《 ᠡᠠᠷᠠᠣᠠ᠎ᠤᠨ ᠡᠳᠦᠷ᠎ᠤᠨ ᠰᠣᠨᠢᠠ 》 ( 2025 ᠣᠨ᠎ᠤ 08 ᠳ᠋ᠤᠭ᠋ᠠᠷ ᠰᠠᠷ᠎ᠠ᠎ᠶ᠋ᠢᠨ 21 ᠤ ᠡᠳᠦᠷ 06 ᠳ᠋ᠤᠭ᠋ᠠᠷ ᠬᠡᠪᠯᠡᠯ )
ᠲᠤᠰ ᠰᠣᠨᠢᠠ᠎ᠤ ᠪᠠᠭᠡᠵᠢᠩ᠎ᠤᠨ 8 ᠳ᠋ᠤᠭ᠋ᠠᠷ ᠰᠠᠷ᠎ᠠ᠎ᠶ᠋ᠢᠨ 20 ᠤ ᠡᠳᠦᠷ᠎ᠤᠨ ᠴᠠᠬᠢᠯᠭ᠋ᠠᠨ ᠮᠡᠳᠡᠭᠡ ( ᠰᠣᠷᠪᠤᠯᠵᠢᠯᠠᠬ᠍ᠴᠢ ᠸᠠᠩ ᠬᠣᠤ ) ᠰᠣᠷᠪᠤᠯᠵᠢᠯᠠᠬ᠍ᠴᠢ ᠣᠰᠣᠠ ᠠᠱᠢᠬ᠍ᠯᠠᠯᠲᠠ᠎ᠶ᠋ᠢᠨ ᠶᠠᠮᠣᠠ ᠬᠤᠸᠠᠢ ᠾᠧ ᠭᠣᠣᠯ᠎ᠤᠨ ᠣᠰᠣᠠ ᠠᠱᠢᠬ᠍ᠯᠠᠯᠲᠠ᠎ᠶ᠋ᠢᠨ ᠵᠦᠪᠯᠡᠯ ᠡᠴᠠ ᠣᠢ᠌ᠯᠠᠭᠠᠵᠤ ᠮᠡᠳᠡᠭᠰᠡᠨ ᠨᠢ᠄ ᠬᠤᠸᠠᠢ ᠾᠧ ᠭᠣᠣᠯ᠎ᠤᠨ ᠰᠠᠪᠠ ᠭᠠᠵᠠᠷ᠎ᠤᠨ ᠭᠤᠤᠯ ᠮᠦᠷᠡᠨ ᠨᠠᠭᠤᠷ ᠴᠦᠬᠦᠷᠦᠮ ᠤᠨ ᠠᠮᠢ ᠠᠬᠣᠢ᠎ᠶ᠋ᠢᠨ ᠣᠷᠴᠢᠠ ᠠᠬᠣᠢ᠎ᠶ᠋ᠢ ᠦᠷᠭᠦᠯᠵᠢᠯᠡᠨ ᠰᠠᠢ᠌ᠵᠢᠷᠠᠭᠣᠯᠵᠤ᠂ ᠵᠣᠯ ᠵᠢᠷᠭᠠᠯᠲᠤ ᠭᠤᠤᠯ ᠮᠦᠷᠡᠨ᠎ᠤ ᠪᠦᠲᠦᠭᠡᠨ ᠪᠠᠢ᠌ᠭᠣᠯᠣᠯᠲᠠ ᠢᠯᠡᠳᠲᠡ ᠠᠮᠵᠢᠯᠲᠠ ᠣᠯᠵᠤ᠂ ᠣᠢ᠌ᠷ᠎ᠠ᠎ᠶ᠋ᠢᠨ ᠵᠢᠯ᠎ᠳᠤ᠂ ᠨᠠᠢ᠌ᠲᠠ 1800 ᠭᠠᠷᠣᠢ ᠵᠣᠷᠪᠤᠰ ᠵᠣᠯ ᠵᠢᠷᠭᠠᠯᠲᠤ ᠭᠤᠤᠯ ᠮᠦᠷᠡᠨ᠎ᠢ ᠪᠠᠢ᠌ᠭᠤᠯᠵᠤ᠂ ᠬᠣᠩ ᠽᠸ ᠬᠣ᠌ ᠨᠠᠭᠤᠷ᠂ ᠯᠦᠸᠸ ᠮᠠ ᠬᠤ᠌ ᠨᠠᠭᠤᠷ᠂ ᠭᠤᠤ ᠶᠸᠤ ᠬᠤ᠌ ᠨᠠᠭᠤᠷ ᠵᠠᠷᠭᠡ ᠴᠢᠬᠤᠯᠠ ᠨᠠᠭᠤᠷ ᠴᠥᠭᠥᠷᠥᠮ᠎ᠤᠨ ᠣᠷᠣᠨ᠎ᠤ ᠨᠠᠭᠤᠷ ᠴᠥᠭᠥᠷᠥᠮ᠎ᠦᠨ ᠲᠠᠯᠠᠪᠠᠶ᠎ᠶᠢ ᠰᠡᠷᠭᠦᠭᠡᠭᠰᠡᠨ ᠪᠠᠢ᠌ᠳᠠᠯ ᠨᠢ ᠨᠡᠶ᠋ᠢᠲᠡ 260 ᠲᠡᠭᠰᠢ ᠳᠥᠷᠪᠡᠯᠵᠢᠨ ᠺᠢᠯᠣᠮᠧᠲᠷ᠎ᠢ ᠳᠠᠪᠠᠵᠤ᠂ 17 ᠵᠤᠷᠪᠤᠰ᠎ᠤᠨ ᠰᠠᠪᠠ ᠭᠠᠵᠠᠷ᠎ᠤᠨ ᠭᠣᠣᠯᠳᠠᠯᠭ᠎ᠠ ᠲᠠᠢ ᠭᠣᠣᠯ ᠮᠥᠷᠡᠨ᠎ᠤ ᠭᠣᠣᠯ ᠪᠣᠯᠬᠤ ᠣᠭᠲᠣᠯᠣᠭᠠᠰᠤ᠎ᠶᠢᠨ ᠠᠮᠢ ᠠᠬᠤᠢ᠎ᠶᠢᠨ ᠤᠷᠤᠰᠬᠠᠯ᠎ᠤᠨ ᠬᠡᠮᠵᠢᠶ᠎ᠡ᠎ᠶᠢ ᠬᠢᠵᠠᠭᠠᠷᠯᠠᠬᠤ ᠬᠠᠷᠠᠯᠲᠠ᠎ᠶᠢᠨ ᠪᠠᠷᠢᠮᠵᠢᠶ᠎ᠠ᠎ᠳᠤ ᠬᠦᠷᠦᠭᠰᠡᠨ ᠨᠣᠷᠮ᠎ᠠ᠎ᠶᠢ ᠦᠷᠭᠦᠯᠵᠢᠯᠡᠨ 90%᠎ᠡᠴᠡ ᠳᠡᠭᠡᠭᠰᠢ ᠪᠠᠢᠯᠭᠠᠵᠤ᠂ 12 ᠲᠦᠮᠡ ᠭᠠᠷᠤᠢ ᠭᠤᠤᠯ ᠮᠦᠷᠡᠨ ᠨᠠᠭᠤᠷ ᠪᠦᠷᠢ᠎ᠳᠤ᠎ᠶ᠋ᠢ ᠡᠪᠳᠡᠭ᠌ᠰᠡᠨ ᠲᠤᠪᠤᠢᠮ᠎ᠠ ᠠᠰᠠᠭᠤᠳᠠᠯ᠎ᠢ ᠱᠢᠢᠳᠪᠦᠷᠢᠯᠡᠪᠡ᠃
ᠬᠤᠸᠠᠢ ᠾᠧ ᠭᠤᠤᠯ᠎ᠤᠨ ᠤᠰᠤᠨ ᠠᠱᠢᠭ᠍ᠯᠠᠯᠳᠠ᠎ᠶ᠋ᠢᠨ ᠵᠦᠪᠯᠡᠯ᠎ᠨᠢ ᠭᠤᠤᠯ ᠮᠦᠷᠡᠨ᠎ᠤ ᠬᠠᠮᠠᠭᠠᠯᠠᠨ ᠵᠠᠰᠠᠬᠤ ᠳᠤᠭ᠍ᠳᠠᠴᠠ᠎ᠶ᠋ᠢ ᠳᠦᠷᠬᠡᠳᠭᠡᠨ ᠳᠡᠭᠦᠯᠳᠡᠷᠵᠢᠭᠦᠯᠵᠤ᠂ ᠰᠠᠪᠠ ᠭᠠᠵᠠᠷ᠎ᠤᠨ ᠵᠠᠰᠠᠯᠳᠠ ᠬᠠᠮᠢᠶᠠᠷᠤᠯᠳᠠ᠎ᠶ᠋ᠢ ᠤᠯᠠᠮ ᠨᠢᠭᠡ ᠠᠯᠬᠤᠮ ᠴᠢᠩᠭᠠᠳᠭᠠᠨ᠂ ᠬᠤᠸᠠᠢ ᠾᠧ ᠭᠤᠤᠯ᠎ᠤᠨ ᠰᠠᠪᠠ ᠭᠠᠵᠠᠷ᠎ᠤᠨ ᠮᠤᠵᠢ᠎ᠶ᠋ᠢᠨ ᠳᠡᠰ᠎ᠤᠨ ᠭᠤᠤᠯ ᠮᠦᠷᠡᠨ᠎ᠤ ᠳᠠᠷᠤᠭ᠎ᠠ᠎ᠶ᠋ᠢᠨ ᠳᠦᠷᠢᠮ᠎ᠤᠨ ᠠᠵᠢᠯ᠎ᠤᠨ ᠬᠠᠮᠵᠢᠯᠴᠠᠬᠤ ᠳᠤᠭ᠍ᠳᠠᠴᠠ᠎ᠶ᠋ᠢ ᠪᠠᠢᠭᠤᠯᠤᠨ ᠳᠡᠭᠦᠯᠳᠡᠷᠵᠢᠭᠦᠯᠵᠤ᠂ ᠬᠤᠸᠠᠢ ᠾᠧ ᠭᠤᠤᠯ᠎ᠤᠨ ᠤᠰᠤᠨ ᠱᠢᠰᠲ᠋ᠧᠮ᠂ ᠡᠮᠤᠨᠡᠳᠤ᠎ᠶ᠋ᠢᠨ ᠤᠰᠤ᠎ᠶ᠋ᠢ ᠤᠮᠠᠷᠠᠰᠢ ᠳᠠᠳᠠᠬᠤ ᠵᠡᠭᠦᠨ ᠱᠤᠭᠤᠮ᠎ᠤᠨ ᠨᠢᠭᠡᠳᠦᠭᠡᠷ ᠬᠤᠭᠤᠴᠠᠭᠠᠨ᠎ᠤ ᠢᠨᠵᠧᠨᠧᠷᠢᠩ᠂ ᠬᠦᠬᠡ ᠮᠦᠷᠨᠦ ᠤᠰᠤ᠎ᠶᠢ ᠲᠠᠲᠠᠵᠤ ᠬᠤᠸᠠᠢ ᠾᠧ ᠭᠤᠤᠯ᠎ᠳᠤ ᠨᠡᠮᠡᠷᠢᠯᠡᠬᠦ ᠢᠨᠵᠸᠨ᠋ᠸᠷᠢᠩ᠎ᠦᠨ ᠤᠰᠤᠨ ᠰᠤᠷᠪᠤᠯᠵᠢ᠎ᠶ᠋ᠢ ᠳᠤᠬᠢᠷᠠᠭᠤᠯᠤᠨ ᠵᠦᠪᠳᠡᠯᠴᠡᠬᠦ᠌ ᠠᠵᠢᠯ᠎ᠤᠨ ᠳᠤᠭ᠍ᠳᠠᠴᠠ᠎ᠶ᠋ᠢ ᠠᠬᠢᠭᠤᠯᠵᠤ᠂ ᠰᠠᠪᠠ ᠭᠠᠵᠠᠷ᠎ᠤᠨ ᠬᠠᠮᠢᠶᠠᠷᠤᠯᠳᠠ ᠪᠤᠯᠤᠨ ᠤᠷᠤᠨ ᠪᠦᠰᠡ᠎ᠶ᠋ᠢᠨ ᠬᠠᠮᠢᠶᠠᠷᠤᠯᠳᠠ᠎ᠶ᠋ᠢ ᠬᠠᠷᠢᠯᠴᠠᠨ ᠤᠶᠠᠯᠳᠤᠭᠤᠯᠤᠭ᠍ᠰᠠᠨ᠂ ᠨᠢᠭᠡᠳᠦᠯᠲᠡᠢ ᠬᠠᠮᠢᠶᠠᠷᠬᠤ ᠪᠠ ᠱᠠᠳᠤ ᠬᠤᠪᠢᠶᠠᠨ ᠬᠠᠮᠢᠶᠠᠷᠬᠤ᠎ᠶ᠋ᠢ ᠤᠶᠠᠯᠳᠤᠭᠤᠯᠤᠭ᠍ᠰᠠᠨ ᠭᠤᠤᠯ ᠮᠦᠷᠡᠨ᠎ᠤ ᠬᠠᠮᠠᠭᠠᠯᠠᠯᠳᠠ ᠵᠠᠰᠠᠯᠳᠠ᠎ᠶ᠋ᠢᠨ ᠳᠤᠭ᠍ᠳᠠᠴᠠᠶᠢ ᠳᠠᠰᠤᠷᠠᠯᠳᠠ ᠦᠭᠡᠢ ᠪᠡᠬᠢᠵᠢᠭᠦᠯᠪᠡ᠃ ᠡᠭᠦᠨ᠎ᠤ ᠬᠠᠮᠲᠤ᠌᠂ ᠰᠠᠪᠠ ᠭᠠᠵᠠᠷ᠎ᠤᠨ 171 ᠲᠦᠮᠡᠨ ᠤᠰᠤ ᠠᠪᠬᠤ ᠢᠨᠵᠧᠨᠧᠷᠢᠩ᠎ᠤᠨ ᠣᠳᠣᠬᠢ ᠪᠠᠢᠳᠠᠯ᠎ᠢ ᠲᠣᠳᠣᠷᠬᠠᠶ ᠣᠢᠯᠠᠭᠠᠵᠤ᠂ 2 ᠲᠦᠮᠡᠨ ᠬᠡᠪᠴᠢᠶᠡᠵᠢᠯ᠎ᠠᠴᠠ ᠳᠡᠭᠡᠭ᠌ᠰᠢᠬᠢ ᠤᠰᠤ ᠠᠪᠬᠤ ᠡᠷᠦᠬᠡ᠎ᠶ᠋ᠢᠨ ᠤᠰᠤ ᠲᠠᠲᠠᠵᠤ ᠬᠡᠷᠡᠭ᠌ᠯᠡᠬᠦ᠌᠎ᠶ᠋ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ᠌᠎ᠶ᠋ᠢ ᠪᠡᠶᠡᠯᠡᠭᠦᠯᠵᠦ᠍᠂ ᠤᠰᠤᠨ᠎ᠤ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠱᠢᠭ᠍ᠯᠠᠬᠤ ᠬᠢᠷᠢ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠬᠦ᠌᠎ᠶ᠋ᠢ ᠠᠬᠢᠭᠤᠯᠪᠠ᠃
ᠬᠤᠸᠠᠢ ᠾᠧ ᠭᠤᠤᠯ᠎ᠤᠨ ᠤᠰᠤᠨ ᠠᠱᠢᠭ᠍ᠯᠠᠯᠲᠠ᠎ᠶ᠋ᠢᠨ ᠵᠥᠪᠯᠡᠯ᠎ᠠᠴᠠ ᠤᠰᠤᠨ᠎ᠤ ᠢᠨᠵᠧᠨᠧᠷᠢᠩ ᠬᠢᠭᠡᠳ ᠤᠰᠤᠨ᠎ᠤ ᠰᠣᠶᠣᠯ᠎ᠤᠨ ᠠᠭᠤᠰᠤᠯᠴᠠᠯ᠎ᠢ ᠶᠡᠬᠡᠪᠡᠷ ᠠᠬᠢᠭᠤᠯᠵᠤ᠂ ᠬᠤᠸᠠᠢ ᠾᠧ ᠭᠤᠤᠯ᠎ᠤᠨ ᠰᠠᠪᠠ ᠭᠠᠵᠠᠷ᠎ᠤᠨ ᠤᠰᠤᠨ᠎ᠤ ᠰᠣᠶᠣᠯ᠎ᠤᠨ ᠥᠪ᠎ᠢ ᠪᠠᠢᠴᠠᠭᠠᠬᠤ ᠠᠵᠢᠯ᠎ᠢ ᠦᠷᠭᠦᠯᠵᠢᠯᠡᠨ ᠠᠬᠢᠭᠤᠯᠵᠤ᠂ ᠮᠤᠵᠢ᠎ᠶ᠋ᠢᠨ ᠱᠠᠲᠤᠨ᠎ᠠᠴᠠ ᠳᠡᠭᠡᠭ᠌ᠰᠢᠬᠢ ᠤᠰᠤᠨ ᠠᠱᠢᠭ᠍ᠯᠠᠯᠲᠠ᠎ᠶ᠋ᠢᠨ ᠥᠪ ᠬᠥᠷᠥᠩᠭᠡ᠎ᠶ᠋ᠢ 140 ᠭᠠᠷᠤᠶ ᠭᠠᠵᠠᠷ ᠡᠮᠬᠢᠯᠡᠨ ᠳᠢᠭ᠌ᠯᠡᠵᠦ᠍᠂ ᠬᠤᠸᠠᠢ ᠾᠧ ᠭᠤᠤᠯ᠎ᠤᠨ ᠤᠰᠤᠨ᠎ᠤ ᠰᠣᠶᠣᠯ᠎ᠢ ᠰᠠᠢᠲᠤᠷ ᠬᠠᠮᠠᠭᠠᠯᠠᠵᠤ᠂ ᠰᠠᠢᠲᠤᠷ ᠤᠯᠠᠮᠵᠢᠯᠠᠵᠤ᠂ ᠰᠠᠢᠲᠤᠷ ᠪᠠᠳᠠᠷᠠᠭᠤᠯᠵᠤ᠂ ᠰᠣᠶᠣᠯ᠎ᠢᠶᠠᠷ ᠬᠤᠸᠠᠢ ᠾᠧ ᠭᠤᠤᠯ᠎ᠢ ᠬᠠᠮᠠᠭᠠᠯᠠᠨ ᠵᠠᠰᠠᠬᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ᠃
ᠬᠠᠷᠢᠭᠤᠴᠠᠭᠰᠠᠨ ᠨᠠᠢ᠌ᠷᠠᠭᠤᠯᠤᠭᠴᠢ᠄ ᠭᠤᠤ ᠪᠥᠸᠧ