ᠤᠷᠢᠳᠴᠢᠯᠠᠭ᠍ᠰᠠᠨ ᠮᠡᠳᠡᠭᠡ᠎ᠶ᠋ᠢ ᠦᠨᠳᠦᠰᠦᠯᠡᠪᠡᠯ᠂ 8 ᠳ᠋ᠤᠭᠠᠷ ᠰᠠᠷ᠎ᠠ᠎ᠶ᠋ᠢᠨ 19 ᠤ ᠡᠳᠦᠷ᠎ᠠᠴᠠ 22 ᠤᠨ ᠡᠳᠦᠷ ᠪᠣᠯᠲᠠᠯ᠎ᠠ᠂ ᠤᠮᠠᠷᠠᠲᠤ ᠣᠷᠣᠨ᠎ᠤ ᠵᠡᠭᠦᠨ ᠬᠡᠰᠡᠭ ᠵᠢᠴᠢ ᠯᠢᠶᠣᠤᠨᠢᠩ᠂ ᠶᠦᠨᠨᠠᠨ ᠵᠡᠷᠭᠡ ᠭᠠᠵᠠᠷ᠎ᠲᠤ ᠱᠢᠷᠦᠭᠦᠨ ᠪᠣᠷᠣᠭᠠᠨ ᠣᠷᠣᠬᠤ ᠶᠠᠪᠤᠴᠠ ᠡᠭᠦᠰᠴᠦ᠍᠂ ᠾᠧᠪᠸᠢ ᠶ᠋ᠢᠨ ᠳᠤᠮᠳᠠ ᠬᠡᠰᠡᠭ ᠪᠠ ᠵᠡᠭᠦᠨ ᠬᠤᠢᠲᠤ ᠬᠡᠰᠡᠭ᠂ ᠪᠡᠭᠡᠵᠢᠩ᠎ᠤᠨ ᠵᠡᠭᠦᠨ ᠬᠡᠰᠡᠭ᠎ᠤᠨ ᠡᠮᠦᠨ᠎ᠡ ᠬᠡᠰᠡᠭ᠂ ᠲᠢᠶᠠᠨᠵᠢᠨ᠎ᠤ ᠵᠡᠭᠦᠨ ᠡᠮᠦᠨ᠎ᠡ ᠬᠡᠰᠡᠭ᠂ ᠯᠢᠶᠣᠤᠨᠢᠩ᠎ᠤᠨ ᠵᠡᠭᠦᠨ ᠡᠮᠦᠨ᠎ᠡ ᠬᠡᠰᠡᠭ᠂ ᠶᠦᠨᠨᠠᠨ᠎ᠤ ᠳᠤᠮᠳᠠ ᠬᠡᠰᠡᠭ᠎ᠤᠨ ᠬᠤᠢᠲᠤ ᠬᠡᠰᠡᠭ ᠵᠡᠷᠭᠡ ᠭᠠᠵᠠᠷ᠎ᠤᠨ ᠬᠡᠰᠡᠭ ᠭᠠᠵᠠᠷ᠎ᠲᠤ ᠶᠡᠭᠡ ᠱᠢᠷᠦᠭᠦᠨ ᠪᠣᠷᠣᠭᠠᠨ ᠣᠷᠣᠬᠤ ᠪᠣᠯᠤᠨ᠎ᠠ᠃ ᠡᠭᠦᠨ᠎ᠤ ᠨᠥᠯᠥᠭᠡ᠎ᠪᠠᠷ᠂ ᠪᠡᠭᠡᠵᠢᠩ ᠲᠢᠶᠠᠨᠵᠢᠨ ᠾᠧᠪᠧᠢ᠎ᠶ᠋ᠢᠨ ᠳ᠋ᠠ ᠴᠢᠩ ᠾᠧ᠂ ᠶᠦᠩ ᠳ᠋ᠢᠩ ᠾᠧ ᠭᠤᠣᠯ᠎ᠤᠨ ᠳᠤᠮᠳᠠᠳᠤ ᠤᠷᠤᠰᠭᠠᠯ ᠵᠢᠴᠢ ᠯᠤᠸᠠᠨ ᠡᠾᠸ ᠭᠤᠣᠯ᠎ᠤᠨ ᠳᠤᠮᠳᠠ ᠳᠣᠣᠷᠠᠳᠤ ᠤᠷᠤᠰᠭᠠᠯ᠂ ᠯᠢᠶᠣᠤᠨᠢᠩ ᠮᠤᠵᠢ᠎ᠶ᠋ᠢᠨ ᠯᠢᠶᠣᠤ ᠡᠾᠸ ᠭᠤᠣᠯ᠂ ᠡᠾᠦ᠋ᠨ ᠡᠾᠸ ᠭᠤᠣᠯ᠂ ᠲᠠᠢᠽᠢ ᠭᠤᠣᠯ᠂ ᠶᠦᠨᠨᠠᠨ ᠮᠤᠵᠢ᠎ᠶ᠋ᠢᠨ ᠶᠤᠸᠠᠨ ᠵᠢᠶᠠᠩ᠂ ᠪᠸᠢ ᠫᠠᠨ ᠵᠢᠶᠠᠩ᠂ ᠶ᠋ᠢᠨ ᠱᠠ ᠵᠢᠶᠠᠩ ᠵᠡᠷᠭᠡ ᠭᠤᠣᠯ ᠮᠥᠷᠡᠨ᠎ᠤ ᠤᠰᠤᠨ ᠤᠷᠤᠰᠭᠠᠯ ᠢᠯᠡᠳᠲᠡ ᠳᠡᠭᠡᠭ᠌ᠰᠢᠯᠡᠵᠦ᠍᠂ ᠱᠢᠷᠦᠭᠦᠨ ᠪᠣᠷᠣᠭᠠᠨ᠎ᠤ ᠣᠷᠣᠨ᠎ᠤ ᠬᠡᠰᠡᠭ ᠳᠤᠮᠳᠠ ᠵᠢᠵᠢᠭ ᠭᠤᠣᠯ ᠮᠥᠷᠡᠨ᠎ᠳᠤ ᠰᠡᠷᠡᠮᠵᠢᠯᠡᠭᠦᠯᠬᠦ᠌ ᠱᠤᠭᠤᠮ᠎ᠠᠴᠠ ᠳᠠᠪᠠᠬᠤ ᠦᠶᠡᠷ ᠭᠠᠷᠴᠤ᠌ ᠮᠡᠳᠡᠨ᠎ᠡ᠃
《ᠤᠰᠤᠨ ᠠᠱᠢᠭ᠍ᠯᠠᠯᠲᠠ᠎ᠶ᠋ᠢᠨ ᠶᠠᠮᠤᠨ᠎ᠤ ᠤᠰᠤ ᠭᠠᠩ ᠬᠠᠭ᠍ᠰᠠᠷᠠᠭᠠᠨᠤ ᠭᠠᠮᠱᠢᠭ᠎ᠢ ᠰᠡᠷᠭᠡᠢᠯᠡᠨ ᠪᠠᠴᠢᠮ ᠪᠠᠢᠳᠠᠯ᠎ᠢ ᠠᠷᠭᠠᠴᠠᠭᠠᠵᠤ ᠴᠤᠤᠷᠢᠶᠠᠳᠤᠨ ᠲᠠᠭᠠᠬᠤ ᠠᠵᠢᠯ᠎ᠤᠨ ᠳᠦᠷᠢᠮ》 ᠢ ᠦᠨᠳᠦᠰᠦᠯᠡᠨ᠂ ᠤᠰᠤᠨ ᠠᠱᠢᠭ᠍ᠯᠠᠯᠲᠠ᠎ᠶ᠋ᠢᠨ ᠶᠠᠮᠤᠨ 8 ᠳ᠋ᠤᠭᠠᠷ ᠰᠠᠷ᠎ᠠ᠎ᠶ᠋ᠢᠨ 19 ᠤ ᠡᠳᠦᠷ᠎ᠤᠨ 14 ᠴᠠᠭ᠎ᠲᠤ ᠲᠢᠶᠠᠨᠵᠢᠨ᠂ ᠾᠧᠪᠸᠢ᠂ ᠯᠢᠶᠣᠤᠨᠢᠩ᠂ ᠶᠦᠨᠨᠠᠨ 4 ᠮᠤᠵᠢ ( ᠱᠢᠭᠤᠳ ᠬᠠᠷᠢᠶ᠎ᠠ ᠬᠤᠲᠠ ) ᠳᠤ ᠴᠢᠭ᠌ᠯᠡᠭᠦᠯᠦᠨ ᠦᠶᠡᠷ᠎ᠤᠨ ᠤᠰᠤ᠎ᠶ᠋ᠢ ᠰᠡᠷᠭᠡᠢᠯᠡᠬᠦ᠌ Ⅳ ᠲᠠᠰ᠎ᠤᠨ ᠪᠠᠴᠢᠮ ᠪᠠᠢᠳᠠᠯ᠎ᠢ ᠠᠷᠭᠠᠴᠠᠭᠠᠬᠤ ᠠᠵᠢᠯᠯᠠᠭ᠎ᠠ᠎ᠶ᠋ᠢ ᠡᠬᠢᠯᠡᠭᠦᠯᠵᠦ᠍᠂ ᠪᠡᠭᠡᠵᠢᠩ ᠬᠤᠲᠠ᠎ᠶ᠋ᠢᠨ ᠦᠶᠡᠷ᠎ᠤᠨ ᠤᠰᠤ᠎ᠶ᠋ᠢ ᠰᠡᠷᠭᠡᠢᠯᠡᠬᠦ᠌ Ⅳᠲᠠᠰ᠎ᠤᠨ ᠪᠠᠴᠢᠮ ᠪᠠᠢᠳᠠᠯ᠎ᠢ ᠠᠷᠭᠠᠴᠠᠭᠠᠬᠤ ᠠᠵᠢᠯᠯᠠᠭ᠎ᠠ᠎ᠶ᠋ᠢ ᠡᠬᠢᠯᠡᠭᠦᠯᠬᠦ᠌᠎ᠶ᠋ᠢᠨ ᠬᠠᠮᠲᠤ ᠠᠵᠢᠯᠯᠠᠬᠤ ᠳᠤᠭᠤᠢᠯᠠᠩ ᠲᠣᠮᠢᠯᠠᠨ ᠲᠢᠶᠠᠨᠵᠢᠨ᠂ ᠾᠧᠪᠸᠢ᠎ᠶ᠋ᠢᠨ ᠱᠢᠷᠦᠭᠦᠨ ᠪᠣᠷᠣᠭᠠᠨ᠎ᠤ ᠦᠶᠡᠷ᠎ᠤᠨ ᠤᠰᠤ᠎ᠶ᠋ᠢ ᠰᠡᠷᠭᠡᠢᠯᠡᠬᠦ᠌ ᠨᠢᠭᠡᠳᠦᠭᠡᠷ ᠹᠷᠣᠨᠲ᠎ᠲᠤ ᠣᠴᠢᠭᠤᠯᠵᠤ ᠬᠠᠮᠵᠢᠨ ᠵᠢᠯᠣᠭᠤᠳᠪᠠ᠃
ᠬᠠᠷᠢᠭᠤᠴᠠᠭ᠍ᠰᠠᠨ ᠨᠠᠢᠷᠠᠭᠤᠯᠤᠭ᠍ᠴᠢ᠄ ᠭᠤᠤ ᠪᠥᠸᠧ