ᠠᠷᠠᠣᠠ᠎ᠤᠨ ᠰᠣᠢᠯᠵᠢᠶᠡᠶ᠋ᠢᠨ ᠪᠠᠭᠡᠵᠢᠩ᠎ᠤᠨ 7 ᠳ᠋ᠤᠭᠠᠷ ᠰᠠᠷ᠎ᠠ᠎ᠶ᠋ᠢᠨ 3 ᠤ ᠡᠳᠦᠷ᠎ᠤᠨ ᠴᠠᠭᠢᠯᠭᠠᠨ ᠮᠡᠳᠡᠭᠡ ( ᠡᠸᠤ ᠶᠠᠩ ᠢ ᠵᠢᠶᠠ ) ᠣᠰᠣᠠ ᠠᠱᠢᠬ᠍ᠯᠠᠯᠲᠠ᠎ᠶ᠋ᠢᠨ ᠶᠠᠮᠣᠠᠤ ᠤᠷᠢᠳᠴᠢᠯᠠᠭ᠍ᠰᠠᠨ ᠮᠡᠳᠡᠭᠡ᠎ᠶ᠋ᠢ ᠦᠨᠳᠦᠰᠦᠯᠡᠪᠡᠯ ᠂ 7 ᠳ᠋ᠤᠭᠠᠷ ᠰᠠᠷ᠎ᠠ᠎ᠶ᠋ᠢᠨ 3 ᠤ ᠡᠳᠦᠷ ᠡᠴᠠ 5 ᠤ ᠡᠳᠦᠷ ᠪᠤᠯᠲᠠᠯ᠎ᠠ ᠂ ᠬᠦᠬᠡᠨᠠᠭᠤᠷ᠎ᠤᠨ ᠵᠠᠭᠦᠠ ᠬᠡᠰᠡᠭ᠎ᠦᠨ ᠡᠮᠦᠨᠡᠲᠦ ᠬᠡᠰᠡᠭ ᠵᠠᠷᠭᠡ ᠭᠠᠵᠠᠷ᠎ᠲᠤ ᠨᠠᠯᠢᠶᠠᠣᠠ ᠶᠠᠭᠡ ᠪᠤᠷᠣᠭᠠᠨ ᠣᠷᠣᠬᠤ ᠶᠠᠪᠤᠴᠠ ᠲᠠᠢ ᠃ ᠡᠭᠦᠨ᠎ᠤ ᠨᠥᠯᠥᠭᠡ᠎ᠪᠠᠷ᠂ ᠬᠥᠬᠡᠨᠠᠭᠤᠷ᠎ᠤᠨ ᠬᠠᠲᠤᠨ ᠭᠤᠣᠯ᠎ᠤᠨ ᠳᠡᠭᠡᠳᠦ ᠤᠷᠤᠰᠭᠠᠯ᠎ᠤᠨ ᠭᠤᠣᠯ ᠰᠠᠯᠪᠤᠷᠢ ᠤᠷᠤᠰᠭᠠᠯ ᠤᠰᠤᠨ᠎ᠤ ᠦᠰᠦᠯᠲᠡ᠎ᠶ᠋ᠢᠨ ᠶᠠᠪᠤᠴᠠ ᠢᠯᠡᠳᠲᠡ ᠢᠯᠡᠷᠡᠵᠦ᠍ ᠂ ᠱᠢᠷᠦᠭᠦᠨ ᠪᠣᠷᠣᠭᠠᠨ᠎ᠤ ᠣᠷᠣᠨ᠎ᠤ ᠳᠤᠲᠤᠷᠠᠬᠢ ᠬᠡᠰᠡᠭ ᠳᠤᠮᠳᠠ ᠵᠢᠵᠢᠭ ᠭᠤᠣᠯ ᠮᠥᠷᠡᠨ᠎ᠳᠤ ᠰᠡᠷᠡᠮᠵᠢ᠎ᠡᠴᠡ ᠳᠠᠪᠠᠭ᠍ᠰᠠᠨ ᠦᠶᠡᠷ᠎ᠤᠨ ᠭᠠᠮᠱᠢᠭ ᠭᠠᠷᠴᠤ᠌ ᠮᠡᠳᠡᠨ᠎ᠡ᠃ ᠤᠰᠤᠨ ᠠᠱᠢᠭ᠍ᠯᠠᠯᠲᠠ᠎ᠶ᠋ᠢᠨ ᠶᠠᠮᠤᠨ ᠴᠦᠩᠴᠢᠩ ᠂ ᠰᠧᠴᠤᠸᠠᠨ ᠂ ᠭᠠᠨᠰᠦ ᠵᠡᠷᠭᠡ 3 ᠮᠤᠵᠢ ( ᠱᠢᠭᠤᠳ ᠬᠠᠷᠢᠶ᠎ᠠ ᠬᠣᠲᠠ ) ᠳᠤ ᠴᠢᠭ᠌ᠯᠡᠭᠦᠯᠦᠭ᠌ᠰᠡᠨ ᠦᠶᠡᠷ᠎ᠦᠨ ᠤᠰᠤ᠎ᠶ᠋ᠢ ᠰᠡᠷᠭᠡᠢᠯᠡᠬᠦ᠌ Ⅳᠲᠠᠰ᠎ᠤᠨ ᠪᠠᠴᠢᠮ ᠪᠠᠢᠳᠠᠯ ᠢ ᠠᠷᠭᠠᠴᠠᠭᠠᠬᠤ ᠠᠵᠢᠯᠯᠠᠭ᠎ᠠ ᠥᠷᠨᠢᠭᠦᠯᠦᠨ᠎ᠡ ᠃
7 ᠳ᠋ᠤᠭᠠᠷ ᠰᠠᠷ᠎ᠠ᠎ᠶ᠋ᠢᠨ 3 ᠤ ᠡᠳᠦᠷ᠎ᠤᠨ ᠦᠳᠡ᠎ᠶ᠋ᠢᠨ ᠡᠮᠦᠨ᠎ᠡ᠂ ᠤᠰᠤᠨ ᠠᠱᠢᠭ᠍ᠯᠠᠯᠲᠠ᠎ᠶ᠋ᠢᠨ ᠶᠠᠮᠤᠨ ᠪᠣᠷᠣᠭᠠᠨ᠎ᠤ ᠤᠰᠤᠨ᠎ᠤ ᠪᠠᠢᠳᠠᠯ᠎ᠢ ᠦᠷᠭᠦᠯᠵᠢᠯᠡᠨ ᠵᠥᠪᠳᠡᠯᠴᠡᠵᠦ᠍ ᠰᠤᠳᠤᠯᠤᠨ ᠮᠠᠭᠠᠳᠯᠠᠵᠤ᠂ ᠱᠢᠷᠦᠭᠦᠨ ᠪᠣᠷᠣᠭᠠᠨ᠎ᠤ ᠦᠶᠡᠷ᠎ᠤᠨ ᠤᠰᠤ᠎ᠶ᠋ᠢ ᠰᠡᠷᠭᠡᠢᠯᠡᠬᠦ᠌ ᠠᠵᠢᠯ᠎ᠢ ᠲᠣᠬᠢᠷᠠᠭᠤᠯᠤᠨ ᠪᠠᠢᠷᠢᠯᠠᠭᠤᠯᠪᠠ᠃ 《ᠤᠰᠤᠨ ᠠᠱᠢᠭ᠍ᠯᠠᠯᠲᠠ᠎ᠶ᠋ᠢᠨ ᠶᠠᠮᠤᠨ᠎ᠤ ᠤᠰᠤ ᠭᠠᠩ᠎ᠤᠨ ᠭᠠᠮᠱᠢᠭ᠎ᠢ ᠰᠡᠷᠭᠡᠢᠯᠡᠨ ᠪᠠᠴᠢᠮ ᠪᠠᠢᠳᠠᠯ᠎ᠢ ᠠᠷᠭᠠᠴᠠᠭᠠᠬᠤ ᠠᠵᠢᠯ᠎ᠤᠨ ᠳᠦᠷᠢᠮ》 ᠢ ᠦᠨᠳᠦᠰᠦᠯᠡᠨ᠂ ᠤᠰᠤᠨ ᠠᠱᠢᠭ᠍ᠯᠠᠯᠲᠠ᠎ᠶ᠋ᠢᠨ ᠶᠠᠮᠤᠨ 7 ᠳ᠋ᠤᠭᠠᠷ ᠰᠠᠷ᠎ᠠ᠎ᠶ᠋ᠢᠨ 3 ᠤ ᠡᠳᠦᠷ᠎ᠤᠨ 12 ᠴᠠᠭ᠎ᠲᠤ ᠬᠥᠬᠡᠨᠠᠭᠤᠷ ᠮᠤᠵᠢ᠎ᠶ᠋ᠢᠨ ᠦᠶᠡᠷ᠎ᠤᠨ ᠰᠡᠷᠭᠡᠢᠯᠡᠯᠲᠡ᠎ᠶ᠋ᠢᠨ Ⅳᠲᠠᠰ᠎ᠤᠨ ᠪᠠᠴᠢᠮ ᠪᠠᠢᠳᠠᠯ᠎ᠢ ᠠᠷᠭᠠᠴᠠᠭᠠᠬᠤ ᠲᠥᠰᠦᠯ᠎ᠢ ᠡᠬᠢᠯᠡᠭᠦᠯᠵᠦ᠍᠂ ᠣᠷᠣᠨ ᠨᠤᠲᠤᠭ᠎ᠤᠨ ᠤᠰᠤᠨ ᠠᠱᠢᠭ᠍ᠯᠠᠯᠲᠠ᠎ᠶ᠋ᠢᠨ ᠰᠠᠯᠠᠭ᠎ᠠ ᠮᠥᠴᠢᠷ ᠪᠣᠯᠤᠨ ᠬᠠᠮᠢᠶ᠎ᠠ ᠪᠥᠬᠦᠶ ᠰᠠᠪᠠ ᠭᠠᠵᠠᠷ᠎ᠤᠨ ᠬᠠᠮᠢᠶᠠᠷᠤᠯᠲᠠ᠎ᠶ᠋ᠢᠨ ᠪᠠᠢᠭᠤᠯᠤᠮᠵᠢ ᠨᠢᠪᠣᠷᠣᠭᠠᠨᠤ ᠪᠠᠢᠳᠠᠯ᠎ᠤᠨ ᠬᠤᠪᠢᠷᠠᠯᠲᠠ᠎ᠶ᠋ᠢ ᠨᠢᠭ᠍ᠲᠠ ᠠᠩᠬᠠᠷᠴᠤ᠌᠂ ᠪᠠᠴᠢᠮ ᠪᠠᠢᠳᠠᠯ᠎ᠢ ᠠᠷᠭᠠᠴᠠᠭᠠᠬᠤ ᠵᠢᠵᠢᠭᠦᠷᠯᠡᠨ ᠰᠠᠬᠢᠬᠤ ᠪᠠ ᠵᠥᠪᠳᠡᠯᠴᠡᠨ ᠰᠤᠳᠤᠯᠤᠨ ᠮᠠᠭᠠᠳᠯᠠᠬᠤ᠎ᠶ᠋ᠢ ᠴᠢᠩᠭᠠᠳᠭᠠᠨ᠂ ᠬᠢᠨᠠᠨ ᠬᠡᠮᠵᠢᠵᠦ᠍ ᠤᠷᠢᠳᠴᠢᠯᠠᠨ ᠮᠡᠳᠡᠭᠡᠯᠡᠵᠦ᠍ ᠤᠷᠢᠳᠴᠢᠯᠠᠨ ᠰᠡᠷᠡᠮᠵᠢᠯᠡᠭᠦᠯᠬᠦ᠌᠎ᠶ᠋ᠢ ᠴᠢᠩᠭᠠᠳᠭᠠᠵᠤ᠂ ᠤᠰᠤᠨ᠎ᠤ ᠢᠨᠵᠸᠨ᠋ᠸᠷᠢᠩ᠎ᠢ ᠱᠢᠨᠵᠢᠯᠡᠬᠦ᠌ ᠤᠬᠠᠭᠠᠨᠴᠢ᠎ᠪᠠᠷ ᠲᠣᠬᠢᠷᠠᠭᠤᠯᠵᠤ᠂ ᠭᠤᠤᠯ ᠮᠥᠷᠡᠨ᠎ᠤ ᠦᠶᠡᠷ᠎ᠢ ᠰᠡᠷᠭᠡᠢᠯᠡᠬᠦ᠂ ᠤᠰᠤᠨ ᠴᠥᠭᠦᠷᠥᠮ ᠪᠠ ᠨᠦᠯᠦᠮᠡᠯ ᠭᠠᠵᠠᠷ᠎ᠤᠨ ᠬᠠᠱᠢᠯᠭ᠎ᠠ᠎ᠶ᠋ᠢᠨ ᠦᠶᠡᠷ᠎ᠢ ᠠᠮᠤᠷ ᠲᠦᠪᠱᠢᠨ᠎ᠢᠶᠠᠷ ᠥᠩᠭᠡᠷᠡᠭᠦᠯᠬᠦ᠂ ᠳᠤᠮᠳᠠ ᠪᠠᠭ᠎ᠠ ᠭᠤᠤᠯ ᠮᠥᠷᠡᠨ᠎ᠤ ᠦᠶᠡᠷ᠎ᠤᠨ ᠭᠠᠮᠱᠢᠭ᠎ᠢ ᠰᠡᠷᠭᠡᠢᠯᠡᠬᠦ᠌ ᠵᠡᠷᠭᠡ ᠠᠵᠢᠯ᠎ᠢ ᠰᠠᠢᠲᠤᠷ ᠬᠢᠵᠦ᠍᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶ᠋ᠢᠨ ᠠᠮᠤᠷ ᠲᠦᠪᠱᠢᠨ᠎ᠢ ᠦᠨᠡᠨ ᠬᠦ᠌ ᠪᠠᠲᠤᠯᠠᠬᠤ ᠬᠡᠷᠡᠭ᠌ᠲᠡᠶ ᠭᠡᠵᠦ᠍ ᠱᠠᠭᠠᠷᠳᠠᠪᠠ᠃ 24 ᠴᠠᠭ ᠪᠣᠷᠣᠭᠠᠨ ᠣᠷᠣᠬᠤ ᠤᠷᠢᠳᠴᠢᠯᠠᠭ᠍ᠰᠠᠨ ᠮᠡᠳᠡᠭᠡ᠎ᠶ᠋ᠢ ᠦᠨᠳᠦᠰᠦᠯᠡᠪᠡᠯ᠂ ᠤᠰᠤᠨ ᠠᠱᠢᠭ᠍ᠯᠠᠯᠲᠠ᠎ᠶ᠋ᠢᠨ ᠶᠠᠮᠤᠨ᠎ᠠᠴᠠ ᠾᠧᠪᠸᠢ᠂ ᠯᠢᠶᠣᠤᠨᠢᠩ᠂ ᠭᠢᠷᠢᠨ᠂ ᠬᠠᠢᠨᠠᠨ᠂ ᠰᠧᠴᠤᠸᠠᠨ᠂ ᠲᠥᠪᠡᠳ᠂ ᠱᠠᠨᠰᠢ᠂ ᠭᠠᠨᠰᠦ᠂ ᠬᠥᠬᠡᠨᠠᠭᠤᠷ᠂ ᠨᠢᠩᠱᠢᠶᠠ ᠵᠡᠷᠭᠡ 10 ᠮᠤᠵᠢ ( ᠥᠪᠡᠷᠲᠡᠭᠡᠨ ᠵᠠᠰᠠᠬᠤ ᠣᠷᠣᠨ )᠎ᠳᠤ 《ᠨᠢᠭᠡ ᠮᠤᠵᠢ᠎ᠳᠦ ᠨᠢᠭᠡ ᠲᠠᠩᠰᠠ》 ᠶ᠋ᠢᠨ ᠬᠠᠨᠳᠤᠯᠭᠠᠲᠤ ᠰᠡᠷᠡᠮᠵᠢ᠎ᠶ᠋ᠢᠨ ᠳᠣᠬᠢᠶ᠎ᠠ ᠥᠭ᠌ᠴᠦ᠂ ᠱᠢᠷᠦᠭᠦᠨ ᠪᠣᠷᠣᠭᠠᠨ᠎ᠢ ᠰᠡᠷᠭᠡᠢᠯᠡᠨ ᠠᠷᠭᠠᠴᠠᠭᠠᠬᠤ ᠠᠵᠢᠯ᠎ᠢ ᠰᠠᠢᠲᠤᠷ ᠬᠢᠬᠦ᠌᠎ᠶ᠋ᠢ ᠰᠠᠨᠠᠭᠤᠯᠪᠠ᠃
ᠵᠣᠬᠢᠶᠠᠭ᠍ᠴᠢ᠄ ᠬᠠᠷᠢᠭᠤᠴᠠᠭ᠍ᠰᠠᠨ ᠨᠠᠢᠷᠠᠭᠤᠯᠤᠭ᠍ᠴᠢ᠄ ᠸᠧᠶ ᠶᠦᠩ ᠵᠢᠩ