ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠤᠷᠪᠤᠯᠵᠢᠯᠠᠭ᠎ᠠ
ᠠᠷᠠᠳ᠎ᠤᠨ ᠡᠳᠦᠷ᠎ᠤᠨ ᠰᠣᠨᠢᠨ᠄ ᠮᠠᠨ᠎ᠤ ᠤᠯᠤᠰ ᠭᠣᠣᠯ ᠮᠦᠷᠡᠨ ᠨᠠᠭᠤᠷ ᠴᠦᠬᠦᠷᠦᠮ᠎ᠦᠨ ᠴᠢᠬᠤᠯᠠ ᠬᠦᠳᠡᠯᠤᠩᠭᠦᠢ ᠬᠠᠮᠢᠶᠠᠷᠤᠯᠲᠠ᠎ᠶ᠋ᠢ ᠦᠨᠳᠦᠰᠦᠨ᠎ᠳᠦ᠎ᠪᠡᠨ ᠪᠡᠶᠡᠯᠡᠭᠦᠯᠪᠡ
ᠨᠡᠶ᠋ᠢᠲᠡᠯᠡᠭᠰᠡᠨ ᠴᠠᠭ᠄ 2025-09-03

《ᠡᠠᠷᠠᠣᠠ᠎ᠤᠨ ᠡᠳᠦᠷ᠎ᠤᠨ ᠰᠣᠨᠢᠠ 》 ( 2025 ᠣᠨ᠎ᠤ 09 ᠳ᠋ᠦ᠍ᠭᠡᠷ ᠰᠠᠷ᠎ᠠ᠎ᠶ᠋ᠢᠨ 02᠎ᠤᠨ ᠡᠳᠦᠷ 14 ᠳ᠋ᠦ᠍ᠭᠡᠷ       ᠬᠡᠪᠯᠡᠯ )

 

  ᠲᠤᠰ ᠰᠣᠨᠢᠠ ᠪᠡᠬᠡᠵᠢᠩ᠎ᠤᠨ 9 ᠳ᠋ᠦ᠍ᠭᠡᠷ ᠰᠠᠷ᠎ᠠ᠎ᠶ᠋ᠢᠨ 1᠎ᠤ ᠡᠳᠦᠷ᠎ᠤᠨ ᠴᠠᠬᠢᠯᠭ᠋ᠠᠨ ᠮᠠᠲᠠᠭᠡ (ᠰᠤᠷᠪᠤᠯᠵᠢᠯᠠᠭ᠍ᠴᠢ             ᠸᠠᠩ ᠬᠤᠤ ) ᠰᠤᠷᠪᠤᠯᠵᠢᠯᠠᠭ᠍ᠴᠢ ᠤᠰᠤᠨ ᠠᠱᠢᠭ᠍ᠯᠠᠯᠲᠠ᠎ᠶ᠋ᠢᠨ ᠶᠠᠮᠤᠨ᠎ᠡᠴᠡ ᠤᠢᠯᠠᠭᠠᠵᠤ ᠮᠡᠲᠡᠭ᠌ᠰᠡᠨ ᠨᠢ᠄ ᠤᠢᠷ᠎ᠠ᠎ᠶ᠋ᠢᠨ ᠵᠢᠯ᠎ᠳᠤ᠂ ᠮᠠᠨ᠎ᠤ ᠤᠯᠤᠰ ᠭᠤᠤᠯ ᠮᠦᠷᠡᠨ ᠨᠠᠭᠤᠷ ᠴᠦᠬᠦᠷᠦᠮ᠎ᠦᠨ ᠬᠠᠮᠢᠶᠠᠷᠤᠯᠲᠠ᠎ᠶ᠋ᠢᠨ ᠬᠡᠪᠴᠢᠶ᠎ᠠ᠎ᠶ᠋ᠢ ᠬᠠᠤᠯᠢ ᠶᠤᠰᠤᠭᠠᠷ ᠲᠤᠭ᠍ᠲᠠᠭᠠᠵᠤ᠂ 170 ᠳᠦᠮᠡᠨ ᠺᠢᠯᠤᠮᠸᠲᠷ ᠭᠤᠤᠯ ᠮᠦᠷᠡᠨ ᠨᠠᠭᠤᠷ  ᠴᠦᠬᠦᠷᠦᠮ᠎ᠢ ᠡᠵᠡᠮᠲᠡᠵᠦ᠍ ᠬᠠᠮᠢᠶᠠᠷᠤᠨ ᠡᠵᠡᠮᠲᠡᠭᠦ᠌ ᠵᠠᠭᠠᠭ᠎ᠢ ᠲᠤᠲᠤᠷᠬᠠᠢᠯᠠᠵᠤ ᠂ ᠴᠢᠬᠤᠯᠠ ᠭᠤᠤᠯ ᠮᠦᠷᠡᠨ ᠨᠠᠭᠤᠷ ᠴᠦᠬᠦᠷᠦᠮ᠎ᠢ ᠬᠦᠲᠡᠯᠦᠩᠭᠦᠢ ᠬᠠᠮᠢᠶᠠᠷᠬᠤ᠎ᠶ᠋ᠢ ᠦᠨᠲᠦᠰᠦᠨ᠎ᠳᠦ᠎ᠪᠡᠨ ᠪᠡᠶᠡᠯᠡᠭᠦᠯᠵᠡᠢ ᠃

  ᠪᠦᠬᠦ᠌ ᠤᠯᠤᠰ᠎ᠤᠨ ᠠᠩᠬᠠᠳᠠᠭ᠍ᠴᠢ ᠡᠭᠡᠯᠵᠢ᠎ᠶ᠋ᠢᠨ ᠭᠤᠣᠯ ᠮᠥᠷᠡᠨ ᠨᠠᠭᠤᠷ ᠴᠥᠭᠦᠷᠥᠮ᠎ᠤᠨ ᠡᠷᠡᠭᠦᠯ ᠮᠡᠨᠳᠦ᠍᠎ᠶ᠋ᠢᠨ ᠦᠨᠡᠯᠡᠯᠲᠡ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ 2.16 ᠲᠦᠮᠡᠨ ᠵᠤᠷᠪᠤᠰ ᠭᠤᠣᠯ ᠮᠥᠷᠡᠨ ᠨᠠᠭᠤᠷ ᠴᠥᠭᠦᠷᠥᠮ᠎ᠤᠨ ᠡᠷᠡᠭᠦᠯ ᠮᠡᠨᠳᠦ᠍᠎ᠶ᠋ᠢᠨ ᠳᠠᠩᠰᠠ ᠡᠪᠬᠡᠮᠡᠯ᠎ᠢ ᠪᠠᠢᠭᠤᠯᠤᠨ᠂ 《ᠨᠢᠭᠡ ᠭᠤᠣᠯ ᠨᠢᠭᠡ ᠳᠠᠩᠰᠠ ᠡᠪᠬᠡᠮᠡᠯ》 ᠎ᠤᠨ ᠬᠠᠮᠢᠶᠠᠷᠤᠯᠲᠠ᠎ᠶ᠋ᠢ ᠬᠡᠷᠡᠭᠵᠢᠭᠦᠯᠦᠭᠰᠡᠨ ᠪᠠᠢ᠌ᠨ᠎ᠠ᠃ ᠡᠷᠬᠢ᠎ᠶ᠋ᠢᠨ ᠱᠤᠭᠤᠮ᠎ᠤᠨ ᠲᠥᠯᠥᠪᠵᠢᠭᠦᠯᠭᠡ᠎ᠶ᠋ᠢᠨ ᠬᠠᠮᠢᠶᠠᠷᠤᠨ ᠡᠵᠡᠮᠳᠡᠬᠦ᠌ ᠲᠣᠭ᠍ᠲᠠᠴᠠ᠎ᠶ᠋ᠢ ᠪᠦᠬᠦ᠌ ᠲᠠᠯ᠎ᠠ᠎ᠪᠠᠷ ᠪᠠᠢᠭᠤᠯᠵᠤ᠂ ᠬᠥᠬᠡᠮᠥ᠋ᠷᠡᠨ᠂ ᠬᠠᠲᠤᠨ ᠭᠤᠣᠯ᠂ ᠬᠤᠸᠠᠢ ᠾᠧ ᠭᠤᠣᠯ᠂ ᠰᠤᠩᠭᠠᠷᠢ ᠮᠥᠷᠡᠨ᠂ ᠯᠢᠶᠣᠤ ᠾᠧ ᠭᠤᠣᠯ᠂ ᠲᠠᠶ ᠬᠤ᠌ ᠨᠠᠭᠤᠷ ᠵᠡᠷᠭᠡ ᠶᠡᠭᠡ ᠭᠤᠣᠯ ᠮᠥᠷᠡᠨ ᠶᠡᠭᠡ ᠨᠠᠭᠤᠷ᠎ᠤᠨ ᠡᠷᠭᠢ᠎ᠶ᠋ᠢᠨ ᠱᠤᠭᠤᠮ᠎ᠢ ᠬᠠᠮᠠᠭᠠᠯᠠᠨ ᠠᠱᠢᠭ᠍ᠯᠠᠬᠤ ᠲᠥᠯᠥᠪᠵᠢᠭᠦᠯᠭᠡ᠎ᠶ᠋ᠢ ᠪᠦᠬᠦᠨ᠎ᠢ ᠳᠠᠷᠤᠮᠠᠯᠯᠠᠨ ᠲᠠᠷᠬᠠᠭᠠᠵᠤ ᠬᠡᠷᠡᠭ᠌ᠵᠢᠭᠦᠯᠦᠨ᠂ ᠡᠷᠭᠢ᠎ᠶ᠋ᠢᠨ ᠱᠤᠭᠤᠮ᠎ᠤᠨ ᠬᠠᠮᠠᠭᠠᠯᠠᠯᠲᠠ᠎ᠶ᠋ᠢᠨ ᠣᠷᠣᠨ᠂ ᠬᠠᠮᠠᠭᠠᠯᠠᠯᠲᠠ᠎ᠶ᠋ᠢᠨ ᠣᠷᠣᠨ᠎ᠢ 3.31 ᠲᠦᠮᠡᠨ ᠺᠢᠯᠣᠮᠧᠲᠷ ᠬᠤᠪᠢᠶᠠᠷᠢᠯᠠᠨ ᠲᠣᠭ᠍ᠲᠠᠭᠠᠵᠤ᠂ ᠲᠥᠯᠥᠪᠵᠢᠭᠦᠯᠭᠡ᠎ᠶ᠋ᠢᠨ ᠡᠷᠭᠢ᠎ᠶ᠋ᠢᠨ ᠱᠤᠭᠤᠮ᠎ᠤᠨ ᠶᠡᠷᠦᠩᠬᠡᠶ ᠣᠷᠳᠣ᠎ᠨᠢ 70% ᠣᠷᠴᠢᠮ᠎ᠢ ᠡᠵᠡᠯᠡᠵᠦ᠍᠂ ᠭᠤᠣᠯ ᠮᠥᠷᠡᠨ ᠨᠠᠭᠤᠷ ᠴᠥᠭᠦᠷᠥᠮ᠎ᠤᠨ ᠪᠠᠢᠭᠠᠯᠢ᠎ᠶ᠋ᠢᠨ ᠡᠷᠭᠢ᠎ᠶ᠋ᠢᠨ ᠱᠤᠭᠤᠮ᠎ᠢ ᠬᠠᠮᠤᠭ᠎ᠤᠨ ᠶᠡᠭᠡ ᠬᠡᠮᠵᠢᠶ᠎ᠡ᠎ᠪᠠᠷ ᠦᠯᠡᠳᠡᠭᠡᠬᠦ᠌ ᠪᠠ ᠰᠡᠷᠭᠦᠭᠡᠨ᠎ᠡ᠃

  ᠭᠤᠣᠯ ᠮᠥᠷᠡᠨ ᠨᠠᠭᠤᠷ ᠴᠥᠭᠦᠷᠥᠮ᠎ᠢ ᠨᠢᠭᠡ ᠴᠣᠭ᠍ᠴᠠᠵᠢᠭᠤᠯᠤᠨ ᠬᠢᠨᠠᠨ ᠬᠡᠮᠵᠢᠵᠦ᠍ ᠮᠡᠳᠡᠷᠡᠬᠦ᠌ ᠱᠢᠰᠲ᠋ᠧᠮ᠎ᠢ ᠪᠠᠢᠭᠤᠯᠵᠤ᠂ ᠥᠨᠳᠥᠷ ᠢᠯᠭᠠᠮᠵᠢᠲᠤ ᠳᠠᠭᠠᠭᠤᠯᠢ ᠣᠳᠣᠨ᠎ᠤ ᠠᠯᠤᠰ ᠰᠡᠷᠡᠯ᠂ ᠵᠣᠬᠢᠶᠠᠮᠠᠯ ᠣᠶᠤᠨ᠂ ᠳᠤᠬᠢᠭᠤᠷ ᠳᠤᠯᠤᠭ᠋ᠠᠨ ᠣᠳᠣᠨ᠎ᠤ ᠪᠠᠢᠷᠢ ᠲᠣᠭ᠍ᠲᠠᠭᠠᠯᠲᠠ᠂ ᠥᠨᠳᠥᠷ ᠴᠡᠭ᠎ᠤᠨ ᠸᠢᠳᠢᠣ᠋ ᠵᠡᠷᠭᠡ ᠮᠡᠷᠭᠡᠵᠢᠯ᠎ᠢ ᠬᠡᠷᠡᠭ᠌ᠯᠡᠨ᠂ ᠭᠤᠣᠯ ᠮᠥᠷᠡᠨ ᠨᠠᠭᠤᠷ ᠴᠥᠭᠦᠷᠥᠮ᠎ᠤᠨ ᠤᠰᠤᠨ ᠣᠷᠣᠨ᠎ᠤ ᠬᠤᠪᠢᠷᠠᠯᠲᠠ᠂ ᠡᠷᠭᠢ᠎ᠶ᠋ᠢᠨ ᠱᠤᠭᠤᠮ᠎ᠢ ᠨᠡᠭᠡᠭᠡᠨ ᠠᠱᠢᠭ᠍ᠯᠠᠵᠤ ᠪᠠᠢᠭ᠎ᠠ ᠪᠠᠢᠳᠠᠯ᠂ ᠭᠤᠣᠯ᠎ᠤᠨ ᠵᠠᠮ᠎ᠢᠶᠠᠷ ᠡᠯᠡᠰᠦ ᠮᠠᠯᠲᠠᠬᠤ ᠵᠡᠷᠭᠡ ᠪᠠᠢᠳᠠᠯ᠎ᠢ ᠴᠠᠭ ᠲᠤᠬᠠᠶ᠎ᠳᠤᠨᠢ ᠡᠵᠡᠮᠱᠢᠨ᠎ᠡ᠃ 14 ᠲᠦᠮᠡᠨ ᠵᠤᠷᠪᠤᠰ ᠭᠣᠤᠯ ᠮᠥᠷᠡᠨ᠂ 3000 ᠭᠠᠷᠤᠶ ᠨᠠᠭᠤᠷ ᠴᠥᠭᠥᠷᠥᠮ᠂ 3000 ᠭᠠᠷᠤᠶ ᠡᠯᠡᠰᠦ ᠮᠠᠯᠲᠠᠬᠤ ᠭᠣᠤᠯᠳᠠᠯᠭ᠎ᠠ᠎ᠲᠠᠶ ᠭᠣᠤᠯ᠎ᠤᠨ ᠬᠡᠰᠡᠭ᠂ 3 ᠲᠦᠮᠡ ᠭᠠᠷᠤᠶ ᠡᠷᠭᠢ᠎ᠶ᠋ᠢᠨ ᠱᠤᠭᠤᠮ᠎ᠤᠨ ᠴᠢᠳᠠᠮᠵᠢ᠎ᠶ᠋ᠢᠨ ᠣᠷᠣᠨ ᠲᠣᠭᠣᠷᠢᠭ᠂ ᠭᠣᠤᠯ ᠮᠥᠷᠡᠨ᠎ᠲᠡᠶ ᠬᠣᠯᠪᠣᠭ᠍ᠳᠠᠭ᠍ᠰᠠᠨ 10 ᠲᠦᠮᠡᠨ ᠪᠦᠲᠦᠭᠡᠨ ᠪᠠᠢᠭᠤᠯᠤᠯᠲᠠ᠎ᠶ᠋ᠢᠨ ᠲᠥᠷᠥᠯ ᠵᠦᠢᠯ᠂ 30 ᠲᠦᠮᠡᠨ ᠭᠣᠤᠯ ᠮᠥᠷᠡᠨ ᠨᠠᠭᠤᠷ ᠴᠥᠭᠥᠷᠥᠮ᠎ᠦᠨ ᠳᠠᠷᠤᠭ᠎ᠠ᠂ 300 ᠲᠦᠮᠡᠨ ᠵᠤᠷᠪᠤᠰ ᠭᠣᠤᠯ ᠮᠥᠷᠡᠨ ᠨᠠᠭᠤᠷ ᠴᠥᠭᠥᠷᠥᠮ᠎ᠦᠨ ᠰᠠᠭᠤᠷᠢ ᠲᠣᠭ᠎ᠠ ᠪᠠᠷᠢᠮᠲᠠ᠎ᠳᠤ ᠬᠥᠳᠡᠯᠦᠩᠭᠦᠶ ᠬᠠᠮᠢᠶᠠᠷᠤᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠦᠭᠰᠡᠨ ᠪᠠᠢ᠌ᠨ᠎ᠠ᠃ ᠪᠦᠬᠦ᠌ ᠤᠯᠤᠰ᠎ᠤᠨ ᠭᠤᠣᠯ᠎ᠤᠨ ᠵᠠᠮ᠎ᠤᠨ ᠬᠠᠢᠷ ᠴᠢᠯᠠᠭᠤ ᠮᠠᠯᠲᠠᠵᠤ ᠲᠡᠭᠡᠭᠡᠪᠦᠷᠢᠯᠡᠬᠦ᠌᠎ᠳᠤ 《ᠨᠢᠭᠡ ᠨᠣᠮᠧᠷ᠎ᠢᠶᠠᠷ ᠨᠡᠢᠳᠡᠮ ᠬᠡᠷᠡᠭ᠌ᠯᠡᠬᠦ᠂ ᠨᠢᠭᠡ ᠨᠣᠮᠧᠷ᠎ᠢᠶᠠᠷ ᠡᠬᠢ ᠡᠭᠦᠰᠦᠯ᠎ᠢ᠎ᠨᠢ ᠡᠷᠢᠬᠦ᠌》 ᠎ᠶ᠋ᠢ ᠪᠡᠶᠡᠯᠡᠭᠦᠯᠵᠦ᠍᠂ ᠲᠣᠭ᠍ᠲᠠᠭᠠᠯ᠎ᠠᠴᠠ ᠵᠥᠷᠢᠴᠡᠨ ᠪᠠᠢᠭᠤᠯᠬᠤ ᠵᠡᠷᠭᠡ ᠭᠤᠣᠯᠳᠠᠯᠭ᠎ᠠ᠎ᠲᠠᠢ ᠭᠠᠵᠠᠷ ᠪᠣᠳᠠᠰ᠎ᠤᠨ ᠵᠣᠬᠢᠶᠠᠮᠠᠯ ᠣᠶᠤᠨᠴᠢ᠎ᠪᠠᠷ ᠢᠯᠭᠠᠨ ᠲᠠᠨᠢᠬᠤ ᠣᠨᠣᠪᠴᠢ᠎ᠶ᠋ᠢᠨ ᠬᠡᠮᠵᠢᠶ᠎ᠡ᠎ᠶ᠋ᠢ 85% ᠎ᠠᠴᠠ ᠳᠠᠪᠠᠵᠤ᠂ ᠳᠣᠬᠢᠭᠤᠷ ᠳᠣᠯᠣᠭᠠᠨ ᠣᠳᠣ᠎ᠶ᠋ᠢᠨ ᠬᠢᠨᠠᠨ ᠡᠵᠡᠮᠳᠡᠬᠦ᠌ ᠤᠰᠤᠨ ᠳᠣᠣᠷᠠᠬᠢ ᠡᠯᠡᠰᠦ ᠮᠠᠯᠲᠠᠬᠤ ᠭᠦᠨᠴᠡ᠎ᠶ᠋ᠢᠨ ᠬᠡᠮᠵᠢᠶ᠎ᠡ᠎ᠨᠢ ᠰᠡᠨᠲ᠋ᠢᠮᠧᠲᠷ᠎ᠤᠨ ᠳᠡᠰ᠎ᠲᠤ ᠬᠦᠷᠴᠡᠢ᠃

  ᠭᠤᠣᠯ ᠮᠥᠷᠡᠨ ᠨᠠᠭᠤᠷ ᠴᠥᠭᠦᠷᠥᠮ᠎ᠤᠨ 《 ᠳᠤᠷ᠎ᠠ᠎ᠪᠠᠷ ᠦᠢ᠍ᠯᠡᠳᠬᠦ ᠳᠦᠷᠪᠡ᠎ᠶᠢ ᠴᠡᠪᠡᠷᠯᠡᠬᠦ 》 ᠎ᠶ᠋ᠢ ᠪᠠᠢᠩᠭᠤᠵᠢᠭᠤᠯᠤᠨ ᠵᠢᠷᠤᠮᠵᠢᠭᠤᠯᠬᠤ᠎ᠶ᠋ᠢ ᠭᠦᠨᠵᠡᠭᠡᠢᠷᠡᠭᠦᠯᠦᠨ ᠠᠬᠢᠭᠤᠯᠵᠤ᠂ ᠭᠤᠣᠯ᠎ᠤᠨ ᠵᠠᠮ᠎ᠤᠨ ᠦᠶᠡᠷ᠎ᠢ ᠵᠠᠯᠠᠬᠤ᠂ ᠤᠰᠤᠨ ᠴᠥᠭᠦᠷᠥᠮ᠎ᠤᠨ ᠪᠠᠭ᠍ᠲᠠᠭᠠᠮᠵᠢ᠎ᠶ᠋ᠢ ᠡᠵᠡᠯᠡᠭ᠌ᠰᠡᠨ ᠠᠰᠠᠭᠤᠳᠠᠯ᠎ᠢ ᠭᠤᠣᠯᠳᠠᠯᠭ᠎ᠠ᠎ᠲᠠᠢ ᠴᠡᠭ᠌ᠴᠡᠯᠡᠨ ᠵᠠᠰᠠᠵᠤ᠂ ᠳᠤᠷ᠎ᠠ᠎ᠪᠠᠷ᠎ᠢᠶᠠᠨ ᠡᠵᠡᠯᠡᠬᠦ᠂ ᠳᠤᠷ᠎ᠠ᠎ᠪᠠᠷ᠎ᠢᠶᠠᠨ ᠮᠠᠯᠲᠠᠬᠤ᠂ ᠳᠤᠷ᠎ᠠ᠎ᠪᠠᠷ᠎ᠢᠶᠠᠨ ᠣᠪᠣᠭᠠᠯᠠᠬᠤ᠂ ᠳᠤᠷ᠎ᠠ᠎ᠪᠠᠷ᠎ᠢᠶᠠᠨ ᠪᠠᠢᠭᠤᠯᠬᠤ ᠠᠰᠠᠭᠤᠳᠠᠯ᠎ᠢ ᠨᠡᠢᠳᠡ 29.4 ᠲᠦᠮᠡ ᠴᠡᠭ᠌ᠴᠡᠯᠡᠨ ᠵᠠᠰᠠᠵᠤ᠂ 15000 ᠭᠠᠷᠤᠢ ᠲᠦᠮᠡᠨ ᠲᠡᠭ᠌ᠰᠢ ᠳᠥᠷᠪᠡᠯᠵᠢᠨ ᠮᠧᠲᠷ᠎ᠢ ᠨᠤᠷᠠᠭᠠᠵᠤ᠂ 2 ᠲᠦᠮᠡᠨ ᠺᠢᠯᠣᠮᠧᠲᠷ᠎ᠤᠨ ᠬᠠᠤᠯᠢ ᠪᠤᠰᠤ ᠬᠠᠱᠢᠯᠭ᠎ᠠ᠎ᠶ᠋ᠢ ᠠᠷᠢᠯᠭᠠᠵᠤ᠂ 1 ᠳ᠋ᠦᠩᠱᠢᠭᠤᠷ ᠲᠣᠨ ᠬᠤᠭ ᠨᠣᠪᠰᠢ᠎ᠶ᠋ᠢ ᠴᠡᠪᠡᠷᠯᠡᠪᠡ᠃

  ᠳ᠋ᠦᠩ ᠲᠢᠩ ᠨᠠᠭᠤᠷ᠂ ᠫᠦᠸᠧ ᠶᠠᠩ ᠬᠤ᠌ ᠨᠠᠭᠤᠷ᠂ ᠲᠠᠶ ᠬᠤ᠌ ᠨᠠᠭᠤᠷ᠂ ᠬᠤᠩ ᠽᠧ ᠬᠤ᠌ ᠨᠠᠭᠤᠷ᠂ ᠬᠤᠩ ᠬᠤ᠌ ᠨᠠᠭᠤᠷ ᠵᠡᠷᠭᠡ ᠨᠠᠭᠤᠷ ᠴᠥᠭᠦᠷᠥᠮ᠎ᠤᠨ ᠬᠠᠰᠢᠯᠭ᠎ᠠ᠎ᠶᠢ ᠠᠷᠢᠯᠭ᠋ᠠᠵᠤ ᠨᠠᠭᠤᠷ᠎ᠢ ᠪᠤᠴᠠᠭᠠᠬᠤ᠂ ᠬᠠᠤᠯᠢ ᠪᠤᠰᠤ᠎ᠪᠠᠷ ᠪᠣᠭᠤᠨᠢ ᠲᠤᠤᠷ᠎ᠤᠨ ᠬᠦᠷᠢᠶ᠎ᠡ ᠬᠡᠪᠴᠢᠶ᠎ᠡ᠎ᠶ᠋ᠢ ᠴᠡᠭ᠌ᠴᠡᠯᠡᠨ ᠵᠠᠰᠠᠬᠤ᠎ᠶ᠋ᠢ ᠬᠡᠷᠡᠭ᠌ᠵᠢᠭᠦᠯᠵᠦ᠍᠂ ᠨᠠᠭᠤᠷ ᠴᠥᠭᠦᠷᠥᠮ᠎ᠤᠨ ᠤᠰᠤᠨ ᠣᠷᠣᠨ᠎ᠢ ᠬᠤᠯᠪᠣᠭ᠍ᠰᠠᠨ ᠲᠠᠯᠠᠪᠠᠢ᠎ᠶ᠋ᠢ 1300 ᠭᠠᠷᠤᠶ ᠲᠡᠭ᠌ᠰᠢ ᠳᠥᠷᠪᠡᠯᠵᠢᠨ ᠺᠢᠯᠣᠮᠧᠲᠷ ᠰᠡᠷᠭᠦᠭᠡᠪᠡ᠃

  

  ᠬᠠᠷᠢᠭᠤᠴᠠᠭᠰᠠᠨ ᠨᠠᠢ᠌ᠷᠠᠭᠤᠯᠤᠭᠴᠢ᠄ ᠭᠤᠤ ᠪᠥᠸᠧ

ᠢᠷᠡᠯᠲᠡ᠄ ᠠᠷᠠᠳ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
 
            