ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠤᠯᠤᠰ᠎ᠤᠨ ᠬᠠᠣᠯᠢ ᠴᠠᠭᠠᠵᠠ ᠬᠠᠣᠯᠢ ᠲᠥᠷᠢᠮ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠭᠡᠯ ᠥᠭᠬᠦ ᠳᠦᠷᠢᠮ
ᠨᠡᠶ᠋ᠢᠲᠡᠯᠡᠭᠰᠡᠨ ᠴᠠᠭ᠄ 2024-12-27

   ᠣᠶ᠋ᠢᠷ᠎ᠠ᠎ᠳᠤ᠂  ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠭᠡᠯ ᠥᠭᠬᠦ ᠲᠦᠷᠢᠮ》 (ᠳᠣᠷᠣᠭᠰᠢ 《ᠲᠦᠷᠢᠮ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠭᠰᠠᠨ ᠪᠥᠭᠡᠳ ᠮᠡᠳᠡᠭᠳᠡᠯ ᠲᠠᠷᠬᠠᠭ᠋ᠠᠵᠤ᠂  ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠬᠢᠨᠠᠮᠠᠭ᠋ᠠᠶ ᠵᠢᠷᠤᠮᠯᠠᠨ ᠬᠡᠷᠡᠭᠵᠢᠭᠦᠯᠬᠦ ᠬᠡᠷᠡᠭᠲᠡᠶ ᠭᠡᠵᠦ ᠱᠠᠭ᠋ᠠᠷᠳᠠᠪᠠ᠃

   ᠮᠡᠳᠡᠭᠳᠡᠯ᠎ᠳᠤ᠂  ᠨᠠᠮ᠎ᠤᠨ ᠬᠣᠷᠢᠳᠤᠭ᠋ᠠᠷ ᠶᠡᠬᠡ ᠬᠤᠷᠠᠯ᠎ᠠᠴᠠ ᠨᠠᠮ᠎ᠤᠨ ᠰᠠᠬᠢᠯᠭ᠎ᠠ ᠪᠠᠲᠤ ᠵᠢᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠬᠤ ᠲᠤᠬᠠᠢ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ ᠬᠢᠵᠡᠢ᠃  ᠨᠠᠮ᠎ᠤᠨ ᠲᠥᠪ ᠬᠣᠷᠢᠶ᠎ᠠ ᠨᠠᠮ᠎ᠳᠤ ᠯᠠ ᠪᠠᠢ᠌ᠳᠠᠭ ᠬᠦᠴᠢᠷ ᠠᠰᠠᠭᠤᠳᠠᠯ᠎ᠢ ᠰᠢᠢ᠍ᠳᠪᠦᠷᠢᠯᠡᠬᠦ᠎ᠪᠠᠷ ᠭᠣᠣᠯᠳᠠᠭᠤᠯᠵᠤ᠂  ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠰᠢᠰᠲᠸᠮ᠎ᠢ ᠪᠦᠷᠢᠨᠰᠢᠭᠦᠯᠵᠦ᠂ 《ᠳᠦᠷᠢᠮ》᠎ᠳᠤ ᠵᠠᠰᠠᠪᠤᠷᠢ ᠣᠷᠣᠭᠤᠯᠪᠠ᠃ 《ᠲᠦᠷᠢᠮ》᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠪᠣᠯᠤᠨ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂  ᠨᠠᠮ᠎ᠤᠨ ᠲᠦᠷᠢᠮ ᠭᠡᠬᠦ ᠡᠨᠡ ᠬᠦ᠌ ᠶᠡᠷᠦᠩᠬᠡᠢ ᠡᠬᠢ᠎ᠠᠴᠠ ᠡᠭᠦᠰᠴᠦ᠂  ᠴᠢᠩᠭ᠎ᠠ ᠬᠦᠭ ᠠᠶᠠᠰ᠎ᠢ ᠪᠠᠷᠢᠮᠲᠠᠯᠠᠵᠤ᠂  ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠪᠠ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ ᠵᠢ ᠬᠠᠷᠢᠯᠴᠠᠨ ᠤᠶᠠᠯᠳᠤᠭᠤᠯᠬᠤ ᠵᠢ ᠪᠠᠷᠢᠮᠲᠠᠯᠠᠵᠤ᠂  ᠴᠠᠭ ᠦᠶ᠎ᠡ᠎ᠲᠠᠢ ᠵᠡᠷᠭᠡᠪᠡᠷ ᠤᠷᠤᠭᠰᠢᠯᠠᠨ ᠰᠠᠬᠢᠯᠭ᠎ᠠ ᠪᠠᠲᠤ ᠵᠢᠨ ᠵᠢᠷᠤᠮᠵᠢᠯ᠎ᠢ ᠲᠡᠭᠦᠯᠳᠡᠷᠵᠢᠭᠦᠯᠵᠦ᠂  ᠤᠯᠤᠰ ᠲᠦᠷᠦ ᠵᠢᠨ ᠰᠠᠬᠢᠯᠭ᠎ᠠ ᠪᠠᠲᠤ ᠪᠣᠯᠤᠨ ᠤᠯᠤᠰ ᠲᠦᠷᠦ ᠵᠢᠨ ᠶᠣᠰᠣ ᠲᠦᠷᠢᠮ᠎ᠢ ᠴᠢᠨᠠᠭᠰᠢᠳᠠ ᠴᠢᠩᠳᠠᠯᠠᠵᠤ᠂  ᠡᠯ᠎ᠡ ᠵᠦᠢ᠍ᠯ᠎ᠤᠨ ᠰᠠᠬᠢᠯᠭ᠎ᠠ ᠪᠠᠲᠤ ᠵᠢ ᠪᠦᠬᠦ ᠲᠠᠯ᠎ᠠ᠎ᠪᠠᠷ ᠴᠢᠩᠭ᠎ᠠ ᠪᠣᠯᠭ᠋ᠠᠬᠤ ᠵᠢ ᠳᠠᠶ᠋ᠢᠴᠢᠯᠠᠵᠤ᠂  ᠶᠠᠪᠤᠬᠤ ᠲᠤᠳᠤᠮ ᠰᠡᠭᠦᠯᠡᠷ ᠰᠠᠬᠢᠯᠭ᠎ᠠ ᠪᠠᠲᠤ ᠵᠢ ᠴᠢᠩᠭ᠎ᠠ ᠬᠡᠷᠡᠭᠵᠢᠭᠦᠯᠬᠦ ᠴᠢᠩᠭ᠎ᠠ ᠳᠣᠬᠢᠶ᠎ᠠ ᠵᠢ ᠪᠠᠳᠠᠷᠠᠭᠤᠯᠵᠤ᠂  ᠰᠠᠬᠢᠯᠭ᠎ᠠ ᠪᠠᠲᠤ ᠵᠢᠨ ᠪᠠᠶ᠋ᠢᠭᠤᠯᠤᠯᠲᠠ ᠵᠢᠨ ᠦᠩᠭᠡᠨ ᠲᠠᠯ᠎ᠠ ᠪᠠ ᠦᠨᠳᠦᠰᠦ᠎ᠠᠴᠠ᠎ᠨᠢ ᠵᠠᠰᠠᠬᠤ ᠦᠢ᠍ᠯᠡᠳᠦᠯ᠎ᠢ ᠪᠠᠳᠠᠷᠠᠭᠤᠯᠵᠤ᠂  ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠭᠡᠨ ᠪᠠᠶ᠋ᠢᠭᠤᠯᠤᠯᠲᠠ᠂  ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠬᠦ ᠲᠠᠯ᠎ᠠ᠎ᠪᠠᠷ ᠠᠬᠢᠭᠤᠯᠬᠤ᠎ᠳᠤ ᠪᠠᠲᠤ ᠴᠢᠩᠭ᠎ᠠ ᠰᠠᠬᠢᠯᠭ᠎ᠠ ᠪᠠᠲᠤ ᠵᠢᠨ ᠪᠠᠲᠤᠯᠠᠭ᠎ᠠ ᠬᠠᠩᠭ᠋ᠠᠬᠤ ᠬᠡᠷᠡᠭᠲᠡᠢ᠃

   ᠮᠡᠳᠡᠭᠳᠡᠯ᠎ᠳᠤ᠂  ᠡᠯ᠎ᠡ ᠱᠠᠲᠤᠨ᠎ᠤ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠤᠯᠤᠰ ᠲᠦᠷᠦ ᠵᠢᠨ ᠬᠠᠷᠢᠭᠤᠴᠠᠯᠭ᠎ᠠ ᠵᠢ ᠡᠭᠦᠷᠭᠡᠯᠡᠵᠦ᠂ 《ᠲᠦᠷᠢᠮ》᠎ᠢ ᠲᠤᠭᠤᠰᠢᠯᠠᠭᠤᠯᠤᠨ ᠬᠡᠷᠡᠭᠵᠢᠭᠦᠯᠬᠦ ᠵᠢ ᠨᠠᠷᠢᠨ ᠬᠢᠨᠠᠮᠠᠭ᠋ᠠᠢ ᠰᠠᠶ᠋ᠢᠲᠤᠷ ᠠᠳᠬᠤᠵᠤ᠂  ᠨᠠᠮ᠎ᠤᠨ ᠰᠠᠬᠢᠯᠭ᠎ᠠ ᠪᠠᠲᠤ᠎ᠠᠴᠠ ᠵᠥᠷᠢᠴᠡᠭᠰᠡᠨ ᠠᠰᠠᠭᠤᠳᠠᠯ᠎ᠢ ᠨᠢᠭᠡ ᠵᠢ ᠢᠯᠡᠷᠡᠭᠦᠯᠪᠡᠯ ᠨᠢᠭᠡ ᠵᠢ ᠡᠷᠡᠰ ᠪᠠᠶ᠋ᠢᠴᠠᠭ᠋ᠠᠨ ᠰᠢᠢ᠍ᠳᠪᠦᠷᠢᠯᠡᠵᠦ᠂  ᠰᠠᠬᠢᠯᠭ᠎ᠠ ᠪᠠᠲᠤ ᠵᠢᠨ ᠴᠢᠩᠭ᠎ᠠ᠂  ᠲᠥᠪ ᠴᠢᠩᠭ᠎ᠠ ᠴᠢᠨᠠᠷ᠎ᠢ ᠦᠨᠡᠨ ᠬᠦ᠌ ᠬᠠᠮᠠᠭ᠋ᠠᠯᠠᠬᠤ ᠬᠡᠷᠡᠭᠲᠡᠢ᠃  ᠨᠠᠮᠴᠢ ᠴᠢᠨᠠᠷ ᠨᠠᠮ᠎ᠤᠨ ᠰᠤᠷᠲᠠᠯ ᠨᠠᠮ᠎ᠤᠨ ᠰᠠᠬᠢᠯᠭ᠎ᠠ ᠪᠠᠲᠤ ᠵᠢ ᠵᠡᠷᠭᠡ᠎ᠪᠠᠷ ᠠᠳᠬᠤᠬᠤ ᠵᠢ ᠪᠠᠷᠢᠮᠲᠠᠯᠠᠵᠤ᠂ 《ᠲᠦᠷᠢᠮ》᠎ᠢ ᠨᠠᠮ᠎ᠤᠨ ᠭᠡᠰᠢᠭᠦᠨ᠂  ᠺᠠᠳ᠋ᠷᠴᠤᠳ᠎ᠢ ᠪᠣᠯᠪᠠᠰᠤᠷᠠᠭᠤᠯᠬᠤ ᠵᠠᠪᠠᠯ ᠰᠤᠷᠬᠤ ᠬᠢᠴᠢᠶᠡᠯ᠎ᠳᠤ ᠣᠷᠣᠭᠤᠯᠵᠤ᠂  ᠲᠦᠷᠢᠮ ᠲᠣᠭᠲᠠᠭ᠋ᠠᠯ᠎ᠢ ᠵᠢᠷᠤᠮᠯᠠᠨ ᠰᠠᠬᠢᠯᠭ᠎ᠠ ᠪᠠᠲᠤ ᠵᠢ ᠰᠠᠬᠢᠬᠤ ᠤᠬᠠᠮᠰᠠᠷ ᠵᠶ᠋ᠠᠨ ᠴᠢᠩᠭ᠋ᠠᠳᠬᠠᠬᠤ ᠬᠡᠷᠡᠭᠲᠡᠶ᠃  ᠰᠠᠬᠢᠯᠭ᠎ᠠ ᠪᠠᠲᠤ ᠵᠢ ᠲᠡᠷᠢᠭᠦᠨ᠎ᠳᠤ ᠲᠠᠯᠪᠢᠬᠤ ᠵᠢ ᠪᠠᠷᠢᠮᠲᠠᠯᠠᠵᠤ᠂  ᠰᠠᠬᠢᠯᠭ᠎ᠠ ᠪᠠᠲᠤ ᠬᠡᠷᠡᠭᠵᠢᠭᠦᠯᠬᠦ ᠬᠠᠤᠯᠢ ᠬᠡᠷᠡᠭᠵᠢᠭᠦᠯᠬᠦ ᠵᠢ ᠨᠡᠪᠲᠡᠷᠡᠯᠴᠡᠭᠦᠯᠬᠦ ᠵᠢ ᠠᠬᠢᠭᠤᠯᠵᠤ᠂ 《ᠲᠦᠷᠪᠡᠨ ᠵᠦᠢ᠍ᠯ᠎ᠤᠨ ᠬᠡᠯᠪᠡᠷᠢ ᠪᠠᠶ᠋ᠢᠳᠠᠯ》᠎ᠢ ᠣᠨᠣᠪᠴᠢᠲᠠᠢ ᠬᠡᠷᠡᠭᠯᠡᠵᠦ᠂ 《ᠭᠤᠷᠪᠠ ᠵᠢ ᠢᠯᠭ᠋ᠠᠬᠤ》 ᠵᠢ ᠨᠠᠶ᠋ᠢᠳᠠᠪᠤᠷᠢᠵᠢᠭᠤᠯᠵᠤ᠂  ᠴᠢᠩᠭ᠎ᠠ ᠬᠠᠮᠢᠶᠠᠷᠴᠤ ᠬᠢᠨᠠᠯᠲᠠ ᠲᠠᠯᠪᠢᠬᠤ ᠪᠠ ᠬᠠᠷᠢᠭᠤᠴᠠᠯᠭ᠎ᠠ ᠡᠭᠦᠷᠭᠡᠯᠡᠬᠦ ᠵᠢ ᠵᠣᠷᠢᠭᠵᠢᠭᠤᠯᠬᠤ ᠵᠢ ᠳᠡᠭᠡᠳᠦ ᠬᠡᠮᠵᠢᠶ᠎ᠡ᠎ᠪᠠᠷ ᠨᠢᠭᠡᠳᠬᠡᠬᠦ ᠬᠡᠷᠡᠭᠲᠡᠢ᠃  ᠡᠯ᠎ᠡ ᠱᠠᠲᠤᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ (ᠰᠠᠬᠢᠯᠭ᠎ᠠ ᠪᠠᠲᠤ ᠪᠠᠶ᠋ᠢᠴᠠᠭ᠋ᠠᠬᠤ ᠳᠤᠭᠤᠶ᠋ᠢᠯᠠᠩ) ᠨᠠᠮ᠎ᠤᠨ ᠲᠦᠷᠢᠮ᠎ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠢ ᠭᠦᠢ᠍ᠴᠡᠳᠬᠡᠵᠦ᠂  ᠬᠢᠨᠠᠯᠲᠠ ᠲᠠᠯᠪᠢᠵᠤ ᠰᠠᠬᠢᠯᠭ᠎ᠠ ᠪᠠᠲᠤ ᠵᠢ ᠬᠡᠷᠡᠭᠵᠢᠭᠦᠯᠦᠨ ᠬᠠᠷᠢᠭᠤᠴᠠᠯᠭ᠎ᠠ ᠨᠡᠬᠡᠮᠵᠢᠯᠡᠬᠦ ᠵᠢ ᠴᠢᠩᠭ᠋ᠠᠳᠬᠠᠵᠤ᠂  ᠵᠣᠷᠢᠭᠲᠠᠢ᠎ᠪᠠᠷ ᠴᠢᠳᠠᠮᠠᠭ᠋ᠠᠢ᠎ᠪᠠᠷ ᠲᠡᠮᠡᠴᠡᠵᠦ᠂  ᠰᠠᠬᠢᠯᠭ᠎ᠠ ᠪᠠᠲᠤ ᠵᠢ ᠴᠢᠩᠭ᠎ᠠ ᠬᠡᠷᠡᠭᠵᠢᠭᠦᠯᠵᠦ᠂  ᠤᠨᠢᠨ ᠳᠡᠭᠡᠷ᠎ᠡ᠎ᠨᠢ ᠰᠠᠬᠢᠯᠭ᠎ᠠ ᠪᠠᠲᠤ ᠵᠢ ᠬᠡᠷᠡᠭᠵᠢᠭᠦᠯᠵᠦ᠂  ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠤᠨ ᠭᠦᠨᠵᠡᠭᠡᠶ᠋ᠢᠷᠡᠨ ᠬᠥᠭᠵᠢᠬᠦ ᠵᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠵᠡᠢ᠃  ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ 《ᠳᠦᠷᠢᠮ》᠎ᠢ ᠬᠡᠷᠡᠭᠵᠢᠭᠦᠯᠬᠦ ᠶᠠᠪᠤᠴᠠ᠎ᠳᠠᠬᠢ ᠴᠢᠬᠤᠯᠠ ᠪᠠᠶ᠋ᠢᠳᠠᠯ ᠪᠣᠯᠤᠨ ᠰᠠᠨᠠᠭᠤᠯᠭ᠎ᠠ ᠵᠢ ᠴᠠᠭ ᠲᠤᠬᠠᠶ᠎ᠳᠤᠨᠢ ᠨᠠᠮ᠎ᠤᠨ ᠲᠥᠪ ᠬᠣᠷᠢᠶᠠᠨ᠎ᠳᠤ ᠮᠡᠳᠡᠭᠦᠯᠬᠦ ᠬᠡᠷᠡᠭᠲᠡᠶ᠃

  《ᠳᠦᠷᠢᠮ》᠎ᠤᠨ ᠪᠦᠬᠦ ᠠᠭ᠍ᠤᠯᠭ᠎ᠠ᠎ᠨᠢ ᠳᠤᠤᠷᠠᠬᠢ ᠮᠡᠲᠦ᠃

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            