ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠤᠯᠤᠰ᠎ᠤᠨ ᠬᠠᠣᠯᠢ ᠴᠠᠭᠠᠵᠠ ᠬᠠᠣᠯᠢ ᠲᠥᠷᠢᠮ
ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠬᠦᠴᠦᠨ ᠴᠢᠳᠠᠪᠤᠷᠢ ᠵᠢ ᠳᠡᠭᠡᠭᠰᠢᠯᠡᠭᠦᠯᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠬᠡᠷᠡᠭᠵᠢᠭᠦᠯᠬᠦ ᠰᠠᠨᠠᠯ
ᠨᠡᠶ᠋ᠢᠲᠡᠯᠡᠭᠰᠡᠨ ᠴᠠᠭ᠄ 2025-03-24

ᠬᠡᠯᠬᠢᠶᠡᠰᠦᠨ ᠨᠣᠮᠧᠷ᠄ 000014348/2025 — 01231

ᠭᠤᠣᠯ ᠰᠡᠳᠦᠪ᠎ᠤᠨ ᠠᠩᠭᠢᠯᠠᠯ᠄ ᠤᠰᠤᠨ ᠠᠰᠢᠭᠯᠠᠯᠲᠠ

ᠨᠡᠢ᠌ᠲᠡᠯᠡᠭᠰᠡᠨ ᠪᠠᠶ᠋ᠢᠭᠤᠯᠤᠮᠵᠢ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ

ᠪᠢᠴᠢᠭ᠎ᠤᠨ ᠳ᠋ᠤᠭ᠋ᠠᠷ᠄ ᠦᠪᠦᠷ ᠤᠰᠤᠨ ᠵᠠᠰᠠᠭ [2024] 26 ᠳ᠋ᠤᠭ᠋ᠠᠷ ᠲᠣᠭ᠋ᠠᠲᠤ

ᠪᠢᠴᠢᠭᠳᠡᠭᠰᠡᠨ ᠡᠳᠦᠷ ᠬᠤᠭᠤᠴᠠᠭ᠎ᠠ᠄ 2025 ᠣᠨ᠎ᠤ 3 ᠳ᠋ᠤᠭ᠋ᠠᠷ ᠰᠠᠷ᠎ᠠ ᠵᠢᠨ 24᠎ᠤ ᠡᠳᠦᠷ

ᠠᠯᠪᠠᠨ ᠪᠢᠴᠢᠭ᠎ᠤᠨ ᠬᠦᠴᠦᠨ᠎ᠲᠠᠢ ᠬᠤᠭᠤᠴᠠᠭ᠎ᠠ᠄ ᠬᠦᠴᠦᠨ᠎ᠲᠠᠢ

 

ᠡᠯ᠎ᠡ ᠠᠶ᠋ᠢᠮᠠᠭ ᠬᠤᠲᠠ ᠵᠢᠨ ᠤᠰᠤᠨ ᠠᠰᠢᠭᠯᠠᠯᠲᠠ (ᠤᠰᠤᠨ᠎ᠤ ᠶᠠᠪᠤᠳᠠᠯ) ᠵᠢᠨ ᠲᠣᠪᠴᠢᠶ᠎ᠠ᠂  ᠬᠠᠤᠯᠢ ᠴᠠᠭ᠋ᠠᠵᠠ ᠵᠢᠨ ᠲᠣᠪᠴᠢᠶ᠎ᠠ᠂  ᠲᠢᠩᠬᠢᠮ᠎ᠤᠨ ᠪᠠᠶ᠋ᠢᠭᠤᠯᠭ᠎ᠠ ᠵᠢᠨ ᠬᠤᠯᠪᠣᠭᠳᠠᠯ ᠪᠥᠬᠦᠶ ᠭᠠᠵᠠᠷ ᠠᠯᠪᠠᠨ ᠬᠡᠷ᠂  ᠲᠢᠩᠬᠢᠮ᠎ᠤᠨ ᠬᠠᠷᠢᠶ᠎ᠠ ᠬᠤᠯᠪᠣᠭᠳᠠᠯ ᠪᠥᠬᠦᠶ ᠨᠢᠭᠡᠴᠢ᠄

   ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠣᠯ ᠤᠰᠤᠨ᠎ᠤ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠠᠤᠯᠢ᠎ᠪᠠᠷ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ᠂  ᠤᠰᠤᠨ᠎ᠤ ᠵᠠᠰᠠᠭ ᠵᠠᠬᠢᠷᠭ᠋ᠠᠨ᠎ᠤ ᠬᠡᠷᠡᠭ ᠶᠠᠪᠤᠳᠠᠯ᠎ᠢ ᠬᠠᠮᠢᠶᠠᠷᠬᠤ᠂  ᠤᠰᠤᠨ᠎ᠳᠤ ᠬᠤᠯᠪᠣᠭᠳᠠᠬᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠴᠢᠬᠤᠯᠠ ᠠᠷᠭ᠎ᠠ ᠮᠠᠶᠢᠭ ᠮᠥᠨ᠂  ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠬᠦ ᠪᠣᠯ ᠤᠰᠤᠨ ᠠᠰᠢᠭᠯᠠᠯᠲᠠ ᠵᠢᠨ ᠬᠠᠤᠯᠢ᠎ᠪᠠᠷ ᠵᠠᠰᠠᠬᠤ ᠰᠢᠰᠲ᠋ᠧᠮ᠎ᠢ ᠲᠡᠭᠦᠯᠳᠡᠷᠵᠢᠭᠦᠯᠬᠦ᠂  ᠤᠰᠤᠨ ᠠᠰᠢᠭᠯᠠᠯᠲᠠ ᠵᠢᠨ ᠬᠠᠤᠯᠢ᠎ᠪᠠᠷ ᠵᠠᠰᠠᠬᠤ ᠴᠢᠳᠠᠪᠤᠷᠢ ᠵᠢ ᠳᠡᠭᠡᠭᠰᠢᠯᠡᠭᠦᠯᠬᠦ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠮᠥᠨ᠃ 《ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠬᠦᠴᠦᠨ ᠴᠢᠳᠠᠪᠤᠷᠢ ᠵᠢ ᠳᠡᠭᠡᠭᠰᠢᠯᠡᠭᠦᠯᠬᠦ ᠲᠤᠬᠠᠶ ᠤᠰᠤᠨ ᠠᠰᠢᠭᠯᠠᠯᠲᠠ ᠵᠢᠨ ᠶᠠᠮᠤᠨ ᠬᠠᠤᠯᠢ ᠴᠠᠭ᠋ᠠᠵᠠ ᠵᠢᠨ ᠶᠠᠮᠤᠨ᠎ᠤ ᠵᠢᠯᠣᠭᠤᠳᠬᠤ ᠰᠠᠨᠠᠯ》 (ᠤᠰᠤᠨ ᠵᠠᠰᠠᠭ ᠬᠠᠤᠯᠢ [2024] 34 ᠳ᠋ᠦ᠍ᠭᠡᠷ ᠲᠣᠭ᠋ᠠᠲᠤ)᠎ᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠠᠬᠢ ᠪᠣᠶ ᠪᠣᠯᠭ᠋ᠠᠬᠤ᠎ᠪᠠᠷ ᠠᠵᠢᠯ᠎ᠤᠨ ᠭᠤᠤᠯ ᠰᠢᠵᠢᠮ ᠪᠣᠯᠭ᠋ᠠᠬᠤ ᠵᠢ ᠪᠠᠷᠢᠮᠲᠠᠯᠠᠨ᠂  ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠤᠯ᠎ᠤᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠬᠦ᠎ᠯᠦᠭᠡ ᠣᠷᠭ᠋ᠠᠨᠢᠭ ᠵᠶ᠋ᠠᠷ ᠵᠣᠯᠭ᠋ᠠᠭᠤᠯᠬᠤ ᠵᠢ ᠠᠬᠢᠭᠤᠯᠵᠤ᠂  ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠬᠦᠴᠦᠨ ᠴᠢᠳᠠᠪᠤᠷᠢ ᠵᠢ ᠳᠡᠭᠡᠭᠰᠢᠯᠡᠭᠦᠯᠬᠦ ᠵᠢᠨ ᠲᠤᠰᠠᠳᠠ᠂  ᠮᠠᠨ᠎ᠤ ᠣᠷᠣᠨ᠎ᠤ ᠪᠣᠳᠠᠲᠠᠶ᠎ᠲᠠᠢ᠎ᠪᠠᠨ ᠤᠶᠠᠯᠳᠤᠭᠤᠯᠤᠨ᠂  ᠳᠣᠤᠷᠠᠬᠢ ᠮᠡᠲᠦ ᠬᠡᠷᠡᠭᠵᠢᠭᠦᠯᠬᠦ ᠰᠠᠨᠠᠯ᠎ᠢ ᠳᠤᠷᠠᠳᠪᠠ᠃

   ᠨᠢᠭᠡ᠂  ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠤᠤᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ᠎ᠠ

  (ᠨᠢᠭᠡ) ᠡᠭᠦᠷᠭᠡ ᠬᠠᠷᠢᠭᠤᠴᠠᠯᠭ᠎ᠠ᠎ᠪᠠᠨ ᠬᠠᠤᠯᠢ ᠶᠣᠰᠣᠭ᠋ᠠᠷ ᠴᠢᠩᠭ᠎ᠠ ᠭᠦᠢ᠍ᠴᠡᠳᠭᠡᠨ᠎ᠡ᠃  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠤᠯ᠎ᠤᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠬᠦ ᠪᠣᠯ ᠶᠡᠷᠦᠩᠬᠡᠶ ᠱᠦᠵᠢ ᠰᠢ ᠵᠢᠨ ᠫᠢᠩ᠎ᠤᠨ ᠨᠠᠮ ᠪᠠ ᠲᠥᠷᠥ ᠵᠢᠨ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠲᠤᠬᠠᠶ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠶᠠᠪᠤᠳᠠᠯ ᠮᠥᠨ᠂  ᠤᠯᠤᠰ᠎ᠤᠨ ᠵᠠᠰᠠᠯᠲᠠ ᠵᠢᠨ ᠰᠢᠰᠲ᠋ᠧᠮ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ ᠴᠢᠬᠤᠯᠠ ᠶᠡᠭᠡ ᠪᠠᠶ᠋ᠢᠷᠢᠯᠠᠭᠤᠯᠤᠯᠲᠠ ᠮᠥᠨ᠂  ᠨᠠᠮ᠎ᠤᠨ ᠲᠥᠪ ᠬᠤᠷᠢᠶ᠎ᠠ᠎ᠠᠴᠠ ᠣᠯᠠᠨ ᠲᠠᠯ᠎ᠠ᠎ᠠᠴᠠ ᠬᠠᠤᠯᠢ ᠬᠡᠷᠡᠭᠵᠢᠭᠦᠯᠬᠦ᠂  ᠳᠠᠪᠬᠤᠷᠳᠠᠭᠤᠯᠤᠨ ᠬᠠᠤᠯᠢ ᠬᠡᠷᠡᠭᠵᠢᠭᠦᠯᠬᠦ᠂  ᠰᠣᠯᠪᠢᠴᠠᠭᠤᠯᠤᠨ ᠬᠠᠤᠯᠢ ᠬᠡᠷᠡᠭᠵᠢᠭᠦᠯᠬᠦ ᠵᠢ ᠰᠢᠢ᠍ᠳᠪᠦᠷᠢᠯᠡᠬᠦ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠮᠥᠨ᠂  ᠶᠡᠭᠡ ᠪᠠᠶ᠋ᠢᠳᠠᠯ᠎ᠤᠨ ᠬᠠᠨᠳᠤᠰᠢ ᠮᠥᠨ᠃  ᠪᠦᠬᠦ ᠣᠷᠣᠨ᠎ᠤ ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠨᠠᠮ ᠪᠣᠯᠤᠨ ᠤᠯᠤᠰ᠎ᠤᠨ ᠠᠵᠢᠯ ᠦᠢ᠍ᠯᠡᠰ᠎ᠤᠨ ᠬᠥᠭᠵᠢᠯᠲᠡ ᠵᠢᠨ ᠪᠦᠬᠦ ᠲᠠᠯ᠎ᠠ ᠵᠢᠨ ᠳᠡᠭᠡᠳᠦ ᠬᠡᠮᠵᠢᠶᠡᠨ᠎ᠠᠴᠠ ᠥᠭᠡᠷᠡᠴᠢᠯᠡᠯᠲᠡ ᠵᠢᠨ ᠴᠢᠬᠤᠯᠠ ᠴᠢᠨᠠᠷ ᠪᠣᠯᠤᠨ ᠵᠠᠶ᠋ᠢᠯᠠᠰᠢ ᠦᠭᠡᠶ ᠴᠢᠨᠠᠷ᠎ᠢ ᠭᠦᠢ᠍ᠴᠡᠳ ᠲᠠᠨᠢᠵᠤ᠂  ᠦᠵᠡᠯ ᠰᠠᠨᠠᠭ᠎ᠠ᠎ᠪᠠᠨ ᠤᠬᠠᠮᠰᠠᠷ᠎ᠠᠴᠠ᠎ᠪᠠᠨ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠳᠡᠭᠡᠷ᠎ᠡ ᠨᠢᠭᠡᠳᠬᠡᠵᠦ᠂  ᠪᠠᠶ᠋ᠢᠳᠠᠯ᠎ᠢ ᠦᠵᠡᠨ ᠬᠥᠳᠡᠯᠦᠯᠴᠡᠵᠦ᠂  ᠪᠠᠶ᠋ᠢᠳᠠᠯ᠎ᠢ ᠦᠵᠡᠵᠦ ᠪᠠᠶ᠋ᠢᠭ᠋ᠠᠳ ᠤᠷᠤᠭᠰᠢᠯᠠᠨ ᠳᠠᠪᠰᠢᠵᠤ᠂  ᠥᠭᠡᠷᠡᠴᠢᠯᠡᠯᠲᠡ ᠵᠢᠨ ᠱᠠᠭ᠋ᠠᠷᠳᠠᠯᠭ᠎ᠠ᠎ᠳᠤ ᠰᠠᠨᠠᠭ᠋ᠠᠴᠢᠯᠠᠭ᠎ᠠ᠎ᠠᠴᠠ᠎ᠪᠠᠨ ᠵᠣᠬᠢᠴᠠᠵᠤ᠂  ᠦᠵᠡᠯ ᠰᠠᠨᠠᠭ᠎ᠠ ᠰᠠᠮᠠᠭᠤᠷᠠᠬᠤ ᠦᠭᠡᠶ᠂  ᠠᠵᠢᠯ ᠲᠠᠰᠤᠷᠠᠬᠤ ᠦᠭᠡᠶ᠂  ᠡᠩᠨᠡᠭᠡ ᠰᠠᠷᠨᠢᠬᠤ ᠦᠭᠡᠶ᠂  ᠡᠷᠴᠢ ᠵᠣᠷᠢᠭ ᠪᠠᠭᠤᠷᠠᠬᠤ ᠦᠭᠡᠶ ᠪᠠᠶ᠋ᠢᠬᠤ ᠵᠢ ᠪᠡᠶᠡᠯᠡᠭᠦᠯᠵᠦ᠂  ᠥᠭᠡᠷᠡᠴᠢᠯᠡᠯᠲᠡ ᠵᠢᠨ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ᠎ᠪᠠᠨ ᠬᠠᠤᠯᠢ ᠶᠣᠰᠣᠭ᠋ᠠᠷ ᠭᠦᠢ᠍ᠴᠡᠳᠬᠡᠬᠦ᠎ᠳᠤ ᠠᠰᠢᠭᠲᠠᠶ᠂  ᠤᠰᠤᠨ ᠠᠰᠢᠭᠯᠠᠯᠲᠠ ᠵᠢᠨ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ᠎ᠳᠤ ᠠᠰᠢᠭᠲᠠᠶ ᠴᠢᠭᠯᠡᠯ ᠲᠡᠢ᠌ᠰᠢ ᠬᠥᠭᠵᠢᠬᠦ ᠵᠢ ᠴᠢᠷᠮᠠᠶ᠋ᠢᠨ ᠠᠬᠢᠭᠤᠯᠬᠤ ᠬᠡᠷᠡᠭᠲᠡᠶ᠃  ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠵᠢ ᠡᠭᠦᠷᠭᠡᠯᠡᠬᠦ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠤᠮᠵᠢ᠎ᠨᠤᠭᠤᠳ ᠬᠠᠤᠯᠢ᠎ᠪᠠᠷ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ ᠵᠢ ᠡᠷᠬᠡᠪᠰᠢ ᠭᠦᠢ᠍ᠴᠡᠳᠬᠡᠵᠦ᠂  ᠬᠠᠤᠯᠢ᠎ᠠᠴᠠ ᠡᠷᠬᠡ ᠣᠯᠭᠤᠭᠰᠠᠨ ᠦᠭᠡᠢ ᠪᠣᠯ ᠬᠢᠵᠦ ᠪᠣᠯᠬᠤ ᠦᠭᠡᠢ᠂  ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠤᠣᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂  ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠠᠴᠠ ᠣᠯᠭᠤᠭᠰᠠᠨ ᠪᠠ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠶᠣᠰᠣᠭ᠋ᠠᠷ ᠡᠷᠬᠡ ᠣᠯᠭᠤᠬᠤ ᠬᠡᠪᠴᠢᠶᠡᠨ᠎ᠳᠠᠬᠢ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠵᠢ ᠴᠢᠩᠭ᠎ᠠ ᠭᠦᠢ᠍ᠴᠡᠳᠬᠡᠬᠦ ᠬᠡᠷᠡᠭᠲᠡᠶ᠃  ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠨᠢ ᠮᠤᠵᠢ ᠵᠢᠨ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ᠎ᠤ ᠬᠤᠪᠢ᠎ᠳᠤ᠂  ᠭᠤᠤᠯᠳᠠᠭᠤ ᠪᠥᠬᠦ ᠣᠷᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂  ᠬᠠᠤᠯᠢ ᠬᠡᠷᠡᠭᠵᠢᠭᠦᠯᠬᠦ᠎ᠳᠤ ᠬᠢᠨᠠᠯᠲᠠ ᠲᠠᠯᠪᠢᠬᠤ ᠵᠢ ᠬᠠᠷᠢᠭᠤᠴᠠᠵᠤ᠂  ᠴᠢᠬᠤᠯᠠ ᠶᠡᠭᠡ ᠨᠥᠯᠥᠭᠡ᠎ᠲᠠᠢ ᠪᠤᠳᠤᠯᠢᠶᠠᠨᠲᠠᠶ ᠬᠡᠷᠡᠭ ᠪᠣᠯᠤᠨ ᠠᠶ᠋ᠢᠮᠠᠭ ᠬᠤᠲᠠ ᠠᠯᠤᠰᠯᠠᠭᠰᠠᠨ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠨ᠎ᠡ; ᠠᠶ᠋ᠢᠮᠠᠭ ᠬᠤᠲᠠ ᠵᠢᠨ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠭᠤᠤᠯᠳᠠᠭᠤ ᠲᠣᠰ ᠠᠶ᠋ᠢᠮᠠᠭ ᠬᠤᠲᠠ ᠵᠢᠨ ᠳᠣᠲᠣᠷᠠᠬᠢ ᠣᠷᠣᠨ ᠪᠦᠰᠡ ᠠᠯᠤᠰᠯᠠᠭᠰᠠᠨ ᠪᠠ ᠴᠢᠬᠤᠯᠠ ᠶᠡᠭᠡ ᠨᠥᠯᠥᠭᠡ᠎ᠲᠠᠢ ᠪᠤᠳᠤᠯᠢᠶᠠᠨᠲᠠᠶ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠬᠦ ᠵᠢᠴᠢ ᠲᠣᠰ ᠠᠶ᠋ᠢᠮᠠᠭ ᠬᠤᠲᠠ ᠵᠢᠨ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠵᠤ ᠵᠢᠯᠣᠭᠤᠳᠴᠤ᠂  ᠵᠣᠬᠢᠶᠠᠨ ᠪᠠᠶ᠋ᠢᠭᠤᠯᠤᠨ ᠵᠣᠬᠢᠴᠠᠭᠤᠯᠤᠨ᠎ᠠ; ᠡᠳᠦᠷ ᠲᠤᠲᠤᠮ᠎ᠤᠨ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ᠂  ᠬᠠᠤᠯᠢ᠎ᠠᠴᠠ ᠵᠥᠷᠢᠴᠡᠭᠰᠡᠨ ᠡᠩ᠎ᠤᠨ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠬᠦ᠎ᠳᠡᠭᠡᠨ ᠬᠤᠰᠢᠭᠤ ᠰᠢᠶᠠᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠭᠤᠤᠯ ᠪᠣᠯᠭ᠋ᠠᠨ᠎ᠠ᠃

  (ᠬᠤᠶᠠᠷ) ᠬᠠᠤᠯᠢ ᠬᠡᠷᠡᠭᠵᠢᠭᠦᠯᠬᠦ ᠵᠦᠢ᠍ᠯᠡᠰ᠎ᠤᠨ ᠨᠠᠷᠢᠨ ᠬᠠᠭᠤᠳᠠᠰᠤ ᠵᠢ ᠵᠢᠷᠤᠮᠵᠢᠭᠤᠯᠤᠨ ᠨᠠᠶ᠋ᠢᠷᠠᠭᠤᠯᠤᠨ ᠵᠣᠬᠢᠶᠠᠨ᠎ᠠ᠃  ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠪᠠ ᠡᠯ᠎ᠡ ᠠᠶ᠋ᠢᠮᠠᠭ ᠬᠤᠲᠠ᠂  ᠬᠤᠰᠢᠭᠤ ᠰᠢᠶᠠᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠪᠥᠬᠦ ᠤᠯᠤᠰ᠎ᠤᠨ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠦᠢ᠍ᠯᠡᠰ᠎ᠤᠨ ᠵᠢᠯᠣᠭᠤᠳᠬᠤ ᠭᠠᠷᠴᠠᠭ ᠵᠶ᠋ᠠᠷ ᠯᠠᠪᠯᠠᠯᠲᠠ ᠪᠣᠯᠭ᠋ᠠᠵᠤ᠂  ᠣᠷᠣᠨ ᠨᠤᠲᠤᠭ᠎ᠤᠨ ᠬᠠᠤᠯᠢ ᠲᠣᠭᠲᠠᠭ᠋ᠠᠬᠤ᠂ 《ᠭᠤᠷᠪᠠ ᠵᠢ ᠲᠣᠭᠲᠠᠭ᠋ᠠᠬᠤ》 ᠲᠣᠭᠲᠠᠭ᠋ᠠᠯ ᠪᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠤᠯ᠎ᠤᠨ ᠥᠭᠡᠷᠡᠴᠢᠯᠡᠯᠲᠡ ᠵᠢᠨ ᠪᠣᠳᠠᠲᠠᠶ᠎ᠲᠠᠢ᠎ᠪᠠᠨ ᠤᠶᠠᠯᠳᠤᠭᠤᠯᠤᠨ᠂  ᠲᠣᠰ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠦᠢ᠍ᠯᠡᠰ᠎ᠤᠨ ᠨᠠᠷᠢᠨ ᠬᠠᠭᠤᠳᠠᠰᠤ ᠵᠢ ᠨᠠᠶ᠋ᠢᠷᠠᠭᠤᠯᠤᠨ ᠵᠣᠬᠢᠶᠠᠵᠤ ᠰᠢᠨᠡᠳᠬᠡᠬᠦ ᠵᠢᠨ ᠬᠠᠮᠲᠤ 2024 ᠣᠨ᠎ᠤ ᠡᠴᠦᠰ᠎ᠠᠴᠠ ᠡᠮᠦᠨ᠎ᠡ ᠨᠡᠶ᠋ᠢᠭᠡᠮ᠎ᠳᠤ ᠨᠡᠶ᠋ᠢᠲᠡᠯᠡᠨ᠎ᠡ᠃  ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠨᠠᠷᠢᠨ ᠬᠠᠭᠤᠳᠠᠰᠤ᠎ᠲᠠᠢ ᠬᠠᠷᠢᠴᠠᠭᠤᠯᠤᠨ ᠡᠭᠦᠷᠭᠡ ᠲᠤᠰᠢᠶᠠᠯ ᠵᠶ᠋ᠠᠨ ᠭᠦᠢ᠍ᠴᠡᠳᠭᠡᠬᠦ ᠱᠠᠭ᠋ᠠᠷᠳᠠᠯᠭ᠎ᠠ ᠵᠢ ᠵᠦᠢ᠍ᠯ ᠳᠠᠷᠠᠭ᠋ᠠᠯᠠᠨ ᠲᠣᠳᠣᠷᠬᠠᠶ᠋ᠢᠯᠠᠵᠤ᠂  ᠠᠵᠢᠯ᠎ᠤᠨ ᠪᠠᠶ᠋ᠢᠷᠢ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠂  ᠡᠭᠦᠷᠭᠡ ᠲᠤᠰᠢᠶᠠᠯ ᠵᠶ᠋ᠠᠨ ᠭᠦᠢ᠍ᠴᠡᠳᠭᠡᠬᠦ ᠠᠷᠭ᠎ᠠ ᠮᠠᠶᠢᠭ᠎ᠢ ᠢᠯᠡ ᠪᠣᠯᠭ᠋ᠠᠵᠤ᠂  ᠠᠵᠢᠯ᠎ᠤᠨ ᠴᠤᠪᠤᠷᠠᠯ᠎ᠢ ᠨᠠᠷᠢᠯᠢᠬ᠍ᠵᠢᠭᠤᠯᠬᠤ ᠬᠡᠷᠡᠭᠲᠡᠶ᠃  ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠴᠢ ᠬᠠᠮᠢᠶ᠎ᠠ ᠪᠦᠬᠦᠢ ᠵᠠᠰᠠᠭ ᠵᠠᠬᠢᠷᠭ᠋ᠠᠨ᠎ᠤ ᠪᠠᠶ᠋ᠢᠴᠠᠭ᠋ᠠᠯᠲᠠ᠂  ᠵᠠᠰᠠᠭ ᠵᠠᠬᠢᠷᠭ᠋ᠠᠨ᠎ᠤ ᠠᠯᠪᠠᠳᠠᠯᠭ᠎ᠠ ᠵᠡᠷᠭᠡ ᠬᠠᠤᠯᠢ ᠬᠡᠷᠡᠭᠵᠢᠭᠦᠯᠬᠦ ᠵᠦᠢ᠍ᠯᠡᠰ᠎ᠢ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠤᠮᠵᠢ ᠵᠢ ᠬᠤᠪᠢᠶᠠᠷᠢᠯᠠᠨ ᠰᠢᠯᠵᠢᠭᠦᠯᠬᠦ᠎ᠳᠤ᠂  ᠨᠠᠷᠢᠨ ᠬᠠᠭᠤᠳᠠᠰᠤ᠎ᠳᠠᠭᠠᠨ ᠲᠤᠰ ᠲᠤᠰ᠎ᠤᠨ ᠡᠭᠦᠷᠭᠡ ᠬᠠᠷᠢᠭᠤᠴᠠᠯᠭ᠎ᠠ ᠵᠢᠨ ᠵᠠᠭ᠋ᠠᠭ ᠵᠶ᠋ᠠᠨ ᠲᠣᠳᠣᠷᠬᠠᠶ᠋ᠢᠯᠠᠬᠤ ᠬᠡᠷᠡᠭᠲᠡᠶ᠃  ᠡᠯ᠎ᠡ ᠱᠠᠲᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠤᠯ᠎ᠤᠨ ᠥᠭᠡᠷᠡᠴᠢᠯᠡᠯᠲᠡ ᠵᠢᠨ ᠬᠠᠤᠯᠢ᠎ᠪᠠᠷ ᠵᠠᠰᠠᠬᠤ ᠵᠣᠬᠢᠴᠠᠭᠤᠯᠤᠨ ᠲᠣᠬᠢᠷᠠᠭᠤᠯᠬᠤ ᠡᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠭᠡᠵᠣ᠂  ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠦᠢ᠍ᠯᠡᠰ᠎ᠤᠨ ᠨᠠᠷᠢᠨ ᠬᠠᠭᠤᠳᠠᠰᠤ ᠵᠢ ᠨᠠᠶ᠋ᠢᠷᠠᠭᠤᠯᠤᠨ ᠵᠣᠬᠢᠶᠠᠵᠤ ᠰᠢᠨᠡᠳᠬᠡᠬᠦ ᠠᠵᠢᠯ᠎ᠢ ᠬᠠᠤᠯᠢ ᠶᠣᠰᠣᠭ᠋ᠠᠷ ᠵᠢᠷᠤᠮᠵᠢᠭᠤᠯᠤᠨ ᠪᠡᠶᠡᠯᠡᠭᠦᠯᠬᠦ ᠵᠢ ᠰᠢᠮᠳᠠᠭᠤᠯᠤᠨ ᠵᠢᠯᠣᠭᠤᠳᠤᠨ᠎ᠠ᠃

  (ᠭᠤᠷᠪᠠ) ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠦᠴᠦᠨ᠎ᠢ ᠴᠢᠩᠭ᠎ᠠ ᠲᠣᠬᠢᠷᠠᠭᠤᠯᠤᠨ᠎ᠠ᠃  ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠡᠭᠦᠷᠭᠡᠯᠡᠵᠦ ᠪᠦᠬᠦᠢ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠪᠣᠯᠤᠨ ᠬᠠᠤᠯᠢ ᠬᠡᠷᠡᠭᠵᠢᠭᠦᠯᠬᠦ ᠠᠵᠢᠯ᠎ᠤᠨ ᠬᠡᠮᠵᠢᠶ᠎ᠡ᠎ᠪᠠᠨ ᠦᠨᠳᠦᠰᠦᠯᠡᠨ᠂  ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠦᠴᠦᠨ ᠵᠶ᠋ᠠᠨ ᠲᠡᠭᠦᠯᠳᠡᠷᠵᠢᠭᠦᠯᠵᠦ᠂  ᠭᠤᠶᠤᠴᠢᠯᠠᠨ ᠠᠪᠬᠤ ᠬᠢᠷᠢ ᠭᠡᠮ᠎ᠳᠤ ᠨᠡᠶ᠋ᠢᠴᠡᠭᠰᠡᠨ ᠠᠵᠢᠯᠲᠠᠨ᠎ᠢ ᠵᠣᠷᠢᠭᠵᠢᠭᠤᠯᠤᠨ ᠬᠥᠲᠥᠯᠥᠨ ᠵᠢᠯᠣᠭᠣᠳᠴᠤ ᠪᠠᠶ᠋ᠢᠭ᠋ᠠᠳ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠬᠢᠷᠢ ᠭᠡᠮ᠎ᠤᠨ ᠪᠣᠯᠪᠠᠰᠤᠷᠠᠯ᠎ᠤᠨ ᠰᠢᠯᠭ᠋ᠠᠯᠲᠠ᠎ᠳᠤ ᠴᠠᠭ ᠲᠤᠬᠠᠶ᠎ᠳᠤᠨᠢ ᠣᠷᠣᠯᠴᠠᠭᠤᠯᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠨᠡᠮᠯᠡᠯ ᠣᠯᠭᠣᠵᠤ᠂  ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠵᠢ ᠪᠠᠢ᠌ᠭᠤᠯᠭ᠎ᠠ ᠵᠢᠨ ᠪᠠᠶ᠋ᠢᠳᠠᠯ᠎ᠳᠠᠭᠠᠨ ᠪᠤᠴᠠᠭ᠋ᠠᠬᠤ ᠵᠢ ᠦᠨᠡᠨ ᠬᠦ᠌ ᠪᠠᠲᠤᠯᠠᠵᠤ᠂  ᠪᠠᠶ᠋ᠢᠭᠤᠯᠤᠮᠵᠢ ᠵᠢᠨ ᠲᠣᠬᠢᠷᠠᠭᠤᠯᠤᠯᠲᠠ᠂  ᠠᠵᠢᠯᠲᠠᠨ᠎ᠤ ᠲᠣᠬᠢᠷᠠᠭᠤᠯᠤᠯᠲᠠ᠎ᠨᠢ ᠬᠠᠤᠯᠢ ᠬᠡᠷᠡᠭᠵᠢᠭᠦᠯᠬᠦ ᠬᠡᠷᠡᠭᠴᠡᠭᠡ ᠱᠠᠭ᠋ᠠᠷᠳᠠᠯᠭ᠎ᠠ᠎ᠯᠤᠭ᠎ᠠ ᠬᠠᠷᠢᠯᠴᠠᠨ ᠲᠣᠬᠢᠷᠠᠯᠴᠠᠭᠤᠯᠬᠤ ᠬᠡᠷᠡᠭᠲᠡᠶ᠃  ᠲᠣᠰ ᠰᠠᠯᠠᠭ᠎ᠠ ᠮᠥᠴᠢᠷ᠎ᠤᠨ ᠵᠶ᠋ᠠᠨ ᠤᠰᠤᠨ᠎ᠤ ᠶᠠᠪᠤᠳᠠᠯ᠎ᠤᠨ ᠬᠠᠤᠯᠢ᠎ᠠᠴᠠ ᠵᠥᠷᠢᠴᠡᠭᠰᠡᠨ ᠬᠡᠷᠡᠭ᠎ᠢ ᠰᠢᠢ᠍ᠳᠪᠦᠷᠢᠯᠡᠬᠦ ᠠᠵᠢᠯ᠎ᠤᠨ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠵᠦ᠂  ᠲᠦᠷᠦᠭᠦᠯᠡᠨ ᠬᠢᠬᠦ ᠪᠠ ᠬᠠᠷᠢᠭᠤᠴᠠᠯᠭ᠎ᠠ ᠵᠢᠨ ᠪᠠᠶ᠋ᠢᠭᠤᠯᠤᠮᠵᠢ ᠵᠢ ᠲᠣᠳᠣᠷᠬᠠᠶ᠋ᠢᠯᠠᠨ᠂  ᠳᠣᠲᠣᠭ᠋ᠠᠳᠤ ᠵᠢᠨ ᠠᠵᠢᠯ ᠵᠶ᠋ᠠᠨ ᠬᠤᠪᠢᠶᠠᠷᠢᠯᠠᠨ ᠬᠠᠮᠵᠢᠯᠴᠠᠬᠤ ᠲᠣᠭᠲᠠᠴᠠ ᠵᠢ ᠪᠦᠷᠢᠨᠰᠢᠬᠦᠯᠵᠦ᠂  ᠰᠠᠯᠠᠭ᠎ᠠ ᠮᠥᠴᠢᠷ᠎ᠤᠨ ᠬᠠᠤᠯᠢ ᠬᠡᠷᠡᠭᠵᠢᠭᠦᠯᠬᠦ ᠠᠵᠢᠯᠲᠠᠨ᠎ᠤ ᠬᠦᠴᠦᠨ᠎ᠢ ᠨᠢᠭᠲᠠᠷᠠᠭᠤᠯᠤᠨ᠂  ᠬᠠᠤᠯᠢ ᠬᠡᠷᠡᠭᠵᠢᠭᠦᠯᠬᠦ ᠠᠵᠢᠯ᠎ᠤᠨ ᠨᠡᠶ᠋ᠢᠯᠡᠮᠡᠯ ᠬᠦᠴᠦᠨ᠎ᠢ ᠪᠣᠶ ᠪᠣᠯᠭ᠋ᠠᠬᠤ ᠬᠡᠷᠡᠭᠲᠡᠶ᠃  ᠪᠦᠬᠦ ᠰᠢᠰᠲ᠋ᠧᠮ᠎ᠤᠨ ᠦᠢ᠍ᠯᠡᠳᠦᠯ᠎ᠢ ᠪᠠᠳᠠᠷᠠᠭᠤᠯᠬᠤ ᠵᠢ ᠴᠢᠬᠤᠯᠠᠴᠢᠯᠠᠵᠤ᠂  ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢ ᠭᠠᠷᠭ᠋ᠠᠪᠠᠯ᠂  ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠬᠠᠤᠯᠢ ᠬᠡᠷᠡᠭᠵᠢᠭᠦᠯᠬᠦ ᠬᠠᠪᠰᠤᠷᠤᠮᠵᠢ ᠪᠠ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠬᠤ ᠵᠢ ᠨᠢᠭᠡᠳᠦᠯᠲᠡᠢ ᠲᠥᠯᠥᠪᠵᠢᠭᠦᠯᠦᠨ ᠰᠠᠶ᠋ᠢᠲᠤᠷ ᠬᠡᠷᠡᠭᠯᠡᠬᠦ ᠬᠡᠷᠡᠭᠲᠡᠢ᠃  ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠠᠤᠯᠢ ᠴᠠᠭ᠋ᠠᠵᠠ᠂  ᠬᠠᠤᠯᠢ ᠲᠣᠭᠲᠠᠭ᠋ᠠᠯ᠂  ᠳᠦᠷᠢᠮ ᠲᠣᠭᠲᠠᠭ᠋ᠠᠯ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂  ᠬᠠᠤᠯᠢ᠎ᠪᠠᠷ ᠲᠣᠭᠲᠠᠭ᠋ᠠᠭᠰᠠᠨ ᠡᠷᠬᠡ ᠮᠡᠳᠡᠯ᠎ᠤᠨ ᠳᠣᠲᠣᠷ᠎ᠠ ᠬᠠᠷᠢᠶ᠎ᠠ ᠪᠦᠬᠦᠢ ᠤᠰᠤᠨ᠎ᠤ ᠡᠬᠢ ᠪᠠᠶᠠᠯᠢᠭ᠂  ᠭᠣᠤᠯ ᠮᠥᠷᠡᠨ ᠨᠠᠭᠤᠷ ᠴᠥᠭᠥᠷᠥᠮ᠂  ᠤᠰᠤᠨ ᠴᠥᠭᠥᠷᠥᠮ᠂  ᠤᠰᠤ ᠬᠦᠷᠦᠰᠦ ᠵᠢᠨ ᠬᠠᠮᠠᠭ᠋ᠠᠯᠠᠯᠲᠠ᠂  ᠤᠰᠤ ᠠᠷᠪᠢᠯᠠᠬᠤ᠂  ᠪᠦᠲᠦᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠡᠷᠭᠡ ᠣᠯᠠᠨ ᠨᠡᠶ᠋ᠢᠲᠡ ᠵᠢᠨ ᠶᠠᠪᠤᠳᠠᠯ᠎ᠢ ᠬᠠᠮᠢᠶᠠᠷᠬᠤ ᠡᠭᠦᠷᠭᠡ ᠴᠢᠳᠠᠪᠤᠷᠢ᠎ᠲᠠᠢ ᠠᠵᠢᠯ ᠦᠢ᠍ᠯᠡᠰ᠎ᠤᠨ ᠨᠢᠭᠡᠴᠢ᠎ᠳᠤ ᠪᠢᠴᠢᠭ ᠵᠶ᠋ᠠᠷ ᠨᠠᠶ᠋ᠢᠳᠠᠵᠤ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠵᠢ ᠬᠡᠷᠡᠭᠵᠢᠭᠦᠯᠵᠦ ᠪᠣᠯᠤᠨ᠎ᠠ᠃  ᠴᠢᠬᠤᠯᠠ ᠤᠰᠤᠨ ᠰᠤᠷᠪᠤᠯᠵᠢ ᠵᠢᠨ ᠭᠠᠵᠠᠷ᠂  ᠴᠢᠬᠤᠯᠠ ᠰᠡᠷᠭᠡᠭ ᠤᠰᠤᠨ ᠣᠷᠣᠨ᠂  ᠴᠢᠬᠤᠯᠠ ᠶᠡᠬᠡ ᠤᠰᠤᠨ ᠠᠰᠢᠭᠯᠠᠯᠲᠠ ᠵᠢᠨ ᠢᠨᠵᠧᠨᠧᠷᠢᠩ᠎ᠤᠨ ᠪᠠᠶ᠋ᠢᠭ᠎ᠠ ᠣᠷᠣᠨ ᠪᠦᠰᠡ ᠵᠢᠨ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠭᠦᠷᠭᠡ ᠬᠦᠨᠳᠦ᠂  ᠬᠠᠷᠢᠭᠤᠴᠠᠯᠭ᠎ᠠ ᠶᠡᠬᠡ᠂  ᠱᠠᠭ᠋ᠠᠷᠳᠠᠯᠭ᠎ᠠ᠎ᠨᠢ ᠥᠨᠳᠥᠷ ᠮᠥᠷᠲᠡᠭᠡᠨ ᠣᠷᠣᠨ ᠪᠦᠰᠡ ᠠᠯᠤᠰᠯᠠᠨ ᠬᠦᠷᠢᠶ᠎ᠡ ᠴᠠᠷᠠᠭ᠎ᠠ ᠠᠯᠤᠰᠯᠠᠭᠰᠠᠨ ᠵᠡᠷᠭᠡ ᠣᠨᠴᠠᠯᠢᠭ᠎ᠲᠠᠢ ᠪᠠᠶ᠋ᠢᠵᠤ᠂  ᠭᠣᠤᠯᠳᠠᠯᠭ᠎ᠠ᠎ᠲᠠᠢ ᠤᠰᠤᠨ ᠣᠷᠣᠨ ᠵᠢᠴᠢ ᠴᠢᠬᠤᠯᠠ ᠶᠡᠬᠡ ᠤᠰᠤ ᠬᠠᠳᠠᠭ᠋ᠠᠯᠠᠬᠤ᠂  ᠤᠰᠤ ᠳᠠᠮᠵᠢᠭᠤᠯᠬᠤ ᠢᠨᠵᠧᠨᠧᠷᠢᠩ ᠪᠠᠶ᠋ᠢᠭ᠎ᠠ ᠣᠷᠣᠨ ᠪᠦᠰᠡ᠎ᠳᠤ ᠲᠤᠰᠬᠠᠶ ᠮᠡᠷᠭᠡᠵᠢᠯ᠎ᠤᠨ ᠶᠡᠷᠦᠩᠬᠡᠶ᠋ᠢᠯᠡᠨ ᠬᠠᠤᠯᠢ ᠬᠡᠷᠡᠭᠵᠢᠭᠦᠯᠬᠦ ᠬᠦᠴᠦᠨ᠎ᠢ ᠰᠦᠪᠡᠭᠴᠢᠯᠡᠨ ᠵᠣᠬᠢᠶᠠᠨ ᠪᠠᠶ᠋ᠢᠭᠤᠯᠬᠤ ᠬᠡᠷᠡᠭᠲᠡᠶ᠃

  (ᠲᠦᠷᠪᠡ) ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠴᠢᠩᠭ᠋ᠠᠳᠬᠠᠨ᠎ᠠ᠃  ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠢᠨᠠᠨ ᠵᠥᠪᠰᠢᠶᠡᠷᠡᠬᠦ ᠵᠢ ᠴᠢᠬᠤᠯᠠᠴᠢᠯᠠᠵᠤ ᠬᠢᠨᠠᠨ ᠬᠠᠮᠢᠶᠠᠷᠬᠤ ᠵᠢ ᠬᠥᠩᠭᠡᠪᠴᠢᠯᠡᠬᠦ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠠᠷᠭ᠎ᠠ ᠮᠠᠶᠢᠭ ᠵᠶ᠋ᠠᠨ ᠬᠤᠪᠢᠷᠠᠭᠤᠯᠵᠤ᠂  ᠨᠡᠩ ᠣᠯᠠᠨ ᠵᠠᠰᠠᠭ ᠵᠠᠬᠢᠷᠭ᠋ᠠᠨ᠎ᠤ ᠡᠬᠢ ᠪᠠᠶᠠᠯᠢᠭ᠎ᠢ ᠬᠡᠷᠡᠭ᠎ᠤᠨ ᠡᠮᠦᠨ᠎ᠡ ᠬᠢᠨᠠᠨ ᠵᠥᠪᠰᠢᠶᠡᠷᠡᠬᠦ᠎ᠠᠴᠠ ᠠᠪᠤᠭ᠋ᠠᠳ ᠤᠴᠢᠷ ᠶᠠᠪᠤᠳᠠᠯ᠎ᠤᠨ ᠳᠤᠮᠳᠠ ᠪᠠ ᠤᠴᠢᠷ ᠶᠠᠪᠤᠳᠠᠯ᠎ᠤᠨ ᠳᠠᠷᠠᠭ᠎ᠠ ᠬᠢᠨᠠᠨ ᠬᠠᠮᠢᠶᠠᠷᠬᠤ ᠲᠠᠯ᠎ᠠ᠎ᠳᠤ ᠰᠢᠯᠵᠢᠭᠦᠯᠬᠦ ᠬᠡᠷᠡᠭᠲᠡᠶ᠃  ᠵᠠᠰᠠᠭ ᠵᠠᠬᠢᠷᠭ᠋ᠠᠨ᠎ᠤ ᠬᠢᠨᠠᠯᠲᠠ ᠬᠠᠮᠢᠶᠠᠷᠤᠯᠲᠠ ᠵᠢᠨ ᠵᠦᠢ᠍ᠯᠡᠰ᠎ᠢ ᠪᠦᠲᠦᠮᠵᠢᠲᠡᠶ᠎ᠪᠠᠷ ᠡᠮᠬᠢᠯᠡᠨ ᠨᠡᠶ᠋ᠢᠯᠡᠭᠦᠯᠵᠦ᠂  ᠬᠢᠨᠠᠯᠲᠠ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ ᠪᠠ ᠡᠭᠦᠷᠭᠡ ᠵᠢ ᠨᠠᠷᠢᠯᠢᠬ᠍ᠵᠢᠭᠤᠯᠤᠨ᠂  ᠵᠣᠯᠭ᠋ᠠᠭᠤᠯᠤᠨ ᠵᠣᠬᠢᠴᠠᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂  ᠬᠢᠨᠠᠯᠲᠠ ᠬᠠᠮᠢᠶᠠᠷᠤᠯᠲᠠ ᠵᠢᠨ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠵᠦ ᠬᠠᠷᠢᠯᠴᠠᠨ ᠮᠡᠳᠡᠷᠡᠬᠦ ᠵᠢ ᠠᠬᠢᠭᠤᠯᠤᠨ᠂  ᠬᠢᠨᠠᠯᠲᠠ ᠬᠠᠮᠢᠶᠠᠷᠤᠯᠲᠠ ᠵᠢᠨ ᠨᠡᠶ᠋ᠢᠯᠡᠮᠡᠯ ᠬᠦᠴᠦᠨ᠎ᠢ ᠪᠦᠷᠢᠯᠳᠦᠭᠦᠯᠦᠨ᠎ᠡ᠃ 《ᠬᠣᠣᠰ ᠲᠤᠬᠢᠶᠠᠯᠳᠤᠮᠵᠢ ᠨᠢᠭᠡ ᠢᠯᠡ》 ᠵᠢᠨ ᠬᠢᠨᠠᠯᠲᠠ ᠬᠠᠮᠢᠶᠠᠷᠤᠯᠲᠠ ᠪᠠ 《ᠢᠨᠲ᠋ᠧᠷ ᠰᠦᠯᠵᠢᠶᠡᠨ᠎ᠤ ᠬᠢᠨᠠᠯᠲᠠ ᠬᠠᠮᠢᠶᠠᠷᠤᠯᠲᠠ》᠎ᠪᠠᠷ ᠰᠠᠭᠤᠷᠢ ᠠᠷᠭ᠎ᠠ ᠪᠠᠷᠢᠯ ᠪᠣᠯᠭ᠋ᠠᠭᠰᠠᠨ᠂  ᠭᠤᠤᠯᠳᠠᠯᠭ᠎ᠠ᠎ᠲᠠᠢ ᠬᠢᠨᠠᠯᠲᠠ ᠬᠠᠮᠢᠶᠠᠷᠤᠯᠲᠠ᠎ᠪᠠᠷ ᠨᠥᠬᠦᠪᠥᠷᠢ ᠪᠣᠯᠭ᠋ᠠᠭᠰᠠᠨ᠂  ᠢᠲᠡᠭᠡᠮᠵᠢ ᠵᠢᠨ ᠬᠢᠨᠠᠯᠲᠠ ᠬᠠᠮᠢᠶᠠᠷᠤᠯᠲᠠ᠎ᠪᠠᠷ ᠰᠠᠭᠤᠷᠢ ᠪᠣᠯᠭ᠋ᠠᠭᠰᠠᠨ ᠰᠢᠨ᠎ᠡ ᠬᠡᠯᠪᠡᠷᠢ ᠵᠢᠨ ᠬᠢᠨᠠᠯᠲᠠ ᠬᠠᠮᠢᠶᠠᠷᠤᠯᠲᠠ ᠵᠢᠨ ᠮᠠᠰᠢᠨ᠎ᠤ ᠲᠦᠷᠢᠮ᠎ᠢ ᠪᠦᠷᠢᠨᠰᠢᠬᠦᠯᠵᠦ᠂  ᠰᠦᠯᠵᠢᠶᠡᠨ ᠳᠡᠭᠡᠷᠡᠬᠢ ᠪᠠ ᠰᠦᠯᠵᠢᠶᠡᠨ᠎ᠤ ᠭᠠᠳᠠᠭᠤᠷᠬᠢ ᠵᠢ ᠨᠢᠭᠡ ᠴᠤᠭᠴᠠᠵᠢᠭᠤᠯᠤᠭᠰᠠᠨ ᠬᠢᠨᠠᠯᠲᠠ ᠬᠠᠮᠢᠶᠠᠷᠤᠯᠲᠠ ᠵᠢ ᠠᠬᠢᠭᠤᠯᠵᠤ᠂  ᠬᠢᠨᠠᠯᠲᠠ ᠬᠠᠮᠢᠶᠠᠷᠤᠯᠲᠠ ᠵᠢᠨ ᠣᠨᠣᠪᠴᠢᠯᠠᠬᠤ ᠬᠢᠷᠢ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠶ᠃  ᠳᠠᠭ᠋ᠠᠭᠤᠯᠢ ᠣᠳᠣᠨ᠎ᠤ ᠠᠯᠤᠰ ᠰᠡᠷᠡᠯ᠂  ᠵᠢᠯᠣᠭᠤᠴᠢ ᠥᠬᠡᠶ ᠨᠢᠰᠬᠡᠯ ᠵᠡᠷᠭᠡ ᠮᠡᠳᠡᠭᠡ ᠵᠠᠩᠭᠢᠵᠢᠯᠲᠠ ᠵᠢᠨ ᠤᠶᠤᠨᠴᠢᠯᠠᠭᠰᠠᠨ ᠠᠷᠭ᠎ᠠ ᠪᠠᠷᠢᠯ᠎ᠤᠨ ᠬᠡᠷᠡᠭᠯᠡᠯᠲᠡ ᠵᠢ ᠴᠢᠩᠭ᠋ᠠᠳᠬᠠᠵᠤ᠂  ᠠᠯᠤᠰ ᠡᠵᠡᠮᠰᠢᠯᠲᠦ ᠬᠢᠨᠠᠯᠲᠠ ᠬᠠᠮᠢᠶᠠᠷᠤᠯᠲᠠ᠂  ᠰᠢᠯᠵᠢᠮᠡᠯ ᠬᠢᠨᠠᠨ ᠬᠠᠮᠢᠶᠠᠷᠤᠯᠲᠠ᠂  ᠤᠷᠢᠳᠴᠢᠯᠠᠨ ᠰᠡᠷᠡᠮᠵᠢᠯᠡᠭᠦᠯᠵᠦ ᠰᠡᠷᠭᠡᠶ᠋ᠢᠯᠡᠨ ᠡᠵᠡᠮᠳᠡᠬᠦ᠎ᠪᠠᠷ ᠣᠨᠴᠠᠯᠢᠭ ᠪᠣᠯᠭ᠋ᠠᠭᠰᠠᠨ ᠲᠤᠬᠠᠶ ᠵᠢᠨ ᠲᠠᠯᠠᠪᠤᠷ᠎ᠤᠨ ᠪᠤᠰᠤ ᠬᠢᠨᠠᠯᠲᠠ ᠬᠠᠮᠢᠶᠠᠷᠤᠯᠲᠠ ᠵᠢ ᠬᠡᠷᠡᠭᠵᠢᠭᠦᠯᠵᠦ᠂  ᠲᠣᠭ᠋ᠠᠴᠢᠯᠠᠭᠰᠠᠨ ᠡᠨᠧᠷᠭᠢ ᠣᠯᠭᠤᠬᠤ ᠦᠷ᠎ᠡ ᠠᠰᠢᠭ᠎ᠢ ᠨᠡᠮᠡᠭᠳᠡᠭᠦᠯᠬᠦ ᠵᠢ ᠴᠢᠩᠭ᠋ᠠᠷᠠᠭᠤᠯᠤᠨ᠂  ᠭᠤᠤᠯ ᠮᠥᠷᠡᠨ ᠨᠠᠭᠤᠷ ᠴᠥᠭᠦᠷᠥᠮ᠂  ᠤᠰᠤᠨ᠎ᠤ ᠡᠬᠢ ᠪᠠᠶᠠᠯᠢᠭ᠂  ᠤᠰᠤᠨ ᠠᠰᠢᠭᠯᠠᠯᠲᠠ ᠵᠢᠨ ᠢᠨᠵᠧᠨᠧᠷᠢᠩ᠂  ᠤᠰᠤ ᠬᠦᠷᠦᠰᠦ ᠵᠢ ᠬᠠᠮᠠᠭ᠋ᠠᠯᠠᠬᠤ ᠵᠡᠷᠭᠡ ᠬᠦᠷᠢᠶᠡᠨ᠎ᠳᠠᠬᠢ ᠬᠢᠨᠠᠯᠲᠠ ᠬᠠᠮᠢᠶᠠᠷᠤᠯᠲᠠ ᠵᠢᠨ ᠤᠶᠤᠨᠴᠢᠯᠠᠬᠤ ᠴᠢᠳᠠᠪᠤᠷᠢ ᠪᠠ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠶ᠃

  (ᠲᠠᠪᠤ) ᠭᠤᠣᠯᠳᠠᠯᠭ᠎ᠠ᠎ᠲᠠᠢ ᠬᠦᠷᠢᠶᠡᠨ᠎ᠳᠠᠬᠢ ᠬᠠᠤᠯᠢ ᠬᠡᠷᠡᠭᠵᠢᠭᠦᠯᠬᠦ ᠡᠷᠴᠢᠮ᠎ᠢ ᠴᠢᠩᠭ᠋ᠠᠷᠠᠭᠤᠯᠤᠨ᠎ᠠ᠃  ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠵᠢ ᠡᠭᠦᠷᠭᠡᠯᠡᠵᠦ ᠪᠦᠬᠦᠢ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠪᠠᠶ᠋ᠢᠭᠤᠯᠤᠮᠵᠢ᠎ᠨᠤᠭᠤᠳ ᠦᠶᠡᠷ᠎ᠢ ᠰᠡᠷᠭᠡᠶ᠋ᠢᠯᠡᠬᠦ ᠠᠶᠤᠯ ᠦᠭᠡᠶ᠂  ᠤᠰᠤ ᠬᠠᠩᠭ᠋ᠠᠬᠤ ᠠᠶᠤᠯ ᠦᠭᠡᠶ᠂  ᠪᠠᠷᠢᠯᠭ᠎ᠠ ᠵᠢᠨ ᠠᠶᠤᠯ ᠦᠭᠡᠶ᠂  ᠤᠰᠤᠨ᠎ᠤ ᠡᠬᠢ ᠪᠠᠶᠠᠯᠢᠭ ᠤᠰᠤᠨ᠎ᠤ ᠠᠮᠢ ᠠᠬᠤᠶ ᠵᠢᠨ ᠤᠰᠤᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠬᠢᠭᠡᠳ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠶᠠᠰᠤ ᠴᠢᠨᠠᠷ ᠬᠢᠭᠡᠳ ᠠᠮᠤᠷ ᠲᠦᠪᠰᠢᠨ ᠵᠡᠷᠭᠡ ᠣᠯᠠᠨ ᠲᠦᠮᠡᠨ᠎ᠤ ᠲᠤᠰ ᠪᠡᠶ᠎ᠡ ᠵᠢᠨ ᠠᠰᠢᠭ ᠲᠤᠰᠠ᠎ᠲᠠᠢ ᠬᠣᠯᠪᠣᠭᠳᠠᠬᠤ ᠭᠣᠤᠯᠳᠠᠯᠭ᠎ᠠ᠎ᠲᠠᠢ ᠬᠦᠷᠢᠶᠡᠨ᠎ᠤ ᠬᠠᠤᠯᠢ ᠬᠡᠷᠡᠭᠵᠢᠭᠦᠯᠬᠦ ᠡᠷᠴᠢᠮ ᠵᠶ᠋ᠠᠨ ᠨᠡᠮᠡᠭᠳᠡᠭᠦᠯᠬᠦ ᠬᠡᠷᠡᠭᠲᠡᠶ᠃  ᠳᠠᠯᠳᠠ ᠠᠶᠤᠯ ᠲᠦᠭᠰᠢᠭᠦᠷᠢ ᠶᠡᠭᠡ᠂  ᠬᠠᠤᠯᠢ᠎ᠠᠴᠠ ᠵᠥᠷᠢᠴᠡᠭᠰᠡᠨ ᠰᠦᠪᠡᠭᠴᠢ ᠨᠡᠯᠢᠶᠡᠳ ᠲᠥᠪᠯᠡᠷᠡᠩᠭᠦᠶ᠂  ᠤᠰᠤᠨ᠎ᠤ ᠬᠡᠷᠡᠭ᠎ᠤᠨ ᠠᠮᠠᠷᠬᠠᠨ ᠡᠭᠦᠰᠬᠦ ᠣᠯᠠᠨ ᠡᠭᠦᠰᠬᠦ ᠣᠷᠣᠨ ᠪᠦᠰᠡ᠎ᠳᠤ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠪᠠ ᠬᠠᠤᠯᠢ ᠬᠡᠷᠡᠭᠵᠢᠭᠦᠯᠦᠯᠲᠡ ᠵᠢᠨ ᠲᠣᠭᠤᠷᠢᠨ ᠪᠠᠶ᠋ᠢᠴᠠᠭ᠋ᠠᠯᠲᠠ ᠵᠢ ᠴᠢᠩᠭ᠋ᠠᠳᠬᠠᠵᠤ᠂  ᠠᠶᠤᠯ ᠲᠦᠭᠰᠢᠭᠦᠷᠢ ᠵᠢ ᠡᠬᠢ ᠡᠭᠦᠰᠦᠯ᠎ᠠᠴᠠ᠎ᠨᠢ ᠰᠡᠷᠭᠡᠶ᠋ᠢᠯᠡᠨ ᠠᠷᠢᠯᠭ᠋ᠠᠨ᠎ᠠ᠃  ᠭᠤᠣᠯ ᠮᠥᠷᠡᠨ ᠨᠠᠭᠤᠷ ᠴᠥᠭᠦᠷᠥᠮ᠎ᠤᠨ ᠬᠠᠮᠢᠶᠠᠷᠤᠯᠲᠠ ᠵᠢᠨ ᠨᠢᠭᠡᠴᠢ᠂  ᠤᠰᠤᠨ ᠴᠥᠭᠦᠷᠥᠮ ᠵᠡᠷᠭᠡ ᠪᠠᠷᠢᠯᠭ᠎ᠠ ᠵᠢᠨ ᠬᠠᠮᠢᠶᠠᠷᠤᠯᠲᠠ ᠵᠢᠨ ᠨᠢᠭᠡᠴᠢ᠎ᠨᠦᠭᠦᠳ ᠡᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠬᠡᠵᠦ᠂  ᠡᠳᠦᠷ ᠲᠤᠳᠤᠮ᠎ᠤᠨ ᠲᠣᠭᠤᠷᠢᠨ ᠪᠠᠶ᠋ᠢᠴᠠᠭ᠋ᠠᠬᠤ᠎ᠪᠠᠨ ᠴᠢᠩᠭ᠋ᠠᠳᠬᠠᠬᠤ ᠬᠡᠷᠡᠭᠲᠡᠢ᠃  ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠳᠦᠷᠢᠮ᠂  ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ᠂  ᠤᠰᠤ ᠬᠦᠷᠦᠰᠦ ᠵᠢᠨ ᠬᠠᠮᠠᠭ᠋ᠠᠯᠠᠯᠲᠠ ᠵᠡᠷᠭᠡ ᠲᠤᠬᠠᠶ᠋ᠢᠯᠠᠭᠰᠠᠨ ᠠᠵᠢᠯ᠎ᠤᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠢ ᠭᠦᠢ᠍ᠴᠡᠳ ᠠᠰᠢᠭᠯᠠᠵᠤ᠂  ᠬᠠᠤᠯᠢ ᠬᠡᠷᠡᠭᠵᠢᠭᠦᠯᠦᠨ ᠲᠣᠭᠤᠷᠢᠨ ᠪᠠᠶ᠋ᠢᠴᠠᠭ᠋ᠠᠬᠤ᠎ᠲᠠᠢ ᠤᠶᠠᠯᠳᠤᠭᠤᠯᠵᠤ᠂  ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠠᠰᠠᠭᠤᠳᠠᠯ᠎ᠤᠨ ᠰᠦᠪᠡᠭᠴᠢ ᠵᠢ ᠪᠦᠬᠦ ᠲᠠᠯ᠎ᠠ᠎ᠪᠠᠷ ᠵᠢᠭᠰᠠᠭ᠋ᠠᠨ ᠪᠠᠶ᠋ᠢᠴᠠᠭ᠋ᠠᠬᠤ ᠬᠡᠷᠡᠭᠲᠡᠢ᠃  ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠳᠣᠲᠣᠭ᠋ᠠᠳᠤ ᠪᠠᠶ᠋ᠢᠭᠤᠯᠤᠮᠵᠢ᠎ᠨᠢ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠤᠮᠵᠢ᠎ᠳᠤ ᠬᠠᠤᠯᠢ᠎ᠠᠴᠠ ᠵᠥᠷᠢᠴᠡᠭᠰᠡᠨ ᠬᠡᠷᠡᠭ᠎ᠤᠨ ᠰᠦᠪᠡᠭᠴᠢ ᠵᠢ ᠴᠠᠭ ᠲᠤᠬᠠᠶ᠎ᠳᠤᠨᠢ ᠰᠢᠯᠵᠢᠭᠦᠯᠦᠨ ᠲᠤᠰᠢᠶᠠᠵᠤ᠂  ᠪᠠᠶ᠋ᠢᠴᠠᠭ᠋ᠠᠬᠤ᠎ᠪᠠᠷ ᠬᠠᠤᠯᠢ ᠬᠡᠷᠡᠭᠵᠢᠭᠦᠯᠬᠦ ᠵᠢ ᠣᠷᠣᠯᠠᠭᠤᠯᠬᠤ᠂  ᠴᠡᠭᠴᠡᠯᠡᠨ ᠰᠠᠶ᠋ᠢᠵᠢᠷᠠᠭᠤᠯᠬᠤ᠎ᠪᠠᠷ ᠰᠢᠢ᠍ᠳᠭᠡᠯ᠎ᠢ ᠣᠷᠣᠯᠠᠭᠤᠯᠬᠤ ᠵᠢ ᠡᠷᠡᠰ ᠬᠤᠷᠢᠭᠯᠠᠵᠤ᠂  ᠬᠡᠷᠡᠭ ᠪᠠᠶ᠋ᠢᠪᠠᠯ ᠵᠠᠪᠠᠯ ᠲᠣᠭᠲᠠᠭ᠋ᠠᠬᠤ᠂  ᠬᠠᠤᠯᠢ᠎ᠠᠴᠠ ᠵᠥᠷᠢᠴᠡᠪᠡᠯ ᠵᠠᠪᠠᠯ ᠨᠡᠬᠡᠮᠵᠢᠯᠡᠬᠦ ᠵᠢ ᠪᠡᠶᠡᠯᠡᠭᠦᠯᠬᠦ ᠬᠡᠷᠡᠭᠲᠡᠶ᠃  ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠨᠢ ᠪᠥᠬᠦ ᠣᠷᠣᠨ᠎ᠤ ᠬᠠᠤᠯᠢ ᠬᠡᠷᠡᠭᠵᠢᠭᠦᠯᠬᠦ ᠪᠣᠳᠠᠲᠤ ᠪᠠᠶ᠋ᠢᠳᠠᠯ᠎ᠢ ᠦᠨᠳᠦᠰᠦᠯᠡᠨ᠂  ᠭᠤᠤᠯᠳᠠᠯᠭ᠎ᠠ᠎ᠲᠠᠢ ᠬᠦᠷᠢᠶᠡᠨ᠎ᠳᠠᠬᠢ ᠬᠠᠤᠯᠢ ᠬᠡᠷᠡᠭᠵᠢᠭᠦᠯᠬᠦ ᠲᠤᠰᠬᠠᠶ ᠠᠵᠢᠯᠯᠠᠭ᠎ᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠵᠣᠬᠢᠶᠠᠨ ᠪᠠᠶ᠋ᠢᠭᠤᠯᠤᠨ ᠥᠷᠨᠢᠭᠦᠯᠦᠨ᠎ᠡ᠃  ᠡᠯ᠎ᠡ ᠠᠶ᠋ᠢᠮᠠᠭ ᠬᠣᠲᠠ᠂  ᠬᠣᠰᠢᠭᠤ ᠰᠢᠶᠠᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠤᠰ ᠲᠤᠰ᠎ᠤᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠵᠤ᠂  ᠤᠰᠤᠨ᠎ᠤ ᠶᠠᠪᠤᠳᠠᠯ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠣᠯᠠᠨ ᠡᠭᠦᠰᠬᠦ ᠬᠦᠷᠢᠶ᠎ᠡ ᠴᠠᠷᠠᠭ᠎ᠠ ᠵᠢᠨ ᠲᠣᠭᠣᠷᠢᠨ᠎ᠳᠤ ᠲᠤᠰᠬᠠᠶ ᠬᠠᠤᠯᠢ ᠬᠡᠷᠡᠭᠵᠢᠭᠦᠯᠬᠦ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠬᠦ ᠬᠡᠷᠡᠭᠲᠡᠶ᠃

   ᠬᠤᠶᠠᠷ᠂  ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠬᠠᠮᠵᠢᠯᠴᠠᠭ᠋ᠠᠨ᠎ᠤ ᠲᠣᠭᠲᠠᠴᠠ ᠵᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠤᠨ᠎ᠠ

  (ᠵᠢᠷᠭᠤᠭ᠎ᠠ) ᠰᠠᠯᠠᠭ᠎ᠠ ᠮᠦᠴᠢᠷ ᠪᠠ ᠣᠷᠣᠨ ᠪᠦᠰᠡ ᠠᠯᠥᠰᠯᠬᠠᠰᠠᠨ ᠬᠠᠦᠯᠢ ᠭᠡᠷᠡᠭᠵᠢᠬᠦᠯᠥᠯᠳᠡ ᠵᠢᠨ ᠬᠠᠮᠳᠣᠷᠡᠨ ᠬᠦᠳᠡᠯᠥᠯᠴᠡᠬᠦ ᠵᠢ ᠴᠢᠩᠭ᠋ᠠᠳᠬᠠᠨ᠎ᠠ᠃  ᠬᠦᠷᠢᠶ᠎ᠡ ᠴᠠᠷᠠᠭ᠎ᠠ ᠠᠯᠤᠰᠯᠠᠭᠰᠠᠨ ᠰᠠᠯᠠᠭ᠎ᠠ ᠮᠥᠴᠢᠷ ᠣᠷᠣᠨ ᠪᠦᠰᠡ ᠠᠯᠤᠰᠯᠠᠭᠰᠠᠨ ᠬᠠᠮᠲᠤᠷᠠᠨ ᠬᠠᠤᠯᠢ ᠬᠡᠷᠡᠭᠵᠢᠭᠦᠯᠬᠦ ᠵᠢ ᠶᠡᠬᠡᠪᠡᠷ ᠠᠬᠢᠭᠤᠯᠵᠤ᠂  ᠬᠠᠤᠯᠢ᠎ᠠᠴᠠ ᠵᠥᠷᠢᠴᠡᠭᠰᠡᠨ ᠰᠦᠪᠡᠭᠴᠢ ᠵᠢ ᠬᠠᠷᠢᠯᠴᠠᠨ ᠬᠤᠯᠪᠣᠬᠤ᠂  ᠬᠠᠤᠯᠢ ᠬᠡᠷᠡᠭᠵᠢᠭᠦᠯᠬᠦ ᠪᠠᠷᠢᠮᠵᠢᠶ᠎ᠠ ᠵᠢ ᠬᠠᠷᠢᠯᠴᠠᠨ ᠨᠡᠪᠲᠡᠷᠡᠯᠴᠡᠬᠦ᠂  ᠰᠢᠢ᠍ᠳᠪᠦᠷᠢᠯᠡᠭᠰᠡᠨ ᠦᠷ᠎ᠡ ᠳ᠋ᠦᠩ᠎ᠢ ᠬᠠᠷᠢᠯᠴᠠᠨ ᠮᠡᠳᠡᠷᠡᠬᠦ ᠵᠢ ᠪᠡᠶᠡᠯᠡᠭᠦᠯᠦᠨ᠎ᠡ᠃  ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠳᠦᠷᠢᠮ᠎ᠤᠨ ᠲᠠᠪᠴᠠᠩ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂  ᠣᠷᠣᠨ ᠪᠦᠰᠡ ᠵᠢᠨ ᠬᠤᠭᠤᠷᠣᠨᠳᠣᠬᠢ᠂  ᠰᠠᠯᠠᠭ᠎ᠠ ᠮᠥᠴᠢᠷ᠎ᠤᠨ ᠬᠤᠭᠤᠷᠣᠨᠳᠣ ᠵᠢᠴᠢ ᠳᠡᠭᠡᠳᠦ ᠳᠣᠣᠷᠠᠳᠤ ᠤᠷᠤᠰᠬᠠᠯ᠂  ᠵᠡᠭᠦᠨ ᠪᠠᠷᠠᠭᠤᠨ ᠡᠷᠭᠢ ᠵᠢᠨ ᠬᠠᠮᠵᠢᠯᠴᠠᠨ ᠬᠠᠮᠲᠤᠷᠠᠯᠴᠠᠬᠤ ᠵᠢ ᠴᠢᠩᠭ᠋ᠠᠳᠬᠠᠵᠤ᠂  ᠬᠠᠤᠯᠢ ᠬᠡᠷᠡᠭᠵᠢᠭᠦᠯᠦᠯᠲᠡ ᠵᠢᠨ ᠤᠷᠢᠳᠴᠢᠯᠠᠨ ᠰᠡᠷᠡᠮᠵᠢᠯᠡᠭᠦᠯᠵᠦ ᠵᠠᠷᠯᠠᠨ ᠮᠡᠳᠡᠭᠳᠡᠬᠦ᠂  ᠬᠡᠷᠡᠭ᠎ᠤᠨ ᠰᠦᠪᠡᠭᠴᠢ ᠵᠢ ᠰᠢᠯᠵᠢᠭᠦᠯᠦᠨ ᠬᠦᠷᠭᠡᠬᠦ᠂  ᠭᠡᠷᠡᠴᠢ ᠪᠠᠷᠢᠮᠲᠠ ᠵᠢ ᠬᠠᠷᠢᠯᠴᠠᠨ ᠮᠡᠳᠡᠷᠡᠬᠦ ᠵᠡᠷᠭᠡ ᠬᠠᠤᠯᠢ ᠬᠡᠷᠡᠭᠵᠢᠭᠦᠯᠦᠯᠲᠡ ᠵᠢᠨ ᠬᠠᠮᠵᠢᠯᠴᠠᠬᠤ ᠲᠣᠭᠲᠠᠴᠠ ᠵᠢ ᠪᠠᠶ᠋ᠢᠭᠤᠯᠵᠤ᠂  ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠨᠡᠶ᠋ᠢᠯᠡᠮᠡᠯ ᠬᠦᠴᠦᠨ᠎ᠢ ᠴᠢᠩᠭ᠋ᠠᠷᠠᠭᠤᠯᠤᠨ᠎ᠠ᠃ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠤᠷᠢᠶ᠎ᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠶ᠋ᠢᠴᠠᠭ᠋ᠠᠬᠤ ᠬᠤᠷᠢᠶ᠎ᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠶ᠋ᠢᠴᠠᠭ᠋ᠠᠬᠤ ᠬᠤᠷᠢᠶ᠎ᠠ ᠵᠢᠨ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠬᠢᠭᠡᠳ ᠡᠷᠡᠭᠦᠦ ᠵᠢᠨ ᠬᠡᠷᠡᠭ᠎ᠤᠨ ᠬᠠᠤᠯᠢ ᠴᠠᠭ᠋ᠠᠵᠠ ᠵᠢᠨ ᠵᠣᠯᠭ᠋ᠠᠯᠴᠠᠭ᠎ᠠ ᠬᠢᠭᠡᠳ ᠨᠡᠶ᠋ᠢᠲᠡ ᠵᠢᠨ ᠠᠰᠠᠷᠠᠮᠵᠢ ᠵᠢᠨ ᠵᠠᠷᠭᠤ ᠵᠢᠨ ᠬᠠᠮᠵᠢᠯᠴᠠᠭ᠎ᠠ ᠵᠢ ᠴᠢᠩᠭ᠋ᠠᠳᠬᠠᠬᠤ ᠲᠤᠬᠠᠶ ᠰᠠᠨᠠᠯ》 (ᠥᠪᠥᠷ ᠤᠰᠤᠨ᠎ᠤ ᠶᠠᠪᠤᠳᠠᠯ [2023] 41 ᠳ᠋ᠤᠭᠡᠷ ᠲᠣᠭ᠋ᠠᠲᠤ)᠎ᠢ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂  ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠬᠢᠭᠡᠳ ᠬᠠᠤᠯᠢ ᠴᠠᠭ᠋ᠠᠵᠠ ᠵᠢᠨ ᠬᠠᠮᠵᠢᠯᠴᠠᠭ᠎ᠠ ᠵᠢ ᠴᠢᠩᠭ᠋ᠠᠳᠬᠠᠨ᠎ᠠ᠃  ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠬᠠᠤᠯᠢ ᠬᠡᠷᠡᠭᠵᠢᠭᠦᠯᠬᠦ᠎ᠯᠦᠭᠡ ᠵᠣᠯᠭ᠋ᠠᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂  ᠰᠠᠯᠠᠭ᠎ᠠ ᠮᠥᠴᠢᠷ ᠬᠠᠮᠲᠤᠷᠠᠨ ᠬᠠᠤᠯᠢ ᠬᠡᠷᠡᠭᠵᠢᠭᠦᠯᠬᠦ ᠵᠢ ᠴᠢᠩᠭ᠋ᠠᠳᠬᠠᠵᠤ᠂  ᠤᠰᠤᠨ ᠠᠰᠢᠭᠯᠠᠯᠲᠠ ᠵᠢᠨ ᠬᠦᠷᠢᠶᠡᠨ᠎ᠳᠠᠬᠢ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠲᠡᠮᠡᠴᠡᠯ᠎ᠢ ᠪᠠᠶ᠋ᠢᠩᠭᠤᠵᠢᠭᠤᠯᠤᠨ ᠥᠷᠨᠢᠭᠦᠯᠦᠨ᠎ᠡ᠃  ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠪᠠᠶ᠋ᠢᠴᠠᠭ᠋ᠠᠬᠤ ᠪᠠ ᠪᠠᠶ᠋ᠢᠴᠠᠭ᠋ᠠᠬᠤ ᠨᠡᠶ᠋ᠢᠲᠡ ᠵᠢᠨ ᠠᠰᠠᠷᠠᠮᠵᠢ ᠵᠢᠨ ᠵᠠᠷᠭᠤ ᠵᠢᠨ ᠬᠠᠮᠵᠢᠯᠴᠠᠬᠤ ᠲᠣᠭᠲᠠᠴᠠ ᠵᠢ ᠰᠠᠶ᠋ᠢᠲᠤᠷ ᠬᠡᠷᠡᠭᠯᠡᠵᠦ᠂  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠪᠠᠶ᠋ᠢᠴᠠᠭ᠋ᠠᠬᠤ ᠪᠠ ᠪᠠᠶ᠋ᠢᠴᠠᠭ᠋ᠠᠬᠤ ᠨᠡᠶ᠋ᠢᠲᠡ ᠵᠢᠨ ᠠᠰᠠᠷᠠᠮᠵᠢ ᠵᠢᠨ ᠵᠠᠷᠭᠤ ᠵᠢᠨ ᠬᠠᠮᠠᠭ᠋ᠠᠯᠠᠯᠲᠠ ᠵᠢᠨ ᠨᠡᠶ᠋ᠢᠯᠡᠮᠡᠯ ᠬᠦᠴᠦᠨ᠎ᠢ ᠪᠤᠢ ᠪᠣᠯᠭ᠋ᠠᠨ᠎ᠠ᠃  ᠰᠢᠭᠦᠨ ᠲᠠᠰᠤᠯᠬᠤ ᠪᠠᠢ᠌ᠭᠤᠯᠭ᠎ᠠ᠎ᠯᠤᠭ᠎ᠠ ᠵᠢᠨ ᠵᠣᠬᠢᠴᠠᠭᠤᠯᠭ᠎ᠠ ᠨᠡᠪᠲᠡᠷᠡᠯᠴᠡᠭᠡ᠎ᠪᠠᠨ ᠴᠢᠩᠭ᠋ᠠᠳᠬᠠᠵᠤ᠂  ᠬᠠᠤᠯᠢ ᠬᠡᠷᠡᠭᠵᠢᠭᠦᠯᠬᠦ ᠬᠠᠤᠯᠢ ᠴᠠᠭ᠋ᠠᠵᠠ ᠵᠢᠨ ᠣᠨᠣᠯᠵᠢᠬᠤᠨ᠎ᠢ ᠨᠢᠭᠡᠳᠦᠯᠲᠡᠶ ᠪᠣᠯᠭ᠋ᠠᠵᠤ᠂  ᠤᠰᠤᠨ᠎ᠤ ᠶᠠᠪᠤᠳᠠᠯ᠎ᠤᠨ ᠬᠠᠤᠯᠢ᠎ᠠᠴᠠ ᠵᠥᠷᠢᠴᠡᠭᠰᠡᠨ ᠬᠡᠷᠡᠭ᠎ᠤᠨ ᠪᠣᠳᠠᠲᠤ ᠶᠠᠪᠤᠳᠠᠯ᠎ᠢ ᠮᠠᠭ᠋ᠠᠳᠯᠠᠨ ᠲᠣᠭᠲᠠᠭ᠋ᠠᠬᠤ ᠵᠢᠴᠢ ᠰᠢᠢ᠍ᠳᠪᠦᠷᠢᠯᠡᠬᠦ ᠳᠡᠰ ᠳᠠᠷᠠᠭ᠋ᠠᠯᠠᠯ᠎ᠤᠨ ᠵᠢᠯᠣᠭᠣᠳᠣᠯᠭ᠎ᠠ ᠪᠠ ᠬᠣᠯᠪᠣᠭᠳᠠᠯ ᠪᠦᠬᠦᠢ ᠬᠠᠤᠯᠢ ᠴᠠᠭ᠋ᠠᠵᠠ ᠵᠢᠨ ᠰᠠᠨᠠᠭᠤᠯᠭ᠎ᠠ ᠵᠢ ᠰᠠᠨᠠᠭ᠋ᠠᠴᠢᠯᠠᠭ᠎ᠠ᠎ᠠᠴᠠ᠎ᠪᠠᠨ ᠬᠦᠯᠢᠶᠡᠬᠦ ᠬᠡᠷᠡᠭᠲᠡᠶ᠃  ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ᠎ᠯᠤᠭ᠎ᠠ ᠵᠢᠨ ᠬᠠᠮᠵᠢᠯᠴᠠᠭ᠎ᠠ ᠵᠢ ᠴᠢᠩᠭ᠋ᠠᠳᠬᠠᠵᠤ᠂  ᠬᠠᠤᠯᠢ ᠲᠣᠭᠲᠠᠭ᠋ᠠᠯ ᠰᠠᠬᠢᠯᠭ᠎ᠠ ᠪᠠᠲᠤ ᠬᠠᠤᠯᠢ ᠴᠠᠭ᠋ᠠᠵᠠ ᠶᠣᠰᠣᠭ᠋ᠠᠷ ᠬᠠᠤᠯᠢ ᠬᠡᠷᠡᠭᠵᠢᠭᠦᠯᠬᠦ ᠳᠤᠮᠳᠠ ᠢᠯᠡᠷᠡᠭᠦᠯᠦᠭᠰᠡᠨ ᠬᠤᠯᠪᠣᠭᠳᠠᠯ ᠪᠦᠬᠦᠢ ᠠᠰᠠᠭᠤᠳᠠᠯ᠎ᠤᠨ ᠰᠦᠪᠡᠭᠴᠢ ᠵᠢ ᠴᠠᠭ ᠲᠤᠬᠠᠶ᠎ᠳᠤᠨᠢ ᠰᠢᠯᠵᠢᠭᠦᠯᠦᠨ ᠬᠦᠷᠭᠡᠨ᠎ᠡ᠃

  (ᠳᠣᠯᠣᠭ᠎ᠠ) ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ᠎ᠯᠦᠭᠡ ᠵᠣᠯᠭ᠋ᠠᠭᠤᠯᠬᠤ ᠪᠠ ᠬᠠᠮᠵᠢᠯᠴᠠᠬᠤ ᠵᠢ ᠴᠢᠩᠭ᠋ᠠᠳᠬᠠᠨ᠎ᠠ᠃  ᠬᠣᠰᠢᠭᠤ ᠰᠢᠶᠠᠨ᠎ᠤ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠲᠤᠰ ᠱᠠᠲᠤᠨ᠎ᠤ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠂  ᠤᠰᠤᠨ᠎ᠤ ᠵᠠᠰᠠᠭ ᠵᠠᠬᠢᠷᠭ᠋ᠠᠨ᠎ᠤ ᠰᠢᠢ᠍ᠳᠭᠡᠨ ᠲᠣᠷᠭ᠋ᠠᠬᠤ ᠡᠷᠬᠡ ᠣᠯᠭᠣᠭᠰᠠᠨ ᠬᠣᠯᠪᠣᠭᠳᠠᠯ ᠪᠦᠬᠦᠢ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ)᠎ᠳᠤ ᠣᠷᠣᠭᠤᠯᠤᠨ ᠬᠡᠷᠡᠭᠵᠢᠭᠦᠯᠦᠭᠰᠡᠨ ᠪᠣᠯ ᠵᠣᠯᠭ᠋ᠠᠯᠴᠠᠭ᠎ᠠ ᠰᠢᠯᠤᠭᠤᠨ ᠪᠤᠰᠤ᠂  ᠡᠭᠦᠷᠭᠡ ᠬᠠᠷᠢᠭᠤᠴᠠᠯᠭ᠎ᠠ᠎ᠨᠢ ᠲᠣᠳᠣᠷᠬᠠᠶ ᠦᠭᠡᠶ᠂  ᠴᠢᠳᠠᠪᠤᠷᠢ᠎ᠨᠢ ᠬᠦᠷᠦᠯᠴᠡᠬᠦ ᠦᠭᠡᠶ ᠵᠡᠷᠭᠡ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠬᠦ ᠬᠡᠷᠡᠭᠲᠡᠶ᠃  ᠬᠤᠰᠢᠭᠤ ᠰᠢᠶᠠᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠰᠠᠨᠠᠭ᠋ᠠᠴᠢᠯᠠᠭ᠎ᠠ᠎ᠠᠴᠠ᠎ᠪᠠᠨ ᠬᠤᠰᠢᠭᠤ ᠰᠢᠶᠠᠨ᠂  ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ) ᠶᠡᠷᠦᠩᠬᠡᠶ᠋ᠢᠯᠡᠨ ᠬᠠᠤᠯᠢ ᠬᠡᠷᠡᠭᠵᠢᠭᠦᠯᠬᠦ ᠪᠠᠶ᠋ᠢᠭᠤᠯᠤᠮᠵᠢ᠂  ᠤᠰᠤᠨ᠎ᠤ ᠶᠠᠪᠤᠳᠠᠯ᠎ᠤᠨ ᠬᠠᠤᠯᠢ᠎ᠠᠴᠠ ᠵᠥᠷᠢᠴᠡᠭᠰᠡᠨ ᠬᠡᠷᠡᠭ᠎ᠢ ᠰᠢᠯᠵᠢᠭᠦᠯᠦᠨ ᠬᠦᠷᠭᠡᠵᠦ ᠬᠦᠯᠢᠶᠡᠨ ᠠᠪᠬᠤ᠂  ᠰᠢᠢ᠍ᠳᠭᠡᠨ ᠲᠣᠷᠭ᠋ᠠᠵᠤ ᠬᠡᠷᠡᠭ ᠪᠣᠯᠭ᠋ᠠᠨ ᠳᠠᠩᠰᠠᠯᠠᠬᠤ᠂  ᠦᠷ᠎ᠡ ᠳ᠋ᠦᠩ᠎ᠢ ᠬᠠᠷᠢᠭᠤ ᠲᠤᠰᠬᠠᠬᠤ᠂  ᠵᠣᠬᠢᠴᠠᠭᠤᠯᠤᠨ ᠬᠢᠨᠠᠯᠲᠠ ᠲᠠᠯᠪᠢᠬᠤ ᠵᠡᠷᠭᠡ ᠭᠣᠭᠴᠣᠭ᠎ᠠ᠎ᠳᠤ ᠠᠵᠢᠯ᠎ᠤᠨ ᠲᠣᠭᠲᠠᠴᠠ ᠪᠠᠶ᠋ᠢᠭᠤᠯᠤᠨ᠂  ᠡᠭᠦᠷᠭᠡ ᠬᠠᠷᠢᠭᠤᠴᠠᠯᠭ᠎ᠠ ᠵᠢᠨ ᠬᠦᠷᠢᠶ᠎ᠡ ᠬᠡᠪᠴᠢᠶ᠎ᠡ ᠵᠢ ᠲᠣᠳᠣᠷᠬᠠᠶ᠋ᠢᠯᠠᠵᠤ᠂  ᠬᠢᠨᠠᠨ ᠵᠥᠪᠰᠢᠶᠡᠷᠡᠬᠦ᠂  ᠬᠢᠨᠠᠨ ᠬᠠᠮᠢᠶᠠᠷᠬᠤ᠂  ᠰᠢᠢ᠍ᠳᠭᠡᠨ ᠲᠣᠷᠭ᠋ᠠᠬᠤ ᠵᠢ ᠵᠣᠯᠭ᠋ᠠᠭᠤᠯᠬᠤ ᠲᠣᠭᠲᠠᠴᠠ ᠵᠢ ᠲᠡᠭᠦᠯᠳᠡᠷᠵᠢᠭᠦᠯᠦᠨ᠂  ᠠᠰᠠᠭᠤᠳᠠᠯ᠎ᠤᠨ ᠰᠦᠪᠡᠭᠴᠢ ᠪᠣᠯᠤᠨ ᠬᠡᠷᠡᠭ᠎ᠢ ᠰᠢᠯᠵᠢᠭᠦᠯᠦᠨ ᠬᠦᠷᠭᠡᠬᠦ ᠳᠡᠰ ᠳᠠᠷᠠᠭ᠋ᠠᠯᠠᠯ᠎ᠢ ᠵᠢᠷᠤᠮᠵᠢᠭᠤᠯᠤᠨ᠂  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠡᠷᠡᠴᠢ ᠪᠠᠷᠢᠮᠲᠠ ᠵᠢᠨ ᠳᠦᠷᠢᠮ᠎ᠢ ᠪᠦᠷᠢᠨᠰᠢᠬᠦᠯᠵᠦ᠂  ᠬᠡᠷᠡᠭ ᠰᠢᠯᠵᠢᠭᠦᠯᠦᠨ ᠬᠦᠷᠭᠡᠬᠦ ᠵᠢᠨ ᠪᠠᠷᠢᠮᠵᠢᠶᠠᠵᠢᠭᠤᠯᠬᠤ ᠪᠠᠶ᠋ᠢᠭᠤᠯᠤᠯᠲᠠ ᠵᠢ ᠠᠬᠢᠭᠤᠯᠤᠨ᠂  ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠬᠢᠭᠡᠳ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠵᠢᠨ ᠣᠷᠭ᠋ᠠᠨᠢᠭ ᠵᠣᠯᠭ᠋ᠠᠯᠳᠤᠬᠤ ᠵᠢ ᠪᠡᠶᠡᠯᠡᠭᠦᠯᠦᠨ᠎ᠡ᠃  ᠠᠵᠢᠯ᠎ᠤᠨ ᠲᠤᠬᠢᠷᠠᠭᠤᠯᠤᠯᠳᠠ ᠵᠢ ᠨᠢᠭᠡᠳᠦᠯᠲᠡᠢ ᠲᠥᠯᠥᠪᠵᠢᠭᠦᠯᠵᠦ᠂  ᠴᠠᠭ᠎ᠲᠤᠨᠢ ᠲᠤᠬᠢᠷᠠᠭᠤᠯᠤᠨ ᠬᠠᠮᠲᠤᠷᠠᠨ ᠪᠠᠶ᠋ᠢᠴᠠᠭ᠋ᠠᠬᠤ ᠵᠢ ᠥᠷᠨᠢᠭᠦᠯᠵᠦ᠂  ᠬᠢᠨᠠᠯᠲᠠ ᠬᠠᠮᠢᠶᠠᠷᠤᠯᠲᠠ ᠵᠢᠨ ᠮᠡᠳᠡᠭᠡ ᠵᠠᠩᠭᠢ ᠵᠢ ᠬᠠᠷᠢᠯᠴᠠᠨ ᠮᠡᠳᠡᠷᠡᠬᠦ ᠵᠢ ᠠᠬᠢᠭᠤᠯᠵᠤ᠂  ᠤᠯᠠᠨ ᠲᠠᠯ᠎ᠠ᠎ᠠᠴᠠ ᠬᠠᠤᠯᠢ ᠬᠡᠷᠡᠭᠵᠢᠭᠦᠯᠬᠦ᠂  ᠳᠠᠪᠬᠤᠷᠳᠠᠭᠤᠯᠤᠨ ᠪᠠᠶ᠋ᠢᠴᠠᠭ᠋ᠠᠬᠤ᠎ᠠᠴᠠ ᠵᠠᠶ᠋ᠢᠯᠠᠰᠬᠢᠬᠦ ᠬᠡᠷᠡᠭᠲᠡᠢ᠃  ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠤᠬᠠᠶ᠋ᠢᠯᠠᠭᠰᠠᠨ ᠠᠵᠢᠯ᠎ᠤᠨ ᠵᠢᠯᠣᠭᠣᠳᠬᠤ ᠬᠠᠷᠢᠭᠤᠴᠠᠯᠭ᠎ᠠ᠎ᠪᠠᠨ ᠨᠠᠶ᠋ᠢᠳᠠᠪᠤᠷᠢᠵᠢᠭᠤᠯᠵᠤ᠂  ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠪᠠᠶ᠋ᠢᠭᠤᠯᠤᠮᠵᠢ ᠵᠢᠨ ᠠᠵᠢᠯᠲᠠᠨ᠎ᠤ ᠤᠰᠤᠨ᠎ᠳᠤ ᠬᠣᠯᠪᠣᠭᠳᠠᠬᠤ ᠬᠠᠤᠯᠢ ᠬᠡᠷᠡᠭᠵᠢᠭᠦᠯᠬᠦ ᠪᠣᠳᠠᠲᠤ ᠶᠠᠪᠤᠳᠠᠯ᠎ᠤᠨ ᠪᠣᠯᠪᠠᠰᠤᠷᠠᠯ᠎ᠢ ᠴᠢᠩᠭ᠋ᠠᠳᠬᠠᠬᠤ ᠵᠢᠨ ᠬᠠᠮᠲᠤ᠂  ᠲᠡᠭᠦᠨ᠎ᠤ ᠬᠠᠤᠯᠢ ᠬᠡᠷᠡᠭᠵᠢᠭᠦᠯᠬᠦ ᠠᠵᠢᠯᠯᠠᠭ᠎ᠠ ᠥᠷᠨᠢᠭᠦᠯᠬᠦ᠎ᠳᠤ ᠲᠤᠰᠬᠠᠶ ᠮᠡᠷᠭᠡᠵᠢᠯ᠂  ᠮᠡᠳᠡᠭᠡ ᠵᠠᠩᠭᠢ ᠵᠢᠨ ᠲᠣᠭ᠎ᠠ ᠪᠠᠷᠢᠮᠲᠠ᠂  ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ ᠵᠡᠷᠭᠡ ᠵᠢᠨ ᠳᠡᠮᠵᠢᠯᠭᠡ ᠬᠠᠩᠭ᠋ᠠᠬᠤ ᠬᠡᠷᠡᠭᠲᠡᠶ᠃  ᠲᠤᠰᠬᠠᠶ ᠮᠡᠷᠭᠡᠵᠢᠯ᠎ᠤᠨ ᠴᠢᠨᠠᠷ ᠵᠶ᠋ᠠᠷ ᠴᠢᠩᠭ᠎ᠠ᠂  ᠣᠯᠠᠨ ᠨᠡᠶ᠋ᠢᠲᠡ ᠵᠢᠨ ᠠᠮᠤᠷ ᠲᠦᠪᠰᠢᠨ ᠪᠠ ᠠᠷᠠᠳ ᠣᠯᠠᠨ᠎ᠤ ᠠᠮᠢ ᠨᠠᠰᠤ ᠡᠷᠡᠭᠦᠯ ᠮᠡᠨᠳᠦ᠎ᠳᠤ ᠰᠢᠭᠤᠳ ᠬᠤᠯᠪᠣᠭᠳᠠᠬᠤ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠦᠢ᠍ᠯᠡᠰ᠎ᠲᠤ᠂  ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠲᠤᠰᠬᠠᠶ ᠮᠡᠷᠭᠡᠵᠢᠯ᠎ᠤᠨ ᠳᠠᠪᠠᠭᠤᠯᠢᠭ᠎ᠢ ᠪᠠᠳᠠᠷᠠᠭᠤᠯᠵᠤ᠂  ᠠᠵᠢᠯ ᠲᠥᠷᠥᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠵᠢ ᠴᠢᠩᠭ᠋ᠠᠳᠬᠠᠬᠤ ᠬᠡᠷᠡᠭᠲᠡᠶ᠃  ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠣᠷᠣᠨ ᠲᠤᠭ᠎ᠠ ᠵᠢᠨ ᠠᠯᠪᠠᠨ ᠬᠡᠷ᠂  ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠲᠠᠢ ᠢᠳᠡᠪᠬᠢᠲᠡᠶ ᠬᠠᠮᠵᠢᠯᠴᠠᠨ ᠨᠢᠭᠡᠨᠲᠡ ᠡᠷᠬᠡ ᠣᠯᠭᠤᠭᠰᠠᠨ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ) ᠵᠢᠨ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠦᠢ᠍ᠯᠡᠰ᠎ᠤᠨ ᠬᠤᠭᠤᠴᠠᠭ᠎ᠠ ᠵᠢ ᠲᠣᠭᠲᠠᠭ᠋ᠠᠨ ᠦᠨᠡᠯᠡᠨ ᠵᠢᠱ᠌ᠢᠬᠦ ᠠᠵᠢᠯ᠎ᠢ ᠰᠠᠶ᠋ᠢᠲᠤᠷ ᠬᠢᠵᠦ᠂  ᠦᠨᠳᠦᠰᠦᠨ ᠱᠠᠲᠤ ᠵᠢ ᠵᠠᠯᠭ᠋ᠠᠨ ᠠᠪᠴᠤ ᠳᠡᠶ᠋ᠢᠯᠬᠦ ᠥᠬᠡᠶ᠂  ᠬᠢᠨᠠᠯᠲᠠ ᠬᠠᠮᠢᠶᠠᠷᠤᠯᠲᠠ ᠵᠢ ᠳᠠᠭ᠋ᠠᠵᠤ ᠳᠡᠶ᠋ᠢᠯᠬᠦ ᠥᠬᠡᠶ᠎ᠳᠤ᠎ᠨᠢ ᠴᠠᠭ ᠲᠤᠬᠠᠶ᠎ᠳᠤ᠎ᠨᠢ ᠲᠣᠬᠢᠷᠠᠭᠤᠯᠤᠯᠲᠠ ᠬᠢᠬᠦ ᠰᠠᠨᠠᠭᠤᠯᠭ᠎ᠠ ᠳᠤᠷᠠᠳᠴᠤ᠂  ᠡᠷᠬᠡ ᠣᠯᠭᠤᠬᠤ ᠵᠢᠯᠣᠭᠤᠳᠬᠤ ᠨᠠᠷᠢᠨ ᠲᠠᠩᠰᠠ ᠵᠢ ᠬᠥᠳᠡᠯᠦᠩᠭᠦᠶ᠎ᠪᠠᠷ ᠳᠣᠭᠢᠷᠠᠭᠤᠯᠬᠤ᠎ᠲᠠᠢ ᠬᠠᠮᠵᠢᠯᠴᠠᠨ᠂  ᠡᠷᠬᠡ ᠣᠯᠭᠤᠬᠤ ᠵᠦᠢ᠍ᠯᠡᠰ᠎ᠢ ᠳᠣᠷᠣᠭᠰᠢ ᠪᠠᠭᠤᠯᠭ᠋ᠠᠵᠤ᠂  ᠭᠥᠯᠢᠶᠡᠨ ᠠᠪᠴᠤ ᠳᠡᠶ᠋ᠢᠯᠬᠦ᠂  ᠰᠠᠶ᠋ᠢᠲᠤᠷ ᠬᠠᠮᠢᠶᠠᠷᠴᠤ᠂  ᠬᠢᠨᠠᠯᠲᠠ ᠲᠠᠯᠪᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃

   ᠭᠤᠷᠪᠠ᠂  ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠢ᠍ᠯᠡ ᠠᠵᠢᠯᠯᠠᠭ᠎ᠠ ᠵᠢ ᠵᠢᠷᠤᠮᠵᠢᠭᠤᠯᠤᠨ᠎ᠠ

  (ᠨᠠᠢ᠍ᠮᠠ) 《ᠭᠤᠷᠪᠠᠨ ᠵᠦᠢ᠍ᠯ᠎ᠤᠨ ᠳᠦᠷᠢᠮ》᠎ᠢ ᠴᠢᠩᠭ᠎ᠠ ᠬᠡᠷᠡᠭᠵᠢᠭᠦᠯᠦᠨ᠎ᠡ᠃  ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠵᠢ ᠡᠭᠦᠷᠭᠡᠯᠡᠭᠰᠡᠨ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠪᠠᠶ᠋ᠢᠭᠤᠯᠤᠮᠵᠢ᠎ᠨᠤᠭᠤᠳ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠵᠢ ᠢᠯᠡ ᠨᠡᠶ᠋ᠢᠲᠡᠯᠡᠬᠦ ᠳᠦᠷᠢᠮ᠂  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠦᠬᠦ ᠶᠠᠪᠤᠴᠠ ᠵᠢ ᠲᠡᠮᠳᠡᠭᠯᠡᠬᠦ ᠳᠦᠷᠢᠮ ᠪᠣᠯᠤᠨ ᠴᠢᠬᠤᠯᠠ ᠶᠡᠬᠡ ᠬᠠᠤᠯᠢ ᠬᠡᠷᠡᠭᠵᠢᠭᠦᠯᠬᠦ ᠲᠣᠭᠲᠠᠭ᠋ᠠᠯ ᠬᠠᠤᠯᠢ ᠳᠦᠷᠢᠮ᠎ᠤᠨ ᠬᠢᠨᠠᠨ ᠬᠠᠷᠭᠤᠭᠤᠯᠬᠤ ᠳᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠬᠤ ᠬᠡᠷᠡᠭᠲᠡᠶ᠃ 《ᠬᠡᠨ ᠬᠠᠤᠯᠢ ᠬᠡᠷᠡᠭᠵᠢᠭᠦᠯᠪᠡᠯ᠂  ᠬᠡᠨ ᠢᠯᠡ ᠨᠡᠶ᠋ᠢᠲᠡᠯᠡᠬᠦ》 ᠵᠠᠷᠴᠢᠮ ᠶᠣᠰᠣᠭ᠋ᠠᠷ᠂  ᠤᠰᠤᠨ᠎ᠤ ᠵᠠᠰᠠᠭ ᠵᠠᠬᠢᠷᠭ᠋ᠠᠨ᠎ᠤ ᠵᠥᠪᠰᠢᠶᠡᠷᠡᠯ᠂  ᠵᠠᠰᠠᠭ ᠵᠠᠬᠢᠷᠭ᠋ᠠᠨ᠎ᠤ ᠪᠠᠶ᠋ᠢᠴᠠᠭ᠋ᠠᠯᠲᠠ᠂  ᠵᠠᠰᠠᠭ ᠵᠠᠬᠢᠷᠭ᠋ᠠᠨ᠎ᠤ ᠰᠢᠢ᠍ᠳᠬᠡᠯ᠂  ᠵᠠᠰᠠᠭ ᠵᠠᠬᠢᠷᠭ᠋ᠠᠨ᠎ᠤ ᠠᠯᠪᠠᠳᠠᠯᠭ᠎ᠠ ᠵᠡᠷᠭᠡ ᠬᠠᠤᠯᠢ ᠬᠡᠷᠡᠭᠵᠢᠭᠦᠯᠬᠦ ᠵᠦᠢ᠍ᠯᠡᠰ᠎ᠤᠨ ᠬᠡᠷᠡᠭ᠎ᠤᠨ ᠡᠮᠦᠨ᠎ᠡ᠂  ᠬᠡᠷᠡᠭ᠎ᠤᠨ ᠳᠤᠮᠳᠠ᠂  ᠬᠡᠷᠡᠭ᠎ᠤᠨ ᠳᠠᠷᠠᠭ᠎ᠠ ᠢᠯᠡ ᠪᠣᠯᠭ᠋ᠠᠬᠤ ᠠᠵᠢᠯ᠎ᠢ ᠬᠠᠤᠯᠢ ᠶᠣᠰᠣᠭ᠋ᠠᠷ ᠵᠢᠷᠤᠮᠵᠢᠭᠤᠯᠤᠨ ᠰᠠᠶ᠋ᠢᠲᠤᠷ ᠬᠢᠵᠦ᠂  ᠲᠣᠭᠲᠠᠭ᠋ᠠᠭᠰᠠᠨ ᠠᠷᠭ᠎ᠠ ᠮᠠᠶᠢᠭ᠂  ᠴᠠᠭ᠎ᠤᠨ ᠬᠢᠵᠠᠭ᠋ᠠᠷ ᠪᠠ ᠠᠷᠭ᠎ᠠ ᠵᠠᠮ᠎ᠤᠨ ᠶᠣᠰᠣᠭ᠋ᠠᠷ ᠬᠠᠮᠢᠶ᠎ᠠ ᠪᠥᠬᠦᠶ ᠬᠠᠤᠯᠢ ᠬᠡᠷᠡᠭᠵᠢᠭᠦᠯᠦᠭᠰᠡᠨ ᠪᠠᠶ᠋ᠢᠳᠠᠯ᠎ᠢ ᠪᠥᠬᠦ ᠲᠠᠯ᠎ᠠ᠎ᠪᠠᠷ᠂  ᠣᠨᠣᠪᠴᠢᠲᠠᠶ᠂  ᠴᠠᠭ ᠲᠤᠬᠠᠶ᠎ᠳᠤᠨᠢ ᠨᠡᠶ᠋ᠢᠭᠡᠮ᠎ᠳᠤ ᠢᠯᠡ ᠪᠣᠯᠭ᠋ᠠᠬᠤ ᠬᠡᠷᠡᠭᠲᠡᠶ᠃  ᠦᠰᠦᠭ ᠪᠢᠴᠢᠭ᠂  ᠲᠠᠭᠤ ᠳᠦᠷᠰᠦ ᠰᠢᠩᠭᠡᠭᠡᠯᠲᠡ ᠵᠡᠷᠭᠡ ᠲᠡᠮᠳᠡᠭᠯᠡᠬᠦ ᠠᠷᠭ᠎ᠠ ᠮᠠᠶᠢᠭ ᠵᠶ᠋ᠠᠷ ᠳᠠᠮᠵᠢᠭᠤᠯᠤᠨ᠂  ᠬᠡᠷᠡᠭ ᠪᠣᠯᠭ᠋ᠠᠨ ᠳᠠᠩᠰᠠᠯᠠᠬᠤ᠂  ᠪᠠᠶ᠋ᠢᠴᠠᠭ᠋ᠠᠯᠲᠠ ᠬᠢᠬᠦ᠂  ᠭᠡᠷᠡᠴᠢ ᠠᠪᠬᠤ᠂  ᠬᠢᠨᠠᠨ ᠪᠠᠶ᠋ᠢᠴᠠᠭ᠋ᠠᠬᠤ᠂  ᠲᠣᠭᠲᠠᠭ᠋ᠠᠬᠤ᠂  ᠬᠦᠷᠭᠡᠬᠦ᠂  ᠭᠦᠢ᠍ᠴᠡᠳᠬᠡᠬᠦ ᠵᠡᠷᠭᠡ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠯᠠᠭ᠎ᠠ ᠵᠢ ᠲᠡᠮᠳᠡᠭᠯᠡᠵᠦ᠂  ᠪᠠᠶ᠋ᠢᠴᠠᠭ᠋ᠠᠨ ᠪᠢᠲᠡᠭᠦᠮᠵᠢᠯᠡᠵᠦ ᠳᠠᠷᠤᠵᠤ ᠠᠪᠬᠤ᠂  ᠠᠯᠪᠠᠳᠠᠯᠭ᠎ᠠ᠎ᠪᠠᠷ ᠨᠤᠷᠠᠭ᠋ᠠᠬᠤ ᠵᠡᠷᠭᠡ ᠴᠢᠬᠤᠯᠠ ᠶᠡᠭᠡ ᠡᠳ᠋ ᠬᠥᠷᠥᠩᠭᠡ ᠵᠢᠨ ᠡᠷᠬᠡ ᠠᠰᠢᠭ᠎ᠲᠤ ᠰᠢᠭᠤᠳ ᠬᠤᠯᠪᠣᠭᠳᠠᠭᠰᠠᠨ ᠲᠤᠬᠠᠶ ᠵᠢᠨ ᠲᠠᠯᠠᠪᠠᠶ ᠵᠢᠨ ᠬᠠᠤᠯᠢ ᠬᠡᠷᠡᠭᠵᠢᠭᠦᠯᠬᠦ ᠠᠵᠢᠯᠯᠠᠭ᠎ᠠ ᠪᠠ ᠬᠡᠷᠡᠭ ᠰᠢᠢ᠍ᠳᠪᠦᠷᠢᠯᠡᠬᠦ ᠲᠠᠯᠠᠪᠤᠷ ᠭᠠᠵᠠᠷ᠎ᠲᠤ ᠪᠦᠬᠦ ᠶᠠᠪᠤᠴᠠ ᠵᠢᠨ ᠲᠠᠭᠤ ᠳᠦᠷᠰᠦ ᠰᠢᠩᠭᠡᠭᠡᠯᠲᠡ ᠵᠢᠨ ᠲᠡᠮᠳᠡᠭᠯᠡᠯ ᠬᠢᠬᠦ ᠵᠢᠨ ᠬᠠᠮᠲᠤ᠂  ᠬᠠᠤᠯᠢ ᠬᠡᠷᠡᠭᠵᠢᠭᠦᠯᠦᠯᠲᠡ ᠵᠢ ᠲᠡᠮᠳᠡᠭᠯᠡᠬᠦ ᠮᠡᠳᠡᠭᠡ ᠵᠠᠩᠭᠢ ᠵᠢᠨ ᠮᠠᠲ᠋ᠧᠷᠢᠶᠠᠯ᠎ᠤᠨ ᠬᠡᠷᠡᠭ᠎ᠤᠨ ᠡᠪᠬᠡᠮᠡᠯ᠎ᠢ ᠦᠢ᠍ᠯᠡᠳᠬᠦ᠂  ᠬᠡᠷᠡᠭᠯᠡᠬᠦ᠂  ᠬᠠᠮᠢᠶᠠᠷᠬᠤ ᠪᠠ ᠳᠠᠩᠰᠠ ᠡᠪᠬᠡᠮᠡᠯ᠎ᠳᠤ ᠣᠷᠣᠭᠤᠯᠤᠨ ᠬᠠᠳᠠᠭ᠋ᠠᠯᠠᠬᠤ ᠵᠢ ᠰᠠᠶ᠋ᠢᠲᠤᠷ ᠬᠢᠵᠦ᠂  ᠪᠦᠬᠦ ᠶᠠᠪᠤᠴᠠ᠎ᠳᠤ ᠣᠷᠣ ᠮᠥᠷ ᠦᠯᠡᠳᠡᠭᠡᠬᠦ ᠪᠠ ᠡᠭᠡᠭᠦᠯᠦᠨ ᠨᠡᠬᠡᠮᠵᠢᠯᠡᠵᠦ ᠪᠣᠯᠬᠤ ᠬᠠᠮᠢᠶᠠᠷᠤᠯᠲᠠ ᠵᠢ ᠪᠡᠶᠡᠯᠡᠭᠦᠯᠬᠦ ᠬᠡᠷᠡᠭᠲᠡᠶ᠃  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠳᠡᠰ ᠳᠠᠷᠠᠭ᠋ᠠᠯᠠᠯ ᠪᠠ ᠤᠰᠤᠨ ᠠᠰᠢᠭᠯᠠᠯᠲᠠ ᠵᠢᠨ ᠶᠠᠮᠤᠨ᠂  ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠲᠣᠭᠲᠠᠭ᠋ᠠᠭᠰᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠢᠴᠢᠭ ᠬᠠᠷ᠎ᠠ ᠵᠢᠨ ᠬᠡᠯᠪᠡᠷᠢ᠂  ᠬᠡᠷᠡᠭ᠎ᠤᠨ ᠡᠪᠬᠡᠮᠡᠯ ᠵᠢᠴᠢ ᠦᠨᠡᠯᠡᠨ ᠪᠠᠶ᠋ᠢᠴᠠᠭ᠋ᠠᠬᠤ ᠪᠠᠷᠢᠮᠵᠢᠶ᠎ᠠ ᠵᠢᠨ ᠬᠠᠤᠯᠢ ᠬᠡᠷᠡᠭᠵᠢᠭᠦᠯᠵᠦ ᠬᠡᠷᠡᠭ ᠰᠢᠢ᠍ᠳᠪᠦᠷᠢᠯᠡᠨ᠂  ᠬᠠᠤᠯᠢ ᠬᠡᠷᠡᠭᠵᠢᠭᠦᠯᠵᠦ ᠬᠡᠷᠡᠭ ᠰᠢᠢ᠍ᠳᠪᠦᠷᠢᠯᠡᠬᠦ ᠴᠤᠪᠤᠷᠠᠯ᠂  ᠪᠢᠴᠢᠭ ᠬᠠᠷ᠎ᠠ ᠬᠡᠷᠡᠭ᠎ᠤᠨ ᠡᠪᠬᠡᠮᠡᠯ᠎ᠢ ᠵᠢᠷᠤᠮᠵᠢᠭᠤᠯᠬᠤ᠂  ᠪᠠᠷᠢᠮᠵᠢᠶᠠᠵᠢᠭᠤᠯᠬᠤ᠂  ᠨᠠᠷᠢᠯᠢᠬ᠍ᠵᠢᠭᠤᠯᠬᠤ ᠬᠢᠷᠢ ᠬᠡᠮᠵᠢᠶ᠎ᠡ ᠵᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃  ᠴᠢᠬᠤᠯᠠ ᠶᠡᠭᠡ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠭᠲᠠᠭ᠋ᠠᠯ᠎ᠤᠨ ᠬᠠᠤᠯᠢ ᠳᠦᠷᠢᠮ᠎ᠤᠨ ᠬᠢᠨᠠᠨ ᠬᠠᠷᠭᠤᠭᠤᠯᠬᠤ ᠲᠣᠭᠲᠠᠴᠠ ᠵᠢ ᠴᠢᠩᠭ᠎ᠠ ᠨᠠᠶ᠋ᠢᠳᠠᠪᠤᠷᠢᠵᠢᠭᠤᠯᠵᠤ᠂  ᠬᠠᠤᠯᠢ ᠳᠦᠷᠢᠮ᠎ᠤᠨ ᠬᠢᠨᠠᠨ ᠬᠠᠷᠭᠤᠭᠤᠯᠬᠤ ᠠᠵᠢᠯ᠎ᠤᠨ ᠬᠦᠴᠦᠨ᠎ᠢ ᠪᠦᠷᠢᠨ ᠭᠦᠢ᠍ᠴᠡᠳ ᠴᠢᠩᠭ᠎ᠠ ᠲᠣᠬᠢᠷᠠᠭᠤᠯᠵᠤ᠂  ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭ᠋ᠠᠯ ᠭᠠᠷᠭ᠋ᠠᠬᠤ᠎ᠠᠴᠠ ᠡᠮᠦᠨ᠎ᠡ ᠬᠠᠤᠯᠢ ᠳᠦᠷᠢᠮ᠎ᠤᠨ ᠬᠢᠨᠠᠨ ᠬᠠᠷᠭᠤᠭᠤᠯᠤᠯᠲᠠ ᠵᠢ ᠴᠢᠩᠭ᠎ᠠ ᠬᠢᠵᠦ᠂  ᠬᠠᠤᠯᠢ ᠳᠦᠷᠢᠮ᠎ᠤᠨ ᠬᠢᠨᠠᠨ ᠬᠠᠷᠭᠤᠭᠤᠯᠤᠯᠲᠠ ᠬᠢᠭᠰᠡᠨ ᠦᠭᠡᠢ ᠪᠤᠶᠤ ᠬᠢᠨᠠᠨ ᠬᠠᠷᠭᠤᠭᠤᠯᠤᠯᠲᠠ ᠬᠢᠭᠰᠡᠨ ᠦᠭᠡᠢ ᠪᠣᠯ ᠲᠣᠭᠲᠠᠭ᠋ᠠᠯ ᠭᠠᠷᠭ᠋ᠠᠵᠤ ᠪᠣᠯᠬᠤ ᠦᠭᠡᠢ᠃  ᠬᠠᠤᠯᠢ ᠴᠠᠭ᠋ᠠᠵᠠ ᠵᠢᠨ ᠵᠥᠪᠯᠡᠭᠴᠢ ᠪᠠ ᠠᠯᠪᠠᠨ ᠲᠤᠰᠢᠶᠠᠯᠲᠤ ᠬᠠᠤᠯᠢᠴᠢ ᠵᠢᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂  ᠬᠠᠤᠯᠢ ᠴᠠᠭ᠋ᠠᠵᠠ ᠵᠢᠨ ᠵᠥᠪᠯᠡᠭᠴᠢ᠂  ᠠᠯᠪᠠᠨ ᠲᠤᠰᠢᠶᠠᠯᠲᠤ ᠬᠠᠤᠯᠢᠴᠢ ᠪᠠ ᠬᠤᠯᠪᠣᠭᠳᠠᠯ ᠪᠥᠬᠦᠶ ᠬᠠᠤᠯᠢ ᠴᠠᠭ᠋ᠠᠵᠠ ᠵᠢᠨ ᠲᠤᠰᠬᠠᠶ ᠮᠡᠷᠭᠡᠵᠢᠯᠲᠡᠨ᠎ᠤ ᠬᠠᠤᠯᠢ ᠲᠦᠷᠢᠮ᠎ᠤᠨ ᠬᠢᠨᠠᠨ ᠬᠠᠷᠭᠤᠭᠤᠯᠤᠯᠲᠠ ᠳᠤᠮᠳᠠᠬᠢ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠬᠡᠷᠡᠭᠲᠡᠶ᠃

  (ᠶᠢᠰᠦ) ᠲᠠᠰᠤᠯᠤᠯᠲᠠ ᠵᠢᠨ ᠰᠠᠭᠤᠷᠢ ᠪᠠᠷᠢᠮᠵᠢᠶ᠎ᠠ ᠵᠢᠨ ᠳᠦᠷᠢᠮ᠎ᠢ ᠬᠢᠨᠠᠮᠠᠭ᠋ᠠᠶ ᠨᠠᠶ᠋ᠢᠳᠠᠪᠤᠷᠢᠵᠢᠭᠤᠯᠬᠤ ᠬᠡᠷᠡᠭᠲᠡᠶ᠃  ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠬᠠᠤᠯᠢ ᠳᠦᠷᠢᠮ ᠲᠣᠭᠲᠠᠭ᠋ᠠᠯ᠎ᠤᠨ 《ᠲᠣᠭᠲᠠᠭ᠋ᠠᠬᠤ ᠵᠠᠰᠠᠬᠤ ᠬᠦᠴᠦᠨ ᠦᠭᠡᠢ ᠪᠣᠯᠭ᠋ᠠᠬᠤ》 ᠪᠠᠢ᠌ᠳᠠᠯ ᠪᠠ ᠬᠠᠤᠯᠢ ᠬᠡᠷᠡᠭᠵᠢᠭᠦᠯᠬᠦ ᠠᠵᠢᠯ᠎ᠤᠨ ᠪᠣᠳᠠᠲᠠᠢ ᠪᠠᠢ᠌ᠳᠠᠯ᠂  ᠬᠠᠤᠯᠢ ᠬᠡᠷᠡᠭᠵᠢᠭᠦᠯᠬᠦ ᠠᠵᠢᠯ᠎ᠤᠨ ᠪᠣᠳᠠᠲᠤ ᠪᠠᠶ᠋ᠢᠳᠠᠯ᠎ᠢ ᠦᠨᠳᠦᠰᠦᠯᠡᠨ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ (ᠲᠤᠷᠰᠢᠨ ᠬᠡᠷᠡᠭᠵᠢᠭᠦᠯᠬᠦ)》 ᠵᠢ ᠬᠥᠳᠡᠯᠦᠩᠭᠦᠢ᠎ᠪᠠᠷ ᠲᠣᠬᠢᠷᠠᠭᠤᠯᠵᠤ᠂  ᠬᠠᠮᠢᠶ᠎ᠠ ᠪᠦᠬᠦᠢ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ᠎ᠢ ᠵᠣᠬᠢᠶᠠᠨ ᠪᠠᠢ᠌ᠭᠤᠯᠤᠨ ᠥᠷᠨᠢᠭᠦᠯᠵᠦ᠂  ᠬᠠᠤᠯᠢ ᠬᠡᠷᠡᠭᠵᠢᠭᠦᠯᠬᠦ ᠲᠠᠰᠤᠯᠤᠯᠲᠠ ᠵᠢᠨ ᠮᠡᠳᠡᠭᠡ ᠵᠠᠩᠭᠢᠵᠢᠯᠲᠠ ᠵᠢᠨ ᠪᠠᠶ᠋ᠢᠭᠤᠯᠤᠯᠲᠠ ᠵᠢ ᠢᠳᠡᠪᠬᠢᠲᠡᠶ ᠠᠬᠢᠭᠤᠯᠤᠨ᠂  ᠤᠰᠤᠨ᠎ᠤ ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢᠨ ᠠᠭᠤᠯᠭ᠎ᠠ ᠵᠢ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠮᠡᠳᠡᠭᠡ ᠵᠠᠩᠭᠢᠵᠢᠯᠲᠠ ᠵᠢᠨ ᠰᠢᠰᠲ᠋ᠧᠮ᠎ᠳᠤ ᠰᠢᠭᠢᠳᠬᠡᠵᠦ᠂  ᠪᠥᠬᠦ ᠣᠷᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠳᠤ ᠨᠠᠷᠢᠯᠢᠭ ᠣᠨᠣᠴᠠᠲᠠᠶ ᠳᠥᠭᠦᠮ ᠳᠥᠲᠡ ᠵᠢᠯᠣᠭᠤᠳᠤᠮᠵᠢ ᠬᠠᠩᠭ᠋ᠠᠨ᠎ᠠ᠃  ᠡᠯ᠎ᠠ ᠱᠠᠳᠣᠨ᠎ᠤ ᠣᠰᠣᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠡᠷᠬᠤ ᠰᠠᠯᠠᠭ᠎ᠠ ᠮᠦᠴᠢᠷ ᠪᠤᠯᠥᠨ ᠣᠰᠣᠨ᠎ᠤ ᠵᠠᠰᠠᠭ ᠵᠠᠬᠢᠷᠭ᠋ᠠᠨ᠎ᠤ ᠬᠠᠦᠯᠢ ᠭᠡᠷᠡᠭᠵᠢᠬᠦᠯᠬᠦ ᠡᠬᠦᠷᠭᠡ ᠴᠢᠳᠡᠪᠦᠷᠢ ᠵᠢ ᠳᠠᠭ᠋ᠠᠭ᠋ᠠᠨ ᠡᠬᠦᠷᠭᠡᠯᠡᠭᠰᠡᠨ ᠶᠡᠷᠦᠩᠭᠡᠶ᠋ᠢᠯᠡᠭᠰᠡᠨ ᠬᠠᠦᠯᠢ ᠭᠡᠷᠡᠭᠵᠢᠬᠦᠯᠬᠦ ᠪᠠᠶ᠋ᠢᠭᠤᠯᠥᠮᠵᠢ᠎ᠨᠢ ᠣᠰᠣᠨ᠎ᠤ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠲᠠᠰᠣᠯᠥᠯᠳᠡ ᠵᠢᠨ ᠰᠠᠭᠤᠷᠢ ᠪᠠᠷᠢᠮᠵᠢᠶ᠎ᠠ ᠵᠢ ᠵᠢᠷᠦᠮᠵᠢᠭᠤᠯᠵᠦ᠂  ᠠᠵᠢᠯ᠎ᠤᠨ ᠭᠡᠷᠡᠭᠴᠡᠭᠡ᠎ᠪᠠᠨ ᠦᠨᠳᠣᠰᠣᠯᠡᠨ ᠳᠡᠭᠡᠳᠦ ᠱᠠᠳᠣᠨ᠎ᠤ ᠲᠣᠠᠠᠳᠠᠭ᠋ᠠᠠᠠᠰᠠᠨ ᠲᠠᠰᠣᠯᠥᠯᠳᠡ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢᠨ ᠲᠣᠬᠢᠷᠠᠬᠤ ᠪᠡᠷᠢᠮᠵᠢᠶ᠎ᠠ᠂  ᠨᠦᠬᠦᠴᠡᠯ᠂  ᠳᠥᠷᠦᠯ ᠵᠦᠢ᠍ᠯ᠂  ᠭᠡᠮᠵᠢᠶ᠎ᠠ᠂  ᠠᠷᠭ᠎ᠠ ᠮᠠᠶᠢᠭ᠂  ᠴᠠᠭ᠎ᠤᠨ ᠬᠢᠵᠠᠭ᠋ᠠᠷ᠎ᠢ ᠬᠠᠦᠯᠢ ᠶᠣᠰᠣᠭ᠋ᠠᠷ ᠵᠦᠢ ᠵᠣᠬᠢᠰᠳᠡᠢ ᠨᠠᠷᠢᠯᠢᠠᠠᠵᠢᠭᠤᠯᠥᠨ ᠪᠤᠳᠡᠳᠡᠶ᠋ᠢᠵᠢᠭᠤᠯᠵᠦ ᠪᠤᠯᠥᠨ᠎ᠠ᠃  ᠡᠯ᠎ᠡ ᠱᠠᠲᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠤᠰ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠵᠠᠰᠠᠭ ᠵᠠᠬᠢᠷᠭ᠋ᠠᠨ᠎ᠤ ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢ ᠲᠣᠭᠲᠠᠭ᠋ᠠᠬᠤ᠂  ᠵᠠᠰᠠᠪᠤᠷᠢ ᠣᠷᠣᠭᠤᠯᠬᠤ᠂  ᠬᠡᠷᠡᠭᠯᠡᠬᠦ᠎ᠳᠤ ᠳᠣᠭᠢᠷᠠᠬᠤ ᠪᠠ ᠬᠢᠨᠠᠯᠲᠠ ᠲᠠᠯᠪᠢᠬᠤ ᠬᠡᠷᠡᠭᠲᠡᠶ᠃

  (ᠠᠷᠪᠠ) ᠵᠣᠭᠣᠰ ᠵᠶ᠋ᠠᠷ ᠲᠣᠷᠭ᠋ᠠᠬᠤ ᠵᠢ ᠬᠡᠷᠡᠭᠵᠢᠭᠦᠯᠬᠦ ᠶᠠᠪᠤᠳᠠᠯ᠎ᠢ ᠴᠢᠩᠭ᠎ᠠ ᠵᠢᠷᠤᠮᠵᠢᠭᠤᠯᠤᠨ᠎ᠠ᠃  ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠵᠢ ᠡᠭᠦᠷᠭᠡᠯᠡᠭᠰᠡᠨ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠬᠦ ᠪᠠᠶ᠋ᠢᠭᠤᠯᠤᠮᠵᠢ᠎ᠨᠢ ᠤᠰᠤ᠎ᠲᠠᠢ ᠬᠣᠯᠪᠣᠭᠳᠠᠭᠰᠠᠨ ᠬᠡᠷᠡᠭ᠎ᠢ ᠰᠢᠢ᠍ᠳᠪᠦᠷᠢᠯᠡᠬᠦ᠎ᠳᠡᠭᠡᠨ ᠬᠠᠤᠯᠢ ᠴᠠᠭ᠋ᠠᠵᠠ ᠵᠢᠨ ᠲᠣᠭᠲᠠᠭ᠋ᠠᠯ ᠪᠣᠯᠤᠨ ᠬᠠᠤᠯᠢ᠎ᠠᠴᠠ ᠵᠥᠷᠢᠴᠡᠭᠰᠡᠨ ᠪᠣᠳᠠᠲᠤ ᠬᠡᠷᠡᠭ᠎ᠢ ᠴᠢᠩᠭ᠎ᠠ ᠵᠢᠷᠤᠮᠯᠠᠨ ᠵᠣᠭᠣᠰ ᠵᠶ᠋ᠠᠷ ᠲᠣᠷᠭ᠋ᠠᠬᠤ ᠵᠢ ᠬᠡᠷᠡᠭᠵᠢᠭᠦᠯᠵᠦ᠂  ᠠᠯᠳᠠᠭ᠎ᠠ ᠪᠤᠷᠤᠭᠤ ᠪᠠᠶ᠋ᠢᠪᠠᠯ ᠬᠥᠩᠭᠡᠨ᠂  ᠬᠦᠨᠳᠦ ᠪᠠᠶ᠋ᠢᠪᠠᠯ ᠬᠦᠨᠳᠦ᠎ᠪᠠᠷ ᠰᠢᠢ᠍ᠳᠭᠡᠨ ᠲᠣᠷᠭ᠋ᠠᠬᠤ ᠪᠤᠶᠤ ᠥᠨᠳᠥᠷ ᠲᠣᠭ᠎ᠠ᠎ᠪᠠᠷ ᠵᠣᠭᠣᠰ ᠵᠶ᠋ᠠᠷ ᠲᠣᠷᠭ᠋ᠠᠵᠤ ᠪᠣᠯᠬᠤ ᠦᠭᠡᠶ᠂ 《ᠨᠢᠭᠡ ᠠᠳᠠᠯᠢ》 ᠮᠠᠶᠢᠭ ᠵᠶ᠋ᠠᠷ ᠬᠠᠤᠯᠢ ᠬᠡᠷᠡᠭᠵᠢᠭᠦᠯᠬᠦ ᠵᠢ ᠲᠠᠰᠤ ᠵᠣᠭᠰᠣᠭ᠋ᠠᠬᠤ ᠬᠡᠷᠡᠭᠲᠡᠶ᠃  ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠪᠣᠳᠠᠲᠤ ᠬᠡᠷᠡᠭ᠂  ᠰᠢᠨᠵᠢ ᠴᠢᠨᠠᠷ᠂  ᠦᠢ᠍ᠯᠡ ᠪᠠᠶ᠋ᠢᠳᠠᠯ ᠵᠢᠴᠢ ᠨᠡᠶ᠋ᠢᠭᠡᠮ᠎ᠳᠤ ᠬᠣᠤᠷ ᠬᠥᠨᠥᠭᠡᠯ᠎ᠤᠨ ᠬᠡᠮᠵᠢᠶ᠎ᠡ᠎ᠨᠢ ᠦᠨᠳᠦᠰᠦᠨ᠎ᠳᠡᠭᠡᠨ ᠠᠳᠠᠯᠢᠪᠲᠤᠷ ᠬᠡᠷᠡᠭ᠎ᠢ ᠵᠣᠭᠣᠰ ᠵᠶ᠋ᠠᠷ ᠲᠣᠷᠭ᠋ᠠᠬᠤ ᠲᠠᠰᠤᠯᠤᠯᠲᠠ ᠵᠢᠨ ᠬᠡᠮᠵᠢᠶ᠎ᠡ᠎ᠨᠢ ᠬᠠᠤᠯᠢ᠎ᠪᠠᠷ ᠲᠣᠭᠲᠠᠭ᠋ᠠᠭᠰᠠᠨ ᠱᠠᠭ᠋ᠠᠷᠳᠠᠯᠭ᠎ᠠ᠎ᠳᠤ ᠨᠡᠶ᠋ᠢᠴᠡᠬᠦ ᠵᠢ ᠦᠨᠡᠨ ᠬᠦ᠌ ᠪᠠᠲᠤᠯᠠᠵᠤ᠂  ᠲᠥᠷᠥᠯ᠎ᠤᠨ ᠬᠡᠷᠡᠭ᠎ᠢ ᠠᠳᠠᠯᠢ ᠪᠤᠰᠤ ᠲᠣᠷᠭ᠋ᠠᠬᠤ᠎ᠠᠴᠠ ᠵᠠᠶ᠋ᠢᠯᠠᠰᠬᠢᠬᠦ ᠬᠡᠷᠡᠭᠲᠡᠶ᠃  ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠬᠠᠤᠯᠢ ᠵᠢᠨ ᠭᠤᠴᠢᠨ ᠬᠣᠶᠠᠳᠤᠭ᠋ᠠᠷ ᠵᠦᠢ᠍ᠯ᠎ᠤᠨ ᠲᠣᠭᠲᠠᠭ᠋ᠠᠯ᠎ᠳᠤ ᠨᠡᠶ᠋ᠢᠴᠡᠬᠦ᠎ᠨᠢ ᠬᠥᠩᠭᠡᠨ ᠵᠶ᠋ᠠᠷ ᠰᠢᠢ᠍ᠳᠭᠡᠬᠦ᠂  ᠬᠥᠩᠭᠡᠷᠡᠭᠦᠯᠦᠨ ᠰᠢᠢ᠍ᠳᠭᠡᠨ ᠲᠣᠷᠭ᠋ᠠᠬᠤ ᠪᠤᠶᠤ ᠭᠤᠴᠢᠨ ᠭᠤᠷᠪᠠᠳᠤᠭ᠋ᠠᠷ ᠵᠦᠢ᠍ᠯ ᠵᠡᠷᠭᠡ ᠲᠣᠭᠲᠠᠭ᠋ᠠᠯ᠎ᠳᠤ ᠨᠡᠶ᠋ᠢᠴᠡᠬᠦ ᠦᠭᠡᠶ᠂  ᠰᠢᠢ᠍ᠳᠭᠡᠨ ᠲᠣᠷᠭ᠋ᠠᠬᠤ ᠦᠭᠡᠶ ᠪᠠᠶ᠋ᠢᠳᠠᠯ ᠪᠠᠶ᠋ᠢᠪᠠᠯ᠂  ᠵᠠᠰᠠᠭ ᠵᠠᠬᠢᠷᠭ᠋ᠠᠨ᠎ᠤ ᠰᠢᠢ᠍ᠳᠭᠡᠨ ᠲᠣᠷᠭ᠋ᠠᠬᠤ ᠬᠠᠤᠯᠢ ᠵᠢ ᠲᠣᠬᠢᠷᠠᠭᠤᠯᠤᠨ ᠬᠡᠷᠡᠭᠯᠡᠵᠦ ᠪᠠᠶ᠋ᠢᠭ᠋ᠠᠳ ᠵᠣᠬᠢᠴᠠᠩᠭᠤᠶ ᠪᠦᠬᠦᠢ ᠰᠢᠢ᠍ᠳᠪᠦᠷᠢᠯᠡᠯᠲᠡ ᠭᠠᠷᠭ᠋ᠠᠬᠤ ᠬᠡᠷᠡᠭᠲᠡᠶ᠃  ᠵᠣᠭᠣᠰ ᠵᠶ᠋ᠠᠷ ᠲᠣᠷᠭ᠋ᠠᠬᠤ ᠵᠢ ᠬᠡᠷᠡᠭᠵᠢᠭᠦᠯᠬᠦ᠎ᠳᠡᠭᠡᠨ ᠲᠤᠬᠠᠶ᠋ᠢᠲᠠᠶ ᠬᠥᠮᠦᠨ᠎ᠢ ᠵᠠᠷᠯᠢᠭᠳᠠᠵᠤ ᠪᠠᠶ᠋ᠢᠭ᠋ᠠᠳ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠵᠠᠯᠠᠷᠠᠭᠤᠯᠬᠤ ᠪᠤᠶᠤ ᠬᠤᠭᠤᠴᠠᠭ᠎ᠠ ᠬᠢᠵᠠᠭ᠋ᠠᠷᠯᠠᠨ ᠵᠠᠯᠠᠷᠠᠭᠤᠯᠬᠤ ᠬᠡᠷᠡᠭᠲᠡᠶ᠂  ᠵᠣᠭᠣᠰ ᠵᠶ᠋ᠠᠷ ᠲᠣᠷᠭ᠋ᠠᠬᠤ᠎ᠠᠴᠠ ᠪᠢᠰᠢ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠵᠠᠯᠠᠷᠠᠭᠤᠯᠬᠤ ᠦᠭᠡᠶ ᠪᠠᠶ᠋ᠢᠵᠤ᠂ 《ᠲᠣᠷᠭ᠋ᠠᠬᠤ᠎ᠪᠠᠷ ᠬᠠᠮᠢᠶᠠᠷᠬᠤ ᠵᠢ ᠣᠷᠣᠯᠠᠭᠤᠯᠬᠤ》 ᠵᠢ ᠡᠷᠡᠰ ᠵᠣᠭᠰᠣᠭ᠋ᠠᠬᠤ ᠬᠡᠷᠡᠭᠲᠡᠶ᠃  ᠰᠢᠢ᠍ᠳᠭᠡᠬᠦ ᠪᠠ ᠰᠤᠷᠭ᠋ᠠᠨ ᠬᠥᠮᠦᠵᠢᠭᠦᠯᠬᠦ ᠵᠢ ᠤᠶᠠᠯᠳᠤᠭᠤᠯᠬᠤ᠂  ᠬᠠᠤᠯᠢ ᠬᠡᠷᠡᠭᠵᠢᠭᠦᠯᠬᠦ ᠪᠠ ᠦᠢ᠍ᠯᠡᠴᠢᠯᠡᠬᠦ ᠵᠢ ᠤᠶᠠᠯᠳᠤᠭᠤᠯᠬᠤ ᠵᠢ ᠪᠠᠷᠢᠮᠲᠠᠯᠠᠵᠤ᠂  ᠬᠠᠤᠯᠢ ᠲᠦᠭᠡᠮᠡᠯᠵᠢᠭᠦᠯᠬᠦ ᠬᠥᠮᠦᠵᠢᠯ᠎ᠢ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠪᠦᠬᠦ ᠶᠠᠪᠤᠴᠠ᠎ᠳᠤ ᠲᠤᠭᠤᠰᠢᠯᠠᠭᠤᠯᠵᠤ᠂  ᠰᠢᠭᠦᠮᠵᠢᠯᠡᠨ ᠰᠤᠷᠭ᠋ᠠᠬᠤ᠂  ᠵᠠᠷᠯᠢᠭᠳᠠᠵᠤ ᠪᠠᠶ᠋ᠢᠭ᠋ᠠᠳ ᠵᠠᠯᠠᠷᠠᠭᠤᠯᠬᠤ᠂  ᠰᠤᠷᠭ᠋ᠠᠵᠤ ᠢᠳᠬᠠᠬᠤ᠂  ᠪᠣᠯᠵᠣᠨ ᠶᠠᠷᠢᠯᠴᠠᠬᠤ ᠵᠡᠷᠭᠡ ᠠᠷᠭ᠎ᠠ ᠬᠡᠮᠵᠢᠶ᠎ᠡ ᠵᠢ ᠠᠪᠴᠤ ᠪᠠᠶ᠋ᠢᠭ᠋ᠠᠳ ᠠᠵᠤ ᠠᠬᠤᠶ᠋ᠢᠯᠠᠯ ᠪᠣᠯᠤᠨ ᠣᠯᠠᠨ ᠲᠦᠮᠡᠨ᠎ᠢ ᠬᠥᠮᠦᠵᠢᠭᠦᠯᠦᠨ ᠬᠥᠲᠥᠯᠥᠨ ᠵᠢᠯᠣᠭᠣᠳᠴᠤ ᠪᠠᠶ᠋ᠢᠭ᠋ᠠᠳ ᠬᠠᠤᠯᠢ ᠶᠣᠰᠣᠭ᠋ᠠᠷ ᠡᠵᠡᠩᠨᠡᠭᠦᠯᠵᠦ᠂  ᠬᠠᠤᠯᠢ ᠵᠢ ᠤᠬᠠᠮᠰᠠᠷ᠎ᠠᠴᠠ᠎ᠨᠢ ᠰᠠᠬᠢᠭᠤᠯᠵᠤ᠂  ᠠᠵᠤ ᠠᠬᠤᠶ᠋ᠢᠯᠠᠯ ᠪᠣᠯᠤᠨ ᠣᠯᠠᠨ ᠲᠦᠮᠡᠨ᠎ᠤ ᠬᠦᠴᠢᠷᠳᠡᠯ ᠪᠣᠯᠤᠨ ᠠᠰᠠᠭᠤᠳᠠᠯ᠎ᠢ ᠢᠳᠡᠪᠬᠢᠲᠡᠶ ᠪᠥᠭᠡᠳ ᠰᠠᠨᠠᠭ᠋ᠠᠴᠢᠯᠠᠭ᠎ᠠ᠎ᠠᠴᠠ᠎ᠪᠠᠨ ᠰᠢᠢ᠍ᠳᠪᠦᠷᠢᠯᠡᠵᠦ᠂  ᠬᠠᠤᠯᠢ ᠬᠡᠷᠡᠭᠵᠢᠭᠦᠯᠬᠦ᠎ᠳᠤ ᠡᠷᠴᠢᠮ᠎ᠲᠠᠢ ᠮᠥᠷᠲᠡᠭᠡᠨ ᠬᠠᠶ᠋ᠢᠷ᠎ᠠ ᠰᠡᠳᠬᠢᠯᠭᠡ᠎ᠲᠠᠢ ᠪᠣᠯᠭ᠋ᠠᠬᠤ ᠬᠡᠷᠡᠭᠲᠡᠶ᠃

   ᠳᠥᠷᠪᠡ᠂  ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠵᠤ ᠰᠢᠯᠭ᠋ᠠᠨ ᠬᠢᠨᠠᠬᠤ ᠵᠢ ᠴᠢᠩᠭ᠋ᠠᠳᠬᠠᠨ᠎ᠠ

  (ᠠᠷᠪᠠᠨ ᠨᠢᠭᠡ) ᠬᠡᠪᠰᠢᠭᠰᠡᠨ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠵᠢ ᠥᠷᠨᠢᠭᠦᠯᠦᠨ᠎ᠡ᠃  ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ 《ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠵᠣᠬᠢᠴᠠᠭᠤᠯᠤᠨ ᠬᠢᠨᠠᠯᠲᠠ ᠲᠠᠯᠪᠢᠬᠤ ᠠᠵᠢᠯ᠎ᠤᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠰᠠᠨᠠᠯ》 ᠪᠣᠯᠤᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠲᠦᠷᠢᠮ》 ᠵᠡᠷᠭᠡ ᠬᠤᠯᠪᠣᠭᠳᠠᠯ ᠪᠥᠬᠦᠶ ᠲᠣᠭᠲᠠᠭ᠋ᠠᠯ ᠶᠣᠰᠣᠭ᠋ᠠᠷ᠂  ᠲᠣᠰ ᠰᠠᠯᠠᠭ᠎ᠠ ᠮᠥᠴᠢᠷ᠎ᠤᠨ ᠵᠶ᠋ᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠠᠵᠢᠯ᠎ᠢ ᠳᠠᠭ᠋ᠠᠭ᠋ᠠᠨ ᠡᠭᠦᠷᠭᠡᠯᠡᠬᠦ ᠪᠠᠶ᠋ᠢᠭᠤᠯᠤᠮᠵᠢ ᠵᠢ ᠲᠣᠳᠣᠷᠬᠠᠶ᠋ᠢᠯᠠᠵᠤ᠂  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠬᠦᠴᠦᠨ᠎ᠤ ᠪᠠᠶ᠋ᠢᠭᠤᠯᠤᠯᠲᠠ ᠵᠢ ᠴᠢᠩᠭ᠋ᠠᠳᠬᠠᠨ᠂  ᠲᠣᠰ ᠱᠠᠲᠤᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ ᠵᠢᠯᠣᠭᠤᠳᠣᠯᠭ᠎ᠠ ᠳᠣᠤᠷ᠎ᠠ᠂  ᠲᠣᠰ ᠨᠢᠭᠡᠴᠢ ᠵᠢᠨ ᠵᠶ᠋ᠠᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠂  ᠬᠠᠷᠢᠶ᠎ᠠ ᠪᠠᠶ᠋ᠢᠭᠤᠯᠤᠮᠵᠢ ᠪᠣᠯᠤᠨ ᠳᠣᠤᠷᠠᠳᠤ ᠱᠠᠲᠤᠨ᠎ᠤ ᠬᠤᠯᠪᠣᠭᠳᠠᠯ ᠪᠥᠬᠦᠶ ᠰᠠᠯᠠᠭ᠎ᠠ ᠮᠥᠴᠢᠷ᠎ᠤᠨ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠳᠤ ᠪᠠᠶ᠋ᠢᠩᠭᠤ ᠵᠢᠨ ᠴᠢᠨᠠᠷᠲᠠᠶ ᠬᠢᠨᠠᠯᠲᠠ ᠲᠠᠯᠪᠢᠬᠤ᠎ᠪᠠᠨ ᠴᠢᠩᠭ᠋ᠠᠳᠬᠠᠵᠤ᠂  ᠬᠠᠤᠯᠢ ᠬᠡᠷᠡᠭᠵᠢᠭᠦᠯᠦᠯᠲᠡ ᠵᠢᠨ ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯᠯᠠᠭ᠎ᠠ ᠵᠢ ᠪᠠᠶ᠋ᠢᠩᠭᠤᠵᠢᠭᠤᠯᠤᠨ ᠥᠷᠨᠢᠭᠦᠯᠵᠦ᠂  ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ᠎ᠪᠠᠨ ᠪᠥᠬᠦ ᠲᠠᠯ᠎ᠠ᠎ᠪᠠᠷ ᠭᠦᠢ᠍ᠴᠡᠳᠭᠡᠬᠦ ᠵᠢ ᠰᠢᠮᠳᠠᠭᠤᠯᠬᠤ ᠬᠡᠷᠡᠭᠲᠡᠶ᠃  ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠠᠵᠢᠯ᠎ᠤᠨ ᠲᠦᠷᠢᠮ᠎ᠢ ᠪᠦᠷᠢᠨᠰᠢᠭᠦᠯᠵᠦ᠂  ᠬᠢᠨᠠᠯᠲᠠ ᠲᠠᠯᠪᠢᠬᠤ ᠵᠦᠢ᠍ᠯᠡᠰ᠎ᠤᠨ ᠨᠠᠷᠢᠨ ᠬᠠᠭᠤᠳᠠᠰᠤ ᠵᠢ ᠲᠣᠭᠲᠠᠭ᠋ᠠᠵᠤ᠂  ᠬᠢᠨᠠᠯᠲᠠ ᠲᠠᠯᠪᠢᠵᠤ ᠬᠡᠷᠡᠭᠵᠢᠭᠦᠯᠬᠦ ᠠᠷᠭ᠎ᠠ ᠬᠡᠮᠵᠢᠶ᠎ᠡ ᠵᠢ ᠲᠣᠳᠣᠷᠬᠠᠶ᠋ᠢᠯᠠᠵᠤ᠂  ᠬᠢᠨᠠᠯᠲᠠ ᠲᠠᠯᠪᠢᠬᠤ ᠠᠵᠢᠯ᠎ᠤᠨ ᠲᠡᠰ ᠳᠠᠷᠠᠭ᠋ᠠᠯᠠᠯ᠎ᠢ ᠵᠢᠷᠤᠮᠵᠢᠭᠤᠯᠵᠤ᠂  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠵᠢ ᠪᠦᠬᠦᠨ᠎ᠢ ᠪᠦᠷᠬᠦᠬᠦᠯᠬᠦ ᠵᠢ ᠠᠬᠢᠭᠤᠯᠬᠤ ᠬᠡᠷᠡᠭᠲᠡᠢ᠃  ᠴᠢᠬᠤᠯᠠ ᠶᠡᠬᠡ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠭᠰᠡᠨ ᠬᠡᠷᠡᠭ᠎ᠢ ᠬᠢᠨᠠᠨ ᠭᠦᠢ᠍ᠴᠡᠳᠭᠡᠬᠦ ᠡᠷᠴᠢᠮ ᠵᠶ᠋ᠠᠨ ᠨᠡᠮᠡᠭᠳᠡᠭᠦᠯᠬᠦ ᠬᠡᠷᠡᠭᠲᠡᠶ᠃  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠭᠰᠡᠨ ᠳᠠᠩᠰᠠ ᠡᠪᠬᠡᠮᠡᠯ᠎ᠢ ᠦᠨᠡᠯᠡᠨ ᠪᠠᠶ᠋ᠢᠴᠠᠭ᠋ᠠᠬᠤ ᠵᠢ ᠪᠠᠶ᠋ᠢᠩᠭᠤᠵᠢᠭᠤᠯᠤᠨ ᠥᠷᠨᠢᠭᠦᠯᠦᠨ᠎ᠡ᠃

  (ᠠᠷᠪᠠᠨ ᠬᠣᠶᠠᠷ) ᠬᠠᠤᠯᠢ ᠬᠡᠷᠡᠭᠵᠢᠭᠦᠯᠬᠦ᠎ᠳᠤ ᠲᠤᠰᠬᠠᠢ ᠬᠢᠨᠠᠯᠲᠠ ᠲᠠᠯᠪᠢᠬᠤ ᠵᠢ ᠰᠠᠶ᠋ᠢᠲᠤᠷ ᠠᠳᠬᠤᠨ᠎ᠠ᠃  ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠵᠢᠯ ᠪᠦᠷᠢ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂  ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠢ ᠴᠠᠭ᠎ᠲᠤᠨᠢ ᠵᠣᠬᠢᠴᠠᠭᠤᠯᠵᠤ ᠪᠠᠶ᠋ᠢᠭ᠋ᠠᠳ ᠨᠠᠮ᠎ᠤᠨ ᠲᠥᠪ ᠬᠤᠷᠢᠶ᠎ᠠ᠂  ᠲᠥᠷᠥ ᠵᠢᠨ ᠶᠠᠪᠤᠳᠠᠯ᠎ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂  ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢᠨ ᠲᠣᠭᠤᠷᠢᠨ᠎ᠳᠤ᠂  ᠪᠥᠬᠦ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠶᠡᠭᠡ ᠲᠠᠯ᠎ᠠ᠂  ᠠᠷᠠᠳ ᠣᠯᠠᠨ᠎ᠤ ᠲᠣᠰ ᠪᠡᠶ᠎ᠡ ᠵᠢᠨ ᠠᠰᠢᠭ ᠲᠤᠰᠠ᠎ᠳᠤ ᠬᠤᠯᠪᠣᠭᠳᠠᠬᠤ ᠤᠰᠤᠨ ᠠᠰᠢᠭᠯᠠᠯᠲᠠ ᠵᠢᠨ ᠭᠤᠤᠯᠳᠠᠯᠭ᠎ᠠ᠎ᠲᠠᠢ ᠬᠠᠤᠯᠢ ᠬᠡᠷᠡᠭᠵᠢᠭᠦᠯᠬᠦ ᠬᠦᠷᠢᠶ᠎ᠡ ᠴᠠᠷᠠᠭ᠎ᠠ ᠪᠣᠯᠤᠨ ᠨᠡᠶ᠋ᠢᠭᠡᠮ᠎ᠤᠨ ᠲᠤᠰᠬᠠᠯ ᠴᠢᠩᠭ᠎ᠠ ᠪᠠᠶ᠋ᠢᠭ᠎ᠠ ᠤᠰᠤᠨ ᠠᠰᠢᠭᠯᠠᠯᠲᠠ ᠵᠢᠨ ᠭᠤᠤᠯᠳᠠᠯᠭ᠎ᠠ᠎ᠲᠠᠢ ᠬᠠᠤᠯᠢ ᠬᠡᠷᠡᠭᠵᠢᠭᠦᠯᠬᠦ ᠠᠰᠠᠭᠤᠳᠠᠯ᠎ᠢ ᠰᠣᠩᠭᠤᠨ ᠲᠤᠰᠬᠠᠶ ᠬᠢᠨᠠᠯᠲᠠ ᠲᠠᠯᠪᠢᠵᠤ᠂  ᠠᠰᠠᠭᠤᠳᠠᠯ᠎ᠢ ᠴᠠᠭ ᠲᠤᠬᠠᠶ᠎ᠳᠤ᠎ᠨᠢ ᠢᠯᠡᠷᠡᠭᠦᠯᠵᠦ᠂  ᠴᠡᠭᠴᠡᠯᠡᠨ ᠰᠠᠶ᠋ᠢᠵᠢᠷᠠᠭᠤᠯᠬᠤ ᠵᠢ ᠰᠢᠮᠳᠠᠭᠤᠯᠤᠨ᠎ᠠ᠃

  (ᠠᠷᠪᠠᠨ ᠭᠤᠷᠪᠠ) ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠬᠠᠮᠵᠢᠯᠴᠠᠭ᠎ᠠ ᠵᠢ ᠠᠬᠢᠭᠤᠯᠤᠨ᠎ᠠ᠃  ᠤᠰᠤᠨ᠎ᠤ ᠵᠠᠰᠠᠭ ᠵᠠᠬᠢᠷᠭ᠋ᠠᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠢᠭᠡᠳ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠵᠤ ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠬᠦ ᠬᠡᠷᠡᠭᠲᠡᠶ᠃  ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢᠨ ᠮᠡᠳᠡᠭᠦᠯᠬᠦ ᠳᠦᠷᠢᠮ᠎ᠢ ᠨᠠᠶ᠋ᠢᠳᠠᠪᠤᠷᠢᠵᠢᠭᠤᠯᠬᠤ᠎ᠲᠠᠢ ᠤᠶᠠᠯᠳᠤᠭᠤᠯᠤᠨ ᠠᠳᠠᠯᠢ ᠱᠠᠲᠤᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠣᠯᠤᠨ ᠳᠡᠭᠡᠳᠦ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠤᠨ ᠪᠠᠶ᠋ᠢᠳᠠᠯ ᠵᠶ᠋ᠠᠨ ᠲᠣᠭᠲᠠᠮᠠᠯ ᠬᠤᠭᠤᠴᠠᠭ᠎ᠠ᠎ᠲᠠᠢ᠎ᠪᠠᠷ ᠮᠡᠳᠡᠭᠦᠯᠦᠨ ᠬᠦᠷᠭᠡᠬᠦ ᠬᠡᠷᠡᠭᠲᠡᠶ᠃  ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠪᠠ ᠪᠤᠰᠤᠳ ᠡᠯ᠎ᠡ ᠲᠥᠷᠥᠯ᠎ᠤᠨ ᠬᠢᠨᠠᠯᠲᠠ ᠲᠠᠯᠪᠢᠬᠤ ᠵᠢ ᠣᠷᠭ᠋ᠠᠨᠢᠭ ᠵᠶ᠋ᠠᠷ ᠨᠡᠪᠲᠡᠷᠡᠯᠴᠡᠭᠦᠯᠬᠦ᠂  ᠬᠠᠷᠢᠯᠴᠠᠨ ᠵᠣᠬᠢᠴᠠᠭᠤᠯᠬᠤ ᠵᠢ ᠠᠬᠢᠭᠤᠯᠤᠨ᠎ᠠ᠃  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠠᠷᠭ᠎ᠠ ᠵᠠᠮ᠎ᠢ ᠥᠷᠭᠡᠳᠬᠡᠵᠦ᠂  ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠪᠠ 12345 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠳᠥᠭᠦᠮ ᠦᠵᠡᠭᠦᠯᠬᠦ ᠤᠲᠠᠰᠤ᠂  ᠤᠰᠤᠨ ᠠᠰᠢᠭᠯᠠᠯᠲᠠ ᠵᠢᠨ ᠶᠠᠮᠤᠨ᠎ᠤ 12314 ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠦᠢ᠍ᠯᠡᠴᠢᠯᠡᠭᠡᠨ᠎ᠤ ᠲᠠᠪᠴᠠᠩ ᠵᠢᠴᠢ ᠰᠦᠯᠵᠢᠶᠡᠨ᠎ᠤ ᠵᠠᠭᠤᠴᠢᠯᠠᠭᠤᠷ ᠵᠡᠷᠭᠡ ᠬᠢᠨᠠᠯᠲᠠ ᠲᠠᠯᠪᠢᠬᠤ ᠠᠷᠭ᠎ᠠ ᠵᠠᠮ᠎ᠤᠨ ᠮᠡᠳᠡᠭᠡ ᠵᠠᠩᠭᠢ ᠵᠢ ᠬᠠᠮᠲᠤᠪᠠᠷ ᠡᠳ᠋ᠯᠡᠬᠦ ᠬᠠᠮᠲᠤᠷᠠᠯᠴᠠᠭ᠎ᠠ ᠵᠢ ᠴᠢᠩᠭ᠋ᠠᠳᠬᠠᠨ᠎ᠠ᠃

  (ᠠᠷᠪᠠᠨ ᠳᠦᠷᠪᠡ) ᠬᠠᠤᠯᠢ ᠬᠡᠷᠡᠭᠵᠢᠭᠦᠯᠦᠯᠲᠡ ᠵᠢ ᠬᠢᠨᠠᠵᠤ ᠦᠨᠡᠯᠡᠬᠦ ᠠᠵᠢᠯ᠎ᠢ ᠴᠢᠩᠭ᠋ᠠᠳᠬᠠᠨ᠎ᠠ᠃  ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠣᠰ ᠲᠣᠰ᠎ᠤᠨ ᠪᠣᠳᠠᠲᠠᠶ᠎ᠲᠠᠢ᠎ᠪᠠᠨ ᠤᠶᠠᠯᠳᠤᠭᠤᠯᠤᠨ ᠰᠢᠨᠵᠢᠯᠡᠬᠦ ᠤᠬᠠᠭ᠋ᠠᠨᠴᠢ ᠵᠦᠶ ᠵᠣᠬᠢᠰᠲᠠᠶ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠦᠨᠡᠯᠡᠬᠦ ᠭᠦᠢ᠍ᠴᠡᠳᠬᠡᠯ ᠲᠤᠭ᠎ᠠ ᠵᠢᠨ ᠰᠢᠰᠲ᠋ᠧᠮᠵᠢ ᠵᠢ ᠰᠤᠳᠤᠯᠤᠨ ᠲᠣᠭᠲᠠᠭ᠋ᠠᠵᠤ᠂  ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠢ ᠤᠰᠤᠨ᠎ᠤ ᠡᠬᠢ ᠪᠠᠶᠠᠯᠢᠭ᠂  ᠭᠤᠤᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠲᠦᠷᠢᠮ᠎ᠤᠨ ᠰᠢᠯᠭ᠋ᠠᠨ ᠬᠢᠨᠠᠬᠤ᠎ᠳᠤ ᠣᠷᠣᠭᠤᠯᠤᠨ᠂  ᠬᠠᠮᠢᠶ᠎ᠠ ᠪᠥᠬᠦᠶ ᠪᠣᠳᠠᠲᠠᠶ ᠭᠦᠢ᠍ᠴᠡᠳᠬᠡᠯ ᠲᠤᠭ᠎ᠠ ᠵᠢ ᠨᠠᠷᠢᠯᠢᠬ᠍ᠵᠢᠭᠤᠯᠵᠤ᠂  ᠰᠢᠯᠭ᠋ᠠᠨ ᠬᠢᠨᠠᠬᠤ᠎ᠳᠤ ᠢᠯᠡᠷᠡᠭᠦᠯᠦᠭᠰᠡᠨ ᠠᠰᠠᠭᠤᠳᠠᠯ ᠵᠶ᠋ᠠᠷ ᠨᠡᠯᠢᠶᠡᠳ ᠣᠯᠠᠨ ᠭᠠᠵᠠᠷ ᠣᠷᠣᠨ ᠪᠤᠶᠤ ᠬᠠᠮᠢᠶ᠎ᠠ ᠪᠥᠬᠦᠶ ᠰᠠᠯᠠᠭ᠎ᠠ ᠮᠥᠴᠢᠷ᠎ᠢ ᠪᠣᠯᠵᠣᠨ ᠶᠠᠷᠢᠯᠴᠠᠬᠤ᠂  ᠵᠠᠷᠯᠠᠨ ᠮᠡᠳᠡᠭᠳᠡᠬᠦ ᠵᠡᠷᠭᠡ ᠠᠷᠭ᠎ᠠ ᠮᠠᠶᠢᠭ ᠵᠶ᠋ᠠᠷ ᠰᠢᠮᠳᠠᠭᠤᠯᠤᠨ ᠴᠡᠭᠴᠡᠯᠡᠨ ᠰᠠᠶ᠋ᠢᠵᠢᠷᠠᠭᠤᠯᠵᠤ᠂  ᠰᠢᠯᠭ᠋ᠠᠨ ᠬᠢᠨᠠᠬᠤ᠎ᠳᠤ ᠬᠢᠷᠢ ᠪᠦᠲᠦᠮᠵᠢ᠎ᠪᠠᠷ ᠲᠣᠪᠤᠶ᠋ᠢᠮ᠎ᠠ ᠨᠢᠭᠡᠴᠢ᠂  ᠬᠤᠪᠢ ᠬᠥᠮᠦᠨ᠎ᠢ ᠬᠥᠬᠢᠭᠦᠯᠦᠨ ᠰᠠᠶ᠋ᠢᠰᠢᠶᠠᠬᠤ ᠬᠡᠷᠡᠭᠲᠡᠶ᠃  ᠬᠠᠤᠯᠢ ᠬᠡᠷᠡᠭᠵᠢᠭᠦᠯᠬᠦ ᠠᠵᠢᠯᠲᠠᠨ᠎ᠤ ᠡᠳᠦᠷ ᠲᠤᠲᠤᠮ᠎ᠤᠨ ᠰᠢᠯᠭ᠋ᠠᠨ ᠬᠢᠨᠠᠵᠤ ᠤᠷᠮᠠᠰᠢᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂  ᠦᠨᠳᠦᠰᠦᠨ ᠱᠠᠲᠤ ᠪᠠ ᠨᠢᠭᠡᠳᠦᠭᠡᠷ ᠹᠷᠣᠨᠲ᠎ᠲᠤ ᠣᠷᠳᠣ ᠬᠤᠭᠤᠴᠠᠭ᠎ᠠ᠎ᠪᠠᠷ ᠠᠵᠢᠯᠯᠠᠵᠤ ᠪᠠᠶ᠋ᠢᠭ᠎ᠠ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ᠂  ᠰᠢᠯᠭ᠋ᠠᠨ ᠬᠢᠨᠠᠵᠤ ᠱᠠᠩᠨᠠᠬᠤ᠂  ᠲᠤᠰᠢᠶᠠᠯ᠎ᠤᠨ ᠲᠠᠰ ᠳᠡᠪᠰᠢᠭᠦᠯᠬᠦ ᠵᠡᠷᠭᠡ ᠲᠠᠯ᠎ᠠ᠎ᠪᠠᠷ ᠬᠡᠯᠪᠠᠶ᠋ᠢᠯᠭᠡᠵᠦ᠂  ᠡᠩᠨᠡᠭᠡ ᠵᠢᠨ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠬᠥᠭᠵᠢᠭᠡᠬᠦ ᠬᠡᠷᠡᠭᠲᠡᠶ᠃  ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠴᠢᠳᠠᠪᠤᠷᠢᠲᠠᠨ᠎ᠤ ᠬᠥᠮᠥᠷᠭᠡ ᠵᠢ ᠰᠦᠪᠡᠭᠴᠢᠯᠡᠨ ᠪᠠᠶ᠋ᠢᠭᠤᠯᠵᠤ᠂  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠬᠢᠨᠠᠨ ᠪᠠᠶ᠋ᠢᠴᠠᠭ᠋ᠠᠬᠤ ᠠᠵᠢᠯ᠎ᠳᠤ ᠣᠶᠤᠨ᠎ᠤ ᠳᠡᠮᠵᠢᠯᠭᠡ ᠬᠠᠩᠭ᠋ᠠᠬᠤ ᠬᠡᠷᠡᠭᠲᠡᠶ᠃

   ᠲᠠᠪᠤ᠂  ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠤᠨ ᠪᠠᠲᠤᠯᠠᠭ᠎ᠠ ᠵᠢ ᠴᠢᠩᠭ᠋ᠠᠷᠠᠭᠤᠯᠤᠨ᠎ᠠ

  (ᠠᠷᠪᠠᠨ ᠲᠠᠪᠤ) ᠴᠢᠳᠠᠪᠤᠷᠢ ᠬᠡᠪ ᠴᠢᠨᠠᠷ ᠵᠶ᠋ᠠᠨ ᠳᠡᠭᠡᠭᠰᠢᠯᠡᠭᠦᠯᠦᠨ᠎ᠡ᠃  ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠬᠢᠷᠢ ᠭᠡᠮ᠎ᠤᠨ ᠬᠠᠮᠢᠶᠠᠷᠤᠯᠲᠠ ᠪᠣᠯᠤᠨ ᠦᠨᠡᠮᠯᠡᠯ ᠵᠶ᠋ᠠᠷ ᠠᠵᠢᠯ᠎ᠤᠨ ᠪᠠᠶ᠋ᠢᠷᠢ᠎ᠳᠤ ᠭᠠᠷᠬᠤ ᠳᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠡᠳᠦᠷ ᠲᠤᠲᠤᠮ᠎ᠤᠨ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠶ᠃  ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠤᠯᠤᠰ ᠲᠥᠷᠥ ᠵᠢᠨ ᠴᠢᠳᠠᠪᠤᠷᠢ᠂  ᠲᠤᠬᠠᠶ᠋ᠢᠯᠠᠭᠰᠠᠨ ᠠᠵᠢᠯ᠎ᠤᠨ ᠴᠢᠳᠠᠪᠤᠷᠢ ᠪᠠ ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠴᠢᠳᠠᠪᠤᠷᠢ ᠵᠢ ᠪᠥᠬᠦ ᠲᠠᠯ᠎ᠠ᠎ᠪᠠᠷ ᠳᠡᠭᠡᠭᠰᠢᠯᠡᠭᠦᠯᠬᠦ ᠵᠢᠨ ᠲᠣᠭᠤᠷᠢᠨ᠎ᠳᠤ᠂  ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠷᠢᠮᠵᠢᠶᠠᠵᠢᠭᠤᠯᠤᠯᠲᠠ ᠳᠦᠷᠢᠮᠵᠢᠭᠰᠡᠨ ᠪᠣᠯᠪᠠᠰᠤᠷᠠᠯ᠎ᠤᠨ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠵᠦ᠂  ᠣᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠮᠡᠳᠡᠯᠭᠡ᠂  ᠲᠤᠬᠠᠶ᠋ᠢᠯᠠᠭᠰᠠᠨ ᠠᠵᠢᠯ᠎ᠤᠨ ᠮᠡᠳᠡᠯᠭᠡ ᠪᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠤᠷ᠎ᠠ ᠴᠢᠳᠠᠪᠤᠷᠢ ᠵᠡᠷᠭᠡ ᠵᠢ ᠪᠣᠯᠪᠠᠰᠤᠷᠠᠯ᠎ᠤᠨ ᠠᠭᠤᠯᠭ᠎ᠠ᠎ᠳᠤ ᠣᠷᠣᠭᠤᠯᠵᠤ᠂  ᠲᠥᠪᠯᠡᠷᠡᠭᠦᠯᠦᠨ ᠡᠭᠡᠯᠵᠢᠯᠡᠨ ᠪᠣᠯᠪᠠᠰᠤᠷᠠᠭᠤᠯᠬᠤ᠂  ᠣᠨᠣᠯ᠎ᠤᠨ ᠤᠬᠠᠭᠤᠯᠤᠨ ᠲᠠᠶ᠋ᠢᠯᠪᠤᠷᠢᠯᠠᠬᠤ᠂  ᠰᠦᠯᠵᠢᠶᠡᠨ ᠳᠡᠭᠡᠷ᠎ᠡ ᠰᠤᠷᠤᠯᠴᠠᠨ ᠪᠣᠯᠪᠠᠰᠤᠷᠠᠭᠤᠯᠬᠤ ᠵᠡᠷᠭᠡ ᠣᠯᠠᠨ ᠵᠦᠢ᠍ᠯ᠎ᠤᠨ ᠠᠷᠭ᠎ᠠ ᠮᠠᠶᠢᠭ᠎ᠢ ᠠᠪᠴᠤ᠂  ᠤᠯᠤᠰ ᠲᠥᠷᠥ ᠵᠢᠨ ᠣᠨᠣᠯ᠎ᠤᠨ ᠬᠥᠮᠦᠵᠢᠯ ᠪᠠ ᠨᠠᠮᠴᠢ ᠴᠢᠨᠠᠷ᠎ᠤᠨ ᠬᠥᠮᠦᠵᠢᠯ᠎ᠤᠨ ᠰᠤᠷᠤᠯᠴᠠᠯᠭ᠎ᠠ ᠵᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂  ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠬᠥᠮᠦᠨ ᠪᠦᠷᠢ ᠵᠢᠯ ᠪᠦᠷᠢ 60 ᠬᠢᠴᠢᠶᠡᠯ᠎ᠤᠨ ᠴᠠᠭ᠎ᠠᠴᠠ ᠳᠤᠲᠠᠭᠤ ᠥᠬᠡᠶ ᠣᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠮᠡᠳᠡᠯᠭᠡ᠂  ᠲᠤᠬᠠᠶ᠋ᠢᠯᠠᠭᠰᠠᠨ ᠠᠵᠢᠯ᠎ᠤᠨ ᠮᠡᠳᠡᠯᠭᠡ ᠪᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠤᠷ᠎ᠠ ᠴᠢᠳᠠᠪᠤᠷᠢ ᠵᠢᠨ ᠪᠣᠯᠪᠠᠰᠤᠷᠠᠯ᠎ᠢ ᠬᠦᠷᠲᠡᠬᠦ ᠵᠢ ᠦᠨᠡᠨ ᠬᠦ᠌ ᠪᠠᠲᠤᠯᠠᠵᠤ᠂  ᠲᠤᠬᠠᠶ ᠵᠢᠨ ᠲᠠᠯᠠᠪᠤᠷ᠎ᠲᠤ ᠪᠠᠶ᠋ᠢᠴᠠᠭ᠋ᠠᠬᠤ᠂  ᠪᠠᠶ᠋ᠢᠴᠠᠭ᠋ᠠᠵᠤ ᠭᠡᠷᠡᠴᠢ ᠠᠪᠬᠤ᠂  ᠬᠡᠷᠡᠭ ᠦᠢ᠍ᠯᠡᠳᠬᠦ᠂  ᠬᠠᠤᠯᠢ ᠬᠡᠷᠡᠭᠵᠢᠭᠦᠯᠬᠦ ᠲᠣᠨᠤᠭ ᠲᠥᠬᠦᠭᠡᠷᠦᠮᠵᠢ ᠵᠢ ᠬᠡᠷᠡᠭᠯᠡᠬᠦ ᠵᠡᠷᠭᠡ ᠪᠣᠳᠠᠲᠤ ᠪᠣᠯᠪᠠᠰᠤᠷᠠᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠢ ᠳᠣᠪᠤᠶ᠋ᠢᠯᠭ᠋ᠠᠨ᠎ᠠ᠃  ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠴᠤᠭᠯᠠᠭᠤᠯᠬᠤ᠂  ᠵᠠᠳᠠᠯᠬᠤ ᠪᠠ ᠲᠣᠭᠲᠠᠮᠠᠯ ᠬᠤᠭᠤᠴᠠᠭ᠎ᠠ᠎ᠲᠠᠢ᠎ᠪᠠᠷ ᠲᠦᠷᠢᠮ᠎ᠢ ᠨᠡᠶ᠋ᠢᠲᠡᠯᠡᠵᠦ᠂  ᠬᠠᠤᠯᠢ ᠬᠡᠷᠡᠭᠵᠢᠭᠦᠯᠬᠦ ᠠᠷᠭ᠎ᠠ ᠮᠠᠶᠢᠭ᠎ᠤᠨ ᠰᠢᠨ᠎ᠡ ᠵᠢ ᠡᠭᠦᠳᠬᠦ᠂  ᠬᠠᠤᠯᠢ ᠬᠡᠷᠡᠭᠵᠢᠭᠦᠯᠬᠦ ᠲᠠᠰ ᠳᠠᠷᠠᠭ᠋ᠠᠯᠠᠯ᠎ᠤᠨ ᠵᠢᠷᠤᠮᠵᠢᠯ᠂  ᠬᠡᠷᠡᠭ᠎ᠤᠨ ᠡᠪᠬᠡᠮᠡᠯ᠎ᠢ ᠶᠣᠰᠣ ᠤᠴᠢᠷ ᠲᠣᠳᠣᠷᠬᠠᠶ ᠪᠠᠶ᠋ᠢᠯᠭ᠋ᠠᠬᠤ ᠵᠡᠷᠭᠡ ᠲᠠᠯ᠎ᠠ᠎ᠪᠠᠷ ᠨᠡᠶ᠋ᠢᠲᠡᠯᠢᠭ ᠬᠡᠷᠡᠭ᠎ᠤᠨ ᠵᠢᠱ᠌ᠢᠶ᠎ᠡ ᠵᠢ ᠢᠯᠡᠷᠡᠭᠦᠯᠵᠦ᠂  ᠵᠢᠱ᠌ᠢᠶ᠎ᠡ ᠦᠵᠡᠭᠦᠯᠵᠦ ᠵᠢᠯᠣᠭᠤᠳᠬᠤ ᠦᠢ᠍ᠯᠡᠳᠦᠯ᠎ᠢ ᠪᠠᠳᠠᠷᠠᠭᠤᠯᠤᠨ᠎ᠠ᠃

  (ᠠᠷᠪᠠᠨ ᠵᠢᠷᠭᠤᠭ᠎ᠠ) ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠪᠠᠲᠤᠯᠠᠭ᠎ᠠ ᠵᠢ ᠴᠢᠩᠭ᠋ᠠᠳᠬᠠᠨ᠎ᠠ᠃  ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠤᠳ ᠴᠢᠩᠭ᠎ᠠ ᠬᠡᠷᠡᠭᠵᠢᠭᠦᠯᠬᠦ ᠬᠡᠷᠡᠭᠲᠡᠢ

  《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠵᠢᠨ ᠲᠦᠷᠢᠮ》᠎ᠤᠨ ᠲᠣᠭᠲᠠᠭ᠋ᠠᠯ᠎ᠳᠤ᠂  ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠵᠢᠨ ᠲᠦᠷᠢᠮ᠎ᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂  ᠲᠤᠰᠢᠶᠠᠯ᠎ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ᠂  ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ᠎ᠨᠢ ᠬᠠᠷᠢᠭᠤᠴᠠᠯᠭ᠎ᠠ᠎ᠠᠴᠠ ᠬᠡᠯᠲᠦᠷᠢᠭᠦᠯᠬᠦ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂  ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠬᠤ ᠵᠢ ᠵᠣᠷᠢᠭᠵᠢᠭᠤᠯᠵᠠᠢ᠃  ᠬᠠᠤᠯᠢ ᠬᠡᠷᠡᠭᠵᠢᠭᠦᠯᠬᠦ ᠠᠵᠢᠯ᠎ᠤᠨ ᠵᠠᠷᠤᠳᠠᠯ᠎ᠤᠨ ᠪᠠᠲᠤᠯᠠᠭ᠎ᠠ ᠵᠢ ᠴᠢᠩᠭ᠋ᠠᠳᠬᠠᠵᠤ᠂  ᠬᠠᠤᠯᠢ ᠬᠡᠷᠡᠭᠵᠢᠭᠦᠯᠬᠦ᠎ᠳᠤ ᠴᠢᠬᠤᠯᠠ ᠪᠦᠬᠦᠢ ᠵᠠᠮ ᠬᠠᠷᠢᠯᠴᠠᠭ᠎ᠠ᠂  ᠴᠢᠮᠡᠭᠡ ᠬᠤᠯᠪᠣᠭ᠎ᠠ᠂  ᠪᠠᠶ᠋ᠢᠴᠠᠭ᠋ᠠᠵᠤ ᠭᠡᠷᠡᠴᠢ ᠠᠪᠬᠤ ᠵᠡᠷᠭᠡ ᠲᠣᠨᠤᠭ ᠲᠥᠬᠦᠭᠡᠷᠦᠮᠵᠢ ᠵᠢ ᠵᠦᠶ ᠵᠣᠬᠢᠰᠲᠠᠶ ᠲᠣᠬᠢᠷᠠᠭᠤᠯᠵᠤ᠂  ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠤᠨ ᠬᠡᠷᠡᠭᠴᠡᠭᠡ ᠵᠢ ᠬᠠᠩᠭ᠋ᠠᠬᠤ ᠬᠡᠷᠡᠭᠲᠡᠶ᠃ 《ᠤᠶᠤᠨᠲᠤ ᠬᠠᠤᠯᠢ ᠬᠡᠷᠡᠭᠵᠢᠭᠦᠯᠬᠦ》 ᠵᠢ ᠶᠡᠬᠡᠪᠡᠷ ᠠᠬᠢᠭᠤᠯᠵᠤ᠂  ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠤᠰᠠᠯᠠᠬᠤ ᠰᠢᠰᠲ᠋ᠧᠮ᠎ᠢ ᠪᠠᠶ᠋ᠢᠭᠤᠯᠤᠨ᠂  ᠰᠢᠯᠵᠢᠮᠡᠯ ᠬᠡᠷᠡᠭᠯᠡᠭᠡᠨ᠎ᠤ ᠲᠠᠰ ᠳᠠᠷᠠᠭ᠋ᠠᠯᠠᠯ᠎ᠤᠨ ᠠᠯᠠᠭ᠋ᠠᠨ ᠳᠡᠭᠡᠷ᠎ᠡ ᠬᠠᠤᠯᠢ ᠬᠡᠷᠡᠭᠵᠢᠭᠦᠯᠬᠦ ᠵᠢ ᠬᠡᠷᠡᠭᠵᠢᠭᠦᠯᠵᠦ᠂  ᠪᠥᠬᠦ ᠤᠯᠤᠰ᠎ᠤᠨ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠢ ᠵᠣᠯᠭ᠋ᠠᠭᠤᠯᠤᠨ᠂  ᠬᠠᠤᠯᠢ ᠬᠡᠷᠡᠭᠵᠢᠭᠦᠯᠬᠦ ᠵᠦᠢ᠍ᠯᠡᠰ᠎ᠤᠨ ᠨᠠᠷᠢᠨ ᠬᠠᠭᠤᠳᠠᠰᠤ᠂  ᠬᠠᠤᠯᠢ ᠬᠡᠷᠡᠭᠵᠢᠭᠦᠯᠬᠦ ᠦᠨᠳᠦᠰᠦᠯᠡᠯ᠂  ᠲᠤᠬᠠᠶ᠋ᠢᠯᠠᠭᠰᠠᠨ ᠠᠵᠢᠯ᠎ᠤᠨ ᠴᠤᠪᠤᠷᠠᠯ ᠵᠡᠷᠭᠡ ᠵᠢᠷᠤᠮᠵᠢᠭᠰᠠᠨ ᠪᠠ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠵᠢ ᠪᠡᠶᠡᠯᠡᠭᠦᠯᠦᠨ᠎ᠡ᠃

  (ᠠᠷᠪᠠᠨ ᠳᠣᠯᠣᠭ᠎ᠠ) ᠤᠬᠠᠭᠤᠯᠵᠤ ᠬᠥᠲᠥᠯᠥᠨ ᠵᠢᠯᠣᠭᠤᠳᠬᠤ ᠵᠢ ᠴᠢᠬᠤᠯᠠᠴᠢᠯᠠᠨ᠎ᠠ᠃  ᠡᠯ᠎ᠡ ᠱᠠᠲᠤᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠰᠣᠨᠢᠨ ᠰᠡᠳᠬᠦᠯ᠂  ᠷᠠᠳᠢᠣ᠋ ᠨᠡᠪᠲᠡᠷᠡᠭᠦᠯᠭᠡ᠂  ᠲᠧᠯᠸᠢᠰ ᠵᠡᠷᠭᠡ ᠰᠣᠨᠢᠨ ᠮᠡᠳᠡᠭᠡᠨ᠎ᠤ ᠵᠠᠭᠤᠴᠢᠯᠠᠭᠤᠷ ᠪᠣᠯᠤᠨ ᠪᠢᠴᠢᠯ ᠪᠦᠷᠭᠡ᠎ᠤᠨ ᠬᠡᠷᠡᠭᠯᠡᠭᠰᠡᠳ᠂  ᠰᠢᠭᠤᠳ ᠨᠡᠪᠲᠡᠷᠡᠭᠦᠯᠭᠡ᠂  ᠣᠬᠤᠷ ᠸᠢᠳᠢᠣ᠋ ᠵᠡᠷᠭᠡ ᠰᠦᠯᠵᠢᠶᠡᠨ᠎ᠤ ᠰᠢᠨ᠎ᠡ ᠵᠠᠭᠤᠴᠢᠯᠠᠭᠤᠷ᠎ᠢ ᠭᠦᠢ᠍ᠴᠡᠳ ᠠᠰᠢᠭᠯᠠᠨ᠂  ᠡᠯ᠎ᠡ ᠭᠠᠵᠠᠷ᠎ᠤᠨ ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠶ᠋ᠢᠨ ᠠᠷᠭ᠎ᠠ ᠬᠡᠮᠵᠢᠶ᠎ᠡ ᠰᠠᠶ᠋ᠢᠨ ᠠᠷᠭ᠎ᠠ ᠬᠢᠳᠡᠯ᠎ᠢ ᠥᠷᠭᠡᠨ ᠵᠶ᠋ᠠᠷ ᠤᠬᠠᠭᠤᠯᠵᠤ᠂  ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠡᠷᠢᠭᠦᠨ᠎ᠤ ᠬᠥᠮᠦᠰ᠂  ᠲᠡᠷᠢᠭᠦᠨ᠎ᠤ ᠦᠢ᠍ᠯᠡ ᠠᠵᠢᠯᠯᠠᠭ᠎ᠠ ᠵᠢ ᠢᠯᠡᠷᠡᠭᠦᠯᠬᠦ᠂  ᠬᠥᠮᠦᠵᠢᠭᠦᠯᠬᠦ ᠪᠠ ᠤᠬᠠᠭᠤᠯᠬᠤ ᠵᠢ ᠴᠢᠬᠤᠯᠠᠴᠢᠯᠠᠵᠤ᠂  ᠰᠢᠨ᠎ᠡ ᠰᠣᠷᠭᠤᠭ ᠲᠤᠷᠰᠢᠯᠭ᠎ᠠ ᠵᠢ ᠭᠦᠨᠵᠡᠭᠡᠶ ᠠᠭᠤᠳᠠᠯᠤᠨ ᠳ᠋ᠦᠩᠨᠡᠵᠦ᠂  ᠰᠠᠶ᠋ᠢᠨ ᠰᠠᠶ᠋ᠢᠬᠠᠨ ᠬᠠᠤᠯᠢ ᠬᠡᠷᠡᠭᠵᠢᠭᠦᠯᠬᠦ ᠳᠦᠷᠢ ᠲᠥᠷᠬᠦ ᠵᠢ ᠪᠣᠶ ᠪᠣᠯᠭ᠋ᠠᠨ᠂  ᠤᠰᠤᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠢᠨ ᠡᠷᠬᠡ ᠰᠦᠷᠲᠦ ᠴᠢᠨᠠᠷ ᠪᠠ ᠣᠯᠠᠨ ᠨᠡᠶ᠋ᠢᠲᠡ ᠵᠢ ᠢᠲᠡᠭᠡᠭᠦᠯᠬᠦ ᠬᠦᠴᠦᠨ᠎ᠢ ᠨᠡᠮᠡᠭᠳᠡᠭᠦᠯᠬᠦ ᠬᠡᠷᠡᠭᠲᠡᠶ᠃

  

   ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠦᠷ᠎ᠡ ᠪᠦᠲᠦᠮᠵᠢ ᠵᠢ ᠳᠡᠭᠡᠭᠰᠢᠯᠡᠭᠦᠯᠬᠦ ᠲᠤᠬᠠᠶ ᠬᠡᠷᠡᠭᠵᠢᠭᠦᠯᠬᠦ ᠰᠠᠨᠠᠯ .pdf

 

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
 
            