ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ
ᠥᠪᠥᠷ ᠵᠠᠰᠠᠭ ᠠᠯᠪᠠᠨ ᠦᠰᠦᠭ [2024] 8 ᠳ᠋ᠤᠭ᠋ᠠᠷ ᠲᠣᠭ᠋ᠠᠲᠤ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠬᠠᠮᠲᠤᠷᠠᠭᠰᠠᠨ ᠬᠤᠷᠠᠯ᠎ᠤᠨ ᠠᠵᠢᠯ᠎ᠤᠨ ᠳᠦᠷᠢᠮ》᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ
ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠡᠳᠦᠭᠡ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠬᠠᠮᠲᠤᠷᠠᠭᠰᠠᠨ ᠬᠤᠷᠠᠯ᠎ᠤᠨ ᠠᠵᠢᠯ᠎ᠤᠨ ᠳᠦᠷᠢᠮ》᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠲᠠ ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠲᠤᠭ᠋ᠠᠢ᠃
2024 ᠣᠨ᠎ᠤ 2 ᠳ᠋ᠤᠭ᠋ᠠᠷ ᠰᠠᠷ᠎ᠠ ᠵᠢᠨ 8᠎ᠤ ᠡᠳᠦᠷ
(ᠲᠣᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠬᠠᠮᠲᠤᠷᠠᠭᠰᠠᠨ ᠬᠤᠷᠠᠯ᠎ᠤᠨ ᠠᠵᠢᠯ᠎ᠤᠨ ᠳᠦᠷᠢᠮ
ᠨᠢᠭᠡᠳᠦᠭᠡᠷ ᠵᠦᠢ᠍ᠯ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠠᠳᠠᠯᠢ ᠱᠠᠲᠤᠨ᠎ᠤ ᠠᠵᠢᠯᠴᠢᠨ᠎ᠤ ᠡᠪᠯᠡᠯ᠎ᠤᠨ ᠬᠠᠮᠲᠤᠷᠠᠭᠰᠠᠨ ᠬᠤᠷᠠᠯ᠎ᠤᠨ ᠳᠦᠷᠢᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠵᠢᠨ ᠲᠤᠰᠠᠳᠠ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠵᠢᠯᠴᠢᠨ᠎ᠤ ᠡᠪᠯᠡᠯ᠎ᠤᠨ ᠬᠠᠤᠯᠢ》᠂ 《〈ᠰᠢᠨ᠎ᠡ ᠴᠠᠭ ᠦᠶ᠎ᠡ ᠵᠢᠨ ᠠᠵᠤ ᠦᠢ᠍ᠯᠡᠰ᠎ᠤᠨ ᠠᠵᠢᠯᠴᠢᠨ᠎ᠤ ᠡᠩᠨᠡᠭᠡᠨ᠎ᠤ ᠪᠠᠶ᠋ᠢᠭᠤᠯᠤᠯᠲᠠ ᠵᠢᠨ ᠥᠭᠡᠷᠡᠴᠢᠯᠡᠯᠲᠡ ᠵᠢᠨ ᠲᠥᠰᠥᠯ〉᠎ᠢ ᠳᠠᠷᠤᠮᠠᠯᠯᠠᠨ ᠶᠠᠪᠤᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠲᠥᠷᠥ ᠵᠢᠨ ᠶᠠᠪᠤᠳᠠᠯ᠎ᠤᠨ ᠬᠤᠷᠢᠶᠠᠨ᠎ᠤ ᠮᠡᠳᠡᠭᠳᠡᠯ》 ᠵᠡᠷᠭᠡ ᠬᠠᠤᠯᠢ ᠴᠠᠭ᠋ᠠᠵᠠ ᠵᠢᠨ ᠲᠣᠭᠲᠠᠭ᠋ᠠᠯ ᠪᠠ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠲᠤᠰ ᠳᠦᠷᠢᠮ᠎ᠢ ᠲᠣᠭᠲᠠᠭ᠋ᠠᠪᠠ᠃
ᠬᠤᠶᠠᠳᠤᠭ᠋ᠠᠷ ᠵᠦᠢ᠍ᠯ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠬᠠᠮᠲᠤᠷᠠᠭᠰᠠᠨ ᠬᠤᠷᠠᠯ (ᠳᠣᠷᠣᠭᠰᠢ ᠬᠠᠮᠲᠤᠷᠠᠭᠰᠠᠨ ᠬᠤᠷᠠᠯ ᠭᠡᠵᠦ ᠲᠣᠪᠴᠢᠯᠠᠨ᠎ᠠ)᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠠᠵᠢᠯᠴᠢᠨ ᠠᠩᠭᠢ ᠪᠣᠯᠣᠨ ᠠᠵᠢᠯᠴᠢᠨ᠎ᠤ ᠡᠪᠯᠡᠯ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠪᠦᠬᠦ ᠰᠡᠳᠬᠢᠯ ᠪᠦᠬᠦ ᠵᠣᠷᠢᠭ ᠵᠶ᠋ᠠᠷ ᠠᠵᠢᠯᠴᠢᠨ ᠠᠩᠭᠢ᠎ᠳᠤ ᠲᠦᠰᠢᠭᠯᠡᠬᠦ ᠦᠨᠳᠦᠰᠦᠨ ᠴᠢᠭᠯᠡᠯᠲᠡ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠤᠣᠯ ᠰᠢᠵᠢᠮ ᠪᠣᠯᠭ᠋ᠠᠵᠤ᠂ ᠠᠵᠢᠯᠴᠢᠨ᠎ᠤ ᠡᠪᠯᠡᠯ᠎ᠤᠨ ᠵᠣᠬᠢᠶᠠᠨ ᠪᠠᠶ᠋ᠢᠭᠤᠯᠤᠯᠲᠠ ᠵᠢᠨ ᠬᠥᠭᠦᠷᠭᠡ ᠬᠤᠯᠪᠣᠭ᠋ᠠᠰᠤ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠠᠵᠢᠯᠲᠠᠨ ᠠᠵᠢᠯᠴᠢᠨ᠎ᠤ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠬᠠᠮᠠᠭ᠋ᠠᠯᠠᠵᠤ᠂ ᠡᠶ᠎ᠡ ᠵᠣᠬᠢᠴᠠᠯ᠎ᠲᠠᠢ ᠬᠥᠳᠡᠯᠮᠦᠷᠢ ᠵᠢᠨ ᠬᠠᠷᠢᠴᠠᠭ᠎ᠠ ᠵᠢ ᠪᠠᠶ᠋ᠢᠭᠤᠯᠤᠨ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠠᠬᠢᠭᠤᠯᠤᠨ᠎ᠠ᠃
ᠭᠤᠷᠪᠠᠳᠤᠭ᠋ᠠᠷ ᠵᠦᠢ᠍ᠯ ᠬᠠᠮᠲᠤᠷᠠᠭᠰᠠᠨ ᠬᠤᠷᠠᠯ᠎ᠤᠨ ᠭᠤᠣᠯ ᠡᠭᠦᠷᠭᠡ ᠪᠣᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠨᠢ ᠪᠠᠶ᠋ᠢᠳᠠᠯ ᠵᠶ᠋ᠠᠨ ᠬᠠᠷᠢᠯᠴᠠᠨ ᠨᠡᠪᠲᠡᠷᠡᠯᠴᠡᠵᠦ᠂ ᠣᠷᠣᠨ ᠨᠤᠲᠤᠭ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ᠂ ᠠᠵᠢᠯᠴᠢᠨ ᠠᠩᠭᠢ ᠪᠠ ᠠᠵᠢᠯᠴᠢᠨ᠎ᠤ ᠡᠪᠯᠡᠯ᠎ᠤᠨ ᠠᠵᠢᠯ ᠵᠡᠷᠭᠡ ᠲᠠᠯ᠎ᠠ᠎ᠳᠤ ᠬᠤᠯᠪᠣᠭᠳᠠᠬᠤ ᠴᠢᠬᠤᠯᠠ ᠶᠡᠭᠡ ᠠᠰᠠᠭᠤᠳᠠᠯ᠎ᠢ ᠬᠠᠮᠲᠤ᠎ᠪᠠᠷ ᠰᠤᠳᠤᠯᠵᠤ᠂ ᠵᠥᠪᠳᠡᠯᠴᠡᠨ ᠰᠢᠢ᠍ᠳᠪᠦᠷᠢᠯᠡᠬᠦ ᠪᠣᠯᠣᠨ᠎ᠠ᠃ ᠡᠭᠦᠨ᠎ᠳᠤ ᠭᠤᠣᠯᠳᠠᠭᠤ ᠳᠣᠣᠷᠠᠬᠢ ᠠᠭᠤᠯᠭ᠎ᠠ ᠪᠠᠭᠲᠠᠨ᠎ᠠ᠄
(ᠨᠢᠭᠡ) ᠳᠡᠭᠡᠷ᠎ᠡ ᠤᠳᠠᠭ᠋ᠠᠨ᠎ᠤ ᠬᠠᠮᠲᠤᠷᠠᠭᠰᠠᠨ ᠬᠤᠷᠠᠯ᠎ᠤᠨ ᠵᠥᠪᠯᠡᠬᠦ ᠰᠡᠳᠦᠪ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠨᠡᠪᠲᠡᠷᠡᠭᠦᠯᠦᠨ ᠮᠡᠳᠡᠭᠡᠯᠡᠵᠦ᠂ ᠨᠠᠶ᠋ᠢᠳᠠᠪᠤᠷᠢᠵᠢᠭᠤᠯᠤᠭ᠋ᠠᠳᠤᠢ ᠵᠦᠢ᠍ᠯᠡᠰ᠎ᠲᠤ ᠲᠣᠳᠣᠷᠬᠠᠶ᠋ᠢᠯᠠᠯᠲᠠ ᠬᠢᠬᠦ ᠵᠢᠨ ᠬᠠᠮᠲᠤ ᠰᠠᠨᠠᠯ ᠵᠶ᠋ᠠᠨ ᠳᠤᠷᠠᠳᠴᠤ᠂ ᠪᠡᠶᠡᠯᠡᠭᠦᠯᠬᠦ ᠬᠤᠭᠤᠴᠠᠭ᠎ᠠ ᠬᠢᠵᠠᠭ᠋ᠠᠷ᠎ᠢ ᠲᠣᠳᠣᠷᠬᠠᠶ᠋ᠢᠯᠠᠨ᠎ᠠ᠃
(ᠬᠤᠶᠠᠷ) ᠤᠯᠤᠰ ᠠᠷᠠᠳ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠲᠥᠯᠦᠪᠵᠢᠭᠦᠯᠭᠡ᠂ ᠵᠠᠰᠠᠭ᠎ᠤᠨ ᠣᠷᠳᠣᠨ᠎ᠤ ᠠᠵᠢᠯ᠎ᠤᠨ ᠶᠠᠪᠤᠴᠠ᠎ᠳᠠᠬᠢ ᠠᠵᠢᠯᠲᠠᠨ ᠠᠵᠢᠯᠴᠢᠨ᠎ᠤ ᠠᠰᠢᠭ ᠲᠤᠰᠠ᠎ᠳᠤ ᠬᠤᠯᠪᠣᠭᠳᠠᠭᠰᠠᠨ ᠬᠤᠯᠪᠣᠭᠳᠠᠯ ᠪᠦᠬᠦᠢ ᠲᠦᠷᠦ ᠵᠢᠨ ᠪᠣᠳᠣᠯᠭ᠎ᠠ ᠠᠷᠭ᠎ᠠ ᠬᠡᠮᠵᠢᠶ᠎ᠡ ᠵᠢᠨ ᠪᠠᠶ᠋ᠢᠳᠠᠯ᠎ᠢ ᠨᠡᠪᠲᠡᠷᠡᠭᠦᠯᠦᠨ ᠮᠡᠳᠡᠭᠡᠯᠡᠨ᠎ᠡ; ᠠᠵᠢᠯᠴᠢᠨ᠎ᠤ ᠡᠪᠯᠡᠯ᠎ᠤᠨ ᠭᠤᠣᠯᠳᠠᠯᠭ᠎ᠠ ᠵᠢᠨ ᠲᠣᠭᠤᠷᠢᠨ᠎ᠳᠤ᠂ ᠶᠡᠭᠡ ᠲᠠᠯ᠎ᠠ᠎ᠳᠤ ᠦᠢ᠍ᠯᠡᠴᠢᠯᠡᠭᠰᠡᠨ᠂ ᠠᠵᠢᠯᠲᠠᠨ ᠠᠵᠢᠯᠴᠢᠨ᠎ᠳᠤ ᠦᠢ᠍ᠯᠡᠴᠢᠯᠡᠭᠰᠡᠨ ᠴᠢᠬᠤᠯᠠ ᠠᠷᠭ᠎ᠠ ᠬᠡᠮᠵᠢᠶ᠎ᠡ ᠵᠡᠷᠭᠡ ᠪᠠᠶ᠋ᠢᠳᠠᠯ᠎ᠢ ᠨᠡᠪᠲᠡᠷᠡᠭᠦᠯᠦᠨ ᠮᠡᠳᠡᠭᠡᠯᠡᠨ᠎ᠡ᠃
(ᠭᠤᠷᠪᠠ) ᠥᠷᠭᠡᠨ ᠣᠯᠠᠨ ᠠᠵᠢᠯᠲᠠᠨ ᠠᠵᠢᠯᠴᠢᠨ᠎ᠢ ᠵᠣᠬᠢᠶᠠᠨ ᠪᠠᠶ᠋ᠢᠭᠤᠯᠤᠨ ᠳᠠᠶ᠋ᠢᠴᠢᠯᠠᠵᠤ ᠪᠠᠶ᠋ᠢᠭ᠋ᠠᠳ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠥᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠬᠤᠶᠠᠷ ᠶᠡᠭᠡ ᠶᠠᠪᠤᠳᠠᠯ᠎ᠢ ᠰᠠᠶ᠋ᠢᠲᠤᠷ ᠪᠡᠶᠡᠯᠡᠭᠦᠯᠬᠦ᠂ ᠥᠪᠥᠷ ᠮᠣᠩᠭᠤᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠳᠤᠮᠳᠠ ᠭᠠᠪᠢᠶ᠎ᠠ ᠪᠠᠶ᠋ᠢᠭᠤᠯᠤᠨ ᠦᠢ᠍ᠯᠡᠰ ᠪᠦᠲᠦᠭᠡᠬᠦ ᠵᠡᠷᠭᠡ ᠲᠠᠯ᠎ᠠ ᠵᠢᠨ ᠬᠤᠯᠪᠣᠭᠳᠠᠯ ᠪᠦᠬᠦᠢ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠪᠠ ᠳᠦᠷᠢᠮ᠎ᠤᠨ ᠪᠠᠲᠤᠯᠠᠭ᠎ᠠ ᠵᠢ ᠰᠤᠳᠤᠯᠤᠨ᠎ᠠ; ᠡᠶ᠎ᠡ ᠵᠣᠬᠢᠴᠠᠯ᠎ᠲᠠᠢ ᠬᠥᠳᠡᠯᠮᠦᠷᠢ ᠵᠢᠨ ᠬᠠᠷᠢᠴᠠᠭ᠎ᠠ ᠵᠢ ᠪᠠᠶ᠋ᠢᠭᠤᠯᠬᠤ ᠶᠡᠷᠦᠩᠬᠡᠢ ᠪᠠᠶ᠋ᠢᠷᠢᠯᠠᠭᠤᠯᠤᠯᠲᠠ ᠪᠠ ᠪᠣᠳᠠᠲᠠᠢ ᠠᠷᠭ᠎ᠠ ᠬᠡᠮᠵᠢᠶ᠎ᠡ ᠵᠢ ᠰᠤᠳᠤᠯᠤᠨ᠎ᠠ᠃
(ᠳᠥᠷᠪᠡ) ᠠᠵᠢᠯᠲᠠᠨ ᠠᠵᠢᠯᠴᠢᠨ ᠣᠯᠠᠨ ᠲᠦᠮᠡᠨ᠎ᠤ ᠲᠣᠰ ᠪᠡᠶ᠎ᠡ ᠵᠢᠨ ᠠᠰᠢᠭ ᠲᠤᠰᠠ᠎ᠳᠤ ᠬᠤᠯᠪᠣᠭᠳᠠᠬᠤ ᠴᠢᠬᠤᠯᠠ ᠠᠰᠠᠭᠤᠳᠠᠯ᠂ ᠠᠵᠢᠯᠲᠠᠨ ᠠᠵᠢᠯᠴᠢᠨ ᠣᠯᠠᠨ ᠲᠦᠮᠡᠨ᠎ᠤ ᠬᠠᠯᠠᠮᠵᠢᠯᠠᠨ ᠠᠩᠬᠠᠷᠴᠤ ᠪᠠᠶ᠋ᠢᠭ᠎ᠠ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶ᠋ᠢᠭ᠎ᠠ ᠠᠰᠠᠭᠤᠳᠠᠯ ᠵᠡᠷᠭᠡ ᠵᠢ ᠰᠤᠳᠤᠯᠵᠤ ᠰᠢᠢ᠍ᠳᠪᠦᠷᠢᠯᠡᠨ᠎ᠡ; ᠰᠢᠨ᠎ᠡ ᠠᠵᠢᠯ ᠣᠯᠭᠤᠯᠲᠠ ᠵᠢᠨ ᠪᠠᠶ᠋ᠢᠳᠠᠯ᠎ᠳᠠᠬᠢ ᠬᠥᠳᠡᠯᠮᠦᠷᠢᠴᠢᠳ᠎ᠤᠨ ᠡᠷᠬᠡ ᠠᠰᠢᠭ᠎ᠢ ᠪᠠᠲᠤᠯᠠᠬᠤ ᠵᠡᠷᠭᠡ ᠰᠢᠨ᠎ᠡ ᠠᠰᠠᠭᠤᠳᠠᠯ ᠰᠢᠨ᠎ᠡ ᠰᠡᠳᠦᠪ᠎ᠢ ᠰᠤᠳᠤᠯᠵᠤ ᠰᠢᠢ᠍ᠳᠪᠦᠷᠢᠯᠡᠨ᠎ᠡ᠃
(ᠲᠠᠪᠤ) ᠠᠵᠢᠯᠴᠢᠨ᠎ᠤ ᠡᠪᠯᠡᠯ᠎ᠤᠨ ᠲᠣᠰ ᠪᠡᠶ᠎ᠡ ᠵᠢᠨ ᠥᠭᠡᠷᠡᠴᠢᠯᠡᠯᠲᠡ ᠪᠠ ᠪᠠᠶ᠋ᠢᠭᠤᠯᠤᠯᠲᠠ ᠵᠢ ᠠᠬᠢᠭᠤᠯᠬᠤ ᠶᠠᠪᠤᠴᠠ᠎ᠳᠠᠬᠢ ᠵᠠᠰᠠᠭ᠎ᠤᠨ ᠣᠷᠳᠣᠨ᠎ᠤ ᠳᠡᠮᠵᠢᠯᠭᠡ ᠱᠠᠭ᠋ᠠᠷᠳᠠᠭᠳᠠᠬᠤ ᠬᠠᠮᠢᠶ᠎ᠠ ᠪᠦᠬᠦᠢ ᠠᠰᠠᠭᠤᠳᠠᠯ᠎ᠢ ᠰᠤᠳᠤᠯᠤᠨ᠎ᠠ᠃
(ᠵᠢᠷᠭᠤᠭ᠎ᠠ) ᠬᠠᠮᠲᠤᠷᠠᠭᠰᠠᠨ ᠬᠤᠷᠠᠯ ᠵᠶ᠋ᠠᠷ ᠰᠤᠳᠤᠯᠤᠨ ᠰᠢᠢ᠍ᠳᠪᠦᠷᠢᠯᠡᠬᠦ ᠴᠢᠬᠤᠯᠠᠲᠠᠢ ᠪᠤᠰᠤᠳ ᠠᠰᠠᠭᠤᠳᠠᠯ᠃
ᠳᠥᠷᠪᠡᠳᠦᠭᠡᠷ ᠵᠦᠢ᠍ᠯ ᠬᠠᠮᠲᠤᠷᠠᠭᠰᠠᠨ ᠬᠤᠷᠠᠯ᠎ᠢ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠳᠡᠪᠰᠢᠭᠦᠯᠵᠦ ᠬᠠᠮᠲᠤ᠎ᠪᠠᠷ ᠵᠣᠬᠢᠶᠠᠨ ᠪᠠᠶ᠋ᠢᠭᠤᠯᠤᠨ ᠬᠤᠷᠠᠯᠳᠤᠭᠤᠯᠤᠨ᠎ᠠ᠃ ᠠᠵᠢᠯᠴᠢᠨ᠎ᠤ ᠡᠪᠯᠡᠯ᠎ᠤᠨ ᠠᠵᠢᠯ᠎ᠢ ᠬᠠᠷᠢᠯᠴᠠᠵᠤ ᠪᠠᠶ᠋ᠢᠭ᠎ᠠ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠲᠡᠷᠢᠭᠦᠯᠡᠭᠴᠢ᠎ᠪᠠᠷ ᠶᠡᠷᠦᠩᠬᠡᠢ ᠬᠤᠷᠠᠯᠳᠤᠭᠤᠯᠤᠭᠴᠢ ᠵᠢᠨ ᠲᠤᠰᠢᠶᠠᠯ ᠳᠠᠭ᠋ᠠᠭ᠋ᠠᠨ ᠡᠭᠦᠷᠭᠡᠯᠡᠭᠦᠯᠵᠦ᠂ ᠠᠵᠢᠯᠴᠢᠨ᠎ᠤ ᠡᠪᠯᠡᠯ᠎ᠤᠨ ᠠᠵᠢᠯ᠎ᠢ ᠬᠠᠷᠢᠯᠴᠠᠵᠤ ᠪᠠᠶ᠋ᠢᠭ᠎ᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠨᠠᠷᠢᠨ ᠪᠢᠴᠢᠭ᠎ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠪᠠᠶ᠋ᠢᠩᠭᠤ ᠵᠢᠨ ᠠᠵᠢᠯ᠎ᠢ ᠬᠠᠷᠢᠭᠤᠴᠠᠵᠤ ᠪᠠᠶ᠋ᠢᠭ᠎ᠠ ᠳᠡᠳ᠋ ᠲᠡᠷᠢᠭᠦᠯᠡᠭᠴᠢ᠎ᠪᠠᠷ ᠬᠤᠷᠠᠯᠳᠤᠭᠤᠯᠤᠭᠴᠢ ᠵᠢᠨ ᠲᠤᠰᠢᠶᠠᠯ ᠳᠠᠭ᠋ᠠᠭ᠋ᠠᠨ ᠡᠭᠦᠷᠭᠡᠯᠡᠭᠦᠯᠦᠨ᠎ᠡ᠃ ᠣᠨᠴᠠᠭ᠋ᠠᠢ ᠴᠢᠬᠤᠯᠠ ᠶᠡᠭᠡ ᠠᠰᠠᠭᠤᠳᠠᠯ ᠲᠣᠬᠢᠶᠠᠯᠳᠤᠪᠠᠯ᠂ ᠬᠡᠷᠡᠭᠴᠡᠭᠡ᠎ᠪᠠᠨ ᠦᠨᠳᠦᠰᠦᠯᠡᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠭᠤᠣᠯ ᠤᠳᠤᠷᠢᠳᠬᠤ ᠨᠥᠬᠦᠳ᠎ᠢ ᠤᠷᠢᠵᠤ ᠣᠷᠣᠯᠴᠠᠭᠤᠯᠬᠤ ᠵᠢᠨ ᠬᠠᠮᠲᠤ ᠬᠤᠷᠠᠯ ᠡᠷᠬᠢᠯᠡᠬᠦᠯᠵᠤ ᠪᠣᠯᠣᠨ᠎ᠠ᠃ ᠬᠠᠮᠲᠤᠷᠠᠭᠰᠠᠨ ᠬᠤᠷᠠᠯ᠎ᠢ ᠵᠠᠷᠴᠢᠮ ᠳᠡᠭᠡᠷ᠎ᠡ᠎ᠪᠠᠨ ᠵᠢᠯ ᠪᠦᠷᠢ ᠨᠢᠭᠡ ᠤᠳᠠᠭ᠎ᠠ ᠬᠤᠷᠠᠯᠳᠤᠭᠤᠯᠤᠨ᠎ᠠ᠂ ᠬᠡᠷᠪᠡ ᠣᠨᠴᠠᠭ᠋ᠠᠶ ᠪᠠᠶ᠋ᠢᠳᠠᠯ ᠪᠤᠶᠤ ᠴᠢᠬᠤᠯᠠ ᠶᠡᠭᠡ ᠠᠰᠠᠭᠤᠳᠠᠯ ᠲᠣᠬᠢᠶᠠᠯᠳᠤᠪᠠᠯ᠂ ᠵᠥᠪᠳᠡᠯᠴᠡᠭᠰᠡᠨ᠎ᠤ ᠲᠠᠷᠠᠭ᠎ᠠ ᠬᠡᠵᠢᠶ᠎ᠡ ᠴᠦ᠍ ᠭᠡᠰᠡᠨ ᠬᠤᠷᠠᠯᠳᠤᠭᠤᠯᠵᠤ ᠪᠣᠯᠣᠨ᠎ᠠ᠃
ᠲᠠᠪᠤᠳᠤᠭ᠋ᠠᠷ ᠵᠦᠢ᠍ᠯ ᠬᠠᠮᠲᠤᠷᠠᠭᠰᠠᠨ ᠬᠤᠷᠠᠯ᠎ᠳᠤ ᠣᠷᠣᠯᠴᠠᠭᠴᠢ ᠪᠠ ᠰᠤᠯᠠ ᠣᠷᠣᠯᠴᠠᠭᠰᠠᠳ᠎ᠲᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠠᠯ᠎ᠠ᠎ᠠᠴᠠ ᠶᠡᠷᠦ᠎ᠳᠤ᠎ᠪᠠᠨ ᠪᠠᠭᠲᠠᠬᠤ᠎ᠨᠢ᠄ ᠠᠵᠢᠯᠴᠢᠨ᠎ᠤ ᠡᠪᠯᠡᠯ᠎ᠤᠨ ᠠᠵᠢᠯ᠎ᠲᠠᠢ ᠬᠠᠷᠢᠯᠴᠠᠵᠤ ᠪᠠᠶ᠋ᠢᠭ᠎ᠠ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ᠂ ᠵᠥᠪᠯᠡᠬᠦ ᠰᠡᠳᠦᠪ᠎ᠤᠨ ᠠᠭᠤᠯᠭ᠎ᠠ᠎ᠳᠤ ᠬᠤᠯᠪᠣᠭᠳᠠᠬᠤ ᠥᠪᠡᠷᠲᠡᠭᠡᠨ ᠵᠠᠰᠠᠬᠤ ᠣᠷᠣᠨ᠎ᠤ ᠪᠤᠰᠤᠳ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠤᠯᠪᠣᠭᠳᠠᠯ ᠪᠦᠬᠦᠢ ᠳᠡᠳ᠋ ᠨᠠᠷᠢᠨ ᠪᠢᠴᠢᠭ᠎ᠤᠨ ᠳᠠᠷᠤᠭ᠎ᠠ (ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠤᠯᠪᠣᠭᠳᠠᠯ ᠪᠦᠬᠦᠢ ᠳᠡᠳ᠋ ᠡᠷᠬᠢᠯᠡᠭᠴᠢ)᠂ ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠵᠢᠨ ᠬᠠᠷᠢᠭᠤᠴᠠᠯᠭ᠋ᠠᠲᠠᠨ; ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠲᠠᠯ᠎ᠠ᠎ᠠᠴᠠ ᠶᠡᠷᠦ᠎ᠳᠤ᠎ᠪᠠᠨ ᠪᠠᠭᠲᠠᠬᠤ᠎ᠨᠢ᠄ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠤᠳᠤᠷᠢᠳᠬᠤ ᠪᠠᠭ᠎ᠤᠨ ᠪᠦᠷᠢᠯᠳᠦᠭᠦᠨ ᠵᠢᠴᠢ ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠂ ᠠᠵᠤ ᠦᠢ᠍ᠯᠡᠰ᠎ᠤᠨ ᠠᠵᠢᠯᠴᠢᠨ᠎ᠤ ᠡᠪᠯᠡᠯ᠎ᠤᠨ ᠬᠠᠷᠢᠭᠤᠴᠠᠯᠭ᠋ᠠᠲᠠᠨ᠃
ᠬᠠᠮᠲᠤᠷᠠᠭᠰᠠᠨ ᠬᠤᠷᠠᠯ᠎ᠳᠤ ᠦᠨᠳᠦᠰᠦᠨ ᠱᠠᠲᠤᠨ᠎ᠤ ᠨᠠᠮ ᠵᠠᠰᠠᠭ᠎ᠤᠨ ᠺᠠᠳ᠋ᠷ᠂ ᠠᠵᠢᠯᠲᠠᠨ ᠠᠵᠢᠯᠴᠢᠨ᠎ᠤ ᠲᠥᠯᠥᠭᠡᠯᠡᠭᠴᠢ᠂ ᠬᠥᠳᠡᠯᠮᠦᠷᠢ ᠵᠢᠨ ᠵᠢᠱ᠌ᠢᠶᠡᠴᠢ ᠵᠢᠨ ᠲᠡᠷᠢᠭᠦᠨ᠎ᠤ ᠲᠥᠯᠥᠭᠡᠯᠡᠭᠴᠢ ᠪᠠ ᠦᠨᠳᠦᠰᠦᠨ ᠱᠠᠲᠤᠨ᠎ᠤ ᠠᠵᠢᠯᠴᠢᠨ᠎ᠤ ᠡᠪᠯᠡᠯ᠎ᠤᠨ ᠠᠵᠢᠯᠲᠠᠨ ᠵᠡᠷᠭᠡ ᠵᠢ ᠤᠷᠢᠨ ᠣᠷᠣᠯᠴᠠᠭᠤᠯᠵᠤ ᠪᠣᠯᠣᠨ᠎ᠠ᠃
ᠵᠢᠷᠭᠤᠳᠤᠭ᠋ᠠᠷ ᠵᠦᠢ᠍ᠯ ᠬᠠᠮᠲᠤᠷᠠᠭᠰᠠᠨ ᠬᠤᠷᠠᠯ᠎ᠤᠨ ᠵᠥᠪᠯᠡᠬᠦ ᠰᠡᠳᠦᠪ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠠ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠵᠥᠪᠳᠡᠯᠴᠡᠨ ᠲᠣᠭᠲᠠᠭ᠋ᠠᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠤᠷᠠᠳᠤᠭᠰᠠᠨ ᠵᠥᠪᠯᠡᠬᠦ ᠰᠡᠳᠦᠪ᠎ᠢ ᠬᠠᠮᠢᠶ᠎ᠠ ᠪᠦᠬᠦᠢ ᠡᠭᠦᠷᠭᠡ ᠴᠢᠳᠠᠪᠤᠷᠢ ᠵᠢ ᠡᠭᠦᠷᠭᠡᠯᠡᠵᠦ ᠪᠦᠬᠦᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠠᠴᠠ ᠳᠤᠷᠠᠳᠤᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠳᠤ ᠮᠡᠳᠡᠭᠦᠯᠵᠦ ᠬᠤᠷᠢᠶᠠᠩᠭᠤᠶ᠋ᠢᠯᠠᠨᠠ; ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠳᠤᠷᠠᠳᠤᠭᠰᠠᠨ ᠵᠥᠪᠯᠡᠬᠦ ᠰᠡᠳᠦᠪ᠎ᠢ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠠᠯᠪᠠᠨ ᠭᠡᠷ᠎ᠠᠴᠠ ᠬᠠᠷᠢᠭᠤᠴᠠᠵᠤ ᠴᠤᠭᠯᠠᠭᠤᠯᠤᠨ᠎ᠠ᠃ ᠡᠩ᠎ᠤᠨ ᠪᠠᠶ᠋ᠢᠳᠠᠯ᠎ᠳᠤ ᠬᠠᠮᠲᠤᠷᠠᠭᠰᠠᠨ ᠬᠤᠷᠠᠯ ᠬᠤᠷᠠᠯᠳᠤᠬᠤ᠎ᠠᠴᠠ 2 ᠰᠠᠷ᠎ᠠ ᠵᠢᠨ ᠡᠮᠦᠨ᠎ᠡ ᠵᠥᠪᠯᠡᠬᠦ ᠰᠡᠳᠦᠪ ᠴᠤᠭᠯᠠᠭᠤᠯᠬᠤ ᠠᠵᠢᠯ᠎ᠢ ᠡᠬᠢᠯᠡᠭᠦᠯᠦᠨ᠎ᠡ᠃ ᠬᠤᠶᠠᠷ ᠲᠠᠯ᠎ᠠ᠎ᠪᠠᠷ ᠵᠶ᠋ᠠᠨ ᠬᠠᠮᠲᠤᠷᠠᠨ ᠳᠤᠷᠠᠳᠤᠭᠰᠠᠨ ᠵᠥᠪᠯᠡᠬᠦ ᠰᠡᠳᠦᠪ ᠪᠣᠯ ᠭᠤᠣᠯ ᠠᠵᠢᠯ᠎ᠢ ᠡᠭᠦᠷᠭᠡᠯᠡᠵᠦ ᠪᠠᠶ᠋ᠢᠭ᠎ᠠ ᠨᠢᠭᠡ ᠲᠠᠯ᠎ᠠ᠎ᠨᠢ ᠳᠤᠷᠠᠳᠬᠤ ᠳᠡᠰ ᠳᠠᠷᠠᠭ᠋ᠠᠯᠠᠯ᠎ᠢ ᠭᠦᠢ᠍ᠴᠡᠳᠬᠡᠨ᠎ᠡ᠃
ᠬᠠᠮᠲᠤᠷᠠᠭᠰᠠᠨ ᠬᠤᠷᠠᠯ᠎ᠤᠨ ᠵᠥᠪᠯᠡᠬᠦ ᠰᠡᠳᠦᠪ᠎ᠢ ᠭᠦᠨᠵᠡᠭᠡᠢ ᠪᠠᠶ᠋ᠢᠴᠠᠭ᠋ᠠᠨ ᠰᠤᠳᠤᠯᠤᠯᠲᠠ ᠬᠢᠭᠰᠡᠨ᠂ ᠥᠷᠭᠡᠨ ᠵᠶ᠋ᠠᠷ ᠨᠤᠲᠠᠯᠠᠯᠲᠠ ᠬᠢᠭᠰᠡᠨ᠂ ᠨᠠᠷᠢᠨ ᠨᠢᠮᠪᠠᠢ ᠰᠢᠯᠢᠨ ᠰᠣᠩᠭᠤᠭᠰᠠᠨ ᠰᠠᠭᠤᠷᠢᠨ ᠳᠡᠭᠡᠷ᠎ᠡ ᠳᠤᠷᠠᠳᠬᠤ ᠬᠡᠷᠡᠭᠲᠡᠢ᠃ ᠬᠤᠷᠠᠯ᠎ᠠᠴᠠ ᠡᠮᠦᠨᠡᠬᠢ ᠵᠣᠬᠢᠴᠠᠭᠤᠯᠭ᠎ᠠ ᠵᠢ ᠴᠢᠩᠭ᠋ᠠᠷᠠᠭᠤᠯᠵᠤ᠂ ᠵᠥᠪᠯᠡᠬᠦ ᠰᠡᠳᠦᠪ᠎ᠤᠨ ᠰᠠᠨᠠᠯ ᠬᠤᠷᠢᠶᠠᠬᠤ ᠵᠡᠷᠭᠡ ᠤᠷᠢᠳᠠᠴᠢ ᠠᠵᠢᠯ᠎ᠢ ᠰᠠᠶ᠋ᠢᠲᠤᠷ ᠬᠢᠵᠦ᠂ ᠬᠤᠷᠠᠯ᠎ᠤᠨ ᠡᠴᠦᠰ᠎ᠲᠤ᠎ᠪᠠᠨ ᠰᠠᠨᠠᠯ ᠨᠢᠭᠡᠳᠴᠦ᠂ ᠰᠢᠢ᠍ᠳᠪᠦᠷᠢ ᠭᠠᠷᠭ᠋ᠠᠬᠤ᠎ᠳᠤ᠎ᠨᠢ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠢ᠃
ᠳᠣᠯᠣᠳᠤᠭ᠋ᠠᠷ ᠵᠦᠢ᠍ᠯ ᠬᠠᠮᠲᠤᠷᠠᠭᠰᠠᠨ ᠬᠤᠷᠠᠯ᠎ᠤᠨ ᠶᠠᠪᠤᠳᠠᠯ᠎ᠤᠨ ᠪᠡᠯᠡᠳᠬᠡᠯ ᠠᠵᠢᠯ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ ᠬᠢᠭᠡᠳ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠬᠠᠮᠲᠤ᠎ᠪᠠᠷ ᠡᠭᠦᠷᠭᠡᠯᠡᠵᠦ᠂ ᠪᠣᠳᠠᠲᠠᠢ ᠪᠡᠯᠡᠳᠬᠡᠯ ᠠᠵᠢᠯ᠎ᠢ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠠᠯᠪᠠᠨ ᠭᠡᠷ᠎ᠠᠴᠠ ᠬᠠᠷᠢᠭᠤᠴᠠᠨ᠎ᠠ᠃ ᠬᠤᠷᠠᠯ᠎ᠤᠨ ᠮᠡᠳᠡᠭᠳᠡᠯ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠠᠴᠠ ᠬᠠᠷᠢᠭᠤᠴᠠᠨ ᠳᠠᠷᠤᠮᠠᠯᠯᠠᠨ ᠲᠠᠷᠬᠠᠭ᠋ᠠᠬᠤ ᠵᠢᠨ ᠬᠠᠮᠲᠤ ᠵᠠᠰᠠᠭ᠎ᠤᠨ ᠣᠷᠳᠣᠨ᠎ᠤ ᠲᠠᠯ᠎ᠠ ᠵᠢᠨ ᠬᠤᠷᠠᠯ᠎ᠳᠤ ᠣᠷᠣᠯᠴᠠᠭᠴᠢ ᠵᠢ ᠵᠣᠬᠢᠴᠠᠭᠤᠯᠤᠨ᠎ᠠ᠃
ᠨᠠᠢ᠍ᠮᠠᠳᠤᠭ᠋ᠠᠷ ᠵᠦᠢ᠍ᠯ ᠬᠠᠮᠲᠤᠷᠠᠭᠰᠠᠨ ᠬᠤᠷᠠᠯ᠎ᠢ ᠵᠠᠷᠴᠢᠮ ᠳᠡᠭᠡᠷ᠎ᠡ᠎ᠪᠠᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠷᠣᠯᠴᠠᠭᠰᠠᠨ ᠤᠳᠤᠷᠢᠳᠤᠯᠭ᠎ᠠ᠎ᠠᠴᠠ ᠡᠷᠭᠢᠯᠡᠨ᠎ᠡ᠃ ᠵᠥᠪᠯᠡᠬᠦ ᠠᠯᠬᠤᠮ ᠳᠠᠷᠠᠭ᠎ᠠ᠎ᠳᠤ ᠶᠡᠷᠦ᠎ᠳᠤ᠎ᠪᠠᠨ ᠪᠠᠭᠲᠠᠬᠤ᠎ᠨᠢ᠄ ᠳᠡᠭᠡᠷ᠎ᠡ ᠤᠳᠠᠭ᠋ᠠᠨ᠎ᠤ ᠬᠠᠮᠲᠤᠷᠠᠭᠰᠠᠨ ᠬᠤᠷᠠᠯ᠎ᠳᠤ ᠵᠥᠪᠯᠡᠨ ᠲᠣᠭᠲᠠᠭ᠋ᠠᠭᠰᠠᠨ ᠵᠦᠢ᠍ᠯᠡᠰ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠨᠡᠪᠲᠡᠷᠡᠭᠦᠯᠦᠨ ᠮᠡᠳᠡᠭᠡᠯᠡᠵᠦ᠂ ᠲᠤᠰ ᠤᠳᠠᠭ᠋ᠠᠨ᠎ᠤ ᠬᠠᠮᠲᠤᠷᠠᠭᠰᠠᠨ ᠬᠤᠷᠠᠯ᠎ᠤᠨ ᠵᠥᠪᠯᠡᠬᠦ ᠰᠡᠳᠦᠪ᠎ᠤᠨ ᠪᠤᠢ ᠪᠣᠯᠤᠭᠰᠠᠨ ᠪᠠᠶ᠋ᠢᠳᠠᠯ ᠵᠢᠴᠢ ᠭᠤᠣᠯ ᠠᠭᠤᠯᠭ᠎ᠠ ᠵᠢ ᠨᠡᠪᠲᠡᠷᠡᠭᠦᠯᠦᠨ ᠮᠡᠳᠡᠭᠡᠯᠡᠵᠦ᠂ ᠲᠤᠰ ᠤᠳᠠᠭ᠋ᠠᠨ᠎ᠤ ᠬᠠᠮᠲᠤᠷᠠᠭᠰᠠᠨ ᠬᠤᠷᠠᠯ᠎ᠤᠨ ᠬᠤᠯᠪᠣᠭᠳᠠᠯ ᠪᠦᠬᠦᠢ ᠵᠦᠢ᠍ᠯᠡᠰ᠎ᠢ ᠰᠤᠳᠤᠯᠤᠨ ᠶᠠᠷᠢᠯᠴᠠᠬᠤ ᠵᠢᠨ ᠬᠠᠮᠲᠤ ᠵᠥᠪᠳᠡᠯᠴᠡᠨ ᠲᠣᠭᠲᠠᠭ᠋ᠠᠵᠤ᠂ ᠲᠤᠰ ᠤᠳᠠᠭ᠋ᠠᠨ᠎ᠤ ᠬᠠᠮᠲᠤᠷᠠᠭᠰᠠᠨ ᠬᠤᠷᠠᠯ᠎ᠤᠨ ᠵᠥᠪᠯᠡᠨ ᠲᠣᠭᠲᠠᠭ᠋ᠠᠭᠰᠠᠨ ᠵᠦᠢ᠍ᠯᠡᠰ᠎ᠢ ᠨᠠᠶ᠋ᠢᠳᠠᠪᠤᠷᠢᠵᠢᠭᠤᠯᠬᠤ ᠲᠠᠯ᠎ᠠ᠎ᠪᠠᠷ ᠪᠠᠶ᠋ᠢᠷᠢᠯᠠᠭᠤᠯᠤᠯᠲᠠ ᠬᠢᠨ᠎ᠡ᠃
ᠶᠢᠰᠦᠳᠦᠭᠡᠷ ᠵᠦᠢ᠍ᠯ ᠬᠠᠮᠲᠤᠷᠠᠭᠰᠠᠨ ᠬᠤᠷᠠᠯ᠎ᠳᠤ ᠵᠥᠪᠯᠡᠨ ᠲᠣᠭᠲᠠᠭ᠋ᠠᠭᠰᠠᠨ ᠵᠦᠢ᠍ᠯᠡᠰ᠎ᠢ ᠬᠤᠷᠠᠯ᠎ᠤᠨ ᠲᠣᠪᠴᠢ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠠᠯᠪᠠᠨ ᠭᠡᠷ᠎ᠠᠴᠠ ᠬᠠᠷᠢᠭᠤᠴᠠᠨ ᠲᠤᠭᠤᠷᠪᠢᠵᠤ᠂ ᠲᠡᠰ ᠳᠠᠷᠠᠭ᠋ᠠᠯᠠᠯ᠎ᠤᠨ ᠶᠣᠰᠣᠭ᠋ᠠᠷ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠪᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠬᠢᠨᠠᠨ ᠲᠣᠭᠲᠠᠭ᠋ᠠᠯᠭ᠋ᠠᠭᠰᠠᠨ᠎ᠤ ᠲᠠᠷᠠᠭ᠎ᠠ᠂ ᠬᠠᠮᠲᠤᠷᠠᠭᠰᠠᠨ ᠬᠤᠷᠠᠯ᠎ᠤᠨ ᠲᠣᠪᠴᠢ ᠵᠢᠨ ᠬᠡᠯᠪᠡᠷᠢ᠎ᠪᠠᠷ ᠳᠠᠷᠤᠮᠠᠯᠯᠠᠨ ᠶᠠᠪᠤᠭᠤᠯᠤᠨ᠎ᠠ᠃
ᠠᠷᠪᠠᠳᠤᠭ᠋ᠠᠷ ᠵᠦᠢ᠍᠊ᠯ ᠬᠠᠮᠲᠤᠷᠠᠭᠰᠠᠨ ᠬᠤᠷᠠᠯ᠎ᠤᠨ ᠤᠬᠠᠭᠤᠯᠭ᠎ᠠ ᠮᠡᠳᠡᠭᠡᠯᠡᠯ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ ᠪᠠ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠠᠴᠠ ᠬᠠᠮᠲᠤ᠎ᠪᠠᠷ ᠬᠠᠷᠢᠭᠤᠴᠠᠵᠤ᠂ ᠡᠶ᠎ᠡ ᠵᠣᠬᠢᠴᠠᠯ᠎ᠲᠠᠢ ᠬᠥᠳᠡᠯᠮᠦᠷᠢ ᠵᠢᠨ ᠬᠠᠷᠢᠴᠠᠭ᠎ᠠ ᠵᠢ ᠴᠣᠭᠴᠠᠯᠠᠬᠤ᠂ ᠠᠵᠢᠯ ᠦᠢ᠍ᠯᠡᠰ᠎ᠤᠨ ᠬᠥᠭᠵᠢᠯᠲᠡ ᠵᠢ ᠠᠬᠢᠭᠤᠯᠬᠤ᠎ᠳᠤ ᠰᠠᠶ᠋ᠢᠨ ᠰᠠᠶ᠋ᠢᠬᠠᠨ ᠨᠡᠶ᠋ᠢᠭᠡᠮ᠎ᠤᠨ ᠣᠷᠴᠢᠨ ᠠᠬᠤᠢ ᠵᠢ ᠪᠤᠢ ᠪᠣᠯᠭ᠋ᠠᠨ᠎ᠠ᠃
ᠠᠷᠪᠠᠨ ᠨᠢᠭᠡᠳᠦᠭᠡᠷ ᠵᠦᠢ᠍ᠯ ᠬᠠᠮᠲᠤᠷᠠᠭᠰᠠᠨ ᠬᠤᠷᠠᠯ᠎ᠤᠨ ᠵᠥᠪᠯᠡᠨ ᠲᠣᠭᠲᠠᠭ᠋ᠠᠭᠰᠠᠨ ᠵᠦᠢ᠍ᠯᠡᠰ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠤᠨ ᠲᠣᠳᠣᠷᠬᠠᠢ ᠬᠠᠭᠤᠳᠠᠰᠤ ᠵᠢ ᠪᠠᠶ᠋ᠢᠭᠤᠯᠵᠤ᠂ ᠬᠠᠷᠢᠭᠤᠴᠠᠯᠭ᠋ᠠᠲᠤ ᠨᠢᠭᠡᠴᠢ ᠪᠠ ᠴᠠᠭ ᠬᠤᠭᠤᠴᠠᠭ᠎ᠠ᠎ᠪᠠᠨ ᠲᠣᠳᠣᠷᠬᠠᠶ᠋ᠢᠯᠠᠨ᠂ ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠎ᠠᠴᠠ ᠲᠣᠰ ᠲᠣᠰ᠎ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠵᠢᠨ ᠶᠣᠰᠣᠭ᠋ᠠᠷ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠬᠤ ᠬᠡᠷᠡᠭᠲᠡᠢ᠃
ᠠᠷᠪᠠᠨ ᠬᠤᠶᠠᠳᠤᠭ᠋ᠠᠷ ᠵᠦᠢ᠍ᠯ ᠡᠯ᠎ᠡ ᠠᠶ᠋ᠢᠮᠠᠭ ᠬᠤᠳᠠ᠂ ᠬᠤᠰᠢᠭᠤ ᠰᠢᠶᠠᠨ (ᠬᠤᠳᠠ᠂ ᠲᠣᠭᠤᠷᠢᠭ)᠎ᠨᠢ ᠲᠤᠰ ᠳᠦᠷᠢᠮ ᠵᠶ᠋ᠠᠷ ᠯᠠᠪᠯᠠᠯᠲᠠ ᠪᠣᠯᠭ᠋ᠠᠵᠤ᠂ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠠᠳᠠᠯᠢ ᠱᠠᠲᠤᠨ᠎ᠤ ᠠᠵᠢᠯᠴᠢᠨ᠎ᠤ ᠡᠪᠯᠡᠯ᠎ᠤᠨ ᠬᠠᠮᠲᠤᠷᠠᠭᠰᠠᠨ ᠬᠤᠷᠠᠯ᠎ᠤᠨ ᠳᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠬᠠᠮᠲᠤᠷᠠᠭᠰᠠᠨ ᠬᠤᠷᠠᠯ᠎ᠤᠨ ᠳᠦᠷᠢᠮ᠎ᠢ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠵᠢ ᠡᠯ᠎ᠡ ᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠲᠣᠬᠢᠷᠠᠭᠤᠯᠤᠯᠲᠠ ᠪᠠ ᠠᠵᠢᠯᠴᠢᠨ᠎ᠤ ᠡᠪᠯᠡᠯ᠎ᠤᠨ ᠠᠵᠢᠯ᠎ᠢ ᠰᠢᠯᠭ᠋ᠠᠨ ᠬᠢᠨᠠᠬᠤ ᠠᠭᠤᠯᠭ᠎ᠠ᠎ᠳᠤ ᠣᠷᠣᠭᠤᠯᠬᠤ ᠬᠡᠷᠡᠭᠲᠡᠢ᠃
ᠠᠷᠪᠠᠨ ᠭᠤᠷᠪᠠᠳᠤᠭ᠋ᠠᠷ ᠵᠦᠢ᠍ᠯ ᠲᠤᠰ ᠳᠦᠷᠢᠮ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ 《〈ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠬᠠᠮᠲᠤᠷᠠᠭᠰᠠᠨ ᠬᠤᠷᠠᠯ᠎ᠤᠨ ᠳᠦᠷᠢᠮ᠎ᠤᠨ ᠲᠣᠭᠲᠠᠭ᠋ᠠᠯ᠎ᠤᠳ〉᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠥᠰᠥᠭ [2004] 12 ᠳ᠋ᠤᠭ᠋ᠠᠷ ᠲᠣᠭ᠋ᠠᠲᠤ)᠎ᠢ ᠬᠠᠮᠲᠤᠳᠤᠨᠢ ᠬᠦᠴᠦᠨ ᠦᠭᠡᠢ ᠪᠣᠯᠭ᠋ᠠᠨ᠎ᠠ᠃