ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠠᠷᠠᠳ᠎ᠤᠨ ᠡᠳᠦᠷ᠎ᠤᠨ ᠰᠣᠨᠢᠨ᠄ ᠬᠤᠸᠠᠶ᠋ᠢᠾᠧ ᠭᠣᠣᠯ᠎ᠤᠨ ᠦᠶᠡᠷ᠎ᠢ ᠰᠡᠷᠭᠡᠢ᠌ᠯᠡᠨ ᠭᠠᠩ ᠬᠠᠭᠰᠠᠷᠠᠭ᠋ᠠᠨ᠎ᠲᠠᠢ ᠲᠡᠮᠡᠴᠡᠬᠦ ᠶᠡᠷᠦᠩᠬᠡᠢ ᠵᠢᠯᠣᠭᠣᠳᠬᠤ ᠭᠠᠵᠠᠷ᠂ ᠬᠤᠸᠠᠢ ᠾᠧ ᠭᠤᠣᠯ᠎ᠤᠨ ᠵᠦᠪᠯᠡᠯ ᠭᠠᠩ ᠬᠠᠭᠰᠠᠷᠠᠭ᠋ᠠᠨ᠎ᠲᠠᠢ ᠲᠡᠮᠡᠴᠡᠬᠦ ᠳᠥᠷᠪᠡᠳᠦᠭᠡᠷ ᠳᠡᠰ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠵᠢᠯᠯᠠᠭ᠎ᠠ ᠵᠢ ᠡᠬᠢᠯᠡᠭᠦᠯᠪᠡ
ᠨᠡᠶ᠋ᠢᠲᠡᠯᠡᠭᠰᠡᠨ ᠴᠠᠭ᠄ 2025-06-18

   ᠲᠤᠰ ᠰᠤᠨᠢᠨ᠎ᠤ ᠪᠠᠭᠡᠵᠢᠩ᠎ᠤᠨ 6 ᠳ᠋ᠤᠭ᠋ᠠᠷ ᠰᠠᠷ᠎ᠠ ᠵᠢᠨ 13᠎ᠤ ᠡᠳᠦᠷ᠎ᠤᠨ ᠴᠠᠬᠢᠯᠭ᠋ᠠᠨ ᠮᠡᠳᠡᠭᠡ (ᠰᠣᠷᠪᠤᠯᠵᠢᠯᠠᠬ᠍ᠴᠢ ᠸᠠᠩ ᠬᠣᠤ) 5 ᠳ᠋ᠤᠭ᠋ᠠᠷ ᠰᠠᠷ᠎ᠠ ᠵᠢᠨ 15᠎ᠤ ᠡᠳᠦᠷ ᠦᠶᠡᠷ᠎ᠤᠨ ᠬᠤᠭᠤᠴᠠᠭ᠋ᠠᠨ᠎ᠳᠤ ᠤᠷᠤᠭᠰᠠᠨ᠎ᠠᠴᠠ ᠨᠠᠭ᠋ᠠᠰᠢ᠂ ᠬᠤᠸᠠᠶ᠋ᠢᠾᠧ ᠭᠣᠣᠯ᠎ᠤᠨ ᠰᠠᠪᠠ ᠭᠠᠵᠠᠷ᠎ᠤᠨ ᠬᠡᠰᠡᠭ ᠪᠤᠷᠣᠭ᠋ᠠᠨ᠎ᠤ ᠬᠡᠮᠵᠢᠶ᠎ᠡ᠎ᠨᠢ 42.2 ᠮᠢᠯᠢᠮᠸᠲᠷ ᠪᠠᠢ᠌ᠵᠦ᠂ ᠲᠡᠦᠬᠡ ᠵᠢᠨ ᠠᠳᠠᠯᠢ ᠬᠤᠭᠤᠴᠠᠭ᠋ᠠᠨ᠎ᠤ᠎ᠬᠢ᠎ᠠᠴᠠ 38%᠎ᠪᠠᠷ ᠪᠠᠭ᠋ᠠᠰᠴᠠᠢ᠃ ᠪᠣᠷᠣᠭ᠋ᠠᠨ ᠴᠥᠭᠡᠨ᠎ᠤ ᠨᠥᠯᠥᠭᠡ᠎ᠠᠴᠠ ᠪᠣᠯᠵᠤ᠂ ᠣᠳᠣᠬᠠᠨ᠎ᠳᠤ ᠬᠤᠸᠠᠶ᠋ᠢᠾᠧ ᠭᠣᠣᠯ᠎ᠤᠨ ᠤᠰᠤᠨ ᠰᠢᠰᠲᠸᠮ᠎ᠤᠨ ᠬᠤᠢ᠌ᠲᠦ ᠬᠡᠰᠡᠭ᠂ ᠢ ᠱᠤ᠌ ᠰᠧ ᠤᠰᠤᠨ ᠰᠢᠰᠲ᠋ᠧᠮ᠎ᠤᠨ ᠴᠢᠬᠢᠭ᠎ᠤᠨ ᠬᠡᠮᠵᠢᠶ᠎ᠡ᠎ᠨᠢ ᠬᠥᠩᠭᠡᠨ ᠪᠤᠶᠤ ᠳᠤᠮᠳᠠ ᠵᠡᠷᠭᠡ ᠵᠢᠨ ᠬᠡᠮᠵᠢᠶᠡᠨ᠎ᠳᠤ ᠬᠦᠷᠴᠦ ᠴᠢᠬᠢᠭ ᠵᠶ᠋ᠡᠷ ᠳᠤᠲᠠᠮᠠᠭ᠂ ᠬᠡᠰᠡᠭ ᠭᠠᠵᠠᠷ ᠣᠷᠣᠨ᠎ᠳᠤ ᠬᠦᠨᠳᠦ ᠨᠣᠴᠢᠲᠠᠢ ᠴᠢᠭᠢᠭ ᠳᠤᠲᠠᠭᠳᠠᠵᠤ ᠪᠠᠢ᠌ᠨ᠎ᠠ᠃ 6 ᠳ᠋ᠤᠭ᠋ᠠᠷ ᠰᠠᠷ᠎ᠠ ᠵᠢᠨ 13᠎ᠤ ᠡᠳᠦᠷ᠎ᠤᠨ 8 ᠴᠠᠭ᠎ᠲᠤ᠂ ᠡᠮᠦᠨ᠎ᠡ ᠲᠦᠷᠪᠡᠨ ᠨᠠᠭᠤᠷ᠎ᠤᠨ ᠲᠡᠭᠡᠳᠤ ᠱᠠᠳᠤᠨ᠎ᠤ ᠨᠠᠭᠤᠷ᠎ᠤᠨ ᠤᠰᠤ᠎ᠨᠢ 33.64 ᠮᠸᠲᠷ ᠪᠠᠶ᠋ᠢᠵᠤ᠂ ᠲᠤᠤᠷᠠᠳᠤ ᠱᠠᠳᠤᠨ᠎ᠤ ᠨᠠᠭᠤᠷ᠎ᠤᠨ ᠤᠰᠤ᠎ᠨᠢ 31.51 ᠮᠸᠲᠷ ᠪᠠᠶ᠋ᠢᠵᠤ᠂ ᠦᠬᠦᠭᠰᠡᠨ ᠤᠰᠤᠨ ᠲᠦᠪᠰᠢᠨ᠎ᠳᠤ ᠤᠶ᠋ᠢᠷᠠᠳᠴᠠᠢ᠃ ᠤᠷᠢᠳᠴᠢᠯᠠᠭᠰᠠᠨ ᠮᠡᠳᠡᠭᠡ ᠵᠢ ᠦᠨᠳᠦᠰᠦᠯᠡᠪᠡᠯ᠂ ᠢᠷᠡᠬᠦ ᠬᠡᠳᠦᠨ ᠡᠳᠦᠷ ᠬᠤᠸᠠᠶ᠋ᠢᠾᠧ ᠭᠤᠣᠯ᠎ᠤᠨ ᠰᠠᠪᠠ ᠭᠠᠵᠠᠷ᠎ᠲᠤ ᠮᠥᠨ ᠬᠦ᠌ ᠬᠤᠷ᠎ᠠ ᠲᠣᠨᠣᠳᠠᠰᠤ ᠵᠢᠨ ᠶᠠᠪᠤᠴᠠ ᠪᠠᠶ᠋ᠢᠬᠤ ᠥᠬᠡᠶ᠂ ᠣᠳᠣᠬᠠᠨ᠎ᠳᠤ ᠶᠠᠭ ᠡᠮᠦᠨ᠎ᠡ ᠳᠥᠷᠪᠡᠨ ᠨᠠᠭᠤᠷ᠎ᠤᠨ ᠡᠷᠬᠢᠨ ᠲᠣᠭᠤᠷᠢᠨ᠎ᠤ ᠲᠠᠷᠢᠶᠠᠯᠠᠩ᠎ᠳᠤ ᠬᠡᠷᠡᠭᠯᠡᠬᠦ ᠤᠰᠤᠨ᠎ᠤ ᠣᠷᠭᠢᠯ᠎ᠤᠨ ᠬᠤᠭᠤᠴᠠᠭ᠎ᠠ ᠪᠠᠶ᠋ᠢᠵᠤ᠂ ᠵᠢᠱ᠌ᠢᠯᠲᠡ᠎ᠪᠠᠷ ᠲᠡᠭᠡᠳᠤ᠂ ᠳᠣᠤᠷᠠᠳᠤ ᠱᠠᠲᠤᠨ᠎ᠤ ᠨᠠᠭᠤᠷ᠎ᠤᠨ ᠤᠰᠤᠨ᠎ᠤ ᠲᠦᠪᠰᠢᠨ ᠦᠷᠭᠦᠯᠵᠢᠯᠡᠨ ᠪᠠᠭᠤᠷᠠᠬᠤ ᠪᠣᠯᠤᠨ᠎ᠠ᠃

   ᠬᠤᠸᠠᠶ᠋ᠢᠾᠧ ᠭᠣᠣᠯ᠎ᠤᠨ ᠦᠶᠡᠷ᠎ᠢ ᠰᠡᠷᠭᠡᠢ᠌ᠯᠡᠨ ᠭᠠᠩ ᠬᠠᠬᠰᠠᠷᠭ᠋ᠠᠨ᠎ᠲᠠᠢ ᠲᠡᠮᠡᠴᠡᠬᠦ ᠶᠡᠷᠦᠩᠬᠡᠢ ᠵᠢᠯᠣᠭᠣᠳᠬᠤ ᠭᠠᠵᠠᠷ᠂ ᠬᠤᠸᠠᠶ᠋ᠢᠾᠧ ᠭᠣᠣᠯ᠎ᠤᠨ ᠤᠰᠤᠨ ᠠᠰᠢᠭᠯᠠᠯᠲᠠ ᠵᠢᠨ ᠵᠥᠪᠯᠡᠯ 6 ᠳ᠋ᠤᠭ᠋ᠠᠷ ᠰᠠᠷ᠎ᠠ ᠵᠢᠨ 13᠎ᠤ ᠡᠳᠦᠷ᠎ᠤᠨ 10 ᠴᠠᠭ᠎ᠲᠤ ᠢ ᠱᠤ᠌ ᠰᠧ ᠤᠰᠤᠨ ᠰᠢᠰᠲᠸᠮ᠎ᠤᠨ ᠡᠮᠦᠨ᠎ᠡ ᠳᠥᠷᠪᠡᠨ ᠨᠠᠭᠤᠷ᠎ᠤᠨ ᠭᠠᠵᠠᠷ ᠣᠷᠣᠨ᠎ᠳᠤ ᠴᠢᠭᠯᠡᠭᠦᠯᠦᠨ ᠲᠤᠰ ᠲᠤᠰ ᠭᠠᠩ ᠬᠠᠭᠰᠠᠷᠠᠭ᠋ᠠᠨ᠎ᠲᠠᠢ ᠲᠡᠮᠡᠴᠡᠬᠦ ᠳᠥᠷᠪᠡᠳᠦᠭᠡᠷ ᠳᠡᠰ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠵᠢᠯᠯᠠᠭ᠎ᠠ ᠪᠠ ᠭᠠᠩ ᠭᠠᠮᠰᠢᠭ᠎ᠢ ᠰᠡᠷᠭᠡᠢ᠌ᠯᠡᠬᠦ Ⅳ  ᠳᠡᠰ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠵᠢᠯ᠎ᠢ ᠡᠬᠢᠯᠡᠭᠦᠯᠪᠡ᠃

  

   ᠵᠣᠬᠢᠶᠠᠭᠴᠢ᠄       ᠬᠠᠷᠢᠭᠤᠴᠠᠭᠰᠠᠨ ᠨᠠᠢ᠌ᠷᠠᠭᠤᠯᠤᠭᠴᠢ᠄ ᠸᠧᠶ ᠶᠦᠩ ᠵᠢᠩ

 

ᠢᠷᠡᠯᠲᠡ᠄ ᠠᠷᠠᠳ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠠᠷᠠᠳ᠎ᠤᠨ ᠡᠳᠦᠷ᠎ᠤᠨ ᠰᠣᠨᠢᠨ᠄ ᠤᠰᠤᠨ ᠠᠰᠢᠭᠯᠠᠯᠲᠠ ᠵᠢᠨ ᠶᠠᠮᠤᠨ ᠰᠠᠨᠠᠯ ᠳᠠᠷᠤᠮᠠᠯᠯᠠᠨ ᠲᠠᠷᠬᠠᠭ᠋ᠠᠵᠤ ᠬᠠᠲᠤᠨ ᠭᠤᠤᠯ᠎ᠤᠨ ᠰᠠᠪᠠ ᠭᠠᠵᠠᠷ᠎ᠤᠨ ᠮᠤᠵᠢ ᠣᠷᠣᠨ ᠠᠯᠤᠰᠯᠠᠨ ᠤᠰᠤ ᠬᠡᠷᠡᠭᠯᠡᠬᠦ ᠡᠷᠬᠡ ᠵᠢᠨ ᠠᠷᠠᠯᠵᠢᠶ᠎ᠠ ᠵᠢ ᠬᠠᠶ᠋ᠢᠨ ᠰᠦᠪᠡᠭᠴᠢᠯᠡᠬᠦ ᠪᠠ ᠵᠢᠷᠤᠮᠵᠢᠭᠤᠯᠤᠨ ᠠᠬᠢᠭᠤᠯᠤᠨ᠎ᠠ
ᠠᠷᠠᠳ᠎ᠤᠨ ᠡᠳᠦᠷ᠎ᠤᠨ ᠰᠣᠨᠢᠨ᠄ ᠤᠰᠤᠨ ᠠᠰᠢᠭᠯᠠᠯᠲᠠ ᠵᠢᠨ ᠶᠠᠮᠤᠨ ᠦᠶᠡᠷ᠎ᠤᠨ ᠤᠰᠤ ᠵᠢ ᠰᠡᠷᠭᠡᠶ᠋ᠢᠯᠡᠬᠦ Ⅳ ᠲᠠᠰ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠵᠢᠯᠯᠠᠭ᠎ᠠ ᠡᠬᠢᠯᠡᠭᠦᠯᠪᠡ
ᠠᠷᠠᠳ᠎ᠤᠨ ᠰᠦᠯᠵᠢᠶ᠎ᠡ ᠄ ᠤᠰᠤᠨ ᠠᠱᠢᠭ᠍ᠯᠠᠯᠲᠠ᠎ᠶ᠋ᠢᠨ ᠶᠠᠮᠤᠨ ᠬᠥᠬᠡᠨᠠᠭᠤᠷ᠎ᠤᠨ ᠦᠶᠡᠷ᠎ᠦᠨ ᠤᠰᠤ᠎ᠶ᠋ᠢ ᠰᠡᠷᠭᠡᠢᠯᠡᠬᠦ᠌ Ⅳᠲᠠᠰ᠎ᠤᠨ ᠪᠠᠴᠢᠮ ᠪᠠᠢᠳᠠᠯ᠎ᠢ ᠠᠷᠭᠠᠴᠠᠭᠠᠬᠤ ᠠᠵᠢᠯᠯᠠᠭ᠎ᠠ᠎ᠶ᠋ᠢ ᠡᠬᠢᠯᠡᠭᠦᠯᠪᠡ
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ 《13 · 5》 ᠵᠢᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠭᠣᠤᠯ ᠭᠤᠷᠤᠬ᠎ᠠ ᠨᠠᠭᠤᠷ ᠴᠥᠭᠥᠷᠥᠮ᠎ᠢ ᠵᠠᠰᠠᠬᠤ ᠪᠠ ᠤᠤᠭᠤᠬᠤ ᠤᠰᠤᠨ᠎ᠤ ᠠᠮᠤᠷ ᠲᠦᠪᠰᠢᠨ᠎ᠤ ᠰᠤᠨᠢᠨ ᠮᠡᠳᠡᠭᠡ ᠨᠡᠢ᠌ᠳᠡᠯᠡᠬᠦ ᠬᠤᠷᠠᠯ ᠬᠢᠪᠡ
ᠠᠵᠤ ᠠᠬᠤᠶ ᠵᠢᠨ ᠡᠳᠦᠷ᠎ᠤᠨ ᠰᠣᠨᠢᠨ᠄ 《ᠠᠷᠪᠠᠨ ᠳᠥᠷᠪᠡᠳᠦᠭᠡᠷ ᠲᠠᠪᠤᠨ ᠵᠢᠯ》᠎ᠤᠨ ᠤᠰᠤᠨ ᠠᠰᠢᠭᠯᠠᠯᠲᠠ ᠵᠢᠨ ᠥᠭᠡᠷᠡᠴᠢᠯᠡᠯᠲᠡ ᠬᠥᠭᠵᠢᠯᠲᠡ ᠵᠢᠨ ᠭᠣᠤᠯᠳᠠᠯᠭ᠎ᠠ᠎ᠲᠠᠢ ᠡᠭᠦᠷᠭᠡ ᠵᠢ ᠲᠣᠭᠲᠠᠭ᠋ᠠᠪᠠ
 
            