ᠲᠤᠰ ᠰᠣᠨᠢᠠ᠎ᠤ ᠰᠣᠷᠪᠤᠯᠵᠢᠯᠠᠬ᠍ᠴᠢ ᠸᠠᠩ ᠬᠣᠤ
《ᠡᠠᠷᠠᠣᠠ᠎ᠤᠨ ᠡᠳᠦᠷ᠎ᠤᠨ ᠰᠣᠨᠢᠠ》 ( 2025 ᠣᠨ᠎ᠤ 9 ᠳ᠋ᠤᠭᠡᠷ ᠰᠠᠷ᠎ᠠ ᠶ᠋ᠢᠨ 16᠎ᠤ ᠡᠳᠦᠷ 01 ᠳ᠋ᠤᠭᠡᠷ ᠬᠡᠪᠯᠠᠯ )
ᠤᠩᠱᠢᠭ᠍ᠴᠢᠳ᠎ᠤᠨ ᠠᠩᠬᠠᠷᠤᠯ
ᠪᠢ ᠪᠣᠯ ᠬᠤᠪᠧᠶ ᠮᠤᠵᠢ᠎ᠶ᠋ᠢᠨ ᠵᠢᠩᠵᠧᠦ ᠬᠣᠲᠠ᠎ᠶ᠋ᠢᠨ ᠠᠵᠢᠯ᠎ᠠᠴᠠ᠎ᠪᠠᠨ ᠠᠮᠠᠷᠠᠭ᠍ᠰᠠᠨ ᠨᠢᠭᠡᠨ ᠠᠵᠢᠯᠲᠠᠨ ᠂ ᠮᠢᠨᠦ᠍ ᠭᠡᠷ ᠬᠥᠬᠡ ᠮᠥ᠋ᠷᠡᠨᠦ ᠬᠥᠪᠡᠭᠡᠨ᠎ᠳᠦ ᠪᠠᠢᠨ᠎ᠠ ᠂ ᠦᠶᠡᠷ᠎ᠦᠨ ᠪᠠᠢᠳᠠᠯ᠎ᠢ ᠶᠡᠬᠡ ᠠᠩᠬᠠᠷᠴᠤ᠌ ᠪᠠᠢᠨ᠎ᠠ ᠃ ᠪᠢ ᠰᠣᠨᠢᠨ ᠮᠡᠳᠡᠭᠡᠨ᠎ᠠᠴᠠ ᠤᠯᠵᠦ ᠮᠡᠳᠡᠭᠰᠡᠨ ᠨᠢ᠂ ᠡᠨᠡ ᠵᠢᠯ ᠵᠠᠷᠢᠮ ᠭᠠᠵᠠᠷ ᠣᠷᠣᠨ᠎ᠳᠤ ᠱᠢᠷᠦᠭᠦᠨ ᠪᠣᠷᠣᠭᠠᠨ᠂ ᠦᠶᠡᠷ᠎ᠤᠨ ᠭᠠᠮᠰᠢᠭ ᠵᠡᠷᠭᠡ᠎ᠳᠦ ᠤᠴᠠᠷᠠᠵᠤ᠂ ᠬᠤᠯᠪᠣᠭ᠍ᠳᠠᠯ ᠪᠦᠬᠦᠢ ᠰᠠᠯᠠᠭ᠎ᠠ ᠮᠥᠴᠢᠷ᠎ᠤᠨ ᠬᠢᠨ ᠦᠶᠡᠷ᠎ᠢ ᠰᠡᠷᠭᠡᠢᠯᠡᠬᠦ᠌ ᠢᠨᠵᠸᠨ᠋ᠸᠷᠢᠩ᠎ᠢ ᠪᠠᠢᠭᠤᠯᠬᠤ ᠲᠠᠯ᠎ᠠ᠎ᠪᠠᠷ ᠶᠠᠮᠠᠷ ᠱᠢᠨ᠎ᠡ ᠠᠷᠭ᠎ᠠ ᠬᠡᠮᠵᠢᠶ᠎ᠡ ᠠᠪᠤᠭᠰᠠᠨ ᠪᠣᠯ?
ᠣᠳᠣᠬᠠᠨ᠎ᠳᠤ᠂ ᠦᠶᠡᠷ᠎ᠢ ᠰᠡᠷᠭᠡᠢᠯᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠬᠡᠳᠦᠢᠪᠡᠷ ᠨᠢᠭᠡᠨᠲᠡ ᠥᠩᠭᠡᠷᠡᠭ᠌ᠰᠡᠨ ᠪᠣᠯᠪᠠᠴᠤ᠌᠂ ᠵᠠᠷᠢᠮ ᠭᠠᠵᠠᠷ ᠣᠷᠣᠨ᠎ᠳᠤ ᠮᠥᠨ ᠬᠦ᠌ ᠦᠶᠡᠷ ᠤᠰᠤᠲᠤᠯ ᠪᠠ ᠲᠠᠢᠹᠧᠩ ᠰᠠᠯᠬᠢᠨ᠎ᠤ ᠠᠶᠤᠯ ᠲᠦᠭ᠌ᠰᠢᠭᠦᠷᠢ᠎ᠳᠤ ᠲᠤᠯᠭᠠᠷᠠᠵᠤ ᠪᠠᠢᠨ᠎ᠠ᠂ ᠦᠶᠡᠷ᠎ᠢ ᠰᠡᠷᠭᠡᠢᠯᠡᠵᠦ᠍ ᠭᠠᠮᠱᠢᠭ᠎ᠠᠴᠠ ᠠᠪᠤᠷᠠᠬᠤ ᠠᠵᠢᠯ᠎ᠢ ᠢᠮᠠᠭ᠍ᠲᠠ ᠴᠢᠩᠭ᠎ᠠ ᠠᠳᠭᠤᠬᠤ ᠬᠡᠷᠡᠭ᠌ᠲᠡᠶ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ᠂ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠨᠡᠢᠲᠡᠯᠡᠭ᠌ᠰᠡᠨ 《ᠭᠤᠤᠯ ᠮᠥᠷᠡᠨ᠎ᠢ ᠬᠠᠮᠠᠭᠠᠯᠠᠨ ᠵᠠᠰᠠᠬᠤ᠎ᠶ᠋ᠢ ᠪᠥᠬᠦ᠌ ᠲᠠᠯ᠎ᠠ᠎ᠪᠠᠷ ᠠᠬᠢᠭᠤᠯᠬᠤ ᠲᠤᠬᠠᠶ ᠰᠠᠨᠠᠯ》᠎ᠳᠤ 《ᠰᠠᠪᠠ ᠭᠠᠵᠠᠷ ᠤᠨ ᠦᠶᠡᠷ᠎ᠢ ᠰᠡᠷᠭᠡᠢᠯᠡᠵᠦ᠍ ᠭᠠᠮᠱᠢᠭ᠎ᠢ ᠪᠠᠭᠠᠰᠭᠠᠬᠤ ᠱᠢᠨ᠎ᠡ ᠪᠠᠢᠷᠢᠱᠢᠯ᠎ᠢ ᠪᠠᠢᠭᠤᠯᠬᠤ》᠂ 《ᠰᠠᠪᠠ ᠭᠠᠵᠠᠷ᠎ᠤᠨ ᠦᠶᠡᠷ᠎ᠢ ᠰᠡᠷᠭᠡᠢᠯᠡᠬᠦ᠌ ᠢᠨᠵᠧᠨᠧᠷᠢᠩ᠎ᠤᠨ ᠱᠢᠰᠲ᠋ᠧᠮ᠎ᠢ ᠲᠡᠭᠦᠯᠳᠡᠷᠵᠢᠭᠦᠯᠬᠦ᠌》 ᠬᠡᠷᠡᠭ᠌ᠲᠡᠶ ᠭᠡᠵᠦ᠍ ᠳᠤᠷᠠᠳᠪᠠ᠃ ᠣᠳᠣᠬᠠᠨ᠎ᠤ ᠪᠠ ᠠᠯᠤᠰ ᠬᠡᠲᠦ᠍᠎ᠶ᠋ᠢ ᠬᠡᠷᠬᠢᠨ ᠨᠢᠭᠡᠳᠦᠯᠲᠡᠶ ᠲᠥᠯᠥᠪᠯᠡᠵᠦ᠍᠂ ᠦᠶᠡᠷ᠎ᠢ ᠰᠡᠷᠭᠡᠢᠯᠡᠬᠦ᠌ ᠢᠨᠵᠧᠨᠧᠷᠢᠩ᠎ᠤᠨ ᠤᠯᠠᠮ ᠨᠢᠭᠡ ᠠᠯᠬᠤᠮ 《ᠶᠠᠰᠤ ᠱᠢᠷᠪᠦᠰᠦ ᠶ᠋ᠢ ᠴᠢᠬᠢᠷᠠᠭᠵᠢᠭᠤᠯᠬᠤ》 ᠪᠣᠶ?
《ᠰᠠᠪᠠ ᠭᠠᠵᠠᠷ᠎ᠤᠨ ᠦᠶᠡᠷ᠎ᠢ ᠰᠡᠷᠭᠡᠢᠯᠡᠬᠦ᠌ ᠢᠨᠵᠧᠨᠧᠷᠢᠩ᠎ᠤᠨ ᠱᠢᠰᠲ᠋ᠧᠮ ᠨᠢ ᠤᠰᠤᠨ ᠴᠥᠭᠥᠷᠥᠮ᠂ ᠭᠣᠤᠯ᠎ᠤᠨ ᠵᠠᠮ ᠵᠢᠴᠢ ᠬᠠᠱᠢᠯᠭ᠎ᠠ ᠳᠠᠯᠠᠩ᠂ ᠦᠶᠡᠷ᠎ᠢ ᠬᠠᠳᠠᠭᠠᠯᠠᠨ ᠲᠣᠭ᠍ᠲᠠᠭᠠᠬᠤ ᠣᠷᠣᠨ ᠵᠡᠷᠭᠡ᠎ᠪᠡᠷ ᠪᠦᠷᠢᠯᠳᠦᠨ᠎ᠡ᠃ ᠤᠰᠤᠨ ᠠᠱᠢᠭ᠍ᠯᠠᠯᠲᠠ᠎ᠶ᠋ᠢᠨ ᠰᠠᠯᠠᠭ᠎ᠠ ᠮᠥᠴᠢᠷ᠎ᠤᠨ ᠬᠢᠨ ᠱᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠬᠦ᠂ ᠱᠢᠰᠲ᠋ᠧᠮ᠎ᠲᠡᠶ᠎ᠪᠡᠷ ᠵᠠᠰᠠᠬᠤ᠎ᠶ᠋ᠢ ᠪᠠᠷᠢᠮᠲᠠᠯᠠᠨ᠂ ᠦᠶᠡᠷ᠎ᠢ ᠬᠠᠳᠠᠭᠠᠯᠠᠬᠤ᠂ ᠦᠶᠡᠷ᠎ᠢ ᠲᠣᠭ᠍ᠲᠠᠭᠠᠬᠤ᠂ ᠦᠶᠡᠷ᠎ᠢ ᠵᠠᠯᠠᠬᠤ᠂ ᠦᠶᠡᠷ᠎ᠢ ᠭᠠᠳᠠᠭ᠍ᠰᠢᠯᠠᠭᠤᠯᠬᠤ ᠵᠡᠷᠭᠡ ᠠᠷᠭ᠎ᠠ ᠬᠡᠮᠵᠢᠶ᠎ᠡ᠎ᠶ᠋ᠢ ᠶᠡᠷᠦᠩᠬᠡᠢᠯᠡᠨ ᠬᠡᠷᠡᠭ᠌ᠯᠡᠵᠦ᠍᠂ ᠦᠶᠡᠷ᠎ᠦᠨ ᠤᠰᠤ᠎ᠶ᠋ᠢ ᠰᠠᠨᠠᠭᠠᠴᠢᠯᠠᠭ᠎ᠠ᠎ᠠᠴᠠ᠎ᠪᠠᠨ ᠲᠣᠬᠢᠷᠠᠭᠤᠯᠤᠨ ᠡᠵᠡᠮᠱᠢᠬᠦ᠌ ᠴᠢᠳᠠᠪᠤᠷᠢ᠎ᠪᠠᠨ ᠴᠢᠷᠮᠠᠢᠨ ᠨᠡᠮᠡᠭ᠌ᠳᠡᠭᠦᠯᠬᠦ᠌ ᠬᠡᠷᠡᠭ᠌ᠲᠡᠶ》 ᠭᠡᠵᠦ᠍ ᠤᠰᠤᠨ ᠠᠱᠢᠭ᠍ᠯᠠᠯᠲᠠ᠎ᠶ᠋ᠢᠨ ᠶᠠᠮᠤᠨ᠎ᠤ ᠤᠰᠤ ᠭᠠᠩ᠎ᠤᠨ ᠭᠠᠮᠱᠢᠭ᠎ᠢ ᠰᠡᠷᠭᠡᠢᠯᠡᠬᠦ᠌ ᠵᠤᠷᠭᠠᠨ᠎ᠤ ᠦᠶᠡᠷ᠎ᠢ ᠰᠡᠷᠭᠡᠢᠯᠡᠬᠦ᠌ ᠳᠦᠷᠪᠡᠳᠦᠭᠡᠷ ᠭᠠᠵᠠᠷ᠎ᠤᠨ ᠭᠤᠷᠪᠠᠳᠤᠭᠠᠷ ᠳᠡᠰ᠎ᠤᠨ ᠪᠠᠢᠴᠠᠭᠠᠨ ᠰᠤᠳᠤᠯᠤᠭ᠍ᠴᠢ ᠯᠢ ᠴᠧᠨ ᠯᠢᠶᠠᠩ ᠲᠠᠨᠢᠯᠴᠠᠭᠤᠯᠪᠠ᠃
ᠭᠣᠣᠯᠯᠠᠭ᠍ᠴᠢ ᠢᠨᠵᠧᠨᠧᠷᠢᠩ᠎ᠤᠨ ᠪᠠᠢᠭᠤᠯᠤᠯᠲᠠ᠎ᠶ᠋ᠢ ᠠᠬᠢᠭᠤᠯᠵᠤ᠂ ᠳᠤᠲᠠᠭ᠍ᠳᠠᠯ ᠢᠶᠠᠨ ᠲᠦᠷᠭᠡᠨ ᠨᠥᠬᠦᠪᠦᠷᠢᠯᠡᠨ᠎ᠡ᠃ 《ᠤᠰᠤᠨ ᠠᠱᠢᠭ᠍ᠯᠠᠯᠲᠠ᠎ᠶ᠋ᠢᠨ ᠰᠠᠯᠠᠭ᠎ᠠ ᠮᠥᠴᠢᠷ ᠴᠠᠭ᠎ᠢ ᠵᠠᠪᠳᠤᠨ᠂ ᠣᠳᠣᠬᠢ ᠪᠠᠢᠳᠠᠯ᠎ᠢ ᠰᠠᠢᠲᠤᠷ ᠠᠳᠭᠤᠵᠤ᠂ ᠠᠶᠤᠯᠲᠠᠢ ᠤᠰᠤᠨ ᠴᠥᠭᠦᠷᠥᠮ᠎ᠤᠨ ᠠᠶᠤᠯ᠎ᠢ ᠠᠷᠢᠯᠭᠠᠨ ᠪᠠᠬᠢᠵᠢᠭᠦᠯᠬᠦ᠌ ᠭᠤᠷᠪᠠᠨ ᠵᠢᠯ᠎ᠤᠨ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠨᠢᠭᠡ ᠪᠦᠯᠦᠭ ᠤᠯᠤᠰ᠎ᠤᠨ ᠦᠶᠡᠷ᠎ᠢ ᠬᠠᠳᠠᠭᠠᠯᠠᠨ ᠲᠣᠭ᠍ᠲᠠᠭᠠᠬᠤ ᠣᠷᠣᠨ᠎ᠢ ᠠᠵᠢᠯ ᠡᠬᠢᠯᠡᠭᠦᠯᠦᠨ ᠪᠦᠳᠦᠭᠡᠨ ᠪᠠᠢᠭᠤᠯᠵᠤ᠂ ᠲᠤᠯᠤᠭᠠᠨ ᠶᠡᠭᠡ ᠭᠤᠣᠯ ᠮᠥᠷᠡᠨ᠎ᠤ ᠭᠤᠣᠯ ᠤᠷᠤᠰᠭᠠᠯ᠎ᠤᠨ ᠴᠢᠬᠤᠯᠠ ᠬᠠᠱᠢᠯᠭ᠎ᠠ᠎ᠶ᠋ᠢ ᠪᠠᠷᠢᠮᠵᠢᠶ᠎ᠠ᠎ᠳᠤ ᠬᠦᠷᠭᠡᠬᠦ᠌ ᠭᠤᠷᠪᠠᠨ ᠵᠢᠯ᠎ᠤᠨ ᠠᠵᠢᠯᠯᠠᠭᠠᠨ᠎ᠤ ᠲᠥᠰᠦᠯ᠎ᠤᠨ ᠬᠠᠷᠠᠯᠲᠠ ᠡᠭᠦᠷᠭᠡ᠎ᠶ᠋ᠢ ᠪᠦᠬᠦ᠌ ᠬᠦᠴᠦᠨ᠎ᠢᠶᠠᠷ᠎ᠢᠶᠠᠨ ᠪᠡᠶᠡᠯᠡᠭᠦᠯᠵᠦ᠍᠂ ᠤᠰᠤᠨ ᠠᠱᠢᠭ᠍ᠯᠠᠯᠲᠠ᠎ᠶ᠋ᠢᠨ ᠰᠠᠭᠤᠷᠢ ᠲᠥᠬᠦᠭᠡᠷᠦᠮᠵᠢ᠎ᠶ᠋ᠢᠨ ᠣᠳᠣᠬᠢᠴᠢᠯᠠᠯᠲᠠ᠎ᠶ᠋ᠢ ᠲᠦᠷᠭᠡᠳᠭᠡᠨ ᠠᠬᠢᠭᠤᠯᠤᠨ᠎ᠠ 》 ᠭᠡᠵᠦ᠍ ᠤᠰᠤᠨ ᠠᠱᠢᠭ᠍ᠯᠠᠯᠲᠠ᠎ᠶ᠋ᠢᠨ ᠶᠠᠮᠤᠨ᠎ᠤ ᠤᠰᠤ ᠭᠠᠩ᠎ᠤᠨ ᠭᠠᠮᠱᠢᠭ᠎ᠢ ᠰᠡᠷᠭᠡᠢᠯᠡᠬᠦ᠌ ᠵᠤᠷᠭᠠᠨ᠎ᠤ ᠦᠶᠡᠷ᠎ᠢ ᠬᠠᠳᠠᠭᠠᠯᠠᠨ ᠲᠣᠭ᠍ᠲᠠᠭᠠᠬᠤ ᠣᠷᠣᠨ᠎ᠤ ᠪᠦᠲᠦᠭᠡᠨ ᠪᠠᠢᠭᠤᠯᠤᠯᠲᠠ᠎ᠶ᠋ᠢᠨ ᠬᠠᠮᠢᠶᠠᠷᠤᠯᠲᠠ᠎ᠶ᠋ᠢᠨ ᠭᠠᠵᠠᠷ᠎ᠤᠨ ᠳᠠᠷᠤᠭ᠎ᠠ ᠯᠢ ᠵᠢᠶᠦ᠋ᠨ ᠺᠠᠢ ᠲᠠᠨᠢᠯᠴᠠᠭᠤᠯᠪᠠ᠃
ᠬᠠᠢ ᠾᠧ ᠭᠣᠣᠯ᠎ᠤᠨ ᠰᠠᠪᠠ ᠭᠠᠵᠠᠷ ᠢᠶᠠᠷ ᠵᠢᠱ᠌ᠢᠶᠠᠯᠡᠬᠦᠳᠤ᠂ ᠦᠶᠡᠷ᠎ᠢ ᠬᠠᠳᠠᠭᠠᠯᠠᠨ ᠲᠣᠭ᠍ᠲᠠᠭᠠᠬᠤ ᠣᠷᠣᠨ ᠪᠣᠯ ᠬᠠᠢ ᠾᠧ ᠭᠣᠤᠯ᠎ᠤᠨ ᠰᠠᠪᠠ ᠭᠠᠵᠠᠷ᠎ᠤᠨ ᠦᠶᠡᠷ᠎ᠢ ᠰᠡᠷᠭᠡᠢᠯᠡᠬᠦ᠌ ᠢᠨᠵᠸᠨ᠋ᠸᠷᠢᠩ᠎ᠤᠨ ᠱᠢᠰᠲ᠋ᠧᠮ᠎ᠤᠨ ᠴᠢᠬᠤᠯᠠ ᠪᠦᠷᠢᠯᠳᠦᠬᠦᠨ ᠬᠡᠰᠡᠭ ᠪᠣᠯᠬᠤ ᠪᠥᠭᠡᠳ ᠰᠠᠪᠠ ᠭᠠᠵᠠᠷ᠎ᠤᠨ ᠳᠣᠲᠣᠷᠠᠬᠢ ᠤᠯᠤᠰ᠎ᠤᠨ ᠦᠶᠡᠷ᠎ᠢ ᠬᠠᠳᠠᠭᠠᠯᠠᠨ ᠲᠣᠭ᠍ᠲᠠᠭᠠᠬᠤ 28 ᠣᠷᠣᠨ᠎ᠤ ᠳᠣᠲᠣᠷ᠎ᠠ᠂ ᠵᠠᠷᠢᠮ ᠬᠠᠱᠢᠯᠭ᠎ᠠ ᠳᠠᠯᠠᠩ ᠤᠨ ᠬᠠᠱᠢᠯᠭ᠎ᠠ ᠠᠯᠤᠰᠯᠠᠬᠤ ᠬᠠᠱᠢᠯᠭ᠎ᠠ ᠨᠢ ᠪᠠᠷᠢᠮᠵᠢᠶ᠎ᠠ᠎ᠳᠤ ᠬᠦᠷᠬᠦ᠌ ᠦᠭᠡᠶ᠂ ᠦᠶᠡᠷ᠎ᠢ ᠪᠤᠴᠠᠭᠠᠬᠤ ᠲᠥᠬᠥᠭᠡᠷᠦᠮᠵᠢ ᠨᠢ ᠲᠡᠭᠦᠯᠳᠡᠷ ᠪᠤᠰᠤ ᠵᠡᠷᠭᠡ ᠠᠰᠠᠭᠤᠳᠠᠯ᠎ᠤᠳ ᠣᠷᠣᠱᠢᠵᠤ ᠪᠠᠢᠨ᠎ᠠ᠃ 《 ᠪᠢᠳᠡ ᠭᠤᠣᠯᠳᠠᠯᠭ᠎ᠠ᠎ᠳᠤ ᠴᠢᠭ᠌ᠯᠡᠭᠦᠯᠦᠨ᠂ ᠠᠵᠢᠯ᠎ᠤᠨ ᠬᠤᠭᠤᠴᠠᠭ᠎ᠠ᠎ᠶ᠋ᠢ ᠲᠣᠩᠭᠤᠷᠠᠭᠤ ᠵᠢᠭ᠍ᠰᠠᠭᠠᠵᠤ᠂ ᠬᠤᠸᠠᠩ ᠵᠤᠸᠠᠩ ᠬᠣᠲᠣᠭᠣᠷ ᠵᠡᠷᠭᠡ ᠤᠯᠤᠰ᠎ᠤᠨ ᠦᠶᠡᠷ᠎ᠢ ᠬᠠᠳᠠᠭᠠᠯᠠᠨ ᠲᠣᠭ᠍ᠲᠠᠭᠠᠬᠤ 14 ᠣᠷᠣᠨ᠎ᠤ ᠵᠠᠭᠠᠭ᠍ᠯᠠᠬᠤ ᠠᠵᠢᠯ᠎ᠢ ᠨᠢᠭᠡᠨᠲᠡ ᠪᠡᠶᠡᠯᠡᠭᠦᠯᠪᠡ 》 ᠭᠡᠵᠦ᠍ ᠬᠠᠢ ᠾᠧ ᠤᠰᠤᠨ ᠠᠱᠢᠭ᠍ᠯᠠᠯᠲᠠ᠎ᠶ᠋ᠢᠨ ᠵᠥᠪᠯᠡᠯ᠎ᠦᠨ ᠤᠰᠤ ᠭᠠᠩ ᠤᠨ ᠭᠠᠮᠱᠢᠭ᠎ᠢ ᠰᠡᠷᠭᠡᠢᠯᠡᠬᠦ᠌ ᠭᠠᠵᠠᠷ᠎ᠤᠨ ᠳᠠᠷᠤᠭ᠎ᠠ ᠶᠠᠩ ᡁᠢ ᠭᠠᠩ ᠲᠠᠨᠢᠯᠴᠠᠭᠤᠯᠪᠠ᠃
ᠰᠠᠪᠠ ᠭᠠᠵᠠᠷ᠎ᠤᠨ ᠦᠶᠡᠷ᠎ᠢ ᠰᠡᠷᠭᠡᠢᠯᠡᠬᠦ᠌ ᠢᠨᠵᠧᠨᠧᠷᠢᠩ᠎ᠤᠨ ᠱᠢᠰᠲ᠋ᠧᠮ᠎ᠢ ᠲᠡᠭᠦᠯᠳᠡᠷᠵᠢᠭᠦᠯᠬᠦ᠌᠎ᠶ᠋ᠢᠨ ᠵᠠᠩᠭᠢᠯᠠᠭ᠎ᠠ᠎ᠨᠢ ᠱᠢᠰᠲ᠋ᠧᠮ᠎ᠲᠠᠢ᠎ᠪᠠᠷ ᠬᠦᠴᠦᠯᠡᠬᠦ᠌᠎ᠳᠤ ᠪᠠᠢ᠌ᠨ᠎ᠠ᠃ ᠰᠠᠪᠠ ᠭᠠᠵᠠᠷ ᠤᠨ ᠴᠢᠨᠠᠷ ᠪᠤᠯ ᠭᠤᠤᠯ ᠮᠥ᠋ᠷᠡᠨ ᠨᠠᠭᠤᠷ ᠤᠨ ᠬᠠᠮᠤᠭ ᠤᠨ ᠦᠨᠳᠦᠰᠦ ᠂ ᠬᠠᠮᠤᠭ ᠤᠨ ᠢᠯᠡ ᠲᠤᠳᠣ ᠣᠨᠴᠠᠯᠢᠭ ᠪᠣᠯᠣᠨ᠎ᠠ ᠃ ᠰᠠᠪᠠ ᠭᠠᠵᠠᠷ ᠢᠶᠠᠷ ᠨᠢᠭᠡᠴᠢ ᠪᠣᠯᠭᠠᠵᠤ᠂ ᠳᠡᠭᠡᠳᠦ ᠳᠤᠤᠷᠠᠳᠤ ᠤᠷᠤᠰᠭᠠᠯ᠂ ᠭᠤᠣᠯ ᠰᠠᠯᠪᠤᠷᠢ ᠤᠷᠤᠰᠭᠠᠯ᠂ ᠵᠡᠭᠦᠨ ᠪᠠᠷᠠᠭᠤᠨ ᠡᠷᠭᠢ᠎ᠶ᠋ᠢ ᠨᠢᠭᠡᠳᠦᠯᠲᠡᠢ ᠲᠥᠯᠥᠪᠵᠢᠭᠦᠯᠦᠨ ᠰᠦᠪᠡᠭ᠌ᠴᠢᠯᠡᠬᠦ᠌᠎ᠶ᠋ᠢ ᠪᠠᠷᠢᠮᠲᠠᠯᠠᠵᠤ᠂ ᠡᠯ᠎ᠡ ᠲᠦᠷᠦᠯ᠎ᠤᠨ ᠦᠶᠡᠷ᠎ᠢ ᠰᠡᠷᠭᠡᠢᠯᠡᠬᠦ᠌ ᠢᠨᠵᠧᠨᠧᠷᠢᠩ᠎ᠤᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠬᠠᠳᠠᠭᠠᠯᠠᠮᠵᠢ᠎ᠶ᠋ᠢ ᠨᠡᠮᠡᠭ᠌ᠳᠡᠭᠦᠯᠬᠦ᠂ ᠭᠠᠳᠠᠭ᠍ᠰᠢᠯᠠᠭᠤᠯᠤᠯᠲᠠ᠎ᠶ᠋ᠢ ᠥᠷᠭᠡᠳᠭᠡᠬᠦ᠂ ᠰᠠᠯᠭᠠᠨ ᠲᠣᠭ᠍ᠲᠠᠭᠠᠬᠤ ᠵᠡᠷᠭᠡ ᠠᠵᠢᠯ᠎ᠳᠤ ᠬᠠᠮᠵᠢᠯᠴᠠᠵᠤ᠂ ᠦᠶᠡᠷ᠎ᠢ ᠰᠡᠷᠭᠡᠢᠯᠡᠵᠦ᠍ ᠦᠶᠡᠷ᠎ᠲᠠᠢ ᠲᠡᠮᠡᠴᠡᠬᠦ᠌ ᠴᠢᠳᠠᠪᠤᠷᠢ᠎ᠪᠠᠨ ᠦᠨᠡᠨ ᠬᠦ᠌ ᠳᠡᠭᠡᠭ᠌ᠰᠢᠯᠡᠭᠦᠯᠬᠦ᠌ ᠬᠡᠷᠡᠭ᠌ᠲᠡᠢ᠃
ᠬᠤᠸᠠᠢ ᠾᠧ ᠭᠤᠣᠯ᠎ᠤᠨ 《ᠬᠤᠶᠠᠷ ᠦᠵᠦᠭᠦᠷ᠎ᠲᠦ ᠪᠠᠨ ᠡᠷᠲᠡᠭᠡᠷ᠂ ᠳᠤᠮᠳᠠ᠎ᠪᠠᠨ ᠬᠤᠲᠣᠭᠤᠷ 〉᠂ ᠳᠡᠭᠡᠳᠦ ᠤᠷᠤᠰᠭᠠᠯ᠎ᠤᠨ ᠠᠭᠤᠯᠠᠷᠬᠠᠭ ᠳᠣᠪᠣᠷᠬᠠᠭ ᠣᠷᠣᠨ᠎ᠤ ᠦᠶᠡᠷ᠎ᠤᠨ ᠤᠰᠤ ᠴᠤᠭ᠍ᠯᠠᠭᠤᠯᠬᠤ ᠬᠤᠷᠳᠤᠴᠠ᠎ᠨᠢ ᠲᠦᠷᠭᠡᠨ᠂ ᠳᠤᠮᠳᠠ ᠤᠷᠤᠰᠭᠠᠯ᠎ᠤᠨ ᠭᠠᠵᠠᠷ᠎ᠤᠨ ᠪᠠᠢᠴᠠ᠎ᠨᠢ ᠲᠡᠭ᠌ᠰᠢ ᠨᠠᠮ᠂ ᠳᠣᠣᠷᠠᠳᠤ ᠤᠷᠤᠰᠭᠠᠯ᠎ᠤᠨ ᠭᠤᠣᠯ ᠮᠥᠷᠡᠨ ᠳᠠᠯᠠᠢ᠎ᠳᠤ ᠣᠷᠣᠬᠤ ᠴᠢᠳᠠᠪᠤᠷᠢ ᠬᠦᠷᠦᠯᠴᠡᠬᠦ ᠦᠭᠡᠢ ᠪᠠᠢ᠌ᠨ᠎ᠠ ᠃ 《ᠪᠢᠳᠡ ᠰᠠᠪᠠ ᠭᠠᠵᠠᠷ᠎ᠤᠨ ᠣᠨᠴᠠᠯᠢᠭ᠎ᠢ ᠦᠨᠳᠦᠰᠦᠯᠡᠨ᠂〈 ᠬᠤᠷᠠᠮᠳᠤᠭᠤᠯᠬᠤ ᠵᠠᠯᠠᠬᠤ᠎ᠶᠢ ᠬᠠᠮᠳᠦ᠎ᠳᠤ ᠨᠢ ᠴᠤᠭᠯᠠᠭᠤᠯᠬᠤ 〉᠎ᠪᠠᠷ ᠬᠤᠸᠠᠢ ᠾᠧ ᠭᠣᠣᠯ᠎ᠢ ᠵᠠᠰᠠᠬᠤ ᠴᠢᠭ᠌ᠯᠡᠯᠲᠡ᠎ᠶ᠋ᠢ ᠬᠡᠷᠡᠭ᠌ᠵᠢᠭᠦᠯᠪᠡ᠃ ᠳᠡᠭᠡᠷ᠎ᠡ ᠬᠤᠷᠠᠮᠳᠤᠭᠤᠯᠬᠤ᠂ ᠴᠤᠤ ᠱᠠᠨ ᠳ᠋ᠢᠶᠠᠨ᠂ ᠵᠤᠤ ᠫᠢᠩ ᠲᠠᠢ ᠵᠡᠷᠭᠡ ᠲᠤᠮᠤ ᠬᠡᠯᠪᠡᠷᠢ᠎ᠶ᠋ᠢᠨ ᠤᠰᠤᠨ ᠴᠥᠭᠦᠷᠥᠮ᠎ᠤᠨ ᠪᠠᠭ᠍ᠲᠠᠭᠠᠮᠵᠢ᠎ᠶ᠋ᠢ ᠥᠷᠭᠡᠳᠭᠡᠬᠦ᠌᠎ᠶ᠋ᠢ ᠬᠡᠷᠡᠭ᠌ᠵᠢᠭᠦᠯᠦᠨ᠎ᠡ; ᠳᠤᠮᠳᠠ ᠤᠰᠤ᠎ᠶ᠋ᠢ ᠵᠠᠯᠠᠬᠤ᠂ ᠦᠶᠡᠷ ᠵᠠᠯᠠᠬᠤ ᠣᠷᠣᠨ᠎ᠢ ᠲᠣᠬᠢᠷᠠᠭᠤᠯᠬᠤ ᠪᠠ ᠪᠦᠳᠦᠭᠡᠨ ᠪᠠᠢᠭᠤᠯᠬᠤ᠎ᠶ᠋ᠢ ᠬᠡᠷᠡᠭ᠌ᠵᠢᠭᠦᠯᠦᠨ᠎ᠡ;ᠳᠣᠣᠷ᠎ᠠ ᠭᠠᠳᠠᠭᠰᠢᠯᠠᠭᠤᠯᠬᠤ᠂ ᠭᠤᠣᠯ ᠮᠥᠷᠡᠨ᠎ᠤ ᠤᠰᠤᠨ ᠵᠠᠮ᠎ᠢ ᠴᠡᠭ᠌ᠴᠡᠯᠡᠨ ᠵᠠᠰᠠᠵᠤ᠂ ᠬᠤᠸᠠᠢ ᠾᠧ ᠭᠤᠣᠯ᠎ᠤᠨ ᠲᠡᠯᠡᠶ᠎ᠳᠤ ᠣᠷᠣᠬᠤ ᠤᠰᠤᠨ ᠵᠠᠮ᠎ᠤᠨ ᠬᠤᠶᠠᠳᠤᠭᠠᠷ ᠬᠤᠭᠤᠴᠠᠭᠠᠨ᠎ᠤ ᠢᠨᠵᠸᠨ᠋ᠸᠷᠢᠩ ᠵᠡᠷᠭᠡ᠎ᠶ᠋ᠢ ᠬᠡᠷᠡᠭ᠌ᠵᠢᠭᠦᠯᠦᠨ᠎ᠡ 》 ᠭᠡᠵᠦ᠍ ᠬᠤᠸᠠᠢ ᠾᠧ ᠭᠣᠣᠯ᠎ᠤᠨ ᠤᠰᠤᠨ ᠠᠱᠢᠭ᠍ᠯᠠᠯᠲᠠ᠎ᠶ᠋ᠢᠨ ᠵᠥᠪᠯᠡᠯ᠎ᠦᠨ ᠲᠥᠯᠥᠪᠵᠢᠭᠦᠯᠭᠡ ᠲᠥᠯᠦᠪᠯᠡᠭᠡᠨᠦ ᠭᠠᠵᠠᠷ᠎ᠤᠨ ᠳᠠᠷᠤᠭ᠎ᠠ ᠨᠢ ᠳᠠ ᠶᠢᠨ ᠲᠠᠨᠢᠯᠴᠠᠭᠤᠯᠪᠠ᠃
ᠤᠰᠤᠨ ᠲᠣᠣᠷ᠎ᠢ ᠢᠨᠲᠸᠷ ᠰᠦᠯᠵᠢᠶ᠎ᠡ ᠲᠠᠢ ᠬᠣᠯᠪᠣᠵᠣ ᠂ ᠤᠰᠤᠨ ᠴᠥᠭᠥᠷᠥᠮᠢ᠋ ᠳ᠋ᠠᠢᠲ᠋ᠠ ᠶᠢᠨ ᠬᠥᠮᠥᠷᠭᠡ᠂ ᠱᠢᠨ᠎ᠡ ᠮᠡᠷᠭᠡᠵᠢᠯᠳ᠋ᠦ᠍ ᠵᠠᠯᠭᠠᠨ ᠣᠷᠣᠭᠤᠯᠵᠤ ᠂《 ᠳ᠋ᠢᠵᠢᠲ᠋ᠠᠯ ᠳᠠᠯᠠᠩ ᠬᠠᠱᠢᠯᠭ᠎ᠠ 》᠎ᠶᠢ ᠪᠠᠢᠭᠤᠯᠤᠨ᠎ᠠ᠃ 《ᠥᠨᠥ᠍ ᠵᠢᠯ᠎ᠤᠨ ᠯᠢ ᠱᠦᠢ 1 ᠳ᠋ᠤᠭᠡᠷ ᠲᠣᠭᠠᠲᠤ ᠦᠶᠡᠷ ᠤᠨ ᠤᠰᠤ᠎ᠶ᠋ᠢ ᠡᠰᠡᠷᠭᠦᠴᠡᠬᠦ᠌ ᠦᠶ᠎ᠡ᠎ᠳᠤ᠂ ᠪᠢᠳᠡ ᠳ᠋ᠢᠵᠢᠲ᠋ᠠᠯ ᠢᠬᠡᠷ᠎ᠡ ᠮᠡᠷᠭᠡᠵᠢᠯ᠎ᠢ ᠬᠡᠷᠡᠭ᠌ᠯᠡᠨ᠂ ᠦᠶᠡᠷ᠎ᠤᠨ ᠶᠠᠪᠤᠴᠠ᠎ᠶ᠋ᠢ ᠤᠤᠯ᠎ᠤᠨ 40 ᠮᠢᠨᠦ᠋ᠲ ᠪᠠᠢᠭ᠍ᠰᠠᠨ᠎ᠠᠴᠠ᠎ᠨᠢ 5 ᠮᠢᠨᠦ᠋ᠲ᠎ᠤᠨ ᠳᠣᠲᠤᠷ᠎ᠠ ᠪᠣᠯᠭᠠᠨ ᠪᠣᠭᠤᠨᠢᠰᠭᠠᠵᠤ᠂ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠎ᠳᠤ ᠡᠷᠬᠢᠮ ᠨᠠᠨᠳᠢᠨ ᠴᠠᠭ᠎ᠢ ᠵᠠᠪᠳᠤᠨ ᠣᠯᠭᠤᠵᠦ ᠦᠭᠭᠦᠭᠰᠡᠨ ᠪᠠᠢ᠌ᠨ᠎ᠠ》 ᠭᠡᠵᠦ᠍ ᠬᠥᠬᠡ ᠮᠥ᠋ᠷᠡᠨᠦ᠌ ᠤᠰᠤᠨ ᠠᠱᠢᠭ᠍ᠯᠠᠯᠲᠠ᠎ᠶᠢᠨ ᠵᠥᠪᠯᠡᠯ᠎ᠦ᠋ᠨ ᠤᠰᠤ ᠭᠠᠩ ᠭᠠᠮᠱᠢᠭ᠎ᠤ᠋ᠨ ᠰᠡᠷᠭᠡᠢᠯᠡᠯᠲᠡ᠎ᠶᠢᠨ ᠲᠣᠪᠴᠢᠶᠠᠨ᠎ᠤ᠋ ᠳᠠᠷᠤᠭ᠎ᠠ ᠳ᠋ᠢᠩ ᠱᠧᠩ ᠱᠢᠶᠠᠩ ᠲᠠᠨᠢᠯᠴᠠᠭᠤᠯᠪᠠ᠃
ᠤᠰᠤᠨ ᠠᠱᠢᠭ᠍ᠯᠠᠯᠲᠠ᠎ᠶ᠋ᠢᠨ ᠶᠠᠮᠤᠨ᠎ᠤ ᠬᠤᠯᠪᠣᠭ᠍ᠳᠠᠯ ᠪᠥᠬᠦᠶ ᠬᠠᠷᠢᠭᠤᠴᠠᠯᠭᠠᠲᠠᠨ ᠢᠯᠡᠷᠬᠡᠢᠯᠡᠬᠦ᠌ᠳᠤ ᠪᠠᠨ᠂ ᠳ᠋ᠢᠵᠢᠲ᠋ᠠᠯ ᠢᠬᠡᠷ᠎ᠡ ᠰᠠᠪᠠ ᠭᠠᠵᠠᠷ ᠪᠠ ᠳ᠋ᠢᠵᠢᠲ᠋ᠠᠯ ᠢᠬᠡᠷ᠎ᠡ ᠤᠰᠤᠨ ᠠᠱᠢᠭ᠍ᠯᠠᠯᠲᠠ᠎ᠶ᠋ᠢᠨ ᠢᠨᠵᠧᠨᠧᠷᠢᠩ᠎ᠤᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠵᠦ᠍᠂ ᠦᠶᠡᠷ᠎ᠤᠨ ᠤᠰᠤᠨ᠎ᠳᠤ ᠪᠡᠯᠡᠳᠭᠡᠯ ᠰᠣᠷᠢᠯᠲᠠ ᠥᠷᠨᠢᠭᠦᠯᠵᠦ᠍᠂ ᠳᠣᠭᠢᠷᠠᠭᠤᠯᠬᠤ ᠲᠥᠰᠦᠯ᠎ᠢᠶᠠᠨ ᠱᠢᠯᠢᠳᠡᠭ᠌ᠵᠢᠭᠦᠯᠦᠨ᠂ ᠦᠶᠡᠷ᠎ᠢ ᠰᠡᠷᠭᠡᠢᠯᠡᠬᠦ᠌ ᠱᠢᠢᠳᠪᠦᠷᠢᠲᠦ ᠪᠣᠳᠣᠯᠭ᠎ᠠ᠎ᠶ᠋ᠢᠨ ᠱᠢᠨᠵᠢᠯᠡᠬᠦ᠌ ᠤᠬᠠᠭᠠᠨᠴᠢ ᠴᠢᠨᠠᠷ ᠪᠠ ᠪᠠᠷᠠᠯᠠᠯᠳᠤ ᠴᠢᠨᠠᠷ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠎ᠡ ᠭᠡᠪᠡ᠃
ᠬᠠᠷᠢᠭᠤᠴᠠᠭ᠍ᠰᠠᠨ ᠨᠠᠢᠷᠠᠭᠤᠯᠤᠭ᠍ᠴᠢ᠄ ᠯᠢ ᠱᠠᠨ