ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠤᠯᠤᠰ᠎ᠤᠨ ᠬᠠᠣᠯᠢ ᠴᠠᠭᠠᠵᠠ ᠬᠠᠣᠯᠢ ᠲᠥᠷᠢᠮ
ᠠᠵᠤ ᠦᠢᠯᠡᠳᠪᠦᠷᠢ ᠪᠣᠯᠣᠨ ᠮᠡᠳᠡᠭᠡ ᠵᠠᠩᠭᠢᠴᠢᠯᠠᠯᠲᠠ᠎ᠶᠢᠨ ᠶᠠᠮᠤᠨ᠂ ᠤᠰᠤᠨ ᠠᠰᠢᠭ᠍ᠯᠠᠯᠲᠠ᠎ᠶᠢᠨ ᠶᠠᠮᠤᠨ ᠬᠠᠮᠲᠤᠷᠠᠨ 《 ᠤᠰᠤ ᠠᠷᠪᠢᠯᠠᠬᠤ ᠲᠣᠨᠣᠭᠯᠠᠯ᠎ᠢ ᠴᠢᠨᠠᠷ ᠰᠠᠢᠲᠠᠢ ᠬᠥᠭᠵᠢᠭᠦᠯᠬᠦ ᠬᠡᠷᠡᠭᠵᠢᠭᠦᠯᠬᠦ ᠲᠥᠰᠥᠯ ( 2025 ︱ 2030 ᠣᠨ ) 》᠎ᠢ ᠳᠠᠷᠤᠮᠠᠯᠯᠠᠨ ᠲᠠᠷᠬᠠᠭᠠᠪᠠ
ᠨᠡᠶ᠋ᠢᠲᠡᠯᠡᠭᠰᠡᠨ ᠴᠠᠭ᠄ 2025-11-29

      ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ ᠂ ᠤᠰᠤᠨ ᠠᠰᠢᠭ᠍ᠯᠠᠯᠲᠠ᠎ᠶᠢᠨ ᠶᠠᠮᠤᠨ ᠣᠢᠷ᠎ᠠ᠎ᠳᠤ ᠬᠠᠮᠲᠤᠷᠠᠨ 《 ᠤᠰᠤ ᠠᠷᠪᠢᠯᠠᠬᠤ ᠲᠣᠨᠣᠭᠯᠠᠯ᠎ᠢ ᠴᠢᠨᠠᠷ ᠰᠠᠢᠲᠠᠢ ᠬᠥᠭᠵᠢᠭᠦᠯᠬᠦ ᠬᠡᠷᠡᠭᠵᠢᠭᠦᠯᠬᠦ ᠲᠥᠰᠥᠯ ( 2025 ︱ 2030 ᠣᠨ ) 》 ( ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ ᠬᠠᠮᠲᠤᠷᠠᠭᠰᠠᠨ ᠵᠠᠬᠢᠳᠠᠯ [ 2025 ] 234 ᠳ᠋ᠦ᠍ᠭᠡᠷ ᠲᠣᠭᠠᠲᠤ᠂ ᠳᠣᠷᠣᠭ᠍ᠰᠢ 《 ᠬᠡᠷᠡᠭᠵᠢᠭᠦᠯᠬᠦ ᠲᠥᠰᠥᠯ 》 ᠭᠡᠵᠦ ᠲᠣᠪᠴᠢᠯᠠᠨ᠎ᠠ )᠎ᠢ ᠳᠠᠷᠤᠮᠠᠯᠯᠠᠨ ᠲᠠᠷᠬᠠᠭᠠᠵᠤ᠂ ᠤᠰᠤ ᠠᠷᠪᠢᠯᠠᠬᠤ ᠲᠣᠨᠣᠭᠯᠠᠯ᠎ᠤᠨ ᠠᠵᠤ ᠦᠢᠯᠡᠰ᠎ᠦᠨ ᠬᠡᠯᠬᠢᠶ᠎ᠡ᠎ᠶᠢᠨ ᠥᠷᠢᠰᠦᠯᠳᠦᠭᠡᠨ᠎ᠦ ᠳᠠᠪᠠᠭᠤᠯᠢᠭ᠋᠎ᠢ ᠬᠦᠴᠦᠯᠡᠨ ᠪᠡᠬᠢᠵᠢᠭᠦᠯᠦᠨ ᠳᠡᠭᠡᠭᠰᠢᠯᠡᠭᠦᠯᠵᠦ᠂ ᠤᠰᠤ ᠠᠷᠪᠢᠯᠠᠬᠤ ᠲᠣᠨᠣᠭᠯᠠᠯ᠎ᠤᠨ ᠴᠢᠨᠠᠷ ᠰᠠᠢᠲᠠᠢ ᠬᠥᠭᠵᠢᠯᠲᠡ᠎ᠪᠡᠷ ᠤᠰᠤᠨ᠎ᠤ ᠡᠬᠢ ᠪᠠᠶᠠᠯᠢᠭ᠋᠎ᠢ ᠠᠷᠪᠢᠯᠠᠵᠤ ᠡᠷᠴᠢᠮᠵᠢᠭᠦᠯᠦᠨ ᠠᠰᠢᠭ᠍ᠯᠠᠬᠤ᠎ᠶᠢ ᠲᠦᠷᠭᠡᠳᠬᠡᠨ ᠠᠬᠢᠭᠤᠯᠵᠤ ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠥᠬᠥ ᠲᠠᠯ᠎ᠠ᠎ᠪᠠᠷ ᠪᠣᠬᠢᠷᠲᠤᠯ ᠦᠭᠡᠢ᠎ᠪᠡᠷ ᠬᠡᠯᠪᠡᠷᠢ᠎ᠪᠡᠨ ᠬᠤᠪᠢᠷᠠᠭᠤᠯᠬᠤ᠎ᠶᠢ ᠠᠬᠢᠭᠤᠯᠤᠨ᠎ᠠ ᠃ 《 ᠬᠡᠷᠡᠭᠵᠢᠭᠦᠯᠬᠦ ᠲᠥᠰᠥᠯ 》᠎ᠳᠤ 2027 ᠣᠨ ᠪᠣᠯᠲᠠᠯ᠎ᠠ ᠂ ᠭᠣᠣᠯᠳᠠᠯᠭ᠎ᠠ᠎ᠲᠠᠢ ᠤᠰᠤ ᠠᠷᠪᠢᠯᠠᠬᠤ ᠲᠣᠨᠣᠭᠯᠠᠯ᠎ᠢ ᠰᠢᠪᠲᠤᠯᠤᠯᠲᠠ᠎ᠲᠠᠢ ᠪᠣᠯᠭᠠᠵᠤ᠂ ᠤᠰᠤ ᠠᠷᠪᠢᠯᠠᠬᠤ ᠲᠣᠨᠣᠭᠯᠠᠯ᠎ᠤᠨ ᠪᠠᠷᠢᠮᠵᠢᠶ᠎ᠠ᠎ᠶᠢᠨ ᠰᠢᠰᠲᠧᠮᠵᠢ᠎ᠶᠢ ᠨᠠᠩ ᠪᠦᠷᠢᠨᠰᠢᠭᠦᠯᠦᠨ ᠂ ᠨᠢᠭᠡ ᠪᠦᠯᠦᠭ ᠤᠰᠤ ᠠᠷᠪᠢᠯᠠᠬᠤ ᠲᠣᠨᠣᠭᠯᠠᠯ᠎ᠤᠨ ᠳᠠᠭᠠᠭᠤᠯᠤᠭ᠍ᠴᠢ ᠠᠵᠤ ᠠᠬᠤᠢᠯᠠᠯ ᠪᠠ ᠦᠢᠯᠡᠳᠬᠦ ᠦᠢᠯᠡᠰ᠎ᠦᠨ ᠲᠠᠩ ᠵᠦᠢᠯ᠎ᠦᠨ ᠮᠠᠩᠯᠠᠢ ᠂ ᠲᠤᠰᠬᠠᠢ ᠨᠠᠷᠢᠯᠢᠭ᠋ ᠣᠨᠴᠠ ᠰᠢᠨ᠎ᠡ 《 ᠵᠢᠵᠢᠭ ᠠᠪᠤᠷᠭᠤ ᠬᠥᠮᠥᠨ 》᠎ᠤ ᠠᠵᠤ ᠠᠬᠤᠢᠯᠠᠯ᠎ᠢ ᠪᠣᠢᠵᠢᠭᠤᠯᠤᠨ᠎ᠠ ᠭᠡᠵᠦ ᠳᠤᠷᠠᠳᠤᠨ ᠭᠠᠷᠭᠠᠪᠠ ; 2030 ᠣᠨ ᠪᠣᠯᠬᠤ᠎ᠳᠤ ᠂ ᠪᠥᠬᠥ ᠲᠠᠯ᠎ᠠ᠎ᠶᠢ ᠬᠠᠮᠤᠷᠤᠭᠰᠠᠨ ᠂ ᠲᠡᠷᠢᠭᠦᠨ᠎ᠦ ᠮᠡᠷᠭᠡᠵᠢᠯ᠎ᠲᠠᠢ ᠤᠰᠤ ᠠᠷᠪᠢᠯᠠᠬᠤ ᠲᠣᠨᠣᠭᠯᠠᠯ᠎ᠤᠨ ᠰᠢᠰᠲᠧᠮᠵᠢ᠎ᠶᠢ ᠪᠠᠢᠭᠤᠯᠵᠤ ᠂ ᠥᠨᠳᠥᠷ ᠴᠢᠳᠠᠮᠵᠢ᠎ᠲᠠᠢ ᠂ ᠥᠨᠳᠥᠷ ᠦᠷ᠎ᠡ ᠪᠦᠲᠦᠮᠵᠢ᠎ᠲᠠᠢ ᠂ ᠥᠨᠳᠥᠷ ᠨᠠᠢᠳᠠᠪᠤᠷᠢᠲᠤ ᠴᠢᠨᠠᠷ᠎ᠲᠠᠢ ᠤᠰᠤ ᠠᠷᠪᠢᠯᠠᠬᠤ ᠲᠣᠨᠣᠭᠯᠠᠯ᠎ᠤᠨ ᠬᠠᠩᠭᠠᠯᠭ᠎ᠠ᠎ᠶᠢᠨ ᠴᠢᠳᠠᠪᠤᠷᠢ᠎ᠶᠢ ᠦᠷᠭᠦᠯᠵᠢᠯᠡᠨ ᠴᠢᠩᠭᠠᠷᠠᠭᠤᠯᠤᠨ᠎ᠠ ᠃
      ᠠᠵᠤ ᠦᠢᠯᠡᠳᠪᠦᠷᠢ ᠪᠣᠯᠣᠨ ᠮᠡᠳᠡᠭᠡ ᠵᠠᠩᠭᠢᠴᠢᠯᠠᠯᠲᠠ᠎ᠶᠢᠨ ᠶᠠᠮᠤᠨ ᠠᠵᠤ ᠦᠢᠯᠡᠳᠪᠦᠷᠢ᠎ᠶᠢᠨ ᠤᠰᠤᠨ᠎ᠤ ᠠᠰᠢᠭ᠍ᠯᠠᠮᠵᠢ᠎ᠶᠢ ᠳᠡᠭᠡᠭᠰᠢᠯᠡᠭᠦᠯᠬᠦ ᠠᠵᠢᠯᠯᠠᠭ᠎ᠠ᠎ᠶᠢ ᠭᠦᠨᠵᠡᠭᠡᠢ ᠬᠡᠷᠡᠭᠵᠢᠭᠦᠯᠵᠦ᠂ ᠠᠵᠤ ᠦᠢᠯᠡᠳᠪᠦᠷᠢ᠎ᠶᠢᠨ ᠤᠰᠤ ᠠᠷᠪᠢᠯᠠᠬᠤ ᠲᠦᠷᠦ᠎ᠶᠢᠨ ᠪᠣᠳᠣᠯᠭ᠎ᠠ᠎ᠶᠢᠨ ᠪᠠᠷᠢᠮᠵᠢᠶ᠎ᠠ᠎ᠶᠢᠨ ᠰᠢᠰᠲᠧᠮ᠎ᠢ ᠲᠡᠭᠦᠯᠳᠡᠷᠵᠢᠭᠦᠯᠵᠦ᠂ ᠲᠡᠷᠢᠭᠦᠨ᠎ᠦ ᠤᠰᠤ ᠠᠷᠪᠢᠯᠠᠬᠤ ᠮᠡᠷᠭᠡᠵᠢᠯ᠎ᠦᠨ ᠲᠣᠨᠣᠭᠯᠠᠯ᠎ᠢ ᠳᠡᠯᠭᠡᠷᠡᠭᠦᠯᠵᠦ᠂ ᠠᠵᠤ ᠦᠢᠯᠡᠳᠪᠦᠷᠢ᠎ᠶᠢᠨ ᠤᠰᠤ ᠬᠡᠷᠡᠭᠯᠡᠬᠦ ᠪᠦᠲᠦᠴᠡ᠎ᠶᠢ ᠰᠢᠯᠢᠳᠡᠭᠵᠢᠭᠦᠯᠵᠦ᠂ ᠥᠩᠭᠡᠷᠡᠭᠰᠡᠨ ᠠᠷᠪᠠᠨ ᠵᠢᠯ᠎ᠳᠦ᠂ ᠠᠵᠤ ᠦᠢᠯᠡᠳᠪᠦᠷᠢ᠎ᠶᠢᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ᠎ᠶᠢᠨ 《 ᠲᠡᠭ ᠨᠡᠮᠡᠭᠳᠡᠯ 》 ᠵᠢᠡᠷ ᠵᠢᠯ ᠳᠤᠮᠳᠠᠴᠢ᠎ᠪᠠᠷ 5.7%᠎ᠤᠨ ᠠᠵᠤ ᠦᠢᠯᠡᠳᠪᠦᠷᠢ᠎ᠶᠢᠨ ᠠᠵᠤ ᠠᠬᠤᠢ᠎ᠶᠢᠨ ᠨᠡᠮᠡᠭᠳᠡᠯ᠎ᠢ ᠲᠤᠯᠭᠠᠭᠤᠷᠢᠯᠠᠵᠤ᠂ ᠲᠦᠮᠡᠨ ᠲᠥᠭᠥᠷᠢᠭ᠎ᠦᠨ ᠠᠵᠤ ᠦᠢᠯᠡᠳᠪᠦᠷᠢ᠎ᠶᠢᠨ ᠨᠡᠮᠡᠭᠳᠡᠯ ᠦᠷᠳᠡᠭ᠎ᠦᠨ ᠤᠰᠤ ᠬᠡᠷᠡᠭᠯᠡᠬᠦ ᠬᠡᠮᠵᠢᠶ᠎ᠡ ᠠᠳᠠᠯᠢ ᠬᠤᠭᠤᠴᠠᠭᠠᠨ᠎ᠳᠤ 50% ᠡᠴᠡ ᠳᠡᠭᠡᠭᠰᠢ᠎ᠪᠡᠷ ᠪᠠᠭᠤᠷᠠᠵᠠᠢ᠃ ᠤᠰᠤ ᠠᠷᠪᠢᠯᠠᠬᠤ ᠲᠣᠨᠣᠭᠯᠠᠯ ᠪᠣᠯ ᠤᠰᠤ ᠠᠷᠪᠢᠯᠠᠬᠤ ᠠᠵᠤ ᠦᠢᠯᠡᠰ᠎ᠦᠨ ᠴᠢᠬᠤᠯᠠ ᠪᠦᠷᠢᠯᠳᠦᠭᠦᠨ ᠬᠡᠰᠡᠭ ᠮᠥᠨ᠂ ᠮᠥᠨ ᠴᠤ᠌ ᠤᠯᠤᠰ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠬᠤ ᠴᠢᠬᠤᠯᠠ ᠲᠤᠯᠭᠠᠭᠤᠷᠢᠯᠠᠯ ᠮᠥᠨ᠃ ᠣᠳᠣᠬᠠᠨ᠎ᠳᠤ᠂ ᠮᠠᠨ᠎ᠤ ᠤᠯᠤᠰ᠎ᠤᠨ ᠤᠰᠤᠨ᠎ᠤ ᠡᠬᠢ ᠪᠠᠶᠠᠯᠢᠭ᠋ ᠬᠦᠨᠳᠦ ᠨᠣᠴᠢᠲᠠᠢ ᠳᠤᠲᠠᠭᠳᠠᠵᠤ᠂ ᠬᠥᠮᠥᠨ ᠪᠦᠷᠢ᠎ᠳᠦ ᠳᠤᠮᠳᠠᠴᠢ᠎ᠪᠠᠷ ᠨᠣᠭᠳᠠᠬᠤ ᠤᠰᠤᠨ᠎ᠤ ᠡᠬᠢ ᠪᠠᠶᠠᠯᠢᠭ᠋ ᠳᠡᠯᠡᠬᠡᠢ᠎ᠶᠢᠨ ᠬᠥᠮᠥᠨ ᠪᠦᠷᠢ᠎ᠳᠦ ᠳᠤᠮᠳᠠᠴᠢ᠎ᠪᠠᠷ ᠨᠣᠭᠳᠠᠬᠤ ᠬᠡᠮᠵᠢᠶᠡᠨ᠎ᠦ ᠳᠦᠷᠪᠡᠨ᠎ᠦ ᠨᠢᠭᠡ᠎ᠶᠢ ᠯᠡ ᠬᠦᠷᠴᠦ ᠪᠣᠢ ᠃ ᠪᠣᠳᠠᠲᠠᠢ᠎ᠪᠠᠷ ᠬᠡᠯᠡᠪᠡᠯ ᠂ 2024 ᠣᠨ᠎ᠤ ᠠᠵᠤ ᠦᠢᠯᠡᠳᠪᠦᠷᠢ᠎ᠳᠦ ᠬᠡᠷᠡᠭᠯᠡᠬᠦ ᠤᠰᠤᠨ᠎ᠤ ᠬᠡᠮᠵᠢᠶ᠎ᠡ 971 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠲᠦ ᠬᠦᠷᠴᠦ ᠂ ᠪᠠᠷᠤᠭ ᠪᠥᠬᠥ ᠤᠯᠤᠰ᠎ᠤᠨ ᠬᠡᠷᠡᠭᠯᠡᠬᠦ ᠤᠰᠤᠨ᠎ᠤ ᠬᠡᠮᠵᠢᠶ᠎ᠡ᠎ᠶᠢᠨ 16% ᠶ᠋ᠢ ᠡᠵᠡᠯᠡᠵᠦ ᠂ ᠲᠦᠮᠡᠨ ᠲᠥᠭᠥᠷᠢᠭ᠎ᠦᠨ ᠠᠵᠤ ᠦᠢᠯᠡᠳᠪᠦᠷᠢ᠎ᠶᠢᠨ ᠨᠡᠮᠡᠭᠳᠡᠯ ᠥᠷᠲᠡᠭ᠎ᠦᠨ ᠬᠡᠷᠡᠭᠯᠡᠬᠦ ᠤᠰᠤᠨ᠎ᠤ ᠬᠡᠮᠵᠢᠶ᠎ᠡ 24 ᠪᠣᠰᠣᠭ᠎ᠠ ᠳᠥᠷᠪᠡᠯᠵᠢᠨ ᠮᠧᠲᠷ᠎ᠲᠦ ᠬᠦᠷᠴᠦ ᠂ ᠳᠡᠯᠡᠬᠡᠢ᠎ᠶᠢᠨ ᠲᠡᠷᠢᠭᠦᠨ᠎ᠦ ᠬᠢᠷᠢ ᠬᠡᠮᠵᠢᠶ᠎ᠡ ᠯᠦ᠍ᠭᠡ ᠪᠠᠰᠠ ᠵᠣᠬᠢᠬᠤ ᠵᠥᠷᠢᠶ᠎ᠡ᠎ᠲᠠᠢ ᠪᠠᠢᠨ᠎ᠠ ᠃ ᠡᠭᠦᠨ᠎ᠦ ᠬᠠᠮᠲᠤ᠂ ᠠᠵᠤ ᠦᠢᠯᠡᠳᠪᠦᠷᠢ ᠨᠢ ᠪᠠᠰᠠ ᠲᠠᠷᠢᠶᠠᠯᠠᠩ᠂ ᠰᠠᠭᠤᠭᠠᠯᠢ ᠠᠷᠠᠳ᠎ᠤᠨ ᠠᠮᠢᠳᠤᠷᠠᠯ᠎ᠳᠤ ᠤᠰᠤ ᠠᠷᠪᠢᠯᠠᠬᠤ ᠮᠡᠷᠭᠡᠵᠢᠯ᠎ᠦᠨ ᠲᠣᠨᠣᠭᠯᠠᠯ ᠪᠠ ᠦᠢᠯᠡᠳᠬᠦᠨ ᠬᠠᠩᠭᠠᠬᠤ ᠬᠦᠨᠳᠦ ᠡᠭᠦᠷᠭᠡ᠎ᠶᠢ ᠡᠭᠦᠷᠭᠡᠯᠡᠵᠦ ᠪᠠᠢᠨ᠎ᠠ᠃
      《 ᠬᠡᠷᠡᠭᠵᠢᠭᠦᠯᠬᠦ ᠲᠥᠰᠥᠯ 》᠎ᠳᠦ ᠦᠢᠯᠡᠳᠪᠦᠷᠢᠯᠡᠯ᠎ᠦᠨ ᠭᠠᠷ ᠤᠷᠠᠯᠠᠯ᠎ᠤᠨ ᠶᠠᠪᠤᠴᠠ᠎ᠳᠠᠬᠢ ᠤᠰᠤ ᠶᠡᠬᠡ ᠵᠠᠷᠤᠴᠠᠭᠤᠯᠬᠤ ᠨᠡᠢᠳᠡᠮ ᠬᠡᠷᠡᠭᠯᠡᠭᠡᠨ᠎ᠦ ᠲᠥᠬᠦᠭᠡᠷᠦᠮᠵᠢ᠎ᠶᠢ ᠭᠣᠣᠯᠳᠠᠯᠭ᠎ᠠ᠎ᠲᠠᠢ ᠠᠩᠬᠠᠷᠴᠤ ᠂ ᠤᠰᠤ ᠬᠠᠩᠭᠠᠬᠤ᠂ ᠤᠰᠤ ᠬᠡᠷᠡᠭᠯᠡᠬᠦ᠂ ᠡᠭᠡᠭᠦᠯᠦᠨ ᠬᠡᠷᠡᠭᠯᠡᠬᠦ ᠲᠣᠨᠣᠭᠯᠠᠯ᠎ᠤᠨ ᠬᠥᠭᠵᠢᠯᠲᠡ᠎ᠶᠢ ᠲᠦᠯᠬᠢᠨ ᠠᠬᠢᠭᠤᠯᠬᠤ ᠪᠠ ᠲᠤᠭᠠᠴᠢᠯᠠᠯᠳᠠ ᠣᠶᠤᠨᠴᠢᠯᠠᠯᠲᠠ ᠵᠢᠨ ᠬᠡᠯᠪᠡᠷᠢ᠎ᠶᠢ ᠬᠤᠪᠢᠷᠠᠭᠤᠯᠬᠤ 4 ᠵᠦᠢᠯ᠎ᠦᠨ ᠭᠣᠣᠯᠳᠠᠯᠭ᠎ᠠ᠎ᠲᠠᠢ ᠡᠭᠦᠷᠭᠡ᠎ᠶᠢᠨ ᠲᠣᠭᠣᠷᠢᠨ᠎ᠳᠤ᠂ ᠤᠰᠤ ᠠᠷᠪᠢᠯᠠᠬᠤ ᠲᠣᠨᠣᠭᠯᠠᠯ᠎ᠤᠨ ᠪᠡᠷᠬᠡ ᠰᠡᠳᠦᠪ᠎ᠢ ᠰᠢᠢᠳᠪᠦᠷᠢᠯᠡᠬᠦ ᠴᠢᠬᠤᠯᠠᠲᠠᠢ ᠵᠠᠩᠭᠢᠯᠠᠭ᠎ᠠ᠎ᠶᠢᠨ ᠰᠡᠯᠪᠢᠭ ᠲᠤᠨᠤᠭ᠂ ᠮᠠᠲᠧᠷᠢᠶᠠᠯ ᠪᠠ ᠤᠷᠠᠯᠠᠯ ᠵᠡᠷᠭᠡ᠎ᠶᠢ ᠳᠤᠷᠠᠳᠴᠤ᠂ 《 ᠴᠡᠭ 》᠎ᠦᠨ ᠲᠠᠯ᠎ᠠ᠎ᠪᠠᠷ ᠰᠢᠪᠲᠤᠯᠤᠯᠲᠠ ᠬᠢᠬᠦ᠎ᠪᠡᠷ ᠳᠠᠮᠵᠢᠭᠤᠯᠤᠨ᠂ ᠮᠠᠲᠧᠷᠢᠶᠠᠯ᠎ᠢ ᠰᠤᠳᠤᠯᠤᠨ ᠨᠡᠭᠡᠭᠡᠬᠦ᠂ ᠲᠣᠨᠣᠭᠯᠠᠯ ᠦᠢᠯᠡᠳᠬᠦ᠂ ᠰᠢᠰᠲᠧᠮ᠎ᠦᠨ ᠴᠤᠭᠯᠠᠷᠠᠯ᠎ᠢ ᠬᠠᠮᠤᠷᠤᠭᠰᠠᠨ ᠤᠰᠤ ᠠᠷᠪᠢᠯᠠᠬᠤ ᠲᠣᠨᠣᠭᠯᠠᠯ᠎ᠤᠨ ᠠᠵᠤ ᠦᠢᠯᠡᠰ᠎ᠦᠨ ᠬᠡᠯᠬᠢᠶ᠎ᠡ᠎ᠶᠢᠨ 《 ᠱᠤᠭᠤᠮ 》 ᠮᠠᠶᠢᠭ᠋᠎ᠤᠨ ᠬᠠᠮᠵᠢᠯᠴᠠᠭ᠎ᠠ᠎ᠶᠢ ᠪᠠᠢᠭᠤᠯᠵᠤ᠂ ᠪᠦᠬᠦ ᠶᠠᠪᠤᠴᠠ᠂ ᠤᠯᠠᠨ ᠲᠠᠯ᠎ᠠ᠎ᠶᠢᠨ 《 ᠬᠡᠰᠡᠭ 》᠎ᠦᠨ ᠲᠠᠯ᠎ᠠ᠎ᠪᠠᠷ ᠤᠰᠤ ᠠᠷᠪᠢᠯᠠᠬᠤ᠎ᠶᠢ ᠪᠡᠶᠡᠯᠡᠭᠦᠯᠦᠨ᠎ᠡ᠃ ᠠᠵᠤ ᠦᠢᠯᠡᠰ᠎ᠦᠨ ᠰᠢᠨ᠎ᠡ᠎ᠶᠢ ᠡᠭᠦᠳᠬᠦ ᠬᠥᠭᠵᠢᠯᠲᠡ᠎ᠶᠢᠨ ᠣᠷᠴᠢᠨ ᠲᠣᠭᠣᠷᠢᠨ᠎ᠢ ᠰᠢᠯᠢᠳᠡᠭᠵᠢᠭᠦᠯᠬᠦ ᠲᠠᠯ᠎ᠠ᠎ᠪᠠᠷ ᠂ ᠲᠥᠷᠥ᠎ᠶᠢᠨ ᠪᠣᠳᠣᠯᠭ᠎ᠠ᠎ᠶᠢᠨ ᠳᠡᠮᠵᠢᠯᠭᠡ᠎ᠶᠢᠨ ᠡᠷᠴᠢᠮ᠎ᠢ ᠴᠢᠩᠭᠠᠷᠠᠭᠤᠯᠬᠤ᠎ᠶᠢᠨ ᠲᠣᠭᠣᠷᠢᠨ᠎ᠳᠤ ᠂ ᠪᠠᠷᠢᠮᠵᠢᠶ᠎ᠠ᠎ᠶᠢᠨ ᠰᠢᠰᠲᠧᠮᠵᠢ᠎ᠶᠢ ᠲᠦᠷᠭᠡᠳᠬᠡᠨ ᠲᠡᠭᠦᠯᠳᠡᠷᠵᠢᠭᠦᠯᠵᠦ ᠂ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ ᠴᠢᠳᠠᠪᠤᠷᠢ᠎ᠶᠢ ᠳᠡᠭᠡᠭᠰᠢᠯᠡᠭᠦᠯᠦᠨ ᠂ ᠴᠢᠳᠠᠪᠤᠷᠢᠲᠠᠨ᠎ᠤ ᠡᠩᠨᠡᠭᠡ᠎ᠶᠢᠨ ᠪᠠᠢᠭᠤᠯᠤᠯᠲᠠ᠎ᠶᠢ ᠴᠢᠩᠭᠠᠷᠠᠭᠤᠯᠵᠤ ᠂ ᠭᠣᠣᠯᠳᠠᠯᠭ᠎ᠠ᠎ᠲᠠᠢ ᠠᠵᠢᠯ ᠲᠥᠷᠥᠯ᠎ᠦᠨ ᠤᠰᠤ ᠬᠡᠷᠡᠭᠯᠡᠬᠦ ᠲᠣᠨᠣᠭᠯᠠᠯ᠎ᠢ ᠰᠢᠨᠡᠳᠬᠡᠬᠦ ᠵᠢᠴᠢ ᠮᠡᠷᠭᠡᠵᠢᠯ᠎ᠦᠨ ᠥᠭᠡᠷᠡᠴᠢᠯᠡᠯᠲᠡ ᠬᠢᠬᠦ᠎ᠶᠢ ᠳᠡᠮᠵᠢᠬᠦ᠎ᠶᠢ ᠳᠤᠷᠠᠳᠴᠤ ᠂ ᠤᠰᠤ ᠠᠷᠪᠢᠯᠠᠬᠤ ᠲᠣᠨᠣᠭᠯᠠᠯ᠎ᠤᠨ ᠭᠣᠣᠯᠳᠠᠯᠭ᠎ᠠ᠎ᠲᠠᠢ ᠬᠦᠷᠢᠶᠡᠨ᠎ᠳᠡᠬᠢ ᠪᠠᠴᠢᠮ ᠬᠡᠷᠡᠭᠰᠡᠬᠦ ᠪᠠᠷᠢᠮᠵᠢᠶ᠎ᠠ᠎ᠶᠢ ᠰᠤᠳᠤᠯᠤᠨ ᠦᠢᠯᠡᠳᠬᠦ᠎ᠶᠢ ᠲᠦᠷᠭᠡᠳᠬᠡᠨ ᠂ ᠤᠰᠤ ᠠᠷᠪᠢᠯᠠᠬᠤ ᠬᠠᠤᠯᠢ ᠲᠣᠭᠲᠠᠭᠠᠯ ᠂ ᠲᠥᠷᠥ᠎ᠶᠢᠨ ᠪᠣᠳᠣᠯᠭ᠎ᠠ ᠂ ᠪᠠᠷᠢᠮᠵᠢᠶ᠎ᠠ ᠂ ᠮᠡᠷᠭᠡᠵᠢᠯ᠎ᠦᠨ ᠪᠣᠯᠪᠠᠰᠤᠷᠠᠯ ᠵᠡᠷᠭᠡ᠎ᠶᠢ ᠥᠷᠨᠢᠭᠦᠯᠦᠨ᠎ᠡ ᠃
      《 ᠬᠡᠷᠡᠭᠵᠢᠭᠦᠯᠬᠦ ᠲᠥᠰᠥᠯ 》᠎ᠢ ᠨᠡᠢᠲᠡᠯᠡᠭᠰᠡᠨ ᠨᠢ 《 ᠤᠰᠤ ᠠᠷᠪᠢᠯᠠᠵᠤ ᠬᠡᠷᠡᠭᠯᠡᠬᠦ ᠳᠦᠷᠢᠮ 》᠎ᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠤᠰᠤ ᠠᠷᠪᠢᠯᠠᠬᠤ ᠠᠵᠤ ᠦᠢᠯᠡᠰ᠎ᠢ ᠲᠦᠷᠭᠡᠳᠬᠡᠨ ᠬᠥᠭᠵᠢᠭᠦᠯᠬᠦ ᠴᠢᠬᠤᠯᠠ ᠠᠷᠭ᠎ᠠ ᠬᠡᠮᠵᠢᠶ᠎ᠡ ᠪᠣᠯᠬᠤ ᠪᠥᠭᠡᠳ ᠠᠵᠤ ᠠᠬᠤᠢᠯᠠᠯ᠎ᠢ ᠬᠥᠲᠥᠯᠥᠨ ᠵᠢᠯᠤᠭᠣᠳᠴᠤ ᠪᠠᠢᠭᠠᠳ ᠲᠡᠷᠢᠭᠦᠨ᠎ᠤ ᠤᠰᠤ ᠠᠷᠪᠢᠯᠠᠬᠤ ᠮᠡᠷᠭᠡᠵᠢᠯ᠎ᠤᠨ ᠲᠣᠨᠣᠭᠯᠠᠯ᠎ᠢ ᠬᠡᠷᠡᠭᠯᠡᠭᠦᠯᠵᠦ᠂ ᠲᠡᠰ ᠳᠡᠪᠰᠢᠭᠦᠯᠦᠨ ᠥᠭᠡᠷᠡᠴᠢᠯᠡᠬᠦ᠎ᠶᠢ ᠬᠡᠷᠡᠭᠵᠢᠭᠦᠯᠵᠦ᠂ ᠠᠵᠤ ᠦᠢᠯᠡᠳᠪᠦᠷᠢ᠎ᠶᠢᠨ ᠤᠰᠤ ᠬᠡᠷᠡᠭᠯᠡᠬᠦ ᠦᠷ᠎ᠡ ᠪᠦᠲᠦᠮᠵᠢ᠎ᠶᠢ ᠳᠡᠭᠡᠭᠰᠢᠯᠡᠭᠦᠯᠵᠦ ᠴᠢᠳᠠᠨ᠎ᠠ᠃ ᠡᠭᠦᠨ᠎ᠦ ᠬᠠᠮᠲᠤ ᠂ ᠬᠣᠯᠪᠣᠭᠳᠠᠯ ᠪᠦᠬᠦᠢ ᠰᠤᠳᠤᠯᠭᠠᠨ᠎ᠤ ᠪᠠᠢᠭᠤᠯᠤᠮᠵᠢ ᠪᠣᠯᠣᠨ ᠭᠣᠣᠯᠳᠠᠯᠭ᠎ᠠ᠎ᠲᠠᠢ ᠠᠵᠤ ᠠᠬᠤᠢᠯᠠᠯ᠎ᠢ ᠬᠥᠲᠥᠯᠥᠨ ᠵᠢᠯᠤᠭᠣᠳᠴᠤ ᠪᠠᠢᠭᠠᠳ ᠵᠠᠩᠭᠢᠯᠠᠭ᠎ᠠ᠎ᠶᠢᠨ ᠨᠡᠢᠲᠡᠴᠢ ᠴᠢᠨᠠᠷᠲᠠᠢ ᠮᠡᠷᠭᠡᠵᠢᠯ᠎ᠦᠨ ᠰᠢᠪᠲᠤᠯᠤᠯᠲᠠ᠎ᠶᠢ ᠰᠢᠪᠲᠤᠯᠵᠤ ᠂ ᠤᠰᠤ ᠠᠷᠪᠢᠯᠠᠬᠤ ᠲᠣᠨᠣᠭᠯᠠᠯ᠎ᠤᠨ ᠰᠢᠨ᠎ᠡ᠎ᠶᠢ ᠡᠭᠦᠳᠦᠨ ᠰᠤᠳᠤᠯᠤᠨ ᠨᠡᠭᠡᠭᠡᠬᠦ ᠪᠠ ᠳᠠᠪᠬᠤᠴᠠᠭᠤᠯᠤᠨ ᠲᠠᠰ ᠳᠡᠪᠰᠢᠭᠦᠯᠬᠦ᠎ᠶᠢ ᠲᠦᠷᠭᠡᠳᠬᠡᠨ ᠠᠬᠢᠭᠤᠯᠤᠨ᠎ᠠ ᠃ ᠬᠠᠮᠢᠶ᠎ᠠ ᠪᠦᠬᠦᠢ ᠲᠥᠷᠥ᠎ᠶᠢᠨ ᠪᠣᠳᠣᠯᠭ᠎ᠠ᠎ᠶᠢᠨ ᠠᠷᠭ᠎ᠠ ᠬᠡᠮᠵᠢᠶ᠎ᠡ ᠨᠢ ᠤᠰᠤ ᠠᠷᠪᠢᠯᠠᠬᠤ ᠲᠣᠨᠣᠭᠯᠠᠯ ᠦᠢᠯᠡᠳᠪᠦᠷᠢᠯᠡᠬᠦ ᠠᠵᠤ ᠠᠬᠤᠢᠯᠠᠯ ᠵᠢᠴᠢ ᠭᠣᠣᠯᠳᠠᠯᠭ᠎ᠠ᠎ᠲᠠᠢ ᠤᠰᠤ ᠬᠡᠷᠡᠭᠯᠡᠬᠦ ᠠᠵᠤ ᠠᠬᠤᠢᠯᠠᠯ᠎ᠳᠤ ᠣᠯᠠᠨ ᠲᠠᠯ᠎ᠠ᠎ᠶᠢᠨ ᠳᠡᠮᠵᠢᠯᠭᠡ ᠬᠠᠩᠭᠠᠵᠤ ᠂ ᠮᠠᠨ᠎ᠤ ᠤᠯᠤᠰ᠎ᠤᠨ ᠤᠰᠤ ᠠᠷᠪᠢᠯᠠᠬᠤ ᠲᠣᠨᠣᠭᠯᠠᠯ᠎ᠤᠨ ᠰᠢᠨ᠎ᠡ᠎ᠶᠢ ᠡᠭᠦᠳᠬᠦ ᠴᠢᠳᠠᠪᠤᠷᠢ ᠪᠠ ᠳᠡᠯᠡᠬᠡᠢ ᠳᠡᠭᠡᠷᠡᠬᠢ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠵᠦ ᠂ ᠤᠰᠤ ᠠᠷᠪᠢᠯᠠᠬᠤ ᠬᠡᠯᠪᠡᠷᠢ᠎ᠶᠢᠨ ᠦᠢᠯᠡᠳᠪᠦᠷᠢᠯᠡᠯ᠎ᠦᠨ ᠠᠷᠭ᠎ᠠ ᠮᠠᠶᠢᠭ᠋᠎ᠢ ᠲᠦᠷᠭᠡᠳᠬᠡᠨ ᠪᠠᠶ᠋ᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ ᠃
      《 ᠤᠰᠤ ᠠᠷᠪᠢᠯᠠᠬᠤ ᠲᠣᠨᠣᠭᠯᠠᠯ᠎ᠢ ᠴᠢᠨᠠᠷ ᠰᠠᠢᠲᠠᠢ ᠬᠥᠭᠵᠢᠭᠦᠯᠬᠦ ᠬᠡᠷᠡᠭᠵᠢᠭᠦᠯᠬᠦ ᠲᠥᠰᠥᠯ ( 2025 ︱ 2030 ᠣᠨ ) 》᠎ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
      ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ᠎ᠶᠢᠨ ᠶᠠᠮᠤᠨ᠎ᠤ ᠬᠣᠯᠪᠣᠭᠠᠯᠠᠭᠰᠠᠨ ᠵᠠᠬᠢᠳᠠᠯ〔2025〕 234 ᠳ᠋ᠦ᠍ᠭᠡᠷ ᠲᠣᠭᠠᠲᠤ
ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠴᠢ ᠲᠤᠰᠠᠭᠠᠷ ᠲᠥᠯᠥᠪᠯᠡᠭᠡᠲᠦ ᠬᠤᠳᠠ᠂ ᠰᠢᠨᠵᠢᠶᠠᠩ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶᠢᠨ ᠪᠢᠩᠲ᠋ᠤᠸᠠᠨ᠎ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠂ ᠤᠰᠤᠨ ᠠᠰᠢᠭ᠍ᠯᠠᠯᠲᠠ ( ᠤᠰᠤᠨ᠎ᠤ ᠶᠠᠪᠤᠳᠠᠯ )᠎ᠶᠢᠨ ᠲᠢᠩᠬᠢᠮ ( ᠲᠣᠪᠴᠢᠶ᠎ᠠ )᠎ᠳᠤ᠄
      《 ᠤᠰᠤ ᠠᠷᠪᠢᠯᠠᠬᠤ ᠲᠣᠨᠣᠭᠯᠠᠯ᠎ᠢ ᠴᠢᠨᠠᠷ ᠰᠠᠢᠲᠠᠢ ᠬᠥᠭᠵᠢᠭᠦᠯᠬᠦ ᠬᠡᠷᠡᠭᠵᠢᠭᠦᠯᠬᠦ ᠲᠥᠰᠥᠯ ( 2025 ︱ 2030 ᠣᠨ ) 》᠎ᠢ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ ᠂ ᠪᠣᠳᠠᠲᠠᠢ᠎ᠲᠠᠢ᠎ᠪᠠᠨ ᠤᠶᠠᠯᠳᠤᠭᠤᠯᠤᠨ ᠨᠠᠢᠳᠠᠪᠤᠷᠢᠵᠢᠭᠤᠯᠤᠯᠲᠠ᠎ᠶᠢ ᠬᠢᠨᠠᠮᠠᠭᠠᠢ ᠰᠠᠢᠲᠤᠷ ᠠᠳᠬᠤᠬᠤ᠎ᠶᠢ ᠬᠦᠰᠡᠵᠦ ᠪᠠᠢᠨ᠎ᠠ ᠃
                                          ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ
                                          ᠤᠰᠤᠨ ᠠᠰᠢᠭ᠍ᠯᠠᠯᠲᠠ᠎ᠶᠢᠨ ᠶᠠᠮᠤᠨ
                                                2025 ᠣᠨ᠎ᠤ 10 ᠰᠠᠷ᠎ᠠ᠎ᠶᠢᠨ 22᠎ᠤᠨ ᠡᠳᠦᠷ

 

ᠤᠰᠤ ᠠᠷᠪᠢᠯᠠᠬᠤ ᠲᠣᠨᠣᠭᠯᠠᠯ᠎ᠢ ᠴᠢᠨᠠᠷ ᠰᠠᠢᠲᠠᠢ ᠬᠥᠭᠵᠢᠭᠦᠯᠬᠦ ᠬᠡᠷᠡᠭᠵᠢᠭᠦᠯᠬᠦ ᠲᠥᠰᠥᠯ ( 2025︱2030 ᠣᠨ )
      ᠤᠰᠤ ᠪᠣᠯ ᠤᠯᠤᠰ᠎ᠤᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠳᠤᠲᠠᠭᠳᠠᠵᠤ ᠪᠣᠯᠣᠰᠢ ᠦᠭᠡᠢ ᠪᠠᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠋ ᠮᠥᠨ ᠂ ᠤᠰᠤ ᠠᠷᠪᠢᠯᠠᠬᠤ ᠲᠣᠨᠣᠭᠯᠠᠯ ᠪᠣᠯ ᠤᠰᠤᠨ᠎ᠤ ᠡᠬᠢ ᠪᠠᠶᠠᠯᠢᠭ᠋᠎ᠢ ᠠᠷᠪᠢᠯᠠᠵᠤ ᠡᠷᠴᠢᠮᠵᠢᠭᠦᠯᠦᠨ ᠠᠰᠢᠭ᠍ᠯᠠᠬᠤ᠎ᠶᠢ ᠲᠦᠯᠬᠢᠨ ᠠᠬᠢᠭᠤᠯᠬᠤ ᠴᠢᠬᠤᠯᠠ ᠠᠴᠢᠶᠠᠯᠠᠪᠤᠷᠢ ᠮᠥᠨ ᠂ ᠮᠥᠨ ᠴᠤ᠌ ᠤᠯᠤᠰ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠬᠤ ᠰᠠᠭᠤᠷᠢ ᠪᠠ ᠲᠤᠯᠭᠠᠭᠤᠷᠢᠯᠠᠯ ᠮᠥᠨ ᠃ 《 ᠤᠰᠤ᠎ᠶᠢ ᠠᠷᠪᠢᠯᠠᠵᠤ ᠬᠡᠷᠡᠭᠯᠡᠬᠦ ᠳᠦᠷᠢᠮ 》᠎ᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠪᠥᠬᠥ ᠲᠠᠯ᠎ᠠ᠎ᠪᠠᠷ ᠠᠷᠪᠢᠯᠠᠬᠤ ᠪᠠᠢᠯᠳᠤᠬᠤ ᠪᠣᠳᠣᠯᠭ᠎ᠠ᠎ᠶᠢ ᠬᠡᠷᠡᠭᠵᠢᠭᠦᠯᠦᠨ᠂ ᠤᠰᠤ ᠠᠷᠪᠢᠯᠠᠬᠤ ᠲᠣᠨᠣᠭᠯᠠᠯ᠎ᠤᠨ ᠪᠡᠶ᠎ᠡ᠎ᠪᠡᠨ ᠳᠠᠭᠠᠭᠠᠵᠤ ᠰᠢᠨ᠎ᠡ᠎ᠶᠢ ᠡᠭᠦᠳᠬᠦ ᠪᠠ ᠬᠠᠩᠭᠠᠬᠤ ᠴᠢᠳᠠᠪᠤᠷᠢ᠎ᠶᠢ ᠳᠡᠭᠡᠭᠰᠢᠯᠡᠭᠦᠯᠵᠦ᠂ ᠤᠰᠤ ᠠᠷᠪᠢᠯᠠᠬᠤ ᠬᠡᠯᠪᠡᠷᠢ᠎ᠶᠢᠨ ᠦᠢᠯᠡᠳᠪᠦᠷᠢᠯᠡᠯ᠎ᠤᠨ ᠠᠷᠭ᠎ᠠ ᠮᠠᠶᠢᠭ᠋᠎ᠢ ᠲᠦᠷᠭᠡᠳᠬᠡᠨ ᠪᠠᠶ᠋ᠢᠭᠤᠯᠬᠤ᠎ᠶᠢᠨ ᠲᠤᠰᠠᠳᠠ᠂ ᠣᠨᠴᠠᠭᠠᠢᠯᠠᠨ ᠲᠤᠰ ᠲᠥᠰᠥᠯ᠎ᠢ ᠲᠣᠭᠲᠠᠭᠠᠪᠠ᠃
      ᠨᠢᠭᠡ ᠂ ᠶᠡᠷᠦᠩᠬᠡᠢ ᠱᠠᠭᠠᠷᠳᠠᠯᠭ᠎ᠠ
      ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠬᠣᠶᠠᠳᠤᠭᠠᠷ ᠂ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠰᠢ᠎ᠶᠢᠨ ᠫᠢᠩ᠎ᠤᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ ᠂ ᠰᠢᠨ᠎ᠡ ᠬᠥᠭᠵᠢᠯᠲᠡ᠎ᠶᠢᠨ ᠣᠢᠯᠠᠭᠠᠭᠳᠠᠬᠤᠨ᠎ᠢ ᠪᠦᠷᠢᠨ ᠪᠦᠲᠦᠨ ᠂ ᠣᠨᠣᠪᠴᠢᠲᠠᠶ ᠂ ᠪᠦᠬᠦ ᠲᠠᠯ᠎ᠠ᠎ᠪᠠᠷ ᠨᠠᠢᠳᠠᠪᠤᠷᠢᠵᠢᠭᠤᠯᠵᠤ ᠂ 《 ᠤᠰᠤ ᠠᠷᠪᠢᠯᠠᠬᠤ᠎ᠶᠢ ᠲᠡᠷᠢᠭᠦᠨ᠎ᠳᠦ ᠲᠠᠯᠪᠢᠬᠤ ᠂ ᠣᠷᠣᠨ ᠵᠠᠢ᠎ᠶᠢ ᠲᠡᠩᠴᠡᠭᠦᠷᠢᠲᠡᠢ ᠪᠠᠢᠯᠭᠠᠬᠤ ᠂ ᠰᠢᠰᠲᠧᠮ᠎ᠲᠠᠢ ᠵᠠᠰᠠᠬᠤ ᠂ ᠬᠣᠶᠠᠷ ᠲᠠᠯ᠎ᠠ᠎ᠪᠠᠷ ᠬᠦᠴᠦᠯᠡᠬᠦ 》 ᠤᠰᠤ ᠵᠠᠰᠠᠬᠤ ᠰᠡᠳᠬᠢᠴᠡ᠎ᠶᠢ ᠭᠦᠨᠵᠡᠭᠡᠢ ᠦᠢᠯᠡᠳᠦᠯᠭᠡᠵᠢᠭᠦᠯᠵᠦ ᠂ ᠭᠣᠣᠯᠳᠠᠯᠭ᠎ᠠ᠎ᠲᠠᠢ ᠤᠰᠤ ᠳᠤᠲᠠᠭᠳᠠᠬᠤ ᠂ ᠤᠰᠤᠨ᠎ᠤ ᠡᠬᠢ ᠪᠠᠶᠠᠯᠢᠭ᠋᠎ᠤᠨ ᠳᠠᠭᠠᠭᠠᠴᠠ᠎ᠠᠴᠠ ᠬᠡᠲᠦᠷᠡᠬᠦ ᠂ ᠤᠰᠤᠨ᠎ᠤ ᠣᠷᠴᠢᠨ ᠲᠣᠭᠣᠷᠢᠨ᠎ᠳᠤ ᠰᠡᠷᠭᠡᠭ ᠂ ᠤᠰᠤᠨ᠎ᠤ ᠠᠮᠢ ᠠᠬᠤᠢ ᠬᠡᠪᠡᠷᠡᠭ ᠭᠠᠵᠠᠷ ᠣᠷᠣᠨ ᠪᠠ ᠭᠣᠣᠯᠳᠠᠯᠭ᠎ᠠ᠎ᠲᠠᠢ ᠬᠦᠷᠢᠶᠡᠨ᠎ᠦ ᠤᠰᠤ ᠬᠡᠷᠡᠭᠯᠡᠬᠦ ᠬᠡᠷᠡᠭᠴᠡᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ ᠂ ᠤᠰᠤᠨ᠎ᠤ ᠡᠬᠢ ᠪᠠᠶᠠᠯᠢᠭ᠋᠎ᠢ ᠴᠢᠩᠭ᠎ᠠ ᠬᠢᠵᠠᠭᠠᠷᠯᠠᠬᠤ ᠳᠦᠷᠢᠮ᠎ᠢ ᠨᠠᠢᠳᠠᠪᠤᠷᠢᠵᠢᠭᠤᠯᠵᠤ ᠂ ᠠᠵᠤ ᠦᠢᠯᠡᠳᠪᠦᠷᠢ᠎ᠶᠢᠨ ᠤᠰᠤ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ᠎ᠶᠢ ᠪᠠᠭᠠᠰᠬᠠᠬᠤ ᠲᠥᠷᠥ᠎ᠶᠢᠨ ᠪᠣᠳᠣᠯᠭ᠎ᠠ᠎ᠶᠢᠨ ᠰᠢᠰᠲᠧᠮᠵᠢ᠎ᠶᠢ ᠪᠠᠢᠭᠤᠯᠤᠨ ᠪᠦᠷᠢᠨᠰᠢᠭᠦᠯᠵᠦ ᠂ ᠤᠰᠤ ᠠᠷᠪᠢᠯᠠᠬᠤ ᠲᠣᠨᠣᠭᠯᠠᠯ᠎ᠤᠨ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠰᠢᠨ᠎ᠡ᠎ᠶᠢ ᠡᠭᠦᠳᠬᠦ᠎ᠶᠢ ᠠᠭᠤᠰᠤᠯᠴᠠᠭᠤᠯᠤᠨ ᠬᠥᠭᠵᠢᠭᠦᠯᠬᠦ᠎ᠶᠢ ᠴᠢᠩᠭᠠᠷᠠᠭᠤᠯᠤᠨ ᠂ ᠡᠬᠢ ᠡᠭᠦᠰᠦᠯ᠎ᠡᠴᠡ ᠲᠡᠭᠦᠰᠬᠡᠯ ᠬᠦᠷᠲᠡᠯᠡᠬᠢ ᠪᠥᠬᠥ ᠬᠡᠯᠬᠢᠶᠡᠰᠦ᠎ᠶᠢᠨ ᠤᠰᠤ ᠠᠷᠪᠢᠯᠠᠬᠤ ᠲᠣᠨᠣᠭᠯᠠᠯ᠎ᠤᠨ ᠪᠠᠲᠤᠯᠠᠭ᠎ᠠ ᠪᠠ ᠬᠠᠩᠭᠠᠯᠭ᠎ᠠ᠎ᠶᠢᠨ ᠴᠢᠳᠠᠪᠤᠷᠢ᠎ᠶᠢ ᠴᠢᠩᠭᠠᠷᠠᠭᠤᠯᠵᠤ ᠂ ᠤᠰᠤ ᠠᠷᠪᠢᠯᠠᠬᠤ ᠲᠣᠨᠣᠭᠯᠠᠯ ᠦᠢᠯᠡᠳᠬᠦ ᠦᠢᠯᠡᠰ᠎ᠦᠨ ᠳᠡᠭᠡᠳᠦ ᠦᠵᠦᠭᠦᠷᠵᠢᠭᠰᠡᠨ ᠂ ᠣᠶᠤᠨᠴᠢᠯᠠᠭᠰᠠᠨ ᠂ ᠪᠣᠬᠢᠷᠲᠤᠯ ᠦᠭᠡᠢ ᠬᠥᠭᠵᠢᠯᠲᠡ᠎ᠶᠢ ᠠᠬᠢᠭᠤᠯᠤᠨ ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠥᠬᠥ ᠲᠠᠯ᠎ᠠ᠎ᠪᠠᠷ ᠪᠣᠬᠢᠷᠲᠤᠯ ᠦᠭᠡᠢ ᠬᠡᠯᠪᠡᠷᠢ᠎ᠪᠡᠨ ᠬᠤᠪᠢᠷᠠᠭᠤᠯᠬᠤ᠎ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ ᠃
      2027 ᠣᠨ ᠪᠣᠯᠬᠤ᠎ᠳᠤ ᠂ ᠭᠣᠣᠯᠳᠠᠯᠭ᠎ᠠ᠎ᠲᠠᠢ ᠬᠦᠷᠢᠶᠡᠨ᠎ᠳᠡᠬᠢ ᠤᠰᠤ ᠬᠠᠩᠭᠠᠬᠤ ᠂ ᠤᠰᠤ ᠬᠡᠷᠡᠭᠯᠡᠬᠦ ᠪᠠ ᠡᠷᠭᠢᠯᠳᠦᠭᠦᠯᠦᠨ ᠠᠰᠢᠭ᠍ᠯᠠᠬᠤ ᠵᠡᠷᠭᠡ ᠤᠰᠤ ᠠᠷᠪᠢᠯᠠᠬᠤ ᠲᠣᠨᠣᠭᠯᠠᠯ᠎ᠢ ᠰᠢᠪᠲᠤᠯᠤᠯᠲᠠ᠎ᠲᠠᠢ ᠪᠣᠯᠭᠠᠵᠤ ᠂ ᠨᠢᠭᠡ ᠪᠦᠯᠦᠭ ᠪᠡᠶ᠎ᠡ᠎ᠪᠡᠨ ᠳᠠᠭᠠᠭᠠᠭᠰᠠᠨ ᠮᠡᠳᠡᠯᠭᠡ᠎ᠶᠢᠨ ᠪᠦᠲᠦᠭᠡᠭᠳᠡᠬᠦᠨ᠎ᠦ ᠥᠮᠴᠢᠯᠡᠬᠦ ᠡᠷᠬᠡ᠎ᠲᠠᠢ ᠭᠣᠣᠯᠯᠠᠬᠤ ᠮᠡᠷᠭᠡᠵᠢᠯ᠎ᠢ ᠡᠵᠡᠮᠰᠢᠨ ᠂ ᠥᠨᠳᠥᠷ ᠦᠷ᠎ᠡ ᠪᠦᠲᠦᠮᠵᠢᠲᠡᠶ᠎ᠪᠡᠷ ᠡᠷᠭᠢᠯᠳᠦᠭᠦᠯᠦᠨ ᠬᠥᠷᠥᠭᠡᠬᠦ ᠂ ᠳᠡᠭᠡᠳᠦ ᠲᠠᠰ᠎ᠤᠨ ᠪᠦᠷᠬᠦᠪᠴᠢ᠎ᠶᠢ ᠰᠠᠯᠭᠠᠬᠤ ᠂ ᠣᠶᠤᠨᠴᠢ ᠤᠰᠤᠨ ᠬᠣᠭᠣᠯᠠᠢ᠎ᠪᠠᠷ ᠡᠵᠡᠮᠳᠡᠬᠦ ᠵᠡᠷᠭᠡ ᠮᠡᠷᠭᠡᠵᠢᠯ᠎ᠦᠨ ᠲᠣᠨᠣᠭᠯᠠᠯ᠎ᠢ ᠠᠵᠤ ᠦᠶ᠋ᠢᠯᠡᠰᠵᠢᠭᠦᠯᠦᠨ ᠬᠡᠷᠡᠭᠯᠡᠬᠦ᠎ᠶᠢ ᠪᠡᠶᠡᠯᠡᠭᠦᠯᠦᠨ᠎ᠡ ᠃ ᠤᠰᠤ ᠠᠷᠪᠢᠯᠠᠬᠤ ᠲᠣᠨᠣᠭᠯᠠᠯ᠎ᠤᠨ ᠪᠠᠷᠢᠮᠵᠢᠶ᠎ᠠ᠎ᠶᠢᠨ ᠰᠢᠰᠲᠧᠮ᠎ᠢ ᠨᠡᠩ ᠲᠡᠭᠦᠯᠳᠡᠷᠵᠢᠭᠦᠯᠵᠦ᠂ ᠨᠢᠭᠡ ᠪᠦᠯᠦᠭ ᠤᠰᠤ ᠠᠷᠪᠢᠯᠠᠬᠤ ᠲᠣᠨᠣᠭᠯᠠᠯ᠎ᠤᠨ ᠳᠠᠭᠠᠭᠤᠯᠤᠭ᠍ᠴᠢ ᠠᠵᠤ ᠠᠬᠤᠢᠯᠠᠯ ᠪᠠ ᠦᠢᠯᠡᠳᠬᠦ ᠦᠢᠯᠡᠰ᠎ᠦᠨ ᠲᠠᠩ ᠵᠦᠢᠯ᠎ᠦᠨ ᠮᠠᠩᠯᠠᠢ᠂ ᠲᠤᠰᠬᠠᠢ ᠨᠠᠷᠢᠯᠢᠭ᠋ ᠣᠨᠴᠠ ᠰᠢᠨ᠎ᠡ 《 ᠵᠢᠵᠢᠭ ᠠᠪᠤᠷᠭᠤ ᠬᠥᠮᠥᠨ 》᠎ᠦ ᠠᠵᠤ ᠠᠬᠤᠢᠯᠠᠯ᠎ᠢ ᠪᠣᠢᠵᠢᠭᠤᠯᠵᠤ᠂ ᠤᠰᠤ ᠠᠷᠪᠢᠯᠠᠬᠤ ᠲᠣᠨᠣᠭᠯᠠᠯ᠎ᠤᠨ ᠲᠤᠷᠰᠢᠯᠲᠠ᠎ᠶᠢᠨ ᠲᠠᠪᠴᠠᠩ᠎ᠢ ᠪᠠᠶ᠋ᠢᠭᠤᠯᠬᠤ᠎ᠶᠢ ᠲᠦᠯᠬᠢᠨ ᠠᠬᠢᠭᠤᠯᠵᠤ᠂ ᠲᠣᠮᠣ᠌ ᠳᠤᠮᠳᠠ ᠵᠢᠵᠢᠭ ᠠᠵᠤ ᠠᠬᠤᠢᠯᠠᠯ᠂ ᠠᠵᠤ ᠦᠢᠯᠡᠰ᠎ᠦᠨ ᠬᠡᠯᠬᠢᠶ᠎ᠡ᠎ᠶᠢᠨ ᠳᠡᠭᠡᠳᠦ ᠳᠤᠮᠳᠠ ᠳᠣᠣᠷᠠᠳᠤ ᠤᠷᠤᠰᠬᠠᠯ᠎ᠤᠨ ᠬᠠᠮᠵᠢᠯᠴᠠᠨ ᠬᠥᠭᠵᠢᠭᠰᠡᠨ ᠰᠠᠢᠨ ᠰᠠᠢᠬᠠᠨ ᠠᠮᠢ ᠠᠬᠤᠢ᠎ᠶᠢ ᠪᠤᠢ ᠪᠣᠯᠭᠠᠨ᠎ᠠ᠃ 2030 ᠣᠨ ᠪᠣᠯᠬᠤ᠎ᠳᠤ ᠂ ᠪᠥᠬᠥ ᠲᠠᠯ᠎ᠠ᠎ᠶᠢ ᠬᠠᠮᠤᠷᠤᠭᠰᠠᠨ ᠂ ᠲᠡᠷᠢᠭᠦᠨ᠎ᠦ ᠮᠡᠷᠭᠡᠵᠢᠯ᠎ᠲᠠᠢ ᠤᠰᠤ ᠠᠷᠪᠢᠯᠠᠬᠤ ᠲᠣᠨᠣᠭᠯᠠᠯ᠎ᠤᠨ ᠰᠢᠰᠲᠧᠮᠵᠢ᠎ᠶᠢ ᠪᠠᠢᠭᠤᠯᠵᠤ ᠂ ᠥᠨᠳᠥᠷ ᠴᠢᠳᠠᠮᠵᠢ᠎ᠲᠠᠢ᠂ ᠥᠨᠳᠥᠷ ᠦᠷ᠎ᠡ ᠪᠦᠲᠦᠮᠵᠢ᠎ᠲᠠᠢ ᠂ ᠥᠨᠳᠥᠷ ᠨᠠᠢᠳᠠᠪᠤᠷᠢᠲᠤ ᠴᠢᠨᠠᠷ᠎ᠲᠠᠢ ᠤᠰᠤ ᠠᠷᠪᠢᠯᠠᠬᠤ ᠲᠣᠨᠣᠭᠯᠠᠯ᠎ᠤᠨ ᠬᠠᠩᠭᠠᠯᠭ᠎ᠠ᠎ᠶᠢᠨ ᠴᠢᠳᠠᠪᠤᠷᠢ᠎ᠶᠢ ᠦᠷᠭᠦᠯᠵᠢᠯᠡᠨ ᠴᠢᠩᠭᠠᠷᠠᠭᠤᠯᠵᠤ᠂ ᠤᠰᠤ ᠠᠷᠪᠢᠯᠠᠬᠤ ᠲᠣᠨᠣᠭᠯᠠᠯ ᠦᠢᠯᠡᠳᠬᠦ᠎ᠶᠢ ᠳᠡᠯᠡᠬᠡᠢ᠎ᠶᠢᠨ ᠲᠡᠷᠢᠭᠦᠨ᠎ᠦ ᠬᠢᠷᠢ ᠬᠡᠮᠵᠢᠶ᠎ᠡ᠎ᠳᠦ ᠬᠦᠷᠦᠭᠦᠯᠦᠨ᠎ᠡ᠃
      ᠬᠣᠶᠠᠷ᠂ ᠤᠰᠤ ᠬᠠᠩᠭᠠᠬᠤ ᠲᠣᠨᠣᠭᠯᠠᠯ᠎ᠤᠨ ᠮᠡᠷᠭᠡᠵᠢᠯ᠎ᠤᠨ ᠰᠢᠨ᠎ᠡ᠎ᠶᠢ ᠡᠭᠦᠳᠬᠦ ᠬᠢᠷᠢ ᠬᠡᠮᠵᠢᠶ᠎ᠡ᠎ᠶᠢ ᠨᠡᠮᠡᠭᠳᠡᠭᠦᠯᠦᠨ᠎ᠡ
      ( ᠨᠢᠭᠡ ) ᠤᠰᠤ ᠴᠡᠪᠡᠷᠰᠢᠭᠦᠯᠬᠦ ᠲᠣᠨᠣᠭᠯᠠᠯ ᠃ ᠠᠵᠤ ᠦᠢᠯᠡᠳᠪᠦᠷᠢ᠎ᠳᠦ ᠬᠡᠷᠡᠭᠯᠡᠬᠦ ᠡᠩ᠎ᠦᠨ ᠤᠰᠤ᠎ᠶᠢ ᠴᠡᠪᠡᠷᠰᠢᠭᠦᠯᠬᠦ ᠶᠠᠪᠤᠴᠠ᠎ᠳᠠᠬᠢ ᠵᠠᠩᠭᠢᠯᠠᠭ᠎ᠠ᠎ᠶᠢᠨ ᠮᠡᠷᠭᠡᠵᠢᠯ᠎ᠦᠨ ᠲᠣᠨᠣᠭᠯᠠᠯ᠎ᠤᠨ ᠲᠣᠭᠣᠷᠢᠨ᠎ᠳᠤ ᠂ ᠨᠠᠷᠢᠯᠢᠭ᠋ ᠂ ᠨᠡᠪᠲᠡᠷᠡᠴᠡ ᠶᠡᠬᠡ ᠂ ᠡᠨᠧᠷᠭᠢ᠎ᠶᠢᠨ ᠬᠣᠷᠣᠭᠳᠠᠯ᠎ᠢᠶᠠᠷ ᠪᠠᠭ᠎ᠠ ᠮᠥᠷᠲᠡᠭᠡᠨ ᠪᠣᠬᠢᠷᠲᠤᠯ᠎ᠢ ᠡᠰᠡᠷᠭᠦᠴᠡᠬᠦ ᠱᠦᠭᠦᠬᠦ ᠲᠥᠬᠦᠭᠡᠷᠦᠮᠵᠢ᠎ᠶᠢᠨ ᠪᠣᠭᠣᠮᠲᠠ᠎ᠶᠢ ᠭᠣᠣᠯᠳᠠᠯᠭ᠎ᠠ᠎ᠲᠠᠢ ᠰᠢᠪᠲᠤᠯᠵᠤ ᠂ ᠨᠠᠷᠢᠨ ᠪᠤᠳᠤᠯᠢᠶᠠᠨᠲᠠᠢ ᠤᠰᠤᠨ᠎ᠤ ᠴᠢᠨᠠᠷ᠎ᠲᠤ ᠵᠣᠬᠢᠴᠠᠬᠤ ᠴᠢᠨᠠᠷ᠎ᠢ ᠳᠡᠭᠡᠭᠰᠢᠯᠡᠭᠦᠯᠦᠨ᠎ᠡ ᠃ ᠢᠳᠡᠪᠬᠢᠵᠢᠭᠦᠯᠦᠭᠰᠡᠨ ᠨᠡᠭᠦᠷᠡᠰᠦᠨ ᠱᠦᠭᠦᠭᠦᠷ᠎ᠦᠨ ᠬᠡᠰᠡᠭᠴᠢᠯᠡᠭᠰᠡᠨ ᠬᠤᠷᠠᠮᠠᠯ ᠲᠥᠬᠦᠭᠡᠷᠦᠮᠵᠢ᠎ᠶᠢ ᠳᠡᠯᠭᠡᠷᠡᠭᠦᠯᠵᠦ᠂ ᠣᠷᠭᠠᠨᠢᠭ᠋ ᠪᠣᠬᠢᠷᠲᠤᠯ ᠪᠣᠳᠠᠰ᠎ᠢ ᠠᠷᠢᠯᠭᠠᠬᠤ ᠴᠢᠳᠠᠪᠤᠷᠢ᠎ᠶᠢ ᠨᠡᠮᠡᠭᠳᠡᠭᠦᠯᠦᠨ᠎ᠡ᠃ ᠤᠯᠠᠨ ᠵᠠᠭᠤᠴᠢ᠂ ᠢᠳᠡᠪᠬᠢᠵᠢᠭᠦᠯᠦᠭᠰᠡᠨ ᠨᠡᠭᠦᠷᠡᠰᠦ᠂ ᠨᠠᠷᠢᠯᠢᠭ᠋ ᠱᠦᠭᠦᠬᠦ ᠴᠢᠳᠠᠮᠵᠢ᠎ᠶᠢ ᠨᠢᠭᠡ ᠴᠣᠭᠴᠠᠵᠢᠭᠤᠯᠤᠭᠰᠠᠨ ᠨᠡᠢᠯᠡᠮᠡᠯ ᠮᠠᠶᠢᠭ᠋᠎ᠤᠨ ᠱᠦᠭᠦᠬᠦ ᠲᠣᠨᠣᠭᠯᠠᠯ᠎ᠢ ᠰᠤᠳᠤᠯᠤᠨ ᠨᠡᠭᠡᠭᠡᠨ᠎ᠡ᠃ ᠬᠦᠷᠢᠨ᠎ᠦ ᠭᠠᠳᠠᠨᠠᠬᠢ ᠲᠤᠶᠠᠭ᠎ᠠ ᠪᠣᠯᠣᠨ ᠣᠽᠣᠨ ᠵᠡᠷᠭᠡ ᠥᠨᠳᠥᠷ ᠪᠦᠲᠦᠮᠵᠢᠲᠡᠶ ᠬᠠᠮᠵᠢᠯᠴᠠᠭᠰᠠᠨ ᠨᠡᠢᠯᠡᠮᠡᠯ ᠠᠷᠢᠭᠤᠳᠬᠠᠬᠤ ᠲᠥᠬᠦᠭᠡᠷᠦᠮᠵᠢ᠎ᠶᠢ ᠳᠡᠯᠭᠡᠷᠡᠭᠦᠯᠵᠦ᠂ ᠠᠷᠢᠭᠤᠳᠬᠠᠬᠤ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠂ ᠠᠷᠢᠭᠤᠳᠬᠠᠬᠤ ᠳᠠᠭᠠᠯᠲᠠ ᠪᠦᠲᠦᠭᠡᠭᠳᠡᠬᠦᠨ᠎ᠢ ᠪᠠᠭᠠᠰᠬᠠᠨ᠎ᠠ᠃ ᠰᠢᠨ᠎ᠡ ᠬᠡᠯᠪᠡᠷᠢ᠎ᠶᠢᠨ ᠵᠥᠭᠡᠯᠡᠷᠡᠭᠦᠯᠬᠦ ᠲᠥᠬᠦᠭᠡᠷᠦᠮᠵᠢ᠎ᠶᠢ ᠰᠤᠳᠤᠯᠤᠨ ᠨᠡᠭᠡᠭᠡᠵᠦ ᠂ ᠤᠬᠢᠶᠠᠬᠤ᠎ᠶᠢ ᠡᠰᠡᠷᠭᠦᠴᠡᠬᠦ ᠤᠰᠤ᠎ᠶᠢ ᠡᠭᠡᠭᠦᠯᠦᠨ ᠬᠤᠷᠢᠶᠠᠵᠤ ᠠᠰᠢᠭ᠍ᠯᠠᠬᠤ ᠲᠥᠬᠦᠭᠡᠷᠦᠮᠵᠢ᠎ᠶᠢ ᠳᠡᠯᠭᠡᠷᠡᠭᠦᠯᠦᠨ ᠂ ᠢᠶᠤᠨ᠎ᠢ ᠠᠷᠢᠯᠭᠠᠬᠤ ᠦᠷ᠎ᠡ ᠪᠦᠲᠦᠮᠵᠢ ᠪᠠ ᠵᠥᠭᠡᠯᠡᠷᠡᠭᠦᠯᠦᠭᠰᠡᠨ ᠤᠰᠤᠨ᠎ᠤ ᠣᠯᠬᠤ ᠨᠣᠷᠮ᠎ᠠ᠎ᠶᠢ ᠳᠡᠭᠡᠭᠰᠢᠯᠡᠭᠦᠯᠦᠨ᠎ᠡ ᠃
      ( ᠬᠣᠶᠠᠷ ) ᠬᠡᠪ᠎ᠦᠨ ᠪᠤᠰᠤ ᠤᠰᠤᠨ᠎ᠤ ᠠᠰᠢᠭ᠍ᠯᠠᠯᠲᠠ᠎ᠶᠢᠨ ᠲᠣᠨᠣᠭᠯᠠᠯ ᠃ ᠤᠰᠤ ᠳᠤᠲᠠᠭᠳᠠᠬᠤ᠂ ᠤᠰᠤᠨ᠎ᠤ ᠡᠬᠢ ᠪᠠᠶᠠᠯᠢᠭ᠋᠎ᠤᠨ ᠳᠠᠭᠠᠭᠠᠴᠠ᠎ᠠᠴᠠ ᠬᠡᠲᠦᠷᠡᠭᠰᠡᠨ᠂ ᠤᠰᠤᠨ᠎ᠤ ᠣᠷᠴᠢᠨ ᠲᠣᠭᠣᠷᠢᠨ᠎ᠳᠤ ᠰᠡᠷᠭᠡᠭ ᠪᠠᠢᠬᠤ᠂ ᠤᠰᠤᠨ᠎ᠤ ᠠᠮᠢ ᠠᠬᠤᠢ ᠬᠡᠪᠡᠷᠡᠭ ᠭᠠᠵᠠᠷ ᠣᠷᠣᠨ᠎ᠤ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ᠎ᠶᠢ ᠰᠢᠢᠳᠪᠦᠷᠢᠯᠡᠬᠦ᠎ᠪᠡᠷ ᠭᠣᠣᠯᠳᠠᠯᠭ᠎ᠠ ᠪᠣᠯᠭᠠᠨ᠂ ᠠᠵᠤ ᠦᠢᠯᠡᠳᠪᠦᠷᠢ᠎ᠶᠢᠨ ᠬᠦᠷᠢᠶᠡᠨ᠎ᠳᠦ ᠬᠡᠪ᠎ᠤᠨ ᠪᠤᠰᠤ ᠤᠰᠤ᠎ᠶᠢ ᠠᠰᠢᠭ᠍ᠯᠠᠬᠤ᠎ᠶᠢ ᠢᠳᠡᠪᠬᠢᠲᠡᠢ᠎ᠪᠡᠷ ᠵᠣᠷᠢᠭ᠍ᠵᠢᠭᠤᠯᠵᠤ᠂ ᠳᠠᠬᠢᠯᠲᠠ ᠤᠰᠤ᠂ ᠲᠠᠯᠠᠢ ᠶ᠋ᠢᠨᠤᠰᠤ ᠬᠢᠭᠡᠳ ᠲᠠᠯᠠᠢ᠎ᠶᠢᠨ ᠤᠰᠤ᠎ᠶᠢ ᠴᠡᠩᠭᠡᠭᠵᠢᠭᠦᠯᠦᠭᠰᠡᠨ ᠤᠰᠤ᠂ ᠠᠭᠤᠷᠬᠠᠢ᠎ᠶᠢᠨ ᠨᠦᠬᠡ (ᠬᠤᠳᠳᠤᠭ)᠎ᠶᠢᠨ ᠤᠰᠤ ᠪᠠ ᠱᠣᠷᠪᠣᠭ ᠤᠰᠤ ᠵᠡᠷᠭᠡ᠎ᠶᠢ ᠰᠢᠢᠳᠪᠦᠷᠢᠯᠡᠵᠦ ᠠᠰᠢᠭ᠍ᠯᠠᠬᠤ ᠵᠢᠴᠢ ᠬᠤᠷᠠᠵᠤ ᠬᠠᠳᠠᠭᠠᠯᠠᠬᠤ ᠪᠣᠷᠣᠭᠠᠨ᠎ᠤ ᠤᠰᠤ᠎ᠶᠢ ᠬᠤᠷᠠᠭᠤᠯᠵᠤ ᠠᠰᠢᠭ᠍ᠯᠠᠬᠤ ᠵᠡᠷᠭᠡ ᠲᠣᠨᠣᠭᠯᠠᠯ᠎ᠤᠨ ᠰᠢᠨ᠎ᠡ᠎ᠶᠢ ᠡᠭᠦᠳᠦᠨ ᠬᠡᠷᠡᠭᠯᠡᠬᠦ᠎ᠶᠢ ᠲᠦᠯᠬᠢᠨ ᠠᠬᠢᠭᠤᠯᠤᠨ᠎ᠠ᠃ ᠳᠠᠬᠢᠯᠲᠠ ᠤᠰᠤ᠎ᠶᠢ ᠠᠵᠤ ᠦᠢᠯᠡᠳᠪᠦᠷᠢ᠎ᠶᠢᠨ ᠦᠢᠯᠡᠳᠪᠦᠷᠢᠯᠡᠯ᠎ᠳᠦ ᠬᠡᠷᠡᠭᠯᠡᠬᠦ ᠤᠰᠤᠨ᠎ᠤ ᠴᠢᠬᠤᠯᠠ ᠡᠬᠢ ᠰᠤᠷᠪᠤᠯᠵᠢ ᠪᠣᠯᠭᠠᠵᠤ᠂ ᠳᠠᠬᠢᠯᠲᠠ ᠤᠰᠤ᠎ᠶᠢ ᠠᠰᠢᠭ᠍ᠯᠠᠬᠤ ᠵᠠᠩᠭᠢᠯᠠᠭ᠎ᠠ᠎ᠶᠢᠨ ᠮᠡᠷᠭᠡᠵᠢᠯ ᠲᠣᠨᠣᠭᠯᠠᠯ᠎ᠤᠨ ᠪᠡᠷᠬᠡ ᠰᠡᠳᠦᠪ᠎ᠢ ᠰᠢᠢᠳᠪᠦᠷᠢᠯᠡᠬᠦ ᠠᠵᠢᠯ᠎ᠢ ᠥᠷᠨᠢᠭᠦᠯᠦᠨ᠎ᠡ᠃ ᠳᠠᠯᠠᠢ ᠳᠠᠭᠠᠤ᠎ᠶᠢᠨ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠤᠨ ᠳᠠᠯᠠᠢ᠎ᠶᠢᠨ ᠤᠰᠤ᠎ᠶᠢ ᠴᠡᠩᠬᠡᠵᠢᠬᠦᠯᠵᠦ ᠤᠰᠤ᠎ᠶᠢ ᠣᠷᠣᠯᠠᠭᠤᠯᠬᠤ ᠠᠵᠢᠯᠯᠠᠭ᠎ᠠ᠎ᠶᠢ ᠬᠡᠷᠡᠭᠵᠢᠭᠦᠯᠵᠦ᠂ ᠳᠠᠯᠠᠢ ᠳᠠᠭᠠᠤ᠎ᠶᠢᠨ ᠠᠵᠤ ᠦᠢᠯᠡᠳᠪᠦᠷᠢ᠎ᠶᠢᠨ ᠠᠵᠤ ᠠᠬᠤᠢᠯᠠᠯ᠂ ᠬᠦᠷᠢᠶᠡᠯᠡᠩ ᠲᠣᠭᠣᠷᠢᠭ᠋᠎ᠤᠨ ᠳᠠᠯᠠᠢ᠎ᠶᠢᠨ ᠤᠰᠤ᠎ᠶᠢ ᠰᠢᠭᠤᠳ ᠠᠰᠢᠭ᠍ᠯᠠᠬᠤ ᠵᠢᠴᠢ ᠳᠠᠯᠠᠢ᠎ᠶᠢᠨ ᠤᠰᠤ᠎ᠶᠢ ᠴᠡᠩᠭᠡᠭᠵᠢᠭᠦᠯᠬᠦ ᠮᠡᠷᠭᠡᠵᠢᠯ ᠲᠣᠨᠣᠭᠯᠠᠯ᠎ᠢ ᠬᠡᠷᠡᠭᠯᠡᠬᠦ ᠡᠷᠴᠢᠮ᠎ᠢ ᠴᠢᠩᠭᠠᠷᠠᠭᠤᠯᠵᠤ᠂ ᠳᠠᠯᠠᠢ᠎ᠶᠢᠨ ᠤᠰᠤ᠎ᠶᠢ ᠠᠰᠢᠭ᠍ᠯᠠᠬᠤ ᠬᠡᠪᠴᠢᠶ᠎ᠡ᠎ᠶᠢ ᠥᠷᠭᠡᠳᠬᠡᠨ᠎ᠡ ᠃ ᠨᠥᠬᠥᠴᠡᠯ᠎ᠲᠠᠢ ᠠᠭᠤᠷᠬᠠᠢ᠎ᠶᠢᠨ ᠣᠷᠣᠨ ᠵᠢᠴᠢ ᠡᠷᠬᠢᠨ ᠲᠣᠭᠣᠷᠢᠨ᠎ᠤ ᠠᠵᠤ ᠦᠢᠯᠡᠳᠪᠦᠷᠢ᠎ᠶᠢᠨ ᠠᠵᠤ ᠠᠬᠤᠢᠯᠠᠯ ᠂ ᠬᠦᠷᠢᠶᠡᠯᠡᠩ ᠲᠣᠭᠣᠷᠢᠭ᠋᠎ᠤᠨ ᠠᠭᠤᠷᠬᠠᠢ᠎ᠶᠢᠨ ᠨᠦᠬᠡ ( ᠬᠤᠳᠳᠤᠭ )᠎ᠶᠢᠨ ᠤᠰᠤ᠎ᠶᠢ ᠱᠠᠲᠤ ᠬᠤᠪᠢᠶᠠᠨ ᠰᠢᠢᠳᠪᠦᠷᠢᠯᠡᠬᠦ ᠂ ᠴᠢᠨᠠᠷ ᠬᠤᠪᠢᠶᠠᠨ ᠠᠰᠢᠭ᠍ᠯᠠᠬᠤ ᠲᠣᠨᠣᠭᠯᠠᠯ᠎ᠢ ᠢᠳᠡᠪᠬᠢᠲᠡᠢ ᠬᠡᠷᠡᠭᠯᠡᠬᠦ᠎ᠶᠢ ᠳᠡᠮᠵᠢᠵᠦ ᠂ ᠨᠡᠭᠦᠷᠡᠰᠦ ᠬᠢᠮᠢ᠎ᠶᠢᠨ ᠠᠵᠤ ᠦᠢᠯᠡᠳᠪᠦᠷᠢ ᠂ ᠪᠣᠯᠣᠳ ᠲᠡᠮᠦᠷ ᠵᠡᠷᠭᠡ ᠠᠵᠢᠯ ᠲᠥᠷᠥᠯ᠎ᠦᠨ ᠦᠢᠯᠡᠳᠪᠦᠷᠢᠯᠡᠯ᠎ᠳᠦ ᠬᠡᠷᠡᠭᠯᠡᠬᠦ ᠤᠰᠤᠨ᠎ᠳᠤ ᠬᠡᠷᠡᠭᠯᠡᠨ᠎ᠡ ᠃ ᠣᠶᠤᠨᠴᠢ᠎ᠪᠠᠷ ᠮᠡᠳᠡᠷᠡᠬᠦ ᠪᠠ ᠳᠠᠭᠠᠬᠤ ᠴᠢᠳᠠᠪᠤᠷᠢ᠎ᠲᠠᠢ ᠬᠡᠪ᠎ᠦᠨ ᠪᠤᠰᠤ ᠤᠰᠤᠨ᠎ᠤ ᠠᠰᠢᠭ᠍ᠯᠠᠯᠲᠠ᠎ᠶᠢᠨ ᠲᠣᠨᠣᠭᠯᠠᠯ᠎ᠢ ᠵᠣᠬᠢᠬᠤ ᠬᠡᠮᠵᠢᠶ᠎ᠡ᠎ᠪᠡᠷ ᠤᠷᠢᠳᠴᠢᠯᠠᠨ ᠪᠠᠢᠷᠢᠰᠢᠭᠤᠯᠵᠤ ᠂ ᠪᠤᠳᠤᠯᠢᠶᠠᠨᠲᠠᠢ ᠨᠥᠬᠥᠴᠡᠯ ᠳᠣᠣᠷᠠᠬᠢ ᠣᠯᠠᠨ ᠵᠦᠢᠯ᠎ᠦᠨ ᠪᠣᠬᠢᠷᠲᠤᠯ ᠪᠣᠳᠠᠰ᠎ᠢ ᠥᠨᠳᠥᠷ ᠦᠷ᠎ᠡ ᠪᠦᠲᠦᠮᠵᠢᠲᠡᠶ᠎ᠪᠡᠷ ᠰᠣᠩᠭᠣᠨ ᠠᠷᠢᠯᠭᠠᠬᠤ᠎ᠶᠢ ᠪᠡᠶᠡᠯᠡᠭᠦᠯᠵᠦ ᠂ ᠬᠡᠪ᠎ᠦᠨ ᠪᠤᠰᠤ ᠤᠰᠤ᠎ᠶᠢ ᠰᠢᠢᠳᠪᠦᠷᠢᠯᠡᠬᠦ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠎ᠡ ᠃
      ᠲᠤᠰᠬᠠᠢ ᠪᠤᠯᠤᠩ 1 ᠄  ᠬᠡᠪ᠎ᠦᠨ ᠪᠤᠰᠤ ᠤᠰᠤᠨ ᠠᠰᠢᠭ᠍ᠯᠠᠯᠲᠠ᠎ᠶᠢᠨ ᠭᠣᠣᠯᠳᠠᠯᠭ᠎ᠠ᠎ᠲᠠᠢ ᠲᠣᠨᠣᠭᠯᠠᠯ᠎ᠤᠨ ᠮᠡᠷᠭᠡᠵᠢᠯ᠎ᠢ ᠰᠢᠨᠡᠴᠢᠯᠡᠨ᠎ᠡ
      1. ᠳᠠᠬᠢᠯᠲᠠ ᠤᠰᠤ᠎ᠶᠢ ᠡᠭᠡᠭᠦᠯᠦᠨ ᠬᠡᠷᠡᠭᠯᠡᠬᠦ ᠲᠣᠨᠣᠭᠯᠠᠯ᠃ ᠳᠠᠬᠢᠯᠲᠠ ᠤᠰᠤᠨ ᠳᠣᠲᠣᠷᠠᠬᠢ ᠪᠤᠳᠤᠯᠢᠶᠠᠨᠲᠠᠢ ᠪᠣᠬᠢᠷᠲᠤᠯ ᠪᠣᠳᠠᠰ᠎ᠲᠤ ᠴᠢᠭᠯᠡᠭᠦᠯᠦᠨ ᠴᠢᠩᠭ᠎ᠠ ᠰᠣᠷᠣᠨ ᠨᠠᠭᠠᠯᠳᠤᠭᠤᠯᠬᠤ ᠴᠢᠳᠠᠪᠤᠷᠢ᠎ᠲᠠᠢ ᠰᠢᠨ᠎ᠡ ᠬᠡᠯᠪᠡᠷᠢ᠎ᠶᠢᠨ ᠰᠣᠷᠣᠨ ᠨᠠᠭᠠᠯᠳᠤᠭᠤᠯᠬᠤ ᠮᠠᠲᠧᠷᠢᠶᠠᠯ᠎ᠢ ᠰᠤᠳᠤᠯᠤᠨ ᠪᠦᠲᠦᠭᠡᠨ᠎ᠡ᠃ ᠬᠣᠣᠰ ᠪᠦᠷᠬᠦᠪᠴᠢ ( ᠬᠡᠳᠦ ᠱᠦᠭᠦᠬᠦ᠂ ᠡᠰᠡᠷᠭᠦ ᠨᠡᠪᠴᠢᠯᠲᠡ )᠎ᠶᠢᠨ ᠤᠷ᠎ᠠ ᠮᠡᠷᠭᠡᠰᠢᠯ᠎ᠳᠦ ᠰᠠᠭᠤᠷᠢᠯᠠᠭᠰᠠᠨ ᠪᠣᠬᠢᠷ ᠤᠰᠤ᠎ᠶᠢ ᠡᠬᠢ ᠪᠠᠶᠠᠯᠢᠭ᠍ᠵᠢᠭᠤᠯᠤᠨ ᠴᠢᠨᠠᠷ ᠰᠠᠢᠲᠠᠢ ᠡᠭᠡᠭᠦᠯᠦᠨ ᠬᠡᠷᠡᠭᠯᠡᠬᠦ ᠮᠡᠷᠭᠡᠵᠢᠯ᠎ᠢ ᠳᠡᠯᠭᠡᠷᠡᠭᠦᠯᠦᠨ ᠬᠡᠷᠡᠭᠯᠡᠬᠦ᠎ᠶᠢ ᠲᠦᠷᠭᠡᠳᠬᠡᠵᠦ᠂ ᠪᠦᠷᠬᠦᠪᠴᠢ᠎ᠶᠢ ᠰᠠᠯᠭᠠᠬᠤ᠎ᠳᠤ ᠰᠠᠭᠤᠷᠢᠯᠠᠭᠰᠠᠨ ᠨᠡᠭᠦᠷᠡᠰᠦᠲᠥ᠋ᠷᠥᠭᠴᠢ᠎ᠶᠢᠨ ᠡᠬᠢ ᠰᠤᠷᠪᠤᠯᠵᠢ᠎ᠶᠢ ᠠᠭᠰᠢᠭᠠᠬᠤ ᠲᠤᠨᠤᠭ ᠲᠥᠬᠦᠭᠡᠷᠦᠮᠵᠢ᠎ᠶᠢ ᠨᠡᠭᠡᠭᠡᠨ ᠬᠥᠭᠵᠢᠭᠦᠯᠵᠦ᠂ ᠬᠦᠴᠢᠯᠲᠥ᠋ᠷᠥᠭᠴᠢ ᠵᠢᠭᠰᠢᠬᠦ ᠪᠦᠷᠬᠦᠪᠴᠢ᠎ᠶᠢᠨ ᠠᠮᠢᠳᠤ ᠪᠣᠳᠠᠰ᠎ᠤᠨ ᠤᠷᠪᠠᠯᠳᠤᠭᠤᠷ᠂ ᠬᠦᠴᠢᠯᠲᠥ᠋ᠷᠥᠭᠴᠢ ᠵᠢᠭᠰᠢᠬᠦ ᠰᠢᠪᠲᠦᠷ᠎ᠦᠨ ᠢᠰᠦᠯᠳᠦᠭᠦᠯᠬᠦ ᠮᠡᠷᠭᠡᠵᠢᠯ ᠵᠡᠷᠭᠡ ᠵᠢᠱ᠌ᠢᠶ᠎ᠡ ᠦᠵᠡᠭᠦᠯᠦᠨ ᠬᠡᠷᠡᠭᠯᠡᠬᠦ᠎ᠶᠢ ᠠᠬᠢᠭᠤᠯᠵᠤ᠂ ᠢᠷᠡᠭᠡᠳᠦᠢ᠎ᠳᠦ ᠬᠠᠨᠳᠤᠭᠰᠠᠨ ᠳᠠᠬᠢᠯᠲᠠ ᠤᠰᠤ᠎ᠶᠢ ᠰᠢᠢᠳᠪᠦᠷᠢᠯᠡᠬᠦ ᠪᠠ ᠡᠬᠢ ᠪᠠᠶᠠᠯᠢᠭ᠍ᠵᠢᠭᠤᠯᠤᠨ ᠠᠰᠢᠭ᠍ᠯᠠᠬᠤ ᠮᠡᠷᠭᠡᠵᠢᠯ᠎ᠦᠨ ᠰᠢᠰᠲᠧᠮ᠎ᠢ ᠪᠦᠷᠢᠯᠳᠦᠭᠦᠯᠦᠨ᠎ᠡ᠃
      2. ᠳᠠᠯᠠᠢ᠎ᠶᠢᠨ ᠤᠰᠤ ᠪᠣᠯᠣᠨ ᠱᠣᠷᠪᠣᠭ ᠤᠰᠤ᠎ᠶᠢ ᠰᠢᠢᠳᠪᠦᠷᠢᠯᠡᠬᠦ ᠲᠣᠨᠣᠭᠯᠠᠯ᠃ ᠳᠠᠯᠠᠢ᠎ᠶᠢᠨ ᠤᠰᠤ ᠪᠣᠯᠣᠨ ᠱᠣᠷᠪᠣᠭ ᠤᠰᠤᠨ᠎ᠳᠤ ᠴᠢᠭᠯᠡᠭᠦᠯᠦᠭᠰᠡᠨ ᠥᠨᠳᠥᠷ ᠦᠷ᠎ᠡ ᠠᠰᠢᠭ᠋᠎ᠲᠠᠢ ᠪᠣᠬᠢᠷᠲᠤᠯ ᠦᠭᠡᠢ ᠪᠤᠵᠠᠷ ᠪᠤᠷᠲᠠᠭ᠎ᠢ ᠬᠣᠷᠢᠭ᠍ᠯᠠᠬᠤ ᠡᠳ᠋᠎ᠢ ᠰᠤᠳᠤᠯᠤᠨ ᠦᠢᠯᠡᠳᠴᠦ᠂ ᠤᠯᠠᠷᠢᠯ᠎ᠤᠨ ᠠᠮᠮᠤᠨᠢ᠎ᠶᠢᠨ ᠳᠠᠪᠤᠰᠤᠨ᠎ᠤ ᠲᠦᠷᠦᠯ ᠵᠡᠷᠭᠡ ᠥᠷᠭᠡᠨ ᠬᠡᠪᠴᠢᠶᠡᠨ᠎ᠦ ᠥᠨᠳᠥᠷ ᠦᠷ᠎ᠡ ᠠᠰᠢᠭ᠋᠎ᠲᠠᠢ ᠨᠡᠢᠯᠡᠮᠡᠯ ᠪᠠᠺᠲᠧᠷᠢ ᠠᠯᠠᠬᠤ ᠡᠳ᠋᠎ᠢ ᠨᠡᠭᠡᠭᠡᠨ ᠬᠥᠭᠵᠢᠭᠦᠯᠦᠨ᠎ᠡ᠃ ᠢᠰᠦᠯᠳᠦᠬᠦ᠎ᠶᠢ ᠳᠠᠭᠠᠭᠠᠬᠤ ᠂ ᠲᠡᠯᠡᠶ᠎ᠶᠢᠨ ᠤᠰᠤᠨ᠎ᠤ ᠢᠳᠡᠭᠳᠡᠯ᠎ᠳᠦ ᠳᠠᠭᠠᠭᠠᠮᠠᠭᠠᠢ ᠂ ᠪᠣᠬᠢᠷᠲᠤᠯ᠎ᠢ ᠡᠰᠡᠷᠭᠦᠴᠡᠬᠦ ᠥᠨᠳᠥᠷ ᠴᠢᠨᠰᠠᠭ᠎ᠠ᠎ᠲᠠᠢ ᠪᠦᠷᠬᠦᠪᠴᠢ᠎ᠶᠢᠨ ᠮᠠᠲᠧᠷᠢᠶᠠᠯ᠎ᠢ ᠰᠢᠪᠲᠤᠯᠵᠤ ᠂ ᠪᠦᠷᠬᠦᠪᠴᠢ᠎ᠶᠢᠨ ᠨᠡᠪᠲᠡᠷᠡᠬᠦ ᠬᠡᠮᠵᠢᠶ᠎ᠡ ᠪᠠ ᠬᠡᠷᠡᠭᠯᠡᠬᠦ ᠠᠮᠢ ᠨᠠᠰᠤ᠎ᠶᠢ ᠳᠡᠭᠡᠭᠰᠢᠯᠡᠭᠦᠯᠦᠨ᠎ᠡ ᠃ ᠤᠰᠤᠨ᠎ᠤ ᠴᠢᠨᠠᠷ᠎ᠢ ᠨᠠᠷᠢᠯᠢᠭ᠋ ᠣᠨᠣᠴᠠᠲᠠᠢ᠎ᠪᠠᠷ ᠲᠣᠬᠢᠷᠠᠭᠤᠯᠤᠨ ᠡᠵᠡᠮᠳᠡᠬᠦ ᠣᠯᠠᠨ ᠱᠠᠲᠤᠨ᠎ᠤ ᠲᠣᠨᠣᠭᠯᠠᠯ᠎ᠢ ᠰᠢᠪᠲᠤᠯᠵᠤ ᠂ ᠬᠠᠲᠠᠭᠤᠴᠠ᠎ᠶᠢᠨ ᠬᠡᠮᠵᠢᠶ᠎ᠡ᠂ ᠳᠠᠪᠤᠰᠤᠨ᠎ᠤ ᠬᠡᠮᠵᠢᠶ᠎ᠡ ᠂ ᠪᠤᠯᠠᠩᠭᠢᠷ᠎ᠤᠨ ᠬᠡᠮᠵᠢᠶ᠎ᠡ᠎ᠶᠢ ᠲᠠᠰ ᠬᠤᠪᠢᠶᠠᠨ ᠡᠵᠡᠮᠳᠡᠬᠦ᠎ᠶᠢ ᠪᠡᠶᠡᠯᠡᠭᠦᠯᠦᠨ᠎ᠡ᠃ ᠪᠠᠴᠢᠭᠤ ᠬᠡᠯᠪᠡᠷᠢ᠎ᠶᠢᠨ ᠥᠨᠳᠥᠷ ᠳᠠᠷᠤᠯᠲᠠᠲᠤ ᠨᠡᠪᠴᠢᠯᠲᠡ᠎ᠶᠢ ᠡᠰᠡᠷᠭᠦᠴᠡᠬᠦ ᠲᠡᠯᠡᠶ᠎ᠶᠢᠨ ᠤᠰᠤ᠎ᠶᠢ ᠴᠡᠩᠭᠡᠭᠵᠢᠭᠦᠯᠬᠦ ᠲᠣᠨᠣᠭᠯᠠᠯ᠎ᠢ ᠨᠡᠭᠡᠭᠡᠨ ᠬᠥᠭᠵᠢᠭᠦᠯᠵᠦ ᠂ ᠬᠤᠷᠠᠮᠠᠯ ᠡᠨᠧᠷᠭᠢ᠎ᠶᠢ ᠡᠭᠡᠭᠦᠯᠦᠨ ᠬᠤᠷᠢᠶᠠᠬᠤ ᠪᠠ ᠪᠦᠷᠬᠦᠪᠴᠢ᠎ᠶᠢᠨ ᠪᠣᠬᠢᠷᠲᠤᠯ᠎ᠢ ᠥᠪᠡᠰᠦᠪᠡᠨ ᠬᠢᠨᠠᠨ ᠬᠡᠮᠵᠢᠬᠦ ᠴᠢᠳᠠᠮᠵᠢ᠎ᠶᠢ ᠨᠡᠭᠡᠭᠡᠨ ᠬᠥᠭᠵᠢᠭᠦᠯᠦᠨ᠎ᠡ᠃ ᠪᠢᠴᠢᠯ ᠱᠣᠷᠪᠣᠭ ᠤᠰᠤᠨ᠎ᠤ ᠥᠭᠰᠥᠴᠡ᠎ᠶᠢᠨ ᠳᠠᠪᠤᠰᠤ ᠦᠭᠡᠢᠳᠡᠭᠦᠯᠬᠦ ᠲᠣᠨᠣᠭᠯᠠᠯ᠂ ᠡᠪᠦᠴᠡᠯᠳᠦᠯ ᠴᠠᠬᠢᠯᠭᠠᠨ ᠪᠠᠭᠲᠠᠭᠠᠮᠵᠢ᠎ᠶᠢᠨ ᠢᠶᠤᠨ᠎ᠢ ᠠᠷᠢᠯᠭᠠᠬᠤ ᠪᠠ ᠰᠣᠩᠭᠣᠯᠲᠠ᠎ᠶᠢᠨ ᠴᠢᠨᠠᠷᠲᠠᠢ ᠴᠠᠬᠢᠯᠭᠠᠨ ᠨᠡᠪᠴᠢᠯᠲᠡ᠎ᠶᠢᠨ ᠮᠡᠷᠭᠡᠵᠢᠯ᠎ᠢ ᠰᠢᠯᠢᠳᠡᠭᠵᠢᠭᠦᠯᠵᠦ᠂ ᠢᠶᠤᠨ᠎ᠢ ᠲᠠᠰᠤᠳᠠᠨ ᠦᠯᠡᠳᠡᠭᠡᠬᠦ ᠨᠤᠷᠮ᠎ᠠ᠎ᠶᠢ ᠨᠠᠷᠢᠯᠢᠭ᠋ ᠣᠨᠣᠴᠠᠲᠠᠢ᠎ᠪᠠᠷ ᠲᠣᠬᠢᠷᠠᠭᠤᠯᠤᠨ ᠡᠵᠡᠮᠳᠡᠨ᠎ᠡ᠃ ᠥᠪᠡᠷ᠎ᠦᠨ ᠥᠷᠲᠡᠭ᠎ᠢᠶᠡᠷ ᠳᠣᠣᠷ᠎ᠠ ᠨᠡᠭᠦᠷᠡᠰᠦᠲᠥ᠋ᠷᠥᠭᠴᠢ᠎ᠶᠢᠨ ᠪᠦᠷᠬᠦᠪᠴᠢ ᠂ ᠸᠠᠭᠠᠷ ᠱᠠᠭᠠᠵᠠᠩ᠎ᠤᠨ ᠪᠦᠷᠬᠦᠪᠴᠢ ᠂ ᠴᠠᠬᠢᠭᠤᠷ᠎ᠤᠨ ᠰᠠᠭᠤᠷᠢ ᠪᠦᠷᠬᠦᠪᠴᠢ ᠵᠡᠷᠭᠡ ᠰᠢᠨ᠎ᠡ ᠬᠡᠯᠪᠡᠷᠢ᠎ᠶᠢᠨ ᠮᠠᠲᠧᠷᠢᠶᠠᠯ᠎ᠢ ᠰᠦᠪᠡᠭᠴᠢᠯᠡᠨ ᠬᠡᠷᠡᠭᠯᠡᠨ᠎ᠡ ᠃ ᠥᠨᠳᠥᠷ ᠪᠦᠲᠦᠮᠵᠢᠲᠡᠶ ᠡᠨᠧᠷᠭᠢ᠎ᠶᠢ ᠡᠭᠡᠭᠦᠯᠦᠨ ᠬᠤᠷᠢᠶᠠᠬᠤ ᠲᠣᠨᠣᠭᠯᠠᠯ᠂ ᠳᠠᠯᠠᠢ᠎ᠶᠢᠨ ᠤᠰᠤ᠎ᠶᠢ ᠴᠡᠩᠭᠡᠭᠵᠢᠭᠦᠯᠬᠦ ᠪᠠ ᠳᠠᠬᠢᠨ ᠡᠭᠦᠰᠴᠦ ᠪᠣᠯᠬᠤ ᠡᠨᠧᠷᠭᠢ᠎ᠶᠢᠨ ᠰᠤᠷᠪᠤᠯᠵᠢ᠎ᠶᠢ ᠬᠣᠯᠪᠣᠯᠳᠤᠭᠤᠯᠬᠤ ᠮᠡᠷᠭᠡᠵᠢᠯ᠎ᠦᠨ ᠵᠠᠩᠭᠢᠯᠠᠭ᠎ᠠ᠎ᠶᠢᠨ ᠮᠠᠲᠧᠷᠢᠶᠠᠯ ᠪᠠ ᠲᠥᠬᠦᠭᠡᠷᠦᠮᠵᠢ᠎ᠶᠢᠨ ᠪᠡᠷᠬᠡ ᠰᠡᠳᠦᠪ᠎ᠢ ᠰᠢᠢᠳᠪᠦᠷᠢᠯᠡᠬᠦ ᠠᠵᠢᠯ᠎ᠢ ᠲᠦᠷᠭᠡᠳᠬᠡᠨ᠎ᠡ᠃
      3. ᠪᠣᠷᠣᠭᠠᠨ᠎ᠤ ᠤᠰᠤ᠎ᠶᠢ ᠬᠤᠷᠠᠮᠳᠤᠭᠤᠯᠤᠨ ᠬᠠᠳᠠᠭᠠᠯᠠᠬᠤ ᠪᠠ ᠠᠭᠤᠷᠬᠠᠢ᠎ᠶᠢᠨ ᠨᠦᠬᠡ ( ᠬᠤᠳᠳᠤᠭ )᠎ᠶᠢᠨ ᠤᠰᠤ᠎ᠶᠢ ᠴᠡᠪᠡᠷᠰᠢᠭᠦᠯᠬᠦ ᠲᠣᠨᠣᠭᠯᠠᠯ ᠃ ᠪᠣᠷᠣᠭᠠᠨ᠎ᠤ ᠤᠰᠤ᠎ᠶᠢ ᠥᠨᠳᠥᠷ ᠪᠦᠲᠦᠮᠵᠢᠲᠡᠶ᠎ᠪᠡᠷ ᠬᠣᠷᠢᠶᠠᠨ ᠴᠤᠭᠯᠠᠭᠤᠯᠬᠤ ᠨᠢᠭᠡ ᠴᠣᠭᠴᠠᠵᠢᠭᠤᠯᠤᠭᠰᠠᠨ ᠲᠣᠨᠣᠭᠯᠠᠯ ᠂ ᠪᠣᠷᠣᠭᠠᠨ᠎ᠤ ᠤᠰᠤ᠎ᠶᠢ ᠴᠡᠪᠡᠷᠰᠢᠭᠦᠯᠬᠦ ᠮᠡᠷᠭᠡᠵᠢᠯ ᠪᠠ ᠪᠣᠷᠣᠭᠠᠨ᠎ᠤ ᠤᠰᠤ᠎ᠶᠢ ᠲᠣᠬᠢᠷᠠᠭᠤᠯᠤᠨ ᠬᠠᠳᠠᠭᠠᠯᠠᠬᠤ ᠲᠣᠨᠣᠭᠯᠠᠯ᠎ᠢ ᠰᠤᠳᠤᠯᠤᠨ ᠦᠢᠯᠡᠳᠴᠦ ᠂ ᠪᠣᠷᠣᠭᠠᠨ᠎ᠤ ᠤᠰᠤᠨ᠎ᠤ ᠡᠬᠢ ᠪᠠᠶᠠᠯᠢᠭ᠋᠎ᠢ ᠬᠣᠷᠢᠶᠠᠨ ᠴᠤᠭᠯᠠᠭᠤᠯᠬᠤ ᠂ ᠬᠠᠳᠠᠭᠠᠯᠠᠬᠤ ᠪᠠ ᠠᠰᠢᠭ᠍ᠯᠠᠬᠤ ᠦᠷ᠎ᠡ ᠪᠦᠲᠦᠮᠵᠢ᠎ᠶᠢ ᠳᠡᠭᠡᠭᠰᠢᠯᠡᠭᠦᠯᠦᠨ ᠂ ᠤᠰᠤ ᠬᠠᠩᠭᠠᠬᠤ ᠨᠠᠢᠳᠠᠪᠤᠷᠢᠲᠤ ᠴᠢᠨᠠᠷ᠎ᠢ ᠨᠡᠮᠡᠭᠳᠡᠭᠦᠯᠦᠨ᠎ᠡ ᠃ ᠠᠭᠤᠷᠬᠠᠢ᠎ᠶᠢᠨ ᠨᠦᠬᠡ ( ᠬᠤᠳᠳᠤᠭ )᠎ᠶᠢᠨ ᠤᠰᠤ᠎ᠶᠢ ᠣᠯᠠᠨ ᠱᠠᠲᠤ᠎ᠪᠠᠷ ᠬᠠᠮᠵᠢᠯᠴᠠᠨ ᠰᠢᠢᠳᠪᠦᠷᠢᠯᠡᠬᠦ ᠲᠣᠨᠣᠭᠯᠠᠯ᠎ᠢ ᠰᠤᠳᠤᠯᠤᠨ ᠨᠡᠭᠡᠭᠡᠵᠦ ᠂ ᠬᠦᠨᠳᠦ ᠲᠡᠮᠦᠷᠯᠢᠭ ᠬᠢᠭᠡᠳ ᠬᠥᠪᠥᠮᠡᠯ ᠪᠣᠳᠠᠰ᠎ᠢ ᠵᠡᠷᠭᠡ ᠳ᠋ᠦ᠍ᠨᠢ ᠠᠷᠢᠯᠭᠠᠬᠤ᠎ᠶᠢ ᠪᠡᠶᠡᠯᠡᠭᠦᠯᠦᠨ᠎ᠡ ᠃ ᠬᠦᠨᠳᠦ ᠲᠡᠮᠦᠷᠯᠢᠭ ᠢᠶᠤᠨ᠎ᠤ ᠬᠠᠷᠠᠯᠲᠠ ᠵᠠᠭᠤᠯᠴᠠᠭᠤᠯᠤᠭ᠍ᠴᠢ ᠡᠳ᠋᠎ᠢ ᠨᠡᠭᠡᠭᠡᠨ ᠬᠥᠭᠵᠢᠭᠦᠯᠵᠦ ᠂ 《 ᠬᠢᠮᠢ᠎ᠶᠢᠨ ᠲᠤᠨᠳᠠᠰᠤᠵᠢᠭᠤᠯᠬᠤ ︱ ᠰᠤᠷᠤᠨᠠᠭᠤᠯᠬᠤ ︱ ᠪᠦᠷᠬᠦᠪᠴᠢ᠎ᠶᠢ ᠰᠠᠯᠭᠠᠬᠤ 》 ᠬᠠᠮ ᠤᠷᠠᠯᠠᠯ᠎ᠢ ᠰᠢᠯᠢᠳᠡᠭᠵᠢᠭᠦᠯᠦᠨ ᠂ ᠳᠡᠭᠡᠳᠦ ᠰᠣᠩᠭᠣᠯᠲᠠ᠎ᠶᠢᠨ ᠴᠢᠨᠠᠷᠲᠠᠢ ᠢᠶᠤᠨ ᠰᠣᠯᠢᠯᠴᠠᠭᠤᠯᠬᠤ ᠳᠠᠪᠠᠷᠬᠠᠢ᠎ᠶᠢ ᠰᠤᠳᠤᠯᠤᠨ ᠦᠢᠯᠡᠳᠴᠦ ᠂ ᠠᠭᠤᠷᠬᠠᠢ᠎ᠶᠢᠨ ᠨᠦᠬᠡ ( ᠬᠤᠳᠳᠤᠭ )᠎ᠶᠢᠨ ᠤᠰᠤ᠎ᠶᠢ ᠰᠢᠢᠳᠪᠦᠷᠢᠯᠡᠬᠦ ᠪᠠ ᠡᠬᠢ ᠪᠠᠶᠠᠯᠢᠭ᠍ᠵᠢᠭᠤᠯᠤᠨ ᠠᠰᠢᠭ᠍ᠯᠠᠬᠤ ᠰᠢᠰᠲᠧᠮ᠎ᠢ ᠪᠠᠢᠭᠤᠯᠤᠨ᠎ᠠ᠃
      ( ᠭᠤᠷᠪᠠ ) ᠣᠨᠴᠠᠭᠠᠢ ᠬᠡᠷᠡᠭᠴᠡᠭᠡᠲᠦ ᠤᠰᠤ ᠰᠢᠢᠳᠪᠦᠷᠢᠯᠡᠬᠦ ᠲᠣᠨᠣᠭᠯᠠᠯ᠃ ᠠᠵᠤ ᠦᠢᠯᠡᠳᠪᠦᠷᠢ᠎ᠶᠢᠨ ᠬᠦᠷᠢᠶ᠎ᠡ ᠴᠠᠷᠠᠭ᠎ᠠ᠎ᠳᠤ ᠬᠡᠷᠡᠭᠯᠡᠬᠦ ᠳᠠᠪᠤᠰᠤ᠎ᠲᠠᠢ ᠤᠰᠤ ᠂ ᠪᠠᠺᠲᠧᠷᠢ ᠦᠭᠡᠢ ᠤᠰᠤ ᠂ ᠬᠡᠲᠦ ᠴᠡᠪᠡᠷ ᠤᠰᠤ ᠵᠡᠷᠭᠡ ᠠᠳᠠᠯᠢ ᠪᠤᠰᠤ ᠤᠰᠤᠨ᠎ᠤ ᠴᠢᠨᠠᠷ᠎ᠤᠨ ᠬᠡᠷᠡᠭᠴᠡᠭᠡ ᠱᠠᠭᠠᠷᠳᠠᠯᠭ᠎ᠠ᠎ᠳᠤ ᠬᠠᠨᠳᠤᠭᠤᠯᠤᠨ ᠂ ᠣᠯᠠᠨ ᠡᠰᠢᠵᠢᠭᠰᠡᠨ ᠤᠰᠤ ᠦᠢᠯᠡᠳᠬᠦ ᠵᠠᠩᠭᠢᠯᠠᠭ᠎ᠠ᠎ᠶᠢᠨ ᠲᠣᠨᠣᠭᠯᠠᠯ᠎ᠤᠨ ᠪᠣᠭᠣᠮᠢ᠎ᠶᠢ ᠰᠢᠪᠲᠤᠯᠬᠤ᠎ᠶᠢ ᠲᠦᠷᠭᠡᠳᠬᠡᠨ᠎ᠡ᠃ ᠠᠵᠤ ᠦᠢᠯᠡᠳᠪᠦᠷᠢ᠎ᠶᠢᠨ ᠬᠡᠷᠡᠭᠯᠡᠬᠦ ᠤᠰᠤᠨ᠎ᠤ ᠶᠠᠰᠤ ᠴᠢᠨᠠᠷ᠎ᠢ ᠲᠠᠰ ᠳᠡᠪᠰᠢᠭᠦᠯᠬᠦ ᠪᠠ ᠨᠠᠷᠢᠯᠢᠭ᠍ᠵᠢᠭᠤᠯᠬᠤ ᠬᠠᠮᠢᠶᠠᠷᠤᠯᠲᠠ᠎ᠶᠢᠨ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠣᠨᠴᠠᠭᠠᠢ ᠬᠡᠷᠡᠭᠴᠡᠭᠡᠲᠦ ᠤᠰᠤ᠎ᠶᠢ ᠰᠢᠢᠳᠪᠦᠷᠢᠯᠡᠬᠦ ᠲᠣᠨᠣᠭᠯᠠᠯ᠎ᠤᠨ ᠬᠤᠷᠠᠵᠢᠭᠤᠯᠬᠤ᠂ ᠤᠶᠤᠨᠵᠢᠭᠤᠯᠬᠤ ᠰᠢᠨ᠎ᠡ᠎ᠶᠢ ᠡᠭᠦᠳᠬᠦ᠎ᠶᠢ ᠰᠢᠰᠲᠧᠮ᠎ᠲᠠᠢ ᠠᠬᠢᠭᠤᠯᠵᠤ᠂ ᠭᠦᠨ ᠠᠭᠤᠰᠤᠯᠴᠠᠭᠰᠠᠨ ᠪᠦᠷᠬᠦᠪᠴᠢ᠎ᠶᠢ ᠰᠠᠯᠭᠠᠬᠤ ᠂ ᠱᠦᠭᠦᠵᠦ ᠰᠣᠷᠣᠨ ᠨᠠᠭᠠᠯᠳᠤᠭᠤᠯᠬᠤ᠂ ᠢᠶᠤᠨ ᠰᠣᠯᠢᠯᠴᠠᠬᠤ ᠵᠡᠷᠭᠡ ᠬᠣᠰᠢᠭᠤᠷᠠᠯ ᠮᠡᠷᠭᠡᠵᠢᠯ ᠬᠢᠭᠡᠳ ᠤᠯᠠᠮᠵᠢᠯᠠᠯᠲᠤ ᠭᠠᠷ ᠤᠷᠠᠯᠠᠯ᠎ᠢ ᠰᠢᠰᠲᠧᠮ᠎ᠲᠠᠢ ᠠᠬᠢᠭᠤᠯᠵᠤ᠂ ᠣᠯᠠᠨ ᠵᠦᠢᠯ᠎ᠦᠨ ᠲᠣᠨᠣᠭᠯᠠᠯ᠎ᠢ ᠬᠠᠮᠵᠢᠯᠴᠠᠭᠤᠯᠤᠭᠰᠠᠨ ᠨᠡᠢᠯᠡᠮᠡᠯ ᠮᠠᠶᠢᠭ᠋᠎ᠤᠨ ᠰᠢᠢᠳᠪᠦᠷᠢᠯᠡᠬᠦ ᠲᠥᠰᠥᠯ᠎ᠢ ᠪᠣᠶ ᠪᠣᠯᠭᠠᠵᠤ ᠂ ᠠᠳᠠᠯᠢ ᠪᠤᠰᠤ ᠲᠦᠭᠦᠬᠡᠢ ᠤᠰᠤᠨ᠎ᠤ ᠤᠰᠤᠨ᠎ᠤ ᠴᠢᠨᠠᠷ᠎ᠢ ᠨᠠᠷᠢᠯᠢᠭ᠍ᠵᠢᠭᠤᠯᠬᠤ᠂ ᠵᠤᠷᠰᠢᠭᠤᠯᠤᠨ ᠰᠢᠢᠳᠪᠦᠷᠢᠯᠡᠬᠦ᠎ᠶᠢ ᠪᠡᠶᠡᠯᠡᠭᠦᠯᠦᠨ᠎ᠡ᠃ ᠣᠨᠴᠠᠭᠠᠢ ᠠᠵᠤ ᠦᠢᠯᠡᠳᠪᠦᠷᠢ᠎ᠶᠢᠨ ᠤᠰᠤ ᠬᠡᠷᠡᠭᠯᠡᠬᠦ ᠲᠠᠯᠠᠪᠤᠷ᠎ᠲᠤ ᠴᠢᠭᠯᠡᠭᠦᠯᠦᠨ ᠂ ᠬᠡᠰᠡᠭᠴᠢᠯᠡᠭᠰᠡᠨ ᠂ ᠲᠤᠰᠬᠠᠢᠵᠢᠭ᠍ᠰᠠᠨ ᠤᠰᠤ᠎ᠶᠢ ᠰᠢᠢᠳᠪᠦᠷᠢᠯᠡᠬᠦ ᠲᠣᠨᠣᠭᠯᠠᠯ᠎ᠢ ᠰᠤᠳᠤᠯᠤᠨ ᠨᠡᠭᠡᠭᠡᠵᠦ ᠂ ᠰᠢᠨ᠎ᠡ᠎ᠶᠢ ᠡᠭᠦᠳᠬᠦ ᠤᠷᠠᠨ ᠳᠠᠷᠬ᠎ᠠ ᠬᠢᠭᠡᠳ ᠣᠶᠤᠨᠴᠢ ᠬᠢᠨᠠᠨ ᠬᠡᠮᠵᠢᠬᠦ ᠮᠡᠷᠭᠡᠵᠢᠯ᠎ᠢ ᠣᠷᠭᠠᠨᠢᠭ᠋᠎ᠢᠶᠠᠷ ᠤᠶᠠᠯᠳᠤᠭᠤᠯᠬᠤ᠎ᠪᠠᠷ ᠳᠠᠮᠵᠢᠭᠤᠯᠤᠨ ᠂ ᠤᠰᠤ ᠬᠡᠷᠡᠭᠯᠡᠬᠦ ᠤᠰᠤᠨ᠎ᠤ ᠴᠢᠨᠠᠷ᠎ᠤᠨ ᠠᠮᠤᠷ ᠲᠦᠪᠰᠢᠨ ᠲᠣᠭᠲᠠᠭᠤᠨ ᠪᠠᠢᠬᠤ᠎ᠶᠢ ᠦᠨᠡᠨ ᠬᠦ᠌ ᠪᠠᠲᠤᠯᠠᠨ᠎ᠠ ᠃ ᠠᠵᠤ ᠠᠬᠤᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠢᠭᠤᠯᠤᠮᠵᠢ ᠬᠡᠷᠡᠭᠯᠡᠭᠡᠨ᠎ᠢ ᠬᠠᠮᠵᠢᠯᠴᠠᠨ ᠰᠢᠨ᠎ᠡ᠎ᠶᠢ ᠡᠭᠦᠳᠬᠦ᠎ᠶᠢ ᠴᠢᠩᠭᠠᠳᠬᠠᠵᠤ ᠂ ᠬᠡᠲᠦ ᠴᠡᠪᠡᠷ ᠤᠰᠤ᠎ᠶᠢ ᠦᠢᠯᠡᠳᠬᠦ ᠵᠡᠷᠭᠡ ᠵᠠᠩᠭᠢᠯᠠᠭ᠎ᠠ᠎ᠶᠢᠨ ᠮᠡᠷᠭᠡᠵᠢᠯ᠎ᠦᠨ ᠪᠡᠷᠬᠡ ᠰᠡᠳᠦᠪ᠎ᠢ ᠲᠥᠪᠯᠡᠷᠡᠭᠦᠯᠦᠨ ᠰᠢᠢᠳᠪᠦᠷᠢᠯᠡᠵᠦ ᠂ ᠤᠰᠤᠨ᠎ᠤ ᠴᠢᠨᠠᠷ᠎ᠤᠨ ᠭᠣᠣᠯ ᠭᠦᠢᠴᠡᠳᠬᠡᠯ ᠲᠣᠭ᠎ᠠ᠎ᠶᠢ ᠨᠠᠷᠢᠯᠢᠭ᠋ ᠣᠨᠣᠴᠠᠲᠠᠢ᠎ᠪᠠᠷ ᠡᠵᠡᠮᠳᠡᠬᠦ᠎ᠶᠢ ᠪᠡᠶᠡᠯᠡᠭᠦᠯᠦᠨ᠎ᠡ᠃
      ᠭᠤᠷᠪᠠ᠂ ᠭᠣᠣᠯᠳᠠᠯᠭ᠎ᠠ᠎ᠲᠠᠢ ᠤᠰᠤ ᠬᠡᠷᠡᠭᠯᠡᠬᠦ ᠲᠣᠨᠣᠭᠯᠠᠯ᠎ᠤᠨ ᠤᠰᠤ ᠠᠷᠪᠢᠯᠠᠬᠤ ᠦᠢᠯᠡᠳᠦᠯ ᠴᠢᠳᠠᠪᠤᠷᠢ᠎ᠶᠢ ᠲᠡᠭᠡᠭᠰᠢᠯᠡᠬᠦᠯᠦᠨ᠎ᠡ
      ( ᠳᠥᠷᠪᠡ ) ᠤᠬᠢᠶᠠᠬᠤ ᠲᠣᠨᠣᠭᠯᠠᠯ᠃ ᠠᠳᠠᠯᠢ ᠪᠤᠰᠤ ᠠᠵᠤ ᠦᠢᠯᠡᠳᠪᠦᠷᠢ᠎ᠶᠢᠨ ᠴᠡᠪᠡᠷᠯᠡᠭᠡ᠎ᠶᠢᠨ ᠲᠠᠯᠠᠪᠤᠷ᠎ᠤᠨ ᠴᠡᠪᠡᠷᠯᠡᠭᠡ᠎ᠶᠢᠨ ᠬᠡᠮᠵᠢᠶ᠎ᠡ ᠂ ᠤᠰᠤ ᠬᠡᠷᠡᠭᠯᠡᠬᠦ ᠠᠰᠢᠭ᠍ᠯᠠᠮᠵᠢ ᠪᠠ ᠮᠢᠺᠷᠣᠪ᠎ᠤᠨ ᠠᠭᠤᠯᠤᠭᠳᠠᠴᠠ᠎ᠶᠢᠨ ᠵᠦᠷᠢᠶᠡᠴᠢᠯᠡᠭᠰᠡᠨ ᠬᠡᠷᠡᠭᠴᠡᠭᠡ ᠱᠠᠭᠠᠷᠳᠠᠯᠭ᠎ᠠ᠎ᠶᠢᠨ ᠲᠣᠭᠣᠷᠢᠨ᠎ᠳᠤ ᠂ ᠥᠨᠳᠥᠷ ᠳᠠᠷᠤᠯᠲᠠᠲᠤ ᠥᠨᠳᠥᠷ ᠦᠷ᠎ᠡ ᠠᠰᠢᠭ᠋᠎ᠲᠠᠢ ᠰᠦᠷᠴᠢᠭᠦᠷ᠎ᠦᠨ ᠲᠣᠨᠣᠭᠯᠠᠯ᠎ᠢ ᠭᠣᠣᠯᠳᠠᠯᠭ᠎ᠠ᠎ᠲᠠᠢ ᠰᠢᠪᠲᠤᠯᠵᠤ ᠂ ᠬᠥᠳᠡᠯᠦᠩᠭᠦᠢ ᠳᠠᠷᠤᠯᠲᠠ᠎ᠶᠢᠨ ᠲᠣᠬᠢᠷᠠᠭᠤᠯᠤᠯ ᠡᠵᠡᠮᠳᠡᠯ ᠬᠢᠭᠡᠳ ᠣᠯᠠᠨ ᠲᠡᠩᠭᠡᠯᠢᠭᠲᠦ ᠬᠣᠯᠪᠣᠯᠳᠤᠯ ᠰᠦᠷᠴᠢᠭᠦᠷ᠎ᠦᠨ ᠵᠢᠷᠤᠭ ᠲᠥᠯᠥᠪᠯᠡᠭᠡ᠎ᠪᠡᠷ ᠳᠠᠮᠵᠢᠭᠤᠯᠤᠨ ᠂ ᠪᠤᠳᠤᠯᠢᠶᠠᠨᠲᠠᠢ ᠠᠵᠢᠯ᠎ᠤᠨ ᠲᠣᠨᠣᠭ᠎ᠤᠨ ᠥᠩᠭᠡᠨ ᠲᠠᠯ᠎ᠠ᠎ᠶᠢᠨ ᠪᠥᠬᠥ ᠲᠠᠯ᠎ᠠ᠎ᠶᠢᠨ ᠂ ᠨᠠᠷᠢᠯᠢᠭ᠍ᠵᠢᠭᠤᠯᠤᠭᠰᠠᠨ ᠤᠷᠤᠰᠬᠠᠯᠲᠠ ᠂ ᠠᠦ᠋ᠲ᠋ᠣ᠋ ᠵᠣᠬᠢᠴᠠᠯᠳᠤᠯ᠎ᠤᠨ ᠬᠠᠮᠤᠭ᠎ᠤᠨ ᠰᠠᠢᠨ ᠰᠦᠷᠴᠢᠭᠦᠷ᠎ᠦᠨ ᠪᠣᠯᠵᠣᠯᠲᠤ ᠲᠣᠭ᠎ᠠ᠎ᠶᠢ ᠪᠡᠶᠡᠯᠡᠭᠦᠯᠦᠨ᠎ᠡ ᠃ ᠣᠯᠠᠨ ᠴᠢᠳᠠᠮᠵᠢᠲᠤ ᠬᠡᠰᠡᠭᠴᠢᠯᠡᠭᠰᠡᠨ ᠠᠵᠤ ᠦᠢᠯᠡᠳᠪᠦᠷᠢ᠎ᠶᠢᠨ ᠤᠬᠢᠶᠠᠨ ᠴᠡᠪᠡᠷᠯᠡᠬᠦ ᠮᠠᠰᠢᠨ ᠂ ᠬᠤᠷᠠᠮᠠᠯ ᠬᠡᠲᠦ ᠲᠠᠭᠤᠨ ᠳᠣᠯᠭᠢᠶᠠᠨ ᠂ ᠴᠠᠬᠢᠯᠭᠠᠨ ᠵᠠᠳᠠᠯᠤᠯᠲᠠ ᠂ ᠥᠨᠳᠥᠷ ᠳᠤᠯᠠᠭᠠᠨ᠎ᠤ ᠠᠭᠤᠷ ᠵᠡᠷᠭᠡ ᠣᠯᠠᠨ ᠵᠦᠢᠯ᠎ᠦᠨ ᠤᠬᠢᠶᠠᠨ ᠴᠡᠪᠡᠷᠯᠡᠬᠦ ᠮᠡᠷᠭᠡᠵᠢᠯ᠎ᠢ ᠰᠤᠳᠤᠯᠤᠨ ᠨᠡᠭᠡᠭᠡᠨ᠎ᠡ ᠃ ᠤᠬᠢᠶᠠᠯᠭ᠎ᠠ᠎ᠶᠢᠨ ᠤᠰᠤ᠎ᠶᠢ ᠲᠠᠰ ᠬᠤᠪᠢᠶᠠᠨ ᠰᠢᠢᠳᠪᠦᠷᠢᠯᠡᠬᠦ ᠪᠤᠴᠠᠭᠠᠨ ᠬᠡᠷᠡᠭᠯᠡᠬᠦ ᠲᠣᠨᠣᠭᠯᠠᠯ᠎ᠤᠨ ᠪᠣᠭᠣᠮᠢ᠎ᠶᠢ ᠰᠢᠪᠲᠤᠯᠵᠤ ᠂ ᠥᠨᠳᠥᠷ ᠦᠷ᠎ᠡ ᠠᠰᠢᠭ᠍ᠲᠤ ᠲᠣᠰᠣ᠌ ᠤᠰᠤ᠎ᠶᠢ ᠰᠠᠯᠭᠠᠬᠤ ᠂ ᠬᠦᠨᠳᠦ ᠲᠡᠮᠦᠷᠯᠢᠭ᠎ᠢ ᠰᠣᠷᠣᠨ ᠨᠠᠭᠠᠯᠳᠤᠭᠤᠯᠬᠤ ᠪᠠ ᠪᠦᠷᠬᠦᠪᠴᠢ᠎ᠪᠡᠷ ᠱᠦᠭᠦᠵᠦ ᠴᠤᠭᠯᠠᠷᠠᠭᠤᠯᠬᠤ ᠲᠣᠨᠣᠭᠯᠠᠯ᠎ᠢ ᠰᠤᠳᠤᠯᠤᠨ ᠨᠡᠭᠡᠭᠡᠨ᠎ᠡ ᠃ ᠣᠶᠤᠨᠲᠤ ᠳᠠᠪᠲᠠᠮᠵᠢ ᠬᠤᠪᠢᠷᠠᠭᠠᠬᠤ ᠰᠦᠷᠴᠢᠭᠦᠷ᠎ᠦᠨ ᠲᠣᠨᠣᠭᠯᠠᠯ ᠂ ᠭᠥᠨᠵᠢᠨ ᠰᠠᠪᠠᠯᠠᠬᠤ ᠤᠬᠢᠶᠠᠯᠭ᠎ᠠ᠎ᠶᠢᠨ ᠤᠰᠤ᠎ᠶᠢ ᠲᠠᠰ ᠬᠤᠪᠢᠶᠠᠨ ᠰᠢᠢᠳᠪᠦᠷᠢᠯᠡᠬᠦ ᠪᠤᠴᠠᠭᠠᠨ ᠬᠡᠷᠡᠭᠯᠡᠬᠦ ᠲᠣᠨᠣᠭᠯᠠᠯ᠎ᠢ ᠳᠡᠯᠭᠡᠷᠡᠭᠦᠯᠦᠨ ᠬᠡᠷᠡᠭᠯᠡᠨ᠎ᠡ ᠃ ᠬᠡᠲᠦ ᠬᠢᠵᠠᠭᠠᠷ᠎ᠤᠨ ᠤᠷᠤᠰᠤᠩᠭᠢ ᠪᠡᠶ᠎ᠡ᠎ᠶᠢᠨ ᠤᠬᠢᠶᠠᠬᠤ ᠮᠠᠰᠢᠨ᠎ᠢ ᠬᠠᠢᠨ ᠰᠦᠪᠡᠭᠴᠢᠯᠡᠵᠦ ᠂ ᠦᠯᠡᠳᠡᠭᠡᠯ ᠦᠭᠡᠢ ᠂ ᠨᠠᠷᠢᠯᠢᠭ᠋ ᠴᠡᠪᠡᠷᠯᠡᠬᠦ᠎ᠶᠢ ᠪᠡᠶᠡᠯᠡᠭᠦᠯᠦᠨ᠎ᠡ᠃
      ( ᠲᠠᠪᠤ ) ᠡᠷᠭᠢᠯᠳᠦᠭᠦᠯᠦᠨ ᠬᠥᠷᠥᠭᠡᠬᠦ ᠲᠣᠨᠣᠭᠯᠠᠯ᠃ ᠠᠵᠤ ᠦᠢᠯᠡᠳᠪᠦᠷᠢ᠎ᠶᠢᠨ ᠦᠢᠯᠡᠳᠪᠦᠷᠢᠯᠡᠯ᠎ᠦᠨ ᠬᠥᠷᠥᠭᠡᠯᠲᠡ᠎ᠶᠢᠨ ᠦᠷ᠎ᠡ ᠪᠦᠲᠦᠮᠵᠢ ᠂ ᠤᠰᠤᠨ᠎ᠤ ᠡᠷᠭᠢᠯᠲᠡ᠎ᠶᠢᠨ ᠠᠰᠢᠭ᠍ᠯᠠᠯᠲᠠ᠎ᠶᠢᠨ ᠨᠣᠷᠮ᠎ᠠ ᠵᠢᠴᠢ ᠰᠢᠰᠲᠧᠮ᠎ᠦᠨ ᠲᠣᠭᠲᠠᠪᠤᠷᠢᠲᠤ ᠴᠢᠨᠠᠷ ᠵᠡᠷᠭᠡ ᠱᠠᠭᠠᠷᠳᠠᠯᠭ᠎ᠠ᠎ᠳᠤ ᠬᠠᠨᠳᠤᠭᠤᠯᠤᠨ ᠂ ᠰᠢᠨ᠎ᠡ ᠬᠡᠯᠪᠡᠷᠢ᠎ᠶᠢᠨ ᠡᠷᠭᠢᠯᠲᠡ᠎ᠶᠢᠨ ᠬᠥᠷᠥᠭᠡᠯᠲᠡ᠎ᠶᠢᠨ ᠲᠣᠨᠣᠭᠯᠠᠯ᠎ᠤᠨ ᠪᠦᠲᠦᠴᠡ᠎ᠶᠢ ᠰᠢᠯᠢᠳᠡᠭᠵᠢᠭᠦᠯᠬᠦ ᠪᠠ ᠮᠡᠷᠭᠡᠵᠢᠯ᠎ᠢ ᠲᠠᠰ ᠳᠡᠪᠰᠢᠭᠦᠯᠬᠦ᠎ᠶᠢ ᠥᠷᠨᠢᠭᠦᠯᠵᠦ ᠂ ᠢᠯᠴᠢ ᠳᠠᠮᠵᠢᠭᠤᠯᠬᠤ ᠪᠦᠲᠦᠴᠡ᠎ᠶᠢᠨ ᠵᠢᠷᠤᠭ ᠲᠥᠯᠥᠪᠯᠡᠭᠡ᠎ᠶᠢᠨ ᠰᠢᠨ᠎ᠡ᠎ᠶᠢ ᠡᠭᠦᠳᠴᠦ ᠂ ᠤᠷᠤᠰᠤᠩᠭᠢ ᠪᠡᠶ᠎ᠡ᠎ᠶᠢᠨ ᠬᠦᠴᠦᠨ᠎ᠦ ᠤᠬᠠᠭᠠᠨ᠎ᠤ ᠴᠢᠳᠠᠮᠵᠢ ᠪᠠ ᠢᠯᠴᠢ ᠲᠠᠷᠬᠠᠭᠠᠬᠤ ᠲᠣᠭᠲᠠᠴᠠ᠎ᠶᠢ ᠰᠢᠯᠢᠳᠡᠭᠵᠢᠭᠦᠯᠦᠨ ᠂ ᠲᠣᠨᠣᠭᠯᠠᠯ᠎ᠤᠨ ᠢᠯᠴᠢ ᠢᠯᠡᠷᠡᠭᠦᠯᠬᠦ ᠢᠯᠴᠢ ᠳᠠᠮᠵᠢᠭᠤᠯᠬᠤ ᠦᠷ᠎ᠡ ᠪᠦᠲᠦᠮᠵᠢ ᠪᠠ ᠢᠯᠴᠢ ᠲᠠᠷᠬᠠᠭᠠᠬᠤ ᠴᠢᠳᠠᠮᠵᠢ᠎ᠶᠢ ᠳᠡᠭᠡᠭᠰᠢᠯᠡᠭᠦᠯᠦᠨ᠎ᠡ ᠃ ᠪᠣᠬᠢᠷᠲᠤᠯ᠎ᠢ ᠰᠡᠷᠭᠡᠢᠯᠡᠬᠦ ᠂ ᠢᠳᠡᠭᠳᠡᠯ᠎ᠢ ᠰᠡᠷᠭᠡᠢᠯᠡᠬᠦ ᠥᠨᠳᠥᠷ ᠪᠦᠲᠦᠮᠵᠢᠲᠡᠶ ᠠᠵᠢᠯᠯᠠᠭᠠᠨ᠎ᠤ ᠰᠢᠢᠳᠪᠦᠷᠢᠯᠡᠬᠦ ᠮᠡᠷᠭᠡᠵᠢᠯ᠎ᠢ ᠭᠣᠣᠯᠳᠠᠯᠭ᠎ᠠ᠎ᠲᠠᠢ ᠰᠢᠪᠲᠤᠯᠵᠤ ᠂ ᠡᠷᠭᠢᠯᠲᠡᠲᠦ ᠬᠥᠷᠥᠭᠡᠯᠲᠡ᠎ᠶᠢᠨ ᠤᠰᠤᠨ᠎ᠤ ᠠᠭᠰᠢᠭᠠᠭᠰᠠᠨ ᠳᠠᠬᠢᠨ ᠲᠣᠭ᠎ᠠ᠎ᠶᠢ ᠳᠡᠭᠡᠭᠰᠢᠯᠡᠭᠦᠯᠦᠨ᠎ᠡ ᠃ ᠬᠡᠰᠡᠭᠴᠢᠯᠡᠭᠰᠡᠨ᠂ ᠪᠥᠭᠡᠮᠨᠡᠷᠡᠭᠦᠯᠦᠭᠰᠡᠨ ᠡᠷᠭᠢᠯᠲᠡᠲᠦ ᠬᠥᠷᠥᠭᠡᠯᠲᠡ᠎ᠶᠢᠨ ᠲᠣᠨᠣᠭᠯᠠᠯ᠎ᠢ ᠳᠡᠯᠭᠡᠷᠡᠭᠦᠯᠵᠦ᠂ ᠦᠯᠡᠳᠡᠪᠦᠷᠢ ᠢᠯᠴᠢ᠎ᠶᠢ ᠡᠭᠡᠭᠦᠯᠦᠨ ᠬᠤᠷᠢᠶᠠᠵᠤ ᠠᠰᠢᠭ᠍ᠯᠠᠬᠤ᠎ᠶᠢ ᠴᠢᠩᠭᠠᠷᠠᠭᠤᠯᠤᠨ᠂ ᠡᠨᠧᠷᠭᠢ᠎ᠶᠢᠨ ᠰᠤᠷᠪᠤᠯᠵᠢ᠎ᠶᠢ ᠱᠠᠲᠤᠯᠠᠨ ᠠᠰᠢᠭ᠍ᠯᠠᠬᠤ ᠰᠢᠰᠲᠧᠮ᠎ᠢ ᠪᠠᠢᠭᠤᠯᠵᠤ᠂ ᠠᠵᠤ ᠦᠢᠯᠡᠳᠪᠦᠷᠢ᠎ᠶᠢᠨ ᠬᠥᠷᠥᠭᠡᠯᠲᠡ᠎ᠶᠢᠨ ᠶᠠᠪᠤᠴᠠ᠎ᠳᠠᠬᠢ ᠤᠰᠤ ᠠᠷᠪᠢᠯᠠᠬᠤ ᠡᠨᠧᠷᠭᠢ ᠠᠷᠪᠢᠯᠠᠬᠤ ᠨᠡᠭᠦᠷᠡᠰᠦᠲᠥ᠋ᠷᠥᠭᠴᠢ᠎ᠶᠢᠨ ᠳᠠᠪᠬᠤᠷ ᠢᠰᠦᠯ᠎ᠢ ᠪᠠᠭᠤᠷᠠᠭᠤᠯᠬᠤ᠎ᠶᠢ ᠬᠠᠮᠵᠢᠯᠴᠠᠭᠤᠯᠤᠨ ᠦᠷ᠎ᠡ ᠠᠰᠢᠭ᠋᠎ᠢ ᠨᠡᠮᠡᠭᠳᠡᠭᠦᠯᠬᠦ᠎ᠶᠢ ᠪᠡᠶᠡᠯᠡᠭᠦᠯᠦᠨ᠎ᠡ᠃ ᠹᠠᠰ᠎ᠤᠨ ᠬᠤᠪᠢᠷᠠᠯᠲᠠᠲᠤ ᠡᠨᠧᠷᠭᠢ ᠬᠠᠳᠠᠭᠠᠯᠠᠬᠤ ᠬᠥᠷᠥᠭᠡᠯᠲᠡ᠎ᠶᠢᠨ ᠮᠡᠷᠭᠡᠵᠢᠯ᠎ᠢ ᠰᠤᠳᠤᠯᠤᠨ ᠨᠡᠭᠡᠭᠡᠬᠦ᠎ᠶᠢ ᠤᠷᠢᠳᠴᠢᠯᠠᠨ ᠪᠠᠢᠷᠢᠰᠢᠭᠤᠯᠵᠤ ᠂ ᠹᠠᠰ᠎ᠤᠨ ᠬᠤᠪᠢᠷᠠᠯᠲᠠᠲᠤ ᠮᠠᠲᠧᠷᠢᠶᠠᠯ᠎ᠤᠨ ᠥᠪᠡᠷᠮᠢᠴᠡ ᠬᠦᠢᠲᠡᠨ ᠂ ᠢᠯᠴᠢ᠎ᠪᠡᠷ ᠬᠠᠳᠠᠭᠠᠯᠠᠬᠤ ᠣᠨᠴᠠᠯᠢᠭ᠋᠎ᠢ ᠠᠰᠢᠭ᠍ᠯᠠᠨ ᠂ ᠡᠷᠭᠢᠯᠲᠡᠲᠦ ᠬᠥᠷᠥᠭᠡᠯᠲᠡ᠎ᠶᠢᠨ ᠲᠣᠨᠣᠭᠯᠠᠯ᠎ᠤᠨ ᠠᠵᠢᠯᠯᠠᠭᠠᠨ᠎ᠤ ᠵᠠᠭᠪᠤᠷ᠎ᠲᠤ ᠰᠢᠨ᠎ᠡ᠎ᠶᠢ ᠡᠭᠦᠳᠴᠦ᠂ ᠠᠵᠤ ᠦᠢᠯᠡᠳᠪᠦᠷᠢ᠎ᠶᠢᠨ ᠬᠥᠷᠥᠭᠡᠯᠲᠡ᠎ᠶᠢᠨ ᠰᠢᠰᠲᠧᠮ᠎ᠦᠨ ᠳᠠᠭᠠᠭᠠᠴᠠ᠎ᠶᠢᠨ ᠬᠡᠯᠪᠡᠯᠵᠡᠯ᠎ᠢ ᠳᠠᠭᠠᠬᠤ ᠴᠢᠳᠠᠪᠤᠷᠢ ᠪᠠ ᠲᠣᠬᠢᠷᠠᠭᠤᠯᠤᠯᠲᠠ᠎ᠶᠢᠨ ᠨᠠᠷᠢᠯᠢᠭ᠍ᠴᠠ᠎ᠶᠢ ᠪᠦᠲᠦᠮᠵᠢᠲᠡᠶ ᠳᠡᠭᠡᠭᠰᠢᠯᠡᠭᠦᠯᠦᠨ᠎ᠡ᠃
      ᠲᠣᠭ᠎ᠠ ᠪᠠᠷᠢᠮᠲᠠ᠎ᠶᠢᠨ ᠲᠥᠪ ᠂ ᠨᠡᠢᠳᠡᠮ ᠬᠡᠷᠡᠭᠯᠡᠬᠦ ᠪᠤᠳᠤᠬᠤ ᠬᠦᠴᠦᠨ᠎ᠦ ᠲᠥᠪ ᠂ ᠣᠶᠤᠨᠲᠤ ᠪᠤᠳᠤᠬᠤ ᠲᠥᠪ ᠂ ᠬᠡᠲᠦ ᠪᠤᠳᠤᠬᠤ ᠲᠥᠪ ᠵᠡᠷᠭᠡ ᠰᠢᠨ᠎ᠡ ᠬᠡᠯᠪᠡᠷᠢ᠎ᠶᠢᠨ ᠮᠡᠳᠡᠭᠡ ᠵᠠᠩᠭᠢ᠎ᠶᠢᠨ ᠰᠠᠭᠤᠷᠢ ᠪᠡᠯᠡᠳᠬᠡᠮᠵᠢ᠎ᠶᠢᠨ ᠤᠰᠤ ᠠᠷᠪᠢᠯᠠᠬᠤ ᠬᠡᠷᠡᠭᠴᠡᠭᠡ ᠱᠠᠭᠠᠷᠳᠠᠯᠭ᠎ᠠ᠎ᠳᠤ ᠬᠠᠨᠳᠤᠭᠤᠯᠤᠨ ᠂ ᠲᠤᠬᠠᠢ᠎ᠶᠢᠨ ᠭᠠᠵᠠᠷ ᠣᠷᠣᠨ᠎ᠤ ᠪᠠᠢᠳᠠᠯ ᠳ᠋ᠤᠨᠢ ᠲᠣᠬᠢᠷᠠᠭᠤᠯᠤᠨ ᠰᠢᠩᠭᠡᠨ᠎ᠢᠶᠡᠷ ᠬᠥᠯᠳᠡᠭᠡᠬᠦ ᠂ ᠠᠭᠤᠷᠰᠢᠭᠤᠯᠤᠨ ᠬᠥᠷᠥᠭᠡᠬᠦ ᠂ ᠢᠯᠴᠢ᠎ᠶᠢᠨ ᠬᠣᠭᠣᠯᠠᠢ ᠂ ᠹᠯᠣᠷᠲᠤ ᠬᠥᠭᠡᠷᠭᠡ ᠵᠡᠷᠭᠡ ᠥᠨᠳᠥᠷ ᠦᠷ᠎ᠡ ᠠᠰᠢᠭ᠋᠎ᠲᠠᠢ ᠬᠥᠷᠥᠭᠡᠵᠦ ᠢᠯᠴᠢ ᠲᠠᠷᠬᠠᠭᠠᠬᠤ ᠲᠣᠨᠣᠭᠯᠠᠯ᠎ᠢ ᠳᠡᠯᠭᠡᠷᠡᠭᠦᠯᠵᠦ ᠂ ᠪᠠᠢᠭᠠᠯᠢ᠎ᠶᠢᠨ ᠬᠦᠢᠲᠡᠨ ᠢᠷᠡᠯᠲᠡ᠎ᠶᠢᠨ ᠠᠰᠢᠭ᠍ᠯᠠᠯᠲᠠ᠎ᠶᠢᠨ ᠨᠣᠷᠮ᠎ᠠ᠎ᠶᠢ ᠳᠡᠭᠡᠭᠰᠢᠯᠡᠭᠦᠯᠦᠨ᠎ᠡ ᠃ ᠲᠥᠬᠦᠭᠡᠷᠦᠮᠵᠢ᠎ᠪᠡᠷ ᠬᠥᠷᠥᠭᠡᠭᠰᠡᠨ ᠤᠰᠤ ᠂ ᠮᠠᠰᠢᠨ᠎ᠤ ᠭᠡᠷ᠎ᠲᠦ ᠴᠢᠭᠢᠭ ᠨᠡᠮᠡᠬᠦ ᠵᠡᠷᠭᠡ᠎ᠳᠦ ᠠᠵᠤ ᠦᠢᠯᠡᠳᠪᠦᠷᠢ᠎ᠶᠢᠨ ᠬᠠᠶᠠᠭᠳᠠᠮᠠᠯ ᠤᠰᠤ ᠪᠠ ᠠᠮᠢᠳᠤᠷᠠᠯ᠎ᠤᠨ ᠪᠣᠬᠢᠷ ᠤᠰᠤ᠎ᠶᠢ ᠰᠢᠢᠳᠪᠦᠷᠢᠯᠡᠭᠰᠡᠨ᠎ᠦ ᠳᠠᠷᠠᠭᠠᠬᠢ ᠳᠤᠮᠳᠠ ᠵᠡᠷᠭᠡ᠎ᠶᠢᠨ ᠤᠰᠤ ᠪᠤᠶᠤ ᠳᠠᠬᠢᠯᠲᠠ ᠤᠰᠤ᠎ᠶᠢ ᠬᠡᠷᠡᠭᠯᠡᠬᠦ᠎ᠶᠢ ᠵᠣᠷᠢᠭ᠍ᠵᠢᠭᠤᠯᠵᠤ ᠂ ᠤᠰᠤᠨ᠎ᠤ ᠡᠬᠢ ᠪᠠᠶᠠᠯᠢᠭ᠋᠎ᠢ ᠠᠵᠢᠯ ᠲᠥᠷᠥᠯ ᠠᠯᠤᠰᠯᠠᠨ ᠱᠠᠲᠤᠯᠠᠨ ᠠᠰᠢᠭ᠍ᠯᠠᠬᠤ᠎ᠶᠢ ᠪᠡᠶᠡᠯᠡᠭᠦᠯᠦᠨ᠎ᠡ ᠃ ᠵᠣᠬᠢᠶᠠᠮᠠᠯ ᠣᠶᠤᠨᠯᠢᠭ᠋᠎ᠤᠨ ᠮᠡᠷᠭᠡᠵᠢᠯ ᠪᠠ ᠣᠶᠤᠨᠴᠢ ᠠᠵᠢᠯᠯᠠᠭᠤᠯᠵᠤ ᠪᠠᠲᠤᠯᠠᠬᠤ ᠲᠠᠪᠴᠠᠩ᠎ᠢ ᠭᠦᠨᠵᠡᠭᠡᠢ ᠠᠭᠤᠰᠤᠯᠴᠠᠭᠤᠯᠤᠨ ᠂ ᠲᠤᠬᠠᠢ᠎ᠶᠢᠨ ᠴᠠᠭ ᠲᠤᠨᠢ ᠬᠢᠨᠠᠨ ᠬᠡᠮᠵᠢᠬᠦ ᠂ ᠬᠥᠳᠡᠯᠦᠩᠭᠦᠢ᠎ᠪᠡᠷ ᠰᠢᠯᠢᠳᠡᠭᠵᠢᠭᠦᠯᠬᠦ ᠪᠠ ᠨᠠᠷᠢᠯᠢᠭ᠋ ᠣᠨᠣᠴᠠᠲᠠᠢ᠎ᠪᠠᠷ ᠲᠣᠬᠢᠷᠠᠭᠤᠯᠤᠨ ᠡᠵᠡᠮᠳᠡᠬᠦ᠎ᠪᠡᠷ ᠳᠡᠮᠵᠢᠨ ᠂ ᠳ᠋ᠠᠢᠲ᠋ᠠ᠎ᠶᠢᠨ ᠲᠥᠪ᠎ᠦᠨ ᠤᠰᠤ ᠠᠷᠪᠢᠯᠠᠬᠤ ᠡᠨᠧᠷᠭᠢ ᠠᠷᠪᠢᠯᠠᠬᠤ ᠥᠨᠳᠥᠷ ᠪᠦᠲᠦᠮᠵᠢᠲᠡᠶ ᠬᠠᠮᠵᠢᠯᠴᠠᠭ᠎ᠠ᠎ᠶᠢ ᠪᠡᠶᠡᠯᠡᠭᠦᠯᠦᠨ᠎ᠡ ᠃
      ᠲᠤᠰᠬᠠᠢ ᠪᠤᠯᠤᠩ 2 ᠄ ᠡᠷᠭᠢᠯᠳᠦᠭᠦᠯᠦᠨ ᠬᠥᠷᠥᠭᠡᠬᠦ ᠵᠠᠩᠭᠢᠯᠠᠭ᠎ᠠ᠎ᠶᠢᠨ ᠲᠣᠨᠣᠭᠯᠠᠯ᠎ᠤᠨ ᠮᠡᠷᠭᠡᠵᠢᠯ᠎ᠦᠨ ᠪᠡᠷᠬᠡ ᠰᠡᠳᠦᠪ᠎ᠢ ᠰᠢᠢᠳᠪᠦᠷᠢᠯᠡᠨ᠎ᠡ
      1. ᠣᠶᠤᠨᠲᠤ ᠠᠭᠠᠷ ᠬᠥᠷᠥᠭᠡᠭᠦᠷ᠃ ᠥᠨᠳᠥᠷ ᠪᠦᠲᠦᠮᠵᠢᠲᠡᠶ ᠢᠯᠴᠢ ᠰᠣᠯᠢᠯᠴᠠᠬᠤ ᠲᠣᠨᠣᠭᠯᠠᠯ᠎ᠤᠨ ᠪᠦᠲᠦᠴᠡ᠎ᠶᠢ ᠰᠢᠯᠢᠳᠡᠭᠵᠢᠭᠦᠯᠬᠦ ᠪᠠ ᠮᠠᠲᠧᠷᠢᠶᠠᠯ᠎ᠤᠨ ᠴᠢᠨᠠᠷ᠎ᠢ ᠰᠠᠢᠵᠢᠷᠠᠭᠤᠯᠬᠤ ᠪᠡᠷᠬᠡ ᠰᠡᠳᠦᠪ᠎ᠢ ᠭᠣᠣᠯᠳᠠᠯᠭ᠎ᠠ᠎ᠲᠠᠢ ᠰᠢᠢᠳᠪᠦᠷᠢᠯᠡᠵᠦ ᠂ ᠳᠠᠯᠠᠪᠴᠢ᠎ᠶᠢᠨ ᠢᠯᠲᠠᠰᠤᠨ᠎ᠤ ᠵᠢᠷᠤᠭ ᠲᠥᠯᠥᠪᠯᠡᠭᠡ᠎ᠶᠢ ᠰᠠᠢᠵᠢᠷᠠᠭᠤᠯᠬᠤ ᠪᠠ ᠰᠢᠨ᠎ᠡ ᠬᠡᠯᠪᠡᠷᠢ᠎ᠶᠢᠨ ᠮᠠᠲᠧᠷᠢᠶᠠᠯ᠎ᠢ ᠬᠡᠷᠡᠭᠯᠡᠬᠦ᠎ᠪᠡᠷ ᠳᠠᠮᠵᠢᠭᠤᠯᠤᠨ ᠂ ᠬᠡᠢ ᠢᠯᠴᠢ᠎ᠶᠢᠨ ᠰᠣᠯᠢᠯᠴᠠᠭᠠᠨ᠎ᠤ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠎ᠡ ᠃ ᠰᠠᠯᠬᠢᠨ᠎ᠤ ᠲᠠᠯᠠᠪᠠᠶ᠎ᠶᠢ ᠡᠵᠡᠮᠳᠡᠬᠦ ᠣᠶᠤᠨᠲᠤ ᠮᠡᠷᠭᠡᠵᠢᠯ᠎ᠢ ᠰᠤᠳᠤᠯᠤᠨ ᠨᠡᠭᠡᠭᠡᠵᠦ ᠂ ᠰᠠᠯᠬᠢᠨ᠎ᠤ ᠮᠠᠰᠢᠨ᠎ᠤ ᠪᠠᠢᠷᠢᠰᠢᠭᠤᠯᠤᠯᠲᠠ ᠪᠠ ᠠᠵᠢᠯᠯᠠᠭᠠᠨ᠎ᠤ ᠠᠷᠭ᠎ᠠ ᠪᠣᠳᠣᠯᠭ᠎ᠠ᠎ᠶᠢ ᠰᠢᠯᠢᠳᠡᠭᠵᠢᠭᠦᠯᠦᠨ ᠂ ᠰᠠᠯᠬᠢᠨ᠎ᠤ ᠬᠡᠮᠵᠢᠶ᠎ᠡ᠎ᠶᠢ ᠨᠠᠷᠢᠯᠢᠭ᠋ ᠣᠨᠣᠪᠴᠢᠲᠠᠶ ᠲᠣᠬᠢᠷᠠᠭᠤᠯᠬᠤ᠎ᠶᠢ ᠪᠡᠶᠡᠯᠡᠭᠦᠯᠵᠦ ᠂ ᠬᠥᠷᠥᠭᠡᠬᠦ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠎ᠡ ᠃ ᠥᠨᠳᠥᠷ ᠦᠷ᠎ᠡ ᠪᠦᠲᠦᠮᠵᠢᠲᠡᠶ ᠢᠯᠴᠢ ᠰᠣᠯᠢᠯᠲᠠ ᠬᠢᠭᠡᠳ ᠣᠶᠤᠨᠴᠢ ᠡᠵᠡᠮᠰᠢᠯ᠎ᠦᠨ ᠰᠢᠰᠲᠧᠮ᠎ᠦᠨ ᠰᠢᠨ᠎ᠡ ᠬᠡᠯᠪᠡᠷᠢ᠎ᠶᠢᠨ ᠠᠭᠠᠷ᠎ᠲᠠᠬᠢ ᠬᠥᠷᠥᠭᠡᠭᠦᠷ᠎ᠢ ᠳᠡᠯᠭᠡᠷᠡᠭᠦᠯᠦᠨ ᠬᠡᠷᠡᠭᠯᠡᠵᠦ ᠂ ᠲᠣᠨᠣᠭᠯᠠᠯ᠎ᠤᠨ ᠴᠢᠳᠠᠮᠵᠢ ᠬᠢᠭᠡᠳ ᠬᠥᠷᠥᠭᠡᠯᠲᠡ᠎ᠶᠢᠨ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠎ᠡ ᠃
      2. ᠥᠨᠳᠥᠷ ᠪᠦᠲᠦᠮᠵᠢᠲᠡᠶ ᠵᠠᠳᠠᠭᠠᠢ ᠬᠡᠯᠪᠡᠷᠢ᠎ᠶᠢᠨ ᠬᠥᠷᠥᠭᠡᠬᠦ ᠰᠤᠪᠤᠷᠭ᠎ᠠ ᠃ ᠥᠨᠳᠥᠷ ᠪᠦᠲᠦᠮᠵᠢᠲᠡᠶ ᠤᠰᠤ ᠰᠦᠷᠴᠢᠵᠦ ᠮᠠᠲᠧᠷᠢᠶᠠᠯ ᠨᠡᠮᠡᠬᠦ ᠪᠦᠲᠦᠴᠡ᠎ᠶᠢ ᠰᠢᠯᠢᠳᠡᠭᠵᠢᠭᠦᠯᠬᠦ ᠪᠠ ᠮᠠᠲᠧᠷᠢᠶᠠᠯ᠎ᠤᠨ ᠴᠢᠨᠠᠷ᠎ᠢ ᠰᠠᠢᠵᠢᠷᠠᠭᠤᠯᠬᠤ ᠮᠡᠷᠭᠡᠵᠢᠯ᠎ᠦᠨ ᠪᠡᠷᠬᠡ ᠰᠡᠳᠦᠪ᠎ᠢ ᠭᠣᠣᠯᠳᠠᠯᠭ᠎ᠠ᠎ᠲᠠᠢ ᠰᠢᠢᠳᠪᠦᠷᠢᠯᠡᠵᠦ ᠂ ᠬᠡᠢ ᠤᠰᠤᠨ᠎ᠤ ᠢᠯᠴᠢ᠎ᠶᠢᠨ ᠰᠣᠯᠢᠯᠴᠠᠭ᠎ᠠ᠎ᠶᠢᠨ ᠦᠷ᠎ᠡ ᠪᠦᠲᠦᠮᠵᠢ᠎ᠶᠢ ᠳᠡᠭᠡᠭᠰᠢᠯᠡᠭᠦᠯᠦᠨ ᠂ ᠬᠥᠷᠥᠭᠡᠯᠲᠡ᠎ᠶᠢᠨ ᠡᠨᠧᠷᠭᠢ᠎ᠶᠢᠨ ᠬᠣᠷᠣᠭᠳᠠᠯ᠎ᠢ ᠪᠠᠭᠠᠰᠬᠠᠨ᠎ᠠ ᠃ ᠤᠰᠤ ᠠᠷᠪᠢᠯᠠᠬᠤ ᠮᠠᠶᠢᠭ᠋᠎ᠤᠨ ᠤᠰᠤ ᠲᠦᠭᠡᠭᠡᠬᠦ ᠣᠶᠤᠨᠲᠤ ᠪᠠᠭᠠᠵᠢ ᠬᠡᠷᠡᠭᠰᠡᠯ᠎ᠢ ᠵᠢᠷᠤᠭᠯᠠᠨ ᠲᠥᠯᠥᠪᠯᠡᠬᠦ ᠤᠷᠠᠨ ᠳᠠᠷᠬ᠎ᠠ᠎ᠶᠢ ᠰᠢᠪᠲᠤᠯᠵᠤ ᠂ ᠤᠰᠤ ᠵᠢᠭᠳᠡ ᠲᠠᠯᠪᠢᠬᠤ ᠪᠠ ᠤᠷᠤᠰᠬᠠᠯ᠎ᠤᠨ ᠬᠡᠮᠵᠢᠶ᠎ᠡ᠎ᠶᠢ ᠣᠨᠣᠪᠴᠢᠲᠠᠶ ᠡᠵᠡᠮᠳᠡᠬᠦ᠎ᠶᠢ ᠪᠡᠶᠡᠯᠡᠭᠦᠯᠦᠨ ᠂ ᠬᠥᠪᠥᠮᠡᠯ ᠤᠰᠤᠨ᠎ᠤ ᠬᠣᠬᠢᠷᠠᠯ᠎ᠢ ᠪᠠᠭᠠᠰᠬᠠᠨ᠎ᠠ ᠃ ᠰᠤᠪᠤᠷᠭ᠎ᠠ᠎ᠶᠢᠨ ᠰᠥᠷᠦᠭ᠎ᠦᠨ ᠠᠳᠠᠯᠢ ᠬᠡᠮᠵᠢᠶᠡᠨ᠎ᠦ ᠤᠰᠤ ᠲᠠᠯᠪᠢᠬᠤ ᠲᠣᠨᠣᠭᠯᠠᠯ᠎ᠢ ᠰᠤᠳᠤᠯᠤᠨ ᠨᠡᠭᠡᠭᠡᠵᠦ ᠂ ᠬᠣᠭᠣᠯᠠᠢ ᠲᠠᠭᠠᠷᠠᠭᠤᠯᠬᠤ᠎ᠠᠴᠠ ᠪᠣᠯᠤᠭᠰᠠᠨ ᠤᠰᠤ ᠣᠷᠣᠭᠤᠯᠬᠤ ᠠᠮᠠᠰᠠᠷ᠎ᠤᠨ ᠤᠰᠤᠨ᠎ᠤ ᠬᠡᠮᠵᠢᠶ᠎ᠡ ᠲᠡᠩᠴᠡᠭᠦᠷᠢ ᠦᠭᠡᠢ ᠪᠠᠢᠬᠤ ᠠᠰᠠᠭᠤᠳᠠᠯ᠎ᠠᠴᠠ ᠵᠠᠢᠯᠠᠰᠬᠢᠨ᠎ᠡ ᠃ ᠣᠶᠤᠨᠲᠤ ᠤᠰᠤᠨ᠎ᠤ ᠴᠢᠨᠠᠷ᠎ᠢ ᠬᠢᠨᠠᠨ ᠬᠡᠮᠵᠢᠬᠦ ᠪᠠ ᠠᠦ᠋ᠲ᠋ᠣ᠋ ᠡᠮ ᠨᠡᠮᠡᠬᠦ ᠰᠢᠰᠲᠧᠮ᠎ᠢ ᠨᠡᠭᠡᠭᠡᠨ ᠬᠥᠭᠵᠢᠭᠦᠯᠵᠦ ᠂ ᠤᠰᠤᠨ᠎ᠤ ᠴᠢᠨᠠᠷ᠎ᠤᠨ ᠬᠤᠪᠢᠷᠠᠯᠲᠠ᠎ᠶᠢ ᠴᠠᠭ ᠲᠤᠬᠠᠢ ᠳ᠋ᠤᠨᠢ ᠬᠢᠨᠠᠨ ᠡᠵᠡᠮᠳᠡᠵᠦ ᠂ ᠨᠠᠷᠢᠯᠢᠭ᠋ ᠣᠨᠣᠴᠠᠲᠠᠢ᠎ᠪᠠᠷ ᠡᠮ ᠬᠢᠵᠦ ᠭᠬᠢᠷᠲᠦᠵᠦ ᠢᠳᠡᠭᠳᠡᠬᠦ᠎ᠡᠴᠡ ᠰᠡᠷᠭᠡᠢᠯᠡᠨ᠎ᠡ ᠃ ᠥᠨᠳᠥᠷ ᠦᠷ᠎ᠡ ᠠᠰᠢᠭ᠋᠎ᠲᠠᠢ ᠬᠤᠷᠠᠮᠠᠯ ᠮᠠᠲᠧᠷᠢᠶᠠᠯ ᠨᠡᠮᠡᠬᠦ ᠂ ᠣᠶᠤᠨᠴᠢ᠎ᠪᠠᠷ ᠤᠰᠤ ᠪᠠᠢᠷᠢᠯᠠᠭᠤᠯᠬᠤ ᠂ ᠤᠰᠤᠨ᠎ᠤ ᠴᠢᠨᠠᠷ᠎ᠢ ᠬᠠᠮᠢᠶᠠᠷᠤᠨ ᠡᠵᠡᠮᠳᠡᠬᠦ ᠰᠢᠰᠲᠧᠮ᠎ᠦᠨ ᠥᠨᠳᠥᠷ ᠦᠷ᠎ᠡ ᠠᠰᠢᠭ᠋᠎ᠲᠠᠢ ᠵᠠᠳᠠᠭᠠᠢ ᠬᠡᠯᠪᠡᠷᠢ᠎ᠶᠢᠨ ᠬᠥᠷᠥᠭᠡᠬᠦ ᠰᠤᠪᠤᠷᠭ᠎ᠠ ᠂ ᠡᠪᠴᠡᠯ᠎ᠦᠨ ᠵᠦᠷᠢᠶᠡᠴᠢᠯᠡᠭᠰᠡᠨ ᠤᠰᠤ ᠠᠷᠪᠢᠯᠠᠵᠤ ᠮᠠᠨᠠᠨ ᠠᠷᠢᠯᠭᠠᠬᠤ ᠮᠡᠷᠭᠡᠵᠢᠯ᠎ᠢ ᠳᠡᠯᠭᠡᠷᠡᠭᠦᠯᠵᠦ ᠂ ᠬᠥᠷᠥᠭᠡᠬᠦ ᠦᠷ᠎ᠡ ᠪᠦᠲᠦᠮᠵᠢ ᠪᠠ ᠤᠰᠤ ᠠᠷᠪᠢᠯᠠᠬᠤ ᠴᠢᠳᠠᠮᠵᠢ᠎ᠶᠢ ᠳᠡᠭᠡᠭᠰᠢᠯᠡᠭᠦᠯᠦᠨ᠎ᠡ᠃
      3. ᠪᠢᠲᠡᠭᠦᠦ ᠬᠡᠯᠪᠡᠷᠢ᠎ᠶᠢᠨ ᠬᠥᠷᠥᠭᠡᠯᠲᠡ᠎ᠶᠢᠨ ᠡᠷᠭᠢᠯᠲᠡ᠎ᠶᠢᠨ ᠲᠣᠨᠣᠭᠯᠠᠯ᠃ ᠥᠨᠳᠥᠷ ᠦᠷ᠎ᠡ ᠠᠰᠢᠭ᠋᠎ᠲᠠᠢ ᠢᠯᠴᠢ᠎ᠶᠢᠨ ᠰᠣᠯᠢᠯᠴᠠᠭᠤᠷ ᠪᠣᠯᠣᠨ ᠪᠢᠲᠡᠭᠦᠮᠵᠢᠯᠡᠬᠦ ᠮᠡᠷᠭᠡᠵᠢᠯ᠎ᠦᠨ ᠪᠡᠷᠬᠡ ᠰᠡᠳᠦᠪ᠎ᠢ ᠭᠣᠣᠯᠳᠠᠯᠭ᠎ᠠ᠎ᠲᠠᠢ ᠰᠢᠢᠳᠪᠦᠷᠢᠯᠡᠵᠦ᠂ ᠢᠯᠴᠢ᠎ᠶᠢᠨ ᠬᠣᠭᠣᠯᠠᠢ᠎ᠶᠢ ᠰᠣᠯᠢᠬᠤ ᠮᠠᠲᠧᠷᠢᠶᠠᠯ᠎ᠤᠨ ᠴᠢᠨᠠᠷ ᠪᠣᠯᠣᠨ ᠪᠦᠲᠦᠴᠡ᠎ᠶᠢ ᠰᠢᠯᠢᠳᠡᠭᠵᠢᠭᠦᠯᠦᠨ᠂ ᠤᠰᠤ᠎ᠶᠢ ᠲᠦᠷᠭᠡᠨ ᠭᠣᠭᠣᠵᠢᠭᠤᠯᠤᠨ ᠬᠥᠯᠳᠡᠬᠦ᠎ᠡᠴᠡ ᠰᠡᠷᠭᠡᠢᠯᠡᠬᠦ ᠪᠠ ᠬᠣᠭᠣᠯᠠᠢ᠎ᠶᠢᠨ ᠭᠠᠳᠠᠨ᠎ᠠ ᠬᠠᠭ ᠰᠠᠭᠤᠬᠤ ᠮᠡᠷᠭᠡᠵᠢᠯ᠎ᠢ ᠰᠢᠪᠲᠤᠯᠤᠨ᠂ ᠢᠯᠴᠢ ᠰᠣᠯᠢᠯᠴᠠᠬᠤ ᠢᠯᠡᠳᠬᠡᠮᠵᠢ᠎ᠶᠢ ᠳᠡᠭᠡᠭᠰᠢᠯᠡᠭᠦᠯᠵᠦ᠂ ᠢᠳᠡᠭᠳᠡᠯ᠎ᠢ ᠡᠰᠡᠷᠭᠦᠴᠡᠬᠦ ᠴᠢᠳᠠᠪᠤᠷᠢ ᠪᠣᠯᠣᠨ ᠪᠢᠲᠡᠭᠦᠮᠵᠢᠯᠡᠬᠦ ᠨᠠᠢᠳᠠᠪᠤᠷᠢᠲᠤ ᠴᠢᠨᠠᠷ᠎ᠢ ᠨᠡᠮᠡᠭᠳᠡᠭᠦᠯᠦᠨ᠎ᠡ᠃ ᠳᠠᠪᠲᠠᠮᠵᠢ ᠬᠤᠪᠢᠷᠠᠭᠠᠬᠤ ᠣᠶᠤᠨᠲᠤ ᠡᠷᠭᠢᠯᠲᠡ᠎ᠶᠢᠨ ᠬᠥᠭᠡᠷᠭᠡ᠎ᠶᠢᠨ ᠡᠵᠡᠮᠳᠡᠬᠦ ᠮᠡᠷᠭᠡᠵᠢᠯ᠎ᠢ ᠰᠢᠪᠲᠤᠯᠵᠤ ᠂ ᠤᠷᠤᠰᠬᠠᠯ᠎ᠤᠨ ᠬᠡᠮᠵᠢᠶ᠎ᠡ ᠬᠢᠭᠡᠳ ᠳᠠᠷᠤᠯᠲᠠ᠎ᠶᠢᠨ ᠬᠥᠳᠡᠯᠦᠩᠭᠦᠢ ᠲᠣᠬᠢᠷᠠᠭᠤᠯᠤᠯᠲᠠ᠎ᠶᠢ ᠪᠡᠶᠡᠯᠡᠭᠦᠯᠦᠨ᠎ᠡ ᠃ ᠪᠢᠲᠡᠭᠦᠦ ᠬᠡᠯᠪᠡᠷᠢ᠎ᠶᠢᠨ ᠳᠡᠯᠡᠬᠦ ᠤᠰᠤᠨ ᠬᠠᠢᠷᠴᠠᠭ᠎ᠤᠨ ᠨᠠᠷᠢᠯᠢᠭ᠋ ᠣᠨᠣᠴᠠᠲᠠᠢ᠎ᠪᠠᠷ ᠳᠠᠷᠤᠯᠲᠠ ᠲᠣᠭᠲᠠᠪᠤᠷᠢᠵᠢᠭᠤᠯᠬᠤ ᠰᠢᠰᠲᠧᠮ ᠬᠢᠭᠡᠳ ᠰᠦᠯᠵᠢᠶᠡᠨ ᠳᠡᠭᠡᠷᠡᠬᠢ ᠭᠣᠭᠣᠵᠢᠯᠲᠠ᠎ᠶᠢ ᠬᠢᠨᠠᠨ ᠬᠡᠮᠵᠢᠬᠦ ᠲᠣᠨᠣᠭᠯᠠᠯ᠎ᠢ ᠰᠤᠳᠤᠯᠤᠨ ᠨᠡᠭᠡᠭᠡᠵᠦ ᠂ ᠰᠢᠰᠲᠧᠮ᠎ᠦᠨ ᠳᠠᠷᠤᠯᠲᠠ᠎ᠶᠢᠨ ᠲᠣᠭᠲᠠᠭᠤᠨ ᠪᠠᠢᠬᠤ ᠪᠠ ᠵᠠᠭᠤᠴᠢ ᠪᠣᠳᠠᠰ᠎ᠤᠨ ᠥᠴᠥᠬᠡᠨ ᠴᠦ᠍ ᠭᠣᠭᠣᠵᠢᠯᠲᠠ ᠦᠭᠡᠢ ᠪᠠᠢᠬᠤ᠎ᠶᠢ ᠪᠠᠲᠤᠯᠠᠨ᠎ᠠ ᠃ ᠥᠨᠳᠥᠷ ᠪᠦᠲᠦᠮᠵᠢᠲᠡᠶ᠎ᠪᠡᠷ ᠢᠯᠴᠢ ᠰᠣᠯᠢᠯᠴᠠᠬᠤ᠂ ᠣᠶᠤᠨᠴᠢ᠎ᠪᠠᠷ ᠲᠣᠬᠢᠷᠠᠭᠤᠯᠤᠨ ᠡᠵᠡᠮᠳᠡᠬᠦ᠂ ᠪᠦᠬᠦᠨ᠎ᠢ ᠪᠢᠲᠡᠭᠦᠮᠵᠢᠯᠡᠨ ᠠᠵᠢᠯᠯᠠᠭᠤᠯᠬᠤ ᠪᠢᠲᠡᠭᠦᠦ ᠬᠡᠯᠪᠡᠷᠢ᠎ᠶᠢᠨ ᠬᠥᠷᠥᠭᠡᠬᠦ ᠡᠷᠭᠢᠯᠲᠡ᠎ᠶᠢᠨ ᠲᠣᠨᠣᠭᠯᠠᠯ᠎ᠢ ᠳᠡᠯᠭᠡᠷᠡᠭᠦᠯᠦᠨ᠎ᠡ᠃
      4. ᠳ᠋ᠠᠢᠲ᠋ᠠ᠎ᠶᠢᠨ ᠲᠥᠪ᠎ᠦᠨ ᠰᠢᠩᠭᠡᠨ ᠬᠥᠷᠥᠭᠡᠯᠲᠡ᠎ᠶᠢᠨ ᠲᠣᠨᠣᠭᠯᠠᠯ ᠃ ᠰᠢᠩᠭᠡᠨ ᠬᠥᠷᠥᠭᠡᠯᠲᠡ᠎ᠶᠢᠨ ᠦᠢᠯᠡᠴᠢᠯᠡᠭᠦᠷ᠎ᠦᠨ ᠬᠡᠰᠡᠭᠴᠢᠯᠡᠭᠰᠡᠨ ᠵᠢᠷᠤᠭ ᠲᠥᠯᠥᠪᠯᠡᠭᠡ ᠵᠢᠴᠢ ᠰᠢᠩᠭᠡᠨ ᠬᠥᠷᠥᠭᠡᠯᠲᠡ᠎ᠶᠢᠨ ᠰᠢᠰᠲᠧᠮ ᠬᠢᠭᠡᠳ ᠲᠣᠭ᠎ᠠ ᠪᠠᠷᠢᠮᠲᠠ᠎ᠶᠢᠨ ᠲᠥᠪ᠎ᠦᠨ ᠣᠲᠣ᠌᠎ᠶᠢᠨ ᠪᠠᠢᠭ᠎ᠠ ᠪᠦᠲᠦᠴᠡ᠎ᠶᠢᠨ ᠪᠠᠭᠲᠠᠭᠠᠮᠵᠢᠲᠤ ᠴᠢᠨᠠᠷᠲᠠᠢ ᠲᠣᠬᠢᠷᠠᠭᠤᠯᠬᠤ ᠲᠣᠨᠣᠭᠯᠠᠯ᠎ᠤᠨ ᠪᠡᠷᠬᠡ ᠰᠡᠳᠦᠪ᠎ᠢ ᠭᠣᠣᠯᠳᠠᠯᠭ᠎ᠠ᠎ᠲᠠᠢ ᠰᠢᠢᠳᠪᠦᠷᠢᠯᠡᠨ᠎ᠡ ᠃ ᠬᠥᠷᠥᠭᠡᠯᠲᠡ᠎ᠶᠢᠨ ᠰᠢᠩᠭᠡᠨ᠎ᠤ ᠤᠰᠤᠨ᠎ᠤ ᠬᠣᠣᠰ ᠪᠤᠴᠠᠯᠲᠠ᠎ᠶᠢᠨ ᠵᠠᠮ᠎ᠤᠨ ᠢᠯᠴᠢ᠎ᠶᠢ ᠡᠭᠡᠭᠦᠯᠦᠨ ᠬᠤᠷᠢᠶᠠᠬᠤ ᠪᠠ ᠳᠠᠬᠢᠯᠲᠠ ᠤᠰᠤᠨ᠎ᠤ ᠬᠠᠩᠭᠠᠯᠭ᠎ᠠ᠎ᠶᠢᠨ ᠠᠭᠤᠯᠵᠠᠷ ᠰᠤᠳᠤᠯᠤᠨ ᠨᠡᠭᠡᠭᠡᠵᠦ ᠂ ᠴᠠᠷᠴᠠᠭᠠᠬᠤ ᠤᠰᠤ ᠂ ᠭᠠᠳᠠᠭᠰᠢᠯᠠᠭᠤᠯᠬᠤ ᠰᠢᠩᠭᠡᠨ᠎ᠢ ᠰᠦᠯᠵᠢᠶᠡᠨ ᠳᠡᠭᠡᠷ᠎ᠡ ᠱᠦᠭᠦᠵᠦ ᠪᠤᠴᠠᠭᠠᠨ ᠬᠡᠷᠡᠭᠯᠡᠬᠦ᠎ᠶᠢ ᠪᠡᠶᠡᠯᠡᠭᠦᠯᠵᠦ ᠂ ᠬᠥᠷᠥᠭᠡᠯᠲᠡ᠎ᠶᠢᠨ ᠰᠢᠰᠲᠧᠮ᠎ᠦᠨ ᠰᠢᠨ᠎ᠡ ᠤᠰᠤ᠎ᠶᠢ ᠠᠪᠴᠤ ᠬᠡᠷᠡᠭᠯᠡᠬᠦ᠎ᠶᠢ ᠪᠠᠭᠠᠰᠬᠠᠨ᠎ᠠ ᠃ ᠬᠦᠢᠲᠡᠨ ᠬᠠᠪᠲᠠᠰᠤ ᠮᠠᠶᠢᠭ᠋᠎ᠤᠨ ᠂ ᠤᠰᠤᠨ᠎ᠳᠤ ᠳᠡᠪᠲᠦᠭᠡᠬᠦ ᠮᠠᠶᠢᠭ᠋᠎ᠤᠨ ᠂ ᠰᠦᠷᠴᠢᠮᠡᠯ ᠮᠠᠶᠢᠭ᠋᠎ᠤᠨ ᠰᠢᠩᠭᠡᠨ᠎ᠢᠶᠡᠷ ᠬᠥᠷᠥᠭᠡᠬᠦ ᠲᠣᠨᠣᠭ ᠲᠥᠬᠦᠭᠡᠷᠦᠮᠵᠢ᠎ᠶᠢᠨ ᠬᠡᠷᠡᠭᠯᠡᠯᠲᠡ᠎ᠶᠢ ᠳᠡᠯᠭᠡᠷᠡᠭᠦᠯᠵᠦ ᠂ ᠪᠢᠲᠡᠭᠦᠮᠵᠢᠯᠡᠭᠰᠡᠨ ᠡᠷᠭᠢᠯᠲᠡ᠎ᠶᠢᠨ ᠵᠢᠷᠤᠭ ᠲᠥᠯᠥᠪᠯᠡᠭᠡ᠎ᠪᠡᠷ ᠳᠠᠮᠵᠢᠭᠤᠯᠤᠨ ᠤᠰᠤᠨ᠎ᠤ ᠡᠬᠢ ᠪᠠᠶᠠᠯᠢᠭ᠋᠎ᠤᠨ ᠠᠭᠤᠷᠰᠢᠯᠲᠠ᠎ᠶᠢᠨ ᠬᠣᠬᠢᠷᠠᠯ᠎ᠢ ᠪᠠᠭᠠᠰᠬᠠᠨ᠎ᠠ ᠃
      ( ᠵᠢᠷᠭᠤᠭ᠎ᠠ ) ᠴᠠᠷᠴᠠᠭᠰᠠᠨ ᠤᠰᠤ᠎ᠶᠢ ᠡᠭᠡᠭᠦᠯᠦᠨ ᠬᠤᠷᠢᠶᠠᠵᠤ ᠠᠰᠢᠭ᠍ᠯᠠᠬᠤ ᠲᠣᠨᠣᠭᠯᠠᠯ ᠃ ᠠᠵᠤ ᠦᠢᠯᠡᠳᠪᠦᠷᠢ᠎ᠶᠢᠨ ᠢᠯᠴᠢ᠎ᠶᠢᠨ ᠬᠦᠴᠦᠨ᠎ᠦ ᠰᠢᠰᠲᠧᠮ᠎ᠦᠨ ᠤᠰᠤ ᠠᠷᠪᠢᠯᠠᠬᠤ ᠬᠡᠷᠡᠭᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ ᠂ ᠴᠠᠷᠴᠠᠮᠠᠯ ᠤᠰᠤ᠎ᠶᠢ ᠡᠭᠡᠭᠦᠯᠦᠨ ᠬᠤᠷᠢᠶᠠᠵᠤ ᠠᠰᠢᠭ᠍ᠯᠠᠬᠤ ᠵᠠᠩᠭᠢᠯᠠᠭ᠎ᠠ᠎ᠶᠢᠨ ᠲᠣᠨᠣᠭᠯᠠᠯ᠎ᠢ ᠰᠢᠪᠲᠤᠯᠬᠤ᠎ᠶᠢ ᠲᠦᠷᠭᠡᠳᠬᠡᠵᠦ ᠂ ᠥᠨᠳᠥᠷ ᠦᠷ᠎ᠡ ᠪᠦᠲᠦᠮᠵᠢᠲᠡᠶ ᠬᠤᠷᠠᠮᠠᠯ ᠮᠠᠶᠢᠭ᠋᠎ᠤᠨ ᠴᠠᠷᠴᠠᠮᠠᠯ ᠤᠰᠤ᠎ᠶᠢ ᠡᠭᠡᠭᠦᠯᠦᠨ ᠬᠤᠷᠢᠶᠠᠬᠤ ᠲᠣᠨᠣᠭᠯᠠᠯ᠎ᠢ ᠰᠤᠳᠤᠯᠤᠨ ᠨᠡᠭᠡᠭᠡᠵᠦ ᠂ ᠬᠡᠢ ᠰᠢᠩᠭᠡᠨ᠎ᠢ ᠰᠠᠯᠭᠠᠬᠤ ᠮᠡᠷᠭᠡᠵᠢᠯ ᠬᠢᠭᠡᠳ ᠣᠶᠤᠨᠴᠢ᠎ᠪᠠᠷ ᠳᠠᠷᠤᠯᠲᠠ ᠲᠣᠬᠢᠷᠠᠭᠤᠯᠬᠤ ᠂ ᠣᠯᠠᠨ ᠱᠠᠲᠤ᠎ᠪᠠᠷ ᠱᠦᠭᠦᠬᠦ ᠂ ᠢᠯᠵᠢᠷᠡᠬᠦ᠎ᠶᠢ ᠰᠡᠷᠭᠡᠢᠯᠡᠨ ᠭᠬᠢᠷ ᠪᠤᠷᠲᠠᠭ᠎ᠢ ᠬᠣᠷᠢᠭ᠍ᠯᠠᠬᠤ ᠵᠡᠷᠭᠡ ᠲᠣᠨᠣᠭᠯᠠᠯ᠎ᠤᠨ ᠭᠦᠨ ᠠᠭᠤᠰᠤᠯᠴᠠᠬᠤ᠎ᠶᠢ ᠠᠬᠢᠭᠤᠯᠤᠨ᠎ᠠ ᠃ ᠥᠨᠳᠥᠷ ᠳᠤᠯᠠᠭᠠᠨ ᠥᠨᠳᠥᠷ ᠳᠠᠷᠤᠯᠲᠠᠲᠤ ᠂ ᠬᠣᠯᠢᠴᠠ ᠶᠡᠬᠡᠲᠡᠢ ᠠᠵᠢᠯ᠎ᠤᠨ ᠪᠠᠢᠳᠠᠯ ᠳᠣᠣᠷᠠᠬᠢ ᠴᠠᠷᠴᠠᠭᠰᠠᠨ ᠤᠰᠤ᠎ᠶᠢ ᠲᠣᠭᠲᠠᠭᠤᠨ᠎ᠢᠶᠠᠷ ᠬᠣᠷᠢᠶᠠᠨ ᠴᠤᠭᠯᠠᠭᠤᠯᠬᠤ ᠪᠠ ᠥᠨᠳᠥᠷ ᠦᠷ᠎ᠡ ᠪᠦᠲᠦᠮᠵᠢᠲᠡᠶ᠎ᠪᠡᠷ ᠴᠡᠪᠡᠷᠰᠢᠭᠦᠯᠬᠦ ᠪᠡᠷᠬᠡ ᠰᠡᠳᠦᠪ᠎ᠢ ᠰᠢᠢᠳᠪᠦᠷᠢᠯᠡᠵᠦ ᠂ ᠠᠳᠠᠯᠢ ᠪᠤᠰᠤ ᠠᠵᠢᠯ ᠲᠥᠷᠥᠯ᠎ᠦᠨ ᠢᠯᠴᠢ᠎ᠶᠢᠨ ᠬᠦᠴᠦᠨ᠎ᠦ ᠰᠢᠰᠲᠧᠮ᠎ᠦᠨ ᠴᠠᠷᠴᠠᠭᠰᠠᠨ ᠤᠰᠤ᠎ᠶᠢ ᠨᠠᠷᠢᠯᠢᠭ᠋ ᠣᠨᠣᠴᠠᠲᠠᠢ᠎ᠪᠠᠷ ᠬᠣᠷᠢᠶᠠᠨ ᠠᠪᠴᠤ ᠠᠰᠢᠭ᠍ᠯᠠᠬᠤ᠎ᠶᠢ ᠪᠡᠶᠡᠯᠡᠭᠦᠯᠦᠨ᠎ᠡ ᠃ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠬᠤ ᠬᠡᠯᠪᠡᠷᠢ᠎ᠶᠢᠨ ᠠᠭᠤᠷ᠎ᠤᠨ ᠤᠰᠤ ᠲᠠᠷᠬᠠᠭᠠᠬᠤ ᠨᠡᠭᠡᠯᠡᠭᠡᠢ᠎ᠶᠢ ᠰᠤᠳᠤᠯᠤᠨ ᠨᠡᠭᠡᠭᠡᠵᠦ ᠂ ᠤᠰᠤ ᠲᠠᠷᠬᠠᠭᠠᠬᠤ ᠨᠡᠭᠡᠯᠡᠭᠡᠢ᠎ᠶᠢᠨ ᠪᠢᠲᠡᠭᠦᠮᠵᠢᠯᠡᠬᠦ ᠴᠢᠨᠠᠷ ᠂ ᠢᠳᠡᠭᠳᠡᠯ᠎ᠳᠦ ᠳᠠᠭᠠᠭᠠᠮᠠᠭᠠᠢ ᠴᠢᠨᠠᠷ ᠪᠠ ᠳᠠᠭᠠᠬᠤ᠎ᠶᠢᠨ ᠰᠣᠷᠭᠣᠭ᠎ᠤᠨ ᠬᠡᠮᠵᠢᠶ᠎ᠡ᠎ᠶᠢ ᠳᠡᠭᠡᠭᠰᠢᠯᠡᠭᠦᠯᠦᠨ ᠂ ᠠᠭᠤᠷ᠎ᠤᠨ ᠯᠡᠪᠡᠷᠡᠬᠦ ᠨᠣᠷᠮ᠎ᠠ᠎ᠶᠢ ᠪᠦᠲᠦᠮᠵᠢᠲᠡᠶ ᠪᠠᠭᠤᠷᠠᠭᠤᠯᠵᠤ ᠂ ᠠᠭᠤᠷ᠎ᠤᠨ ᠰᠢᠰᠲᠧᠮ᠎ᠦᠨ ᠥᠨᠳᠥᠷ ᠦᠷ᠎ᠡ ᠪᠦᠲᠦᠮᠵᠢᠲᠡᠶ᠎ᠪᠡᠷ ᠠᠵᠢᠯᠯᠠᠬᠤ᠎ᠶᠢ ᠪᠠᠲᠤᠯᠠᠨ᠎ᠠ ᠃ ᠬᠡᠰᠡᠭᠴᠢᠯᠡᠭᠰᠡᠨ ᠤᠶᠤᠯᠢᠭ᠋ ᠴᠠᠷᠴᠠᠮᠠᠯ ᠤᠰᠤ᠎ᠶᠢ ᠡᠭᠡᠭᠦᠯᠦᠨ ᠬᠤᠷᠢᠶᠠᠬᠤ ᠲᠣᠨᠣᠭᠯᠠᠯ ᠂ ᠬᠤᠷᠠᠮᠠᠯ ᠳᠤᠯᠠᠭᠠᠨ᠎ᠤ ᠬᠡᠮᠵᠢᠶ᠎ᠡ ᠂ ᠳᠠᠷᠤᠯᠲᠠ ᠂ ᠤᠰᠤᠨ᠎ᠤ ᠴᠢᠨᠠᠷ᠎ᠤᠨ ᠰᠡᠷᠡᠯ ᠳᠠᠮᠵᠢᠭᠤᠯᠤᠭᠤᠷ ᠪᠠ ᠳᠠᠪᠲᠠᠮᠵᠢ ᠬᠤᠪᠢᠷᠠᠭᠠᠬᠤ᠎ᠶᠢ ᠡᠵᠡᠮᠳᠡᠬᠦ ᠲᠣᠨᠣᠭᠯᠠᠯ᠎ᠢ ᠰᠤᠳᠤᠯᠤᠨ ᠨᠡᠭᠡᠭᠡᠵᠦ ᠂ ᠴᠠᠷᠴᠠᠮᠠᠯ ᠤᠰᠤ᠎ᠶᠢ ᠡᠭᠡᠭᠦᠯᠦᠨ ᠬᠤᠷᠢᠶᠠᠬᠤ ᠶᠠᠪᠤᠴᠠ᠎ᠶᠢᠨ ᠠᠦ᠋ᠲ᠋ᠣ᠋ ᠬᠢᠨᠠᠨ ᠬᠡᠮᠵᠢᠯᠲᠡ ᠪᠠ ᠬᠥᠳᠡᠯᠦᠩᠭᠦᠢ ᠲᠣᠬᠢᠷᠠᠭᠤᠯᠤᠯ ᠡᠵᠡᠮᠳᠡᠯ᠎ᠢ ᠪᠡᠶᠡᠯᠡᠭᠦᠯᠦᠨ᠎ᠡ ᠃
      ( ᠳᠣᠯᠣᠭ᠎ᠠ ) ᠥᠨᠳᠥᠷ ᠦᠷ᠎ᠡ ᠠᠰᠢᠭ᠍ᠲᠤ ᠤᠰᠤ ᠠᠷᠪᠢᠯᠠᠬᠤ ᠤᠰᠤᠯᠠᠯᠲᠠ᠎ᠶᠢᠨ ᠲᠣᠨᠣᠭᠯᠠᠯ ᠃ ᠨᠠᠷᠢᠯᠢᠭ᠍ᠵᠢᠭᠤᠯᠤᠭᠰᠠᠨ᠂ ᠣᠶᠤᠨᠴᠢᠯᠠᠭᠰᠠᠨ ᠤᠰᠤᠯᠠᠯᠲᠠ᠎ᠶᠢᠨ ᠬᠡᠷᠡᠭᠴᠡᠭᠡ ᠱᠠᠭᠠᠷᠳᠠᠯᠭ᠎ᠠ᠎ᠳᠦ ᠬᠠᠨᠳᠤᠭᠤᠯᠤᠨ᠂ ᠤᠰᠤ ᠠᠷᠪᠢᠯᠠᠬᠤ ᠮᠠᠶᠢᠭ᠋᠎ᠤᠨ ᠪᠢᠴᠢᠯ ᠤᠰᠤᠯᠠᠯᠲᠠ᠂ ᠰᠦᠷᠴᠢᠨ ᠤᠰᠤᠯᠠᠬᠤ ᠵᠠᠩᠭᠢᠯᠠᠭ᠎ᠠ᠎ᠶᠢᠨ ᠲᠣᠨᠣᠭᠯᠠᠯ ᠬᠢᠭᠡᠳ ᠮᠡᠷᠭᠡᠵᠢᠯ᠎ᠤᠨ ᠰᠢᠪᠲᠤᠯᠤᠯᠲᠠ᠎ᠶᠢ ᠭᠣᠣᠯᠳᠠᠯᠭ᠎ᠠ᠎ᠲᠠᠢ ᠬᠢᠨ᠎ᠡ᠃ ᠥᠨᠳᠥᠷ ᠨᠠᠷᠢᠯᠢᠭ᠋ ᠂ ᠪᠥᠭᠯᠡᠷᠡᠯ᠎ᠢ ᠡᠰᠡᠷᠭᠦᠴᠡᠬᠦ ᠲᠣᠰᠣᠯᠠᠭᠤᠷ ᠪᠠ ᠪᠢᠴᠢᠯ ᠳᠠᠷᠤᠯᠲᠠᠲᠤ ᠰᠦᠷᠴᠢᠭᠦᠷ᠎ᠢ ᠰᠤᠳᠤᠯᠤᠨ ᠦᠢᠯᠡᠳᠴᠦ ᠂ ᠪᠦᠲᠦᠴᠡ ᠵᠢᠴᠢ ᠮᠠᠲᠧᠷᠢᠶᠠᠯ᠎ᠤᠨ ᠵᠢᠷᠤᠭ ᠲᠥᠯᠥᠪᠯᠡᠭᠡ᠎ᠶᠢ ᠰᠢᠯᠢᠳᠡᠭᠵᠢᠭᠦᠯᠦᠨ ᠂ ᠭᠠᠷᠬᠤ ᠤᠰᠤᠨ᠎ᠤ ᠵᠢᠭᠳᠡ ᠴᠢᠨᠠᠷ ᠪᠠ ᠬᠡᠷᠡᠭᠯᠡᠭᠡᠨ᠎ᠦ ᠠᠮᠢ ᠨᠠᠰᠤ᠎ᠶᠢ ᠳᠡᠭᠡᠭᠰᠢᠯᠡᠭᠦᠯᠦᠨ᠎ᠡ ᠃ ᠬᠤᠯᠠ ᠵᠠᠶ᠋ᠢᠲᠤ ᠪᠠᠭ᠎ᠠ ᠤᠷᠤᠰᠬᠠᠯᠲᠤ ᠳᠤᠰᠤᠯᠭᠠᠨ ᠤᠰᠤᠯᠠᠬᠤ ᠪᠦᠰᠡ᠂ ᠤᠶᠤᠯᠢᠭ᠋ ᠤᠰᠤᠯᠠᠯᠲᠠ᠎ᠶᠢ ᠡᠵᠡᠮᠳᠡᠬᠦ ᠰᠢᠰᠲᠧᠮ᠎ᠢ ᠨᠡᠭᠡᠭᠡᠨ ᠬᠥᠭᠵᠢᠭᠦᠯᠵᠦ᠂ ᠨᠠᠷᠢᠯᠢᠭ᠋ ᠣᠨᠣᠴᠠᠲᠠᠢ᠎ᠪᠠᠷ ᠤᠰᠤᠯᠠᠬᠤ᠎ᠶᠢ ᠪᠡᠶᠡᠯᠡᠭᠦᠯᠦᠨ᠎ᠡ᠃
ᠳᠥᠷᠪᠡ ᠂ ᠬᠠᠶᠠᠭᠳᠠᠮᠠᠯ ᠤᠰᠤ᠎ᠶᠢ ᠡᠷᠭᠢᠯᠳᠦᠭᠦᠯᠦᠨ ᠠᠰᠢᠭ᠍ᠯᠠᠬᠤ ᠲᠣᠨᠣᠭᠯᠠᠯ᠎ᠦᠨ ᠮᠡᠷᠭᠡᠵᠢᠯ᠎ᠦᠨ ᠪᠣᠭᠣᠮᠢ᠎ᠶᠢ ᠰᠢᠪᠲᠤᠯᠤᠨ᠎ᠠ
      ( ᠨᠠᠢ᠍ᠮᠠ ) ᠪᠦᠷᠬᠦᠪᠴᠢ᠎ᠶᠢ ᠰᠠᠯᠭᠠᠬᠤ ᠲᠣᠨᠣᠭᠯᠠᠯ ᠃ ᠠᠳᠠᠯᠢ ᠪᠤᠰᠤ ᠤᠰᠤᠨ᠎ᠤ ᠴᠢᠨᠠᠷ᠎ᠲᠠᠢ ᠠᠵᠤ ᠦᠢᠯᠡᠳᠪᠦᠷᠢ᠎ᠶᠢᠨ ᠬᠠᠶᠠᠭᠳᠠᠮᠠᠯ ᠤᠰᠤ᠎ᠶᠢ ᠡᠷᠭᠢᠯᠳᠦᠭᠦᠯᠦᠨ ᠠᠰᠢᠭ᠍ᠯᠠᠬᠤ ᠠᠬᠤᠢ ᠲᠠᠯᠠᠪᠠᠶ᠎ᠶᠢᠨ ᠪᠦᠷᠬᠦᠪᠴᠢ᠎ᠶᠢ ᠰᠠᠯᠭᠠᠬᠤ ᠲᠣᠨᠣᠭᠯᠠᠯ᠎ᠤᠨ ᠥᠨᠳᠥᠷ ᠦᠷ᠎ᠡ ᠪᠦᠲᠦᠮᠵᠢᠲᠡᠶ ᠴᠡᠪᠡᠷᠰᠢᠭᠦᠯᠬᠦ ᠬᠡᠷᠡᠭᠴᠡᠭᠡ ᠱᠠᠭᠠᠷᠳᠠᠯᠭ᠎ᠠ᠎ᠶᠢᠨ ᠲᠣᠭᠣᠷᠢᠨ᠎ᠳᠤ ᠂ ᠢᠰᠦᠯᠳᠦᠬᠦ᠎ᠶᠢ ᠳᠠᠭᠠᠭᠠᠬᠤ ᠂ ᠪᠣᠬᠢᠷᠲᠤᠯ᠎ᠢ ᠳᠠᠭᠠᠭᠠᠬᠤ ᠂ ᠥᠨᠳᠥᠷ ᠴᠢᠳᠠᠮᠵᠢ᠎ᠲᠠᠢ ᠨᠡᠪᠴᠢᠯᠲᠡ᠎ᠶᠢ ᠡᠰᠡᠷᠭᠦᠴᠡᠬᠦ ᠪᠦᠷᠬᠦᠪᠴᠢ᠎ᠶᠢᠨ ᠲᠣᠨᠣᠭᠯᠠᠯ᠎ᠤᠨ ᠪᠣᠭᠣᠮᠲᠠ᠎ᠶᠢ ᠭᠣᠣᠯᠳᠠᠯᠭ᠎ᠠ᠎ᠲᠠᠢ ᠰᠢᠪᠲᠤᠯᠵᠤ ᠂ ᠪᠦᠷᠬᠦᠪᠴᠢ᠎ᠶᠢᠨ ᠲᠣᠨᠣᠭᠯᠠᠯ᠎ᠢ ᠤᠷᠢᠳᠴᠢᠯᠠᠨ ᠰᠢᠢᠳᠪᠦᠷᠢᠯᠡᠬᠦ ᠂ ᠰᠡᠭᠦᠯᠴᠢ᠎ᠶᠢᠨ ᠰᠢᠢᠳᠪᠦᠷᠢᠯᠡᠬᠦ ᠲᠣᠨᠣᠭᠯᠠᠯ ᠯᠦ᠍ᠭᠡ ᠭᠦᠨᠵᠡᠭᠡᠢ ᠬᠤᠷᠠᠮᠳᠤᠭᠤᠯᠤᠨ ᠂ ᠥᠨᠳᠥᠷ ᠳᠠᠪᠤᠰᠤᠨ᠎ᠤ ᠬᠡᠮᠵᠢᠶ᠎ᠡ ᠂ ᠥᠨᠳᠥᠷ ᠬᠠᠲᠠᠭᠤᠴᠠ᠎ᠲᠠᠢ ᠤᠰᠤᠨ᠎ᠤ ᠴᠢᠨᠠᠷ ᠳᠣᠣᠷᠠᠬᠢ ᠲᠣᠭᠲᠠᠭᠤᠨ᠎ᠢᠶᠠᠷ ᠠᠵᠢᠯᠯᠠᠭᠤᠯᠬᠤ᠎ᠶᠢ ᠪᠡᠶᠡᠯᠡᠭᠦᠯᠦᠨ᠎ᠡ ᠃ ᠣᠶᠤᠨᠴᠢᠯᠠᠭᠰᠠᠨ ᠪᠦᠷᠬᠦᠪᠴᠢ᠎ᠶᠢ ᠰᠠᠯᠭᠠᠬᠤ ᠬᠤᠷᠠᠮᠠᠯ ᠰᠢᠰᠲᠧᠮ᠎ᠢ ᠳᠡᠮᠵᠢᠵᠦ ᠂ ᠪᠢᠴᠢᠯ ᠱᠦᠭᠦᠯᠲᠡ ᠂ ᠬᠡᠲᠦ ᠱᠦᠭᠦᠯᠲᠡ ᠂ ᠨᠠᠷᠢᠨ ᠱᠦᠭᠦᠯᠲᠡ ᠂ ᠨᠡᠪᠴᠢᠯᠲᠡ᠎ᠶᠢ ᠡᠰᠡᠷᠭᠦᠴᠡᠬᠦ ᠵᠡᠷᠭᠡ ᠣᠯᠠᠨ ᠵᠦᠢᠯ᠎ᠦᠨ ᠪᠦᠷᠬᠦᠪᠴᠢ᠎ᠶᠢᠨ ᠮᠡᠷᠭᠡᠵᠢᠯ᠎ᠢ ᠠᠭᠤᠰᠤᠯᠴᠠᠭᠤᠯᠤᠨ ᠂ ᠤᠰᠤᠨ᠎ᠤ ᠴᠢᠨᠠᠷ᠎ᠤᠨ ᠰᠡᠷᠡᠯ ᠳᠠᠮᠵᠢᠭᠤᠯᠤᠭᠤᠷ ᠂ ᠣᠶᠤᠨᠴᠢ ᠡᠵᠡᠮᠰᠢᠯ᠎ᠦᠨ ᠰᠢᠰᠲᠧᠮ ᠬᠢᠭᠡᠳ ᠠᠯᠤᠰ᠎ᠠᠴᠠ ᠬᠢᠨᠠᠨ ᠡᠵᠡᠮᠳᠡᠬᠦ ᠬᠡᠰᠡᠭ᠎ᠢ ᠬᠤᠷᠠᠮᠳᠤᠭᠤᠯᠤᠨ ᠂ ᠣᠯᠠᠨ ᠪᠦᠷᠬᠦᠪᠴᠢ᠎ᠶᠢᠨ ᠰᠢᠰᠲᠧᠮ᠎ᠦᠨ ᠬᠠᠮᠵᠢᠯᠴᠠᠨ ᠠᠵᠢᠯᠯᠠᠬᠤ ᠂ ᠠᠦ᠋ᠲ᠋ᠣ᠋ ᠬᠢᠨᠠᠨ ᠬᠡᠮᠵᠢᠯᠲᠡ ᠪᠠ ᠬᠥᠳᠡᠯᠦᠩᠭᠦᠢ ᠲᠣᠬᠢᠷᠠᠭᠤᠯᠤᠯ ᠡᠵᠡᠮᠳᠡᠯ᠎ᠢ ᠪᠡᠶᠡᠯᠡᠭᠦᠯᠵᠦ ᠂ ᠠᠵᠤ ᠦᠢᠯᠡᠳᠪᠦᠷᠢ᠎ᠶᠢᠨ ᠨᠠᠷᠢᠨ ᠪᠤᠳᠤᠯᠢᠶᠠᠨᠲᠠᠢ ᠤᠰᠤᠨ᠎ᠤ ᠴᠢᠨᠠᠷ᠎ᠢ ᠰᠢᠢᠳᠪᠦᠷᠢᠯᠡᠬᠦ ᠪᠠ ᠤᠰᠤᠨ᠎ᠤ ᠡᠬᠢ ᠪᠠᠶᠠᠯᠢᠭ᠋᠎ᠢ ᠥᠨᠳᠥᠷ ᠦᠷ᠎ᠡ ᠪᠦᠲᠦᠮᠵᠢᠲᠡᠶ᠎ᠪᠡᠷ ᠡᠷᠭᠢᠯᠳᠦᠭᠦᠯᠦᠨ ᠠᠰᠢᠭ᠍ᠯᠠᠬᠤ᠎ᠶᠢ ᠪᠡᠶᠡᠯᠡᠭᠦᠯᠦᠨ᠎ᠡ ᠃
      ᠲᠤᠰᠬᠠᠢ ᠪᠤᠯᠤᠩ 3 ᠄ ᠪᠦᠷᠬᠦᠪᠴᠢ᠎ᠶᠢ ᠰᠠᠯᠭᠠᠬᠤ ᠵᠠᠩᠭᠢᠯᠠᠭ᠎ᠠ᠎ᠶᠢᠨ ᠲᠣᠨᠣᠭᠯᠠᠯ᠎ᠤᠨ ᠮᠡᠷᠭᠡᠵᠢᠯ᠎ᠦᠨ ᠪᠡᠷᠬᠡ ᠰᠡᠳᠦᠪ᠎ᠢ ᠰᠢᠢᠳᠪᠦᠷᠢᠯᠡᠨ᠎ᠡ
      1. ᠪᠢᠴᠢᠯ ᠱᠦᠭᠦᠬᠦ ᠪᠦᠷᠬᠦᠪᠴᠢ᠎ᠶᠢᠨ ᠲᠣᠨᠣᠭᠯᠠᠯ ᠃ ᠪᠢᠴᠢᠯ ᠱᠦᠭᠦᠬᠦ ᠪᠦᠷᠬᠦᠪᠴᠢ᠎ᠶᠢᠨ ᠳᠡᠭᠡᠳᠦ ᠨᠠᠷᠢᠯᠢᠭ᠋ ᠵᠠᠢ ᠵᠠᠪᠰᠠᠷ᠎ᠤᠨ ᠪᠦᠲᠦᠴᠡ᠎ᠶᠢ ᠲᠣᠬᠢᠷᠠᠭᠤᠯᠤᠨ ᠡᠵᠡᠮᠳᠡᠬᠦ ᠪᠠ ᠥᠩᠭᠡᠨ ᠲᠠᠯ᠎ᠠ᠎ᠶᠢ ᠴᠢᠮᠡᠭᠯᠡᠬᠦ ᠮᠡᠷᠭᠡᠵᠢᠯ᠎ᠢ ᠭᠣᠣᠯᠳᠠᠯᠭ᠎ᠠ᠎ᠲᠠᠢ ᠰᠢᠪᠲᠤᠯᠵᠤ ᠂ ᠪᠦᠷᠬᠦᠪᠴᠢ᠎ᠶᠢᠨ ᠱᠦᠭᠦᠬᠦ ᠨᠠᠷᠢᠯᠢᠭ᠍ᠴᠠ ᠪᠠ ᠪᠥᠭᠯᠡᠷᠡᠬᠦ᠎ᠶᠢ ᠡᠰᠡᠷᠭᠦᠴᠡᠬᠦ ᠴᠢᠳᠠᠪᠤᠷᠢ᠎ᠶᠢ ᠰᠢᠯᠢᠳᠡᠭᠵᠢᠭᠦᠯᠦᠨ ᠂ ᠴᠡᠢᠳᠡᠮᠯᠢᠭ ᠲᠣᠰᠣ᠌᠎ᠶᠢ ᠰᠠᠯᠭᠠᠬᠤ ᠦᠷ᠎ᠡ ᠪᠦᠲᠦᠮᠵᠢ᠎ᠶᠢ ᠳᠡᠭᠡᠭᠰᠢᠯᠡᠭᠦᠯᠵᠦ ᠂ ᠬᠥᠪᠥᠮᠡᠯ ᠪᠣᠳᠠᠰ ᠂ ᠴᠠᠪᠠᠤᠯᠢᠭ᠋ ᠪᠡᠶ᠎ᠡ᠎ᠶᠢ ᠳᠤᠮᠳᠠ᠎ᠠᠴᠠ ᠨᠢ ᠲᠠᠰᠤᠳᠠᠨ ᠦᠯᠡᠳᠡᠭᠡᠬᠦ ᠨᠠᠷᠢᠯᠢᠭ᠍ᠴᠠ ᠪᠠ ᠨᠡᠪᠲᠡᠷᠡᠬᠦ ᠬᠡᠮᠵᠢᠶ᠎ᠡ᠎ᠶᠢᠨ ᠲᠣᠭᠲᠠᠪᠤᠷᠢᠲᠤ ᠴᠢᠨᠠᠷ᠎ᠢ ᠳᠡᠭᠡᠭᠰᠢᠯᠡᠭᠦᠯᠦᠨ᠎ᠡ ᠃ ᠪᠢᠴᠢᠯ ᠱᠦᠭᠦᠬᠦ ᠪᠦᠷᠬᠦᠪᠴᠢ᠎ᠶᠢᠨ ᠲᠣᠨᠣᠭ᠎ᠢ ᠰᠢᠪᠲᠤᠯᠤᠭᠰᠠᠨ ᠱᠦᠭᠦᠬᠦ ᠤᠷᠤᠰᠬᠠᠯ᠎ᠤᠨ ᠵᠠᠮ᠎ᠢ ᠵᠢᠷᠤᠵᠤ ᠲᠥᠯᠥᠪᠯᠡᠬᠦ ᠤᠷᠠᠯᠠᠯ᠎ᠢ ᠴᠢᠩᠭᠠᠷᠠᠭᠤᠯᠵᠤ ᠂ ᠪᠦᠷᠬᠦᠪᠴᠢ ᠠᠯᠤᠰᠯᠠᠭᠰᠠᠨ ᠳᠠᠷᠤᠯᠲᠠ᠎ᠶᠢᠨ ᠰᠦᠢᠳᠦᠯ᠎ᠢ ᠪᠠᠭᠠᠰᠬᠠᠨ᠎ᠠ ᠃ ᠣᠶᠤᠨᠲᠤ ᠯᠤᠭ᠍ᠰᠢᠯ᠎ᠤᠨ ᠡᠰᠡᠷᠭᠦ ᠤᠬᠢᠶᠠᠬᠤ ᠪᠠ ᠰᠦᠯᠵᠢᠶᠡᠨ᠎ᠳᠡᠬᠢ ᠪᠦᠷᠢᠨ ᠪᠦᠲᠦᠨ ᠴᠢᠨᠠᠷ᠎ᠤᠨ ᠪᠠᠢᠴᠠᠭᠠᠨ ᠰᠢᠯᠭᠠᠬᠤ ᠰᠢᠰᠲᠧᠮ᠎ᠢ ᠰᠤᠳᠤᠯᠤᠨ ᠨᠡᠭᠡᠭᠡᠵᠦ ᠂ ᠥᠨᠳᠥᠷ ᠦᠷ᠎ᠡ ᠪᠦᠲᠦᠮᠵᠢᠲᠡᠶ ᠪᠣᠬᠢᠷᠲᠤᠯ ᠭᠠᠳᠠᠭᠰᠢᠯᠠᠭᠤᠯᠬᠤ ᠪᠠ ᠪᠦᠷᠬᠦᠪᠴᠢ᠎ᠶᠢᠨ ᠴᠢᠳᠠᠮᠵᠢ᠎ᠶᠢ ᠴᠠᠭ ᠲᠤᠬᠠᠢ ᠳ᠋ᠤᠨᠢ ᠬᠢᠨᠠᠨ ᠬᠡᠮᠵᠢᠬᠦ᠎ᠶᠢ ᠪᠡᠶᠡᠯᠡᠭᠦᠯᠦᠨ᠎ᠡ ᠃ ᠳᠡᠭᠡᠳᠦ ᠴᠢᠳᠠᠪᠬᠢᠲᠤ ᠪᠦᠷᠬᠦᠪᠴᠢ᠎ᠶᠢᠨ ᠮᠠᠲᠧᠷᠢᠶᠠᠯ᠎ᠢ ᠠᠭᠤᠰᠤᠯᠴᠠᠭᠤᠯᠬᠤ᠎ᠶᠢ ᠳᠡᠯᠭᠡᠷᠡᠭᠦᠯᠵᠦ ᠂ ᠤᠷᠤᠰᠤᠯ ᠵᠠᠮ᠎ᠤᠨ ᠪᠦᠲᠦᠴᠡ ᠵᠢᠴᠢ ᠣᠶᠤᠨᠴᠢ᠎ᠪᠠᠷ ᠠᠵᠢᠯᠯᠠᠭᠤᠯᠵᠤ ᠪᠠᠲᠤᠯᠠᠬᠤ ᠬᠡᠰᠡᠭᠴᠢᠯᠡᠭᠰᠡᠨ ᠪᠢᠴᠢᠯ ᠱᠦᠭᠦᠬᠦ ᠪᠦᠷᠬᠦᠪᠴᠢ᠎ᠶᠢᠨ ᠲᠣᠨᠣᠭᠯᠠᠯ᠎ᠢ ᠰᠢᠨ᠎ᠡ᠎ᠪᠡᠷ ᠡᠭᠦᠳᠴᠦ ᠂ ᠱᠦᠭᠦᠬᠦ ᠶᠠᠪᠤᠴᠠ᠎ᠶᠢ ᠨᠠᠷᠢᠯᠢᠭ᠋ ᠣᠨᠣᠴᠠᠲᠠᠢ᠎ᠪᠠᠷ ᠡᠵᠡᠮᠳᠡᠬᠦ ᠪᠠ ᠥᠨᠳᠥᠷ ᠦᠷ᠎ᠡ ᠪᠦᠲᠦᠮᠵᠢᠲᠡᠶ᠎ᠪᠡᠷ ᠠᠵᠢᠯᠯᠠᠭᠤᠯᠬᠤ᠎ᠶᠢ ᠪᠡᠶᠡᠯᠡᠭᠦᠯᠦᠨ᠎ᠡ ᠃
      2. ᠬᠡᠲᠦ ᠱᠦᠭᠦᠬᠦ ᠪᠦᠷᠬᠦᠪᠴᠢ᠎ᠶᠢᠨ ᠲᠣᠨᠣᠭᠯᠠᠯ ᠃ ᠪᠣᠬᠢᠷᠲᠤᠯ᠎ᠢ ᠡᠰᠡᠷᠭᠦᠴᠡᠬᠦ ᠬᠡᠲᠦ ᠱᠦᠭᠦᠬᠦ ᠪᠦᠷᠬᠦᠪᠴᠢ᠎ᠶᠢᠨ ᠮᠠᠲᠧᠷᠢᠶᠠᠯ᠎ᠤᠨ ᠴᠢᠨᠠᠷ᠎ᠢ ᠥᠭᠡᠷᠡᠴᠢᠯᠡᠬᠦ ᠮᠡᠷᠭᠡᠵᠢᠯ᠎ᠦᠨ ᠪᠡᠷᠬᠡ ᠰᠡᠳᠦᠪ᠎ᠢ ᠭᠣᠣᠯᠳᠠᠯᠭ᠎ᠠ᠎ᠲᠠᠢ ᠰᠢᠢᠳᠪᠦᠷᠢᠯᠡᠵᠦ ᠂ ᠪᠦᠷᠬᠦᠪᠴᠢ᠎ᠶᠢᠨ ᠥᠩᠭᠡᠨ ᠲᠠᠯ᠎ᠠ᠎ᠶᠢᠨ ᠤᠰᠤᠰᠠᠭ ᠴᠢᠨᠠᠷ ᠪᠠ ᠮᠧᠬᠠᠨᠢᠭ᠋᠎ᠤᠨ ᠬᠦᠴᠦᠯᠡᠴᠡ᠎ᠶᠢ ᠳᠡᠭᠡᠭᠰᠢᠯᠡᠭᠦᠯᠦᠨ ᠂ ᠪᠦᠷᠬᠦᠪᠴᠢ᠎ᠶᠢᠨ ᠪᠣᠬᠢᠷᠲᠤᠯ᠎ᠤᠨ ᠬᠤᠷᠳᠤᠴᠠ᠎ᠶᠢ ᠪᠠᠭᠤᠷᠠᠭᠤᠯᠤᠨ᠎ᠠ ᠃ ᠬᠡᠲᠦ ᠱᠦᠭᠦᠬᠦ ᠪᠦᠷᠬᠦᠪᠴᠢ᠎ᠶᠢᠨ ᠲᠣᠨᠣᠭᠯᠠᠭᠠᠰᠤ᠎ᠶᠢᠨ ᠰᠣᠯᠪᠢᠭᠤ ᠤᠷᠤᠰᠬᠠᠯ᠎ᠢ ᠰᠢᠪᠲᠤᠯᠵᠤ ᠵᠢᠷᠤᠭᠯᠠᠨ ᠲᠥᠯᠥᠪᠯᠡᠬᠦ ᠤᠷᠠᠨ ᠳᠠᠷᠬ᠎ᠠ᠎ᠶᠢ ᠴᠢᠩᠭᠠᠷᠠᠭᠤᠯᠵᠤ ᠂ ᠤᠰᠤᠨ ᠤᠷᠤᠰᠬᠠᠯ᠎ᠤᠨ ᠲᠠᠷᠬᠠᠯᠲᠠ ᠪᠠ ᠬᠠᠢᠴᠢᠯᠠᠬᠤ ᠬᠦᠴᠦᠨ᠎ᠢ ᠰᠢᠯᠢᠳᠡᠭᠵᠢᠭᠦᠯᠦᠨ ᠂ ᠪᠥᠭᠯᠡᠷᠡᠬᠦ᠎ᠶᠢ ᠡᠰᠡᠷᠭᠦᠴᠡᠬᠦ ᠴᠢᠳᠠᠪᠤᠷᠢ᠎ᠶᠢ ᠨᠡᠮᠡᠭᠳᠡᠭᠦᠯᠦᠨ᠎ᠡ ᠃ ᠳᠤᠮᠳᠠ ᠣᠭᠲᠠᠷᠭᠤᠢ᠎ᠶᠢᠨ ᠰᠢᠷᠬᠡᠭ᠎ᠦᠨ ᠬᠡᠲᠦ ᠱᠦᠭᠦᠬᠦ ᠪᠦᠷᠬᠦᠪᠴᠢ᠎ᠶᠢ ᠰᠤᠳᠤᠯᠤᠨ ᠦᠢᠯᠡᠳᠴᠦ ᠂ ᠨᠠᠨᠦᠮᠧᠲᠷ᠎ᠤᠨ ᠲᠠᠰ᠎ᠤᠨ ᠨᠦᠬᠡᠨ᠎ᠦ ᠳ᠋ᠢᠶᠠᠮᠧᠲᠷ᠎ᠦᠨ ᠡᠵᠡᠮᠰᠢᠯ ᠪᠠ ᠳᠡᠭᠡᠳᠦ ᠨᠡᠪᠳᠡᠷᠡᠮᠵᠢᠳᠤ ᠬᠡᠮᠵᠢᠶ᠎ᠡ᠎ᠶᠢᠨ ᠴᠢᠳᠠᠮᠵᠢ᠎ᠶᠢ ᠰᠢᠪᠲᠤᠯᠤᠨ ᠭᠠᠷᠭᠠᠨ᠎ᠠ ᠃ ᠣᠶᠤᠨᠴᠢ᠎ᠪᠠᠷ ᠤᠬᠢᠶᠠᠬᠤ᠎ᠶᠢ ᠡᠰᠡᠷᠭᠦᠴᠡᠬᠦ ᠪᠠ ᠬᠢᠮᠢ᠎ᠶᠢᠨ ᠤᠬᠢᠶᠠᠨ ᠴᠡᠪᠡᠷᠯᠡᠬᠦ᠎ᠶᠢ ᠬᠠᠮᠵᠢᠯᠴᠠᠨ ᠡᠵᠡᠮᠳᠡᠬᠦ ᠰᠢᠰᠲᠧᠮ᠎ᠢ ᠰᠤᠳᠤᠯᠤᠨ ᠨᠡᠭᠡᠭᠡᠵᠦ ᠂ ᠪᠦᠷᠬᠦᠪᠴᠢ᠎ᠶᠢᠨ ᠨᠡᠪᠲᠡᠷᠡᠯᠲᠡ᠎ᠶᠢᠨ ᠬᠡᠮᠵᠢᠶ᠎ᠡ᠎ᠶᠢ ᠥᠨᠳᠥᠷ ᠪᠦᠲᠦᠮᠵᠢᠲᠡᠶ᠎ᠪᠡᠷ ᠰᠡᠷᠭᠦᠭᠡᠬᠦ᠎ᠶᠢ ᠪᠡᠶᠡᠯᠡᠭᠦᠯᠦᠨ᠎ᠡ ᠃ ᠬᠡᠰᠡᠭᠴᠢᠯᠡᠬᠦ ᠂ ᠪᠠᠷᠢᠮᠵᠢᠶᠠᠵᠢᠭᠤᠯᠬᠤ ᠵᠢᠷᠤᠭ ᠲᠥᠯᠥᠪᠯᠡᠭᠡ᠎ᠶᠢᠨ ᠣᠨᠣᠯᠵᠢᠬᠤᠨ᠎ᠲᠠᠢ ᠤᠶᠠᠯᠳᠤᠭᠤᠯᠤᠨ ᠂ ᠬᠡᠲᠦ ᠱᠦᠭᠦᠬᠦ ᠪᠠ ᠪᠢᠴᠢᠯ ᠱᠦᠭᠦᠬᠦ ᠲᠣᠨᠣᠭᠯᠠᠯ᠎ᠢ ᠠᠮᠢᠳᠤᠯᠢᠭ᠋᠎ᠢᠶᠠᠷ ᠨᠡᠢᠯᠡᠭᠦᠯᠬᠦ ᠂ ᠲᠦᠷᠭᠡᠨ ᠤᠭᠰᠠᠷᠠᠬᠤ ᠪᠠ ᠥᠨᠳᠥᠷ ᠦᠷ᠎ᠡ ᠪᠦᠲᠦᠮᠵᠢᠲᠡᠶ᠎ᠪᠡᠷ ᠬᠤᠷᠠᠭᠤᠯᠬᠤ᠎ᠶᠢ ᠪᠡᠶᠡᠯᠡᠭᠦᠯᠵᠦ ᠂ ᠣᠷᠴᠢᠯ ᠤᠰᠤᠨ᠎ᠤ ᠤᠰᠤᠨ᠎ᠤ ᠴᠢᠨᠠᠷ ᠬᠢᠭᠡᠳ ᠰᠢᠰᠲᠧᠮ᠎ᠦᠨ ᠠᠵᠢᠯᠯᠠᠭᠠᠨ᠎ᠤ ᠲᠣᠭᠲᠠᠪᠤᠷᠢᠲᠤ ᠴᠢᠨᠠᠷ᠎ᠢ ᠳᠡᠭᠡᠭᠰᠢᠯᠡᠭᠦᠯᠦᠨ᠎ᠡ ᠃ ᠬᠤᠷᠠᠮᠠᠯ ᠳᠡᠭᠡᠳᠦ ᠴᠢᠳᠠᠪᠬᠢᠲᠤ ᠭᠡᠳᠦ ᠱᠦᠭᠦᠬᠦ ᠪᠦᠷᠬᠦᠪᠴᠢ᠂ ᠠᠦ᠋ᠲ᠋ᠣ᠋ ᠡᠰᠡᠷᠭᠦ ᠤᠬᠢᠶᠠᠬᠤ ᠰᠢᠰᠲᠧᠮ ᠪᠣᠯᠣᠨ ᠤᠰᠦᠠ᠎ᠤ ᠴᠢᠨᠠᠷ᠎ᠢ ᠬᠢᠨᠠᠨ ᠬᠡᠮᠵᠢᠬᠦ ᠴᠢᠳᠠᠪᠬᠢᠲᠤ ᠭᠡᠳᠦ ᠱᠦᠭᠦᠬᠦ ᠪᠦᠷᠬᠦᠪᠴᠢ᠎ᠶᠢᠨ ᠲᠣᠨᠣᠭᠯᠠᠯ᠎ᠢ ᠳᠡᠯᠭᠡᠷᠡᠭᠦᠯᠦᠨ᠎ᠡ᠃
      3. ᠰᠢᠭᠦᠭᠦᠷ ᠪᠦᠷᠬᠦᠪᠴᠢ᠎ᠶᠢᠨ ᠲᠣᠨᠣᠭᠯᠠᠯ᠃ ᠳᠡᠭᠡᠳᠦ ᠴᠢᠳᠠᠪᠬᠢᠲᠤ ᠪᠦᠷᠬᠦᠪᠴᠢ᠎ᠶᠢᠨ ᠮᠠᠲᠧᠷᠢᠶᠠᠯ ᠪᠠ ᠪᠣᠬᠢᠷᠲᠤᠯ᠎ᠢ ᠡᠰᠡᠷᠭᠦᠴᠡᠬᠦ ᠮᠡᠷᠭᠡᠵᠢᠯ᠎ᠦᠨ ᠪᠡᠷᠬᠡ ᠰᠡᠳᠦᠪ᠎ᠢ ᠭᠣᠣᠯᠳᠠᠯᠭ᠎ᠠ᠎ᠲᠠᠢ ᠰᠢᠢᠳᠪᠦᠷᠢᠯᠡᠵᠦ ᠂ ᠪᠦᠷᠬᠦᠪᠴᠢ᠎ᠶᠢᠨ ᠨᠦᠬᠡᠨ᠎ᠦ ᠲᠠᠷᠬᠠᠯᠲᠠ ᠪᠠ ᠥᠩᠭᠡᠨ ᠲᠠᠯ᠎ᠠ᠎ᠶᠢᠨ ᠥᠭᠡᠷᠡᠴᠢᠯᠡᠯᠲᠡ᠎ᠶᠢᠨ ᠤᠷᠠᠨ ᠳᠠᠷᠬ᠎ᠠ᠎ᠶᠢ ᠰᠢᠯᠢᠳᠡᠭᠵᠢᠭᠦᠯᠦᠨ ᠂ ᠪᠦᠷᠬᠦᠪᠴᠢ᠎ᠶᠢᠨ ᠰᠣᠩᠭᠣᠯᠲᠠ᠎ᠶᠢᠨ ᠴᠢᠨᠠᠷ ᠪᠠ ᠬᠢᠮᠢ᠎ᠶᠢᠨ ᠳᠠᠭᠠᠭᠠᠮᠠᠭᠠᠢ ᠴᠢᠨᠠᠷ᠎ᠢ ᠳᠡᠭᠡᠭᠰᠢᠯᠡᠭᠦᠯᠵᠦ ᠂ ᠪᠦᠷᠬᠦᠪᠴᠢ᠎ᠶᠢᠨ ᠪᠣᠬᠢᠷᠲᠤᠯ᠎ᠤᠨ ᠬᠤᠷᠳᠤᠴᠠ᠎ᠶᠢ ᠪᠠᠭᠤᠷᠠᠭᠤᠯᠤᠨ᠎ᠠ ᠃ ᠪᠦᠷᠬᠦᠪᠴᠢ᠎ᠶᠢᠨ ᠲᠣᠨᠣᠭᠯᠠᠭᠠᠰᠤ᠎ᠶᠢᠨ ᠬᠤᠷᠠᠮᠠᠯ ᠪᠠ ᠣᠶᠤᠨᠴᠢᠯᠠᠭᠰᠠᠨ ᠡᠵᠡᠮᠰᠢᠯ᠎ᠦᠨ ᠮᠡᠷᠭᠡᠵᠢᠯ᠎ᠢ ᠰᠢᠪᠲᠤᠯᠵᠤ ᠂ ᠥᠨᠳᠥᠷ ᠦᠷ᠎ᠡ ᠪᠦᠲᠦᠮᠵᠢᠲᠡᠶ᠎ᠪᠡᠷ ᠰᠠᠯᠭᠠᠬᠤ ᠪᠠ ᠠᠦ᠋ᠲ᠋ᠣᠴᠢᠯᠠᠨ ᠠᠵᠢᠯᠯᠠᠭᠤᠯᠬᠤ᠎ᠶᠢ ᠪᠡᠶᠡᠯᠡᠭᠦᠯᠦᠨ᠎ᠡ ᠃ ᠰᠢᠭᠦᠭᠦᠷ ᠪᠦᠷᠬᠦᠪᠴᠢ᠎ᠶᠢ ᠰᠦᠯᠵᠢᠶᠡᠨ ᠳᠡᠭᠡᠷ᠎ᠡ ᠤᠬᠢᠶᠠᠨ ᠴᠡᠪᠡᠷᠯᠡᠬᠦ ᠪᠠ ᠤᠶᠤᠯᠢᠭ᠋ ᠬᠢᠨᠠᠨ ᠬᠡᠮᠵᠢᠬᠦ ᠰᠢᠰᠲᠧᠮ᠎ᠢ ᠰᠤᠳᠤᠯᠤᠨ ᠨᠡᠭᠡᠭᠡᠵᠦ᠂ ᠪᠣᠬᠢᠷᠲᠤᠯ᠎ᠢ ᠤᠷᠢᠳᠴᠢᠯᠠᠨ ᠰᠡᠷᠡᠮᠵᠢᠯᠡᠭᠦᠯᠬᠦ ᠪᠠ ᠥᠨᠳᠥᠷ ᠪᠦᠲᠦᠮᠵᠢᠲᠡᠶ᠎ᠪᠡᠷ ᠤᠬᠢᠶᠠᠨ ᠴᠡᠪᠡᠷᠯᠡᠬᠦ ᠠᠷᠭ᠎ᠠ ᠪᠣᠳᠣᠯᠭ᠎ᠠ᠎ᠶᠢ ᠠᠶᠠᠨᠳᠠᠭᠠᠨ ᠰᠢᠯᠢᠳᠡᠭᠵᠢᠭᠦᠯᠬᠦ᠎ᠶᠢ ᠪᠡᠶᠡᠯᠡᠭᠦᠯᠦᠨ᠎ᠡ᠃ ᠨᠠᠷᠢᠯᠢᠭ᠋ ᠣᠨᠣᠴᠠᠲᠠᠢ᠎ᠪᠠᠷ ᠰᠢᠭ᠌ᠰᠢᠨ ᠬᠤᠪᠢᠶᠠᠬᠤ ᠴᠢᠳᠠᠮᠵᠢ᠎ᠲᠠᠢ ᠣᠨᠴᠠ ᠲᠥᠷᠥᠯ᠎ᠦᠨ ᠱᠦᠭᠦᠬᠦ ᠪᠦᠷᠬᠦᠪᠴᠢ᠎ᠶᠢᠨ ᠲᠣᠨᠣᠭᠯᠠᠯ᠎ᠢ ᠰᠤᠳᠤᠯᠤᠨ ᠦᠢᠯᠡᠳᠴᠦ ᠂ ᠳᠠᠪᠤᠰᠤ ᠶᠡᠬᠡᠲᠡᠢ ᠨᠥᠬᠥᠴᠡᠯ ᠳᠣᠣᠷᠠᠬᠢ ᠬᠦᠨᠳᠦ ᠲᠡᠮᠦᠷᠯᠢᠭ᠎ᠦᠨ ᠰᠣᠩᠭᠣᠯᠲᠠ᠎ᠶᠢᠨ ᠴᠢᠨᠠᠷᠲᠠᠢ᠎ᠪᠠᠷ ᠳᠤᠮᠳᠠ᠎ᠠᠴᠠ ᠨᠢ ᠲᠠᠰᠤᠳᠠᠨ ᠦᠯᠡᠳᠡᠭᠡᠬᠦ ᠨᠣᠷᠮ᠎ᠠ ᠬᠢᠭᠡᠳ ᠪᠦᠷᠬᠦᠪᠴᠢ᠎ᠶᠢᠨ ᠲᠣᠭᠲᠠᠪᠤᠷᠢᠲᠤ ᠴᠢᠨᠠᠷ᠎ᠢ ᠵᠣᠬᠢᠴᠠᠭᠤᠯᠤᠨ ᠰᠢᠯᠢᠳᠡᠭᠵᠢᠭᠦᠯᠬᠦ ᠮᠡᠷᠭᠡᠵᠢᠯ᠎ᠦᠨ ᠪᠡᠷᠬᠡ ᠰᠡᠳᠦᠪ᠎ᠢ ᠰᠢᠢᠳᠪᠦᠷᠢᠯᠡᠨ᠎ᠡ ᠃ ᠬᠤᠷᠠᠮᠠᠯ ᠳᠡᠭᠡᠳᠦ ᠴᠢᠳᠠᠪᠬᠢᠲᠤ ᠰᠢᠭᠦᠭᠦᠷ ᠪᠦᠷᠬᠦᠪᠴᠢ᠎ᠶᠢ ᠳᠡᠯᠭᠡᠷᠡᠭᠦᠯᠵᠦ᠂ ᠤᠷᠤᠰᠬᠠᠯ ᠵᠠᠮ᠎ᠤᠨ ᠪᠦᠲᠦᠴᠡ᠂ ᠣᠶᠤᠨᠲᠤ ᠠᠵᠢᠯᠯᠠᠭᠤᠯᠵᠤ ᠬᠠᠮᠠᠭᠠᠯᠠᠬᠤ ᠰᠢᠰᠲᠧᠮ᠎ᠦᠨ ᠠᠵᠤ ᠦᠢᠯᠡᠳᠪᠦᠷᠢ᠎ᠳᠦ ᠬᠡᠷᠡᠭᠯᠡᠬᠦ ᠰᠢᠭᠦᠭᠦᠷ ᠪᠦᠷᠬᠦᠪᠴᠢ᠎ᠶᠢᠨ ᠲᠣᠨᠣᠭᠯᠠᠯ᠎ᠢ ᠰᠢᠯᠢᠳᠡᠭᠵᠢᠭᠦᠯᠦᠨ᠎ᠡ᠃
      4. ᠨᠡᠪᠴᠢᠯᠲᠡ᠎ᠶᠢ ᠡᠰᠡᠷᠭᠦᠴᠡᠬᠦ ᠪᠦᠷᠬᠦᠪᠴᠢ᠎ᠶᠢᠨ ᠲᠣᠨᠣᠭᠯᠠᠯ᠃ ᠳᠣᠣᠷ᠎ᠠ ᠳᠠᠷᠤᠯᠲᠠᠲᠤ ᠥᠨᠳᠥᠷ ᠳᠠᠪᠤᠰᠤ ᠦᠭᠡᠢᠳᠡᠭᠦᠯᠬᠦ ᠨᠤᠷᠮ᠎ᠠ᠎ᠶᠢᠨ ᠨᠡᠪᠴᠢᠯᠲᠡ᠎ᠶᠢ ᠡᠰᠡᠷᠭᠦᠴᠡᠬᠦ ᠪᠦᠷᠬᠦᠪᠴᠢ᠎ᠶᠢᠨ ᠮᠠᠲᠧᠷᠢᠶᠠᠯ᠎ᠤᠨ ᠨᠡᠢᠯᠡᠮᠡᠯ ᠮᠡᠷᠭᠡᠵᠢᠯ᠎ᠦᠨ ᠪᠡᠷᠬᠡ ᠰᠡᠳᠦᠪ᠎ᠢ ᠭᠣᠣᠯᠳᠠᠯᠭ᠎ᠠ᠎ᠲᠠᠢ᠎ᠪᠠᠷ ᠰᠢᠢᠳᠪᠦᠷᠢᠯᠡᠵᠦ᠂ ᠳᠠᠪᠤᠰᠤᠨ᠎ᠤ ᠬᠡᠰᠡᠭ᠎ᠢ ᠲᠠᠰᠤᠳᠠᠨ ᠦᠯᠡᠳᠡᠭᠡᠬᠦ ᠦᠷ᠎ᠡ ᠪᠦᠲᠦᠮᠵᠢ᠎ᠶᠢ ᠳᠡᠭᠡᠭᠰᠢᠯᠡᠭᠦᠯᠦᠨ᠎ᠡ᠃ ᠪᠣᠬᠢᠷᠲᠤᠯ᠎ᠢ ᠡᠰᠡᠷᠭᠦᠴᠡᠬᠦ ᠪᠦᠷᠬᠦᠪᠴᠢ᠎ᠶᠢᠨ ᠤᠤᠯ ᠲᠣᠨᠣᠭ᠎ᠤᠨ ᠤᠷᠤᠰᠬᠠᠯ᠎ᠤᠨ ᠵᠠᠮ᠎ᠢ ᠰᠢᠪᠲᠤᠯᠤᠨ ᠵᠢᠷᠤᠵᠤ ᠲᠥᠯᠥᠪᠯᠡᠬᠦ ᠤᠷᠠᠯᠠᠯ᠎ᠢ ᠰᠢᠯᠢᠳᠡᠭᠵᠢᠭᠦᠯᠵᠦ ᠂ ᠪᠦᠷᠬᠦᠪᠴᠢ᠎ᠶᠢᠨ ᠭᠠᠳᠠᠷᠭᠤ᠎ᠶᠢᠨ ᠤᠷᠤᠰᠤᠩᠭᠢ ᠪᠡᠶ᠎ᠡ᠎ᠶᠢᠨ ᠲᠠᠷᠬᠠᠯᠲᠠ᠎ᠶᠢᠨ ᠵᠢᠭᠳᠡ ᠴᠢᠨᠠᠷ᠎ᠢ ᠨᠡᠮᠡᠭᠳᠡᠭᠦᠯᠦᠨ ᠂ ᠪᠣᠬᠢᠷᠲᠤᠯ ᠪᠣᠳᠠᠰ᠎ᠤᠨ ᠨᠠᠭᠠᠯᠳᠤᠯ᠎ᠢ ᠤᠳᠠᠭᠠᠰᠢᠷᠠᠭᠤᠯᠤᠨ᠎ᠠ ᠃ ᠣᠶᠤᠨᠲᠤ ᠪᠦᠷᠬᠦᠪᠴᠢ᠎ᠶᠢᠨ ᠴᠢᠳᠠᠮᠵᠢ᠎ᠶᠢ ᠬᠢᠨᠠᠨ ᠬᠡᠮᠵᠢᠬᠦ ᠪᠠ ᠬᠥᠳᠡᠯᠦᠩᠭᠦᠢ᠎ᠪᠡᠷ ᠤᠬᠢᠶᠠᠨ ᠴᠡᠪᠡᠷᠯᠡᠬᠦ ᠰᠢᠰᠲᠧᠮ᠎ᠢ ᠰᠤᠳᠤᠯᠤᠨ ᠨᠡᠭᠡᠭᠡᠵᠦ ᠂ ᠲᠣᠮᠣ᠌ ᠳ᠋ᠠᠢᠲ᠋ᠠ᠎ᠶᠢᠨ ᠵᠠᠳᠠᠯᠤᠯᠲᠠ᠎ᠪᠠᠷ ᠳᠠᠮᠵᠢᠭᠤᠯᠤᠨ ᠨᠠᠷᠢᠯᠢᠭ᠋ ᠣᠨᠣᠴᠠᠲᠠᠢ᠎ᠪᠠᠷ ᠵᠣᠬᠢᠴᠠᠭᠤᠯᠤᠨ ᠤᠬᠢᠶᠠᠨ ᠴᠡᠪᠡᠷᠯᠡᠬᠦ ᠠᠷᠭ᠎ᠠ ᠪᠣᠳᠣᠯᠭ᠎ᠠ᠎ᠶᠢ ᠵᠣᠬᠢᠴᠠᠭᠤᠯᠵᠤ ᠂ ᠪᠦᠷᠬᠦᠪᠴᠢ᠎ᠶᠢᠨ ᠬᠡᠷᠡᠭᠯᠡᠬᠦ ᠠᠮᠢ ᠨᠠᠰᠤ᠎ᠶᠢ ᠤᠷᠲᠤᠳᠬᠠᠨ᠎ᠠ ᠃ ᠥᠨᠳᠥᠷ ᠦᠷ᠎ᠡ ᠠᠰᠢᠭ᠋᠎ᠲᠠᠢ ᠨᠡᠪᠴᠢᠯᠲᠡ᠎ᠶᠢ ᠡᠰᠡᠷᠭᠦᠴᠡᠬᠦ ᠪᠦᠷᠬᠦᠪᠴᠢ ᠬᠢᠭᠡᠳ ᠡᠨᠧᠷᠭᠢ ᠠᠷᠪᠢᠯᠠᠬᠤ ᠬᠡᠯᠪᠡᠷᠢ᠎ᠶᠢᠨ ᠳᠠᠷᠤᠯᠲᠠ ᠨᠡᠮᠡᠭᠳᠡᠭᠦᠯᠬᠦ ᠬᠥᠭᠡᠷᠭᠡ᠎ᠶᠢᠨ ᠨᠡᠪᠴᠢᠯᠲᠡ᠎ᠶᠢ ᠡᠰᠡᠷᠭᠦᠴᠡᠬᠦ ᠪᠦᠷᠬᠦᠪᠴᠢ᠎ᠶᠢᠨ ᠬᠤᠷᠠᠮᠠᠯ ᠲᠣᠨᠣᠭᠯᠠᠯ᠎ᠢ ᠳᠡᠯᠭᠡᠷᠡᠭᠦᠯᠵᠦ ᠂ ᠤᠰᠤᠨ᠎ᠤ ᠴᠢᠨᠠᠷ᠎ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠪᠠ ᠠᠯᠤᠰ᠎ᠠᠴᠠ ᠡᠵᠡᠮᠳᠡᠬᠦ ᠰᠢᠰᠲᠧᠮ᠎ᠲᠠᠢ ᠤᠶᠠᠯᠳᠤᠭᠤᠯᠤᠨ ᠂ ᠥᠨᠳᠥᠷ ᠦᠷ᠎ᠡ ᠠᠰᠢᠭ᠋᠎ᠲᠠᠢ᠎ᠪᠠᠷ ᠳᠠᠪᠤᠰᠤ ᠦᠭᠡᠢᠳᠡᠭᠦᠯᠬᠦ ᠪᠠ ᠲᠣᠭᠲᠠᠭᠤᠨ᠎ᠢᠶᠠᠷ ᠤᠰᠤ ᠬᠠᠩᠭᠠᠬᠤ᠎ᠶᠢ ᠪᠡᠶᠡᠯᠡᠭᠦᠯᠦᠨ᠎ᠡ᠃
      ( ᠶᠢᠰᠦ ) ᠥᠳᠬᠡᠨ ᠤᠰᠤᠨ᠎ᠤ ᠭᠦᠨ᠎ᠦ ᠬᠡᠮᠵᠢᠶ᠎ᠡ᠎ᠶᠢ ᠰᠢᠢᠳᠪᠦᠷᠢᠯᠡᠬᠦ ᠲᠣᠨᠣᠭᠯᠠᠯ ᠃ ᠠᠵᠤ ᠦᠢᠯᠡᠳᠪᠦᠷᠢ᠎ᠶᠢᠨ ᠥᠳᠬᠡᠨ ᠤᠰᠤᠨ᠎ᠤ ᠪᠦᠷᠢᠯᠳᠦᠭᠦᠨ ᠪᠤᠳᠤᠯᠢᠶᠠᠨᠲᠠᠢ᠂ ᠰᠢᠢᠳᠪᠦᠷᠢᠯᠡᠬᠦ᠎ᠳᠦ ᠬᠦᠴᠢᠷ ᠶᠡᠬᠡ ᠵᠡᠷᠭᠡ ᠠᠰᠠᠭᠤᠳᠠᠯ᠎ᠳᠤ ᠴᠢᠭᠯᠡᠭᠦᠯᠦᠨ᠂ ᠠᠳᠠᠯᠢ ᠪᠤᠰᠤ ᠠᠵᠢᠯ᠎ᠤᠨ ᠪᠠᠢᠳᠠᠯ᠎ᠳᠤ ᠵᠣᠬᠢᠴᠠᠬᠤ ᠥᠨᠳᠥᠷ ᠪᠦᠲᠦᠮᠵᠢᠲᠡᠶ᠎ᠪᠡᠷ ᠠᠭᠰᠢᠷᠠᠭᠤᠯᠬᠤ ᠪᠠ ᠴᠢᠨᠠᠷ ᠬᠤᠪᠢᠶᠠᠨ ᠬᠡᠮᠵᠢᠶ᠎ᠡ᠎ᠶᠢ ᠪᠠᠭᠠᠰᠬᠠᠬᠤ ᠲᠣᠨᠣᠭᠯᠠᠯ᠎ᠤᠨ ᠪᠡᠷᠬᠡ ᠰᠡᠳᠦᠪ᠎ᠢ ᠰᠢᠢᠳᠪᠦᠷᠢᠯᠡᠬᠦ᠎ᠶᠢ ᠲᠦᠷᠭᠡᠳᠬᠡᠨ᠎ᠡ᠃ ᠳᠠᠪᠤᠰᠤ ᠬᠤᠪᠢᠶᠠᠬᠤ ᠬᠢᠭᠡᠳ ᠠᠭᠤᠷᠰᠢᠭᠤᠯᠤᠨ ᠲᠠᠯᠠᠰᠵᠢᠭᠤᠯᠬᠤ᠎ᠶᠢ ᠨᠢᠭᠡ ᠴᠣᠭᠴᠠᠵᠢᠭᠤᠯᠬᠤ ᠲᠣᠨᠣᠭᠯᠠᠯ᠎ᠢ ᠰᠢᠨ᠎ᠡ᠎ᠪᠡᠷ ᠡᠭᠦᠳᠦᠨ ᠰᠤᠳᠤᠯᠤᠨ ᠦᠢᠯᠡᠳᠴᠦ ᠂ ᠲᠠᠯᠠᠰᠵᠢᠭᠤᠯᠬᠤ ᠳᠤᠯᠠᠭᠠᠨ᠎ᠤ ᠬᠡᠮᠵᠢᠶ᠎ᠡ ᠂ ᠥᠳᠬᠡᠴᠡ ᠬᠢᠭᠡᠳ ᠰᠠᠯᠭᠠᠬᠤ ᠤᠷᠠᠯᠠᠯ᠎ᠢ ᠣᠨᠣᠪᠴᠢᠲᠠᠶ ᠡᠵᠡᠮᠳᠡᠵᠦ ᠂ ᠬᠠᠶᠠᠭᠳᠠᠮᠠᠯ ᠤᠰᠤ᠎ᠶᠢ ᠥᠨᠳᠥᠷ ᠦᠷ᠎ᠡ ᠪᠦᠲᠦᠮᠵᠢᠲᠡᠶ᠎ᠪᠡᠷ ᠡᠷᠭᠢᠯᠳᠦᠭᠦᠯᠬᠦ ᠵᠢᠴᠢ ᠠᠳᠠᠯᠢ ᠪᠤᠰᠤ ᠳᠠᠪᠤᠰᠤᠨ᠎ᠤ ᠲᠥᠷᠥᠯ᠎ᠢ ᠡᠬᠢ ᠪᠠᠶᠠᠯᠢᠭ᠍ᠵᠢᠭᠤᠯᠬᠤ᠎ᠶᠢ ᠪᠡᠶᠡᠯᠡᠭᠦᠯᠦᠨ᠎ᠡ ᠃ ᠬᠤᠷᠠᠮᠠᠯ ᠮᠠᠰᠢᠨ᠎ᠤ ᠠᠭᠤᠷ᠎ᠢᠶᠠᠷ ᠳᠠᠬᠢᠨ ᠠᠪᠴᠢᠭᠤᠯᠬᠤ ᠮᠡᠷᠭᠡᠵᠢᠯ (MVR)᠎ᠤᠨ ᠳᠣᠣᠷ᠎ᠠ ᠳᠤᠯᠠᠭᠠᠨ᠎ᠳᠤ ᠴᠡᠪᠡᠷ ᠬᠣᠭᠣᠰᠤᠨ᠎ᠢᠶᠠᠷ ᠠᠭᠤᠷᠰᠢᠭᠤᠯᠤᠨ ᠲᠠᠯᠠᠰᠵᠢᠭᠤᠯᠬᠤ ᠲᠣᠨᠣᠭᠯᠠᠯ᠎ᠢ ᠰᠤᠳᠤᠯᠤᠨ ᠨᠡᠭᠡᠭᠡᠵᠦ ᠂ ᠠᠭᠤᠷᠰᠢᠭᠤᠯᠬᠤ ᠡᠨᠧᠷᠭᠢ᠎ᠶᠢᠨ ᠬᠣᠷᠣᠭᠳᠠᠯ᠎ᠢᠶᠠᠷ ᠶᠡᠬᠡ ᠂ ᠬᠠᠭ ᠰᠠᠭᠤᠬᠤ ᠨᠢ ᠲᠦᠷᠭᠡᠨ ᠤᠯᠠᠮᠵᠢᠯᠠᠯᠲᠤ ᠪᠣᠭᠣᠮᠢ᠎ᠶᠢ ᠰᠢᠪᠲᠤᠯᠵᠤ ᠂ ᠥᠳᠬᠡᠨ ᠤᠰᠤᠨ᠎ᠤ ᠠᠭᠰᠢᠭᠠᠯᠲᠠ᠎ᠶᠢᠨ ᠳᠠᠬᠢᠨ ᠲᠣᠭ᠎ᠠ ᠪᠠ ᠲᠠᠯᠠᠰᠵᠢᠯᠲᠠ᠎ᠶᠢᠨ ᠠᠰᠢᠭ᠍ᠯᠠᠮᠵᠢ᠎ᠶᠢ ᠳᠡᠭᠡᠭᠰᠢᠯᠡᠭᠦᠯᠦᠨ᠎ᠡ ᠃ ᠥᠨᠳᠥᠷ ᠬᠦᠴᠦᠳᠡᠯᠲᠦ ᠯᠤᠬ᠍ᠰᠢᠯᠳᠤ ᠴᠠᠬᠢᠯᠭᠠᠨ ᠲᠦᠷᠭᠡᠳᠬᠡᠭᠦᠷ᠂ ᠭᠡᠳᠤ ᠬᠢᠵᠠᠭᠠᠷ ᠤᠰᠤᠨ᠎ᠤ ᠢᠰᠦᠯᠳᠦᠭᠦᠯᠦᠭᠴᠢ ᠤᠷᠪᠠᠯᠳᠤᠭᠤᠷ ᠵᠡᠷᠭᠡ ᠣᠨᠴᠠ ᠲᠦᠷᠦᠯ᠎ᠦᠨ ᠲᠣᠨᠣᠭᠯᠠᠯ᠎ᠢ ᠰᠤᠳᠤᠯᠤᠨ ᠦᠢᠯᠡᠳᠴᠦ᠂ ᠥᠳᠬᠡᠨ ᠤᠰᠤᠨ᠎ᠳᠠᠬᠢ ᠵᠠᠳᠠᠷᠠᠭᠤᠯᠬᠤ᠎ᠳᠤ ᠪᠡᠷᠬᠡᠲᠡᠢ ᠣᠷᠭᠠᠨᠢᠭ᠋ ᠪᠣᠳᠠᠰ᠎ᠢ ᠥᠨᠳᠥᠷ ᠪᠦᠲᠦᠮᠵᠢᠲᠡᠶ᠎ᠪᠡᠷ ᠵᠠᠳᠠᠷᠠᠭᠤᠯᠤᠨ᠎ᠠ᠃ ᠬᠥᠰᠢᠵᠦ ᠤᠭᠰᠠᠷᠠᠬᠤ ᠮᠠᠶᠢᠭ᠋᠎ᠤᠨ ᠠᠭᠤᠷᠰᠢᠭᠤᠯᠤᠨ ᠲᠠᠯᠠᠰᠵᠢᠭᠤᠯᠬᠤ ᠲᠣᠨᠣᠭᠯᠠᠯ᠎ᠢ ᠳᠡᠯᠭᠡᠷᠡᠭᠦᠯᠵᠦ ᠂ ᠥᠳᠬᠡᠨ ᠤᠰᠤᠨ᠎ᠤ ᠪᠠᠴᠢᠮ ᠪᠠᠢᠳᠠᠯ᠎ᠢ ᠠᠷᠭᠠᠴᠠᠨ ᠰᠢᠢᠳᠪᠦᠷᠢᠯᠡᠬᠦ ᠪᠠ ᠪᠤᠲᠠᠷᠠᠭᠤᠯᠤᠨ ᠰᠢᠢᠳᠪᠦᠷᠢᠯᠡᠬᠦ᠎ᠶᠢ ᠪᠡᠶᠡᠯᠡᠭᠦᠯᠵᠦ ᠂ ᠥᠳᠬᠡᠨ ᠤᠰᠤᠨ᠎ᠤ ᠰᠢᠢᠳᠪᠦᠷᠢᠯᠡᠯᠲᠡ᠎ᠶᠢᠨ ᠵᠣᠬᠢᠴᠠᠬᠤ ᠴᠢᠨᠠᠷ ᠪᠠ ᠠᠮᠢᠳᠤᠯᠢᠭ᠋ ᠴᠢᠨᠠᠷ᠎ᠢ ᠳᠡᠭᠡᠭᠰᠢᠯᠡᠭᠦᠯᠦᠨ᠎ᠡ᠃
      ᠲᠠᠪᠤ ᠂ ᠤᠰᠤ ᠠᠷᠪᠢᠯᠠᠬᠤ ᠲᠣᠨᠣᠭᠯᠠᠯ᠎ᠤᠨ ᠠᠵᠤ ᠦᠢᠯᠡᠰ᠎ᠦᠨ ᠲᠤᠭᠠᠴᠢᠯᠠᠯᠳᠠ ᠣᠶᠤᠨᠴᠢᠯᠠᠯᠲᠠ᠎ᠶᠢᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠰᠢᠬᠦ᠎ᠶᠢ ᠠᠬᠢᠭᠤᠯᠤᠨ᠎ᠠ
      ( ᠠᠷᠪᠠ ) ᠲᠣᠨᠣᠭᠯᠠᠯ᠎ᠤᠨ ᠣᠶᠤᠨᠴᠢ᠎ᠪᠠᠷ ᠦᠢᠯᠡᠳᠬᠦ ᠬᠢᠷᠢ ᠬᠡᠮᠵᠢᠶ᠎ᠡ᠎ᠶᠢ ᠳᠡᠭᠡᠭᠰᠢᠯᠡᠭᠦᠯᠦᠨ᠎ᠡ ᠃ ᠵᠣᠬᠢᠶᠠᠮᠠᠯ ᠤᠶᠤᠯᠢᠭ᠋ ᠂ ᠠᠵᠤ ᠦᠢᠯᠡᠳᠪᠦᠷᠢ᠎ᠶᠢᠨ ᠢᠨᠲᠧᠷ ᠰᠦᠯᠵᠢᠶ᠎ᠡ ᠪᠠ ᠡᠳ᠋ ᠪᠠᠷᠠᠭᠠᠨ᠎ᠤ ᠮᠡᠳᠡᠭᠡ ᠵᠠᠩᠭᠢ᠎ᠶᠢᠨ ᠰᠦᠯᠵᠢᠶ᠎ᠡ ᠂ 5G ᠵᠡᠷᠭᠡ ᠰᠢᠨ᠎ᠡ ᠨᠢᠭᠡ ᠦᠶ᠎ᠡ᠎ᠶᠢᠨ ᠮᠡᠳᠡᠭᠡ ᠵᠠᠩᠭᠢ᠎ᠶᠢᠨ ᠮᠡᠷᠭᠡᠵᠢᠯ᠎ᠦᠨ ᠤᠰᠤ ᠠᠷᠪᠢᠯᠠᠬᠤ ᠲᠣᠨᠣᠭᠯᠠᠯ ᠦᠢᠯᠡᠳᠬᠦ ᠶᠠᠪᠤᠴᠠ᠎ᠳᠠᠬᠢ ᠰᠢᠨ᠎ᠡ᠎ᠶᠢ ᠡᠭᠦᠳᠦᠨ ᠠᠭᠤᠰᠤᠯᠴᠠᠬᠤ᠎ᠶᠢ ᠰᠢᠰᠲᠧᠮ᠎ᠲᠠᠢ ᠲᠦᠯᠬᠢᠨ ᠠᠬᠢᠭᠤᠯᠵᠤ ᠂ ᠣᠶᠤᠨᠴᠢ ᠰᠡᠷᠡᠯ ᠳᠠᠮᠵᠢᠭᠤᠯᠬᠤ ᠲᠥᠬᠦᠭᠡᠷᠦᠮᠵᠢ ᠬᠢᠭᠡᠳ ᠵᠠᠬ᠎ᠠ ᠬᠢᠵᠠᠭᠠᠷ᠎ᠤᠨ ᠪᠤᠳᠤᠬᠤ ᠴᠢᠳᠠᠪᠤᠷᠢ᠎ᠲᠠᠢ ᠦᠵᠦᠭᠦᠷ᠎ᠦᠨ ᠬᠡᠷᠡᠭᠯᠡᠭᠡ᠎ᠶᠢ ᠲᠦᠯᠬᠢᠨ ᠠᠬᠢᠭᠤᠯᠵᠤ ᠂ ᠭᠠᠷ ᠤᠷᠠᠯᠠᠯ᠎ᠤᠨ ᠪᠣᠯᠵᠣᠯᠲᠤ ᠲᠣᠭ᠎ᠠ᠎ᠶᠢ ᠬᠥᠳᠡᠯᠦᠩᠭᠦᠢ᠎ᠪᠡᠷ ᠰᠢᠯᠢᠳᠡᠭᠵᠢᠭᠦᠯᠬᠦ ᠪᠠ ᠨᠠᠷᠢᠯᠢᠭ᠋ ᠣᠨᠣᠴᠠᠲᠠᠢ᠎ᠪᠠᠷ ᠲᠣᠬᠢᠷᠠᠭᠤᠯᠤᠨ ᠡᠵᠡᠮᠳᠡᠬᠦ᠎ᠶᠢ ᠪᠡᠶᠡᠯᠡᠭᠦᠯᠦᠨ᠎ᠡ ᠃ ᠳᠤᠮᠳᠠ ᠵᠢᠵᠢᠭ ᠬᠡᠯᠪᠡᠷᠢ᠎ᠶᠢᠨ ᠤᠰᠤ ᠴᠡᠪᠡᠷᠰᠢᠭᠦᠯᠬᠦ ᠲᠣᠨᠣᠭᠯᠠᠯ ᠂ ᠨᠢᠭᠡ ᠴᠣᠭᠴᠠᠵᠢᠭᠤᠯᠤᠭᠰᠠᠨ ᠪᠦᠷᠬᠦᠪᠴᠢ᠎ᠶᠢ ᠰᠠᠯᠭᠠᠬᠤ ᠲᠣᠨᠣᠭᠯᠠᠯ ᠂ ᠬᠥᠰᠢᠵᠦ ᠤᠭᠰᠠᠷᠠᠬᠤ ᠮᠠᠶᠢᠭ᠋᠎ᠤᠨ ᠤᠬᠢᠶᠠᠬᠤ ᠲᠣᠨᠣᠭᠯᠠᠯ᠎ᠤᠨ ᠲᠣᠭᠣᠷᠢᠨ᠎ᠳᠤ ᠂ ᠬᠡᠰᠡᠭᠴᠢᠯᠡᠭᠰᠡᠨ ᠵᠢᠷᠤᠭ ᠲᠥᠯᠥᠪᠯᠡᠭᠡ ᠪᠠ ᠲᠣᠭᠠᠴᠢᠯᠠᠭᠰᠠᠨ ᠦᠢᠯᠡᠳᠪᠦᠷᠢᠯᠡᠯ᠎ᠦᠨ ᠠᠷᠭ᠎ᠠ ᠮᠠᠶᠢᠭ᠋᠎ᠢ ᠳᠡᠯᠭᠡᠷᠡᠭᠦᠯᠵᠦ ᠂ ᠣᠶᠤᠨᠴᠢᠯᠠᠭᠰᠠᠨ ᠥᠭᠡᠷᠡᠴᠢᠯᠡᠨ ᠲᠠᠰ ᠳᠡᠪᠰᠢᠭᠦᠯᠬᠦ᠎ᠶᠢ ᠬᠡᠷᠡᠭᠵᠢᠭᠦᠯᠦᠨ᠎ᠡ ᠃ ᠬᠥᠲᠥᠴᠢ ᠠᠵᠤ ᠠᠬᠤᠢᠯᠠᠯ᠎ᠤᠨ ᠵᠣᠬᠢᠶᠠᠮᠠᠯ ᠣᠶᠤᠨᠯᠢᠭ᠋᠎ᠲᠤ ᠰᠠᠭᠤᠷᠢᠯᠠᠭᠰᠠᠨ ᠠᠵᠢᠯ ᠲᠥᠷᠥᠯ᠎ᠦᠨ ᠮᠡᠳᠡᠯᠭᠡ᠎ᠶᠢᠨ ᠵᠢᠷᠤᠭ᠎ᠤᠨ ᠵᠢᠭ᠍ᠰᠠᠯ ᠬᠢᠭᠡᠳ ᠲᠤᠬᠠᠢᠯᠠᠭᠰᠠᠨ ᠠᠵᠢᠯ᠎ᠤᠨ ᠬᠠᠮᠵᠢᠯᠴᠠᠬᠤ ᠲᠠᠪᠴᠠᠩ᠎ᠢ ᠪᠠᠶ᠋ᠢᠭᠤᠯᠬᠤ᠎ᠶᠢ ᠵᠣᠷᠢᠭ᠍ᠵᠢᠭᠤᠯᠵᠤ ᠂ ᠠᠵᠤ ᠦᠢᠯᠡᠰ᠎ᠦᠨ ᠬᠡᠯᠬᠢᠶ᠎ᠡ᠎ᠶᠢᠨ ᠳᠡᠭᠡᠳᠦ ᠳᠣᠣᠷᠠᠳᠤ ᠤᠷᠤᠰᠬᠠᠯ᠎ᠤᠨ ᠠᠵᠤ ᠠᠬᠤᠢᠯᠠᠯ᠎ᠤᠨ ᠬᠠᠮᠵᠢᠯᠴᠠᠨ ᠵᠢᠷᠤᠭᠯᠠᠨ ᠲᠥᠯᠥᠪᠯᠡᠬᠦ ᠪᠠ ᠲᠣᠭᠠᠴᠢᠯᠠᠭᠰᠠᠨ ᠬᠠᠩᠭᠠᠯᠭ᠎ᠠ᠎ᠶᠢᠨ ᠬᠡᠯᠬᠢᠶ᠎ᠡ᠎ᠶᠢᠨ ᠬᠠᠮᠢᠶᠠᠷᠤᠯᠲᠠ ᠥᠷᠨᠢᠭᠦᠯᠬᠦ᠎ᠶᠢ ᠳᠠᠶ᠋ᠢᠴᠢᠯᠠᠨ᠎ᠠ ᠃ ᠦᠢᠯᠡᠳᠬᠦ ᠠᠵᠤ ᠠᠬᠤᠢᠯᠠᠯ᠎ᠤᠨ ᠦᠢᠯᠡᠴᠢᠯᠡᠭᠡᠨ᠎ᠦ ᠬᠡᠯᠬᠢᠶ᠎ᠡ᠎ᠪᠡᠨ ᠤᠷᠲᠤᠳᠬᠠᠬᠤ᠎ᠶᠢ ᠳᠡᠮᠵᠢᠵᠦ ᠂ ᠦᠢᠯᠡᠴᠢᠯᠡᠭᠡᠨ᠎ᠦ ᠬᠡᠯᠪᠡᠷᠢ᠎ᠶᠢᠨ ᠦᠢᠯᠡᠳᠬᠦ ᠰᠢᠨ᠎ᠡ ᠵᠠᠭᠪᠤᠷ᠎ᠢ ᠬᠥᠭᠵᠢᠭᠦᠯᠦᠨ᠎ᠡ ᠃
      ( ᠠᠷᠪᠠᠨ ᠨᠢᠭᠡ ) ᠣᠶᠤᠨᠴᠢᠯᠠᠭᠰᠠᠨ ᠤᠰᠤ ᠠᠷᠪᠢᠯᠠᠬᠤ ᠬᠡᠷᠡᠭᠯᠡᠭᠡᠨ᠎ᠦ ᠲᠠᠯᠠᠪᠤᠷ᠎ᠢ ᠪᠣᠶ ᠪᠣᠯᠭᠠᠨ᠎ᠠ ᠃ ᠨᠠᠷᠢᠨ ᠪᠤᠳᠤᠯᠢᠶᠠᠨᠲᠠᠢ ᠠᠵᠤ ᠦᠢᠯᠡᠳᠪᠦᠷᠢ᠎ᠶᠢᠨ ᠪᠠᠢᠳᠠᠯ ᠳᠣᠣᠷᠠᠬᠢ ᠣᠯᠠᠨ ᠡᠰᠢᠲᠦ ᠤᠰᠤ ᠠᠷᠪᠢᠯᠠᠬᠤ ᠬᠡᠷᠡᠭᠴᠡᠭᠡ ᠱᠠᠭᠠᠷᠳᠠᠯᠭ᠎ᠠ᠎ᠶᠢᠨ ᠲᠣᠭᠣᠷᠢᠨ᠎ᠳᠤ ᠂ ᠤᠰᠤ ᠠᠷᠪᠢᠯᠠᠬᠤ ᠲᠣᠨᠣᠭᠯᠠᠯ ᠬᠢᠭᠡᠳ ᠵᠣᠬᠢᠶᠠᠮᠠᠯ ᠣᠶᠤᠨᠯᠢᠭ᠋᠎ᠤᠨ ᠮᠡᠷᠭᠡᠵᠢᠯ᠎ᠦᠨ ᠭᠦᠨᠵᠡᠭᠡᠢ ᠠᠭᠤᠰᠤᠯᠴᠠᠯ᠎ᠢ ᠠᠬᠢᠭᠤᠯᠵᠤ ᠂ ᠤᠰᠤ ᠠᠷᠪᠢᠯᠠᠬᠤ᠎ᠶᠢ ᠣᠨᠣᠰᠢᠯᠠᠬᠤ ᠂ ᠭᠡᠷᠡᠲᠦ ᠤᠰᠤ ᠠᠷᠪᠢᠯᠠᠬᠤ ᠂ ᠤᠰᠤ ᠠᠷᠪᠢᠯᠠᠬᠤ ᠮᠡᠷᠭᠡᠵᠢᠯ᠎ᠦᠨ ᠥᠭᠡᠷᠡᠴᠢᠯᠡᠯᠲᠡ ᠵᠡᠷᠭᠡ ᠲᠠᠯ᠎ᠠ᠎ᠶᠢᠨ ᠬᠤᠷᠠᠮᠠᠯ ᠬᠡᠷᠡᠭᠯᠡᠭᠡ᠎ᠶᠢ ᠴᠢᠩᠭᠠᠳᠬᠠᠨ᠎ᠠ ᠃ ᠳᠠᠭᠤᠷᠢᠶᠠᠮᠠᠯ ᠵᠥᠭᠡᠯᠡᠨ ᠲᠤᠨᠤᠭ᠂ ᠵᠢᠱ᠌ᠢᠮᠡᠭ ᠠᠬᠤᠢ᠎ᠶᠢᠨ ᠬᠠᠷᠢᠯᠴᠠᠬᠤ ᠮᠠᠶᠢᠭ᠋᠎ᠤᠨ ᠵᠢᠷᠤᠭ ᠲᠥᠯᠥᠪᠯᠡᠭᠡ᠂ ᠲᠣᠭᠠᠴᠢᠯᠠᠭᠰᠠᠨ ᠢᠬᠡᠷ᠎ᠡ ᠵᠡᠷᠭᠡ ᠲᠡᠷᠢᠭᠦᠨ᠎ᠦ ᠮᠡᠷᠭᠡᠵᠢᠯ᠎ᠢ ᠳᠡᠯᠭᠡᠷᠡᠭᠦᠯᠵᠦ᠂ ᠤᠰᠤ ᠠᠷᠪᠢᠯᠠᠬᠤ ᠲᠣᠨᠣᠭᠯᠠᠯ᠎ᠤᠨ ᠪᠦᠲᠦᠴᠡ᠎ᠶᠢ ᠰᠢᠯᠢᠳᠡᠭᠵᠢᠭᠦᠯᠬᠦ᠎ᠡᠴᠡ ᠴᠢᠳᠠᠪᠬᠢ᠎ᠶᠢ ᠰᠢᠯᠭᠠᠨ ᠪᠠᠲᠤᠯᠠᠬᠤ ᠬᠦᠷᠲᠡᠯᠡᠬᠢ ᠨᠠᠷᠢᠯᠢᠭ᠋ ᠣᠨᠣᠴᠠᠵᠢᠭᠤᠯᠬᠤ᠂ ᠤᠶᠤᠨᠵᠢᠭᠤᠯᠬᠤ ᠵᠢᠷᠤᠭ ᠲᠥᠯᠥᠪᠯᠡᠭᠡ᠎ᠶᠢ ᠪᠡᠶᠡᠯᠡᠭᠦᠯᠦᠨ᠎ᠡ᠃ ᠲᠣᠭᠲᠠᠮᠠᠯ ᠳᠠᠷᠤᠯᠲᠠ ᠂ ᠤᠷᠤᠰᠬᠠᠯ᠎ᠢ ᠬᠢᠵᠠᠭᠠᠷᠯᠠᠬᠤ ᠂ ᠥᠪᠡᠷ᠎ᠢ᠎ᠪᠡᠨ ᠪᠢᠲᠡᠭᠦᠮᠵᠢᠯᠡᠬᠦ ᠂ ᠨᠥᠯᠥᠭᠡᠯᠡᠨ ᠨᠡᠭᠡᠭᠡᠵᠦ ᠵᠣᠭᠰᠤᠭᠠᠬᠤ ᠵᠡᠷᠭᠡ ᠴᠢᠳᠠᠮᠵᠢ᠎ᠲᠠᠢ ᠤᠰᠤ ᠠᠷᠪᠢᠯᠠᠬᠤ ᠬᠡᠯᠪᠡᠷᠢ᠎ᠶᠢᠨ ᠤᠰᠤᠨ ᠭᠣᠭᠣᠵᠢᠭᠤᠷ᠎ᠢ ᠰᠤᠳᠤᠯᠤᠨ ᠨᠡᠭᠡᠭᠡᠵᠦ ᠳᠡᠯᠭᠡᠷᠡᠭᠦᠯᠵᠦ ᠂ ᠤᠰᠤᠨ᠎ᠤ ᠬᠡᠮᠵᠢᠭᠦᠷ ᠂ ᠨᠡᠭᠡᠯᠡᠭᠡᠢ ᠵᠡᠷᠭᠡ ᠦᠵᠦᠭᠦᠷ᠎ᠦᠨ ᠲᠥᠬᠦᠭᠡᠷᠦᠮᠵᠢ᠎ᠶᠢᠨ ᠣᠶᠤᠨᠴᠢ᠎ᠪᠠᠷ ᠲᠠᠰ ᠳᠡᠪᠰᠢᠬᠦ᠎ᠶᠢ ᠲᠦᠯᠬᠢᠨ ᠠᠬᠢᠭᠤᠯᠵᠤ ᠂ ᠵᠥᠭᠡᠯᠡᠨ ᠲᠣᠨᠣᠭ᠎ᠦᠨ ᠲᠠᠪᠴᠠᠩ ᠯᠤᠭ᠎ᠠ ᠬᠠᠷᠢᠯᠴᠠᠨ ᠬᠣᠯᠪᠣᠭᠠᠯᠠᠵᠤ ᠬᠠᠷᠢᠯᠴᠠᠨ ᠨᠡᠪᠲᠡᠷᠡᠯᠴᠡᠬᠦ᠎ᠶᠢ ᠴᠢᠩᠭᠠᠳᠬᠠᠨ᠎ᠠ ᠃ ᠲᠣᠮᠣ᠌ ᠳ᠋ᠠᠢᠲ᠋ᠠ᠎ᠶᠢᠨ ᠵᠠᠳᠠᠯᠤᠯᠲᠠ᠎ᠳᠤ ᠰᠠᠭᠤᠷᠢᠯᠠᠭᠰᠠᠨ ᠠᠵᠤ ᠦᠢᠯᠡᠳᠪᠦᠷᠢ᠎ᠶᠢᠨ ᠤᠰᠤ ᠠᠷᠪᠢᠯᠠᠬᠤ ᠲᠣᠮᠣ᠌ ᠵᠠᠭᠪᠤᠷ᠎ᠢ ᠨᠡᠭᠡᠭᠡᠨ ᠬᠥᠭᠵᠢᠭᠦᠯᠵᠦ ᠂ ᠵᠣᠬᠢᠶᠠᠮᠠᠯ ᠣᠶᠤᠨᠯᠢᠭ᠋᠎ᠤᠨ ᠪᠣᠯᠪᠠᠰᠤᠷᠠᠯ᠎ᠤᠨ ᠮᠡᠷᠭᠡᠵᠢᠯ᠎ᠢ ᠠᠰᠢᠭ᠍ᠯᠠᠨ ᠂ ᠤᠰᠤ ᠬᠡᠷᠡᠭᠯᠡᠬᠦ ᠳ᠋ᠠᠢᠲ᠋ᠠ᠎ᠳᠤ ᠭᠦᠨᠵᠡᠭᠡᠢ ᠵᠠᠳᠠᠯᠤᠯᠲᠠ ᠬᠢᠵᠦ ᠂ ᠪᠡᠶ᠎ᠡ᠎ᠪᠡᠨ ᠳᠠᠭᠠᠭᠠᠵᠤ ᠮᠡᠳᠡᠷᠡᠬᠦ ᠂ ᠵᠠᠳᠠᠯᠤᠯᠲᠠ ᠬᠢᠵᠦ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠰᠢᠯᠢᠳᠡᠭᠵᠢᠭᠦᠯᠦᠨ ᠡᠵᠡᠮᠳᠡᠬᠦ ᠴᠢᠳᠠᠪᠤᠷᠢ᠎ᠲᠠᠢ ᠤᠰᠤ ᠠᠷᠪᠢᠯᠠᠬᠤ᠎ᠶᠢ ᠰᠢᠢᠳᠪᠦᠷᠢᠯᠡᠬᠦ ᠣᠶᠤᠨᠴᠢ ᠲᠥᠰᠥᠯ᠎ᠢ ᠪᠦᠷᠢᠯᠳᠦᠭᠦᠯᠦᠨ᠎ᠡ ᠃
      ᠲᠤᠰᠬᠠᠢ ᠪᠤᠯᠤᠩ 4 ᠄ ᠵᠣᠬᠢᠶᠠᠮᠠᠯ ᠣᠶᠤᠨᠯᠢᠭ᠋᠎ᠢᠶᠠᠷ ᠡᠨᠧᠷᠭᠢ ᠣᠯᠭᠣᠬᠤ ᠠᠵᠤ ᠦᠢᠯᠡᠳᠪᠦᠷᠢ᠎ᠶᠢᠨ ᠤᠰᠤ ᠠᠷᠪᠢᠯᠠᠬᠤ ᠨᠡᠢᠲᠡᠯᠢᠭ ᠬᠡᠷᠡᠭᠯᠡᠭᠡᠨ᠎ᠦ ᠦᠵᠡᠭᠳᠡᠯ
      1. ᠤᠰᠤᠨ᠎ᠤ ᠡᠬᠢ ᠪᠠᠶᠠᠯᠢᠭ᠋᠎ᠢ ᠰᠢᠯᠢᠳᠡᠭᠵᠢᠭᠦᠯᠦᠨ ᠲᠣᠬᠢᠷᠠᠭᠤᠯᠤᠨ᠎ᠠ ᠃ ᠠᠵᠤ ᠦᠢᠯᠡᠳᠪᠦᠷᠢ᠎ᠶᠢᠨ ᠠᠵᠤ ᠠᠬᠤᠢᠯᠠᠯ ᠂ ᠬᠦᠷᠢᠶᠡᠯᠡᠩ ᠲᠣᠭᠣᠷᠢᠭ᠋᠎ᠤᠨ ᠤᠰᠤᠨ᠎ᠤ ᠡᠬᠢ ᠪᠠᠶᠠᠯᠢᠭ᠋᠎ᠢ ᠰᠢᠯᠢᠳᠡᠭᠵᠢᠭᠦᠯᠦᠨ ᠲᠣᠬᠢᠷᠠᠭᠤᠯᠬᠤ᠎ᠪᠠᠷ ᠲᠣᠮᠣ᠌ ᠵᠠᠭᠪᠤᠷ᠎ᠤᠨ ᠬᠡᠷᠡᠭᠯᠡᠭᠡᠨ᠎ᠦ ᠲᠠᠯᠠᠪᠤᠷ᠎ᠤᠨ ᠰᠠᠭᠤᠷᠢ ᠰᠠᠭᠤᠳᠠᠯ ᠪᠣᠯᠭᠠᠵᠤ ᠂ ᠪᠣᠳᠠᠰᠯᠢᠭ᠋ ᠬᠣᠯᠪᠣᠭᠠᠲᠤ ᠰᠦᠯᠵᠢᠶ᠎ᠡ᠎ᠶᠢᠨ ᠰᠡᠷᠡᠯ ᠳᠠᠮᠵᠢᠭᠤᠯᠤᠭ᠍ᠴᠢ᠎ᠪᠠᠷ ᠳᠠᠮᠵᠢᠭᠤᠯᠤᠨ ᠤᠰᠤᠨ᠎ᠤ ᠡᠬᠢ ᠰᠤᠷᠪᠤᠯᠵᠢ᠎ᠶᠢᠨ ᠣᠨᠴᠠᠯᠢᠭ᠋ ᠰᠢᠨᠵᠢ ᠂ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠂ ᠬᠣᠭᠣᠯᠠᠢ᠎ᠶᠢᠨ ᠲᠣᠣᠷ᠎ᠤᠨ ᠬᠥᠳᠡᠯᠦᠩᠭᠦᠢ ᠪᠠᠢᠳᠠᠯ ᠵᠡᠷᠭᠡ ᠣᠯᠠᠨ ᠡᠬᠢᠲᠦ ᠲᠣᠭ᠎ᠠ ᠪᠠᠷᠢᠮᠲᠠ᠎ᠶᠢ ᠴᠠᠭ ᠲᠤᠬᠠᠢ ᠳ᠋ᠤᠨᠢ ᠴᠤᠭᠯᠠᠭᠤᠯᠵᠤ ᠂ ᠤᠰᠤᠨ᠎ᠤ ᠴᠢᠨᠠᠷ ᠂ ᠤᠰᠤᠨ᠎ᠤ ᠬᠡᠮᠵᠢᠶ᠎ᠡ ᠂ ᠤᠰᠤᠨ᠎ᠤ ᠳᠠᠷᠤᠯᠲᠠ ᠵᠡᠷᠭᠡ ᠣᠯᠠᠨ ᠬᠡᠮᠵᠢᠯᠲᠦ ᠪᠣᠯᠵᠣᠯᠲᠤ ᠲᠣᠭ᠎ᠠ᠎ᠶᠢ ᠡᠮᠬᠢᠯᠡᠨ ᠨᠡᠢᠯᠡᠭᠦᠯᠦᠨ᠎ᠡ ᠃ ᠭᠦᠨᠵᠡᠭᠡᠢ ᠰᠤᠷᠤᠯᠴᠠᠬᠤ ᠪᠣᠷᠣ᠌ ᠲᠥᠯᠥᠪ᠎ᠲᠦ ᠰᠠᠭᠤᠷᠢᠯᠠᠨ ᠂ ᠨᠢᠭᠡ ᠤᠰᠤ᠎ᠶᠢ ᠣᠯᠠᠨ ᠬᠡᠷᠡᠭᠴᠡᠭᠡᠲᠦ ᠤᠷᠠᠨ ᠮᠡᠷᠭᠡᠰᠢᠯ᠎ᠦᠨ ᠯᠣᠭᠢᠭ᠋ ᠂ ᠴᠢᠨᠠᠷ ᠬᠤᠪᠢᠶᠠᠨ ᠬᠡᠷᠡᠭᠯᠡᠬᠦ ᠤᠰᠤᠨ᠎ᠤ ᠤᠰᠤᠨ᠎ᠤ ᠴᠢᠨᠠᠷ᠎ᠤᠨ ᠪᠠᠷᠢᠮᠵᠢᠶ᠎ᠠ ᠂ ᠤᠭᠰᠠᠷᠠᠭᠤᠯᠤᠨ ᠬᠡᠷᠡᠭᠯᠡᠬᠦ ᠤᠰᠤᠨ᠎ᠤ ᠵᠠᠮ ᠱᠤᠭᠤᠮ᠎ᠤᠨ ᠲᠥᠯᠦᠪᠵᠢᠭᠦᠯᠭᠡ ᠂ ᠱᠠᠲᠤᠯᠢᠭ᠋ ᠠᠰᠢᠭ᠍ᠯᠠᠯᠲᠠ᠎ᠶᠢᠨ ᠡᠨᠧᠷᠭᠢ᠎ᠶᠢ ᠤᠯᠠᠷᠢᠭᠤᠯᠬᠤ ᠬᠠᠷᠢᠴᠠᠭ᠎ᠠ᠎ᠶᠢ ᠡᠩ᠎ᠦᠨ ᠪᠤᠰᠤ ᠤᠰᠤᠨ᠎ᠤ ᠠᠰᠢᠭ᠍ᠯᠠᠯᠲᠠ ᠵᠡᠷᠭᠡ ᠲᠣᠭ᠎ᠠ ᠪᠠᠷᠢᠮᠲᠠ ᠯᠤᠭ᠎ᠠ ᠠᠭᠤᠰᠤᠯᠴᠠᠭᠤᠯᠤᠨ ᠵᠠᠭᠪᠤᠷ ᠪᠠᠢᠭᠤᠯᠵᠤ ᠂ ᠱᠤᠭᠤᠮ᠎ᠤᠨ ᠴᠢᠨᠠᠷᠲᠠᠢ ᠲᠥᠯᠦᠪᠵᠢᠭᠦᠯᠭᠡ ᠪᠠ ᠲᠣᠣᠷ ᠰᠦᠯᠵᠢᠶᠡᠨ᠎ᠦ ᠤᠷᠤᠰᠬᠠᠯ᠎ᠤᠨ ᠪᠤᠳᠤᠬᠤ ᠠᠷᠭ᠎ᠠ᠎ᠶᠢ ᠠᠰᠢᠭ᠍ᠯᠠᠨ ᠤᠰᠤᠨ᠎ᠤ ᠡᠬᠢ ᠪᠠᠶᠠᠯᠢᠭ᠋᠎ᠤᠨ ᠬᠤᠪᠢᠶᠠᠷᠢᠯᠠᠯᠲᠠ ᠪᠠ ᠤᠰᠤᠨ ᠤᠷᠤᠰᠬᠠᠯ᠎ᠤᠨ ᠵᠠᠮ ᠱᠤᠭᠤᠮ᠎ᠢ ᠰᠢᠯᠢᠳᠡᠭᠵᠢᠭᠦᠯᠦᠨ᠎ᠡ᠃ ᠬᠥᠳᠡᠯᠦᠩᠭᠦᠢ ᠳᠠᠭᠤᠷᠢᠶᠠᠮᠠᠯ ᠮᠡᠷᠭᠡᠵᠢᠯ᠎ᠲᠠᠢ ᠤᠶᠠᠯᠳᠤᠭᠤᠯᠤᠨ᠂ ᠤᠰᠤ ᠬᠡᠷᠡᠭᠯᠡᠬᠦ ᠪᠠᠢᠳᠠᠯ᠎ᠢ ᠴᠠᠭ ᠲᠤᠬᠠᠢ ᠳ᠋ᠤᠨᠢ ᠬᠢᠨᠠᠨ ᠬᠡᠮᠵᠢᠬᠦ᠎ᠶᠢᠨ ᠬᠠᠮᠲᠤ ᠬᠥᠳᠡᠯᠦᠩᠭᠦᠢ ᠲᠣᠬᠢᠷᠠᠭᠤᠯᠤᠯᠲᠠ ᠬᠢᠵᠦ ᠂ ᠤᠰᠤᠨ᠎ᠤ ᠡᠬᠢ ᠪᠠᠶᠠᠯᠢᠭ᠋᠎ᠢ ᠥᠨᠳᠥᠷ ᠦᠷ᠎ᠡ ᠠᠰᠢᠭ᠍ᠲᠠᠢ᠎ᠪᠠᠷ ᠲᠣᠬᠢᠷᠠᠭᠤᠯᠤᠨ ᠠᠰᠢᠭ᠍ᠯᠠᠬᠤ᠎ᠶᠢ ᠪᠡᠶᠡᠯᠡᠭᠦᠯᠦᠨ᠎ᠡ ᠃
      2. ᠤᠰᠤ᠎ᠶᠢ ᠡᠷᠭᠢᠯᠳᠦᠭᠦᠯᠦᠨ ᠠᠰᠢᠭ᠍ᠯᠠᠬᠤ᠎ᠶᠢ ᠲᠣᠬᠢᠷᠠᠭᠤᠯᠤᠨ ᠡᠵᠡᠮᠳᠡᠨ᠎ᠡ ᠃ ᠠᠵᠤ ᠦᠢᠯᠡᠳᠪᠦᠷᠢ᠎ᠶᠢᠨ ᠬᠠᠶᠠᠭᠳᠠᠮᠠᠯ ᠤᠰᠤ᠎ᠶᠢ ᠰᠢᠢᠳᠪᠦᠷᠢᠯᠡᠬᠦ ᠵᠢᠴᠢ ᠡᠷᠭᠢᠯᠳᠦᠭᠦᠯᠦᠨ ᠠᠰᠢᠭ᠍ᠯᠠᠬᠤ ᠰᠢᠰᠲᠧᠮ᠎ᠢᠶᠡᠷ ᠲᠣᠮᠣ᠌ ᠵᠠᠭᠪᠤᠷ᠎ᠤᠨ ᠬᠡᠷᠡᠭᠯᠡᠭᠡᠨ᠎ᠦ ᠲᠠᠯᠠᠪᠤᠷ᠎ᠤᠨ ᠰᠠᠭᠤᠷᠢ ᠪᠣᠯᠭᠠᠵᠤ ᠂ ᠭᠦᠨᠵᠡᠭᠡᠢ ᠰᠤᠷᠤᠯᠴᠠᠬᠤ ᠵᠠᠭᠪᠤᠷ᠎ᠢᠶᠠᠷ ᠳᠠᠮᠵᠢᠭᠤᠯᠤᠨ ᠤᠰᠤᠨ᠎ᠤ ᠴᠢᠨᠠᠷ᠎ᠢ ᠬᠢᠨᠠᠨ ᠬᠡᠮᠵᠢᠭᠰᠡᠨ ᠲᠣᠭ᠎ᠠ ᠪᠠᠷᠢᠮᠲᠠ ᠂ ᠠᠮᠢᠳᠤ ᠪᠣᠳᠠᠰ᠎ᠤᠨ ᠬᠢᠮᠢ᠎ᠶᠢᠨ ᠰᠢᠢᠳᠪᠦᠷᠢᠯᠡᠬᠦ ᠤᠷᠠᠨ ᠮᠡᠷᠭᠡᠰᠢᠯ᠎ᠦᠨ ᠪᠣᠯᠵᠣᠯᠲᠤ ᠲᠣᠭ᠎ᠠ ᠵᠢᠴᠢ ᠪᠣᠬᠢᠷᠲᠤᠯ ᠪᠣᠳᠠᠰ᠎ᠢ ᠬᠤᠪᠢᠷᠠᠭᠤᠯᠬᠤ ᠵᠢᠮ᠎ᠡ ᠶᠣᠰᠣ᠌᠎ᠶᠢ ᠵᠠᠳᠠᠯᠤᠨ ᠰᠢᠨᠵᠢᠯᠡᠵᠦ ᠂ ᠤᠰᠤ ᠰᠢᠢᠳᠪᠦᠷᠢᠯᠡᠬᠦ ᠤᠷᠠᠨ ᠮᠡᠷᠭᠡᠰᠢᠯ᠎ᠦᠨ ᠣᠶᠤᠨᠴᠢ ᠲᠣᠬᠢᠷᠠᠭᠤᠯᠤᠯ ᠡᠵᠡᠮᠳᠡᠯ ᠪᠠ ᠡᠨᠧᠷᠭᠢ᠎ᠶᠢᠨ ᠬᠣᠷᠣᠭᠳᠠᠯ᠎ᠢ ᠰᠢᠯᠢᠳᠡᠭᠵᠢᠭᠦᠯᠬᠦ᠎ᠶᠢ ᠪᠡᠶᠡᠯᠡᠭᠦᠯᠦᠨ᠎ᠡ ᠃ ᠪᠣᠬᠢᠷ ᠤᠰᠤᠨ᠎ᠤ ᠹᠢᠽᠢᠺ ᠬᠢᠮᠢ᠎ᠶᠢᠨ ᠭᠦᠢᠴᠡᠳᠬᠡᠯ ᠲᠣᠭ᠎ᠠ ᠂ ᠠᠮᠢᠳᠤ ᠪᠣᠳᠠᠰ᠎ᠤᠨ ᠪᠠᠺᠲᠧᠷᠢ᠎ᠶᠢᠨ ᠪᠥᠭᠡᠮᠨᠡᠷᠡᠯ᠎ᠦᠨ ᠲᠠᠷᠬᠠᠯᠲᠠ ᠂ ᠲᠥᠬᠦᠭᠡᠷᠦᠮᠵᠢ᠎ᠶᠢᠨ ᠠᠵᠢᠯᠯᠠᠭᠠᠨ᠎ᠤ ᠪᠠᠢᠳᠠᠯ ᠵᠡᠷᠭᠡ ᠲᠣᠭ᠎ᠠ ᠪᠠᠷᠢᠮᠲᠠ᠎ᠶᠢᠨ ᠮᠡᠳᠡᠭᠡ ᠵᠠᠩᠭᠢ᠎ᠶᠢ ᠡᠮᠬᠢᠯᠡᠨ ᠨᠡᠢᠯᠡᠭᠦᠯᠵᠦ ᠂ ᠤᠰᠤᠨ᠎ᠤ ᠴᠢᠨᠠᠷ᠎ᠤᠨ ᠬᠤᠪᠢᠷᠠᠯᠲᠠ᠎ᠶᠢ ᠲᠥᠰᠥᠭᠡᠯᠡᠬᠦ ᠵᠠᠭᠪᠤᠷ ᠬᠢᠭᠡᠳ ᠬᠠᠶᠠᠭᠳᠠᠮᠠᠯ ᠤᠰᠤ᠎ᠶᠢ ᠡᠷᠭᠢᠯᠳᠦᠭᠦᠯᠦᠨ ᠠᠰᠢᠭ᠍ᠯᠠᠬᠤ᠎ᠶᠢ ᠪᠣᠶ ᠪᠣᠯᠭᠠᠬᠤ ᠲᠥᠰᠥᠯ᠎ᠢ ᠪᠠᠢᠭᠤᠯᠤᠨ᠎ᠠ ᠃ ᠰᠤᠷᠤᠯᠴᠠᠯᠭ᠎ᠠ᠎ᠶᠢ ᠴᠢᠩᠭᠠᠷᠠᠭᠤᠯᠬᠤ᠎ᠳᠤ ᠰᠠᠭᠤᠷᠢᠯᠠᠭᠰᠠᠨ ᠡᠮ ᠨᠠᠢᠷᠠᠯᠭ᠎ᠠ᠎ᠶᠢᠨ ᠣᠷᠣᠭᠤᠯᠤᠯᠲᠠ᠎ᠶᠢ ᠣᠶᠤᠨᠴᠢ᠎ᠪᠠᠷ ᠡᠵᠡᠮᠳᠡᠬᠦ ᠂ ᠺᠣᠮᠫᠢᠦ᠋ᠲᠧᠷ᠎ᠦᠨ ᠬᠠᠷᠠᠭᠠᠨ ᠰᠡᠷᠡᠯ᠎ᠳᠦ ᠰᠠᠭᠤᠷᠢᠯᠠᠭᠰᠠᠨ ᠲᠥᠬᠦᠭᠡᠷᠦᠮᠵᠢ᠎ᠶᠢᠨ ᠬᠡᠮ ᠰᠣᠭᠣᠭ᠎ᠢ ᠢᠯᠭᠠᠨ ᠲᠠᠨᠢᠬᠤ ᠵᠡᠷᠭᠡ ᠮᠡᠷᠭᠡᠵᠢᠯ᠎ᠢ ᠨᠡᠭᠡᠭᠡᠨ ᠬᠥᠭᠵᠢᠭᠦᠯᠵᠦ ᠂ ᠬᠠᠶᠠᠭᠳᠠᠮᠠᠯ ᠤᠰᠤ᠎ᠶᠢ ᠡᠷᠭᠢᠯᠳᠦᠭᠦᠯᠦᠨ ᠠᠰᠢᠭ᠍ᠯᠠᠬᠤ ᠰᠢᠢᠳᠪᠦᠷᠢᠲᠦ ᠪᠣᠳᠣᠯᠭ᠎ᠠ᠎ᠶᠢᠨ ᠬᠠᠮᠢᠶᠠᠷᠤᠯᠲᠠ᠎ᠶᠢ 《 ᠲᠤᠷᠰᠢᠯᠭ᠎ᠠ᠎ᠪᠠᠷ ᠬᠥᠳᠡᠯᠭᠡᠭᠦᠷ ᠪᠣᠯᠭᠠᠬᠤ 》 ᠎ᠠᠴᠠ 《 ᠲᠣᠭ᠎ᠠ ᠪᠠᠷᠢᠮᠲᠠ᠎ᠪᠠᠷ ᠬᠥᠳᠡᠯᠭᠡᠭᠦᠷ ᠪᠣᠯᠭᠠᠬᠤ 》 ᠲᠡᠢᠰᠢ ᠬᠤᠪᠢᠷᠠᠭᠤᠯᠬᠤ᠎ᠶᠢ ᠠᠬᠢᠭᠤᠯᠵᠤ ᠂ ᠲᠤᠬᠠᠢ᠎ᠶᠢᠨ ᠴᠠᠭ ᠲᠤᠨᠢ ᠲᠣᠬᠢᠷᠠᠭᠤᠯᠬᠤ᠂ ᠬᠡᠪ᠎ᠦᠨ ᠪᠤᠰᠤ ᠤᠷᠢᠳᠴᠢᠯᠠᠨ ᠰᠡᠷᠡᠮᠵᠢᠯᠡᠭᠦᠯᠬᠦ ᠂ ᠠᠷᠭ᠎ᠠ ᠪᠣᠳᠣᠯᠭ᠎ᠠ᠎ᠶᠢ ᠪᠣᠶ ᠪᠣᠯᠭᠠᠬᠤ ᠴᠢᠳᠠᠮᠵᠢ᠎ᠶᠢ ᠬᠠᠪᠰᠤᠷᠭᠠᠭᠰᠠᠨ ᠣᠶᠤᠨᠴᠢ ᠰᠢᠢᠳᠪᠦᠷᠢᠲᠦ ᠪᠣᠳᠣᠯᠭ᠎ᠠ᠎ᠶᠢᠨ ᠰᠢᠰᠲᠧᠮ᠎ᠢ ᠪᠣᠶ ᠪᠣᠯᠭᠠᠵᠤ ᠂ ᠤᠰᠤᠨ᠎ᠤ ᠳᠠᠬᠢᠨ ᠳᠠᠪᠲᠠᠨ ᠠᠰᠢᠭ᠍ᠯᠠᠬᠤ ᠨᠣᠷᠮ᠎ᠠ᠎ᠶᠢ ᠳᠡᠭᠡᠭᠰᠢᠯᠡᠭᠦᠯᠦᠨ᠎ᠡ᠃
      3. ᠭᠡᠭᠡᠭᠳᠡᠵᠦ ᠬᠣᠬᠢᠷᠠᠭᠰᠠᠨ᠎ᠢ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ᠃ ᠤᠰᠤᠨ᠎ᠤ ᠡᠬᠢ ᠪᠠᠶᠠᠯᠢᠭ᠋᠎ᠢ ᠳᠠᠮᠵᠢᠭᠤᠯᠵᠤ ᠲᠦᠭᠡᠭᠡᠬᠦ ᠬᠣᠭᠣᠯᠠᠢ᠎ᠶᠢᠨ ᠲᠣᠣᠷ᠎ᠢᠶᠠᠷ ᠲᠣᠮᠣ᠌ ᠵᠠᠭᠪᠤᠷ᠎ᠤᠨ ᠬᠡᠷᠡᠭᠯᠡᠭᠡᠨ᠎ᠦ ᠦᠵᠡᠭᠳᠡᠯ᠎ᠦᠨ ᠰᠠᠭᠤᠷᠢ ᠪᠣᠯᠭᠠᠵᠤ ᠂ ᠵᠣᠬᠢᠶᠠᠮᠠᠯ ᠣᠶᠤᠨᠯᠢᠭ᠋᠎ᠤᠨ ᠮᠡᠷᠭᠡᠵᠢᠯ᠎ᠢ ᠠᠰᠢᠭ᠍ᠯᠠᠨ ᠥᠨᠳᠥᠷ ᠨᠠᠷᠢᠯᠢᠭ᠋ ᠭᠣᠭᠣᠵᠢᠭ᠍ᠳᠠᠭᠰᠠᠨ ᠬᠣᠬᠢᠷᠠᠯ᠎ᠢ ᠬᠢᠨᠠᠨ ᠬᠡᠮᠵᠢᠬᠦ ᠪᠠ ᠣᠷᠣᠨ ᠪᠠᠢᠷᠢ ᠲᠣᠭᠲᠠᠭᠠᠬᠤ ᠰᠢᠰᠲᠧᠮᠵᠢ᠎ᠶᠢ ᠪᠠᠢᠭᠤᠯᠤᠨ᠎ᠠ ᠃ ᠣᠶᠤᠨᠲᠤ ᠰᠡᠷᠡᠯ ᠳᠠᠮᠵᠢᠭᠤᠯᠤᠭ᠍ᠴᠢ᠎ᠶᠢᠨ ᠲᠣᠣᠷ ᠰᠦᠯᠵᠢᠶ᠎ᠡ᠎ᠶᠢ ᠪᠠᠢᠷᠢᠯᠠᠭᠤᠯᠬᠤ᠎ᠪᠠᠷ ᠳᠠᠮᠵᠢᠭᠤᠯᠤᠨ ᠤᠰᠤ ᠬᠠᠩᠭᠠᠬᠤ ᠬᠣᠭᠣᠯᠠᠢ᠎ᠶᠢᠨ ᠲᠣᠣᠷ᠎ᠤᠨ ᠳᠠᠷᠤᠯᠲᠠ ᠂ ᠤᠷᠤᠰᠬᠠᠯ᠎ᠤᠨ ᠬᠡᠮᠵᠢᠶ᠎ᠡ ᠂ ᠲᠠᠭᠤᠨ ᠳᠣᠯᠭᠢᠶᠠᠨ ᠵᠡᠷᠭᠡ ᠲᠣᠭ᠎ᠠ ᠪᠠᠷᠢᠮᠲᠠ᠎ᠶᠢ ᠴᠤᠭᠯᠠᠭᠤᠯᠵᠤ ᠂ ᠭᠦᠨᠵᠡᠭᠡᠢ ᠰᠤᠷᠤᠯᠴᠠᠵᠤ ᠪᠤᠳᠤᠬᠤ ᠠᠷᠭ᠎ᠠ᠎ᠶᠢ ᠠᠰᠢᠭ᠍ᠯᠠᠨ ᠭᠣᠭᠣᠵᠢᠭ᠍ᠰᠠᠨ ᠬᠣᠬᠢᠷᠠᠯ᠎ᠤᠨ ᠣᠨᠴᠠᠯᠢᠭ᠋᠎ᠤᠨ ᠳᠣᠬᠢᠶ᠎ᠠ᠎ᠶᠢ ᠢᠯᠭᠠᠨ ᠲᠠᠨᠢᠵᠤ ᠂ ᠭᠣᠭᠣᠵᠢᠭ᠍ᠰᠠᠨ ᠴᠡᠭ᠎ᠢ ᠴᠠᠭ ᠲᠤᠬᠠᠢ ᠳ᠋ᠤᠨᠢ ᠬᠢᠨᠠᠨ ᠬᠡᠮᠵᠢᠬᠦ ᠪᠠ ᠨᠠᠷᠢᠯᠢᠭ᠋ ᠣᠨᠣᠴᠠᠲᠠᠢ᠎ᠪᠠᠷ ᠪᠠᠢᠷᠢ ᠲᠣᠭᠲᠠᠭᠠᠬᠤ᠎ᠶᠢ ᠪᠡᠶᠡᠯᠡᠭᠦᠯᠦᠨ᠎ᠡ ᠃ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠤᠨ ᠤᠰᠤ ᠬᠠᠩᠭᠠᠬᠤ ᠬᠣᠭᠣᠯᠠᠢ᠎ᠶᠢᠨ ᠲᠣᠣᠷ ᠂ ᠡᠷᠭᠢᠯᠲᠡᠲᠦ ᠬᠥᠷᠥᠭᠡᠯᠲᠡ᠎ᠶᠢᠨ ᠤᠰᠤᠨ᠎ᠤ ᠰᠢᠰᠲᠧᠮ ᠵᠡᠷᠭᠡ ᠣᠯᠠᠨ ᠲᠠᠯᠠᠪᠤᠷ᠎ᠲᠤ ᠴᠢᠭᠯᠡᠭᠦᠯᠦᠨ ᠂ ᠢᠳᠡᠭᠳᠡᠯ᠎ᠳᠦ ᠳᠠᠭᠠᠭᠠᠮᠠᠭᠠᠢ ᠂ ᠨᠡᠪᠴᠢᠵᠦ ᠭᠣᠭᠣᠵᠢᠬᠤ᠎ᠶᠢ ᠰᠡᠷᠭᠡᠢᠯᠡᠬᠦ ᠰᠢᠨ᠎ᠡ ᠬᠡᠯᠪᠡᠷᠢ᠎ᠶᠢᠨ ᠬᠣᠭᠣᠯᠠᠢ᠎ᠶᠢᠨ ᠮᠠᠲᠧᠷᠢᠶᠠᠯ ᠵᠢᠴᠢ ᠳᠡᠭᠡᠳᠦ ᠪᠢᠲᠡᠭᠦᠮᠵᠢᠲᠦ ᠵᠠᠯᠭᠠᠰᠤ᠎ᠶᠢ ᠰᠤᠳᠤᠯᠤᠨ ᠨᠡᠭᠡᠭᠡᠵᠦ ᠂ ᠰᠤᠯᠠ ᠭᠣᠭᠣᠵᠢᠵᠤ ᠬᠣᠬᠢᠷᠠᠭᠰᠠᠨ ᠳᠣᠬᠢᠶ᠎ᠠ᠎ᠶᠢ ᠢᠯᠭᠠᠨ ᠲᠠᠨᠢᠵᠤ ᠪᠤᠳᠤᠬᠤ ᠠᠷᠭ᠎ᠠ ᠂ ᠬᠣᠭᠣᠯᠠᠢ᠎ᠶᠢᠨ ᠲᠣᠣᠷ᠎ᠤᠨ ᠪᠠᠢᠳᠠᠯ᠎ᠢ ᠣᠶᠤᠨᠴᠢ᠎ᠪᠠᠷ ᠦᠨᠡᠯᠡᠨ ᠵᠢᠱ᠌ᠢᠬᠦ ᠮᠡᠷᠭᠡᠵᠢᠯ ᠵᠡᠷᠭᠡ ᠵᠠᠩᠭᠢᠯᠠᠭ᠎ᠠ᠎ᠶᠢᠨ ᠭᠣᠭᠴᠣᠭ᠎ᠠ᠎ᠶᠢ ᠰᠢᠪᠲᠤᠯᠵᠤ ᠂ 《 ᠬᠢᠨᠠᠨ ᠬᠡᠮᠵᠢᠬᠦ  – ᠲᠥᠰᠥᠭᠡᠯᠡᠬᠦ  – ᠰᠢᠯᠢᠳᠡᠭᠵᠢᠭᠦᠯᠬᠦ  – ᠬᠡᠷᠡᠭᠵᠢᠭᠦᠯᠬᠦ 》 ᠪᠢᠲᠡᠭᠦᠦ ᠴᠠᠭᠠᠷᠢᠭ᠋᠎ᠢ ᠪᠣᠶ ᠪᠣᠯᠭᠠᠵᠤ ᠂ ᠭᠣᠭᠣᠵᠢᠵᠤ ᠬᠣᠬᠢᠷᠠᠬᠤ ᠨᠣᠷᠮ᠎ᠠ ᠪᠠ ᠤᠰᠤᠨ᠎ᠤ ᠡᠬᠢ ᠪᠠᠶᠠᠯᠢᠭ᠋᠎ᠢ ᠪᠦᠷᠢᠯᠭᠡᠬᠦ᠎ᠶᠢ ᠪᠠᠭᠠᠰᠬᠠᠨ᠎ᠠ ᠃
      ( ᠠᠷᠪᠠᠨ ᠬᠣᠶᠠᠷ ) ᠲᠣᠭᠠᠴᠢᠯᠠᠭᠰᠠᠨ ᠣᠶᠤᠨᠴᠢᠯᠠᠭᠰᠠᠨ ᠤᠰᠤ ᠠᠷᠪᠢᠯᠠᠬᠤ ᠬᠠᠮᠢᠶᠠᠷᠤᠯᠲᠠ᠎ᠶᠢᠨ ᠲᠠᠪᠴᠠᠩ᠎ᠢ ᠪᠠᠢᠭᠤᠯᠤᠨ᠎ᠠ ᠃ ᠬᠢᠨᠠᠨ ᠬᠡᠮᠵᠢᠬᠦ ᠬᠡᠮᠵᠢᠭᠦᠷᠯᠢᠭ ᠂ ᠲᠣᠭ᠎ᠠ ᠪᠠᠷᠢᠮᠲᠠ᠎ᠶᠢᠨ ᠬᠥᠮᠥᠷᠭᠡ ᠂ ᠵᠠᠭᠪᠤᠷ᠎ᠤᠨ ᠵᠥᠭᠡᠯᠡᠨ ᠲᠣᠨᠣᠭ ᠵᠡᠷᠭᠡ᠎ᠪᠡᠷ ᠲᠤᠯᠭᠠᠭᠤᠷᠢᠯᠠᠯ ᠪᠣᠯᠭᠠᠵᠤ ᠂ ᠣᠶᠤᠨᠲᠤ ᠤᠰᠤ ᠬᠡᠷᠡᠭᠯᠡᠬᠦ ᠬᠠᠮᠢᠶᠠᠷᠤᠯᠲᠠ᠎ᠶᠢᠨ ᠰᠢᠰᠲᠧᠮ ᠂ ᠤᠰᠤᠨ᠎ᠤ ᠲᠡᠩᠴᠡᠭᠦᠷᠢ᠎ᠶᠢ ᠰᠢᠯᠭᠠᠬᠤ ᠰᠢᠰᠲᠧᠮ ᠵᠢᠴᠢ ᠠᠵᠤ ᠦᠢᠯᠡᠳᠪᠦᠷᠢ᠎ᠶᠢᠨ ᠤᠰᠤ᠎ᠶᠢ ᠰᠢᠢᠳᠪᠦᠷᠢᠯᠡᠬᠦ ᠲᠣᠮᠣ᠌ ᠳ᠋ᠠᠢᠲ᠋ᠠ᠎ᠶᠢᠨ ᠲᠠᠪᠴᠠᠩ᠎ᠢ ᠪᠠᠢᠭᠤᠯᠵᠤ ᠂ ᠤᠰᠤ ᠬᠡᠷᠡᠭᠯᠡᠬᠦ ᠲᠣᠭ᠎ᠠ ᠪᠠᠷᠢᠮᠲᠠ᠎ᠶᠢ ᠴᠠᠭ ᠲᠤᠬᠠᠢ ᠳ᠋ᠤᠨᠢ ᠴᠤᠭᠯᠠᠭᠤᠯᠬᠤ ᠪᠠ ᠳᠠᠮᠵᠢᠭᠤᠯᠬᠤ ᠂ ᠲᠥᠬᠦᠭᠡᠷᠦᠮᠵᠢ᠎ᠶᠢ ᠣᠶᠤᠨᠴᠢ᠎ᠪᠠᠷ ᠣᠨᠣᠰᠢᠯᠠᠬᠤ ᠪᠠ ᠤᠷᠢᠳᠴᠢᠯᠠᠨ ᠰᠡᠷᠡᠮᠵᠢᠯᠡᠭᠦᠯᠬᠦ ᠵᠡᠷᠭᠡ ᠵᠠᠩᠭᠢᠯᠠᠭ᠎ᠠ᠎ᠶᠢᠨ ᠮᠡᠷᠭᠡᠵᠢᠯ᠎ᠦᠨ ᠪᠣᠭᠣᠮᠲᠠ᠎ᠶᠢ ᠭᠣᠣᠯᠳᠠᠯᠭ᠎ᠠ᠎ᠲᠠᠢ ᠰᠢᠪᠲᠤᠯᠵᠤ ᠂ ᠤᠰᠤ ᠬᠡᠷᠡᠭᠯᠡᠬᠦ ᠲᠣᠭ᠎ᠠ ᠪᠠᠷᠢᠮᠲᠠ᠎ᠶᠢ ᠴᠠᠭ ᠲᠤᠬᠠᠢ ᠳ᠋ᠤᠨᠢ ᠣᠨᠣᠪᠴᠢᠲᠠᠶ ᠴᠤᠭᠯᠠᠭᠤᠯᠬᠤ ᠪᠠ ᠬᠡᠪ᠎ᠦᠨ ᠪᠤᠰᠤ ᠣᠶᠤᠨᠴᠢ᠎ᠪᠠᠷ ᠢᠯᠭᠠᠨ ᠲᠠᠨᠢᠬᠤ ᠂ ᠤᠰᠤᠨ᠎ᠤ ᠲᠡᠩᠴᠡᠭᠦᠷᠢ᠎ᠶᠢ ᠰᠦᠯᠵᠢᠶᠡᠨ ᠳᠡᠭᠡᠷ᠎ᠡ ᠵᠠᠳᠠᠯᠬᠤ ᠵᠡᠷᠭᠡ ᠴᠢᠳᠠᠮᠵᠢ᠎ᠶᠢ ᠪᠡᠶᠡᠯᠡᠭᠦᠯᠦᠨ᠎ᠡ ᠃ ᠪᠠᠷᠠᠭᠠᠨ᠎ᠤ ᠮᠡᠳᠡᠭᠡ ᠵᠠᠩᠭᠢ᠎ᠶᠢᠨ ᠰᠦᠯᠵᠢᠶ᠎ᠡ ᠂ ᠲᠣᠮᠣ᠌ ᠳ᠋ᠠᠢᠲ᠋ᠠ ᠪᠣᠯᠣᠨ ᠵᠣᠬᠢᠶᠠᠮᠠᠯ ᠣᠶᠤᠨᠯᠢᠭ᠋᠎ᠤᠨ ᠮᠡᠷᠭᠡᠵᠢᠯ᠎ᠦᠨ ᠠᠭᠤᠰᠤᠯᠴᠠᠯ᠎ᠢ ᠲᠦᠷᠭᠡᠳᠬᠡᠵᠦ ᠂ ᠪᠡᠶ᠎ᠡ᠎ᠪᠡᠨ ᠳᠠᠭᠠᠭᠠᠵᠤ ᠡᠵᠡᠮᠳᠡᠵᠦ ᠪᠣᠯᠬᠤ ᠠᠵᠤ ᠦᠢᠯᠡᠳᠪᠦᠷᠢ᠎ᠶᠢᠨ ᠡᠵᠡᠮᠳᠡᠬᠦ ᠲᠥᠬᠦᠭᠡᠷᠦᠮᠵᠢ ᠂ ᠣᠶᠤᠨᠲᠤ ᠰᠡᠷᠡᠯ ᠳᠠᠮᠵᠢᠭᠤᠯᠤᠭᠤᠷ ᠂ ᠨᠠᠷᠢᠯᠢᠭ᠋ ᠬᠡᠮᠵᠢᠯᠲᠡ᠎ᠶᠢᠨ ᠪᠠᠭᠠᠵᠢ ᠬᠡᠷᠡᠭᠰᠡᠯ᠎ᠢ ᠰᠤᠳᠤᠯᠤᠨ ᠨᠡᠭᠡᠭᠡᠬᠦ᠎ᠶᠢ ᠥᠷᠨᠢᠭᠦᠯᠵᠦ ᠂ ᠲᠣᠭᠣᠷᠢᠨ ᠪᠠᠢᠴᠠᠭᠠᠬᠤ ᠮᠠᠰᠢᠨ ᠬᠥᠮᠥᠨ ᠂ ᠠᠦ᠋ᠲ᠋ᠣ᠋ ᠤᠰᠤ ᠠᠷᠪᠢᠯᠠᠭᠤᠷ ᠵᠡᠷᠭᠡ ᠣᠶᠤᠨᠲᠤ ᠦᠵᠦᠭᠦᠷ᠎ᠦᠨ ᠬᠡᠷᠡᠭᠯᠡᠭᠡ᠎ᠶᠢ ᠠᠬᠢᠭᠤᠯᠤᠨ ᠂ ᠤᠰᠤ ᠠᠷᠪᠢᠯᠠᠬᠤ ᠬᠠᠮᠢᠶᠠᠷᠤᠯᠲᠠ᠎ᠶᠢᠨ ᠲᠠᠪᠴᠠᠩ᠎ᠤᠨ ᠣᠶᠤᠨᠴᠢᠯᠠᠭᠰᠠᠨ ᠰᠢᠢᠳᠪᠦᠷᠢᠲᠦ ᠪᠣᠳᠣᠯᠭ᠎ᠠ᠎ᠶᠢᠨ ᠬᠢᠷᠢ ᠬᠡᠮᠵᠢᠶ᠎ᠡ ᠪᠠ ᠠᠵᠢᠯᠯᠠᠭᠠᠨ᠎ᠤ ᠦᠷ᠎ᠡ ᠪᠦᠲᠦᠮᠵᠢ᠎ᠶᠢ ᠳᠡᠭᠡᠭᠰᠢᠯᠡᠭᠦᠯᠵᠦ ᠂ ᠤᠰᠤᠨ᠎ᠤ ᠡᠬᠢ ᠪᠠᠶᠠᠯᠢᠭ᠋᠎ᠤᠨ ᠬᠥᠳᠡᠯᠦᠩᠭᠦᠢ ᠬᠠᠮᠢᠶᠠᠷᠤᠯᠲᠠ ᠂ ᠪᠥᠬᠥ ᠶᠠᠪᠤᠴᠠ᠎ᠶᠢᠨ ᠣᠶᠤᠨᠴᠢᠯᠠᠭᠰᠠᠨ ᠬᠢᠨᠠᠨ ᠬᠡᠮᠵᠢᠯᠲᠡ ᠪᠠ ᠥᠪᠡᠰᠦᠪᠡᠨ ᠲᠣᠬᠢᠷᠠᠨ ᠰᠢᠯᠢᠳᠡᠭᠵᠢᠭᠦᠯᠦᠨ ᠲᠣᠬᠢᠷᠠᠭᠤᠯᠬᠤ᠎ᠶᠢ ᠪᠡᠶᠡᠯᠡᠭᠦᠯᠦᠨ᠎ᠡ ᠃
      ᠵᠢᠷᠭᠤᠭ᠎ᠠ᠂ ᠠᠵᠤ ᠦᠢᠯᠡᠰ᠎ᠤᠨ ᠰᠢᠨ᠎ᠡ᠎ᠶᠢ ᠡᠭᠦᠳᠬᠦ ᠬᠥᠭᠵᠢᠯᠲᠡ᠎ᠶᠢᠨ ᠣᠷᠴᠢᠨ ᠲᠣᠭᠣᠷᠢᠨ᠎ᠢ ᠰᠢᠯᠢᠳᠡᠭᠵᠢᠭᠦᠯᠦᠨ᠎ᠡ
      ( ᠠᠷᠪᠠᠨ ᠭᠤᠷᠪᠠ ) ᠲᠥᠷᠥ᠎ᠶᠢᠨ ᠪᠣᠳᠣᠯᠭ᠎ᠠ᠎ᠪᠠᠷ ᠳᠡᠮᠵᠢᠬᠦ ᠡᠷᠴᠢᠮ᠎ᠢᠶᠡᠨ ᠴᠢᠩᠭᠠᠷᠠᠭᠤᠯᠤᠨ᠎ᠠ ᠃ ᠤᠰᠤ᠎ᠶᠢ ᠠᠷᠪᠢᠯᠠᠵᠤ ᠬᠡᠷᠡᠭᠯᠡᠬᠦ ᠠᠵᠢᠯ᠎ᠤᠨ ᠶᠠᠮᠤᠨ᠎ᠤ ᠬᠣᠭᠣᠷᠣᠨᠳᠣᠬᠢ ᠬᠠᠮᠲᠤᠷᠠᠭᠰᠠᠨ ᠬᠤᠷᠠᠯ ᠵᠡᠷᠭᠡ ᠠᠵᠢᠯ᠎ᠤᠨ ᠲᠣᠭᠲᠠᠴᠠ᠎ᠳᠤ ᠲᠦᠰᠢᠭᠯᠡᠨ ᠂ ᠤᠰᠤ ᠠᠷᠪᠢᠯᠠᠬᠤ ᠲᠣᠨᠣᠭᠯᠠᠯ᠎ᠤᠨ ᠬᠥᠭᠵᠢᠯᠲᠡ᠎ᠶᠢᠨ ᠪᠦᠬᠦᠯᠢ ᠴᠣᠭᠴᠠ᠎ᠶᠢᠨ ᠲᠥᠯᠦᠪᠵᠢᠭᠦᠯᠭᠡ᠎ᠶᠢᠨ ᠪᠠᠢᠷᠢᠰᠢᠭᠤᠯᠤᠯᠲᠠ᠎ᠶᠢ ᠴᠢᠩᠭᠠᠳᠬᠠᠵᠤ ᠂ ᠤᠰᠤᠨ᠎ᠤ ᠠᠰᠢᠭ᠍ᠯᠠᠮᠵᠢ᠎ᠶᠢᠨ ᠢᠯᠡᠳᠬᠡᠮᠵᠢ᠎ᠶᠢᠨ ᠦᠢᠯᠡᠳᠬᠦᠨ᠎ᠦ ᠬᠡᠪᠴᠢᠶ᠎ᠡ᠎ᠶᠢ ᠥᠷᠭᠡᠳᠬᠡᠨ᠎ᠡ ᠃ ᠶᠡᠬᠡ ᠬᠡᠪᠴᠢᠶ᠎ᠡ᠎ᠪᠡᠷ ᠲᠣᠨᠣᠭᠯᠠᠯ᠎ᠢ ᠰᠢᠨᠡᠳᠬᠡᠬᠦ ᠪᠠ ᠬᠡᠷᠡᠭᠯᠡᠭᠡᠨ᠎ᠦ ᠡᠳ᠋᠎ᠦᠨ ᠬᠠᠭᠤᠴᠢᠨ᠎ᠢᠶᠠᠷ ᠰᠢᠨ᠎ᠡ᠎ᠶᠢ ᠰᠣᠯᠢᠬᠤ ᠬᠠᠮᠢᠶ᠎ᠠ ᠪᠦᠬᠦᠢ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠵᠤ ᠂ ᠭᠣᠣᠯᠳᠠᠯᠭ᠎ᠠ᠎ᠲᠠᠢ ᠠᠵᠢᠯ ᠲᠥᠷᠥᠯ᠎ᠦᠨ ᠤᠰᠤ ᠠᠷᠪᠢᠯᠠᠬᠤ ᠲᠣᠨᠣᠭᠯᠠᠯ᠎ᠢ ᠰᠢᠨᠡᠳᠬᠡᠬᠦ ᠵᠢᠴᠢ ᠮᠡᠷᠭᠡᠵᠢᠯ᠎ᠦᠨ ᠥᠭᠡᠷᠡᠴᠢᠯᠡᠯᠲᠡ ᠬᠢᠬᠦ᠎ᠶᠢ ᠤᠰᠤ ᠠᠷᠪᠢᠯᠠᠬᠤ ᠠᠵᠤ ᠦᠢᠯᠡᠰ᠎ᠦᠨ ᠰᠠᠭᠤᠷᠢ ᠮᠥᠩᠭᠥ᠎ᠶᠢ ᠰᠦᠪᠡᠭᠴᠢᠯᠡᠨ ᠪᠠᠢᠭᠤᠯᠵᠤ ᠂ ᠵᠦᠢ ᠶᠣᠰᠣᠨ᠎ᠤ ᠮᠥᠩᠭᠥᠨ ᠭᠦᠢᠯᠭᠡᠭᠡᠨ᠎ᠦ ᠦᠢᠯᠡᠳᠦᠯ᠎ᠢ ᠪᠠᠳᠠᠷᠠᠭᠤᠯᠤᠨ ᠂ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶᠢᠨ 《 ᠤᠰᠤ ᠠᠷᠪᠢᠯᠠᠬᠤ ᠵᠢᠭᠡᠯᠡᠯᠭᠡ 》 ᠵᠡᠷᠭᠡ ᠵᠦᠢ ᠶᠣᠰᠣᠨ᠎ᠤ ᠮᠥᠩᠭᠥᠨ ᠭᠦᠢᠯᠭᠡᠭᠡᠨ᠎ᠦ ᠦᠢᠯᠡᠴᠢᠯᠡᠭᠡᠨ᠎ᠢ ᠨᠡᠭᠡᠭᠡᠨ ᠬᠥᠭᠵᠢᠭᠦᠯᠬᠦ᠎ᠶᠢ ᠵᠣᠷᠢᠭ᠍ᠵᠢᠭᠤᠯᠵᠤ ᠂ ᠠᠵᠤ ᠠᠬᠤᠢᠯᠠᠯ᠎ᠢ ᠬᠥᠲᠥᠯᠥᠨ ᠵᠢᠯᠤᠭᠣᠳᠴᠤ ᠪᠠᠢᠭᠠᠳ ᠤᠰᠤ ᠠᠷᠪᠢᠯᠠᠬᠤ ᠲᠣᠨᠣᠭᠯᠠᠯ᠎ᠢ ᠢᠳᠡᠪᠬᠢᠲᠡᠢ᠎ᠪᠡᠷ ᠬᠤᠳᠠᠯᠳᠤᠨ ᠠᠪᠤᠭᠤᠯᠵᠤ ᠂ ᠨᠥᠬᠥᠴᠡᠯ᠎ᠳᠦ ᠨᠡᠢᠴᠡᠬᠦ ᠤᠰᠤ ᠠᠷᠪᠢᠯᠠᠬᠤ ᠲᠥᠷᠥᠯ ᠵᠦᠢᠯ᠎ᠳᠦ ᠤᠷᠢᠳ᠎ᠢᠶᠠᠷ ᠳᠡᠮᠵᠢᠯᠭᠡ ᠦᠵᠡᠭᠦᠯᠦᠨ᠎ᠡ ᠃ ᠠᠩᠬᠠᠨ᠎ᠤ ᠰᠠᠭᠤᠷᠢ ( ᠢᠵᠢ )᠎ᠶᠢᠨ ᠴᠢᠬᠤᠯᠠ ᠶᠡᠬᠡ ᠮᠡᠷᠭᠡᠵᠢᠯ᠎ᠦᠨ ᠲᠣᠨᠣᠭᠯᠠᠯᠢ ᠂ ᠠᠩᠬᠠᠨ᠎ᠤ ᠪᠦᠯᠦᠭ ᠤᠳᠠᠭ᠎ᠠ ᠰᠢᠨ᠎ᠡ ᠮᠠᠲᠧᠷᠢᠶᠠᠯ᠎ᠤᠨ ᠳᠠᠭᠠᠳᠬᠠᠯ᠎ᠤᠨ ᠨᠥᠬᠥᠪᠦᠷᠢ᠎ᠶᠢᠨ ᠲᠥᠷᠥ᠎ᠶᠢᠨ ᠪᠣᠳᠣᠯᠭ᠎ᠠ᠎ᠶᠢ ᠰᠠᠢᠲᠤᠷ ᠨᠠᠢᠳᠠᠪᠤᠷᠢᠵᠢᠭᠤᠯᠵᠤ ᠂ ᠲᠡᠷᠢᠭᠦᠨ᠎ᠦ ᠤᠰᠤ ᠠᠷᠪᠢᠯᠠᠬᠤ ᠮᠡᠷᠭᠡᠵᠢᠯ᠎ᠦᠨ ᠲᠣᠨᠣᠭᠯᠠᠯ᠎ᠢ ᠳᠡᠯᠭᠡᠷᠡᠭᠦᠯᠦᠨ ᠬᠡᠷᠡᠭᠯᠡᠬᠦ᠎ᠶᠢ ᠳᠡᠮᠵᠢᠨ᠎ᠡ᠃
      ( ᠠᠷᠪᠠᠨ ᠳᠥᠷᠪᠡ ) ᠪᠠᠷᠢᠮᠵᠢᠶ᠎ᠠ᠎ᠶᠢᠨ ᠰᠢᠰᠲᠧᠮᠵᠢ᠎ᠶᠢ ᠲᠦᠷᠭᠡᠳᠬᠡᠨ ᠲᠡᠭᠦᠯᠳᠡᠷᠵᠢᠭᠦᠯᠦᠨ᠎ᠡ ᠃ ᠤᠰᠤ ᠠᠷᠪᠢᠯᠠᠬᠤ ᠬᠦᠷᠢᠶ᠎ᠡ ᠴᠠᠷᠠᠭ᠎ᠠ᠎ᠶᠢᠨ ᠪᠠᠷᠢᠮᠵᠢᠶᠠᠵᠢᠭᠤᠯᠬᠤ ᠮᠡᠷᠭᠡᠵᠢᠯ᠎ᠦᠨ ᠵᠣᠬᠢᠶᠠᠨ ᠪᠠᠢᠭᠤᠯᠤᠯᠲᠠ᠎ᠳᠤ ᠲᠦᠰᠢᠭᠯᠡᠨ ᠂ ᠤᠰᠤ ᠠᠷᠪᠢᠯᠠᠬᠤ ᠲᠣᠨᠣᠭᠯᠠᠯ᠎ᠤᠨ ᠪᠠᠷᠢᠮᠵᠢᠶ᠎ᠠ᠎ᠶᠢᠨ ᠰᠢᠰᠲᠧᠮᠵᠢ᠎ᠶᠢ ᠪᠦᠷᠢᠨᠰᠢᠭᠦᠯᠵᠦ ᠂ ᠠᠵᠤ ᠦᠢᠯᠡᠰ᠎ᠦᠨ ᠬᠡᠯᠬᠢᠶ᠎ᠡ᠎ᠶᠢᠨ ᠪᠠᠷᠢᠮᠵᠢᠶᠠᠵᠢᠭᠤᠯᠤᠭᠰᠠᠨ ᠵᠢᠷᠤᠭ᠎ᠤᠨ ᠲᠣᠭ᠎ᠠ ᠪᠠᠷᠢᠮᠲᠠ᠎ᠶᠢᠨ ᠠᠭᠤᠯᠵᠠᠷ ᠂ ᠣᠶᠤᠨᠲᠤ ᠠᠵᠢᠯᠯᠠᠭᠤᠯᠵᠤ ᠠᠷᠠᠴᠢᠯᠠᠬᠤ ᠂ ᠠᠮᠤᠷ ᠲᠦᠪᠰᠢᠨ᠎ᠦ ᠪᠠᠲᠤᠯᠠᠭ᠎ᠠ ᠵᠡᠷᠭᠡ᠎ᠶᠢ ᠬᠠᠮᠤᠷᠤᠭᠰᠠᠨ ᠤᠰᠤ ᠠᠷᠪᠢᠯᠠᠬᠤ ᠲᠣᠨᠣᠭᠯᠠᠯ᠎ᠤᠨ ᠨᠡᠢᠳᠡᠮ ᠬᠡᠷᠡᠭᠯᠡᠬᠦ ᠰᠠᠭᠤᠷᠢ ᠪᠠᠷᠢᠮᠵᠢᠶ᠎ᠠ᠎ᠶᠢ ᠲᠣᠭᠲᠠᠭᠠᠵᠤ ᠂ ᠣᠶᠤᠨᠲᠤ ᠤᠰᠤᠨ᠎ᠤ ᠬᠡᠮᠵᠢᠭᠦᠷ ᠂ ᠬᠣᠭᠣᠯᠠᠢ ᠲᠣᠣᠷ᠎ᠤᠨ ᠬᠢᠨᠠᠨ ᠬᠡᠮᠵᠢᠬᠦ ᠲᠣᠨᠣᠭᠯᠠᠯ᠎ᠤᠨ ᠲᠣᠭ᠎ᠠ ᠪᠠᠷᠢᠮᠲᠠ᠎ᠶᠢᠨ ᠵᠠᠯᠭᠠᠭᠠᠰᠤ᠎ᠶᠢᠨ ᠵᠢᠷᠤᠮᠵᠢᠯ ᠵᠡᠷᠭᠡ ᠪᠠᠷᠢᠮᠵᠢᠶ᠎ᠠ᠎ᠶᠢ ᠰᠤᠳᠤᠯᠤᠨ ᠦᠢᠯᠡᠳᠬᠦ᠎ᠶᠢ ᠠᠬᠢᠭᠤᠯᠤᠨ᠎ᠠ ᠃ ᠤᠰᠤ ᠠᠷᠪᠢᠯᠠᠬᠤ ᠲᠣᠨᠣᠭᠯᠠᠯ᠎ᠤᠨ ᠭᠣᠣᠯᠳᠠᠯᠭ᠎ᠠ᠎ᠲᠠᠢ ᠬᠦᠷᠢᠶᠡᠨ᠎ᠳᠦ ᠪᠠᠴᠢᠮ ᠬᠡᠷᠡᠭᠰᠡᠬᠦ ᠦᠢᠯᠡᠳᠬᠦᠨ᠎ᠦ ᠤᠰᠤᠨ᠎ᠤ ᠠᠰᠢᠭ᠍ᠯᠠᠮᠵᠢ᠎ᠶᠢ ᠦᠨᠡᠯᠡᠬᠦ᠂ ᠬᠡᠮᠵᠢᠯᠲᠡ᠎ᠶᠢᠨ ᠮᠡᠷᠭᠡᠵᠢᠯ᠎ᠦᠨ ᠵᠢᠷᠤᠮᠵᠢᠯ᠂ ᠲᠠᠪᠴᠠᠩ᠎ᠤᠨ ᠪᠠᠢᠭᠤᠯᠤᠯᠲᠠ᠎ᠶᠢᠨ ᠵᠦᠭᠯᠡᠭᠦᠷ ᠵᠡᠷᠭᠡ ᠪᠠᠷᠢᠮᠵᠢᠶ᠎ᠠ᠎ᠶᠢ ᠰᠤᠳᠤᠯᠤᠨ ᠦᠢᠯᠡᠳᠬᠦ᠎ᠶᠢ ᠲᠦᠷᠭᠡᠳᠬᠡᠵᠦ᠂ ᠪᠠᠷᠢᠮᠵᠢᠶ᠎ᠠ᠎ᠶᠢ ᠬᠡᠷᠡᠭᠵᠢᠭᠦᠯᠬᠦ ᠬᠥᠳᠡᠯᠦᠩᠭᠦᠢ ᠬᠠᠷᠢᠭᠤ ᠲᠤᠰᠬᠠᠬᠤ ᠲᠣᠭᠲᠠᠴᠠ᠎ᠶᠢ ᠪᠠᠢᠭᠤᠯᠵᠤ᠂ ᠤᠰᠤ ᠠᠷᠪᠢᠯᠠᠬᠤ ᠲᠣᠨᠣᠭᠯᠠᠯ᠎ᠢ ᠪᠠᠷᠢᠮᠵᠢᠶᠠᠵᠢᠭᠤᠯᠬᠤ᠂ ᠰᠢᠰᠲᠧᠮᠵᠢᠭᠦᠯᠬᠦ᠂ ᠢᠵᠢ ᠪᠦᠷᠢᠳᠦᠭᠦᠯᠬᠦ᠎ᠶᠢ ᠲᠦᠯᠬᠢᠨ ᠠᠬᠢᠭᠤᠯᠤᠨ᠎ᠠ᠃ ᠬᠥᠲᠥᠴᠢ ᠠᠵᠤ ᠠᠬᠤᠢᠯᠠᠯ᠎ᠤᠨ ᠣᠯᠠᠨ ᠤᠯᠤᠰ᠎ᠤᠨ ᠪᠠᠷᠢᠮᠵᠢᠶ᠎ᠠ᠎ᠶᠢᠨ ᠳᠦᠷᠢᠮ᠎ᠳᠦ ᠵᠠᠰᠠᠪᠤᠷᠢ ᠣᠷᠣᠭᠤᠯᠬᠤ᠎ᠳᠤ ᠣᠷᠣᠯᠴᠠᠬᠤ᠎ᠶᠢ ᠵᠣᠷᠢᠭ᠍ᠵᠢᠭᠤᠯᠵᠤ ᠂ ᠳᠠᠪᠠᠭᠤᠯᠢᠭ᠋ ᠬᠦᠷᠢᠶᠡᠨ᠎ᠳᠡᠬᠢ ᠪᠠᠷᠢᠮᠵᠢᠶ᠎ᠠ᠎ᠶᠢᠨ ᠳᠡᠯᠡᠬᠡᠢᠴᠢᠯᠡᠯᠲᠡ᠎ᠶᠢ ᠠᠬᠢᠭᠤᠯᠤᠨ᠎ᠠ᠃
      ( ᠠᠷᠪᠠᠨ ᠲᠠᠪᠤ ) ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ ᠴᠢᠳᠠᠪᠤᠷᠢ᠎ᠶᠢ ᠳᠡᠭᠡᠭᠰᠢᠯᠡᠭᠦᠯᠦᠨ᠎ᠡ ᠃ ᠤᠯᠤᠰ᠎ᠤᠨ ᠭᠣᠣᠯᠳᠠᠯᠭ᠎ᠠ᠎ᠲᠠᠢ ᠰᠤᠳᠤᠯᠤᠨ ᠨᠡᠭᠡᠭᠡᠬᠦ ᠲᠥᠯᠥᠪᠯᠡᠭᠡ ᠵᠡᠷᠭᠡ ᠣᠲᠣ᠌᠎ᠶᠢᠨ ᠪᠠᠢᠭ᠎ᠠ ᠪᠡᠯᠡ ᠮᠥᠩᠭᠥ᠎ᠶᠢᠨ ᠠᠷᠭ᠎ᠠ ᠵᠠᠮ᠎ᠢᠶᠠᠷ ᠳᠠᠮᠵᠢᠭᠤᠯᠤᠨ ᠤᠰᠤ ᠠᠷᠪᠢᠯᠠᠬᠤ ᠲᠣᠨᠣᠭᠯᠠᠯ᠎ᠤᠨ ᠪᠣᠭᠣᠮᠲᠠ ᠰᠢᠪᠲᠤᠯᠬᠤ᠎ᠶᠢ ᠳᠡᠮᠵᠢᠵᠦ ᠂ ᠳᠤᠮᠳᠠᠬᠢ ᠲᠤᠷᠰᠢᠯᠲᠠ᠎ᠶᠢᠨ ᠲᠠᠪᠴᠠᠩ᠎ᠤᠨ ᠪᠠᠢᠭᠤᠯᠤᠯᠲᠠ᠎ᠶᠢ ᠠᠬᠢᠭᠤᠯᠤᠨ᠎ᠠ ᠃ ᠤᠰᠤ ᠠᠷᠪᠢᠯᠠᠬᠤ ᠠᠵᠤ ᠦᠢᠯᠡᠰ᠎ᠤᠨ ᠬᠥᠭᠵᠢᠯᠲᠡ᠎ᠶᠢᠨ ᠵᠢᠯᠣᠭᠣᠳᠤᠮᠵᠢ᠎ᠶᠢ ᠲᠣᠭᠲᠠᠭᠠᠨ᠂ 《 ᠵᠠᠷᠯᠠᠯ ᠨᠡᠢᠲᠡᠯᠡᠵᠦ ᠮᠠᠩᠯᠠᠢᠯᠠᠭᠤᠯᠬᠤ 》 ᠵᠡᠷᠭᠡ ᠠᠷᠭ᠎ᠠ ᠮᠠᠶᠢᠭ᠋᠎ᠢ ᠠᠰᠢᠭ᠍ᠯᠠᠨ ᠠᠵᠤ ᠦᠢᠯᠡᠳᠪᠦᠷᠢ᠎ᠶᠢᠨ ᠤᠰᠤ ᠠᠷᠪᠢᠯᠠᠬᠤ ᠲᠣᠨᠣᠭᠯᠠᠯ ᠪᠣᠯᠣᠨ ᠵᠠᠩᠭᠢᠯᠠᠭ᠎ᠠ᠎ᠶᠢᠨ ᠨᠡᠢᠲᠡᠴᠢ ᠴᠢᠨᠠᠷᠲᠠᠢ ᠮᠡᠷᠭᠡᠵᠢᠯ᠎ᠤᠨ ᠲᠥᠪᠯᠡᠷᠡᠭᠦᠯᠦᠨ ᠪᠣᠭᠣᠮᠲᠠ ᠰᠢᠪᠲᠤᠯᠬᠤ ᠵᠢᠴᠢ ᠵᠢᠱ᠌ᠢᠶ᠎ᠡ ᠦᠵᠡᠭᠦᠯᠬᠦ ᠠᠵᠢᠯ᠎ᠢ ᠥᠷᠨᠢᠭᠦᠯᠵᠦ᠂ ᠤᠯᠤᠰ᠎ᠤᠨ ᠲᠡᠰ᠎ᠤᠨ ᠪᠠ ᠮᠤᠵᠢ᠎ᠶᠢᠨ ᠱᠠᠲᠤᠨ᠎ᠤ ᠤᠰᠤ ᠠᠷᠪᠢᠯᠠᠬᠤ ᠮᠡᠷᠭᠡᠵᠢᠯ᠎ᠤᠨ ᠰᠢᠨ᠎ᠡ᠎ᠶᠢ ᠡᠭᠦᠳᠬᠦ ᠲᠥᠪ᠎ᠢ ᠪᠦᠲᠦᠭᠡᠨ ᠪᠠᠶ᠋ᠢᠭᠤᠯᠬᠤ᠎ᠶᠢ ᠲᠦᠯᠬᠢᠨ ᠠᠬᠢᠭᠤᠯᠵᠤ᠂ ᠤᠰᠤ ᠠᠷᠪᠢᠯᠠᠬᠤ ᠲᠡᠷᠢᠭᠦᠨ ᠤ᠋ ᠪᠥᠭᠡᠳ ᠪᠣᠯᠪᠠᠰᠤᠷᠠᠩᠭᠤᠢ ᠬᠡᠷᠡᠭᠯᠡᠭᠡᠨ᠎ᠤ ᠮᠡᠷᠭᠡᠵᠢᠯ᠎ᠤᠨ ᠲᠣᠨᠣᠭᠯᠠᠯ᠎ᠢ ᠳᠡᠯᠭᠡᠷᠡᠭᠦᠯᠬᠦ ᠠᠵᠢᠯ᠎ᠢ ᠥᠷᠨᠢᠭᠦᠯᠵᠦ᠂ ᠤᠰᠤ ᠠᠷᠪᠢᠯᠠᠬᠤ ᠮᠡᠷᠭᠡᠵᠢᠯ᠎ᠤᠨ ᠲᠣᠨᠣᠭᠯᠠᠯ᠎ᠤᠨ ᠬᠠᠩᠭᠠᠯᠭ᠎ᠠ ᠬᠡᠷᠡᠭᠴᠡᠭᠡ᠎ᠶᠢ ᠵᠣᠯᠭᠠᠭᠤᠯᠬᠤ ᠲᠠᠪᠴᠠᠩ᠎ᠢ ᠪᠠᠢᠭᠤᠯᠤᠨ᠎ᠠ᠃ ᠤᠯᠠᠨ ᠲᠠᠯᠠᠲᠤ ᠪᠠ ᠬᠣᠶᠠᠷ ᠲᠠᠯᠠᠲᠤ ᠬᠠᠮᠲᠤᠷᠠᠯᠴᠠᠭᠠᠨ᠎ᠤ ᠲᠠᠪᠴᠠᠩ᠎ᠢ ᠠᠰᠢᠭ᠍ᠯᠠᠨ ᠤᠯᠠᠨ ᠤᠯᠤᠰ᠎ᠤᠨ ᠰᠣᠯᠢᠯᠴᠠᠭ᠎ᠠ ᠬᠠᠮᠲᠤᠷᠠᠯᠴᠠᠭ᠎ᠠ᠎ᠶᠢ ᠴᠢᠩᠭᠠᠳᠬᠠᠵᠤ᠂ ᠭᠠᠳᠠᠭᠠᠳᠤ᠎ᠶᠢᠨ ᠲᠡᠷᠢᠭᠦᠨ᠎ᠦ ᠤᠰᠤ ᠠᠷᠪᠢᠯᠠᠬᠤ ᠮᠡᠷᠭᠡᠵᠢᠯ ᠪᠠ ᠬᠠᠮᠢᠶᠠᠷᠤᠯᠲᠠ᠎ᠶᠢᠨ ᠵᠠᠭᠪᠤᠷ᠎ᠢ ᠢᠳᠡᠪᠬᠢᠲᠡᠢ᠎ᠪᠡᠷ ᠣᠷᠣᠭᠤᠯᠤᠨ ᠠᠪᠴᠢᠷᠠᠵᠤ ᠰᠢᠩᠭᠡᠬᠡᠨ ᠠᠪᠤᠨ᠎ᠠ᠃ ᠬᠣᠯᠪᠣᠭᠳᠠᠯ ᠪᠦᠬᠦᠢ ᠠᠵᠤ ᠠᠬᠤᠢᠯᠠᠯ᠎ᠤᠨ 《 ᠨᠢᠭᠡ ᠪᠦᠰᠡ ᠨᠢᠭᠡ ᠵᠠᠮ 》᠎ᠤᠨ ᠪᠦᠲᠦᠭᠡᠨ ᠪᠠᠢᠭᠤᠯᠤᠯᠲᠠ᠎ᠳᠤ ᠣᠷᠣᠯᠴᠠᠬᠤ᠎ᠶᠢ ᠳᠡᠮᠵᠢᠵᠦ ᠂ ᠲᠡᠷᠢᠭᠦᠨ᠎ᠦ ᠤᠰᠤ ᠠᠷᠪᠢᠯᠠᠬᠤ ᠮᠡᠷᠭᠡᠵᠢᠯ᠎ᠦᠨ ᠲᠣᠨᠣᠭᠯᠠᠯ ᠪᠠ ᠦᠢᠯᠡᠴᠢᠯᠡᠭᠡᠨ᠎ᠦ 《 ᠭᠠᠳᠠᠭ᠍ᠰᠢ ᠭᠠᠷᠬᠤ 》᠎ᠶᠢ ᠠᠬᠢᠭᠤᠯᠤᠨ᠎ᠠ ᠃
      ( ᠠᠷᠪᠠᠨ ᠵᠢᠷᠭᠤᠭ᠎ᠠ ) ᠴᠢᠳᠠᠪᠤᠷᠢᠲᠠᠨ᠎ᠤ ᠡᠩᠨᠡᠭᠡ᠎ᠶᠢᠨ ᠪᠠᠢᠭᠤᠯᠤᠯᠲᠠ᠎ᠶᠢ ᠴᠢᠩᠭᠠᠷᠠᠭᠤᠯᠤᠨ᠎ᠠ ᠃ ᠤᠯᠤᠰ᠎ᠤᠨ ᠰᠢᠯᠭᠠᠷᠠᠭᠰᠠᠨ ᠢᠨᠵᠧᠨᠧᠷ᠎ᠦᠨ ᠦᠢᠯᠡᠳᠦᠯᠭᠡ᠎ᠶᠢᠨ ᠰᠠᠭᠤᠷᠢᠨ ᠭᠠᠵᠠᠷ ᠵᠡᠷᠭᠡ ᠲᠠᠪᠴᠠᠩ᠎ᠳᠤ ᠲᠦᠰᠢᠭᠯᠡᠨ ᠂ ᠠᠵᠢᠯ ᠲᠥᠷᠥᠯ᠎ᠦᠨ ᠨᠡᠢᠭᠡᠮᠯᠢᠭ ᠂ ᠭᠤᠷᠪᠠᠳᠠᠭᠢ ᠡᠲᠡᠭᠡᠳ᠎ᠦᠨ ᠪᠠᠢᠭᠤᠯᠤᠮᠵᠢ ᠵᠡᠷᠭᠡ᠎ᠶᠢᠨ ᠭᠣᠣᠯᠳᠠᠯᠭ᠎ᠠ᠎ᠲᠠᠢ ᠤᠰᠤ ᠬᠡᠷᠡᠭᠯᠡᠬᠦ ᠠᠵᠢᠯ ᠲᠥᠷᠥᠯ᠎ᠦᠨ ᠠᠵᠤ ᠠᠬᠤᠢᠯᠠᠯ᠎ᠳᠤ ᠴᠢᠭᠯᠡᠭᠦᠯᠦᠨ ᠤᠰᠤ ᠠᠷᠪᠢᠯᠠᠬᠤ ᠬᠠᠤᠯᠢ ᠲᠣᠭᠲᠠᠭᠠᠯ ᠂ ᠲᠥᠷᠥ᠎ᠶᠢᠨ ᠪᠣᠳᠣᠯᠭ᠎ᠠ ᠂ ᠪᠠᠷᠢᠮᠵᠢᠶ᠎ᠠ ᠂ ᠮᠡᠷᠭᠡᠵᠢᠯ ᠵᠡᠷᠭᠡ᠎ᠶᠢᠨ ᠪᠣᠯᠪᠠᠰᠤᠷᠠᠯ ᠥᠷᠨᠢᠭᠦᠯᠬᠦ᠎ᠶᠢ ᠳᠡᠮᠵᠢᠵᠦ ᠂ ᠠᠵᠤ ᠠᠬᠤᠢᠯᠠᠯ ᠂ ᠬᠦᠷᠢᠶᠡᠯᠡᠩ ᠲᠣᠭᠣᠷᠢᠭ᠋᠎ᠤᠨ ᠤᠰᠤ ᠠᠷᠪᠢᠯᠠᠬᠤ ᠲᠣᠨᠣᠭᠯᠠᠯ᠎ᠤᠨ ᠬᠦᠷᠢᠶᠡᠨ᠎ᠳᠡᠬᠢ ᠲᠡᠷᠢᠭᠦᠨ᠎ᠦ ᠦᠢᠯᠡᠳᠬᠦ ᠮᠡᠷᠭᠡᠵᠢᠯ ᠂ ᠲᠡᠷᠢᠭᠦᠨ᠎ᠦ ᠰᠠᠭᠤᠷᠢ ᠤᠷᠠᠯᠠᠯ ᠵᠡᠷᠭᠡ ᠴᠢᠳᠠᠪᠤᠷᠢᠲᠠᠨ᠎ᠤ ᠬᠡᠷᠡᠭᠴᠡᠭᠡ ᠱᠠᠭᠠᠷᠳᠠᠯᠭ᠎ᠠ᠎ᠶᠢ ᠬᠠᠩᠭᠠᠨ᠎ᠠ ᠃ ᠤᠰᠤ ᠠᠷᠪᠢᠯᠠᠬᠤ ᠲᠣᠨᠣᠭᠯᠠᠯ ᠦᠢᠯᠡᠳᠬᠦ ᠵᠡᠷᠭᠡ ᠬᠠᠮᠢᠶ᠎ᠠ ᠪᠦᠬᠦᠢ ᠰᠢᠨᠵᠢᠯᠡᠭᠡᠨ᠎ᠤ ᠪᠠᠢᠭᠤᠯᠤᠯᠲᠠ᠎ᠶᠢ ᠴᠢᠩᠭᠠᠳᠬᠠᠨ᠂ ᠠᠵᠤ ᠠᠬᠤᠢᠯᠠᠯ᠂ ᠰᠢᠨᠵᠢᠯᠡᠬᠦ ᠤᠬᠠᠭᠠᠨ᠎ᠤ ᠰᠤᠳᠤᠯᠤᠯ᠎ᠤᠨ ᠬᠦᠷᠢᠶᠡᠯᠡᠩ ᠭᠠᠵᠠᠷ ᠪᠣᠯᠣᠨ ᠳᠡᠭᠡᠳᠦ ᠰᠤᠷᠭᠠᠭᠤᠯᠢ᠎ᠨᠤᠭᠤᠳ᠎ᠤᠨ ᠬᠠᠮᠲᠤᠷᠠᠨ ᠬᠥᠮᠥᠵᠢᠭᠦᠯᠬᠦ ᠲᠣᠭᠲᠠᠴᠠ ᠪᠠᠶ᠋ᠢᠭᠤᠯᠬᠤ᠎ᠶᠢ ᠵᠣᠷᠢᠭ᠍ᠵᠢᠭᠤᠯᠵᠤ᠂ ᠤᠰᠤ ᠠᠷᠪᠢᠯᠠᠬᠤ ᠰᠢᠨᠵᠢᠯᠡᠭᠡᠨ᠎ᠤ ᠬᠡᠷᠡᠭᠯᠡᠭᠡᠨ᠎ᠤ ᠮᠠᠶᠢᠭ᠋᠎ᠤᠨ ᠴᠢᠳᠠᠪᠤᠷᠢᠲᠠᠨ᠎ᠢ ᠬᠥᠮᠥᠵᠢᠭᠦᠯᠵᠦ᠂ ᠤᠰᠤ ᠠᠷᠪᠢᠯᠠᠬᠤ ᠲᠣᠨᠣᠭᠯᠠᠯ᠎ᠤᠨ ᠴᠢᠳᠠᠪᠤᠷᠢᠲᠠᠨ᠎ᠤ ᠬᠡᠯᠬᠢᠶ᠎ᠡ ᠬᠢᠭᠡᠳ ᠠᠵᠤ ᠦᠢᠯᠡᠰ᠎ᠤᠨ ᠬᠡᠯᠬᠢᠶ᠎ᠡ᠎ᠶᠢᠨ ᠣᠷᠭᠠᠨᠢᠭ᠋ ᠬᠡᠯᠬᠢᠶ᠎ᠡ᠎ᠶᠢ ᠪᠡᠶᠡᠯᠡᠭᠦᠯᠦᠨ᠎ᠡ᠃

 

 

 

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            