ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠠᠷᠠᠳ᠎ᠤᠨ ᠡᠳᠦᠷ᠎ᠤᠨ ᠰᠣᠨᠢᠨ᠄ ᠤᠰᠤᠨ ᠠᠰᠢᠭᠯᠠᠯᠲᠠ ᠵᠢᠨ ᠶᠠᠮᠤᠨ ᠦᠶᠡᠷ᠎ᠤᠨ ᠤᠰᠤ ᠵᠢ ᠰᠡᠷᠭᠡᠶ᠋ᠢᠯᠡᠬᠦ Ⅳ ᠲᠠᠰ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠵᠢᠯᠯᠠᠭ᠎ᠠ ᠡᠬᠢᠯᠡᠭᠦᠯᠪᠡ
ᠨᠡᠶ᠋ᠢᠲᠡᠯᠡᠭᠰᠡᠨ ᠴᠠᠭ᠄ 2025-06-22

    《ᠡᠠᠷᠠᠣᠠ᠎ᠤᠨ ᠡᠳᠦᠷ᠎ᠤᠨ ᠰᠣᠨᠢᠠ》 (2025 ᠣᠨ᠎ᠤ 06  ᠳ᠋ᠤᠭ᠋ᠠᠷ ᠰᠠᠷ᠎ᠠ ᠵᠢᠨ 20᠎ᠤ ᠡᠳᠦᠷ 04 ᠳ᠋ᠦ᠍ᠭᠡᠷ ᠬᠡᠪᠯᠡᠯ)

 

   ᠲᠤᠰ ᠰᠣᠨᠢᠠ ᠪᠠᠭᠡᠵᠢᠩ᠎ᠤᠨ 6 ᠳ᠋ᠤᠭ᠋ᠠᠷ ᠰᠠᠷ᠎ᠠ ᠵᠢᠨ 19᠎ᠤ ᠡᠳᠦᠷ᠎ᠤᠨ ᠴᠠᠬᠢᠯᠭ᠋ᠠᠨ ᠮᠡᠳᠡᠭᠡ (ᠰᠣᠷᠪᠤᠯᠵᠢᠯᠠᠬ᠍ᠴᠢ ᠯᠢ ᠡᡁᠣᠢ᠍ᠩ ᠮᠧᠢ᠂ ᠸᠠᠩ ᠬᠣᠤ) ᠴᠠᠭ ᠠᠭᠣᠷ᠎ᠤᠨ ᠪᠠᠢ᠍ᠢ᠍ᠴᠠᠭ᠋ᠠᠯᠲᠠ᠎ᠠᠴᠠ ᠣᠢ᠍ᠵᠠᠪᠡᠯ᠂ 19᠎ᠤ ᠡᠳᠦᠷ᠎ᠤᠨ ᠡᠳᠦᠷ᠂ ᠱᠠᠨᠳᠣᠢ᠍ᠩ᠂ ᠡᡁᠧᠨᠠᠨ᠂ ᠬᠤᠨᠠᠨ᠂ ᠭᠤᠸᠠᠩᠰᠢ ᠵᠠᠷᠭᠡ ᠭᠠᠵᠠᠷ᠎ᠲᠤ ᠰᠢᠷᠦᠭᠦᠨ ᠪᠣᠷᠣᠭ᠋ᠠᠨ ᠣᠷᠣᠪᠠ᠃ ᠢᠷᠡᠬᠦ ᠭᠤᠷᠪᠠᠨ ᠡᠳᠦᠷ᠎ᠲᠤ᠂ ᠪᠠᠷᠠᠭᠤᠨ ᠡᠮᠦᠨᠡᠲᠦ ᠣᠷᠣᠨ᠎ᠤ ᠵᠡᠭᠦᠨ ᠬᠡᠰᠡᠭ᠎ᠠᠴᠠ ᠵᠢᠶᠠᠩ ᠬᠠᠨ᠂ ᠵᠢᠶᠠᠩ ᠬᠤᠸᠠᠢ ᠵᠡᠷᠭᠡ ᠭᠠᠵᠠᠷ᠎ᠲᠤ ᠪᠠᠰᠠ ᠰᠢᠷᠦᠭᠦᠨ ᠪᠣᠷᠣᠭ᠋ᠠᠨ ᠣᠷᠣᠬᠤ ᠶᠠᠪᠤᠴᠠ᠎ᠲᠠᠢ᠃ ᠲᠥᠪ᠎ᠤᠨ ᠴᠠᠭ ᠠᠭᠤᠷ᠎ᠤᠨ ᠬᠣᠷᠢᠶᠠᠨ᠎ᠤ ᠵᠢᠱ᠌ᠢᠯᠲᠡ᠎ᠪᠠᠷ᠂ 19᠎ᠤ ᠣᠷᠣᠢ᠎ᠠᠴᠠ 21᠎ᠤ ᠡᠳᠦᠷ᠂ ᠪᠠᠷᠠᠭᠤᠨ ᠡᠮᠦᠨᠡᠲᠦ ᠣᠷᠣᠨ᠎ᠤ ᠵᠡᠭᠦᠨ ᠬᠡᠰᠡᠭ᠂ ᠵᠢᠶᠠᠩᠨᠠᠨ ᠣᠷᠣᠨ᠎ᠤ ᠪᠠᠷᠠᠭᠤᠨ ᠬᠡᠰᠡᠭ ᠪᠠ ᠬᠣᠢ᠌ᠲᠤ ᠬᠡᠰᠡᠭ᠂ ᠵᠢᠶᠠᠩ ᠬᠠᠨ᠂ ᠵᠢᠶᠠᠩ ᠬᠤᠸᠠᠢ᠂ ᠬᠤᠸᠠᠩ ᠬᠤᠸᠠᠢ ᠵᠢᠴᠢ ᠭᠤᠸᠠᠩᠰᠢ ᠵᠢᠨ ᠪᠠᠷᠠᠭᠤᠨ ᠬᠡᠰᠡᠭ ᠵᠡᠷᠭᠡ ᠭᠠᠵᠠᠷ᠎ᠲᠤ ᠰᠢᠷᠦᠭᠦᠨ ᠪᠣᠷᠣᠭ᠋ᠠᠨ ᠣᠷᠣᠵᠤ᠂ ᠬᠡᠰᠡᠭ ᠭᠠᠵᠠᠷ ᠣᠷᠣᠨ᠎ᠳᠤ ᠶᠡᠬᠡ᠎ᠠᠴᠠ ᠰᠢᠷᠦᠭᠦᠨ ᠪᠣᠷᠣᠭ᠋ᠠᠨ ᠣᠷᠣᠵᠤ᠂ ᠬᠡᠰᠡᠭ ᠭᠠᠵᠠᠷ᠎ᠲᠤ ᠰᠢᠷᠦᠭᠦᠨ ᠪᠣᠷᠣᠭ᠋ᠠᠨ ᠣᠷᠣᠵᠤ᠂ ᠭᠦᠢ᠍ᠵᠧᠦ ᠵᠢᠨ ᠡᠮᠦᠨᠡᠲᠦ ᠬᠡᠰᠡᠭ᠂ ᠬᠤᠪᠧᠢ ᠵᠢᠨ ᠵᠡᠭᠦᠨ ᠬᠡᠰᠡᠭ ᠵᠡᠷᠭᠡ ᠭᠠᠵᠠᠷ ᠣᠷᠣᠨ᠎ᠳᠤ ᠣᠨᠴᠠ ᠶᠡᠬᠡ ᠰᠢᠷᠦᠭᠦᠨ ᠪᠣᠷᠣᠭ᠋ᠠᠨ ᠣᠷᠣᠨ᠎ᠠ᠃

  6 ᠳ᠋ᠤᠭ᠋ᠠᠷ ᠰᠠᠷ᠎ᠠ ᠵᠢᠨ 19᠎ᠤ ᠡᠳᠦᠷ᠎ᠤᠨ 12 ᠴᠠᠭ᠎ᠲᠤ᠂ ᠤᠰᠤᠨ ᠠᠰᠢᠭᠯᠠᠯᠲᠠ ᠵᠢᠨ ᠶᠠᠮᠤᠨ ᠵᠢᠶᠠᠩᠰᠤ᠂ ᠵᠧᠵᠢᠶᠠᠩ᠂ ᠠᠨᠾᠦ᠋ᠢ᠂ ᠾᠧᠨᠠᠨ᠂ ᠬᠤᠪᠧᠢ᠂ ᠬᠤᠨᠠᠨ᠂ ᠭᠤᠸᠠᠩᠰᠢ᠂ ᠴᠦᠩᠴᠢᠩ᠂ ᠭᠦᠢ᠍ᠵᠧᠦ ᠵᠡᠷᠭᠡ 9 ᠮᠤᠵᠢ (ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ) ᠵᠢᠨ ᠦᠶᠡᠷ᠎ᠤᠨ ᠤᠰᠤ ᠵᠢ ᠰᠡᠷᠭᠡᠶ᠋ᠢᠯᠡᠬᠦ Ⅳ  ᠲᠠᠰ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠥᠰᠦᠯ᠎ᠢ ᠡᠬᠢᠯᠡᠭᠦᠯᠬᠦ ᠵᠢᠨ ᠬᠠᠮᠲᠤ 3 ᠠᠵᠢᠯᠯᠠᠬᠤ ᠳᠤᠭᠤᠶ᠋ᠢᠯᠠᠩ ᠲᠣᠮᠢᠯᠠᠨ ᠬᠤᠨᠠᠨ᠂ ᠬᠤᠪᠧᠶ᠂ ᠠᠨᠾᠦ᠋ᠢ᠎ᠳᠤ ᠣᠴᠢᠭᠤᠯᠵᠤ᠂ ᠰᠢᠷᠦᠭᠦᠨ ᠪᠣᠷᠣᠭ᠋ᠠᠨ᠎ᠤ ᠦᠶᠡᠷ᠎ᠤᠨ ᠤᠰᠤ ᠵᠢ ᠰᠡᠷᠭᠡᠶ᠋ᠢᠯᠡᠬᠦ ᠠᠵᠢᠯ᠎ᠢ ᠬᠠᠮᠵᠢᠨ ᠵᠢᠯᠣᠭᠤᠳᠪᠠ᠃ ᠤᠰᠤᠨ ᠠᠰᠢᠭᠯᠠᠯᠲᠠ ᠵᠢᠨ ᠶᠠᠮᠤᠨ ᠡᠳᠦᠷ ᠪᠦᠷᠢ ᠵᠢᠨ 《ᠨᠢᠭᠡ ᠮᠤᠵᠢ ᠨᠢᠭᠡ ᠲᠠᠩᠰᠠ》 ᠵᠢᠨ ᠬᠠᠷᠠᠯᠲᠠ ᠵᠢᠨ ᠴᠢᠭᠯᠡᠯ᠎ᠤᠨ ᠰᠡᠷᠡᠮᠵᠢᠯᠡᠭᠦᠯᠦᠯ᠎ᠢ ᠨᠡᠶ᠋ᠢᠲᠡᠯᠡᠵᠦ᠂ ᠰᠢᠷᠦᠭᠦᠨ ᠪᠣᠷᠣᠭ᠋ᠠᠨ᠎ᠤ ᠣᠷᠣᠨ᠎ᠤ ᠤᠰᠤᠨ ᠴᠥᠭᠦᠷᠥᠮ᠎ᠤᠨ ᠦᠶᠡᠷ᠎ᠢ ᠠᠮᠤᠷ ᠲᠦᠪᠰᠢᠨ ᠵᠶ᠋ᠠᠷ ᠥᠩᠭᠡᠷᠡᠭᠦᠯᠬᠦ᠂ ᠬᠤᠲᠠ ᠵᠢᠨ ᠤᠰᠤᠲᠤᠯ ᠪᠠ ᠳᠤᠮᠳᠠ ᠪᠠᠭ᠎ᠠ ᠭᠤᠤᠯ ᠮᠥᠷᠡᠨ᠎ᠤ ᠦᠶᠡᠷ᠎ᠤᠨ ᠤᠰᠤ ᠵᠢ ᠰᠡᠷᠭᠡᠶ᠋ᠢᠯᠡᠬᠦ ᠵᠡᠷᠭᠡ ᠠᠵᠢᠯ᠎ᠢ ᠰᠠᠶ᠋ᠢᠲᠤᠷ ᠬᠢᠬᠦ ᠵᠢ ᠰᠠᠨᠠᠭᠤᠯᠪᠠ᠃

   ᠤᠰᠤᠨ ᠠᠰᠢᠭᠯᠠᠯᠲᠠ ᠵᠢᠨ ᠶᠠᠮᠤᠨ ᠪᠣᠯᠤᠨ ᠳᠤᠮᠳᠠᠳᠤ ᠤᠯᠤᠰ᠎ᠤᠨ ᠴᠠᠭ ᠠᠭᠤᠷ᠎ᠤᠨ ᠲᠣᠪᠴᠢᠶ᠎ᠠ 6 ᠳ᠋ᠤᠭ᠋ᠠᠷ ᠰᠠᠷ᠎ᠠ ᠵᠢᠨ 19᠎ᠤ ᠡᠳᠦᠷ᠎ᠤᠨ 18 ᠴᠠᠭ᠎ᠲᠤ ᠤᠯᠠᠭ᠋ᠠᠨ ᠥᠩᠭᠡᠲᠦ ᠠᠭᠤᠯᠠᠨ ᠦᠶᠡᠷ᠎ᠤᠨ ᠭᠠᠮᠰᠢᠭ᠎ᠤᠨ ᠴᠠᠭ ᠠᠭᠤᠷ᠎ᠤᠨ ᠰᠡᠷᠡᠮᠵᠢᠯᠡᠭᠦᠯᠦᠯ᠎ᠢ ᠬᠠᠮᠲᠤᠷᠠᠨ ᠨᠡᠢ᠌ᠲᠡᠯᠡᠵᠦ᠂ ᠡᠨᠡ ᠪᠣᠯ ᠡᠨᠡ ᠵᠢᠯ᠎ᠤᠨ ᠠᠩᠬᠠᠨ᠎ᠤ ᠤᠯᠠᠭ᠋ᠠᠨ ᠥᠩᠭᠡᠲᠦ ᠰᠡᠷᠡᠮᠵᠢ ᠵᠢᠨ ᠳᠣᠬᠢᠶ᠎ᠠ ᠪᠣᠯᠤᠨ᠎ᠠ᠃ ᠵᠢᠱ᠌ᠢᠯᠲᠡ᠎ᠪᠠᠷ᠂ 6 ᠳ᠋ᠤᠭ᠋ᠠᠷ ᠰᠠᠷ᠎ᠠ ᠵᠢᠨ 19᠎ᠤ ᠡᠳᠦᠷ᠎ᠤᠨ 20 ᠴᠠᠭ᠎ᠠᠴᠠ 6 ᠳ᠋ᠤᠭ᠋ᠠᠷ ᠰᠠᠷ᠎ᠠ ᠵᠢᠨ 20᠎ᠤ ᠡᠳᠦᠷ᠎ᠤᠨ 20 ᠴᠠᠭ ᠪᠣᠯᠲᠠᠯ᠎ᠠ᠂ ᠠᠨᠾᠦ᠋ᠢ ᠵᠢᠨ ᠪᠠᠷᠠᠭᠤᠨ ᠬᠡᠰᠡᠭ᠂ ᠾᠧᠨᠠᠨ᠎ᠤ ᠡᠮᠦᠨ᠎ᠡ ᠬᠡᠰᠡᠭ᠂ ᠬᠤᠪᠧᠢ ᠵᠢᠨ ᠵᠡᠭᠦᠨ ᠬᠡᠰᠡᠭ ᠪᠠ ᠪᠠᠷᠠᠭᠤᠨ ᠡᠮᠦᠨ᠎ᠡ ᠬᠡᠰᠡᠭ᠂ ᠬᠤᠨᠠᠨ᠎ᠤ ᠬᠤᠶ᠋ᠢᠲᠤ ᠬᠡᠰᠡᠭ᠂ ᠭᠤᠸᠠᠩᠰᠢ ᠵᠢᠨ ᠪᠠᠷᠠᠭᠤᠨ ᠬᠤᠶ᠋ᠢᠲᠤ ᠬᠡᠰᠡᠭ᠂ ᠭᠦᠢ᠍ᠵᠧᠦ ᠵᠢᠨ ᠡᠮᠦᠨ᠎ᠡ ᠬᠡᠰᠡᠭ ᠵᠡᠷᠭᠡ ᠭᠠᠵᠠᠷ᠎ᠤᠨ ᠬᠡᠰᠡᠭ ᠭᠠᠵᠠᠷ ᠣᠷᠣᠨ᠎ᠳᠤ ᠠᠭᠤᠯᠠᠨ ᠦᠶᠡᠷ᠎ᠤᠨ ᠭᠠᠮᠰᠢᠭ ᠡᠭᠦᠰᠬᠦ ᠪᠣᠯᠣᠯᠴᠠᠭ᠋ᠠᠲᠤ ᠴᠢᠨᠠᠷ ᠶᠡᠭᠡ (ᠤᠯᠠᠪᠤᠷ ᠥᠩᠭᠡ ᠵᠢᠨ ᠰᠡᠷᠡᠮᠵᠢᠯᠡᠭᠦᠯᠦᠯ)᠂ ᠬᠡᠰᠡᠭ ᠭᠠᠵᠠᠷ᠎ᠲᠤ ᠠᠭᠤᠯᠠᠨ ᠦᠶᠡᠷ᠎ᠤᠨ ᠭᠠᠮᠰᠢᠭ ᠡᠭᠦᠰᠬᠦ ᠪᠣᠯᠣᠯᠴᠠᠭ᠋ᠠᠲᠤ ᠴᠢᠨᠠᠷ ᠮᠠᠰᠢ ᠶᠡᠭᠡ (ᠤᠯᠠᠭ᠋ᠠᠨ ᠥᠩᠭᠡ ᠵᠢᠨ ᠰᠡᠷᠡᠮᠵᠢᠯᠡᠭᠦᠯᠦᠯ) ᠪᠠᠢ᠌ᠨ᠎ᠠ᠃

  

   ᠵᠣᠬᠢᠶᠠᠭᠴᠢ᠄         ᠬᠠᠷᠢᠭᠤᠴᠠᠭᠰᠠᠨ ᠨᠠᠢ᠌ᠷᠠᠭᠤᠯᠤᠭᠴᠢ᠄ ᠭᠤᠤ ᠪᠥᠸᠧ

 

ᠢᠷᠡᠯᠲᠡ᠄ ᠠᠷᠠᠳ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
 
            