ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠪᠢᠴᠢᠭ ᠮᠠᠲ᠋ᠧᠷᠢᠶᠠᠯ
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠭᠤᠷᠪᠠᠳᠤᠭᠠᠷ ᠬᠤᠷᠠᠯᠳᠤᠭᠠᠨ᠎ᠤ ᠬᠤᠭᠤᠴᠠᠭᠠᠨ᠎ᠳᠤ ᠪᠣᠷᠣᠲᠣᠬᠤᠶ᠎ᠶ᠋ᠢᠨ ᠤᠰᠤᠯᠠᠯᠲᠠ᠎ᠶ᠋ᠢᠨ ᠣᠷᠣᠨ᠎ᠤ ᠤᠰᠤᠨ᠎ᠤ ᠡᠬᠢ ᠪᠠᠶᠠᠯᠢᠭ᠎ᠢ ᠥᠨᠳᠥᠷ ᠪᠦᠲᠦᠮᠵᠢᠲᠡᠶ᠎ᠪᠠᠷ ᠠᠱᠢᠭ᠍ᠯᠠᠬᠤ ᠱᠢᠨ᠎ᠡ ᠵᠠᠮ᠎ᠢᠶᠠᠷ ᠰᠠᠢᠲᠤᠷ ᠵᠠᠮᠨᠠᠬᠤ᠎ᠶ᠋ᠢ ᠪᠠᠷᠢᠮᠳᠠᠯᠬᠤ ᠰᠠᠨᠠᠯ ᠳᠤᠷᠠᠳᠤᠯᠭ᠎ᠠ᠎ᠶ᠋ᠢᠨ ᠬᠠᠷᠢᠭᠤᠯᠲᠠ
ᠨᠡᠶ᠋ᠢᠲᠡᠯᠡᠭᠰᠡᠨ ᠴᠠᠭ᠄ 2025-07-29

ᠬᠡᠯᠬᠢᠶᠡᠰᠦᠨ ᠨᠣᠮᠧᠷ ᠄ 000014348/2025-03785

ᠭᠤᠣᠯ ᠰᠡᠳᠦᠪ᠎ᠤᠨ ᠠᠩᠭᠢᠯᠠᠯ ᠄ ᠤᠰᠤᠨ ᠠᠰᠢᠭ᠍ᠯᠠᠯᠲᠠ

ᠨᠡᠢᠲᠡᠯᠡᠭᠰᠡᠨ ᠪᠠᠶ᠋ᠢᠭᠤᠯᠤᠮᠵᠢ ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ

ᠪᠢᠴᠢᠭ᠎ᠤᠨ ᠳ᠋ᠤᠭᠠᠷ ᠄ 

ᠪᠢᠴᠢᠭᠳᠡᠭᠰᠡᠨ ᠡᠳᠦᠷ ᠬᠤᠭᠤᠴᠠᠭ᠎ᠠ ᠄ 2025 ᠣᠨ᠎ᠤ 7 ᠳ᠋ᠤᠭᠠᠷ ᠰᠠᠷ᠎ᠠ᠎ᠶᠢᠨ 29᠎ᠦ ᠡᠳᠦᠷ

ᠠᠯᠪᠠᠨ ᠪᠢᠴᠢᠭ᠎ᠤᠨ ᠬᠦᠴᠦᠨ ᠲᠠᠢ ᠬᠤᠭᠤᠴᠠᠭ᠎ᠠ ᠄ ᠬᠦᠴᠦᠨ ᠲᠠᠢ

 

ᠶᠢᠰᠦ ᠭᠤᠷᠪᠠ ᠡᠷᠳᠡᠮ ᠱᠢᠨᠵᠢᠯᠡᠭᠡᠨ᠎ᠤ ᠨᠡᠢᠭᠡᠮᠯᠢᠭ᠎ᠤᠨ ᠦᠪᠦᠷ ᠮᠤᠩᠭᠤᠯ᠎ᠤᠨ ᠤᠷᠤᠨ᠎ᠤ ᠬᠤᠷᠢᠶ᠎ᠠ᠎ᠶ᠋ᠢᠨ ᠭᠡᠱᠢᠭᠦᠨ᠄

  ᠲᠠᠨ᠎ᠤ ᠳᠤᠷᠠᠳᠤᠭ᠍ᠰᠠᠨ ᠪᠣᠷᠣᠲᠣᠬᠤᠶ᠎ᠶ᠋ᠢᠨ ᠤᠰᠤᠯᠠᠯᠲᠠ᠎ᠶ᠋ᠢᠨ ᠣᠷᠣᠨ᠎ᠤ ᠤᠰᠤᠨ᠎ᠤ ᠡᠬᠢ ᠪᠠᠶᠠᠯᠢᠭ᠎ᠤᠨ ᠱᠢᠨ᠎ᠡ ᠵᠠᠮ᠎ᠢ ᠥᠨᠳᠥᠷ ᠪᠦᠲᠦᠮᠵᠢᠲᠡᠶ᠎ᠪᠠᠷ ᠠᠱᠢᠭ᠍ᠯᠠᠬᠤ ᠰᠠᠨᠠᠯ ᠳᠤᠷᠠᠳᠤᠯᠭ᠎ᠠ᠎ᠶ᠋ᠢ ᠬᠤᠷᠢᠶᠠᠨ ᠣᠯᠵᠤ᠂ ᠡᠳᠦᠭᠡ ᠬᠤᠯᠪᠣᠭ᠍ᠳᠠᠯ ᠪᠦᠬᠦᠢ ᠪᠠᠢᠳᠠᠯ᠎ᠳᠦ ᠳᠣᠤᠷᠠᠬᠢ ᠮᠡᠲᠦ ᠬᠠᠷᠢᠭᠤᠯᠲᠠ ᠦᠭ᠌ᠭᠦᠶ᠎ᠡ᠄

  ᠲᠠᠨ᠎ᠤ ᠪᠣᠷᠣᠲᠣᠬᠤᠶ᠎ᠶ᠋ᠢᠨ ᠤᠰᠤᠯᠠᠯᠲᠠ᠎ᠶ᠋ᠢᠨ ᠣᠷᠣᠨ᠎ᠤ ᠤᠰᠤᠨ᠎ᠤ ᠡᠬᠢ ᠪᠠᠶᠠᠯᠢᠭ᠎ᠢ ᠥᠨᠳᠥᠷ ᠪᠦᠲᠦᠮᠵᠢᠲᠡᠶ᠎ᠪᠠᠷ ᠠᠱᠢᠭ᠍ᠯᠠᠬᠤ᠎ᠶ᠋ᠢ ᠠᠩᠬᠠᠷᠤᠨ ᠳᠡᠮᠵᠢᠭ᠌ᠰᠡᠨ᠎ᠳᠤ ᠲᠠᠯᠠᠷᠬᠠᠵᠤ ᠪᠠᠢᠨ᠎ᠠ᠂ ᠳᠤᠷᠠᠳᠤᠨ ᠭᠠᠷᠭᠠᠭ᠍ᠰᠠᠨ ᠵᠦᠶ ᠵᠣᠬᠢᠰᠲᠠᠶ ᠰᠠᠨᠠᠭᠤᠯᠭ᠎ᠠ᠎ᠨᠢ ᠲᠠᠷᠢᠶᠠᠯᠠᠩ᠎ᠤᠨ ᠦᠷᠭᠦᠯᠵᠢᠯᠡᠬᠦ᠌ ᠬᠥᠭ᠌ᠵᠢᠯᠲᠡ᠎ᠶ᠋ᠢ ᠪᠠᠲᠤᠯᠠᠬᠤ᠂ ᠠᠮᠢ ᠠᠬᠤᠶ᠎ᠶ᠋ᠢᠨ ᠲᠡᠩᠴᠡᠭᠦᠷᠢ᠎ᠶ᠋ᠢ ᠬᠠᠮᠠᠭᠠᠯᠠᠬᠤ ᠵᠢᠴᠢ ᠤᠰᠤᠨ᠎ᠤ ᠡᠬᠢ ᠪᠠᠶᠠᠯᠢᠭ᠎ᠢ ᠥᠨᠳᠥᠷ ᠪᠦᠲᠦᠮᠵᠢᠲᠡᠶ᠎ᠪᠠᠷ ᠠᠱᠢᠭ᠍ᠯᠠᠬᠤ᠎ᠶ᠋ᠢ ᠪᠡᠶᠡᠯᠡᠭᠦᠯᠬᠦ᠌᠎ᠳᠤ ᠠᠯᠤᠰ ᠬᠡᠲᠦ᠍᠎ᠶ᠋ᠢᠨ ᠠᠴᠢ ᠬᠤᠯᠪᠣᠭ᠍ᠳᠠᠯ᠎ᠲᠠᠢ ᠶᠤᠮ᠃ ᠣᠢᠷ᠎ᠠ᠎ᠶ᠋ᠢᠨ ᠵᠢᠯ᠎ᠤᠨ ᠲᠤᠷᠰᠢ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ ᠤᠰᠤᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢ ᠱᠢᠯᠢᠳᠡᠭ᠌ᠵᠢᠭᠦᠯᠬᠦ᠂ ᠤᠰᠤ ᠠᠷᠪᠢᠯᠠᠬᠤ ᠢᠨᠵᠧᠨᠧᠷᠢᠩ᠎ᠤᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠬᠦ᠂ ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠱᠢᠭ᠎ᠢ ᠨᠡᠮᠡᠭ᠌ᠳᠡᠭᠦᠯᠬᠦ᠌ ᠳᠦᠷᠢᠮ᠎ᠤᠨ ᠱᠢᠰᠲ᠋ᠧᠮᠵᠢ᠎ᠶ᠋ᠢ ᠪᠦᠷᠢᠨᠱᠢᠭᠦᠯᠬᠦ᠌ ᠵᠡᠷᠭᠡ ᠲᠠᠯ᠎ᠠ᠎ᠪᠠᠷ ᠲᠠᠷᠢᠶᠠᠯᠠᠩ᠎ᠤᠨ ᠤᠰᠤ ᠠᠷᠪᠢᠯᠠᠵᠤ ᠤᠰᠤ᠎ᠶ᠋ᠢ ᠬᠢᠵᠠᠭᠠᠷᠯᠠᠬᠤ ᠠᠵᠢᠯ᠎ᠢ ᠥᠷᠨᠢᠭᠦᠯᠵᠦ᠍᠂ ᠪᠣᠷᠣᠲᠣᠬᠤᠶ᠎ᠶ᠋ᠢᠨ ᠤᠰᠤᠯᠠᠯᠲᠠ᠎ᠶ᠋ᠢᠨ ᠣᠷᠣᠨ᠎ᠤ ᠲᠠᠷᠢᠶᠠᠯᠠᠩ᠎ᠤᠨ ᠤᠰᠤ ᠬᠡᠷᠡᠭ᠌ᠯᠡᠬᠦ᠌ ᠠᠷᠭ᠎ᠠ ᠮᠠᠶᠢᠭ᠎ᠢ ᠪᠦᠳᠦᠭᠦᠯᠢᠭ ᠪᠠᠢᠭ᠍ᠰᠠᠨ᠎ᠠᠴᠠ ᠠᠷᠪᠢᠲᠠᠢ ᠡᠷᠴᠢᠮᠯᠢᠭ ᠪᠣᠯᠭᠠᠨ ᠬᠤᠪᠢᠷᠠᠭᠤᠯᠬᠤ᠎ᠶ᠋ᠢ ᠦᠷᠭᠦᠯᠵᠢᠯᠡᠨ ᠠᠬᠢᠭᠤᠯᠪᠠ᠃

  ᠨᠢᠭᠡ᠎ᠳᠤ᠂ ᠤᠰᠤ ᠠᠷᠪᠢᠯᠠᠬᠤ ᠭᠤᠤᠯᠳᠠᠯᠭ᠎ᠠ᠎ᠲᠠᠢ ᠢᠨᠵᠧᠨᠧᠷᠢᠩ᠎ᠤᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠵᠦ᠍᠂ ᠤᠰᠤ ᠠᠷᠪᠢᠯᠠᠬᠤ ᠰᠠᠭᠤᠷᠢ ᠪᠠᠲᠤᠯᠠᠭ᠎ᠠ᠎ᠶ᠋ᠢ ᠪᠡᠬᠢᠵᠢᠭᠦᠯᠦᠨ᠎ᠡ᠃ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ 41.5 ᠳ᠋ᠦᠩᠱᠢᠭᠤᠷ ᠲᠥᠭᠦᠷᠢᠭ᠎ᠤᠨ ᠪᠠᠯᠠ ᠣᠷᠣᠭᠤᠯᠵᠤ᠂ ᠪᠣᠷᠣᠲᠣᠬᠤᠶ᠎ᠶ᠋ᠢᠨ ᠤᠰᠤᠯᠠᠯᠲᠠ᠎ᠶ᠋ᠢᠨ ᠣᠷᠣᠨ᠎ᠤ ᠢᠵᠢ ᠪᠦᠷᠢᠳᠦᠭᠦᠯᠬᠦ᠌ ᠪᠠ ᠣᠳᠣᠬᠢᠴᠢᠯᠠᠭ᠍ᠰᠠᠨ ᠥᠭᠡᠷᠡᠴᠢᠯᠡᠯᠲᠡ᠎ᠶ᠋ᠢᠨ ᠢᠨᠵᠧᠨᠧᠷᠢᠩ ᠪᠠ ᠬᠠᠲᠤᠨ ᠭᠤᠤᠯ᠎ᠤᠨ ᠭᠤᠤᠯ ᠤᠷᠤᠰᠭᠠᠯ᠎ᠤᠨ ᠤᠰᠤᠨ᠎ᠤ ᠡᠷᠬᠡ᠎ᠶ᠋ᠢ ᠠᠢᠮᠠᠭ ᠬᠤᠲᠠ᠎ᠶ᠋ᠢᠨ ᠬᠤᠭᠤᠷᠣᠨᠳᠣ ᠱᠢᠯᠵᠢᠭᠦᠯᠦᠨ ᠥᠭ᠌ᠬᠦ ᠬᠤᠶᠠᠳᠤᠭᠠᠷ ᠬᠤᠭᠤᠴᠠᠭᠠᠨ᠎ᠤ ᠢᠨᠵᠧᠨᠧᠷᠢᠩ᠎ᠢ ᠦᠷᠭᠦᠯᠵᠢᠯᠡᠨ ᠬᠡᠷᠡᠭ᠌ᠵᠢᠭᠦᠯᠪᠡ᠃ ᠵᠢᠭ᠍ᠰᠡᠭᠠᠨ ᠪᠠᠷᠢᠬᠤ ᠵᠠᠮ 1005.8 ᠺᠢᠯᠣᠮᠧᠲᠷ ᠪᠠᠢᠵᠤ᠂ ᠭᠤᠤᠯ ᠪᠤᠯᠬᠤ ᠰᠤᠪᠠᠭ᠎ᠤᠨ ᠲᠣᠲᠤᠷᠬᠠᠢ᠌ᠯᠠᠬᠤ ᠨᠤᠷᠮ᠎ᠠ᠎ᠶ᠋ᠢ 2020 ᠣᠨ᠎ᠳᠤ 36% ᠪᠠᠢᠭ᠍ᠰᠠᠨ᠎ᠠᠴᠠ 55% ᠪᠣᠯᠲᠠᠯ᠎ᠠ ᠳᠡᠭᠡᠭ᠌ᠰᠢᠯᠡᠭᠦᠯᠦᠨ᠎ᠡ᠃ 2025 ᠣᠨ᠎ᠤ 5 ᠳ᠋ᠤᠭᠠᠷ ᠰᠠᠷ᠎ᠠ᠎ᠶ᠋ᠢᠨ 14᠎ᠤ ᠡᠳᠦᠷ᠂ 《ᠥᠪᠥᠷ ᠮᠣᠩᠭᠤᠯ᠎ᠤᠨ ᠪᠣᠷᠣᠲᠣᠬᠤᠶ᠎ᠶ᠋ᠢᠨ ᠤᠰᠤᠯᠠᠯᠲᠠ᠎ᠶ᠋ᠢᠨ ᠣᠷᠣᠨ᠎ᠤ ᠣᠳᠣᠬᠢᠴᠢᠯᠠᠭ᠍ᠰᠠᠨ ᠥᠭᠡᠷᠡᠴᠢᠯᠡᠯᠲᠡ᠎ᠶ᠋ᠢᠨ ᠲᠥᠷᠥᠯ ᠵᠦᠢᠯ᠎ᠤᠨ ᠪᠣᠯᠤᠮᠵᠢᠲᠤ ᠰᠤᠳᠤᠯᠭᠠᠨ᠎ᠤ ᠮᠡᠳᠡᠭᠦᠯᠦᠯᠲᠡ》᠎ᠶ᠋ᠢ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠤᠨ ᠴᠣᠬᠤᠯᠠᠪᠤᠷᠢ᠎ᠪᠠᠷ᠂ ᠨᠡᠢᠲᠡ 103 ᠳ᠋ᠦᠩᠱᠢᠭᠤᠷ ᠲᠥᠭᠦᠷᠢᠭ᠎ᠤᠨ ᠪᠠᠯᠠ ᠣᠷᠣᠭᠤᠯᠤᠭ᠍ᠰᠠᠨ ᠲᠥᠷᠥᠯ ᠵᠦᠢᠯ᠎ᠢ ᠵᠢᠩᠬᠢᠨᠢ᠎ᠪᠠᠷ ᠵᠥᠪᠱᠢᠶᠡᠷᠡᠵᠦ᠍᠂ ᠲᠥᠷᠥᠯ ᠵᠦᠢᠯ᠎ᠢ ᠬᠡᠷᠡᠭ᠌ᠵᠢᠭᠦᠯᠦᠭ᠌ᠰᠡᠨ᠎ᠤ ᠳᠠᠷᠠᠭ᠎ᠠ᠂ ᠤᠰᠤᠯᠠᠯᠲᠠ᠎ᠶ᠋ᠢᠨ ᠣᠷᠣᠨ᠎ᠤ ᠭᠤᠤᠯᠯᠠᠭ᠍ᠴᠢ ᠠᠷᠭ᠎ᠠ ᠵᠠᠮ᠎ᠤᠨ ᠳᠣᠲᠣᠷ ᠴᠣᠭ᠍ᠴᠠᠯᠠᠯᠲᠠ᠎ᠶ᠋ᠢᠨ ᠨᠣᠷᠮ᠎ᠠ᠎ᠶ᠋ᠢ 95% ᠎ᠠᠴᠠ ᠳᠡᠭᠡᠭ᠌ᠰᠢ ᠪᠣᠯᠲᠠᠯ᠎ᠠ ᠳᠡᠭᠡᠭ᠌ᠰᠢᠯᠡᠭᠦᠯᠵᠦ᠍᠂ ᠲᠠᠷᠢᠶᠠᠨ ᠭᠠᠵᠠᠷ᠎ᠤᠨ ᠤᠰᠤᠯᠠᠯᠲᠠ᠎ᠶ᠋ᠢᠨ ᠤᠰᠤᠨ᠎ᠤ ᠪᠦᠲᠦᠮᠵᠢᠲᠡᠶ ᠠᠱᠢᠭ᠍ᠯᠠᠯᠲᠠ᠎ᠶ᠋ᠢᠨ ᠢᠯᠡᠳᠭᠡᠮᠵᠢ᠎ᠶ᠋ᠢ 0.509 ᠪᠣᠯᠲᠠᠯ᠎ᠠ ᠳᠡᠭᠡᠭ᠌ᠰᠢᠯᠡᠭᠦᠯᠪᠡ᠃ ᠡᠭᠦᠨ᠎ᠤ ᠬᠠᠮᠲᠤ ᠪᠠᠯᠠ ᠮᠥᠩᠭᠦ᠎ᠪᠠᠷ ᠤᠰᠤᠯᠠᠯᠲᠠ᠎ᠶ᠋ᠢᠨ ᠣᠷᠣᠨ᠎ᠤ ᠤᠰᠤ ᠭᠠᠳᠠᠭ᠍ᠰᠢᠯᠠᠭᠤᠯᠬᠤ ᠢᠨᠵᠧᠨᠧᠷᠢᠩ᠎ᠤᠨ ᠥᠭᠡᠷᠡᠴᠢᠯᠡᠯᠲᠡ᠎ᠶ᠋ᠢ ᠢᠳᠡᠪᠬᠢᠲᠡᠶ ᠳᠡᠮᠵᠢᠵᠦ᠍᠂ ᠪᠣᠷᠣᠲᠣᠬᠤᠶ᠎ᠶ᠋ᠢᠨ ᠤᠰᠤᠯᠠᠯᠲᠠ᠎ᠶ᠋ᠢᠨ ᠣᠷᠣᠨ᠎ᠤ 11 ᠭᠤᠤ ᠰᠤᠪᠠᠭ (ᠶᠡᠷᠦᠩᠬᠡᠶ ᠣᠷᠳᠣ᠎ᠨᠢ 509.3km)᠂ 208 ᠤᠰᠤ ᠭᠠᠳᠠᠭ᠍ᠰᠢᠯᠠᠭᠤᠯᠬᠤ ᠪᠠᠷᠢᠯᠭ᠎ᠠ᠎ᠶ᠋ᠢ ᠴᠡᠭ᠌ᠴᠡᠯᠡᠨ ᠰᠠᠢᠵᠢᠷᠠᠭᠤᠯᠬᠤ ᠠᠵᠢᠯ᠎ᠢ ᠨᠢᠭᠡᠨᠲᠡ ᠥᠪᠥᠷ ᠮᠣᠩᠭᠤᠯ᠎ᠤᠨ ᠪᠣᠷᠣᠲᠣᠬᠤᠶ᠎ᠶ᠋ᠢᠨ ᠤᠰᠤᠯᠠᠯᠲᠠ᠎ᠶ᠋ᠢᠨ ᠣᠷᠣᠨ᠎ᠤ ᠣᠳᠣᠬᠢᠴᠢᠯᠠᠭ᠍ᠰᠠᠨ ᠥᠭᠡᠷᠡᠴᠢᠯᠡᠯᠲᠡ᠎ᠶ᠋ᠢᠨ ᠲᠥᠷᠥᠯ ᠵᠦᠢᠯ᠎ᠤᠨ ᠪᠥᠲᠥᠭᠡᠨ ᠪᠠᠢᠭᠤᠯᠤᠯᠲᠠ᠎ᠶ᠋ᠢᠨ ᠠᠭᠤᠯᠭ᠎ᠠ᠎ᠳᠤ ᠣᠷᠣᠭᠤᠯᠪᠠ᠃ ᠤᠰᠤᠨ ᠠᠱᠢᠭ᠍ᠯᠠᠯᠲᠠ᠎ᠶ᠋ᠢᠨ ᠶᠠᠮᠤᠨ᠎ᠤ ᠲᠠᠷᠢᠶᠠᠯᠠᠩ᠎ᠤᠨ ᠤᠰᠤ ᠴᠠᠬᠢᠯᠭᠠᠨ ᠶᠠᠮᠤᠨ᠎ᠤ ᠬᠥᠭᠡᠷᠭᠡ᠎ᠶ᠋ᠢᠨ ᠥᠷᠲᠡᠭᠡ ᠬᠢᠭᠡᠳ ᠤᠰᠤᠲᠤᠯ᠎ᠢ ᠵᠠᠯᠠᠬᠤ ᠭᠠᠵᠠᠷ᠎ᠯᠤᠭ᠎ᠠ ᠢᠳᠡᠪᠬᠢᠲᠡᠶ᠎ᠪᠠᠷ ᠵᠣᠯᠭᠠᠭᠤᠯᠵᠤ᠂ ᠬᠠᠲᠤᠨ ᠭᠤᠤᠯ᠎ᠤᠨ ᠰᠠᠪᠠ ᠭᠠᠵᠠᠷ᠎ᠤᠨ ᠤᠰᠤᠲᠤᠯ᠎ᠢ ᠵᠠᠯᠠᠬᠤ ᠲᠥᠷᠥᠯ ᠵᠦᠢᠯ᠎ᠢ ᠤᠰᠤᠨ ᠠᠱᠢᠭ᠍ᠯᠠᠯᠲᠠ᠎ᠶ᠋ᠢᠨ ᠶᠠᠮᠤᠨ᠎ᠤ 《ᠭᠤᠤᠯᠳᠠᠯᠭ᠎ᠠ᠎ᠲᠠᠢ ᠣᠷᠣᠨ ᠪᠦᠰᠡ᠎ᠶ᠋ᠢᠨ ᠤᠰᠤᠲᠤᠯ᠎ᠢ ᠵᠠᠯᠠᠬᠤ᠎ᠶ᠋ᠢ ᠬᠡᠷᠡᠭ᠌ᠵᠢᠭᠦᠯᠬᠦ᠌ ᠲᠥᠰᠦᠯ》᠎ᠳᠤ ᠣᠷᠣᠭᠤᠯᠬᠤ᠎ᠪᠠᠷ ᠴᠢᠷᠮᠠᠢᠨ᠎ᠠ᠃

  ᠬᠤᠶᠠᠷ᠂ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠶ᠋ᠢ ᠴᠢᠩᠭᠠᠷᠠᠭᠤᠯᠵᠤ᠂ ᠤᠰᠤ ᠠᠷᠪᠢᠯᠠᠬᠤ ᠳᠠᠯᠳᠠ ᠬᠦᠴᠦᠨ᠎ᠢ ᠱᠢᠨᠵᠢᠯᠡᠬᠦ᠌ ᠤᠬᠠᠭᠠᠨᠴᠢ᠎ᠪᠠᠷ ᠦᠨᠡᠯᠡᠨ᠎ᠡ

  ᠶᠡᠷᠦᠩᠬᠡᠶ ᠬᠡᠮᠵᠢᠶ᠎ᠡ᠎ᠶ᠋ᠢ ᠡᠵᠡᠮᠳᠡᠬᠦ᠂ ᠨᠣᠷᠮ᠎ᠠ ᠲᠣᠭ᠍ᠲᠠᠭᠠᠨ ᠬᠠᠮᠢᠶᠠᠷᠬᠤ᠂ ᠨᠠᠷᠢᠯᠢᠭ ᠣᠨᠣᠴᠠᠲᠠᠶ᠎ᠪᠠᠷ ᠳᠣᠭᠢᠷᠠᠭᠤᠯᠬᠤ᠂ ᠬᠤᠯᠪᠣᠭᠠᠯᠠᠨ ᠬᠥᠳᠡᠯᠦᠯᠴᠡᠵᠦ᠍ ᠠᠬᠢᠭᠤᠯᠬᠤ᠎ᠶ᠋ᠢ ᠳᠣᠪᠤᠢᠯᠭᠠᠨ᠂ ᠲᠠᠷᠢᠶᠠᠨ ᠭᠠᠵᠠᠷ᠎ᠤᠨ ᠤᠰᠤ ᠠᠷᠪᠢᠯᠠᠬᠤ ᠢᠨᠵᠧᠨᠧᠷᠢᠩ᠎ᠤᠨ ᠪᠥᠲᠥᠭᠡᠨ ᠪᠠᠢᠭᠤᠯᠤᠯᠲᠠ᠂ ᠤᠰᠤᠨ᠎ᠤ ᠦᠨ᠎ᠡ᠎ᠶ᠋ᠢᠨ ᠥᠭᠡᠷᠡᠴᠢᠯᠡᠯᠲᠡ᠂ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌ ᠵᠡᠷᠭᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ 2021ᠣᠨ᠎ᠠᠴᠠ ᠨᠠᠭᠠᠰᠢ᠂ ᠪᠣᠷᠣᠲᠣᠬᠤᠶ᠎ᠶ᠋ᠢᠨ ᠤᠰᠤᠯᠠᠯᠲᠠ᠎ᠶ᠋ᠢᠨ ᠣᠷᠣᠨ᠎ᠳᠤ ᠤᠰᠤ ᠠᠷᠪᠢᠯᠠᠬᠤ ᠴᠢᠳᠠᠪᠤᠷᠢ᠎ᠶ᠋ᠢ 4.2 ᠳ᠋ᠦᠩᠱᠢᠭᠤᠷ ᠪᠣᠰᠤᠭ᠎ᠠ ᠳᠥᠷᠪᠡᠯᠵᠢᠨ ᠮᠧᠲᠷ ᠱᠢᠨ᠎ᠡ᠎ᠪᠠᠷ ᠨᠡᠮᠡᠭ᠌ᠳᠡᠭᠦᠯᠪᠡ᠃ ᠬᠥᠷᠥᠰᠥ᠍ ᠱᠢᠷᠣᠶ᠎ᠶ᠋ᠢᠨ ᠴᠢᠭᠢᠭ᠎ᠤᠨ ᠪᠠᠢᠳᠠᠯ᠎ᠢ ᠮᠥᠷᠳᠡᠨ ᠡᠵᠡᠮᠱᠢᠵᠦ᠍᠂ ᠤᠰᠤᠨ᠎ᠤ ᠪᠠᠢᠳᠠᠯ ᠤᠰᠤᠨ᠎ᠤ ᠳᠠᠩᠰᠠ᠎ᠶ᠋ᠢ ᠴᠠᠭ ᠲᠤᠬᠠᠶ᠎ᠳᠤᠨᠢ ᠰᠤᠳᠤᠯᠤᠨ ᠮᠠᠭᠠᠳᠯᠠᠵᠤ᠂ ᠪᠥᠬᠦ᠌ ᠲᠠᠯ᠎ᠠ᠎ᠪᠠᠷ ᠵᠣᠬᠢᠶᠠᠨ ᠪᠠᠢᠭᠤᠯᠤᠨ ᠵᠣᠬᠢᠴᠠᠭᠤᠯᠵᠤ᠂ ᠬᠠᠪᠤᠷ᠎ᠤᠨ ᠬᠤᠷᠠᠮᠠᠯ᠂ ᠬᠠᠪᠤᠷ᠎ᠤᠨ ᠤᠰᠤᠯᠠᠯᠲᠠ᠂ ᠵᠤᠨ᠎ᠤ ᠤᠰᠤᠯᠠᠯᠲᠠ᠂ ᠨᠠᠮᠤᠷ᠎ᠤᠨ ᠤᠰᠤᠯᠠᠯᠲᠠ᠎ᠳᠤ ᠬᠡᠷᠡᠭ᠌ᠯᠡᠬᠦ᠌ ᠤᠰᠤ᠎ᠶ᠋ᠢ ᠵᠦᠶ ᠵᠣᠬᠢᠰᠲᠠᠶ ᠲᠣᠬᠢᠷᠠᠭᠤᠯᠵᠤ᠂ ᠣᠨ᠎ᠤ ᠶᠡᠷᠦᠩᠬᠡᠶ ᠬᠡᠮᠵᠢᠶ᠎ᠡ᠎ᠶ᠋ᠢ ᠬᠢᠵᠠᠭᠠᠷᠯᠠᠬᠤ ᠪᠠ ᠤᠰᠤᠨ᠎ᠤ ᠬᠡᠮᠵᠢᠶ᠎ᠡ᠎ᠶ᠋ᠢ ᠨᠢᠭᠡᠳᠦᠯᠲᠡᠶ ᠲᠣᠬᠢᠷᠠᠭᠤᠯᠬᠤ᠎ᠶ᠋ᠢ ᠬᠡᠷᠡᠭ᠌ᠵᠢᠭᠦᠯᠵᠦ᠍᠂ ᠲᠠᠷᠢᠶᠠᠯᠠᠩ᠎ᠤᠨ ᠦᠢᠯᠡᠳᠪᠦᠷᠢᠯᠡᠯ ᠪᠠ ᠠᠮᠢ ᠠᠬᠤᠶ᠎ᠶ᠋ᠢᠨ ᠬᠡᠷᠡᠭ᠌ᠰᠡᠬᠦ᠌ ᠤᠰᠤ᠎ᠶ᠋ᠢ ᠨᠥᠯᠥᠭᠡᠯᠡᠬᠦ᠌ ᠥᠬᠡᠶ ᠪᠠᠢᠬᠤ᠎ᠶ᠋ᠢ ᠦᠨᠡᠨᠬᠦ᠌ ᠪᠠᠲᠤᠯᠠᠨ᠎ᠠ᠃ ᠪᠠᠶᠠᠨᠨᠠᠭᠤᠷ ᠬᠤᠲᠠ᠎ᠶ᠋ᠢᠨ ᠤᠰᠤᠨ ᠠᠱᠢᠭ᠍ᠯᠠᠯᠲᠠ᠎ᠶ᠋ᠢᠨ ᠲᠣᠪᠴᠢᠶ᠎ᠠ᠎ᠶ᠋ᠢᠨ ᠬᠠᠲᠤᠨ ᠭᠤᠤᠯ᠎ᠤᠨ ᠭᠤᠤᠯ ᠤᠷᠤᠰᠭᠠᠯ᠎ᠤᠨ ᠠᠢᠮᠠᠭ ᠬᠤᠲᠠ᠎ᠶ᠋ᠢᠨ ᠬᠤᠭᠤᠷᠣᠨᠳᠣᠬᠢ ᠱᠢᠯᠵᠢᠭᠦᠯᠦᠨ ᠥᠭ᠌ᠭᠦᠭ᠌ᠰᠡᠨ ᠨᠥᠯᠥᠭᠡ᠎ᠶ᠋ᠢ ᠦᠨᠡᠯᠡᠬᠦ᠌ ᠪᠠ ᠬᠠᠮᠢᠶ᠎ᠠ ᠪᠥᠬᠦᠶ ᠨᠥᠬᠦᠪᠥᠷᠢ ᠥᠭ᠌ᠬᠦ ᠠᠵᠢᠯ᠎ᠢ ᠢᠳᠡᠪᠬᠢᠲᠡᠶ ᠵᠢᠯᠣᠭᠤᠳᠴᠤ᠌᠂ ᠪᠠᠶᠠᠨᠨᠠᠭᠤᠷ ᠬᠤᠲᠠ᠎ᠶ᠋ᠢᠨ ᠤᠰᠤᠨ ᠠᠱᠢᠭ᠍ᠯᠠᠯᠲᠠ᠎ᠶ᠋ᠢᠨ ᠲᠣᠪᠴᠢᠶ᠎ᠠ 《ᠥᠪᠥᠷ ᠮᠣᠩᠭᠤᠯ᠎ᠤᠨ ᠬᠠᠲᠤᠨ ᠭᠤᠤᠯ᠎ᠤᠨ ᠭᠤᠤᠯ ᠤᠷᠤᠰᠭᠠᠯ᠎ᠤᠨ ᠤᠰᠤᠨ᠎ᠤ ᠡᠷᠬᠡ᠎ᠶ᠋ᠢᠨ ᠠᠢᠮᠠᠭ ᠬᠤᠲᠠ᠎ᠶ᠋ᠢᠨ ᠬᠤᠭᠤᠷᠣᠨᠳᠣᠬᠢ ᠱᠢᠯᠵᠢᠭᠦᠯᠦᠨ ᠥᠭ᠌ᠭᠦᠭ᠌ᠰᠡᠨ ᠨᠥᠯᠥᠭᠡ᠎ᠶ᠋ᠢ ᠦᠨᠡᠯᠡᠬᠦ᠌ ᠲᠣᠭ᠍ᠲᠠᠴᠠ ᠵᠢᠴᠢ ᠨᠥᠬᠦᠪᠥᠷᠢ ᠥᠭ᠌ᠬᠦ ᠠᠷᠭ᠎ᠠ》᠎ᠶ᠋ᠢ ᠳᠠᠷᠤᠮᠠᠯᠯᠠᠨ ᠲᠠᠷᠬᠠᠭᠠᠵᠤ᠂ ᠤᠰᠤᠨ᠎ᠤ ᠡᠷᠬᠡ᠎ᠶ᠋ᠢ ᠱᠢᠯᠵᠢᠭᠦᠯᠦᠨ ᠥᠭ᠌ᠭᠦᠭ᠌ᠰᠡᠨ ᠨᠥᠯᠥᠭᠡ᠎ᠶ᠋ᠢ ᠦᠨᠡᠯᠡᠬᠦ᠌ ᠪᠠ ᠨᠥᠬᠦᠪᠥᠷᠢ ᠥᠭ᠌ᠬᠦ ᠲᠣᠭ᠍ᠲᠠᠴᠠ᠎ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠳᠤᠮᠳᠠᠳᠤ ᠤᠯᠤᠰ᠎ᠤᠨ ᠲᠠᠷᠢᠶᠠᠯᠠᠩ᠎ᠤᠨ ᠶᠡᠭᠡ ᠰᠤᠷᠭᠠᠭᠤᠯᠢ᠂ ᠬᠠᠳᠤᠨ ᠭᠤᠣᠯ᠎ᠤᠨ ᠨᠠᠮ᠎ᠤᠨ ᠬᠤᠷᠢᠶ᠎ᠠ᠂ ᠥᠪᠥᠷ ᠮᠣᠩᠭᠤᠯ᠎ᠤᠨ ᠲᠠᠷᠢᠶᠠᠯᠠᠩ᠎ᠤᠨ ᠶᠡᠭᠡ ᠰᠤᠷᠭᠠᠭᠤᠯᠢ ᠵᠡᠷᠭᠡ ᠤᠯᠠᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠤᠨ ᠶᠡᠭᠡ ᠳᠡᠭᠡᠳᠦ ᠰᠤᠷᠭᠠᠭᠤᠯᠢ ᠬᠠᠮᠲᠤᠷᠠᠨ ᠪᠣᠭᠤᠮᠲᠠ ᠱᠢᠪᠲᠤᠯᠵᠤ᠂ ᠪᠣᠷᠣᠲᠣᠬᠤᠢ᠎ᠶ᠋ᠢᠨ ᠤᠰᠤᠯᠠᠯᠲᠠ᠎ᠶ᠋ᠢᠨ ᠣᠷᠣᠨ᠎ᠳᠤ ᠪᠣᠬᠢᠷᠲᠤᠯ ᠦᠭᠡᠢ ᠠᠮᠢ ᠠᠬᠤᠢ᠎ᠶ᠋ᠢᠨ ᠣᠳᠣᠬᠢᠴᠢᠯᠠᠭ᠍ᠰᠠᠨ ᠤᠰᠤᠯᠠᠯᠲᠠ᠎ᠶ᠋ᠢᠨ ᠣᠷᠣᠨ᠎ᠤ ᠤᠰᠤ ᠠᠷᠪᠢᠯᠠᠬᠤ ᠵᠠᠭᠠᠭ ᠬᠡᠮᠵᠢᠭ᠌ᠳᠡᠯ ᠪᠠ ᠠᠮᠢ ᠠᠬᠤᠢ᠎ᠶ᠋ᠢᠨ ᠬᠡᠷᠡᠭ᠌ᠰᠡᠬᠦ᠌ ᠤᠰᠤᠨ᠎ᠤ ᠬᠡᠮᠵᠢᠶ᠎ᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠣᠭ᠍ᠲᠠᠭᠠᠵᠤ᠂ ᠪᠣᠷᠣᠲᠣᠬᠤᠢ᠎ᠶ᠋ᠢᠨ ᠤᠰᠤᠯᠠᠯᠲᠠ᠎ᠶ᠋ᠢᠨ ᠣᠷᠣᠨ᠎ᠤ ᠤᠰᠤᠨ᠎ᠤ ᠡᠬᠢ ᠪᠠᠶᠠᠯᠢᠭ᠎ᠤᠨ ᠶᠡᠷᠦᠩᠬᠡᠢ ᠬᠡᠮᠵᠢᠶ᠎ᠡ᠂ ᠠᠱᠢᠭ᠍ᠯᠠᠵᠤ ᠪᠣᠯᠬᠤ ᠬᠡᠮᠵᠢᠶ᠎ᠡ ᠪᠠ ᠤᠰᠤᠨ᠎ᠤ ᠡᠷᠬᠡ᠎ᠶ᠋ᠢ ᠱᠢᠯᠵᠢᠭᠦᠯᠦᠨ ᠥᠭ᠌ᠬᠦ ᠲᠦᠢᠯ᠎ᠤᠨ ᠬᠡᠮᠵᠢᠭ᠌ᠳᠡᠯ᠎ᠢ ᠱᠢᠨᠵᠢᠯᠡᠬᠦ᠌ ᠤᠬᠠᠭᠠᠨᠴᠢ᠎ᠪᠠᠷ ᠰᠤᠳᠤᠯᠵᠤ᠂ ᠤᠰᠤᠨ᠎ᠤ ᠡᠬᠢ ᠪᠠᠶᠠᠯᠢᠭ᠎ᠢ ᠠᠷᠪᠢᠯᠠᠨ ᠡᠷᠴᠢᠮᠵᠢᠭᠦᠯᠦᠨ ᠠᠱᠢᠭ᠍ᠯᠠᠬᠤ ᠲᠦᠪᠱᠢᠨ᠎ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠣᠷᠣᠨ ᠪᠦᠰᠡ᠎ᠶ᠋ᠢᠨ ᠠᠮᠢ ᠠᠬᠤᠢ᠎ᠶ᠋ᠢᠨ ᠱᠢᠰᠲ᠋ᠧᠮ᠎ᠤᠨ ᠲᠣᠭ᠍ᠲᠠᠭᠤᠨ ᠪᠠ ᠲᠡᠩᠴᠡᠭᠦᠷᠢ᠎ᠶ᠋ᠢ ᠬᠠᠮᠠᠭᠠᠯᠠᠵᠤ᠂ ᠭᠠᠵᠠᠷ ᠣᠷᠣᠨ᠎ᠤ ᠢᠷᠡᠭᠡᠳᠦᠢ᠎ᠶ᠋ᠢᠨ ᠬᠥᠭ᠌ᠵᠢᠯᠲᠡ᠎ᠳᠤ ᠤᠰᠤᠨ᠎ᠤ ᠡᠬᠢ ᠪᠠᠶᠠᠯᠢᠭ᠎ᠤᠨ ᠨᠡᠮᠡᠭ᠌ᠳᠡᠯ᠎ᠤᠨ ᠣᠷᠣᠨ ᠵᠠᠢ᠎ᠶ᠋ᠢ ᠭᠦᠢᠴᠡᠳ ᠦᠯᠡᠳᠡᠭᠡᠨ᠎ᠡ᠃

  ᠭᠤᠷᠪᠠ᠂ ᠤᠰᠤ ᠬᠡᠷᠡᠭ᠌ᠯᠡᠬᠦ᠌ ᠬᠠᠮᠢᠶᠠᠷᠤᠯᠲᠠ᠎ᠶ᠋ᠢ ᠴᠢᠩᠭᠠᠷᠠᠭᠤᠯᠵᠤ᠂ ᠤᠰᠤᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢ  ᠱᠢᠯᠢᠳᠡᠭ᠌ᠵᠢᠭᠦᠯᠦᠨ᠎ᠡ

  ᠨᠢᠭᠡ᠎ᠳᠤ᠂ ᠪᠣᠷᠣᠲᠣᠬᠤᠶ᠎ᠶ᠋ᠢᠨ ᠤᠰᠤᠯᠠᠯᠲᠠ᠎ᠶ᠋ᠢᠨ ᠣᠷᠣᠨ᠎ᠤ ᠬᠠᠲᠤᠨ ᠭᠤᠤᠯ᠎ᠤᠨ ᠤᠰᠤ᠎ᠶ᠋ᠢ ᠲᠠᠲᠠᠵᠤ ᠤᠰᠤ ᠬᠡᠷᠡᠭ᠌ᠯᠡᠬᠦ᠌ ᠶᠡᠷᠦᠩᠬᠡᠶ ᠬᠡᠮᠵᠢᠶ᠎ᠡ᠎ᠶ᠋ᠢ ᠬᠢᠵᠠᠭᠠᠷᠯᠠᠬᠤ ᠭᠦᠢᠴᠡᠳᠭᠡᠯ ᠲᠤᠭ᠎ᠠ᠎ᠶ᠋ᠢ ᠬᠤᠱᠢᠭᠤ ᠱᠢᠶᠠᠨ ᠲᠣᠭᠤᠷᠢᠭ᠂ ᠰᠤᠮᠤ ᠱᠢᠶᠠᠩ ᠪᠠᠯᠭᠠᠰᠤ᠂ ᠱᠢᠭᠤᠳ ᠠᠮᠠᠰᠠᠷ ᠰᠤᠪᠠᠭ᠎ᠲᠤ ᠱᠢᠨᠵᠢᠯᠡᠬᠦ᠌ ᠤᠬᠠᠭᠠᠨᠴᠢ ᠪᠥᠭᠡᠳ ᠵᠦᠶ ᠵᠣᠬᠢᠰᠲᠠᠶ᠎ᠪᠠᠷ ᠬᠤᠪᠢᠶᠠᠷᠢᠯᠠᠨ ᠨᠠᠢᠳᠠᠪᠤᠷᠢᠵᠢᠭᠤᠯᠵᠤ᠂ 《ᠶᠡᠷᠦᠩᠬᠡᠶ ᠬᠡᠮᠵᠢᠶ᠎ᠡ᠎ᠶ᠋ᠢ ᠬᠢᠵᠠᠭᠠᠷᠯᠠᠵᠤ᠂ ᠨᠣᠷᠮ᠎ᠠ ᠲᠣᠭ᠍ᠲᠠᠭᠠᠨ ᠬᠠᠮᠢᠶᠠᠷᠬᠤ》 ᠵᠠᠷᠴᠢᠮ᠎ᠢ ᠪᠠᠷᠢᠮᠲᠠᠯᠠᠨ᠂ 《ᠭᠦᠢᠴᠡᠳᠭᠡᠯ ᠲᠤᠭ᠎ᠠ᠎ᠶ᠋ᠢ ᠰᠤᠪᠠᠭ᠎ᠲᠤ ᠬᠦᠷᠦᠭᠦᠯᠵᠦ᠍᠂ ᠤᠰᠤᠯᠠᠯᠲᠠ᠎ᠶ᠋ᠢᠨ ᠲᠠᠯᠠᠪᠠᠶ᠎ᠶ᠋ᠢ ᠲᠡᠩᠴᠡᠭᠦᠷᠢᠲᠡᠶ ᠪᠠᠢᠯᠭᠠᠵᠤ᠂ ᠳᠣᠲᠣᠭᠠᠳᠤ᠎ᠳᠠᠭᠠᠨ ᠲᠣᠬᠢᠷᠠᠭᠤᠯᠬᠤ》 ᠤᠰᠤᠯᠠᠯᠲᠠ᠎ᠶ᠋ᠢᠨ ᠬᠠᠮᠢᠶᠠᠷᠤᠯᠲᠠ᠎ᠶ᠋ᠢᠨ ᠵᠠᠭ᠍ᠪᠤᠷ᠎ᠢ ᠬᠡᠷᠡᠭ᠌ᠵᠢᠭᠦᠯᠵᠦ᠍᠂ ᠱᠢᠨᠵᠢᠯᠡᠬᠦ᠌ ᠤᠬᠠᠭᠠᠨᠴᠢ᠎ᠪᠠᠷ ᠳᠣᠭᠢᠷᠠᠭᠤᠯᠤᠨ ᠬᠠᠮᠢᠶᠠᠷᠬᠤ᠎ᠶ᠋ᠢ ᠱᠢᠯᠢᠳᠡᠭ᠌ᠵᠢᠭᠦᠯᠦᠨ᠂ ᠪᠣᠳᠠᠲᠠᠶ ᠤᠰᠤᠯᠠᠯᠲᠠ᠎ᠶ᠋ᠢᠨ ᠲᠠᠯᠠᠪᠠᠶ᠂ ᠲᠠᠷᠢᠮᠠᠯ᠎ᠤᠨ ᠪᠦᠲᠦᠴᠡ ᠪᠠ ᠤᠰᠤ ᠬᠡᠷᠡᠭ᠌ᠰᠡᠬᠦ᠌ ᠬᠡᠮᠵᠢᠶ᠎ᠡ᠎ᠶ᠋ᠢ ᠲᠥᠰᠦᠭᠡᠯᠡᠨ ᠪᠤᠳᠤᠵᠤ᠂ ᠣᠨ᠎ᠤ ᠤᠰᠤᠨ᠎ᠤ ᠭᠦᠢᠴᠡᠳᠭᠡᠯ ᠲᠤᠭ᠎ᠠ᠎ᠶ᠋ᠢ 2761 ᠵᠤᠷᠪᠤᠰ ᠤᠯᠤᠰ᠎ᠤᠨ ᠬᠠᠮᠢᠶᠠᠷᠤᠯᠲᠠ᠎ᠶ᠋ᠢᠨ ᠱᠢᠭᠤᠳ ᠠᠮᠠᠰᠠᠷ ᠰᠤᠪᠠᠭ᠎ᠲᠤ ᠨᠠᠷᠢᠯᠢᠬ᠍ᠵᠢᠭᠤᠯᠤᠨ ᠬᠤᠪᠢᠶᠠᠷᠢᠯᠠᠵᠤ᠂ ᠬᠠᠲᠤᠨ ᠭᠤᠤᠯ᠎ᠤᠨ ᠤᠰᠤᠯᠠᠯᠲᠠ᠎ᠶ᠋ᠢᠨ ᠤᠰᠤ ᠬᠡᠷᠡᠭ᠌ᠯᠡᠬᠦ᠌ ᠦᠨᠡᠮᠯᠡᠯ ᠣᠯᠭᠤᠵᠤ᠂ ᠤᠰᠤᠨ ᠱᠢᠨᠵᠢᠯᠡᠭᠡᠨ᠎ᠤ ᠣᠨ᠎ᠤ ᠶᠡᠷᠦᠩᠬᠡᠶ ᠤᠰᠤᠨ᠎ᠤ ᠬᠤᠷᠣᠭ᠍ᠳᠠᠯ᠎ᠤᠨ ᠬᠡᠮᠵᠢᠶ᠎ᠡ᠎ᠶ᠋ᠢ ᠬᠠᠮᠢᠶᠠᠷᠤᠨ ᠡᠵᠡᠮᠳᠡᠬᠦ᠌ ᠭᠦᠢᠴᠡᠳᠭᠡᠯ ᠲᠤᠭ᠎ᠠ᠎ᠶ᠋ᠢᠨ ᠳᠣᠲᠣᠷ᠎ᠠ ᠴᠢᠩᠭ᠎ᠠ ᠬᠢᠵᠠᠭᠠᠷᠯᠠᠨ᠎ᠠ᠃ ᠬᠤᠶᠠᠷ᠎ᠲᠤ᠌᠂ ᠤᠰᠤ᠎ᠪᠠᠷ ᠭᠠᠵᠠᠷ ᠱᠢᠷᠣᠶ᠎ᠶ᠋ᠢ ᠲᠣᠭ᠍ᠲᠠᠭᠠᠬᠤ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠥᠩᠭᠡᠷᠡᠭ᠌ᠰᠡᠨ ᠨᠢᠭᠡ ᠬᠤᠭᠤᠴᠠᠭᠠᠨ᠎ᠳᠤ ᠪᠣᠷᠣᠲᠣᠬᠤᠶ᠎ᠶ᠋ᠢᠨ ᠤᠰᠤᠯᠠᠯᠲᠠ᠎ᠶ᠋ᠢᠨ ᠣᠷᠣᠨ᠎ᠤ ᠤᠰᠤᠯᠠᠯᠲᠠ᠎ᠶ᠋ᠢᠨ ᠲᠠᠯᠠᠪᠠᠶ᠎ᠶ᠋ᠢ ᠥᠯᠥ᠍ ᠵᠥᠪᠱᠢᠶᠡᠷᠡᠬᠦ᠂ ᠤᠰᠤ ᠬᠡᠷᠡᠭ᠌ᠯᠡᠬᠦ᠌ ᠶᠡᠷᠦᠩᠬᠡᠶ ᠬᠡᠮᠵᠢᠶ᠎ᠡ᠎ᠶ᠋ᠢ ᠲᠤᠭ᠎ᠠ᠎ᠠᠴᠠ ᠬᠡᠲᠦᠷᠡᠭᠦᠯᠬᠦ᠂ ᠤᠰᠤ ᠬᠡᠷᠡᠭ᠌ᠯᠡᠬᠦ᠌ ᠦᠷ᠎ᠡ ᠪᠦᠲᠦᠮᠵᠢ ᠥᠨᠳᠥᠷ ᠪᠤᠰᠤ ᠵᠡᠷᠭᠡ ᠠᠰᠠᠭᠤᠳᠠᠯ᠎ᠳᠤ ᠴᠢᠭ᠌ᠯᠡᠭᠦᠯᠦᠨ᠂ ᠲᠣᠰᠭᠤᠨ ᠡᠷᠦᠬᠡ ᠳᠠᠷᠠᠭᠠᠯᠠᠨ ᠲᠠᠷᠢᠶᠠᠨ ᠭᠠᠵᠠᠷ᠎ᠤᠨ ᠲᠠᠯᠠᠪᠠᠶ᠎ᠶ᠋ᠢ ᠬᠢᠨᠠᠨ ᠬᠠᠷᠭᠤᠭᠤᠯᠵᠤ᠂ 22.59 ᠲᠦᠮᠡᠨ ᠡᠷᠦᠬᠡ᠎ᠶ᠋ᠢᠨ ᠲᠠᠷᠢᠶᠠᠨ ᠭᠠᠵᠠᠷ᠎ᠤᠨ ᠲᠠᠯᠠᠪᠠᠶ᠎ᠶ᠋ᠢ ᠨᠠᠷᠢᠯᠢᠭ ᠣᠨᠣᠴᠠᠲᠠᠶ᠎ᠪᠠᠷ ᠢᠯᠭᠠᠨ ᠲᠠᠨᠢᠬᠤ ᠳᠡᠭᠡᠷ᠎ᠡ ᠵᠢᠷᠤᠭ ᠣᠯᠭᠤᠬᠤ ᠠᠵᠢᠯ᠎ᠢ ᠪᠡᠶᠡᠯᠡᠭᠦᠯᠵᠦ᠍᠂ ᠬᠥᠭ᠌ᠵᠢᠭᠦᠯᠬᠦ᠌᠎ᠳᠤ ᠳᠣᠭᠢᠷᠠᠬᠤ ᠤᠰᠤᠯᠠᠯᠲᠠ᠎ᠶ᠋ᠢᠨ ᠲᠠᠯᠠᠪᠠᠶ ᠪᠠ ᠤᠰᠤ ᠬᠡᠷᠡᠭ᠌ᠯᠡᠬᠦ᠌ ᠶᠡᠷᠦᠩᠬᠡᠶ ᠬᠡᠮᠵᠢᠶ᠎ᠡ᠎ᠶ᠋ᠢᠨ ᠬᠤᠷᠢᠭ᠎ᠠ ᠱᠤᠭᠤᠮ᠎ᠢ ᠭᠦᠨᠵᠡᠭᠡᠶ ᠰᠤᠳᠤᠯᠬᠤ᠎ᠳᠤ ᠪᠠᠲᠤ ᠪᠠᠬᠢ ᠰᠠᠭᠤᠷᠢ᠎ᠶ᠋ᠢ ᠲᠠᠯᠪᠢᠵᠤ ᠥᠭ᠌ᠪᠡ᠃ ᠭᠤᠷᠪᠠ᠎ᠳᠤ᠂ ᠤᠷᠭᠤᠯᠲᠠ᠎ᠶ᠋ᠢᠨ ᠪᠤᠰᠤ ᠬᠤᠭᠤᠴᠠᠭᠠᠨ᠎ᠤ ᠤᠰᠤ ᠬᠡᠷᠡᠭ᠌ᠯᠡᠬᠦ᠌ ᠬᠦᠴᠦᠯᠡᠴᠡ᠎ᠶ᠋ᠢ ᠴᠢᠩᠭ᠎ᠠ ᠬᠢᠵᠠᠭᠠᠷᠯᠠᠵᠤ᠂ 2023 ᠣᠨ᠎ᠠᠴᠠ ᠡᠬᠢᠯᠡᠨ ᠱᠢᠨ᠎ᠡ ᠤᠷᠭᠤᠯᠲᠠ᠎ᠶ᠋ᠢᠨ ᠪᠤᠰᠤ ᠬᠤᠭᠤᠴᠠᠭᠠᠨ᠎ᠤ ᠤᠰᠤᠯᠠᠯᠲᠠ᠎ᠶ᠋ᠢᠨ ᠳᠦᠷᠢᠮ᠎ᠢ ᠬᠠᠢᠨ ᠰᠦᠪᠡᠭ᠌ᠴᠢᠯᠡᠵᠦ᠍᠂ ᠨᠠᠮᠤᠷ᠎ᠤᠨ ᠤᠰᠤᠯᠠᠯᠲᠠ ᠪᠠ ᠬᠠᠪᠤᠷ᠎ᠤᠨ ᠬᠣᠷᠠᠮᠠᠯ ᠬᠠᠮᠵᠢᠯᠴᠠᠨ ᠲᠣᠬᠢᠷᠠᠭᠤᠯᠤᠯ ᠡᠵᠡᠮᠳᠡᠯ᠎ᠤᠨ ᠤᠰᠤᠯᠠᠯᠲᠠ᠎ᠶ᠋ᠢᠨ ᠵᠠᠭ᠍ᠪᠤᠷ᠎ᠢ ᠪᠠᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ᠎ᠨᠢ ᠪᠣᠷᠣᠲᠣᠬᠤᠶ᠎ᠶ᠋ᠢᠨ ᠤᠰᠤᠯᠠᠯᠲᠠ᠎ᠶ᠋ᠢᠨ ᠣᠷᠣᠨ᠎ᠤ ᠨᠠᠮᠤᠷ᠎ᠤᠨ ᠤᠰᠤᠯᠠᠯᠲᠠ᠂ ᠬᠠᠪᠤᠷ᠎ᠤᠨ ᠬᠣᠷᠠᠮᠠᠯ ᠤᠰᠤ ᠬᠡᠷᠡᠭ᠌ᠯᠡᠬᠦ᠌ ᠲᠥᠰᠦᠯ᠎ᠢ ᠵᠠᠯᠭᠠᠭ᠎ᠠ᠎ᠪᠠᠷ ᠳᠠᠷᠤᠮᠠᠯᠯᠠᠨ ᠲᠠᠷᠬᠠᠭᠠᠵᠤ᠂ ᠪᠠᠶᠠᠨᠨᠠᠭᠤᠷ ᠬᠤᠲᠠ᠎ᠶ᠋ᠢ ᠵᠢᠯᠣᠭᠤᠳᠤᠨ ᠨᠠᠮᠤᠷ᠎ᠤᠨ ᠤᠰᠤᠯᠠᠯᠲᠠ᠂ ᠬᠠᠪᠤᠷ᠎ᠤᠨ ᠬᠣᠷᠠᠮᠠᠯ ᠵᠡᠷᠭᠡ ᠤᠷᠭᠤᠯᠲᠠ᠎ᠶ᠋ᠢᠨ ᠪᠤᠰᠤ ᠬᠤᠭᠤᠴᠠᠭᠠᠨ᠎ᠤ ᠤᠰᠤᠯᠠᠯᠲᠠ᠎ᠶ᠋ᠢᠨ ᠠᠵᠢᠯ᠎ᠢ ᠱᠢᠨᠵᠢᠯᠡᠬᠦ᠌ ᠤᠬᠠᠭᠠᠨᠴᠢ᠎ᠪᠠᠷ ᠥᠷᠨᠢᠭᠦᠯᠵᠦ᠍᠂ ᠨᠠᠮᠤᠷ᠎ᠤᠨ ᠤᠰᠤᠯᠠᠯᠲᠠ᠎ᠶ᠋ᠢᠨ ᠬᠡᠮᠵᠢᠶ᠎ᠡ᠎ᠶ᠋ᠢ 10 ᠳ᠋ᠦᠩᠱᠢᠭᠤᠷ ᠪᠣᠰᠤᠭ᠎ᠠ ᠳᠥᠷᠪᠡᠯᠵᠢᠨ ᠮᠧᠲᠷ᠎ᠤᠨ ᠳᠣᠲᠣᠷ᠎ᠠ ᠴᠢᠩᠭ᠎ᠠ ᠬᠢᠵᠠᠭᠠᠷᠯᠠᠵᠤ᠂ ᠬᠠᠪᠤᠷ᠎ᠤᠨ ᠲᠠᠷᠢᠶᠠᠯᠠᠭ᠎ᠠ᠎ᠶ᠋ᠢᠨ ᠠᠵᠢᠯ᠎ᠢ ᠬᠠᠮᠵᠢᠯᠴᠠᠨ ᠥᠷᠨᠢᠭᠦᠯᠵᠦ᠍᠂ 2023 ᠣᠨ᠎ᠤ ᠨᠠᠮᠤᠷ᠎ᠤᠨ ᠤᠰᠤᠯᠠᠯᠲᠠ ᠪᠠ 2024 ᠣᠨ᠎ᠤ ᠬᠠᠪᠤᠷ᠎ᠤᠨ ᠲᠠᠷᠢᠶᠠᠯᠠᠭ᠎ᠠ᠎ᠶ᠋ᠢᠨ ᠶᠡᠷᠦᠩᠬᠡᠢᠯᠡᠭ᠌ᠰᠡᠨ ᠤᠰᠤ ᠬᠡᠷᠡᠭ᠌ᠯᠡᠬᠦ᠌ ᠬᠡᠮᠵᠢᠶ᠎ᠡ᠎ᠶ᠋ᠢ ᠥᠩᠭᠡᠷᠡᠭ᠌ᠰᠡᠨ ᠵᠢᠯ᠎ᠤᠨ᠎ᠬᠢ᠎ᠠᠴᠠ ᠪᠠᠷᠤᠭ 3 ᠳ᠋ᠦᠩᠱᠢᠭᠤᠷ ᠪᠣᠰᠤᠭ᠎ᠠ ᠳᠥᠷᠪᠡᠯᠵᠢᠨ ᠮᠧᠲᠷ ᠪᠠᠭᠠᠰᠭᠠᠪᠠ᠂ 2024 ᠣᠨ᠎ᠤ ᠨᠠᠮᠤᠷ᠎ᠤᠨ ᠤᠰᠤᠯᠠᠯᠲᠠ ᠪᠠ 2025 ᠣᠨ᠎ᠤ ᠬᠠᠪᠤᠷ᠎ᠤᠨ ᠬᠣᠷᠠᠮᠠᠯ᠎ᠤᠨ ᠪᠤᠰᠤ ᠬᠤᠭᠤᠴᠠᠭ᠎ᠠ᠎ᠶ᠋ᠢ ᠳᠡᠭᠡᠷ᠎ᠡ ᠵᠢᠯ᠎ᠤᠨ᠎ᠬᠢ᠎ᠠᠴᠠ 3 ᠳ᠋ᠦᠩᠱᠢᠭᠤᠷ ᠪᠣᠰᠤᠭ᠎ᠠ ᠳᠥᠷᠪᠡᠯᠵᠢᠨ ᠮᠧᠲᠷ ᠪᠠᠭᠠᠰᠭᠠᠪᠠ᠃

  ᠳᠥᠷᠪᠡ᠂ ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠱᠢᠭ᠎ᠢ ᠨᠡᠮᠡᠭ᠌ᠳᠡᠭᠦᠯᠬᠦ᠌ ᠱᠢᠰᠲ᠋ᠧᠮᠵᠢ᠎ᠶ᠋ᠢ ᠪᠦᠷᠢᠨᠱᠢᠭᠦᠯᠵᠦ᠍᠂ ᠤᠰᠤ ᠠᠷᠪᠢᠯᠠᠬᠤ ᠬᠠᠮᠢᠶᠠᠷᠤᠯᠲᠠ᠎ᠶ᠋ᠢᠨ ᠬᠦᠴᠦᠨ ᠴᠢᠳᠠᠪᠤᠷᠢ᠎ᠶ᠋ᠢ ᠳᠡᠭᠡᠭ᠌ᠰᠢᠯᠡᠭᠦᠯᠦᠨ᠎ᠡ

  ᠨᠢᠭᠡ᠎ᠳᠤ᠂ ᠤᠰᠤ ᠬᠡᠷᠡᠭ᠌ᠯᠡᠬᠦ᠌ ᠶᠡᠷᠦᠩᠬᠡᠶ ᠬᠡᠮᠵᠢᠶ᠎ᠡ᠎ᠶ᠋ᠢ ᠴᠢᠩᠭ᠎ᠠ ᠬᠢᠵᠠᠭᠠᠷᠯᠠᠵᠤ᠂ ᠨᠣᠷᠮ᠎ᠠ ᠲᠣᠭ᠍ᠲᠠᠭᠠᠨ ᠬᠠᠮᠢᠶᠠᠷᠤᠨ᠎ᠠ᠃ 《ᠬᠠᠪᠤᠷ᠎ᠤᠨ ᠬᠣᠷᠠᠮᠠᠯ ᠂ ᠵᠤᠨ᠎ᠤ ᠤᠰᠤᠯᠠᠯᠲᠠ᠂ ᠨᠠᠮᠤᠷ᠎ᠤᠨ ᠤᠰᠤᠯᠠᠯᠲᠠ᠂ ᠨᠠᠮᠤᠷ᠎ᠤᠨ ᠰᠦᠷᠴᠢᠯᠲᠡ》 ᠵᠡᠷᠭᠡ ᠤᠰᠤᠯᠠᠯᠲᠠ᠎ᠶ᠋ᠢᠨ ᠬᠤᠭᠤᠴᠠᠭᠠᠨ᠎ᠳᠤ᠂ ᠪᠣᠷᠣᠲᠣᠬᠤᠶ᠎ᠶ᠋ᠢᠨ ᠤᠰᠤᠯᠠᠯᠲᠠ᠎ᠶ᠋ᠢᠨ ᠣᠷᠣᠨ᠎ᠤ ᠬᠠᠲᠤᠨ ᠭᠤᠤᠯ᠎ᠤᠨ ᠤᠰᠤ ᠲᠠᠲᠠᠬᠤ ᠬᠡᠮᠵᠢᠶ᠎ᠡ᠎ᠶ᠋ᠢ ᠤᠯᠤᠰ᠎ᠤᠨ ᠬᠠᠮᠢᠶᠠᠷᠤᠯᠲᠠ᠎ᠶ᠋ᠢᠨ ᠱᠢᠭᠤᠳ ᠠᠮᠠᠰᠠᠷ᠎ᠤᠨ ᠨᠢᠭᠡᠴᠢ᠎ᠳᠤ᠂ ᠣᠨᠣᠪᠴᠢᠲᠠᠶ ᠨᠤᠲᠠᠯᠠᠨ ᠲᠣᠭ᠍ᠲᠠᠭᠠᠵᠤ᠂ ᠬᠠᠲᠤᠨ ᠭᠤᠤᠯ᠎ᠤᠨ ᠤᠰᠤᠯᠠᠯᠲᠠ᠎ᠳᠤ ᠬᠡᠷᠡᠭ᠌ᠯᠡᠬᠦ᠌ ᠤᠰᠤᠨ᠎ᠤ ᠡᠷᠬᠡ᠎ᠶ᠋ᠢᠨ ᠦᠨᠡᠮᠯᠡᠯ᠎ᠢ 2761 ᠬᠤᠪᠢ ᠲᠠᠷᠬᠠᠭᠠᠪᠠ᠃ 《2025 ᠣᠨ᠎ᠤ ᠪᠥᠬᠦ᠌ ᠣᠷᠣᠨ᠎ᠤ ᠲᠠᠷᠢᠶᠠᠯᠠᠩ᠎ᠤᠨ ᠤᠰᠤᠨ᠎ᠤ ᠦᠨ᠎ᠡ᠎ᠶ᠋ᠢᠨ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠠᠵᠢᠯ᠎ᠤᠨ ᠲᠥᠰᠦᠯ》᠎ᠢ ᠳᠠᠷᠤᠮᠠᠯᠯᠠᠨ ᠲᠠᠷᠬᠠᠭᠠᠵᠤ᠂ ᠪᠠᠶᠠᠨᠨᠠᠭᠤᠷ ᠬᠤᠲᠠ᠎ᠶ᠋ᠢ ᠵᠢᠯᠣᠭᠤᠳᠤᠨ ᠠᠳᠠᠯᠢ ᠪᠤᠰᠤ ᠲᠠᠷᠢᠮᠠᠯ᠂ ᠤᠰᠤᠯᠠᠯᠲᠠ᠎ᠶ᠋ᠢᠨ ᠵᠠᠭ᠍ᠪᠤᠷ᠂ ᠬᠥᠷᠥᠰᠥ᠍ ᠱᠢᠷᠣᠶ᠎ᠶ᠋ᠢᠨ ᠱᠢᠨᠵᠢ ᠴᠢᠨᠠᠷ ᠵᠡᠷᠭᠡ ᠬᠦᠴᠦᠨ ᠵᠦᠢᠯ᠎ᠢ ᠦᠨᠳᠦᠰᠦᠯᠡᠨ ᠲᠠᠷᠢᠶᠠᠯᠠᠩ᠎ᠳᠤ ᠬᠡᠷᠡᠭ᠌ᠯᠡᠬᠦ᠌ ᠤᠰᠤᠨ᠎ᠤ ᠲᠣᠭ᠍ᠲᠠᠭ᠍ᠰᠠᠨ ᠨᠣᠷᠮ᠎ᠠ᠎ᠶ᠋ᠢᠨ ᠪᠠᠷᠢᠮᠵᠢᠶ᠎ᠠ᠎ᠶ᠋ᠢ ᠲᠣᠭ᠍ᠲᠠᠭᠠᠵᠤ᠂ 《ᠪᠠᠶᠠᠨᠨᠠᠭᠤᠷ ᠬᠤᠲᠠ᠎ᠶ᠋ᠢᠨ ᠲᠠᠷᠢᠶᠠᠨ ᠭᠠᠵᠠᠷ᠎ᠤᠨ ᠤᠰᠤᠯᠠᠯᠲᠠ᠎ᠶ᠋ᠢᠨ ᠤᠰᠤ ᠬᠡᠷᠡᠭ᠌ᠯᠡᠬᠦ᠌ ᠬᠠᠮᠢᠶᠠᠷᠤᠯᠲᠠ᠎ᠶ᠋ᠢᠨ ᠲᠦᠷᠢᠮ》᠎ᠢ ᠰᠤᠳᠤᠯᠤᠨ ᠲᠣᠭ᠍ᠲᠠᠭᠠᠵᠤ᠂ ᠶᠡᠷᠦᠩᠬᠡᠶ ᠬᠡᠮᠵᠢᠶ᠎ᠡ᠎ᠶ᠋ᠢ ᠡᠵᠡᠮᠳᠡᠬᠦ᠂ ᠨᠣᠷᠮ᠎ᠠ ᠲᠣᠭ᠍ᠲᠠᠭᠠᠨ ᠬᠠᠮᠢᠶᠠᠷᠬᠤ᠎ᠶ᠋ᠢ ᠤᠶᠠᠯᠳᠤᠭᠤᠯᠤᠭ᠍ᠰᠠᠨ ᠤᠰᠤᠯᠠᠯᠲᠠ᠎ᠶ᠋ᠢᠨ ᠬᠠᠮᠢᠶᠠᠷᠤᠯᠲᠠ᠎ᠶ᠋ᠢᠨ ᠲᠦᠷᠢᠮ᠎ᠢ ᠴᠢᠩᠭ᠎ᠠ ᠬᠡᠷᠡᠭ᠌ᠵᠢᠭᠦᠯᠦᠨ᠎ᠡ᠃ ᠬᠤᠶᠠᠷ᠎ᠲᠤ᠌᠂ 《ᠬᠤᠶᠠᠷ ᠲᠠᠯ᠎ᠠ》᠎ᠪᠠᠷ ᠤᠰᠤᠯᠠᠯᠲᠠ᠎ᠶ᠋ᠢᠨ ᠣᠷᠣᠨ᠎ᠤ ᠣᠳᠣᠬᠢᠴᠢᠯᠠᠯᠲᠠ᠎ᠶ᠋ᠢᠨ ᠥᠭᠡᠷᠡᠴᠢᠯᠡᠯᠲᠡ᠎ᠶ᠋ᠢᠨ ᠠᠵᠢᠯ᠎ᠢ ᠬᠦᠴᠦᠯᠡᠨ ᠠᠬᠢᠭᠤᠯᠪᠠ᠃ 《ᠤᠰᠤ ᠠᠷᠪᠢᠯᠠᠬᠤ᠂ ᠳᠠᠷᠤᠯᠲᠠ ᠬᠡᠲᠦᠷᠡᠬᠦ᠂ ᠱᠢᠯᠵᠢᠭᠦᠯᠦᠨ ᠥᠭ᠌ᠬᠦ᠂ ᠦᠷ᠎ᠡ ᠠᠱᠢᠭ᠎ᠢ ᠨᠡᠮᠡᠭ᠌ᠳᠡᠭᠦᠯᠬᠦ᠌》 ᠪᠠ 《ᠬᠡᠮᠵᠢᠵᠦ᠍ ᠪᠣᠯᠬᠤ᠂ ᠬᠢᠨᠠᠨ ᠱᠢᠯᠭᠠᠵᠤ ᠪᠣᠯᠬᠤ᠂ ᠡᠵᠡᠮᠳᠡᠵᠦ᠍ ᠪᠣᠯᠬᠤ》 ᠵᠠᠷᠴᠢᠮ ᠶᠣᠰᠣᠭᠠᠷ᠂ 《ᠨᠢᠭᠡ ᠲᠠᠯ᠎ᠠ᠎ᠪᠠᠷ ᠤᠰᠤ ᠠᠷᠪᠢᠯᠠᠬᠤ᠂ ᠱᠢᠯᠵᠢᠭᠦᠯᠦᠨ ᠥᠭ᠌ᠬᠦ᠂ ᠨᠢᠭᠡ ᠲᠠᠯ᠎ᠠ᠎ᠪᠠᠷ ᠬᠠᠰᠤᠵᠤ ᠬᠡᠲᠦᠷᠡᠭᠦᠯᠬᠦ᠌》 ᠪᠠ 《ᠤᠷᠢᠳᠠᠪᠠᠷ ᠲᠤᠷᠱᠢᠯᠲᠠ ᠬᠢᠵᠦ᠍᠂ ᠳᠠᠷᠠᠭ᠎ᠠ᠎ᠨᠢ ᠠᠬᠢᠭᠤᠯᠬᠤ》 ᠠᠷᠭ᠎ᠠ ᠮᠠᠶᠢᠭ᠎ᠢ ᠠᠪᠴᠤ᠌᠂ ᠤᠰᠤᠯᠠᠯᠲᠠ᠎ᠶ᠋ᠢᠨ ᠣᠷᠣᠨ᠎ᠤ ᠤᠰᠤ ᠬᠡᠷᠡᠭ᠌ᠯᠡᠬᠦ᠌ ᠠᠮᠤᠷ ᠲᠦᠪᠱᠢᠨ᠎ᠢ ᠦᠨᠡᠨᠬᠦ᠌ ᠪᠠᠲᠤᠯᠠᠬᠤ ᠪᠠ ᠲᠠᠷᠢᠶᠠᠯᠠᠩ᠎ᠤᠨ ᠤᠰᠤ ᠬᠡᠷᠡᠭ᠌ᠯᠡᠬᠦ᠌᠎ᠶ᠋ᠢ ᠱᠢᠬᠠᠨ ᠡᠵᠡᠯᠡᠬᠦ᠌ ᠥᠬᠡᠶ ᠪᠠᠢᠬᠤ ᠤᠷᠢᠲᠠᠯ ᠳᠣᠤᠷ᠎ᠠ᠂ ᠪᠠᠷᠢᠯᠭ᠎ᠠ᠎ᠶ᠋ᠢᠨ ᠤᠰᠤ ᠠᠷᠪᠢᠯᠠᠬᠤ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠤᠰᠤ ᠳᠠᠮᠵᠢᠭᠤᠯᠬᠤ ᠢᠨᠵᠧᠨᠧᠷᠢᠩ᠎ᠤᠨ ᠳᠤᠮᠳᠠᠬᠢ ᠨᠡᠪᠴᠢᠬᠦ᠌ ᠤᠰᠤᠨ᠎ᠤ ᠬᠡᠮᠵᠢᠶ᠎ᠡ᠎ᠶ᠋ᠢ ᠱᠢᠯᠵᠢᠭᠦᠯᠦᠨ ᠥᠭ᠌ᠴᠦ᠂ ᠨᠡᠢᠭᠡᠮ᠎ᠤᠨ ᠪᠠᠯᠠ ᠮᠥᠩᠭᠦ᠎ᠶ᠋ᠢᠨ ᠤᠰᠤᠯᠠᠯᠲᠠ᠎ᠶ᠋ᠢᠨ ᠣᠷᠣᠨ᠎ᠤ ᠤᠰᠤ ᠠᠷᠪᠢᠯᠠᠬᠤ ᠥᠭᠡᠷᠡᠴᠢᠯᠡᠯᠲᠡ᠎ᠶ᠋ᠢᠨ ᠢᠨᠵᠧᠨᠧᠷᠢᠩ᠎ᠤᠨ ᠪᠥᠲᠥᠭᠡᠨ ᠪᠠᠢᠭᠤᠯᠤᠯᠲᠠ᠎ᠳᠤ ᠣᠷᠣᠭᠤᠯᠬᠤ᠎ᠶ᠋ᠢ ᠵᠣᠷᠢᠭ᠍ᠵᠢᠭᠤᠯᠵᠤ᠂ ᠪᠣᠷᠣᠲᠣᠬᠤᠶ᠎ᠶ᠋ᠢᠨ ᠤᠰᠤᠯᠠᠯᠲᠠ᠎ᠶ᠋ᠢᠨ ᠣᠷᠣᠨ᠎ᠤ ᠲᠠᠷᠢᠶᠠᠯᠠᠩ᠎ᠤᠨ ᠤᠰᠤ ᠠᠷᠪᠢᠯᠠᠬᠤ ᠠᠵᠢᠯ᠎ᠤᠨ ᠪᠥᠬᠦ᠌ ᠲᠠᠯ᠎ᠠ᠎ᠶ᠋ᠢᠨ᠂ ᠭᠦᠨ ᠳᠠᠪᠬᠤᠷᠭ᠎ᠠ᠎ᠶ᠋ᠢᠨ ᠭᠦᠨᠵᠡᠭᠡᠢᠷᠡᠨ ᠠᠭᠢᠬᠤ᠎ᠶ᠋ᠢ ᠪᠡᠶᠡᠯᠡᠭᠦᠯᠵᠦ᠍᠂ ᠨᠠᠩ ᠢᠯᠡᠷᠬᠡᠶ ᠤᠰᠤ ᠠᠷᠪᠢᠯᠠᠬᠤ ᠦᠷ᠎ᠡ ᠪᠦᠲᠦᠮᠵᠢ ᠤᠯᠪᠠ᠃ 2013 ᠣᠨ᠎ᠠᠴᠠ ᠨᠠᠭᠠᠰᠢ᠂ ᠪᠣᠷᠣᠲᠣᠬᠣᠶ᠎ᠶ᠋ᠢᠨ ᠤᠰᠤᠯᠠᠯᠲᠠ᠎ᠶ᠋ᠢᠨ ᠣᠷᠣᠨ ᠨᠡᠢᠲᠡ 80 ᠭᠠᠷᠤᠶ ᠳ᠋ᠦᠩᠱᠢᠭᠤᠷ ᠲᠥᠭᠥᠷᠢᠭ᠎ᠦᠨ ᠨᠡᠢᠭᠡᠮ᠎ᠦᠨ ᠬᠥᠷᠥᠩᠭᠡ᠎ᠶ᠋ᠢ ᠠᠱᠢᠭ᠍ᠯᠠᠨ ᠤᠰᠤᠯᠠᠯᠲᠠ᠎ᠶ᠋ᠢᠨ ᠣᠷᠣᠨ᠎ᠢ ᠦᠷᠭᠦᠯᠵᠢᠯᠡᠨ ᠪᠠᠢᠭᠤᠯᠵᠤ ᠢᠵᠢ ᠪᠦᠷᠢᠳᠦᠭᠦᠯᠬᠦ᠌ ᠪᠠ ᠤᠰᠤ ᠠᠷᠪᠢᠯᠠᠬᠤ ᠥᠭᠡᠷᠡᠴᠢᠯᠡᠯᠲᠡ᠎ᠶ᠋ᠢ ᠬᠡᠷᠡᠭ᠌ᠵᠢᠭᠦᠯᠵᠦ᠍᠂ ᠲᠠᠷᠢᠶᠠᠯᠠᠩ᠎ᠳᠤ ᠬᠡᠷᠡᠭ᠌ᠯᠡᠬᠦ᠌ ᠤᠰᠤᠨ᠎ᠤ ᠬᠡᠮᠵᠢᠶ᠎ᠡ᠎ᠶ᠋ᠢ ᠨᠡᠢᠲᠡ 4.76 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ ᠱᠢᠯᠵᠢᠭᠦᠯᠦᠨ ᠥᠭ᠌ᠴᠦ ᠂ 380 ᠭᠠᠷᠤᠶ ᠠᠵᠤ ᠦᠢᠯᠡᠳᠪᠦᠷᠢ᠎ᠶ᠋ᠢᠨ ᠲᠥᠷᠥᠯ ᠵᠦᠢᠯ᠎ᠳᠦ ᠤᠰᠤᠨ᠎ᠤ ᠡᠬᠢ ᠰᠤᠷᠪᠤᠯᠵᠢ᠎ᠶ᠋ᠢᠨ ᠪᠠᠲᠤᠯᠠᠭ᠎ᠠ ᠬᠠᠩᠭᠠᠵᠤ᠂ ᠠᠵᠤ ᠦᠢᠯᠡᠳᠪᠦᠷᠢ᠎ᠶ᠋ᠢᠨ ᠨᠡᠮᠡᠭ᠌ᠳᠡᠯ ᠥᠷᠲᠡᠭ᠎ᠢ 4000 ᠳ᠋ᠦᠩᠱᠢᠭᠤᠷ ᠲᠥᠭᠥᠷᠢᠭ ᠪᠡᠶᠡᠯᠡᠭᠦᠯᠪᠡ᠃ 2023 ᠣᠨ᠎ᠳᠤ ᠬᠠᠲᠤᠨ ᠭᠤᠤᠯ᠎ᠤᠨ ᠭᠤᠤᠯ ᠤᠷᠤᠰᠭᠠᠯ᠎ᠤᠨ ᠤᠰᠤᠨ᠎ᠤ ᠡᠷᠬᠡ᠎ᠶ᠋ᠢᠨ ᠠᠢᠮᠠᠭ ᠬᠤᠲᠠ᠎ᠶ᠋ᠢᠨ ᠬᠤᠭᠤᠷᠣᠨᠳᠣᠬᠢ ᠱᠢᠯᠵᠢᠭᠦᠯᠦᠨ ᠥᠭ᠌ᠬᠦ ᠬᠤᠶᠠᠳᠤᠭᠠᠷ ᠬᠤᠭᠤᠴᠠᠭᠠᠨ᠎ᠤ ᠢᠨᠵᠧᠨᠧᠷᠢᠩ᠎ᠢ ᠡᠬᠢᠯᠡᠭᠦᠯᠵᠦ᠍᠂ ᠡᠭᠦᠨ᠎ᠳᠤ ᠰᠡᠷᠭᠦᠨ ᠮᠠᠨᠳᠤᠯᠲᠠ᠎ᠶ᠋ᠢᠨ ᠤᠰᠤᠯᠠᠯᠲᠠ᠎ᠶ᠋ᠢᠨ ᠣᠷᠣᠨ᠎ᠤ ᠢᠨᠵᠧᠨᠧᠷᠢᠩ᠎ᠢ ᠨᠢᠭᠡᠨᠲᠡ ᠤᠷᠢᠳ᠎ᠢᠶᠠᠷ ᠪᠠᠷᠢᠯᠭ᠎ᠠ ᠳᠠᠭᠤᠰᠤᠭ᠍ᠰᠠᠨ᠎ᠢ ᠱᠢᠯᠭᠠᠨ ᠠᠪᠬᠤ ᠪᠠ ᠤᠰᠤᠨ᠎ᠤ ᠬᠡᠮᠵᠢᠶ᠎ᠡ᠎ᠶ᠋ᠢ ᠬᠠᠷᠭᠤᠭᠤᠯᠤᠨ ᠱᠢᠯᠭᠠᠵᠤ᠂ ᠤᠰᠤᠨ᠎ᠤ ᠭᠦᠢᠴᠡᠳᠭᠡᠯ ᠲᠤᠭ᠎ᠠ᠎ᠶ᠋ᠢ ᠤᠷᠢᠳ᠎ᠢᠶᠠᠷ 5300 ᠲᠦᠮᠡᠨ ᠪᠣᠰᠤᠭ᠎ᠠ ᠳᠥᠷᠪᠡᠯᠵᠢᠨ ᠮᠧᠲᠷ ᠱᠢᠯᠵᠢᠭᠦᠯᠦᠨ ᠥᠭ᠌ᠴᠦ ᠪᠣᠯᠤᠨ᠎ᠠ᠃

  ᠲᠠᠪᠤ᠂ ᠲᠠᠷᠠᠭᠠᠴᠢ᠎ᠶ᠋ᠢᠨ ᠠᠯᠬᠤᠮ᠎ᠤᠨ ᠠᠵᠢᠯ᠎ᠤᠨ ᠲᠥᠯᠥᠪᠯᠡᠭᠡ

  ᠳᠠᠷᠠᠭᠠᠴᠢ᠎ᠶ᠋ᠢᠨ ᠠᠯᠬᠤᠮ᠎ᠳᠤ᠂ ᠤᠰᠤᠨ ᠠᠱᠢᠭ᠍ᠯᠠᠯᠲᠠ᠎ᠶ᠋ᠢᠨ ᠲᠢᠩᠬᠢᠮ᠎ᠨᠢ ᠲᠠᠷᠢᠶᠠᠯᠠᠩ᠎ᠤᠨ ᠤᠰᠤ ᠠᠷᠪᠢᠯᠠᠵᠤ ᠤᠰᠤ᠎ᠶ᠋ᠢ ᠡᠵᠡᠮᠳᠡᠬᠦ᠌᠎ᠪᠠᠷ ᠶᠡᠷᠦᠩᠬᠡᠢ ᠬᠠᠷᠠᠯᠲᠠ ᠪᠣᠯᠭᠠᠵᠤ᠂ ᠤᠰᠤ ᠠᠷᠪᠢᠯᠠᠬᠤ ᠠᠵᠢᠯᠯᠠᠭ᠎ᠠ᠎ᠶ᠋ᠢ ᠪᠦᠬᠦ᠌ ᠬᠦᠴᠦᠨ᠎ᠢᠶᠠᠷ᠎ᠢᠶᠠᠨ ᠬᠡᠷᠡᠭ᠌ᠵᠢᠭᠦᠯᠵᠦ᠍᠂ ᠪᠣᠷᠣᠲᠣᠬᠤᠢ᠎ᠶ᠋ᠢᠨ ᠤᠰᠤᠯᠠᠯᠲᠠ᠎ᠶ᠋ᠢᠨ ᠣᠷᠣᠨ᠎ᠤ ᠤᠰᠤ ᠠᠷᠪᠢᠯᠠᠬᠤ ᠢᠨᠵᠧᠨᠧᠷᠢᠩ᠎ᠤᠨ ᠥᠭᠡᠷᠡᠴᠢᠯᠡᠯᠲᠡ᠂ ᠤᠰᠤᠨ᠎ᠤ ᠡᠬᠢ ᠪᠠᠶᠠᠯᠢᠭ᠎ᠤᠨ ᠲᠤᠬᠢᠷᠠᠭᠤᠯᠤᠯᠳᠠ᠎ᠶ᠋ᠢ ᠱᠢᠯᠢᠳᠡᠭ᠌ᠵᠢᠭᠦᠯᠬᠦ᠂ ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠱᠢᠭ᠎ᠢ ᠨᠡᠮᠡᠭ᠌ᠳᠡᠭᠦᠯᠬᠦ᠌ ᠲᠦᠷᠢᠮ᠎ᠤᠨ ᠱᠢᠰᠲ᠋ᠧᠮ᠎ᠢ ᠪᠦᠷᠢᠨᠱᠢᠬᠦᠯᠬᠦ᠌ ᠵᠡᠷᠭᠡ ᠭᠤᠣᠯᠳᠠᠯᠭ᠎ᠠ᠎ᠲᠠᠢ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠭᠤᠵᠤ᠂ ᠠᠮᠤ ᠪᠤᠳᠠᠭᠠᠨ᠎ᠤ ᠠᠮᠤᠷ ᠲᠦᠪᠱᠢᠨ᠂ ᠠᠮᠢ ᠠᠬᠤᠢ᠎ᠶ᠋ᠢᠨ ᠠᠮᠤᠷ ᠲᠦᠪᠱᠢᠨ᠎ᠢ ᠪᠠᠲᠤᠯᠠᠭ᠍ᠰᠠᠨ ᠤᠷᠢᠲᠠᠯ ᠳᠣᠣᠷ᠎ᠠ᠂ ᠲᠠᠷᠢᠶᠠᠯᠠᠩ᠎ᠳᠤ ᠬᠡᠷᠡᠭ᠌ᠯᠡᠬᠦ᠌ ᠤᠰᠤ᠎ᠶ᠋ᠢ ᠬᠠᠮᠤᠭ᠎ᠤᠨ ᠶᠡᠭᠡ ᠬᠡᠮᠵᠢᠶ᠎ᠡ᠎ᠪᠠᠷ ᠠᠷᠪᠢᠯᠠᠬᠤ᠎ᠶ᠋ᠢ ᠪᠠᠲᠤᠯᠠᠵᠤ᠂ ᠬᠤᠪᠣᠷ ᠨᠠᠨᠳᠢᠨ ᠬᠢᠵᠠᠭᠠᠷ᠎ᠲᠠᠢ ᠤᠰᠤᠨ᠎ᠤ ᠡᠬᠢ ᠪᠠᠶᠠᠯᠢᠭ᠎ᠢ ᠠᠮᠢ ᠠᠬᠤᠢ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭ᠌ᠵᠢᠯᠲᠡ᠎ᠶ᠋ᠢ ᠲᠤᠯᠭᠠᠭᠤᠷᠢᠯᠠᠬᠤ ᠬᠠᠮᠤᠭ᠎ᠤᠨ ᠶᠡᠭᠡ ᠦᠷ᠎ᠡ ᠠᠱᠢᠭ᠎ᠢ ᠪᠠᠳᠠᠷᠠᠭᠤᠯᠬᠤ ᠪᠣᠯᠣᠨ᠎ᠠ᠃ ᠨᠢᠭᠡ᠎ᠳᠤ᠂ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠤᠰᠤᠯᠠᠯᠲᠠ᠎ᠶ᠋ᠢᠨ ᠣᠷᠣᠨ᠎ᠤ ᠥᠭᠡᠷᠡᠴᠢᠯᠡᠯᠲᠡ᠎ᠶ᠋ᠢᠨ ᠡᠭᠦᠷᠭᠡ᠎ᠶ᠋ᠢ ᠪᠥᠬᠦ᠌ ᠲᠠᠯ᠎ᠠ᠎ᠪᠠᠷ ᠲᠡᠭᠦᠰᠭᠡᠬᠦ᠌᠎ᠶ᠋ᠢ ᠠᠬᠢᠭᠤᠯᠵᠤ᠂ 《ᠬᠤᠶᠠᠷ ᠭᠣᠣᠯᠳᠠᠯᠭ᠎ᠠ 》 ᠪᠣᠷᠣᠲᠣᠬᠤᠶ᠎ᠶ᠋ᠢᠨ ᠤᠰᠤᠯᠠᠯᠲᠠ᠎ᠶ᠋ᠢᠨ ᠣᠷᠣᠨ᠎ᠤ ᠣᠳᠣᠬᠢᠴᠢᠯᠠᠭ᠍ᠰᠠᠨ ᠥᠭᠡᠷᠡᠴᠢᠯᠡᠯᠲᠡ᠎ᠶ᠋ᠢᠨ ᠲᠥᠷᠥᠯ ᠵᠦᠢᠯ᠎ᠢ ᠠᠩᠬ᠎ᠠ ᠠᠯᠬᠤᠮ ᠵᠢᠷᠤᠵᠤ ᠲᠥᠯᠥᠪᠯᠡᠬᠦ᠌ ᠠᠵᠢᠯ᠎ᠢ ᠵᠢᠯᠣᠭᠤᠳᠴᠤ᠌᠂ 2025 ᠣᠨ ᠵᠢᠴᠢ 《ᠠᠷᠪᠠᠨ ᠲᠠᠪᠤᠳᠤᠭᠠᠷ ᠲᠠᠪᠤᠨ ᠵᠢᠯ》᠎ᠤᠨ ᠤᠰᠤᠯᠠᠯᠲᠠ᠎ᠶ᠋ᠢᠨ ᠣᠷᠣᠨ᠎ᠤ ᠥᠭᠡᠷᠡᠴᠢᠯᠡᠯᠲᠡ᠎ᠶ᠋ᠢᠨ ᠲᠥᠷᠥᠯ ᠵᠦᠢᠯ᠎ᠤᠨ ᠡᠮᠦᠨᠡᠬᠢ ᠬᠤᠭᠤᠴᠠᠭᠠᠨ᠎ᠤ ᠠᠵᠢᠯ᠎ᠢ ᠦᠷᠭᠦᠯᠵᠢᠯᠡᠨ ᠰᠠᠢᠲᠤᠷ ᠬᠢᠵᠦ᠍᠂ ᠤᠰᠤᠯᠠᠯᠲᠠ᠎ᠶ᠋ᠢᠨ ᠣᠷᠣᠨ᠎ᠤ ᠣᠳᠣᠬᠢᠴᠢᠯᠠᠯᠲᠠ᠎ᠶ᠋ᠢᠨ ᠥᠭᠡᠷᠡᠴᠢᠯᠡᠯᠲᠡ᠎ᠶ᠋ᠢ ᠨᠠᠩ ᠣᠯᠠᠨ ᠪᠠᠯᠠ ᠮᠥᠩᠭᠦ᠎ᠶ᠋ᠢ ᠤᠯᠬᠤ᠎ᠪᠠᠷ ᠢᠳᠡᠪᠬᠢᠲᠡᠶ ᠴᠢᠷᠮᠠᠢᠨ᠎ᠠ᠃ ᠬᠤᠶᠠᠷ᠎ᠲᠤ᠌᠂ ᠪᠣᠷᠣᠲᠣᠬᠤᠶ᠎ᠶ᠋ᠢᠨ ᠤᠰᠤᠯᠠᠯᠲᠠ᠎ᠶ᠋ᠢᠨ ᠣᠷᠣᠨ᠎ᠤ ᠤᠰᠤ ᠠᠷᠪᠢᠯᠠᠬᠤ ᠳᠠᠯᠳᠠ ᠬᠦᠴᠦᠨ᠂ ᠬᠥᠭ᠌ᠵᠢᠯᠲᠡ᠎ᠶ᠋ᠢᠨ ᠤᠰᠤᠯᠠᠯᠲᠠ᠎ᠶ᠋ᠢᠨ ᠲᠠᠯᠠᠪᠠᠶ ᠪᠠ ᠤᠰᠤ ᠬᠡᠷᠡᠭ᠌ᠯᠡᠬᠦ᠌ ᠶᠡᠷᠦᠩᠬᠡᠶ ᠬᠡᠮᠵᠢᠶ᠎ᠡ᠎ᠶ᠋ᠢᠨ ᠬᠤᠷᠢᠭ᠎ᠠ ᠱᠤᠭᠤᠮ᠎ᠤᠨ ᠰᠤᠳᠤᠯᠭᠠᠨ᠎ᠢ ᠦᠷᠭᠦᠯᠵᠢᠯᠡᠨ ᠥᠷᠨᠢᠭᠦᠯᠵᠦ᠍᠂ ᠤᠰᠤ ᠠᠷᠪᠢᠯᠠᠬᠤ ᠠᠷᠭ᠎ᠠ ᠬᠡᠮᠵᠢᠶ᠎ᠡ᠎ᠨᠢ ᠪᠣᠷᠣᠲᠣᠬᠤᠶ᠎ᠶ᠋ᠢᠨ ᠤᠰᠤᠯᠠᠯᠲᠠ᠎ᠶ᠋ᠢᠨ ᠣᠷᠣᠨ᠎ᠤ ᠲᠠᠷᠢᠶᠠᠯᠠᠩ᠂ ᠠᠮᠢ ᠠᠬᠤᠶ ᠵᠡᠷᠭᠡ᠎ᠳᠤ ᠦᠵᠡᠭᠦᠯᠬᠦ᠌ ᠨᠥᠯᠥᠭᠡ᠎ᠶ᠋ᠢ ᠪᠤᠰᠤᠳᠴᠢ᠎ᠪᠠᠷ ᠦᠨᠡᠯᠡᠵᠦ᠍᠂ ᠤᠰᠤᠯᠠᠯᠲᠠ᠎ᠳᠤ ᠬᠡᠷᠡᠭ᠌ᠯᠡᠬᠦ᠌ ᠤᠰᠤᠨ᠎ᠤ ᠦᠢᠯᠡᠳᠪᠦᠷᠢᠯᠡᠯ ᠪᠠ ᠠᠮᠢ ᠠᠬᠤᠶ᠎ᠶ᠋ᠢᠨ ᠳᠠᠪᠬᠤᠷ ᠦᠢᠯᠡᠳᠦᠯ᠎ᠢ ᠬᠠᠮᠵᠢᠯᠴᠠᠨ ᠪᠠᠳᠠᠷᠠᠭᠤᠯᠤᠨ᠎ᠠ᠃ ᠭᠤᠷᠪᠠ᠎ᠳᠤ᠂ ᠤᠰᠤᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠪᠣᠷᠣᠲᠣᠬᠤᠶ᠎ᠶ᠋ᠢᠨ ᠤᠰᠤᠯᠠᠯᠲᠠ᠎ᠶ᠋ᠢᠨ ᠣᠷᠣᠨ᠎ᠤ ᠨᠠᠮᠤᠷ᠎ᠤᠨ ᠤᠰᠤᠯᠠᠯᠲᠠ᠂ ᠬᠠᠪᠤᠷ᠎ᠤᠨ ᠲᠠᠷᠢᠶᠠᠯᠠᠭ᠎ᠠ᠎ᠶ᠋ᠢᠨ ᠤᠰᠤᠯᠠᠯᠲᠠ᠎ᠶ᠋ᠢᠨ ᠬᠠᠮᠲᠤᠷᠠᠭ᠍ᠰᠠᠨ ᠰᠤᠳᠤᠯᠭᠠᠨ᠎ᠢ ᠦᠷᠭᠦᠯᠵᠢᠯᠡᠨ ᠥᠷᠨᠢᠭᠦᠯᠵᠦ᠍᠂ ᠦᠷᠡᠵᠢᠯ᠎ᠤᠨ ᠪᠤᠰᠤ ᠬᠤᠭᠤᠴᠠᠭᠠᠨ᠎ᠳᠠᠬᠢ ᠤᠰᠤ ᠬᠡᠷᠡᠭ᠌ᠯᠡᠬᠦ᠌ ᠬᠡᠮᠵᠢᠶ᠎ᠡ᠎ᠶ᠋ᠢ ᠵᠦᠶ ᠵᠣᠬᠢᠰᠲᠠᠶ ᠬᠢᠵᠠᠭᠠᠷᠯᠠᠨ᠎ᠠ᠃ ᠳᠥᠷᠪᠡ᠎ᠳᠤ᠂ ᠪᠠᠶᠠᠨᠨᠠᠭᠤᠷ ᠬᠤᠲᠠ᠎ᠶ᠋ᠢᠨ ᠭᠠᠵᠠᠷ ᠣᠷᠣᠨ᠎ᠤ ᠪᠠᠢᠳᠠᠯ᠎ᠳᠤ᠎ᠪᠠᠨ ᠲᠣᠬᠢᠷᠠᠭᠤᠯᠤᠨ ᠲᠠᠷᠢᠶᠠᠯᠠᠩ᠎ᠤᠨ ᠤᠰᠤ ᠬᠡᠷᠡᠭ᠌ᠯᠡᠬᠦ᠌ ᠲᠣᠭ᠍ᠲᠠᠭ᠍ᠰᠠᠨ ᠨᠣᠷᠮ᠎ᠠ᠎ᠶ᠋ᠢᠨ ᠪᠠᠷᠢᠮᠵᠢᠶ᠎ᠠ᠎ᠶ᠋ᠢ ᠨᠠᠷᠢᠯᠢᠭ᠍ᠵᠢᠭᠤᠯᠬᠤ᠎ᠶ᠋ᠢ ᠵᠢᠯᠣᠭᠤᠳᠴᠤ᠌᠂ ᠨᠡᠢᠭᠡᠮ᠎ᠤᠨ ᠬᠥᠷᠥᠩᠭᠡ᠎ᠶ᠋ᠢ ᠢᠳᠡᠪᠬᠢᠲᠡᠶ᠎ᠪᠠᠷ ᠲᠠᠲᠠᠵᠤ ᠤᠰᠤᠯᠠᠯᠲᠠ᠎ᠶ᠋ᠢᠨ ᠣᠷᠣᠨ᠎ᠤ ᠬᠠᠮᠢᠶᠠᠷᠤᠯᠲᠠ ᠪᠠ ᠦᠢᠯᠡᠴᠢᠯᠡᠭᠡ᠎ᠳᠤ ᠣᠷᠣᠯᠴᠠᠭᠤᠯᠵᠤ᠂ ᠤᠰᠤᠯᠠᠯᠲᠠ᠎ᠶ᠋ᠢᠨ ᠣᠷᠣᠨ᠎ᠤ ᠤᠰᠤ ᠬᠠᠩᠭᠠᠬᠤ ᠪᠠᠲᠤᠯᠠᠭ᠎ᠠ᠎ᠶ᠋ᠢᠨ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠂ ᠤᠰᠤᠯᠠᠯᠲᠠ᠎ᠶ᠋ᠢᠨ ᠣᠷᠣᠨ᠎ᠤ ᠵᠠᠬ᠎ᠠ ᠳᠡᠯᠭᠡᠭᠦᠷ᠎ᠤᠨ ᠭᠤᠤᠯ ᠴᠣᠭ᠍ᠴᠠ᠎ᠶ᠋ᠢᠨ ᠤᠰᠤ ᠠᠷᠪᠢᠯᠠᠬᠤ ᠬᠥᠳᠡᠯᠭᠡᠬᠦ᠌ ᠬᠦᠴᠦᠨ᠎ᠢ ᠬᠥᠭ᠌ᠵᠢᠭᠡᠨ᠎ᠡ᠃

  

  ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ

  2025 ᠣᠨ᠎ᠤ 7 ᠳ᠋ᠤᠭᠠᠷ ᠰᠠᠷ᠎ᠠ᠎ᠶ᠋ᠢᠨ 29 ᠎ᠤ ᠡᠳᠦᠷ

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            