ᠱᠢᠨᠬᠤᠸᠠ ᠬᠤᠷᠢᠶᠠᠨ᠎ᠤ ᠪᠡᠭᠡᠵᠢᠩ᠎ᠤᠨ 7 ᠳ᠋ᠤᠭᠠᠷ ᠰᠠᠷ᠎ᠠ᠎ᠶ᠋ᠢᠨ 29 ᠤ ᠴᠠᠬᠢᠯᠭᠠᠨ ᠮᠡᠳᠡᠭᠡ ᠰᠡᠳᠦᠪ᠄ ᠦᠶᠡᠷ᠎ᠢ ᠰᠡᠷᠭᠡᠢᠯᠡᠵᠦ᠍ ᠠᠶᠤᠯ᠎ᠠᠴᠠ ᠠᠪᠤᠷᠠᠵᠤ ᠭᠠᠮᠱᠢᠭ᠎ᠠᠴᠠ ᠠᠪᠤᠷᠠᠬᠤ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠪᠡ
ᠱᠢᠨᠬᠤᠸᠠ ᠬᠤᠷᠢᠶᠠᠨ᠎ᠤ ᠰᠤᠷᠪᠤᠯᠵᠢᠯᠠᠭ᠍ᠴᠢ ᠱᠢᠶᠠᠩ ᡁᠢ ᠴᠢᠶᠠᠩ
ᠣᠳᠣᠬᠠᠨ᠎ᠳᠤ ᠨᠢᠭᠡᠨᠲᠡ 《ᠲᠤᠯᠤᠭᠠᠨ ᠰᠠᠷ᠎ᠠ᠎ᠶ᠋ᠢᠨ ᠰᠡᠭᠦᠯᠴᠢ ᠨᠠᠢ᠍ᠮᠠᠨ ᠰᠠᠷ᠎ᠠ᠎ᠶ᠋ᠢᠨ ᠡᠬᠢᠨ》 ᠤ ᠦᠶᠡᠷ᠎ᠢ ᠰᠡᠷᠭᠡᠢᠯᠡᠬᠦ᠌ ᠵᠠᠩᠭᠢᠯᠠᠭ᠎ᠠ᠎ᠶ᠋ᠢᠨ ᠬᠤᠭᠤᠴᠠᠭᠠᠨ᠎ᠳᠤ ᠣᠷᠣᠪᠠ᠃ ᠣᠢᠷ᠎ᠠ᠎ᠳᠤ ᠳᠣᠷᠣᠨᠠᠲᠤ ᠣᠷᠣᠨ᠂ ᠤᠮᠠᠷᠠᠲᠤ ᠣᠷᠣᠨ᠂ ᠵᠡᠭᠦᠨ ᠬᠤᠢᠲᠤ ᠣᠷᠣᠨ ᠵᠡᠷᠭᠡ ᠭᠠᠵᠠᠷ᠎ᠲᠤ ᠦᠷᠭᠦᠯᠵᠢᠯᠡᠨ ᠱᠢᠷᠦᠭᠦᠨ ᠪᠣᠷᠣᠭᠠᠨ ᠣᠷᠣᠵᠤ᠂ ᠦᠶᠡᠷ ᠤᠰᠤᠲᠤᠯ ᠪᠠ ᠭᠠᠵᠠᠷ᠎ᠤᠨ ᠭᠠᠮᠱᠢᠭ ᠡᠭᠦᠰᠴᠦ᠍᠂ ᠪᠡᠭᠡᠵᠢᠩ᠂ ᠾᠧᠪᠧᠶ᠂ ᠭᠢᠷᠢᠨ᠂ ᠱᠠᠨᠳᠦ᠋ᠩ ᠵᠡᠷᠭᠡ ᠭᠠᠵᠠᠷ᠎ᠲᠤ ᠬᠥᠮᠦᠨ ᠬᠠᠷ᠎ᠠ ᠠᠳᠡᠵᠦ᠍ ᠱᠢᠷᠬᠠᠲᠤᠭ᠍ᠰᠠᠨ ᠪᠠ ᠡᠳ᠋ ᠬᠥᠷᠥᠩᠭᠡ᠎ᠶ᠋ᠢᠨ ᠬᠦᠨᠳᠦ ᠶᠡᠭᠡ ᠬᠤᠬᠢᠷᠠᠯ᠎ᠳᠤ ᠤᠴᠠᠷᠠᠪᠠ᠃ ᠱᠢᠷᠦᠭᠦᠨ ᠪᠣᠷᠣᠭᠠᠨ ᠪᠠᠢᠨ ᠲᠠᠬᠢᠨ ᠡᠭᠦᠰᠭᠦ ᠬᠦᠨᠳᠦ ᠨᠣᠴᠢᠲᠠᠢ ᠪᠠᠢᠳᠠᠯ᠎ᠤᠨ ᠡᠮᠦᠨ᠎ᠡ᠂ ᠡᠷᠬᠡᠪᠰᠢ ᠬᠤᠷᠢᠭ᠎ᠠ ᠱᠤᠭᠤᠮ᠎ᠤᠨ ᠰᠡᠳᠭᠢᠬᠦᠢ᠂ ᠲᠦᠢᠯ᠎ᠤᠨ ᠬᠢᠵᠠᠭᠠᠷᠯᠠᠬᠤ ᠰᠡᠳᠭᠢᠬᠦᠢ᠎ᠶ᠋ᠢ ᠪᠠᠲᠤ ᠪᠤᠢ ᠪᠣᠯᠭᠠᠵᠤ᠂ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠪᠦᠬᠦ᠌ ᠲᠠᠯ᠎ᠠ᠎ᠪᠠᠷ ᠪᠣᠳᠠᠲᠠᠢᠵᠢᠭᠤᠯᠵᠤ᠂ ᠦᠶᠡᠷ᠎ᠢ ᠰᠡᠷᠭᠡᠢᠯᠡᠬᠦ᠌ ᠡᠯ᠎ᠡ ᠵᠦᠢᠯ᠎ᠤᠨ ᠠᠷᠭ᠎ᠠ ᠬᠡᠮᠵᠢᠶ᠎ᠡ᠎ᠶ᠋ᠢ ᠨᠠᠷᠢᠨ ᠨᠢᠮᠪᠠᠢ ᠨᠠᠢᠳᠠᠪᠤᠷᠢᠵᠢᠭᠤᠯᠵᠤ᠂ ᠠᠷᠠᠳ ᠲᠦᠮᠡᠨ᠎ᠤ ᠠᠮᠢ ᠨᠠᠰᠤ ᠡᠳ᠋ ᠬᠦᠷᠦᠩᠭᠡ᠎ᠶ᠋ᠢᠨ ᠠᠮᠤᠷ ᠲᠦᠪᠱᠢᠨ᠎ᠢ ᠪᠦᠬᠦ᠌ ᠬᠦᠴᠦᠨ᠎ᠢᠶᠠᠷ᠎ᠢᠶᠠᠨ ᠪᠠᠲᠤᠯᠠᠬᠤ ᠬᠡᠷᠡᠭ᠌ᠲᠡᠢ᠃
ᠶᠡᠭᠡ ᠱᠢᠯᠭᠠᠯᠲᠠ᠎ᠶ᠋ᠢᠨ ᠡᠮᠦᠨ᠎ᠡ᠂ ᠡᠷᠬᠡᠪᠰᠢ ᠶᠡᠭᠡ ᠦᠶᠡᠷ᠎ᠢ ᠰᠡᠷᠭᠡᠢᠯᠡᠵᠦ᠍᠂ ᠶᠡᠭᠡ ᠭᠠᠮᠱᠢᠭ᠎ᠢ ᠡᠰᠡᠷᠭᠦᠴᠡᠵᠦ᠍᠂ ᠠᠶᠤᠯ ᠲᠦᠭ᠌ᠰᠢᠭᠦᠷᠢ᠎ᠶ᠋ᠢᠨ ᠤᠬᠠᠮᠰᠠᠷ᠎ᠢᠶᠠᠨ ᠦᠨᠡᠨ ᠬᠦ᠌ ᠴᠢᠩᠭᠠᠳᠭᠠᠬᠤ ᠬᠡᠷᠡᠭ᠌ᠲᠡᠶ᠃ ᠵᠠᠷᠢᠮ ᠭᠠᠵᠠᠷ᠎ᠲᠤ ᠬᠡᠳᠦᠨ ᠡᠳᠦᠷ᠎ᠦᠨ ᠳᠤᠳᠤᠷ᠎ᠠ ᠦᠩᠭᠡᠷᠡᠭ᠌ᠰᠡᠨᠦ ᠬᠠᠭᠠᠰ ᠵᠢᠯ ᠴᠢᠨᠠᠭ᠍ᠰᠢᠯᠠᠪᠠᠯ ᠨᠢᠭᠡ ᠵᠢᠯ᠎ᠦᠨ ᠪᠤᠷᠤᠭᠠᠨ ᠤᠷᠤᠵᠦ᠍᠂ ᠵᠠᠷᠢᠮ ᠤᠯᠠᠮᠵᠢᠯᠠᠯᠲᠤ ᠤᠳᠬ᠎ᠠ᠎ᠠᠴᠠ ᠠᠪᠴᠤ ᠬᠡᠯᠡᠪᠡᠯ ᠬᠤᠷ᠎ᠠ ᠲᠤᠨᠳᠠᠰᠤᠨ᠎ᠤ ᠬᠡᠮᠵᠢᠶ᠎ᠡ ᠨᠢ ᠠᠷᠪᠢᠨ ᠪᠢᠰᠢ ᠭᠠᠵᠠᠷ ᠣᠷᠣᠨ᠎ᠳᠤ ᠪᠠᠰᠠ ᠲᠤᠢᠯ᠎ᠤᠨ ᠶᠡᠬᠡ ᠬᠤᠷ᠎ᠠ ᠲᠤᠨᠤᠳᠠᠰᠤ ᠪᠠᠢᠨ ᠳᠠᠬᠢᠨ ᠭᠠᠷᠳᠠᠭ᠃ ᠴᠠᠭ ᠠᠭᠤᠷ᠎ᠤᠨ ᠤᠰᠤᠨ ᠱᠢᠨᠵᠢᠯᠡᠭᠡᠨ᠎ᠦ ᠰᠠᠯᠠᠭ᠎ᠠ ᠮᠥᠴᠢᠷ᠎ᠤᠨ ᠵᠢᠱ᠌ᠢᠯᠲᠡ᠎ᠶ᠋ᠢ ᠦᠨᠳᠦᠰᠦᠯᠡᠪᠡᠯ᠂ ᠡᠨᠡ ᠵᠢᠯ᠎ᠤᠨ ᠦᠶᠡᠷ᠎ᠢ ᠰᠡᠷᠭᠡᠢᠯᠡᠬᠦ᠌ ᠵᠠᠩᠭᠢᠯᠠᠭ᠎ᠠ᠎ᠶ᠋ᠢᠨ ᠬᠤᠭᠤᠴᠠᠭᠠᠨ᠎ᠳᠤ᠂ ᠬᠠᠲᠤᠨ ᠭᠤᠤᠯ᠂ ᠬᠠᠢᠾᠧ ᠭᠤᠤᠯ᠂ ᠰᠤᠩᠭᠠᠷᠠᠢ ᠮᠦᠷᠡᠨ᠂ ᠯᠢᠶᠤᠤᠾᠸ ᠭᠣᠣᠯᠵᠡᠷᠭᠡ ᠰᠠᠪᠠ ᠭᠠᠵᠠᠷ᠎ᠲᠤ ᠨᠡᠯᠢᠶᠡᠳ ᠶᠡᠭᠡ ᠦᠶᠡᠷ ᠭᠠᠷᠴᠤ᠌ ᠮᠡᠳᠡᠬᠦ᠌ ᠪᠥᠭᠡᠳ ᠪᠠᠰᠠ ᠨᠡᠯᠢᠶᠡᠳ ᠬᠦᠴᠦᠲᠡᠶ ᠲᠠᠢᠹᠧᠩ ᠰᠠᠯᠬᠢ ᠤᠮᠠᠷᠠᠰᠢ ᠤᠮᠠᠷᠠᠲᠤ ᠣᠷᠣᠨ᠎ᠢ ᠨᠥᠯᠥᠭᠡᠯᠡᠵᠦ᠍᠂ ᠦᠶᠡᠷ᠎ᠢ ᠰᠡᠷᠭᠡᠢᠯᠡᠵᠦ᠍ ᠦᠶᠡᠷ᠎ᠲᠠᠢ ᠲᠡᠮᠡᠴᠡᠬᠦ᠌ ᠪᠠᠢᠳᠠᠯ ᠪᠤᠳᠤᠯᠢᠶᠠᠨᠲᠠᠶ ᠪᠥᠭᠡᠳ ᠬᠦᠨᠳᠦ ᠨᠣᠴᠢᠲᠠᠶ ᠪᠠᠢᠨ᠎ᠠ᠃ ᠡᠢᠮᠦ᠍ ᠪᠠᠢᠳᠠᠯ ᠳᠣᠣᠷ᠎ᠠ᠂ ᠪᠠᠭ᠎ᠠ ᠯᠠ ᠰᠤᠯᠠᠷᠠᠭᠰᠠᠨ ᠪᠤᠶᠤ ᠪᠡᠯᠡᠳᠬᠡᠯ ᠭᠦᠢᠴᠡᠳ ᠦᠭᠡᠢ ᠪᠣᠯ ᠬᠠᠷᠠᠰᠠᠯᠲᠤ ᠦᠷ᠎ᠡ ᠳ᠋ᠦᠩ᠎ᠢ ᠠᠪᠴᠢᠷᠠᠵᠤ ᠮᠡᠳᠡᠨ᠎ᠡ᠃ ᠳᠠᠢᠰᠤᠨ᠎ᠢ ᠬᠥᠩᠭᠡᠪᠴᠢᠯᠡᠬᠦ᠂ ᠮᠢᠨᠴᠦᠬᠦᠷᠡᠬᠦ᠂ ᠭᠣᠷᠢᠳᠠᠬᠤ ᠦᠵᠡᠯ ᠰᠠᠨᠠᠭ᠎ᠠ᠎ᠶ᠋ᠢ ᠡᠷᠡᠰ ᠲᠡᠪᠴᠢᠵᠦ᠍᠂ ᠬᠠᠮᠤᠭ᠎ᠤᠨ ᠠᠱᠢᠭ ᠦᠭᠡᠢ ᠪᠠᠢᠳᠠᠯ᠎ᠳᠤ ᠰᠠᠭᠤᠷᠢᠯᠠᠵᠤ᠂ ᠬᠠᠮᠤᠭ᠎ᠤᠨ ᠰᠠᠢᠨ ᠦᠷ᠎ᠡ ᠳ᠋ᠦᠩᠲᠡᠢᠰᠢ ᠴᠢᠷᠮᠠᠢᠬᠤ ᠬᠡᠷᠡᠭ᠌ᠲᠡᠢ᠃
ᠪᠡᠯᠡᠳᠭᠡᠯ ᠠᠵᠢᠯ᠎ᠢ ᠡᠷᠬᠡᠪᠰᠢ ᠨᠠᠷᠢᠨ ᠨᠢᠮᠪᠠᠢ ᠨᠠᠢᠳᠠᠪᠤᠷᠢᠵᠢᠭᠤᠯᠵᠤ᠂ ᠤᠷᠢᠳᠴᠢᠯᠠᠨ ᠰᠡᠷᠭᠡᠢᠯᠡᠬᠦ᠌ ᠠᠵᠢᠯ᠎ᠢ ᠨᠡᠩ ᠨᠠᠷᠢᠨ ᠨᠢᠭ᠍ᠲᠠ ᠬᠢᠬᠦ᠌ ᠬᠡᠷᠡᠭ᠌ᠲᠡᠢ᠃ ᠨᠢᠭᠡ ᠤᠳᠠᠭᠠᠨ᠎ᠤ ᠨᠠᠷᠢᠨ ᠨᠢᠮᠪᠠᠢ ᠲᠣᠭᠣᠷᠢᠨ ᠪᠠᠢᠴᠠᠭᠠᠯᠲᠠ ᠨᠢ ᠨᠢᠭᠡ ᠲᠣᠰᠬᠣᠨ ᠢ᠋ ᠠᠶᠤᠯ ᠠ᠋ᠴᠠ ᠵᠠᠢᠯᠠᠭᠤᠯᠵᠤ᠂ ᠨᠢᠭᠡ ᠵᠢᠵᠢᠭ ᠵᠠᠢ ᠵᠠᠪᠰᠠᠷ ᠨᠢ ᠴᠦ᠍ ᠶᠡᠬᠡ ᠬᠠᠰᠢᠯᠭ᠎ᠠ ᠶ᠋ᠢ ᠨᠤᠷᠠᠭᠠᠬᠤ᠎ᠳᠤ ᠬᠦᠷᠦᠭᠦᠯᠬᠦ ᠪᠣᠯᠣᠨ᠎ᠠ᠃ ᠪᠡᠯᠡᠳᠭᠡᠯ ᠠᠵᠢᠯ ᠬᠡᠳᠦᠢ ᠭᠦᠢᠴᠡᠳ ᠪᠣᠯ᠂ ᠨᠠᠷᠢᠨ ᠵᠦᠢᠯᠡᠰ᠎ᠢ᠋ ᠪᠣᠳᠣᠯᠬᠢᠯᠠᠬᠤ ᠨᠢ ᠲᠡᠳᠦᠢ ᠭᠦᠢᠴᠡᠳ᠂ ᠭᠠᠮᠰᠢᠭ᠋ ᠡᠭᠦᠰᠬᠡᠬᠦ ᠠᠶᠤᠯ ᠲᠦᠭᠰᠢᠭᠦᠷᠢ ᠶ᠋ᠢ ᠰᠠᠶᠢ ᠤᠯᠠᠮ ᠪᠠᠭᠠᠰᠬᠠᠵᠤ ᠴᠢᠳᠠᠨ᠎ᠠ᠃ ᠪᠣᠭᠤᠮᠲᠠ᠎ᠶ᠋ᠢ ᠤᠷᠤᠭ᠍ᠰᠢ ᠱᠢᠯᠵᠢᠭᠦᠯᠬᠦ᠂ ᠰᠡᠷᠭᠡᠢᠯᠡᠯᠲᠡ᠎ᠶ᠋ᠢᠨ ᠱᠤᠭᠤᠮ᠎ᠢ ᠭᠠᠳᠠᠭ᠍ᠰᠢ ᠳᠡᠯᠭᠡᠷᠡᠭᠦᠯᠬᠦ᠌᠎ᠶ᠋ᠢ ᠪᠠᠷᠢᠮᠲᠠᠯᠠᠵᠤ᠂ ᠤᠷᠢᠳᠴᠢᠯᠠᠨ ᠮᠡᠳᠡᠭᠡᠯᠡᠵᠦ᠍ ᠤᠷᠢᠳᠴᠢᠯᠠᠨ ᠰᠡᠷᠡᠮᠵᠢᠯᠡᠭᠦᠯᠵᠦ᠍ ᠤᠷᠢᠳᠴᠢᠯᠠᠨ ᠪᠣᠯᠪᠠᠰᠤᠷᠠᠬᠤ᠎ᠶ᠋ᠢ ᠦᠷᠭᠦᠯᠵᠢᠯᠡᠨ ᠮᠡᠳᠡᠭᠡᠯᠡᠵᠦ᠍᠂ ᠰᠡᠷᠭᠡᠢᠯᠡᠨ ᠬᠤᠷᠢᠭ᠍ᠯᠠᠬᠤ ᠳᠤᠮᠳᠠᠬᠢ ᠠᠶᠤᠯ ᠲᠦᠭ᠌ᠰᠢᠭᠦᠷᠢ ᠤᠴᠠᠷᠠᠭᠤᠯᠬᠤ ᠡᠯᠧᠮᠧᠨ᠋ᠲ᠂ ᠠᠶᠤᠯ᠎ᠢ ᠳᠠᠭᠠᠭᠠᠴᠢᠯᠠᠭ᠍ᠰᠠᠨ ᠡᠯᠧᠮᠧᠨ᠋ᠲ᠂ ᠠᠶᠤᠯ᠎ᠢ ᠰᠡᠷᠭᠡᠢᠯᠡᠬᠦ᠌ ᠡᠯᠧᠮᠧᠨ᠋ᠲ᠎ᠢ ᠭᠦᠨᠵᠡᠭᠡᠢ ᠵᠠᠳᠠᠯᠵᠤ᠂ ᠡᠯ᠎ᠡ ᠲᠦᠷᠦᠯ᠎ᠤᠨ ᠠᠶᠤᠯ ᠲᠦᠭ᠌ᠰᠢᠭᠦᠷᠢ᠎ᠶ᠋ᠢᠨ ᠳᠠᠯᠳᠠ ᠭᠡᠮ᠎ᠢ ᠡᠬᠢᠯᠡᠭᠦᠯᠦᠭᠡᠳᠦᠶ ᠦᠶ᠎ᠡ᠎ᠳᠤ ᠬᠠᠮᠤᠭ᠎ᠤᠨ ᠶᠡᠭᠡ ᠬᠡᠮᠵᠢᠶ᠎ᠡ᠎ᠪᠠᠷ ᠲᠣᠳᠣᠷᠬᠠᠢ ᠠᠷᠢᠯᠭᠠᠬᠤ ᠬᠡᠷᠡᠭ᠌ᠲᠡᠢ᠃
ᠨᠢᠭᠡᠳᠦᠯᠲᠡᠢ ᠲᠥᠯᠥᠪᠵᠢᠭᠦᠯᠦᠨ ᠵᠢᠯᠣᠭᠤᠳᠭᠤ᠎ᠳᠤ ᠡᠷᠬᠡᠪᠰᠢ ᠱᠢᠰᠲ᠋ᠧᠮᠲᠦ ᠦᠵᠡᠯᠲᠡ᠎ᠪᠠᠨ ᠴᠢᠩᠭᠠᠳᠭᠠᠵᠤ᠂ ᠲᠤᠬᠢᠷᠠᠭᠤᠯᠭ᠎ᠠ ᠵᠣᠬᠢᠴᠠᠭᠤᠯᠭ᠎ᠠ᠎ᠶ᠋ᠢ ᠨᠡᠩ ᠣᠨᠣᠪᠴᠢᠲᠠᠢ ᠬᠢᠬᠦ᠌ ᠬᠡᠷᠡᠭ᠌ᠲᠡᠢ᠃ ᠦᠶᠡᠷ᠎ᠢ ᠰᠡᠷᠭᠡᠢᠯᠡᠵᠦ᠍ ᠦᠶᠡᠷ᠎ᠲᠠᠢ ᠲᠡᠮᠡᠴᠡᠬᠦ᠌᠎ᠳᠤ ᠪᠡᠯᠡᠳᠭᠡᠯ ᠲᠥᠰᠦᠯ᠎ᠢ ᠲᠡᠭᠦᠯᠳᠡᠷᠵᠢᠭᠦᠯᠵᠦ᠍᠂ ᠬᠦᠴᠦᠨ ᠴᠢᠳᠠᠯ ᠭᠦᠢᠴᠡᠳ ᠪᠠᠢᠬᠤ ᠮᠥᠷᠲᠡᠭᠡᠨ ᠪᠠᠰᠠ ᠲᠠᠱᠢᠷᠠᠮ᠎ᠢᠶᠠᠷ ᠬᠤᠪᠢᠷᠠᠯᠲᠠ᠎ᠶ᠋ᠢ ᠠᠷᠭᠠᠴᠭᠠᠵᠦ᠍᠂ ᠱᠢᠨᠵᠢᠯᠡᠬᠦ᠌ ᠤᠬᠠᠭᠠᠨᠴᠢ᠎ᠪᠠᠷ ᠲᠤᠬᠢᠷᠠᠭᠤᠯᠬᠤ᠎ᠶ᠋ᠢ ᠴᠢᠬᠤᠯᠠᠴᠢᠯᠠᠬᠤ ᠬᠡᠷᠡᠭ᠌ᠲᠡᠢ᠃ ᠦᠷᠭᠦᠯᠵᠢᠯᠡᠨ ᠰᠤᠳᠤᠯᠤᠨ ᠮᠠᠭᠠᠳᠯᠠᠭ᠍ᠰᠠᠨ ᠰᠠᠭᠤᠷᠢᠨ ᠳᠡᠭᠡᠷ᠎ᠡ ᠤᠷᠢᠳᠴᠢᠯᠠᠨ ᠲᠤᠬᠢᠷᠠᠭᠤᠯᠬᠤ ᠠᠵᠢᠯ᠎ᠢ ᠰᠠᠢᠲᠤᠷ ᠬᠢᠵᠦ᠍᠂ ᠪᠣᠷᠣᠭᠠᠨ᠎ᠤ ᠪᠠᠢᠳᠠᠯ ᠤᠰᠤᠨ᠎ᠤ ᠪᠠᠢᠳᠠᠯ᠂ ᠭᠠᠵᠠᠷ ᠵᠦᠢ᠎ᠶ᠋ᠢᠨ ᠭᠠᠵᠠᠷ᠎ᠤᠨ ᠪᠠᠢᠴᠠ ᠵᠡᠷᠭᠡ ᠡᠯᠧᠮᠧᠨ᠋ᠲ᠎ᠢ ᠶᠡᠷᠦᠩᠬᠡᠢᠯᠡᠨ ᠪᠣᠳᠣᠯᠬᠢᠯᠠᠵᠤ᠂ ᠤᠷᠢᠳᠴᠢᠯᠠᠭ᠍ᠰᠠᠨ ᠬᠡᠮᠵᠢᠶ᠎ᠡ᠎ᠶ᠋ᠢ ᠰᠠᠢᠲᠤᠷ ᠬᠢᠬᠦ᠌ ᠬᠡᠷᠡᠭ᠌ᠲᠡᠢ; ᠵᠥᠪᠳᠡᠯᠴᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠦᠨ ᠬᠠᠮᠲᠤᠷᠠᠨ ᠲᠣᠬᠢᠷᠠᠭᠤᠯᠬᠤ᠎ᠶ᠋ᠢ ᠰᠠᠢᠲᠤᠷ ᠬᠢᠵᠦ᠍᠂ ᠳᠡᠭᠡᠳᠦ ᠲᠤᠤᠷᠠᠳᠤ ᠤᠷᠤᠰᠭᠠᠯ᠂ ᠵᠡᠭᠦᠨ ᠪᠠᠷᠠᠭᠤᠨ ᠡᠷᠭᠢ᠂ ᠭᠤᠣᠯ ᠰᠠᠯᠪᠤᠷᠢ ᠤᠷᠤᠰᠭᠠᠯ᠎ᠤᠨ ᠦᠶᠡᠷ᠎ᠢ ᠰᠡᠷᠭᠡᠢᠯᠡᠬᠦ᠌᠎ᠶ᠋ᠢ ᠰᠠᠢᠲᠤᠷ ᠨᠢᠭᠡᠳᠦᠯᠲᠡᠢ ᠲᠥᠯᠥᠪᠵᠢᠭᠦᠯᠵᠦ᠍᠂ ᠭᠠᠩ ᠤᠰᠤᠲᠤᠯ ᠳᠠᠪᠬᠤᠴᠠᠭ᠍ᠰᠠᠨ ᠪᠠᠢᠳᠠᠯ᠎ᠢ ᠨᠢᠭᠡᠳᠦᠯᠲᠡᠢ ᠲᠥᠯᠥᠪᠵᠢᠭᠦᠯᠦᠨ ᠠᠷᠭᠠᠴᠠᠭᠠᠬᠤ ᠬᠡᠷᠡᠭ᠌ᠲᠡᠢ᠃ ᠪᠠᠭᠤᠷᠠᠢ ᠭᠤᠭ᠍ᠴᠤᠭ᠎ᠠ ᠪᠣᠯᠤᠨ ᠭᠤᠣᠯᠳᠠᠯᠭ᠎ᠠ᠎ᠲᠠᠢ ᠣᠷᠣᠨ ᠪᠠᠢᠷᠢ᠎ᠶ᠋ᠢ ᠴᠢᠩᠭ᠎ᠠ ᠰᠠᠬᠢᠵᠤ᠂ ᠠᠪᠤᠷᠠᠨ ᠲᠤᠰᠠᠯᠠᠬᠤ ᠬᠦᠴᠦᠨ ᠪᠣᠯᠤᠨ ᠭᠠᠮᠱᠢᠭ᠎ᠠᠴᠠ ᠠᠪᠤᠷᠠᠬᠤ ᠡᠳ᠋ ᠪᠣᠳᠠᠰ᠎ᠢ ᠱᠢᠨᠵᠢᠯᠡᠬᠦ᠌ ᠤᠬᠠᠭᠠᠨᠴᠢ᠎ᠪᠠᠷ ᠲᠤᠬᠢᠷᠠᠭᠤᠯᠵᠤ᠂ ᠭᠡᠨᠡᠳᠲᠡ᠎ᠶ᠋ᠢᠨ ᠪᠠᠴᠢᠮ ᠪᠠᠢᠳᠠᠯ ᠭᠠᠷᠤᠭ᠍ᠰᠠᠨ᠎ᠤ ᠳᠠᠷᠠᠭ᠎ᠠ ᠲᠡᠷᠡ ᠳᠠᠷᠤᠢ᠎ᠳᠤ᠎ᠨᠢ ᠴᠤᠤᠷᠢᠶᠠᠲᠤᠨ ᠳᠠᠭᠠᠵᠤ᠂ ᠲᠡᠷᠡ ᠳᠠᠷᠤᠢ᠎ᠳᠤ᠎ᠨᠢ ᠱᠢᠢᠳᠪᠦᠷᠢᠯᠡᠬᠦ᠌᠎ᠶ᠋ᠢ ᠪᠠᠲᠤᠯᠠᠬᠤ ᠬᠡᠷᠡᠭ᠌ᠲᠡᠢ᠃
《ᠲᠤᠯᠤᠭᠠᠨ ᠰᠠᠷ᠎ᠠ᠎ᠶ᠋ᠢᠨ ᠰᠡᠭᠦᠯᠴᠢ ᠨᠠᠢ᠍ᠮᠠᠨ ᠰᠠᠷ᠎ᠠ᠎ᠶ᠋ᠢᠨ ᠡᠬᠢᠨ》 ᠤ ᠦᠶᠡᠷ᠎ᠢ ᠰᠡᠷᠭᠡᠢᠯᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠣᠯ ᠪᠥᠬᠦ᠌ ᠵᠢᠯ᠎ᠤᠨ ᠦᠶᠡᠷ᠎ᠢ ᠰᠡᠷᠭᠡᠢᠯᠡᠬᠦ᠌ ᠠᠵᠢᠯ᠎ᠤᠨ ᠬᠠᠮᠤᠭ᠎ᠤᠨ ᠬᠦᠴᠢᠷᠲᠡᠶ ᠱᠠᠲᠤ ᠦᠶ᠎ᠡ ᠮᠥᠨ᠂ ᠵᠠᠩᠭᠢᠯᠠᠭ᠎ᠠ᠎ᠶ᠋ᠢᠨ ᠦᠶ᠎ᠡ᠎ᠳᠤ ᠵᠠᠩᠭᠢᠯᠠᠭ᠎ᠠ᠎ᠶ᠋ᠢᠨ ᠬᠠᠷᠢᠭᠤᠴᠠᠯᠭ᠎ᠠ᠎ᠲᠠᠢ ᠪᠠᠢᠵᠤ᠂ ᠵᠠᠩᠭᠢᠯᠠᠭ᠎ᠠ᠎ᠶ᠋ᠢᠨ ᠦᠶ᠎ᠡ᠎ᠳᠤ ᠵᠢᠳᠬᠦᠯ ᠴᠢᠷᠮᠠᠢᠯᠭ᠎ᠠ ᠭᠠᠷᠭᠠᠬᠤ ᠬᠡᠷᠡᠭ᠌ᠲᠡᠶ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ᠎ᠬᠢᠨ 《ᠴᠠᠭ ᠢᠮᠠᠭ᠍ᠲᠠ ᠰᠠᠨᠠᠭ᠎ᠠ ᠠᠮᠤᠷ ᠦᠭᠡᠢ ᠪᠠᠢᠬᠤ》 ᠬᠠᠷᠢᠭᠤᠴᠠᠯᠭᠠᠲᠤ ᠰᠡᠳᠭᠢᠯᠭᠡ᠎ᠪᠠᠷ ᠠᠷᠠᠳ ᠤᠯᠠᠨ᠎ᠤ ᠠᠮᠢ ᠨᠠᠰᠤᠨ᠎ᠤ ᠠᠮᠤᠷ ᠲᠦᠪᠱᠢᠨ᠎ᠢ ᠪᠠᠲᠤᠯᠠᠬᠤ᠎ᠶ᠋ᠢ ᠢᠮᠠᠭ᠍ᠲᠠ ᠲᠡᠷᠢᠭᠦᠨ ᠪᠠᠢᠷᠢᠨ᠎ᠳᠤ ᠲᠠᠯᠪᠢᠵᠤ᠂ ᠬᠠᠷᠢᠭᠤᠴᠠᠯᠭ᠎ᠠ ᠡᠭᠦᠷᠭᠡᠯᠡᠬᠦ᠌᠎ᠶ᠋ᠢ ᠴᠢᠩᠳᠠᠯᠠᠨ᠂ ᠠᠵᠢᠯ᠎ᠤᠨ ᠠᠷᠭ᠎ᠠ ᠬᠡᠮᠵᠢᠶ᠎ᠡ᠎ᠶ᠋ᠢᠨ ᠲᠣᠭ᠍ᠲᠠᠭᠠᠯᠲᠤ ᠴᠢᠨᠠᠷ᠂ ᠪᠠᠷᠠᠯᠠᠯᠲᠦ ᠴᠢᠨᠠᠷ᠎ᠢᠶᠠᠷ ᠭᠠᠮᠱᠢᠭ᠎ᠤᠨ ᠬᠡᠷᠡᠭ᠎ᠤᠨ ᠲᠣᠬᠢᠶᠠᠯᠳᠤᠬᠤ ᠴᠢᠨᠠᠷ᠂ ᠭᠡᠨᠡᠳᠲᠡ᠎ᠶ᠋ᠢᠨ ᠴᠢᠨᠠᠷ᠎ᠢ ᠪᠦᠲᠦᠮᠵᠢᠲᠡᠢ ᠠᠷᠭᠠᠴᠠᠭᠠᠵᠤ᠂ ᠭᠤᠣᠯ ᠮᠥᠷᠡᠨ᠎ᠤ ᠠᠮᠤᠷ ᠲᠦᠪᠱᠢᠨ᠂ ᠠᠷᠠᠳ ᠲᠦᠮᠡᠨ᠎ᠤ ᠠᠮᠤᠷ ᠲᠣᠭ᠍ᠲᠠᠭᠤᠨ᠎ᠢ ᠡᠷᠡᠰ ᠬᠠᠮᠠᠭᠠᠯᠠᠬᠤ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃
ᠬᠠᠷᠢᠭᠤᠴᠠᠭ᠍ᠰᠠᠨ ᠨᠠᠢᠷᠠᠭᠤᠯᠤᠭ᠍ᠴᠢ᠄ ᠭᠤᠤ ᠪᠥᠸᠧ