᠵᠢᠨ ᠠᠷᠪᠢᠯᠠᠨ ᠭᠠᠮᠨᠠᠵᠤ ᠪᠠᠶ᠋ᠢᠭ᠎ᠠ ᠤᠰᠤ ᠠᠪᠬᠤ ᠡᠷᠬᠡ᠂ ᠤᠰᠤᠨ᠎ᠤ ᠡᠬᠢ ᠪᠠᠶᠠᠯᠢᠭ᠎ᠢ ᠲᠣᠬᠢᠷᠠᠭᠤᠯᠬᠤ ᠪᠠᠷᠢᠯᠭ᠎ᠠ ᠵᠢᠨ ᠬᠠᠮᠢᠶᠠᠷᠤᠯᠲᠠ ᠵᠢᠨ ᠨᠢᠭᠡᠴᠢ᠎ᠠᠴᠠ ᠢᠨᠵᠸᠨ᠋ᠸᠷᠢᠩ᠎ᠤᠨ ᠦᠷ᠎ᠡ ᠠᠰᠢᠭ ᠡᠭᠦᠳᠬᠦ᠎ᠠᠴᠠ ᠡᠮᠦᠨ᠎ᠡ ᠲᠦᠷ ᠴᠠᠭ ᠦᠯᠡᠳᠡᠪᠦᠷᠢ᠎ᠲᠠᠢ ᠤᠰᠤ ᠠᠪᠬᠤ ᠵᠥᠪᠰᠢᠶᠡᠷᠡᠯ᠎ᠤᠨ ᠭᠦᠢ᠍ᠴᠡᠳᠭᠡᠯ ᠲᠤᠭ᠎ᠠ ᠵᠢ ᠲᠥᠯᠥᠪᠦᠷᠢ᠎ᠲᠠᠢ᠎ᠪᠠᠷ ᠰᠢᠯᠵᠢᠭᠦᠯᠦᠨ ᠥᠭᠬᠦ ᠵᠢ ᠳᠡᠮᠵᠢᠨ᠎ᠡ᠃ ᠮᠤᠵᠢ ᠣᠷᠣᠨ ᠠᠯᠤᠰᠯᠠᠨ ᠤᠰᠤ ᠬᠡᠷᠡᠭᠯᠡᠬᠦ ᠡᠷᠬᠡ ᠵᠢᠨ ᠠᠷᠠᠯᠵᠢᠶᠠᠨ᠎ᠤ ᠠᠷᠭ᠎ᠠ ᠬᠡᠮᠵᠢᠶ᠎ᠡ᠎ᠳᠤ ᠰᠢᠨ᠎ᠡ ᠵᠢ ᠡᠭᠦᠳᠦᠨ᠎ᠡ᠃ ᠭᠤᠷᠪᠠ᠎ᠳᠤ᠂ ᠤᠰᠤ ᠬᠡᠷᠡᠭᠯᠡᠬᠦ ᠡᠷᠬᠡ ᠵᠢᠨ ᠠᠷᠠᠯᠵᠢᠶᠠᠨ᠎ᠤ ᠲᠠᠪᠴᠠᠩ᠎ᠤᠨ ᠰᠢᠰᠲ᠋ᠧᠮᠵᠢ ᠵᠢ ᠪᠦᠷᠢᠨᠰᠢᠭᠦᠯᠦᠨ᠎ᠡ᠃ ᠪᠦᠬᠦ ᠤᠯᠤᠰ᠎ᠤᠨ ᠤᠰᠤᠨ᠎ᠤ ᠡᠷᠬᠡ ᠵᠢᠨ ᠠᠷᠠᠯᠵᠢᠶᠠᠨ᠎ᠤ ᠰᠢᠰᠲ᠋ᠧᠮ᠎ᠤᠨ ᠬᠡᠷᠡᠭᠯᠡᠯᠲᠡ ᠵᠢ ᠴᠢᠩᠭ᠋ᠠᠷᠠᠭᠤᠯᠵᠤ᠂ ᠤᠰᠤ ᠬᠡᠷᠡᠭᠯᠡᠬᠦ ᠡᠷᠬᠡ ᠵᠢ ᠬᠠᠷᠢᠴᠠᠩᠭᠤᠶ ᠲᠥᠪᠯᠡᠷᠡᠭᠦᠯᠦᠨ ᠠᠷᠠᠯᠵᠢᠶᠠᠯᠠᠬᠤ ᠵᠢ ᠲᠦᠯᠬᠢᠨ ᠠᠬᠢᠭᠤᠯᠤᠨ᠎ᠠ᠃ ᠳᠥᠷᠪᠡ᠎ᠳᠤ᠂ ᠤᠰᠤᠨ᠎ᠤ ᠡᠬᠢ ᠪᠠᠶᠠᠯᠢᠭ᠎ᠢ ᠬᠢᠨᠠᠨ ᠬᠡᠮᠵᠢᠬᠦ ᠰᠢᠰᠲ᠋ᠧᠮ᠎ᠢ ᠲᠡᠭᠦᠯᠳᠡᠷᠵᠢᠭᠦᠯᠦᠨ᠎ᠡ᠃ ᠤᠰᠤᠨ᠎ᠤ ᠡᠬᠢ ᠪᠠᠶᠠᠯᠢᠭ᠎ᠢ ᠬᠢᠨᠠᠨ ᠬᠡᠮᠵᠢᠬᠦ ᠰᠢᠰᠲ᠋ᠧᠮᠵᠢ ᠵᠢᠨ ᠪᠠᠶ᠋ᠢᠭᠤᠯᠤᠯᠲᠠ ᠵᠢ ᠲᠦᠷᠭᠡᠳᠬᠡᠵᠦ᠂ ᠤᠰᠤ ᠬᠡᠷᠡᠭᠯᠡᠬᠦ ᠡᠷᠬᠡ ᠵᠢᠨ ᠠᠷᠠᠯᠵᠢᠶ᠎ᠠ ᠬᠢᠭᠡᠳ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠮᠡᠳᠡᠭᠡ ᠵᠠᠩᠭᠢ ᠵᠢ ᠬᠠᠮᠲᠤ᠎ᠳᠠᠭᠠᠨ ᠡᠳ᠋ᠯᠡᠬᠦ ᠵᠢ ᠴᠢᠩᠭ᠋ᠠᠷᠠᠭᠤᠯᠬᠤ ᠬᠡᠷᠡᠭᠲᠡᠶ᠃ ᠲᠠᠪᠤ᠎ᠳᠤ᠂ ᠤᠰᠤ ᠬᠡᠷᠡᠭᠯᠡᠬᠦ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ᠃ ᠤᠰᠤ ᠬᠡᠷᠡᠭᠯᠡᠬᠦ ᠡᠷᠬᠡ ᠵᠢᠨ ᠠᠷᠠᠯᠵᠢᠶ᠎ᠠ ᠵᠢᠨ ᠬᠤᠷᠢᠭ᠎ᠠ ᠴᠠᠭ᠋ᠠᠵᠠ᠎ᠲᠠᠢ ᠵᠦᠢ᠍ᠯᠡᠰ᠎ᠤᠨ ᠨᠠᠷᠢᠨ ᠬᠠᠭᠤᠳᠠᠰᠤ ᠵᠢᠨ ᠬᠠᠮᠢᠶᠠᠷᠤᠯᠲᠠ ᠵᠢ ᠬᠡᠷᠡᠭᠵᠢᠭᠦᠯᠵᠦ᠂ ᠤᠰᠤ ᠬᠡᠷᠡᠭᠯᠡᠬᠦ ᠡᠷᠬᠡ ᠵᠢᠨ ᠠᠷᠠᠯᠵᠢᠶ᠎ᠠ ᠵᠢᠨ ᠡᠳᠦᠷ ᠲᠤᠳᠤᠮ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠢ᠃
ᠰᠠᠨᠠᠯ᠎ᠳᠤ᠂ ᠬᠠᠲᠤᠨ ᠭᠤᠤᠯ᠎ᠤᠨ ᠤᠰᠤᠨ ᠠᠰᠢᠭᠯᠠᠯᠲᠠ ᠵᠢᠨ ᠵᠥᠪᠯᠡᠯ ᠪᠣᠯᠤᠨ ᠬᠤᠯᠪᠣᠭᠳᠠᠯ ᠪᠥᠬᠦᠶ ᠮᠤᠵᠢ ᠵᠢᠨ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠂ ᠨᠡᠪᠲᠡᠷᠡᠯᠴᠡᠨ ᠬᠠᠮᠵᠢᠯᠴᠠᠬᠤ᠂ ᠤᠬᠠᠭᠤᠯᠵᠤ ᠬᠥᠲᠥᠯᠦᠨ ᠵᠢᠯᠣᠭᠤᠳᠬᠤ᠎ᠪᠠᠨ ᠴᠢᠩᠭ᠋ᠠᠳᠬᠠᠵᠤ᠂ ᠤᠯᠤᠰ᠎ᠤᠨ ᠤᠰᠤ ᠬᠡᠷᠡᠭᠯᠡᠬᠦ ᠡᠷᠬᠡ ᠵᠢᠨ ᠠᠷᠠᠯᠵᠢᠶᠠᠨ᠎ᠤ ᠲᠠᠪᠴᠠᠩ᠎ᠨᠢ ᠦᠢ᠍ᠯᠡᠴᠢᠯᠡᠭᠡᠨ᠎ᠤ ᠪᠠᠲᠤᠯᠠᠭ᠎ᠠ ᠵᠢ ᠰᠠᠶ᠋ᠢᠲᠤᠷ ᠬᠢᠵᠦ᠂ ᠬᠠᠲᠤᠨ ᠭᠤᠤᠯ᠎ᠤᠨ ᠰᠠᠪᠠ ᠭᠠᠵᠠᠷ᠎ᠤᠨ ᠤᠰᠤ ᠬᠡᠷᠡᠭᠯᠡᠬᠦ ᠡᠷᠬᠡ ᠵᠢᠨ ᠠᠷᠠᠯᠵᠢᠶᠠᠨ᠎ᠤ ᠲᠦᠷᠢᠮ᠎ᠤᠨ ᠰᠢᠰᠲ᠋ᠧᠮ᠎ᠤᠨ ᠪᠠᠶ᠋ᠢᠭᠤᠯᠤᠯᠲᠠ᠂ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭ᠋ᠠᠷᠯᠠᠯ᠎ᠤᠨ ᠲᠦᠷᠢᠮ᠎ᠢ ᠨᠠᠶ᠋ᠢᠳᠠᠪᠤᠷᠢᠵᠢᠭᠤᠯᠬᠤ᠂ ᠤᠰᠤᠨ᠎ᠤ ᠡᠬᠢ ᠪᠠᠶᠠᠯᠢᠭ᠎ᠢ ᠰᠢᠯᠢᠳᠡᠭᠵᠢᠭᠦᠯᠦᠨ ᠳᠣᠭᠢᠷᠠᠭᠤᠯᠬᠤ ᠪᠠ ᠠᠷᠪᠢᠯᠠᠨ ᠡᠷᠴᠢᠮᠵᠢᠭᠦᠯᠦᠨ ᠠᠰᠢᠭᠯᠠᠬᠤ ᠵᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭ᠋ᠠᠵᠤ᠂ ᠤᠰᠤ ᠬᠡᠷᠡᠭᠯᠡᠬᠦ ᠡᠷᠬᠡ ᠵᠢᠨ ᠠᠷᠠᠯᠵᠢᠶ᠎ᠠ ᠵᠢ ᠠᠬᠢᠭᠤᠯᠬᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠬᠠᠮᠲᠤ᠎ᠪᠠᠷ ᠪᠣᠶ ᠪᠣᠯᠭ᠋ᠠᠬᠤ ᠬᠡᠷᠡᠭᠲᠡᠶ ᠭᠡᠵᠦ ᠴᠢᠬᠤᠯᠠᠴᠢᠯᠠᠪᠠ᠃
ᠵᠣᠬᠢᠶᠠᠭᠴᠢ᠄ ᠬᠠᠷᠢᠭᠤᠴᠠᠭᠰᠠᠨ ᠨᠠᠢ᠌ᠷᠠᠭᠤᠯᠤᠭᠴᠢ᠄ ᠸᠧᠶ ᠶᠦᠩ ᠵᠢᠩ