ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠤᠯᠤᠰ᠎ᠤᠨ ᠬᠠᠣᠯᠢ ᠴᠠᠭᠠᠵᠠ ᠬᠠᠣᠯᠢ ᠲᠥᠷᠢᠮ
ᠲᠦᠷᠦ ᠵᠢᠨ ᠶᠠᠪᠤᠳᠠᠯ᠎ᠤᠨ ᠬᠣᠷᠢᠶ᠎ᠠ 《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠰᠠᠨᠠᠯ》᠎ᠢ ᠳᠠᠷᠤᠮᠠᠯᠯᠠᠨ ᠲᠠᠷᠬᠠᠭ᠋ᠠᠪᠠ
ᠨᠡᠶ᠋ᠢᠲᠡᠯᠡᠭᠰᠡᠨ ᠴᠠᠭ᠄ 2023-10-17

   ᠰᠢᠨᠬᠤᠸᠠ ᠬᠣᠷᠢᠶ᠎ᠠ ᠵᠢᠨ  ᠪᠡᠭᠡᠵᠢᠩ᠎ᠤᠨ 10 ᠰᠠᠷ᠎ᠠ ᠵᠢᠨ 16᠎ᠤ  ᠴᠠᠭᠢᠯᠭ᠋ᠠᠨ ᠮᠡᠳᠡᠭᠡ   ᠣᠢ᠌ᠷ᠎ᠠ᠎ᠳᠤ ᠂  ᠲᠦᠷᠦ ᠵᠢᠨ ᠶᠠᠪᠤᠳᠠᠯ᠎ᠤᠨ ᠬᠣᠷᠢᠶ᠎ᠠ 《  ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠰᠠᠨᠠᠯ 》 (  ᠳᠣᠷᠣᠭᠰᠢ 《ᠰᠠᠨᠠᠯ》 ᠭᠡᠵᠦ ᠳᠥᠭᠥᠮᠴᠢᠯᠡᠨ᠎ᠡ )᠎ᠢ  ᠳᠠᠷᠤᠮᠠᠯᠯᠠᠨ ᠲᠠᠷᠬᠠᠭ᠋ᠠᠪᠠ ᠃

  《  ᠰᠠᠨᠠᠯ 》᠎ᠳᠤ ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠤᠯᠭ᠋ᠠᠵᠤ ᠂  ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ ᠂  ᠶᠡᠷᠦᠩᠬᠡᠢ ᠱᠦᠵᠢ  ᠰᠢ ᠵᠢᠨ ᠫᠢᠩ  ᠪᠣᠯᠣᠨ ᠨᠠᠮ᠎ᠤᠨ ᠲᠥᠪ ᠬᠣᠷᠢᠶ᠎ᠠ ᠵᠢᠨ  ᠥᠪᠥᠷ ᠮᠣᠩᠭᠣᠯ᠎ᠤᠨ ᠲᠤᠬᠠᠢ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ ᠵᠢ ᠪᠠᠲᠤ ᠡᠵᠡᠮᠳᠡᠵᠦ ᠂  ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠪᠦᠷᠢᠨ ᠪᠦᠲᠦᠨ ᠂  ᠵᠥᠪ ᠤᠨᠤᠪᠴᠢᠳᠠᠢ ᠂  ᠪᠦᠭᠦ ᠲᠠᠯ᠎ᠠ᠎ᠪᠠᠷ ᠲᠤᠭᠤᠰᠢᠯᠠᠭᠤᠯᠵᠤ ᠂  ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠲᠦᠷᠭᠡᠳᠬᠡᠨ ᠪᠠᠢ᠌ᠭᠤᠯᠵᠤ ᠂  ᠴᠢᠨᠠᠷ ᠰᠠᠢ᠌ᠲᠠᠢ ᠬᠥᠭᠵᠢᠯᠲᠡ ᠵᠢ ᠬᠦᠴᠦᠯᠡᠨ ᠠᠬᠢᠭᠤᠯᠵᠤ ᠂  ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠵᠦ ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠤᠯᠭ᠋ᠠᠵᠤ ᠂  ᠠᠮᠢ ᠠᠬᠤᠢ ᠵᠢ ᠤᠷᠢᠳ ᠵᠶ᠋ᠡᠷ  ᠪᠣᠳᠣᠯᠬᠢᠯᠠᠬᠤ ᠂  ᠪᠣᠬᠢᠷᠳᠤᠯ ᠦᠭᠡᠢ ᠬᠥᠭᠵᠢᠭᠦᠯᠬᠦ᠎ᠪᠠᠷ ᠤᠳᠤᠷᠢᠳᠤᠮᠵᠢ ᠪᠤᠯᠭ᠋ᠠᠵᠤ ᠂  ᠠᠵᠤ ᠠᠬᠤᠢ ᠵᠢᠨ ᠪᠦᠲᠦᠴᠡ᠎ᠳᠤ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠲᠣᠬᠢᠷᠠᠭᠤᠯᠤᠯᠲᠠ ᠬᠢᠬᠦ ᠵᠢ ᠲᠦᠷᠭᠡᠳᠬᠡᠵᠦ ᠂  ᠡᠬᠢ ᠪᠠᠶᠠᠯᠢᠭ᠎ᠤᠨ ᠭᠡᠯᠪᠡᠷᠢ ᠵᠢᠨ ᠭᠠᠵᠠᠷ ᠣᠷᠣᠨ᠎ᠤ ᠭᠡᠯᠪᠡᠷᠢ᠎ᠪᠠᠨ ᠬᠤᠪᠢᠷᠠᠭᠤᠯᠤᠨ ᠬᠥᠭᠵᠢᠭᠦᠯᠬᠦ ᠰᠢᠨ᠎ᠡ ᠠᠷᠭ᠎ᠠ ᠵᠠᠮ᠎ᠢ ᠰᠦᠪᠡᠭᠴᠢᠯᠡᠵᠦ ᠂  ᠥᠪᠥᠷ ᠮᠣᠩᠭᠣᠯ᠎ᠤᠨ 《ᠬᠣᠶᠠᠷ ᠬᠠᠯᠬᠠᠪᠴᠢ》 ᠂ 《ᠬᠣᠶᠠᠷ ᠰᠠᠭᠤᠷᠢᠨ 》 ᠂ 《ᠨᠢᠭᠡ ᠪᠡᠬᠢᠯᠡᠯᠲᠡ》 ᠵᠢ  ᠪᠦᠲᠦᠭᠡᠨ ᠪᠠᠢ᠌ᠭᠤᠯᠬᠤ ᠳᠡᠭᠡᠷ᠎ᠡ ᠰᠢᠨ᠎ᠡ ᠵᠢᠳᠬᠦᠯ ᠴᠢᠷᠮᠠᠢ᠌ᠯᠭ᠎ᠠ ᠭᠠᠷᠭ᠋ᠠᠬᠤ ᠵᠢ ᠠᠬᠢᠭᠤᠯᠵᠤ ᠂  ᠤᠯᠤᠰ᠎ᠤᠨ ᠠᠮᠢ ᠠᠬᠤᠢ ᠂  ᠡᠨᠧᠷᠭᠢ ᠂  ᠠᠮᠤ ᠪᠤᠳᠠᠭ᠎ᠠ ᠂  ᠠᠵᠤ ᠦᠢ᠍ᠯᠡᠰ ᠪᠠ ᠬᠢᠯᠢ ᠬᠢᠵᠠᠭ᠋ᠠᠷ᠎ᠤᠨ ᠠᠮᠤᠷ ᠲᠦᠪᠰᠢᠨ᠎ᠢ  ᠪᠠᠲᠤᠯᠠᠬᠤ ᠦᠢ᠍ᠯᠡᠳᠦᠯ ᠴᠢᠳᠠᠪᠬᠢ᠎ᠪᠠᠨ ᠦᠨᠡᠨ ᠬᠦ᠌ ᠳᠡᠭᠡᠭᠰᠢᠯᠡᠭᠦᠯᠵᠤ ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ  ᠪᠦᠭᠦ ᠲᠠᠯ᠎ᠠ᠎ᠪᠠᠷ ᠪᠦᠲᠦᠭᠡᠨ ᠪᠠᠢ᠌ᠭᠤᠯᠵᠤ ᠂  ᠪᠦᠭᠦ ᠤᠯᠤᠰ᠎ᠤᠨ ᠴᠢᠨᠠᠷ ᠰᠠᠢ᠌ᠲᠠᠢ ᠬᠥᠭᠵᠢᠯᠲᠡ᠎ᠳᠤ ᠦᠢ᠍ᠯᠡᠴᠢᠯᠡᠨ ᠪᠠᠲᠤᠯᠠᠬᠤ ᠴᠢᠬᠤᠯᠠ ᠲᠤᠯᠭ᠋ᠠᠭᠤᠷᠢᠯᠠᠯ᠎ᠢ ᠬᠠᠩᠭ᠋ᠠᠵᠤ ᠂  ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ ᠂  ᠨᠡᠢ᠌ᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠭᠦ ᠲᠠᠯ᠎ᠠ᠎ᠪᠠᠷ ᠪᠦᠲᠦᠭᠡᠨ ᠪᠠᠢ᠌ᠭᠤᠯᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠵᠠᠢ ᠃ 《  ᠰᠠᠨᠠᠯ 》᠎ᠳᠤ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ ᠂  ᠪᠣᠬᠢᠷᠳᠤᠯ ᠦᠭᠡᠢ ᠬᠥᠭᠵᠢᠭᠦᠯᠬᠦ ᠂  ᠭᠡᠯᠪᠡᠷᠢ ᠵᠢ ᠬᠤᠪᠢᠷᠠᠭᠤᠯᠬᠤ ᠂  ᠪᠦᠲᠦᠴᠡ᠎ᠳᠤ ᠲᠣᠬᠢᠷᠠᠭᠤᠯᠤᠯᠲᠠ ᠬᠢᠬᠦ ᠂  ᠥᠭᠡᠷᠡᠴᠢᠯᠡᠯᠲᠡ ᠨᠡᠭᠡᠭᠡᠯᠲᠡ ᠬᠢᠬᠦ ᠂  ᠳᠠᠪᠠᠭᠤᠯᠢᠭ᠎ᠢ ᠪᠤᠶ ᠪᠤᠯᠭ᠋ᠠᠬᠤ ᠂  ᠬᠣᠷᠢᠭ᠎ᠠ ᠱᠤᠭᠤᠮ᠎ᠤᠨ ᠰᠡᠳᠬᠢᠬᠦᠢ ᠂  ᠠᠮᠤᠷ ᠲᠦᠪᠰᠢᠨ᠎ᠢ ᠪᠠᠲᠤᠯᠠᠬᠤ ᠂  ᠠᠷᠠᠳ᠎ᠤᠨ ᠠᠮᠢᠳᠤᠷᠠᠯ᠎ᠢ ᠪᠠᠲᠤᠯᠠᠬᠤ ᠂  ᠠᠷᠠᠳ᠎ᠤᠨ ᠰᠡᠳᠬᠢᠯ᠎ᠢ ᠨᠢᠭᠲᠠᠷᠠᠭᠤᠯᠬᠤ ᠵᠡᠷᠭᠡ ᠠᠵᠢᠯ᠎ᠤᠨ ᠵᠠᠷᠴᠢᠮ᠎ᠢ ᠲᠣᠳᠣᠷᠬᠠᠢ᠌ᠯᠠᠵᠤ ᠂ 2027 ᠣᠨ ᠂ 2035 ᠣᠨ ᠪᠤᠯᠲᠠᠯᠠᠭᠢ ᠬᠥᠭᠵᠢᠯᠲᠡ ᠵᠢᠨ ᠬᠠᠷᠠᠯᠲᠠ ᠵᠢ ᠳᠤᠷᠠᠳᠪᠠ ᠃

  《  ᠰᠠᠨᠠᠯ 》᠎ᠳᠤ 7 ᠲᠠᠯ᠎ᠠ ᠵᠢᠨ ᠭᠣᠣᠯ ᠡᠭᠦᠷᠭᠡ ᠵᠢ ᠪᠠᠢ᠌ᠷᠢᠯᠠᠭᠤᠯᠪᠠ ᠃  ᠨᠢᠭᠡ᠎ᠳᠤ ᠂  ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠰᠢᠰᠲ᠋ᠧᠮ᠎ᠲᠠᠢ ᠵᠠᠰᠠᠬᠤ ᠵᠢ ᠨᠢᠭᠡᠳᠦᠯᠲᠡᠢ  ᠲᠥᠯᠥᠪᠵᠢᠭᠦᠯᠵᠦ ᠂  ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠦᠨ᠎ᠡ ᠃  ᠬᠣᠶᠠᠷ᠎ᠲᠤ ᠂  ᠠᠵᠤ ᠦᠢ᠍ᠯᠡᠰ᠎ᠤᠨ ᠪᠦᠲᠦᠴᠡ ᠵᠢ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠲᠣᠬᠢᠷᠠᠭᠤᠯᠤᠨ ᠰᠢᠯᠢᠳᠡᠭᠵᠢᠭᠦᠯᠬᠦ ᠵᠢ ᠠᠬᠢᠭᠤᠯᠵᠤ ᠂  ᠣᠯᠠᠨ ᠡᠰᠢᠵᠢᠭᠰᠡᠨ ᠬᠥᠭᠵᠢᠯᠲᠡ ᠂  ᠣᠯᠠᠨ ᠲᠤᠢ᠌ᠯ ᠵᠶ᠋ᠠᠷ ᠲᠤᠯᠭ᠋ᠠᠭᠤᠷᠢᠯᠠᠭᠰᠠᠨ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠪᠠᠢ᠌ᠭᠤᠯᠤᠨ᠎ᠠ ᠃  ᠭᠤᠷᠪᠠ᠎ᠳᠤ ᠂  ᠪᠠᠢ᠌ᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ ᠂  ᠡᠬᠢ ᠪᠠᠶᠠᠯᠢᠭ᠎ᠤᠨ ᠭᠡᠯᠪᠡᠷᠢ ᠵᠢᠨ ᠭᠠᠵᠠᠷ ᠣᠷᠣᠨ᠎ᠤ ᠭᠡᠯᠪᠡᠷᠢ᠎ᠪᠠᠨ ᠬᠤᠪᠢᠷᠠᠭᠤᠯᠤᠨ ᠬᠥᠭᠵᠢᠭᠦᠯᠬᠦ  ᠰᠢᠨ᠎ᠡ ᠠᠷᠭ᠎ᠠ ᠵᠠᠮ᠎ᠢ ᠰᠦᠪᠡᠭᠴᠢᠯᠡᠨ᠎ᠡ ᠃  ᠳᠥᠷᠪᠡ᠎ᠳᠤ ᠂  ᠰᠢᠨ᠎ᠡ ᠭᠡᠯᠪᠡᠷᠢ ᠵᠢᠨ ᠡᠨᠧᠷᠭᠢ ᠵᠢᠨ ᠰᠢᠰᠲ᠋ᠧᠮ᠎ᠢ ᠪᠠᠢ᠌ᠭᠤᠯᠵᠤ ᠂  ᠤᠯᠤᠰ᠎ᠤᠨ ᠴᠢᠬᠤᠯᠠ ᠡᠨᠧᠷᠭᠢ ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ᠎ᠤ  ᠬᠠᠩᠭ᠋ᠠᠯᠭ᠎ᠠ ᠵᠢ ᠪᠠᠲᠤᠯᠠᠬᠤ ᠴᠢᠳᠠᠪᠤᠷᠢ ᠵᠢ ᠨᠡᠮᠡᠭᠳᠡᠭᠦᠯᠦᠨ᠎ᠡ ᠃  ᠲᠠᠪᠤ᠎ᠳᠤ ᠂  ᠮᠠᠯ ᠠᠵᠤ ᠠᠬᠤᠢ ᠲᠠᠷᠢᠶᠠᠯᠠᠩ᠎ᠤᠨ ᠣᠳᠣᠬᠢᠴᠢᠯᠠᠯᠲᠠ ᠵᠢ ᠲᠦᠷᠭᠡᠳᠬᠡᠨ ᠠᠬᠢᠭᠤᠯᠵᠤ ᠂  ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ᠎ᠤ  ᠶᠡᠷᠦᠩᠬᠡᠢ᠌ᠯᠡᠭᠰᠡᠨ ᠦᠢ᠍ᠯᠡᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ ᠃  ᠵᠢᠷᠭᠤᠭ᠎ᠠ᠎ᠳᠤ ᠂  ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠣᠣᠰ ᠣᠷᠴᠢᠯ᠎ᠳᠤ ᠢᠳᠡᠪᠬᠢᠲᠡᠢ ᠠᠭᠤᠰᠤᠯᠴᠠᠵᠤ ᠂  ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠵᠢᠨ ᠪᠦᠲᠦᠭᠡᠨ ᠪᠠᠢ᠌ᠭᠤᠯᠤᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ ᠵᠢ ᠠᠬᠢᠭᠤᠯᠤᠨ᠎ᠠ ᠃  ᠳᠣᠯᠣᠭ᠎ᠠ᠎ᠳᠤ ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠴᠢᠩᠭ᠋ᠠᠳᠬᠠᠵᠤ ᠂  ᠤᠮᠠᠷᠠᠲᠤ ᠬᠢᠯᠢ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠲᠤ ᠪᠡᠬᠢ ᠴᠣᠭᠴᠠᠯᠠᠨ᠎ᠠ ᠃

  《  ᠰᠠᠨᠠᠯ 》᠎ᠳᠤ ᠂  ᠨᠠᠮ᠎ᠤᠨ ᠪᠦᠭᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠵᠤ ᠂  ᠨᠠᠮ᠎ᠤᠨ ᠤᠳᠤᠷᠢᠳᠤᠯᠭ᠎ᠠ ᠵᠢ ᠢᠮᠠᠭᠲᠠ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠪᠦᠭᠦ ᠶᠠᠪᠤᠴᠠ ᠡᠯ᠎ᠡ ᠲᠠᠯ᠎ᠠ᠎ᠳᠤ ᠲᠤᠭᠤᠰᠢᠯᠠᠭᠤᠯᠬᠤ ᠬᠡᠷᠡᠭᠲᠡᠢ ᠃  ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢ ᠴᠢᠩᠭ᠋ᠠᠳᠬᠠᠵᠤ ᠂  ᠴᠢᠬᠤᠯᠠ ᠶᠡᠬᠡ ᠲᠥᠷᠥᠯ ᠵᠦᠢ᠍ᠯ᠎ᠤᠨ ᠬᠥᠲᠥᠯᠥᠨ ᠳᠠᠭ᠋ᠠᠭᠤᠯᠵᠤ ᠳᠠᠢ᠌ᠴᠢᠯᠠᠬᠤ ᠦᠢ᠍ᠯᠡᠳᠦᠯ᠎ᠢ ᠪᠠᠳᠠᠷᠠᠭᠤᠯᠵᠤ ᠂  ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠥᠭᠵᠢᠯᠲᠡ ᠂  ᠴᠢᠬᠤᠯᠠ ᠶᠡᠬᠡ ᠲᠥᠷᠥᠯ ᠵᠦᠢ᠍ᠯ᠎ᠢ ᠨᠠᠢ᠌ᠳᠠᠪᠤᠷᠢᠵᠢᠭᠤᠯᠬᠤ ᠵᠡᠷᠭᠡ ᠲᠠᠯ᠎ᠠ᠎ᠪᠠᠷ ᠳᠡᠮᠵᠢᠯᠭᠡ ᠦᠵᠡᠭᠦᠯᠦᠨ᠎ᠡ ᠃  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠭᠣᠣᠯ ᠴᠣᠭᠴᠠ ᠵᠢᠨ ᠬᠠᠷᠢᠭᠤᠴᠠᠯᠭ᠎ᠠ᠎ᠪᠠᠨ ᠨᠠᠢ᠌ᠳᠠᠪᠤᠷᠢᠵᠢᠭᠤᠯᠵᠤ ᠂  ᠠᠵᠢᠯ᠎ᠤᠨ ᠨᠠᠷᠢᠨ ᠲᠠᠩᠰᠠ ᠵᠢ ᠲᠣᠭᠲᠠᠭ᠋ᠠᠨ ᠂  ᠴᠠᠭ᠎ᠤᠨ ᠬᠦᠰᠦᠨᠦᠭᠲᠦ ᠂  ᠪᠠᠷᠢᠯᠭ᠎ᠠ ᠵᠢᠨ ᠵᠢᠷᠤᠭ᠎ᠢ ᠲᠣᠳᠣᠷᠬᠠᠢ᠌ᠯᠠᠵᠤ ᠂  ᠡᠯ᠎ᠡ ᠵᠦᠢ᠍ᠯ᠎ᠤᠨ ᠡᠭᠦᠷᠭᠡ ᠵᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠪᠠᠲᠤᠯᠠᠬᠤ ᠬᠡᠷᠡᠭᠲᠡᠢ ᠃  ᠲᠥᠷᠥ ᠵᠢᠨ ᠶᠠᠪᠤᠳᠠᠯ᠎ᠤᠨ ᠬᠣᠷᠢᠶ᠎ᠠ ᠵᠢᠨ  ᠬᠣᠯᠪᠣᠭᠳᠠᠯ ᠪᠦᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ ᠶᠣᠰᠣᠭ᠋ᠠᠷ ᠂ 《  ᠰᠠᠨᠠᠯ 》᠎ᠳᠤ ᠲᠣᠭᠲᠠᠭ᠋ᠠᠭᠰᠠᠨ ᠬᠠᠷᠠᠯᠲᠠ ᠡᠭᠦᠷᠭᠡ ᠵᠢ ᠦᠨᠳᠦᠰᠦᠯᠡᠨ ᠂  ᠵᠢᠭ᠋ᠠᠨ ᠵᠢᠯᠤᠭᠣᠳᠴᠤ ᠵᠣᠬᠢᠴᠠᠭᠤᠯᠬᠤ᠎ᠪᠠᠨ ᠴᠢᠩᠭ᠋ᠠᠳᠬᠠᠨ ᠂  ᠢᠵᠢ ᠪᠦᠷᠢᠳᠦᠭᠦᠯᠦᠭᠰᠡᠨ ᠲᠥᠷᠥ ᠵᠢᠨ ᠪᠣᠳᠣᠯᠭ᠎ᠠ ᠵᠢ ᠲᠣᠭᠲᠠᠭ᠋ᠠᠵᠤ ᠂  ᠥᠪᠥᠷ ᠮᠣᠩᠭᠣᠯ᠎ᠤᠨ 《  ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠬᠤ᠎ᠳᠤ ᠬᠦᠴᠦᠲᠡᠢ ᠳᠡᠮᠵᠢᠯᠭᠡ ᠦᠵᠡᠭᠦᠯᠭᠦ ᠬᠡᠷᠡᠭᠲᠡᠢ ᠃  ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ 《  ᠰᠠᠨᠠᠯ》᠎ᠢ  ᠬᠡᠷᠡᠭᠵᠢᠭᠦᠯᠦᠭᠰᠡᠨ ᠪᠠᠢ᠌ᠳᠠᠯ᠎ᠢ  ᠮᠥᠷᠳᠡᠨ ᠦᠨᠡᠯᠡᠬᠦ᠎ᠪᠠᠨ ᠴᠢᠩᠭ᠋ᠠᠳᠬᠠᠵᠤ ᠂  ᠠᠵᠢᠯ᠎ᠤᠨ ᠲᠣᠭᠲᠠᠴᠠ᠎ᠪᠠᠨ ᠲᠡᠭᠦᠯᠳᠡᠷᠵᠢᠭᠦᠯᠦᠨ ᠂  ᠲᠣᠪᠣᠢ᠌ᠮ᠎ᠠ ᠠᠰᠠᠭᠤᠳᠠᠯ᠎ᠢ ᠵᠣᠬᠢᠴᠠᠭᠤᠯᠤᠨ ᠰᠢᠢ᠍ᠳᠪᠦᠷᠢᠯᠡᠵᠦ ᠂  ᠴᠢᠬᠤᠯᠠ ᠪᠠᠢ᠌ᠳᠠᠯ᠎ᠢ ᠴᠠᠭ ᠲᠤᠬᠠᠢ᠎ᠳᠤᠨᠢ ᠨᠠᠮ᠎ᠤᠨ ᠲᠥᠪ ᠬᠣᠷᠢᠶ᠎ᠠ ᠂  ᠲᠥᠷᠥ ᠵᠢᠨ ᠶᠠᠪᠤᠳᠠᠯ᠎ᠤᠨ ᠬᠣᠷᠢᠶ᠎ᠠ᠎ᠳᠤ ᠮᠡᠳᠡᠭᠦᠯᠬᠦ ᠬᠡᠷᠡᠭᠲᠡᠢ ᠭᠡᠵᠦ ᠱᠠᠭ᠋ᠠᠷᠳᠠᠵᠠᠢ ᠃

 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
            