《ᠡᠠᠷᠠᠣᠠ᠎ᠤᠨ ᠡᠳᠦᠷ᠎ᠤᠨ ᠰᠣᠨᠢᠠ》 ( 2025 ᠣᠨ᠎ᠤ 08 ᠳ᠋ᠤᠭᠠᠷ ᠰᠠᠷ᠎ᠠ᠎ᠶ᠋ᠢᠨ 14 ᠤ ᠡᠳᠦᠷ 04 ᠳ᠋ᠦ᠍ᠭᠡᠷ ᠬᠡᠪᠯᠡᠯ )
ᠲᠤᠰ ᠰᠣᠨᠢᠠ ᠪᠠᠭᠡᠵᠢᠩ᠎ᠤᠨ 8 ᠳ᠋ᠤᠭᠠᠷ ᠰᠠᠷ᠎ᠠ᠎ᠶ᠋ᠢᠨ 13᠎ᠤ ᠡᠳᠦᠷ᠎ᠤᠨ ᠴᠠᠬᠢᠯᠭᠠᠨ ᠮᠡᠳᠡᠭᠡ 8 ᠳ᠋ᠤᠭᠠᠷ ᠰᠠᠷ᠎ᠠ᠎ᠶ᠋ᠢᠨ 13᠎ᠤ ᠡᠳᠦᠷ᠎ᠤᠨ13 ᠴᠠᠭ᠎ᠤᠨ ᠡᠮᠦᠨ᠎ᠡ ᠬᠣᠢᠨ᠎ᠠ᠂ ᠡᠨᠡ ᠵᠢᠯ᠎ᠦᠨ 11 ᠳ᠋ᠦ᠍ᠭᠡᠷ ᠨᠣᠮᠧᠷᠲᠤ ᠲᠠᠢᠹᠧᠩ ᠰᠠᠯᠬᠢ 《 ᠶᠠᠩ ᠯᠢᠦ 》 ᠶᠢᠨ ᠲᠥᠪ ᠨᠢ ᠲᠠᠢᠸᠠᠨ᠎ᠤ ᠲᠠᠶ᠋ᠢᠳᠦ᠋ᠩ ᠰᠢᠶᠠᠨ᠎ᠤ ᠲᠠᠢ ᠮᠠ ᠯᠢ ᠰᠢᠶᠠᠩ᠎ᠤᠨ ᠲᠡᠯᠡᠶ ᠳᠠᠭᠠᠤ᠎ᠪᠠᠷ ᠬᠠᠭᠤᠷᠠᠢ᠎ᠳᠤ ᠭᠠᠷᠴᠤ᠂ ᠬᠠᠭᠤᠷᠠᠢ᠎ᠳᠤ ᠭᠠᠷᠬᠤ ᠦᠶ᠎ᠡ᠎ᠶ᠋ᠢᠨ ᠣᠢᠷ᠎ᠠ ᠬᠠᠪᠢ᠎ᠶᠢᠨ ᠬᠠᠮᠤᠭ᠎ᠤᠨ ᠶᠡᠬᠡ ᠰᠠᠯᠬᠢᠨ᠎ᠤ ᠬᠦᠴᠦ ᠨᠢ 14 ᠲᠠᠰ᠎ᠲᠤ ᠬᠦᠷᠴᠡᠢ ; 17 ᠴᠠᠭ᠎ᠲᠤ ᠲᠡᠭᠦᠨ᠎ᠦ ᠲᠥᠪ ᠨᠢ ᠹᠦᠵᠢᠶᠠᠨ᠎ᠤ ᠵᠠᠩ ᠫᠦ᠋ ᠰᠢᠶᠠᠨ᠎ᠠᠴᠠ ᠵᠡᠭᠦᠨ ᠡᠮᠦᠨᠡᠰᠢ ᠪᠠᠷᠤᠭ 260 ᠺᠢᠯᠣᠮᠧᠲᠷ ᠵᠠᠢᠲᠠᠢ ᠲᠠᠢᠸᠠᠨ ᠬᠣᠭᠣᠯᠠᠢ᠎ᠶᠢᠨ ᠳᠠᠯᠠᠶ ᠳᠡᠭᠡᠷ᠎ᠡ ᠣᠷᠣᠰᠢᠵᠤ᠂ ᠲᠥᠪ᠎ᠦᠨ ᠣᠢᠷ᠎ᠠ ᠬᠠᠪᠢ᠎ᠶᠢᠨ ᠬᠠᠮᠤᠭ ᠶᠡᠬᠡ ᠰᠠᠯᠬᠢᠨ᠎ᠤ ᠬᠦᠴᠦ ᠨᠢ 12 ᠳᠡᠰ᠎ᠲᠤ ᠬᠦᠷᠴᠦ᠍᠂ ᠬᠦᠴᠦᠯᠡᠴᠡ ᠨᠢ ᠲᠠᠢᠹᠧᠩ ᠰᠠᠯᠬᠢᠨ᠎ᠤ ᠳᠡᠰ ᠪᠣᠯᠣᠨ᠎ᠠ᠃ ᠲᠥᠪ᠎ᠦᠨ ᠴᠠᠭ ᠠᠭᠤᠷ᠎ᠤᠨ ᠬᠣᠷᠢᠶᠠᠨ᠎ᠤ ᠵᠢᠱ᠌ᠢᠯᠲᠡ᠎ᠪᠡᠷ᠂ 《 ᠶᠠᠩ ᠯᠢᠦ 》13᠎ᠤ ᠡᠳᠦᠷ᠎ᠦᠨ ᠰᠥᠨᠢ ᠹᠦᠵᠢᠶᠠᠨ᠎ᠤ ᠰᠢᠶᠠᠮᠧᠨ᠎ᠡᠴᠡ ᠭᠤᠸᠠᠩᠳᠦ᠋ᠩ ᠦᠨ ᠱᠠᠨᠲᠧᠦ ᠣᠷᠴᠢᠮ᠎ᠤᠨ ᠳᠠᠯᠠᠶ ᠳᠠᠭᠠᠤ ᠣᠷᠣᠨ᠎ᠢᠶᠠᠷ ᠳᠠᠬᠢᠨᠲᠠ ᠬᠠᠭᠤᠷᠠᠢ᠎ᠳᠤ ᠭᠠᠷᠴᠦ᠍᠂ ᠵᠢᠱ᠌ᠢᠯᠲᠡ᠎ᠪᠡᠷ ᠬᠠᠭᠤᠷᠠᠢ᠎ᠳᠤ ᠭᠠᠷᠬᠤ ᠦᠶ᠎ᠡ᠎ᠳᠦ ᠬᠠᠯᠠᠭᠤᠨ ᠪᠦᠰᠡᠨ᠎ᠦ ᠳᠣᠭ᠍ᠰᠢᠨ ᠰᠠᠯᠬᠢᠨ᠎ᠤ ᠳᠡᠰ ᠪᠤᠶᠤ ᠲᠠᠢᠹᠧᠩ ᠰᠠᠯᠬᠢᠨ᠎ᠤ ᠳᠡᠰ ᠪᠣᠯᠣᠨ᠎ᠠ ᠃
《ᠶᠠᠩ ᠯᠢᠦ》 ᠬᠠᠭᠤᠷᠠᠢᠳ᠋ᠤ ᠭᠠᠷᠬᠤ ᠨᠥᠯᠥᠭᠡ᠎ᠪᠡᠷ᠂ ᠵᠢᠱ᠌ᠢᠯᠲᠡ᠎ᠪᠡᠷ 8 ᠳ᠋ᠤᠭᠠᠷ ᠰᠠᠷ᠎ᠠ᠎ᠶᠢᠨ 13 ᠤ᠋ ᠡᠳᠦᠷ᠎ᠡᠴᠡ 15 ᠤ᠋ ᠡᠳᠦᠷ ᠪᠣᠯᠲᠠᠯ᠎ᠠ᠂ ᠡᠮᠦᠨᠡᠲᠦ ᠣᠷᠣᠨ᠂ ᠵᠢᠶᠠᠩ ᠨᠠᠨᠤ᠋ ᠡᠮᠦᠨ᠎ᠡ ᠬᠡᠰᠡᠭ ᠵᠡᠷᠭᠡ ᠭᠠᠵᠠᠷ᠎ᠲᠤ᠌ ᠨᠢᠭᠡ ᠤᠳᠠᠭᠠᠨ᠎ᠤ᠋ ᠱᠢᠷᠦᠭᠦᠨ ᠪᠣᠷᠣᠭᠠᠨ ᠣᠷᠣᠬᠤ ᠪᠣᠯᠤᠨ᠎ᠠ᠂ ᠡᠭᠦᠨ᠎ᠳ᠋ᠦ᠍ ᠹᠦᠵᠢᠶᠠᠨᠤ᠋ ᠡᠮᠦᠨᠡᠲᠦ ᠬᠡᠰᠡᠭ᠂ ᠭᠤᠸᠠᠩᠳᠦ᠋ᠩ᠎ᠦ᠋ᠨ ᠵᠡᠭᠦᠨ ᠬᠡᠰᠡᠭᠦ᠋ᠨ ᠬᠣᠢᠲᠤ ᠬᠡᠰᠡᠭ᠂ ᠬᠤᠨᠠᠨᠤ᠋ ᠡᠮᠦᠨ᠎ᠡ ᠬᠡᠰᠡᠭ ᠵᠡᠷᠭᠡ ᠭᠠᠵᠠᠷ᠎ᠤ᠋ᠨ ᠬᠡᠰᠡᠭ ᠭᠠᠵᠠᠷ᠎ᠲᠤ᠌ ᠶᠡᠬᠡ ᠱᠢᠷᠦᠭᠦᠨ ᠪᠣᠷᠣᠭᠠᠨ ᠣᠷᠣᠨ᠎ᠠ; ᠹᠦᠵᠢᠶᠠᠨᠤ᠋ ᠡᠮᠦᠨᠡᠲᠦ ᠬᠡᠰᠡᠭ ᠳᠠᠯᠠᠢ ᠳᠠᠭᠠᠤ ᠣᠷᠣᠨ᠂ ᠭᠤᠸᠠᠩᠳᠦ᠋ᠩ᠎ᠦ᠋ᠨ ᠬᠠᠨ ᠵᠢᠶᠠᠩ᠂ ᠳ᠋ᠦᠩ ᠵᠢᠶᠠᠩ᠂ ᠪᠧᠢ ᠵᠢᠶᠠᠩ ᠵᠢᠴᠢ ᠭᠤᠸᠠᠩᠳᠦ᠋ᠩ᠎ᠤᠨ ᠵᠡᠭᠦᠨ ᠬᠡᠰᠡᠭᠦ᠋ᠨ ᠳᠠᠯᠠᠢ ᠳᠠᠭᠠᠤ ᠣᠷᠣᠨ᠎ᠳ᠋ᠤ᠂ ᠭᠣᠸᠠᠩᠰᠢᠶᠢᠨ ᠰᠢ ᠵᠢᠶᠠᠩ ᠮᠥᠷᠡᠨ ᠵᠢᠴᠢ ᠰᠠᠯᠪᠤᠷᠢ ᠤᠷᠤᠰᠭᠠᠯ᠎ᠤ᠋ᠨ ᠯᠢᠦ ᠵᠢᠶᠠᠩ᠂ ᠬᠦᠢ ᠵᠢᠶᠠᠩ᠂ ᠾᠧ ᠵᠢᠶᠠᠩ᠂ ᠬᠤᠨᠠᠨᠤ᠋ ᠱᠢᠶᠠᠩ ᠵᠢᠶᠠᠩ᠂ ᠽᠢ ᠱᠦᠢ᠂ ᠶᠤᠸᠠᠨ ᠵᠢᠶᠠᠩ ᠵᠡᠷᠭᠡ ᠭᠣᠣᠯ ᠤᠷᠤᠰᠴᠤ᠌᠂ ᠰᠢᠷᠦᠭᠦᠨ ᠪᠣᠷᠣᠭᠠᠨ᠎ᠤ ᠣᠷᠣᠨ᠎ᠤ ᠳᠣᠲᠣᠷᠠᠬᠢ ᠬᠡᠰᠡᠭ ᠳᠤᠮᠳᠠ ᠵᠢᠵᠢᠭ ᠭᠣᠣᠯ ᠮᠥᠷᠡᠨ᠎ᠳᠦ ᠰᠡᠷᠡᠮᠵᠢᠯᠡᠭᠦᠯᠬᠦ᠌ ᠱᠤᠭᠤᠮ ᠠᠴᠠ ᠳᠠᠪᠠᠭ᠍ᠰᠠᠨ ᠦᠶᠡᠷ᠎ᠦᠨ ᠭᠠᠮᠰᠢᠭ᠋ ᠭᠠᠷᠴᠤ ᠮᠡᠳᠡᠨ᠎ᠡ᠃
13 ᠤ ᠡᠳᠦᠷ᠎ᠤᠨ 11 ᠴᠠᠭ᠎ᠲᠤ᠌᠂ ᠤᠰᠤᠨ ᠠᠱᠢᠭ᠍ᠯᠠᠯᠲᠠ᠎ᠶ᠋ᠢᠨ ᠶᠠᠮᠤᠨ ᠹᠦᠵᠢᠶᠠᠨ᠂ ᠭᠤᠸᠠᠩᠳᠦ᠋ᠩ᠂ ᠭᠤᠸᠠᠩᠰᠢ᠂ ᠬᠤᠨᠠᠨ 4 ᠮᠤᠵᠢ ( ᠥᠪᠡᠷᠲᠡᠭᠡᠨ ᠵᠠᠰᠠᠬᠤ ᠣᠷᠣᠨ ) ᠶ᠋ᠢᠨ ᠦᠶᠡᠷ᠎ᠤᠨ ᠰᠡᠷᠭᠡᠢᠯᠡᠯᠲᠡ᠎ᠶ᠋ᠢᠨ Ⅳ ᠲᠠᠰ᠎ᠤᠨ ᠪᠠᠴᠢᠮ ᠪᠠᠢᠳᠠᠯ᠎ᠢ ᠠᠷᠭᠠᠴᠠᠭᠠᠬᠤ ᠲᠥᠰᠦᠯ᠎ᠢ ᠡᠬᠢᠯᠡᠭᠦᠯᠬᠦ᠌᠎ᠶ᠋ᠢᠨ ᠬᠠᠮᠲᠤ 3 ᠠᠵᠢᠯᠯᠠᠬᠤ ᠳᠤᠭᠤᠢᠯᠠᠩ ᠲᠣᠮᠢᠯᠠᠨ ᠹᠦᠵᠢᠶᠠᠨ᠂ ᠭᠤᠸᠠᠩᠳᠦ᠋ᠩ᠂ ᠭᠤᠸᠠᠩᠰᠢ᠎ᠳᠤ ᠣᠴᠢᠭᠤᠯᠵᠤ ᠲᠠᠢᠹᠧᠩ ᠰᠠᠯᠬᠢ ᠱᠢᠷᠦᠭᠦᠨ ᠪᠣᠷᠣᠭᠠᠨ᠎ᠤ ᠦᠶᠡᠷ᠎ᠤᠨ ᠤᠰᠤ᠎ᠶ᠋ᠢ ᠰᠡᠷᠭᠡᠢᠯᠡᠬᠦ᠌ ᠠᠵᠢᠯ᠎ᠢ ᠬᠠᠮᠵᠢᠨ ᠵᠢᠯᠣᠭᠤᠳᠪᠠ᠃
13 ᠤ ᠡᠳᠦᠷ᠎ᠤᠨ 17 ᠴᠠᠭ᠎ᠲᠤ᠌᠂ ᠤᠯᠤᠰ᠎ᠤᠨ ᠦᠶᠡᠷ᠎ᠢ ᠰᠡᠷᠭᠡᠢᠯᠡᠵᠦ ᠭᠠᠩ᠎ᠢ ᠰᠡᠷᠭᠡᠢᠯᠡᠬᠦ ᠶᠡᠷᠦᠩᠬᠡᠢ ᠵᠢᠯᠤᠭᠣᠳᠬᠤ ᠭᠠᠵᠠᠷ ᠭᠣᠸᠠᠩᠳᠦ᠋ᠩ᠂ ᠹᠦᠵᠢᠶᠠᠨ᠎ᠤ ᠦᠶᠡᠷ᠎ᠢ ᠰᠡᠷᠭᠡᠢᠯᠡᠬᠦ ᠲᠠᠢᠹᠧᠩ ᠰᠠᠯᠬᠢᠨ᠎ᠢ ᠰᠡᠷᠭᠡᠢᠯᠡᠬᠦ ᠪᠠᠴᠢᠮ ᠪᠠᠢᠳᠠᠯ᠎ᠢ ᠠᠷᠭᠠᠴᠠᠭᠠᠬᠤ ᠲᠥᠰᠥᠯ᠎ᠢ ᠭᠤᠷᠪᠠᠳᠤᠭᠠᠷ ᠳᠡᠰ᠎ᠲᠤ ᠬᠦᠷᠲᠡᠯ᠎ᠡ ᠳᠡᠭᠡᠭᠰᠢᠯᠡᠭᠦᠯᠵᠦ᠂ ᠡᠮᠦᠨᠡᠬᠢ ᠬᠤᠭᠤᠴᠠᠭᠠᠨ᠎ᠳᠤ ᠲᠣᠮᠢᠯᠠᠭ᠍ᠰᠠᠨ ᠠᠵᠢᠯᠯᠠᠬᠤ ᠳᠤᠭᠤᠢᠯᠠᠩ ᠦᠷᠭᠦᠯᠵᠢᠯᠡᠨ ᠭᠤᠸᠠᠩᠳᠦ᠋ᠩ᠎ᠳᠤ ᠲᠠᠢᠹᠧᠩ ᠰᠠᠯᠬᠢ᠎ᠶ᠋ᠢ ᠰᠡᠷᠭᠡᠢᠯᠡᠨ ᠠᠷᠭᠠᠴᠠᠭᠠᠬᠤ ᠠᠵᠢᠯ᠎ᠢ ᠬᠠᠮᠵᠢᠨ ᠵᠢᠯᠣᠭᠤᠳᠤᠨ᠎ᠠ᠃ 13 ᠤ᠋ ᠡᠳᠦᠷ᠎ᠦ᠋ᠨ 18 ᠴᠠᠭ᠎ᠲᠤ᠌ ᠲᠥᠪ᠎ᠦ᠋ᠨ ᠴᠠᠭ ᠠᠭᠤᠷ᠎ᠤ᠋ᠨ ᠬᠣᠷᠢᠶ᠎ᠠ ᠲᠠᠢᠹᠧᠩ ᠰᠠᠯᠬᠢᠨᠤ᠋ ᠤᠯᠠᠪᠤᠷ ᠥᠩᠭᠡ᠎ᠶᠢᠨ ᠰᠡᠷᠡᠮᠵᠢ᠎ᠶᠢᠨ ᠳᠣᠬᠢᠶ᠎ᠠ ᠨᠡᠢᠲᠡᠯᠡᠪᠡ ᠃
ᠵᠢᠱ᠌ᠢᠯᠲᠡ᠎ᠪᠠᠷ 8 ᠳ᠋ᠤᠭᠠᠷ ᠰᠠᠷ᠎ᠠ᠎ᠶ᠋ᠢᠨ 13 ᠤ ᠡᠳᠦᠷ᠎ᠤᠨ 20 ᠴᠠᠭ᠎ᠠᠴᠠ 8 ᠳ᠋ᠤᠭᠠᠷ ᠰᠠᠷ᠎ᠠ᠎ᠶ᠋ᠢᠨ 14 ᠤ ᠡᠳᠦᠷ᠎ᠤᠨ 20 ᠴᠠᠭ ᠪᠣᠯᠲᠠᠯ᠎ᠠ᠂ ᠹᠦᠵᠢᠶᠠᠨ᠎ᠤ ᠵᠡᠭᠦᠨ ᠬᠤᠢᠲᠤ ᠬᠡᠰᠡᠭ ᠪᠠ ᠡᠮᠦᠨ᠎ᠡ ᠬᠡᠰᠡᠭ᠂ ᠵᠢᠶᠠᠩᠰᠢ᠎ᠶ᠋ᠢᠨ ᠡᠮᠦᠨ᠎ᠡ ᠬᠡᠰᠡᠭ᠂ ᠬᠤᠨᠠᠨ᠎ᠤ ᠡᠮᠦᠨ᠎ᠡ ᠬᠡᠰᠡᠭ᠂ ᠭᠤᠸᠠᠩᠳᠦ᠋ᠩ᠎ᠤᠨ ᠬᠤᠢᠲᠤ ᠬᠡᠰᠡᠭ᠂ ᠰᠧᠴᠤᠸᠠᠨ᠎ᠤ ᠪᠠᠷᠠᠭᠤᠨ ᠡᠮᠦᠨ᠎ᠡ ᠬᠡᠰᠡᠭ ᠵᠡᠷᠭᠡ ᠭᠠᠵᠠᠷ᠎ᠤᠨ ᠬᠡᠰᠡᠭ ᠭᠠᠵᠠᠷ᠎ᠲᠤ ᠠᠭᠤᠯᠠᠨ ᠦᠶᠡᠷ᠎ᠤᠨ ᠭᠠᠮᠱᠢᠭ ᠡᠭᠦᠰᠭᠦ ᠪᠣᠯᠣᠯᠴᠠᠭᠠᠲᠤ ᠴᠢᠨᠠᠷ ᠨᠡᠯᠢᠶᠡᠳ ᠶᠡᠭᠡ ᠪᠠᠢᠵᠤ᠂ ᠡᠭᠦᠨ᠎ᠳᠤ ᠹᠦᠵᠢᠶᠠᠨ᠎ᠤ ᠡᠮᠦᠨ᠎ᠡ ᠬᠡᠰᠡᠭ᠂ ᠭᠤᠸᠠᠩᠳᠦ᠋ᠩ᠎ᠤᠨ ᠵᠡᠭᠦᠨ ᠬᠤᠢᠲᠤ ᠬᠡᠰᠡᠭ᠎ᠤᠨ ᠬᠡᠰᠡᠭ ᠭᠠᠵᠠᠷ᠎ᠲᠤ ᠠᠭᠤᠯᠠᠨ ᠦᠶᠡᠷ᠎ᠤᠨ ᠭᠠᠮᠱᠢᠭ ᠡᠭᠦᠰᠭᠦ ᠪᠣᠯᠣᠯᠴᠠᠭᠠᠲᠤ ᠴᠢᠨᠠᠷ ᠨᠡᠯᠢᠶᠡᠳ ᠶᠡᠭᠡ ᠪᠣᠯᠤᠨ᠎ᠠ᠃ 13 ᠤ ᠡᠳᠦᠷ᠎ᠤᠨ 18 ᠴᠠᠭ᠎ᠲᠤ᠌᠂ ᠤᠰᠤᠨ ᠠᠱᠢᠭ᠍ᠯᠠᠯᠲᠠ᠎ᠶ᠋ᠢᠨ ᠶᠠᠮᠤᠨ᠂ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ ᠲᠤᠰ ᠲᠤᠰ ᠳᠤᠮᠳᠠᠳᠤ ᠤᠯᠤᠰ᠎ᠤᠨ ᠴᠠᠭ ᠠᠭᠤᠷ᠎ᠤᠨ ᠲᠣᠪᠴᠢᠶ᠎ᠠ᠎ᠲᠠᠢ ᠠᠭᠤᠯᠠᠨ ᠦᠶᠡᠷ᠎ᠤᠨ ᠭᠠᠮᠱᠢᠭ᠎ᠤᠨ ᠴᠠᠭ ᠠᠭᠤᠷ᠎ᠤᠨ ᠰᠡᠷᠡᠮᠵᠢᠯᠡᠭᠦᠯᠦᠯ᠂ ᠭᠠᠵᠠᠷ ᠱᠢᠨᠵᠢᠯᠡᠭᠡᠨ᠎ᠤ ᠭᠠᠮᠱᠢᠭ᠎ᠤᠨ ᠴᠠᠭ ᠠᠭᠤᠷ᠎ᠤᠨ ᠲᠦᠭ᠌ᠰᠢᠭᠦᠷᠢ᠎ᠶ᠋ᠢᠨ ᠰᠡᠷᠡᠮᠵᠢᠯᠡᠭᠦᠯᠦᠯ᠎ᠢ ᠨᠡᠢᠲᠡᠯᠡᠪᠡ᠃
ᠡᠨᠡ ᠵᠢᠯ᠎ᠦᠨ 11 ᠳ᠋ᠦ᠍ᠭᠡᠷ ᠨᠣᠮᠧᠷᠲᠤ ᠲᠠᠢᠹᠧᠩ ᠰᠠᠯᠬᠢ 《 ᠶᠠᠩ ᠯᠢᠦ 》 ᠤᠯᠠᠮ ᠨᠢᠭᠡ ᠠᠯᠬᠤᠮ ᠭᠤᠸᠠᠩᠳᠦ᠋ᠩ᠎ᠦᠨ ᠵᠡᠭᠦᠨ ᠬᠡᠰᠡᠭ᠎ᠦᠨ ᠲᠡᠯᠡᠶ ᠳᠠᠭᠠᠤ ᠵᠦᠭ ᠬᠠᠨᠳᠤᠬᠤ᠎ᠠᠴᠠ ᠪᠣᠯᠵᠤ᠂ ᠭᠤᠸᠠᠩᠳᠦ᠋ᠩ᠎ᠳᠦ ᠬᠦᠨᠳᠦ ᠨᠣᠴᠢᠲᠠᠢ ᠰᠠᠯᠬᠢ ᠪᠣᠷᠣᠭᠠᠨ ᠳᠠᠪᠠᠯᠭᠠᠨ᠎ᠤ ᠨᠥᠯᠥᠭᠡ ᠠᠪᠴᠢᠷᠠᠬᠤ ᠪᠣᠯᠣᠨ᠎ᠠ᠃ ᠭᠤᠸᠠᠩᠳᠦ᠋ᠩ ᠮᠣᠵᠢ᠎ᠶᠢᠨ ᠦᠶᠡᠷ᠎ᠢ᠋ ᠰᠡᠷᠭᠡᠢᠯᠡᠨ ᠭᠠᠩ᠎ᠲᠠᠢ ᠲᠡᠮᠡᠴᠡᠬᠦ᠌ ᠶᠡᠷᠦᠩᠬᠡᠢ ᠵᠢᠯᠣᠭᠣᠳᠭᠤ ᠭᠠᠵᠠᠷ 8 ᠳ᠋ᠤᠭᠠᠷ ᠰᠠᠷ᠎ᠠ᠎ᠶᠢᠨ 13 ᠤ᠋ ᠡᠳᠦᠷ᠎ᠦ᠋ᠨ 13 ᠴᠠᠭ᠎ᠲᠤ᠌ ᠰᠠᠯᠬᠢᠨᠤ᠋ ᠰᠡᠷᠭᠡᠢᠯᠡᠯᠲᠡ᠎ᠶᠢᠨ Ⅲᠳᠡᠰ᠎ᠦ᠋ᠨ ᠪᠠᠴᠢᠮ ᠪᠠᠢᠳᠠᠯ᠎ᠢ᠋ ᠠᠷᠭᠠᠴᠠᠭᠠᠨ ᠰᠡᠷᠭᠡᠢᠯᠡᠬᠦ᠌᠎ᠶ᠋ᠢ ᠬᠣᠶᠠᠳᠤᠭᠠᠷ ᠳᠡᠰ᠎ᠦ᠋ᠨ ᠪᠠᠴᠢᠮ ᠪᠠᠢᠳᠠᠯ᠎ᠢ᠋ ᠠᠷᠭᠠᠴᠠᠭᠠᠬᠤ ᠠᠵᠢᠯᠯᠠᠭ᠎ᠠ ᠪᠣᠯᠭᠠᠨ ᠳᠡᠭᠡᠭ᠌ᠱᠢᠯᠡᠭᠦᠯᠬᠦ᠌ᠪᠡᠷ ᠲᠣᠭ᠍ᠲᠠᠪᠠ᠃ ᠹᠦᠵᠢᠶᠠᠨ ᠮᠣᠵᠢ᠎ᠶᠢᠨ ᠴᠠᠭ ᠠᠭᠤᠷ᠎ᠤ᠋ᠨ ᠬᠣᠷᠢᠶ᠎ᠠ 8 ᠳ᠋ᠤᠭᠠᠷ ᠰᠠᠷ᠎ᠠ᠎ᠶᠢᠨ 13 ᠤ᠋ ᠡᠳᠦᠷ᠎ᠦ᠋ᠨ 12 ᠴᠠᠭ᠎ᠲᠤ 《ᠲᠠᠢᠹᠧᠩ ᠰᠠᠯᠬᠢᠨᠤ᠋ ᠣᠷᠢᠳᠴᠢᠯᠠᠭ᠍ᠰᠠᠨ ᠰᠡᠷᠡᠮᠵᠢᠯᠡᠭᠦᠯᠦᠯ 》 ᠢ᠋ ᠬᠣᠶᠠᠳᠤᠭᠠᠷ ᠳᠡᠰ ᠬᠦᠷᠲᠡᠯ᠎ᠡ ᠳᠡᠭᠡᠭ᠌ᠰᠢᠯᠡᠭᠦᠯᠵᠦ᠍᠂ 《ᠱᠢᠷᠦᠭᠦᠨ ᠪᠣᠷᠣᠭᠠᠨᠤ᠋ ᠣᠷᠢᠳᠴᠢᠯᠠᠭ᠍ᠰᠨ ᠰᠡᠷᠡᠮᠵᠢᠯᠡᠭᠦᠯᠦᠯ Ⅲ ᠳᠡᠰ》 ᠢ ᠨᠡᠢᠲᠡᠯᠡᠪᠡ᠃ ᠹᠦᠵᠢᠶᠠᠨ ᠮᠤᠵᠢ᠎ᠶ᠋ᠢᠨ ᠦᠶᠡᠷ᠎ᠢ ᠰᠡᠷᠭᠡᠢᠯᠡᠵᠦ᠍ ᠭᠠᠩ ᠬᠠᠭ᠍ᠰᠠᠷᠠᠭᠠᠨ᠎ᠲᠠᠢ ᠲᠡᠮᠡᠴᠡᠬᠦ᠌ ᠵᠢᠯᠣᠭᠤᠳᠭᠤ ᠭᠠᠵᠠᠷ 13 ᠤ ᠡᠳᠦᠷ᠎ᠤᠨ 12 ᠴᠠᠭ᠎ᠲᠤ ᠲᠠᠢᠹᠧᠩ ᠰᠠᠯᠬᠢ᠎ᠶ᠋ᠢ ᠰᠡᠷᠭᠡᠢᠯᠡᠬᠦ᠌ ᠪᠠᠴᠢᠮ ᠪᠠᠢᠳᠠᠯ᠎ᠢ ᠠᠷᠭᠠᠴᠠᠭᠠᠬᠤ Ⅱᠳᠡᠰ᠂ ᠡᠭᠦᠨ᠎ᠦ ᠬᠠᠮᠲᠤ ᠦᠶᠡᠷ᠎ᠢ ᠰᠡᠷᠭᠡᠢᠯᠡᠬᠦ᠌ Ⅳ ᠲᠠᠰ᠎ᠤᠨ ᠪᠠᠴᠢᠮ ᠪᠠᠢᠳᠠᠯ᠎ᠢ ᠠᠷᠭᠠᠴᠠᠭᠠᠬᠤ᠎ᠶ᠋ᠢ ᠴᠤᠤᠷᠢᠶᠠᠳᠤᠨ ᠳᠠᠭᠠᠬᠤ᠎ᠶ᠋ᠢ ᠵᠡᠷᠭᠡ᠎ᠪᠠᠷ ᠡᠬᠢᠯᠡᠭᠦᠯᠪᠡ᠃
( ᠲᠤᠰ ᠰᠣᠨᠢᠨ᠎ᠤ ᠰᠤᠷᠪᠤᠯᠵᠢᠯᠠᠭ᠍ᠴᠢ ᠯᠢ ᠬᠣᠩ ᠮᠧᠶ ᠂ ᠯᠢᠦ ᠸᠸᠨ ᠰᠢᠨ ᠂ ᠳ᠋ᠧᠩ ᠵᠢᠶᠠᠨ ᠶᠠᠩ ᠂ ᠯᠢ ᠭᠠᠩ ᠂ ᠵᠥᠩ ᠽᠢ ᠸᠧᠢ ᠶᠡᠷᠦᠩᠬᠡᠢᠯᠡᠨ ᠮᠡᠳᠡᠭᠡᠯᠡᠪᠡ )
ᠬᠠᠷᠢᠭᠤᠴᠠᠭ᠍ᠰᠠᠨ ᠨᠠᠢᠷᠠᠭᠤᠯᠤᠭ᠍ᠴᠢ᠄ ᠭᠣᠣ ᠪᠦᠸᠸ