ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠦᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠬᠠᠤᠯᠢ ᠴᠠᠭ᠋ᠠᠵᠠ ᠵᠢᠨ ᠶᠠᠮᠤᠨ᠂ ᠤᠰᠤᠨ ᠠᠰᠢᠭᠯᠠᠯᠲᠠ ᠵᠢᠨ ᠶᠠᠮᠤᠨ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠶᠠᠮᠤᠨ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠬᠠᠷᠢᠭᠤᠴᠠᠯᠭ᠋ᠠᠲᠠᠨ 《ᠤᠰᠤ ᠵᠢ ᠠᠷᠪᠢᠯᠠᠨ ᠭᠠᠮᠨᠠᠬᠤ ᠳᠦᠷᠢᠮ》᠎ᠤᠨ ᠲᠤᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
ᠨᠡᠶ᠋ᠢᠲᠡᠯᠡᠭᠰᠡᠨ ᠴᠠᠭ᠄ 2024-04-09

  2024 ᠣᠨ᠎ᠤ 3 ᠳ᠋ᠤᠭ᠋ᠠᠷ ᠰᠠᠷ᠎ᠠ ᠵᠢᠨ 9᠎ᠤ ᠡᠳᠦᠷ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠶᠡᠷᠦᠩᠬᠡᠶ ᠰᠠᠶ᠋ᠢᠳ ᠯᠢ ᠴᠢᠶᠠᠩ ᠲᠥᠷᠥ ᠵᠢᠨ ᠶᠠᠪᠤᠳᠠᠯ᠎ᠤᠨ ᠬᠤᠷᠢᠶᠠᠨ᠎ᠤ 776 ᠳ᠋ᠤᠭ᠋ᠠᠷ ᠲᠣᠭ᠋ᠠᠲᠤ ᠵᠠᠷᠯᠢᠭ᠎ᠲᠤ ᠭᠠᠷ᠎ᠤᠨ ᠥᠰᠥᠭ ᠵᠢᠷᠤᠵᠤ᠂ 《ᠤᠰᠤ ᠵᠢ ᠠᠷᠪᠢᠯᠠᠵᠤ ᠬᠡᠷᠡᠭᠯᠡᠬᠦ ᠲᠦᠷᠢᠮ》 (ᠳᠣᠷᠣᠭᠰᠢ 《ᠲᠦᠷᠢᠮ》 ᠭᠡᠵᠦ ᠲᠣᠪᠴᠢᠯᠠᠨ᠎ᠠ)᠎ᠢ ᠨᠡᠶ᠋ᠢᠲᠡᠯᠡᠵᠦ᠂ 2024 ᠣᠨ᠎ᠤ 5 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠤᠢ᠌ᠷ᠎ᠠ᠎ᠳᠤ᠂ ᠬᠠᠤᠯᠢ ᠴᠠᠭ᠋ᠠᠵᠠ ᠵᠢᠨ ᠶᠠᠮᠤᠨ᠂ ᠤᠰᠤᠨ ᠠᠰᠢᠭᠯᠠᠯᠲᠠ ᠵᠢᠨ ᠶᠠᠮᠤᠨ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠍ᠭᠤᠯᠤᠯᠲᠠ ᠵᠢᠨ ᠶᠠᠮᠤᠨ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠬᠠᠷᠢᠭᠤᠴᠠᠯᠭ᠋ᠠᠲᠠᠨ 《ᠳᠦᠷᠢᠮ》᠎ᠤᠨ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃

   ᠠᠰᠠᠭᠤᠬᠤ᠎ᠨᠢ᠄ 《ᠲᠦᠷᠢᠮ》᠎ᠢ ᠨᠡᠶ᠋ᠢᠲᠡᠯᠡᠭᠰᠡᠨ ᠠᠬᠤᠶ ᠪᠠᠶ᠋ᠢᠳᠠᠯ᠎ᠢ ᠲᠥᠬᠦᠮ ᠲᠠᠨᠢᠯᠴᠠᠭᠤᠯᠤᠭ᠋ᠠᠷᠠᠢ᠃

   ᠬᠠᠷᠢᠭᠤᠯᠬᠤ᠎ᠨᠢ᠄ ᠤᠰᠤ ᠪᠣᠯ ᠤᠯᠤᠰ᠎ᠤᠨ ᠠᠵᠤ ᠠᠬᠤᠶ ᠠᠷᠠᠳ᠎ᠤᠨ ᠠᠮᠢᠳᠤᠷᠠᠯ᠎ᠳᠤ ᠬᠤᠯᠪᠣᠭᠳᠠᠬᠤ ᠰᠠᠭᠤᠷᠢ ᠴᠢᠨᠠᠷᠲᠠᠶ ᠪᠠᠶ᠋ᠢᠭ᠋ᠠᠯᠢ ᠵᠢᠨ ᠡᠬᠢ ᠪᠠᠶᠠᠯᠢᠭ ᠪᠠ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠠᠵᠤ ᠠᠬᠤᠶ ᠵᠢᠨ ᠡᠬᠢ ᠪᠠᠶᠠᠯᠢᠭ ᠮᠥᠨ᠃ ᠮᠠᠨ᠎ᠤ ᠤᠯᠤᠰ᠎ᠤᠨ ᠬᠥᠮᠦᠨ ᠠᠮᠠ ᠤᠯᠠᠨ᠂ ᠤᠰᠤ ᠪᠠᠭ᠎ᠠ᠂ ᠤᠰᠤᠨ᠎ᠤ ᠡᠬᠢ ᠪᠠᠶᠠᠯᠢᠭ᠎ᠤᠨ ᠬᠠᠩᠭ᠋ᠠᠯᠭ᠎ᠠ ᠬᠡᠷᠡᠭᠴᠡᠭᠡ ᠵᠢᠨ ᠵᠥᠷᠢᠴᠡᠯ ᠲᠣᠪᠣᠶ᠋ᠢᠮ᠎ᠠ ᠪᠠᠶ᠋ᠢᠵᠤ᠂ ᠤᠰᠤ ᠠᠷᠪᠢᠯᠠᠬᠤ ᠪᠣᠯ ᠤᠰᠤᠨ᠎ᠤ ᠠᠮᠤᠷ ᠲᠦᠪᠰᠢᠨ᠎ᠤ ᠠᠰᠠᠭᠤᠳᠠᠯ᠎ᠢ ᠰᠢᠢ᠍ᠳᠪᠦᠷᠢᠯᠡᠬᠦ ᠵᠢᠨ ᠵᠠᠩᠭᠢᠯᠠᠭ᠎ᠠ ᠪᠣᠯᠤᠨ᠎ᠠ᠃ ᠣᠶ᠋ᠢᠷ᠎ᠠ ᠵᠢᠨ ᠵᠢᠯ᠎ᠤᠳ᠎ᠲᠤ᠂ ᠮᠠᠨ᠎ᠤ ᠤᠯᠤᠰ ᠤᠰᠤ ᠠᠷᠪᠢᠯᠠᠬᠤ ᠠᠵᠢᠯ᠎ᠢ ᠦᠷᠭᠦᠯᠵᠢᠯᠡᠨ ᠠᠬᠢᠭᠤᠯᠵᠤ᠂ ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠤᠨ ᠪᠠᠶ᠋ᠢᠭᠤᠯᠤᠯᠲᠠ ᠵᠢ ᠥᠷᠨᠢᠭᠦᠯᠵᠦ᠂ ᠢᠳᠡᠪᠬᠢᠲᠡᠢ ᠦᠷ᠎ᠡ ᠪᠦᠲᠦᠮᠵᠢ ᠣᠯᠪᠠ᠃  ᠡᠭᠦᠨ᠎ᠤ ᠬᠠᠮᠲᠤ᠂ ᠮᠠᠨ᠎ᠤ ᠤᠯᠤᠰ᠎ᠤᠨ ᠤᠰᠤᠨ᠎ᠤ ᠡᠬᠢ ᠪᠠᠶᠠᠯᠢᠭ ᠳᠤᠲᠠᠭᠳᠠᠵᠤ ᠪᠠᠶ᠋ᠢᠭ᠎ᠠ ᠪᠠᠶ᠋ᠢᠳᠠᠯ ᠮᠥᠨ ᠬᠦ᠌ ᠬᠦᠨᠳᠦ ᠬᠡᠴᠡᠭᠦᠦ᠂ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭ᠋ᠠᠷᠯᠠᠯ ᠬᠦᠷᠦᠯᠴᠡᠬᠦ ᠦᠭᠡᠢ᠂ ᠤᠰᠤ ᠠᠷᠪᠢᠯᠠᠬᠤ ᠠᠵᠢᠯ᠎ᠳᠤ ᠮᠥᠨ ᠬᠦ᠌ ᠤᠰᠤ ᠬᠡᠷᠡᠭᠯᠡᠬᠦ ᠬᠠᠮᠢᠶᠠᠷᠤᠯᠲᠠ ᠵᠢ ᠴᠢᠩᠭ᠋ᠠᠳᠬᠠᠬᠤ ᠴᠢᠬᠤᠯᠠᠲᠠᠶ᠂ ᠤᠰᠤ ᠠᠷᠪᠢᠯᠠᠬᠤ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠬᠦ ᠴᠢᠬᠤᠯᠠᠲᠠᠶ᠂ ᠤᠷᠮᠠᠰᠢᠭᠤᠯᠬᠤ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠬᠦ ᠴᠢᠬᠤᠯᠠᠲᠠᠶ᠂ ᠬᠢᠨᠠᠯᠲᠠ ᠲᠠᠯᠪᠢᠬᠤ ᠡᠷᠴᠢᠮ᠎ᠢ ᠴᠢᠩᠭ᠋ᠠᠷᠠᠭᠤᠯᠬᠤ ᠴᠢᠬᠤᠯᠠᠲᠠᠶ ᠵᠡᠷᠭᠡ ᠠᠰᠠᠭᠤᠳᠠᠯ ᠲᠤᠯᠭ᠋ᠠᠷᠠᠵᠤ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠦᠨᠡᠨ ᠬᠦ᠌ ᠰᠢᠢ᠍ᠳᠪᠦᠷᠢᠯᠡᠬᠦ ᠴᠢᠬᠤᠯᠠᠲᠠᠶ ᠪᠠᠶ᠋ᠢᠨ᠎ᠠ᠃  ᠤᠰᠤ ᠠᠷᠪᠢᠯᠠᠬᠤ ᠠᠵᠢᠯ᠎ᠢ ᠴᠢᠩᠭ᠋ᠠᠳᠬᠠᠬᠤ ᠪᠣᠳᠠᠲᠠᠶ ᠬᠡᠷᠡᠭᠴᠡᠭᠡ ᠵᠢ ᠦᠨᠳᠦᠰᠦᠯᠡᠨ ᠤᠰᠤ ᠠᠷᠪᠢᠯᠠᠬᠤ ᠬᠠᠤᠯᠢ ᠲᠣᠭᠲᠠᠭ᠋ᠠᠯᠲᠠ ᠵᠢ ᠠᠬᠢᠭᠤᠯᠵᠤ᠂ ᠤᠰᠤ ᠠᠷᠪᠢᠯᠠᠬᠤ ᠲᠤᠰᠬᠠᠶ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠢ ᠲᠣᠭᠲᠠᠭ᠋ᠠᠵᠤ᠂ ᠤᠰᠤ ᠠᠷᠪᠢᠯᠠᠬᠤ ᠠᠵᠢᠯᠯᠠᠭ᠎ᠠ ᠵᠢ ᠪᠥᠬᠦ ᠲᠠᠯ᠎ᠠ᠎ᠪᠠᠷ᠂ ᠰᠢᠰᠲ᠋ᠧᠮ᠎ᠲᠠᠢ ᠵᠢᠷᠤᠮᠵᠢᠭᠤᠯᠤᠨ ᠠᠬᠢᠭᠤᠯᠬᠤ ᠪᠣᠯ ᠶᠡᠷᠦᠩᠬᠡᠶ ᠱᠦᠵᠢ ᠰᠢ ᠵᠢᠨ ᠫᠢᠩ᠎ᠤᠨ ᠤᠰᠤ ᠵᠢ ᠵᠠᠰᠠᠬᠤ ᠲᠤᠬᠠᠶ ᠴᠢᠬᠤᠯᠠ ᠥᠭᠦᠯᠡᠯᠲᠡ ᠵᠢᠨ ᠵᠣᠷᠢᠭ ᠰᠠᠨᠠᠭ᠎ᠠ ᠪᠠ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠢ ᠪᠥᠬᠦ ᠲᠠᠯ᠎ᠠ᠎ᠪᠠᠷ ᠪᠥᠲᠥᠭᠡᠨ ᠪᠠᠶ᠋ᠢᠭᠤᠯᠬᠤ᠂ ᠤᠯᠤᠰ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠬᠤ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠠᠬᠢᠭᠤᠯᠬᠤ᠂ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠪᠤᠰᠤᠳᠴᠢ ᠱᠠᠭ᠋ᠠᠷᠳᠠᠯᠭ᠎ᠠ ᠮᠥᠨ᠃

   ᠠᠰᠠᠭᠤᠬᠤ᠎ᠨᠢ ᠄ 《ᠳᠦᠷᠢᠮ》᠎ᠢ ᠲᠣᠭᠲᠠᠭ᠋ᠠᠭᠰᠠᠨ ᠶᠡᠷᠦᠩᠬᠡᠢ ᠰᠡᠳᠬᠢᠮᠵᠢ᠎ᠨᠢ ᠶᠠᠭᠤ ᠪᠣᠢ?

   ᠬᠠᠷᠢᠭᠤᠯᠬᠤ᠎ᠨᠢ᠄ 《ᠲᠦᠷᠢᠮ》᠎ᠳᠤ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠶᠡᠷᠦᠩᠬᠡᠢ ᠱᠦᠵᠢ ᠰᠢ ᠵᠢᠨ ᠫᠢᠩ᠎ᠤᠨ 《ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ᠂ ᠣᠷᠣᠨ ᠵᠠᠢ ᠵᠢ ᠲᠡᠩᠴᠡᠭᠦᠷᠢᠲᠡᠢ ᠪᠠᠶ᠋ᠢᠯᠭ᠋ᠠᠬᠤ᠂ ᠰᠢᠰᠲ᠋ᠧᠮ᠎ᠲᠠᠢ ᠵᠠᠰᠠᠬᠤ᠂ ᠬᠤᠶᠠᠷ ᠲᠠᠯ᠎ᠠ᠎ᠪᠠᠷ ᠬᠦᠴᠦᠯᠡᠬᠦ》 ᠤᠰᠤ ᠵᠢ ᠵᠠᠰᠠᠬᠤ ᠰᠡᠳᠬᠢᠴᠡ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠠᠤᠯᠢ ᠲᠣᠭᠲᠠᠭ᠋ᠠᠬᠤ ᠶᠡᠷᠦᠩᠬᠡᠢ ᠰᠡᠳᠬᠢᠴᠡ ᠵᠢᠨ ᠲᠠᠯ᠎ᠠ᠎ᠪᠠᠷ ᠭᠤᠣᠯᠳᠠᠭᠤ ᠳᠣᠣᠷᠠᠬᠢ ᠬᠡᠳᠦᠨ ᠲᠠᠯ᠎ᠠ ᠵᠢ ᠡᠵᠡᠮᠰᠢᠪᠡ᠄  ᠨᠢᠭᠡ᠎ᠳᠤ᠂ ᠮᠠᠨ᠎ᠤ ᠤᠯᠤᠰ᠎ᠤᠨ ᠦᠨᠳᠦᠰᠦᠨ ᠤᠰᠤᠨ᠎ᠤ ᠪᠠᠶ᠋ᠢᠳᠠᠯ᠎ᠳᠤ ᠰᠠᠭᠤᠷᠢᠯᠠᠵᠤ᠂ ᠤᠰᠤ ᠠᠷᠪᠢᠯᠠᠬᠤ ᠠᠵᠢᠯ᠎ᠳᠤ ᠣᠷᠣᠰᠢᠵᠤ ᠪᠠᠶ᠋ᠢᠭ᠎ᠠ ᠲᠤᠪᠤᠶ᠋ᠢᠮ᠎ᠠ ᠠᠰᠠᠭᠤᠳᠠᠯ ᠪᠣᠯᠤᠨ ᠪᠠᠭᠤᠷᠠᠢ ᠭᠤᠭᠴᠤᠭ᠎ᠠ᠎ᠳᠤ ᠴᠢᠭᠯᠡᠭᠦᠯᠦᠨ᠂ ᠤᠰᠤ ᠬᠡᠷᠡᠭᠯᠡᠬᠦ ᠬᠠᠮᠢᠶᠠᠷᠤᠯᠲᠠ ᠵᠢ ᠴᠢᠩᠭ᠋ᠠᠳᠬᠠᠬᠤ᠂ ᠤᠰᠤ ᠠᠷᠪᠢᠯᠠᠬᠤ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠬᠦ᠂ ᠪᠠᠲᠤᠯᠠᠭ᠎ᠠ᠎ᠳᠤ ᠬᠢᠨᠠᠯᠲᠠ ᠲᠠᠯᠪᠢᠬᠤ ᠵᠢ ᠴᠢᠩᠭ᠋ᠠᠳᠬᠠᠬᠤ᠂ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠵᠢ ᠴᠢᠩᠳᠠᠯᠠᠬᠤ ᠵᠡᠷᠭᠡ ᠲᠠᠯ᠎ᠠ᠎ᠪᠠᠷ᠂ ᠤᠰᠤ ᠠᠷᠪᠢᠯᠠᠬᠤ ᠪᠦᠬᠦ ᠲᠠᠯ᠎ᠠ ᠵᠢᠨ ᠰᠢᠰᠲ᠋ᠧᠮ᠎ᠲᠠᠢ ᠲᠦᠷᠢᠮ᠎ᠤᠨ ᠰᠢᠰᠲ᠋ᠧᠮ᠎ᠢ ᠬᠦᠴᠦᠯᠡᠨ ᠪᠠᠶ᠋ᠢᠭᠤᠯᠪᠠ᠃  ᠬᠤᠶᠠᠷ᠎ᠲᠤ᠂ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢᠬᠢ ᠤᠰᠤ ᠠᠷᠪᠢᠯᠠᠬᠤ ᠠᠵᠢᠯ᠎ᠤᠨ ᠡᠯᠪᠡᠭ ᠪᠠᠶᠠᠯᠢᠭ ᠦᠢ᠍ᠯᠡᠳᠦᠯᠭᠡ ᠵᠢ ᠨᠠᠷᠢᠨ ᠬᠢᠨᠠᠮᠠᠭ᠋ᠠᠢ ᠳ᠋ᠦᠩᠨᠡᠵᠦ᠂ ᠪᠦᠲᠦᠮᠵᠢᠲᠡᠢ ᠲᠤᠷᠰᠢᠯᠭ᠎ᠠ ᠠᠷᠭ᠎ᠠ ᠬᠢᠳᠡᠯ᠎ᠢ ᠲᠦᠷᠢᠮ᠎ᠤᠨ ᠵᠢᠷᠤᠮᠵᠢᠯ ᠪᠣᠯᠭ᠋ᠠᠨ ᠬᠤᠪᠢᠷᠠᠭᠤᠯᠬᠤ ᠬᠡᠷᠡᠭᠲᠡᠢ᠃ ᠭᠤᠷᠪᠠ᠎ᠳᠤ᠂ ᠤᠰᠤᠨ᠎ᠤ ᠬᠠᠤᠯᠢ ᠵᠡᠷᠭᠡ ᠬᠠᠮᠢᠶ᠎ᠠ ᠪᠦᠬᠦᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠯᠤᠭ᠎ᠠ ᠵᠣᠯᠭ᠋ᠠᠭᠤᠯᠬᠤ ᠵᠢ ᠰᠠᠶ᠋ᠢᠲᠤᠷ ᠬᠢᠵᠦ᠂ ᠳᠦᠷᠢᠮ᠎ᠤᠨ ᠨᠡᠶ᠋ᠢᠯᠡᠮᠡᠯ ᠬᠦᠴᠦᠨ᠎ᠢ ᠪᠦᠷᠢᠯᠳᠦᠭᠦᠯᠦᠨ᠎ᠡ᠃

   ᠠᠰᠠᠭᠤᠬᠤ᠎ᠨᠢ᠄ 《ᠲᠦᠷᠢᠮ》᠎ᠳᠤ ᠶᠠᠮᠠᠷ ᠲᠠᠯ᠎ᠠ᠎ᠠᠴᠠ ᠤᠰᠤ ᠬᠡᠷᠡᠭᠯᠡᠬᠦ ᠬᠠᠮᠢᠶᠠᠷᠤᠯᠲᠠ ᠵᠢ ᠴᠢᠩᠭ᠋ᠠᠳᠬᠠᠬᠤ ᠪᠣᠶ?

   ᠬᠠᠷᠢᠭᠤᠯᠬᠤ᠎ᠨᠢ᠄ ᠨᠢᠭᠡ᠎ᠳᠤ᠂ ᠤᠰᠤ ᠬᠡᠷᠡᠭᠯᠡᠬᠦ ᠲᠣᠭᠲᠠᠭᠰᠠᠨ ᠨᠣᠷᠮ᠎ᠠ ᠵᠢᠨ ᠬᠠᠮᠢᠶᠠᠷᠤᠯᠲᠠ ᠵᠢ ᠴᠢᠩᠭ᠋ᠠᠳᠬᠠᠪᠠ᠃ ᠲᠥᠷᠥ ᠵᠢᠨ ᠶᠠᠪᠤᠳᠠᠯ᠎ᠤᠨ ᠬᠤᠷᠢᠶᠠᠨ᠎ᠤ ᠤᠰᠤᠨ᠎ᠤ ᠵᠠᠰᠠᠭ ᠵᠠᠬᠢᠷᠭ᠎ᠠ᠂ ᠪᠠᠷᠢᠮᠵᠢᠶᠠᠵᠢᠭᠤᠯᠬᠤ ᠵᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠭᠤᠤᠯ ᠪᠣᠯᠬᠤ ᠲᠠᠷᠢᠮᠠᠯ᠂ ᠭᠤᠣᠯᠳᠠᠯᠭ᠎ᠠ᠎ᠲᠠᠢ ᠠᠵᠤ ᠦᠢ᠍ᠯᠡᠳᠪᠦᠷᠢ ᠵᠢᠨ ᠦᠢ᠍ᠯᠡᠳᠬᠦᠨ ᠪᠠ ᠦᠢ᠍ᠯᠡᠴᠢᠯᠡᠭᠡᠨ᠎ᠤ ᠦᠢ᠍ᠯᠡᠰ᠎ᠤᠨ ᠤᠯᠤᠰ᠎ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠵᠢ ᠵᠣᠬᠢᠶᠠᠨ ᠪᠠᠶ᠋ᠢᠭᠤᠯᠤᠨ ᠨᠠᠶ᠋ᠢᠷᠠᠭᠤᠯᠤᠨ ᠵᠣᠬᠢᠶᠠᠨ᠎ᠠ;  ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠤᠯᠪᠣᠭᠳᠠᠯ ᠪᠦᠬᠦᠢ ᠠᠵᠢᠯ ᠲᠥᠷᠥᠯ᠎ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠠᠵᠢᠯ ᠲᠥᠷᠥᠯ᠎ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠵᠢ ᠵᠣᠬᠢᠶᠠᠨ ᠪᠠᠶ᠋ᠢᠭᠤᠯᠤᠨ ᠨᠠᠶ᠋ᠢᠷᠠᠭᠤᠯᠤᠨ ᠵᠣᠬᠢᠶᠠᠨ᠎ᠠ;  ᠤᠰᠤ ᠬᠡᠷᠡᠭᠯᠡᠬᠦ ᠲᠣᠭᠲᠠᠭᠰᠠᠨ ᠨᠣᠷᠮ᠎ᠠ ᠵᠢ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠢᠷᠢ ᠬᠡᠮᠵᠢᠶ᠎ᠡ᠂ ᠤᠰᠤᠨ᠎ᠤ ᠡᠬᠢ ᠪᠠᠶᠠᠯᠢᠭ᠎ᠤᠨ ᠪᠠᠶ᠋ᠢᠳᠠᠯ᠂ ᠠᠵᠤ ᠦᠢ᠍ᠯᠡᠰ᠎ᠤᠨ ᠪᠦᠲᠦᠴᠡ ᠵᠢᠨ ᠬᠤᠪᠢᠷᠠᠯᠲᠠ ᠪᠣᠯᠤᠨ ᠮᠡᠷᠭᠡᠵᠢᠯ᠎ᠤᠨ ᠳᠠᠪᠰᠢᠯᠲᠠ ᠵᠡᠷᠭᠡ ᠪᠠᠶ᠋ᠢᠳᠠᠯ᠎ᠢ ᠦᠨᠳᠦᠰᠦᠯᠡᠨ ᠴᠠᠭ᠎ᠲᠤᠨᠢ ᠲᠣᠬᠢᠷᠠᠭᠤᠯᠤᠨ ᠵᠠᠰᠠᠪᠤᠷᠢ ᠣᠷᠣᠭᠤᠯᠬᠤ ᠬᠡᠷᠡᠭᠲᠡᠶ᠃ ᠬᠤᠶᠠᠷ᠎ᠲᠤ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ ᠪᠠ ᠤᠰᠤ ᠵᠢ ᠲᠥᠯᠥᠪᠯᠡᠭᠡ᠎ᠲᠠᠢ᠎ᠪᠠᠷ ᠬᠡᠷᠡᠭᠯᠡᠬᠦ ᠬᠠᠮᠢᠶᠠᠷᠤᠯᠲᠠ ᠵᠢ ᠴᠢᠩᠭ᠋ᠠᠳᠬᠠᠨ᠎ᠠ᠃  ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠬᠤᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠣᠨ᠎ᠤ ᠤᠰᠤ ᠬᠡᠷᠡᠭᠯᠡᠬᠦ ᠲᠥᠯᠥᠪᠯᠡᠭᠡ ᠵᠢ ᠲᠣᠭᠲᠠᠭ᠋ᠠᠵᠤ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ ᠵᠢ ᠬᠡᠷᠡᠭᠵᠢᠭᠦᠯᠦᠨ᠎ᠡ; ᠤᠰᠤ ᠬᠡᠷᠡᠭᠯᠡᠬᠦ ᠵᠢ ᠵᠣᠬᠢᠬᠤ ᠬᠡᠪᠴᠢᠶᠡᠨ᠎ᠳᠤ ᠬᠦᠷᠦᠭᠰᠡᠨ ᠨᠢᠭᠡᠴᠢ᠎ᠳᠤ ᠲᠥᠯᠥᠪᠯᠡᠭᠡ᠎ᠲᠠᠢ᠎ᠪᠠᠷ ᠤᠰᠤ ᠬᠡᠷᠡᠭᠯᠡᠬᠦ ᠬᠠᠮᠢᠶᠠᠷᠤᠯᠲᠠ ᠵᠢ ᠬᠡᠷᠡᠭᠵᠢᠭᠦᠯᠦᠨ᠎ᠡ᠃  ᠭᠤᠷᠪᠠ᠎ᠳᠤ᠂ ᠤᠰᠤ ᠬᠡᠷᠡᠭᠯᠡᠬᠦ ᠬᠡᠮᠵᠢᠯᠲᠡ ᠪᠠ ᠤᠰᠤᠨ᠎ᠤ ᠦᠨ᠎ᠡ ᠵᠢᠨ ᠳᠦᠷᠢᠮ᠎ᠢ ᠵᠢᠷᠤᠮᠵᠢᠭᠤᠯᠬᠤ ᠬᠡᠷᠡᠭᠲᠡᠶ᠃ ᠠᠳᠠᠯᠢ ᠪᠤᠰᠤ ᠤᠰᠤᠨ ᠰᠤᠷᠪᠤᠯᠵᠢ᠂ ᠠᠳᠠᠯᠢ ᠪᠤᠰᠤ ᠬᠡᠷᠡᠭᠴᠡᠭᠡᠲᠦ ᠤᠰᠤ ᠵᠢ ᠲᠤᠰ ᠲᠤᠰ᠎ᠲᠤᠨᠢ ᠬᠡᠮᠵᠢᠬᠦ ᠵᠢᠨ ᠬᠠᠮᠲᠤ ᠪᠤᠳᠤᠵᠤ ᠰᠦᠢ᠍ᠳᠬᠡᠯ ᠬᠤᠷᠢᠶᠠᠬᠤ ᠵᠢ ᠬᠡᠷᠡᠭᠵᠢᠭᠦᠯᠬᠦ ᠬᠡᠷᠡᠭᠲᠡᠶ; ᠶᠠᠮᠠᠷᠪᠠ ᠨᠢᠭᠡᠴᠢ ᠪᠠ ᠬᠤᠪᠢ ᠬᠥᠮᠦᠨ ᠤᠰᠤ ᠬᠡᠷᠡᠭᠯᠡᠬᠦ ᠬᠡᠮᠵᠢᠯᠲᠡ ᠵᠢᠨ ᠪᠡᠯᠡᠳᠬᠡᠮᠵᠢ ᠵᠢ ᠡᠵᠡᠯᠡᠵᠦ᠂ ᠰᠦᠢ᠍ᠳᠬᠡᠵᠦ᠂ ᠳᠤᠷ᠎ᠠ᠎ᠪᠠᠷ ᠵᠶ᠋ᠠᠨ ᠰᠢᠯᠵᠢᠭᠦᠯᠵᠦ ᠪᠣᠯᠬᠤ ᠦᠭᠡᠢ ᠭᠡᠵᠦ ᠲᠣᠭᠲᠠᠭ᠋ᠠᠵᠠᠶ᠃  ᠤᠰᠤ ᠠᠷᠪᠢᠯᠠᠬᠤ ᠵᠢ ᠠᠬᠢᠭᠤᠯᠬᠤ ᠤᠰᠤᠨ᠎ᠤ ᠦᠨ᠎ᠡ ᠵᠢᠨ ᠰᠢᠰᠲ᠋ᠧᠮᠵᠢ ᠵᠢ ᠪᠠᠶ᠋ᠢᠭᠤᠯᠵᠤ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠢᠷᠢ       ᠬᠡᠮᠵᠢᠶ᠎ᠡ᠂ ᠤᠰᠤᠨ᠎ᠤ ᠡᠬᠢ ᠪᠠᠶᠠᠯᠢᠭ᠎ᠤᠨ ᠪᠠᠶ᠋ᠢᠳᠠᠯ᠂ ᠤᠰᠤ ᠬᠡᠷᠡᠭᠯᠡᠬᠦ ᠲᠣᠭᠲᠠᠭᠰᠠᠨ ᠨᠣᠷᠮ᠎ᠠ᠂ ᠤᠰᠤ ᠬᠠᠩᠭ᠋ᠠᠬᠤ ᠥᠪᠡᠷ᠎ᠤᠨ ᠥᠷᠲᠡᠭ᠂ ᠤᠰᠤ ᠬᠡᠷᠡᠭᠯᠡᠬᠦ ᠡᠷᠦᠬᠡ ᠵᠢᠨ ᠳᠠᠭ᠋ᠠᠭ᠋ᠠᠬᠤ ᠴᠢᠳᠠᠪᠤᠷᠢ ᠪᠣᠯᠤᠨ ᠤᠰᠤ ᠠᠷᠪᠢᠯᠠᠬᠤ ᠱᠠᠭ᠋ᠠᠷᠳᠠᠯᠭ᠎ᠠ ᠵᠡᠷᠭᠡ ᠵᠢ ᠦᠨᠳᠦᠰᠦᠯᠡᠨ᠂ ᠤᠰᠤᠨ᠎ᠤ ᠦᠨ᠎ᠡ ᠵᠢᠨ ᠪᠦᠷᠢᠯᠳᠦᠬᠦ ᠲᠣᠭᠲᠠᠴᠠ ᠵᠢ ᠲᠡᠭᠦᠯᠳᠡᠷᠵᠢᠭᠦᠯᠬᠦ ᠬᠡᠷᠡᠭᠲᠡᠶ᠃ ᠲᠦᠷᠪᠡ᠎ᠳᠤ᠂ ᠤᠰᠤ ᠶᠡᠭᠡ ᠬᠤᠷᠣᠭᠳᠠᠭᠤᠯᠬᠤ ᠠᠵᠤ ᠦᠢ᠍ᠯᠡᠰ᠎ᠤᠨ ᠲᠦᠷᠦᠯ ᠵᠦᠢ᠍ᠯ᠎ᠤᠨ ᠪᠦᠳᠦᠭᠡᠨ ᠪᠠᠶ᠋ᠢᠭᠤᠯᠤᠯᠲᠠ ᠵᠢ ᠬᠢᠵᠠᠭ᠋ᠠᠷᠯᠠᠨ᠎ᠠ᠃ ᠤᠰᠤᠨ᠎ᠤ ᠡᠬᠢ ᠪᠠᠶᠠᠯᠢᠭ ᠬᠦᠨᠳᠦ ᠨᠣᠴᠢᠲᠠᠶ ᠳᠤᠲᠠᠭᠳᠠᠵᠤ ᠪᠠᠶ᠋ᠢᠭ᠎ᠠ ᠭᠠᠵᠠᠷ ᠣᠷᠣᠨ᠂ ᠭᠠᠵᠠᠷ ᠳᠣᠤᠷᠠᠬᠢ ᠤᠰᠤ ᠵᠢ ᠬᠡᠲᠦᠷᠡᠲᠡᠯ᠎ᠡ ᠲᠠᠲᠠᠭᠰᠠᠨ ᠭᠠᠵᠠᠷ ᠣᠷᠣᠨ᠎ᠳᠤ ᠤᠰᠤ ᠶᠡᠭᠡ ᠬᠤᠷᠣᠭᠳᠠᠭᠤᠯᠬᠤ ᠠᠵᠤ ᠦᠢ᠍ᠯᠡᠰ᠎ᠤᠨ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢ ᠴᠢᠩᠭ᠎ᠠ ᠬᠢᠵᠠᠭ᠋ᠠᠷᠯᠠᠬᠤ ᠬᠡᠷᠡᠭᠲᠡᠶ ᠭᠡᠵᠦ ᠲᠣᠭᠲᠠᠭ᠋ᠠᠵᠠᠶ᠃

   ᠠᠰᠠᠭᠤᠬᠤ᠎ᠨᠢ᠄ 《ᠲᠦᠷᠢᠮ》᠎ᠳᠤ ᠤᠰᠤ ᠠᠷᠪᠢᠯᠠᠬᠤ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠬᠦ ᠲᠠᠯ᠎ᠠ᠎ᠪᠠᠷ ᠶᠠᠮᠠᠷ ᠶᠠᠮᠠᠷ ᠲᠣᠭᠲᠠᠭ᠋ᠠᠯ ᠭᠠᠷᠭ᠋ᠠᠭᠰᠠᠨ ᠪᠣᠶ?

   ᠬᠠᠷᠢᠭᠤᠯᠬᠤ᠎ᠨᠢ᠄ ᠨᠢᠭᠡ᠎ᠳᠤ᠂ ᠲᠠᠷᠢᠶᠠᠯᠠᠩ᠎ᠤᠨ ᠤᠰᠤ ᠠᠷᠪᠢᠯᠠᠵᠤ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠤᠨ᠎ᠠ᠃ ᠲᠠᠷᠢᠮᠠᠯ ᠲᠡᠵᠢᠭᠡᠪᠦᠷᠢ ᠵᠢᠨ ᠪᠦᠲᠦᠴᠡ ᠪᠣᠯᠤᠨ ᠲᠠᠷᠢᠶᠠᠯᠠᠩ᠎ᠤᠨ ᠤᠰᠤ ᠬᠡᠷᠡᠭᠯᠡᠬᠦ ᠪᠦᠲᠦᠴᠡ᠎ᠳᠤ ᠲᠣᠬᠢᠷᠠᠭᠤᠯᠤᠯᠲᠠ ᠬᠢᠵᠦ᠂ ᠤᠰᠤ ᠠᠷᠪᠢᠯᠠᠬᠤ ᠬᠡᠯᠪᠡᠷᠢ ᠵᠢᠨ ᠲᠠᠷᠢᠶᠠᠯᠠᠩ ᠪᠣᠯᠤᠨ ᠬᠠᠭᠤᠷᠠᠶ ᠲᠠᠷᠢᠶᠠᠯᠠᠩ᠎ᠢ ᠬᠥᠭᠵᠢᠭᠦᠯᠦᠨ᠎ᠡ; ᠤᠰᠤ ᠠᠷᠪᠢᠯᠠᠬᠤ ᠤᠰᠤᠯᠠᠯᠲᠠ ᠵᠢᠨ ᠮᠡᠷᠭᠡᠵᠢᠯ᠎ᠢ ᠳᠡᠯᠭᠡᠷᠡᠭᠦᠯᠦᠨ᠎ᠡ; ᠬᠥᠳᠡᠭᠡ ᠲᠣᠰᠬᠤᠨ᠎ᠤ ᠠᠮᠢᠳᠤᠷᠠᠯ᠎ᠤᠨ ᠤᠰᠤ ᠬᠠᠩᠭ᠋ᠠᠬᠤ ᠪᠡᠯᠡᠳᠬᠡᠮᠵᠢ ᠵᠢᠴᠢ ᠢᠵᠢ ᠪᠦᠷᠢᠳᠦᠭᠦᠯᠬᠦ ᠬᠤᠭᠤᠯᠠᠶ ᠵᠢᠨ ᠲᠣᠤᠷ᠎ᠤᠨ ᠪᠥᠲᠥᠭᠡᠨ ᠪᠠᠶ᠋ᠢᠭᠤᠯᠤᠯᠲᠠ ᠵᠢᠨ ᠥᠭᠡᠷᠡᠴᠢᠯᠡᠯᠲᠡ ᠵᠢ ᠴᠢᠩᠭ᠋ᠠᠳᠬᠠᠨ᠎ᠠ᠃ ᠬᠣᠶᠠᠷ᠎ᠲᠤ᠂ ᠠᠵᠤ ᠦᠢ᠍ᠯᠡᠳᠪᠦᠷᠢ ᠵᠢᠨ ᠤᠰᠤ ᠠᠷᠪᠢᠯᠠᠵᠤ ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠵᠢ ᠲᠦᠯᠬᠢᠨ ᠠᠬᠢᠭᠤᠯᠤᠨ᠎ᠠ᠃  ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ ᠲᠡᠷᠢᠭᠦᠨ᠎ᠤ᠂ ᠤᠰᠤ ᠠᠷᠪᠢᠯᠠᠬᠤ ᠮᠡᠷᠭᠡᠵᠢᠯ᠂ ᠤᠷ᠎ᠠ ᠮᠡᠷᠭᠡᠰᠢᠯ ᠪᠣᠯᠤᠨ ᠲᠥᠬᠦᠭᠡᠷᠦᠮᠵᠢ ᠵᠢ ᠬᠡᠷᠡᠭᠯᠡᠬᠦ ᠵᠢ ᠱᠠᠭ᠋ᠠᠷᠳᠠᠪᠠ; ᠤᠰᠤ ᠶᠡᠭᠡ ᠬᠤᠷᠣᠭᠳᠠᠭᠤᠯᠬᠤ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ ᠬᠠᠶᠠᠭᠳᠠᠮᠠᠯ ᠤᠰᠤ ᠵᠢ ᠭᠦᠨᠵᠡᠭᠡᠶ ᠰᠢᠢ᠍ᠳᠪᠦᠷᠢᠯᠡᠵᠤ ᠡᠭᠡᠭᠦᠯᠦᠨ ᠬᠡᠷᠡᠭᠯᠡᠬᠦ ᠮᠡᠷᠭᠡᠵᠢᠯ᠎ᠤᠨ ᠠᠷᠭ᠎ᠠ ᠬᠡᠮᠵᠢᠶ᠎ᠡ ᠵᠢ ᠳᠡᠯᠭᠡᠷᠡᠭᠦᠯᠵᠦ᠂ ᠤᠰᠤ ᠬᠡᠷᠡᠭᠯᠡᠬᠦ ᠬᠢᠷᠢ ᠲᠦᠪᠰᠢᠨ᠎ᠨᠢ ᠤᠰᠤ ᠬᠡᠷᠡᠭᠯᠡᠬᠦ ᠲᠣᠭᠲᠠᠭᠰᠠᠨ ᠲᠤᠭ᠎ᠠ᠎ᠠᠴᠠ ᠬᠡᠲᠦᠷᠡᠭᠦᠯᠦᠨ ᠤᠰᠤ ᠠᠷᠪᠢᠯᠠᠬᠤ ᠥᠭᠡᠷᠡᠴᠢᠯᠡᠯᠲᠡ ᠬᠢᠨ᠎ᠡ; ᠠᠵᠤ ᠦᠢ᠍ᠯᠡᠳᠪᠦᠷᠢ ᠵᠢᠨ ᠲᠥᠪᠯᠡᠷᠡᠭᠰᠡᠨ ᠣᠷᠣᠨ᠎ᠢ ᠰᠢᠨ᠎ᠡ᠎ᠪᠠᠷ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ ᠬᠠᠮᠢᠶ᠎ᠠ ᠪᠦᠬᠦᠢ ᠪᠡᠯᠡᠳᠬᠡᠮᠵᠢ ᠵᠢ ᠨᠢᠭᠡᠳᠦᠯᠲᠡᠶ ᠲᠥᠯᠥᠪᠯᠡᠨ ᠪᠦᠲᠦᠭᠡᠨ ᠪᠠᠶ᠋ᠢᠭᠤᠯᠵᠤ᠂ ᠨᠢᠭᠡ ᠤᠰᠤ ᠵᠢ ᠣᠯᠠᠨ ᠬᠡᠷᠡᠭᠯᠡᠬᠦ ᠪᠠ ᠡᠷᠭᠢᠯᠳᠦᠭᠦᠯᠦᠨ ᠠᠰᠢᠭᠯᠠᠬᠤ ᠵᠢ ᠪᠡᠶᠡᠯᠡᠭᠦᠯᠦᠨ᠎ᠡ᠃  ᠭᠤᠷᠪᠠ᠎ᠳᠤ᠂ ᠬᠤᠲᠠ ᠪᠠᠯᠭ᠋ᠠᠰᠤ ᠵᠢᠨ ᠤᠰᠤ ᠠᠷᠪᠢᠯᠠᠵᠤ ᠬᠤᠬᠢᠷᠠᠯ᠎ᠢ ᠪᠠᠭ᠋ᠠᠰᠬᠠᠬᠤ ᠵᠢ ᠠᠬᠢᠭᠤᠯᠤᠨ᠎ᠠ᠃ ᠤᠰᠤ ᠠᠷᠪᠢᠯᠠᠬᠤ ᠬᠡᠯᠪᠡᠷᠢ ᠵᠢᠨ ᠬᠤᠳᠠ ᠵᠢᠨ ᠪᠦᠳᠦᠭᠡᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠤᠨ᠎ᠠ; ᠤᠰᠤ ᠬᠠᠩᠭ᠋ᠠᠬᠤ᠂ ᠤᠰᠤ ᠬᠡᠷᠡᠭᠯᠡᠬᠦ ᠬᠤᠭᠤᠯᠠᠶ ᠵᠢᠨ ᠲᠣᠣᠷ᠎ᠤᠨ ᠲᠥᠬᠦᠭᠡᠷᠦᠮᠵᠢ ᠵᠢᠨ ᠭᠤᠭᠤᠵᠢᠬᠤ ᠵᠢ ᠡᠵᠡᠮᠳᠡᠬᠦ ᠰᠢᠰᠲ᠋ᠧᠮ᠎ᠢ ᠪᠠᠶ᠋ᠢᠭᠤᠯᠵᠤ᠂ ᠬᠠᠭᠤᠴᠢᠨ ᠤᠰᠤ ᠬᠠᠩᠭ᠋ᠠᠬᠤ ᠬᠤᠭᠤᠯᠠᠶ ᠵᠢᠨ ᠲᠣᠤᠷ᠎ᠤᠨ ᠲᠥᠬᠦᠭᠡᠷᠦᠮᠵᠢ ᠵᠢᠨ ᠥᠭᠡᠷᠡᠴᠢᠯᠡᠯᠲᠡ ᠵᠢ ᠳᠡᠮᠵᠢᠨ᠎ᠡ; ᠪᠠᠷᠢᠯᠭ᠎ᠠ ᠵᠢᠨ ᠠᠵᠢᠯᠯᠠᠭ᠋ᠠᠨ᠎ᠤ ᠤᠰᠤᠨ᠎ᠤ ᠬᠤᠷᠣᠭᠳᠠᠯ᠎ᠢ ᠪᠠᠭ᠋ᠠᠰᠬᠠᠬᠤ ᠵᠢ ᠠᠬᠢᠭᠤᠯᠤᠨ᠎ᠠ;  ᠤᠰᠤᠨ᠎ᠤ ᠡᠬᠢ ᠪᠠᠶᠠᠯᠢᠭ ᠳᠤᠲᠠᠭᠳᠠᠵᠤ ᠪᠠᠶ᠋ᠢᠭ᠎ᠠ ᠭᠠᠵᠠᠷ ᠣᠷᠣᠨ᠎ᠤ ᠬᠤᠲᠠ ᠪᠠᠯᠭ᠋ᠠᠰᠤ ᠵᠢᠨ ᠴᠡᠴᠡᠷᠯᠢᠭ᠎ᠤᠨ ᠨᠣᠭᠤᠭ᠋ᠠᠷᠠᠭᠤᠯᠤᠯᠲᠠ᠎ᠳᠤ ᠡᠩ ᠲᠡᠷᠢᠭᠦᠨ᠎ᠳᠤ ᠤᠰᠤ ᠠᠷᠪᠢᠯᠠᠬᠤ ᠭᠠᠩ ᠬᠠᠭᠰᠠᠷᠠᠭ᠋ᠠᠨ᠎ᠳᠤ ᠲᠡᠰᠪᠦᠷᠢᠲᠡᠶ ᠤᠷᠭᠤᠮᠠᠯ᠎ᠤᠨ ᠬᠤᠴᠢᠯᠭ᠎ᠠ ᠵᠢ ᠰᠣᠩᠭᠤᠨ ᠬᠡᠷᠡᠭᠯᠡᠵᠦ᠂ ᠤᠰᠤ ᠠᠷᠪᠢᠯᠠᠬᠤ ᠤᠰᠤᠯᠠᠯᠲᠠ ᠵᠢᠨ ᠠᠷᠭ᠎ᠠ ᠮᠠᠶᠢᠭ᠎ᠢ ᠠᠪᠴᠤ᠂ ᠬᠢᠮᠡᠯ ᠭᠤᠤᠯ ᠮᠥᠷᠡᠨ ᠨᠠᠭᠤᠷ ᠴᠥᠭᠦᠷᠥᠮ ᠵᠡᠷᠭᠡ ᠦᠵᠡᠮᠵᠢ ᠵᠢᠨ ᠬᠡᠷᠡᠭᠯᠡᠬᠦ ᠤᠰᠤ ᠵᠢ ᠴᠢᠩᠭ᠎ᠠ ᠬᠢᠵᠠᠭ᠋ᠠᠷᠯᠠᠬᠤ ᠬᠡᠷᠡᠭᠲᠡᠶ ᠭᠡᠵᠦ ᠱᠠᠭ᠋ᠠᠷᠳᠠᠪᠠ᠃ ᠳᠥᠷᠪᠡ᠎ᠳᠤ᠂ ᠡᠩ᠎ᠤᠨ ᠪᠤᠰᠤ ᠤᠰᠤᠨ᠎ᠤ ᠠᠰᠢᠭᠯᠠᠯᠲᠠ ᠵᠢ ᠠᠬᠢᠭᠤᠯᠤᠨ᠎ᠠ᠃  ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠤᠰᠤᠨ᠎ᠤ ᠡᠬᠢ ᠪᠠᠶᠠᠯᠢᠭ᠎ᠢ ᠨᠢᠭᠡᠳᠦᠯᠲᠡᠶ ᠲᠣᠬᠢᠷᠠᠭᠤᠯᠬᠤ᠎ᠳᠤ ᠣᠷᠣᠭᠤᠯᠵᠤ᠂ ᠤᠰᠤᠨ᠎ᠤ ᠡᠬᠢ ᠪᠠᠶᠠᠯᠢᠭ ᠳᠤᠲᠠᠭᠳᠠᠵᠤ ᠪᠠᠶ᠋ᠢᠭ᠎ᠠ ᠭᠠᠵᠠᠷ ᠣᠷᠣᠨ᠎ᠳᠤ ᠡᠩ᠎ᠤᠨ ᠪᠤᠰᠤ ᠤᠰᠤᠨ ᠠᠰᠢᠭᠯᠠᠯᠲᠠ ᠵᠢᠨ ᠬᠡᠷᠡᠭᠯᠡᠬᠦ ᠲᠥᠯᠥᠪᠯᠡᠭᠡ ᠲᠣᠭᠲᠠᠭ᠋ᠠᠬᠤ ᠬᠡᠷᠡᠭᠲᠡᠶ; ᠪᠣᠬᠢᠷ ᠤᠰᠤ ᠵᠢ ᠡᠬᠢ ᠪᠠᠶᠠᠯᠢᠭᠵᠢᠭᠤᠯᠤᠨ ᠠᠰᠢᠭᠯᠠᠬᠤ ᠰᠠᠭᠤᠷᠢ ᠪᠡᠯᠡᠳᠬᠡᠮᠵᠢ ᠵᠢ ᠨᠢᠭᠡᠳᠦᠯᠲᠡᠶ ᠲᠥᠯᠥᠪᠵᠢᠭᠦᠯᠦᠨ ᠪᠦᠲᠦᠭᠡᠨ ᠪᠠᠶ᠋ᠢᠭᠤᠯᠤᠨ᠎ᠠ; ᠬᠤᠲᠠ ᠵᠢᠨ ᠨᠣᠭᠤᠭ᠋ᠠᠷᠠᠭᠤᠯᠤᠯᠲᠠ ᠵᠡᠷᠭᠡ᠎ᠳᠤ ᠡᠩ ᠲᠡᠷᠢᠭᠦᠨ᠎ᠳᠤ ᠳᠠᠬᠢᠯᠲᠠ ᠤᠰᠤ ᠵᠢ ᠬᠡᠷᠡᠭᠯᠡᠬᠦ ᠬᠡᠷᠡᠭᠲᠡᠶ; ᠪᠣᠷᠣᠭ᠋ᠠᠨ᠎ᠤ ᠤᠰᠤ ᠵᠢ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ; ᠳᠠᠯᠠᠢ ᠵᠢᠨ ᠤᠰᠤᠨ᠎ᠤ ᠡᠬᠢ ᠪᠠᠶᠠᠯᠢᠭ᠎ᠢ ᠢᠳᠡᠪᠬᠢᠲᠡᠶ᠎ᠪᠠᠷ ᠨᠡᠭᠡᠭᠡᠨ ᠠᠰᠢᠭᠯᠠᠬᠤ ᠬᠡᠷᠡᠭᠲᠡᠶ᠃

   ᠠᠰᠠᠭᠤᠬᠤ᠎ᠨᠢ᠄ 《ᠲᠦᠷᠢᠮ》᠎ᠳᠤ ᠤᠰᠤ ᠠᠷᠪᠢᠯᠠᠬᠤ ᠪᠠᠲᠤᠯᠠᠭ᠎ᠠ ᠪᠠ ᠬᠢᠨᠠᠯᠲᠠ ᠲᠠᠯᠪᠢᠬᠤ ᠠᠷᠭ᠎ᠠ ᠬᠡᠮᠵᠢᠶ᠎ᠡ ᠵᠢᠨ ᠲᠤᠬᠠᠶ ᠶᠠᠮᠠᠷ ᠶᠠᠮᠠᠷ ᠲᠣᠭᠲᠠᠭ᠋ᠠᠯ ᠭᠠᠷᠭ᠋ᠠᠭᠰᠠᠨ ᠪᠣᠶ?

   ᠬᠠᠷᠢᠭᠤᠯᠬᠤ᠎ᠨᠢ᠄ ᠤᠷᠮᠠᠰᠢᠭᠤᠯᠬᠤ ᠪᠠ ᠪᠠᠲᠤᠯᠠᠬᠤ ᠲᠠᠯ᠎ᠠ᠎ᠪᠠᠷ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠢ ᠲᠠᠷᠢᠶᠠᠯᠠᠩ᠎ᠤᠨ ᠤᠰᠤ ᠬᠡᠷᠡᠭᠯᠡᠬᠦ᠎ᠳᠤ ᠲᠦᠢ᠍ᠯ᠎ᠤᠨ ᠣᠨᠣᠪᠴᠢᠲᠠᠶ᠎ᠪᠠᠷ ᠨᠥᠬᠦᠪᠥᠷᠢ ᠥᠭᠬᠦ ᠲᠣᠭᠲᠠᠴᠠ ᠪᠠ ᠤᠰᠤ ᠠᠷᠪᠢᠯᠠᠬᠤ ᠵᠢᠨ ᠱᠠᠩᠨᠠᠯ᠎ᠤᠨ ᠲᠣᠭᠲᠠᠴᠠ ᠵᠢ ᠪᠦᠷᠢᠨᠰᠢᠭᠦᠯᠦᠨ᠎ᠡ ᠭᠡᠵᠦ ᠲᠣᠭᠲᠠᠭ᠋ᠠᠪᠠ; ᠨᠥᠬᠦᠴᠡᠯ᠎ᠳᠤ ᠨᠡᠶ᠋ᠢᠴᠡᠬᠦ ᠤᠰᠤ ᠠᠷᠪᠢᠯᠠᠬᠤ ᠲᠥᠷᠥᠯ ᠵᠦᠢ᠍ᠯ᠎ᠳᠤ ᠨᠥᠬᠦᠪᠥᠷᠢ ᠥᠭᠭᠦᠨ᠎ᠡ; ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠪᠡᠯᠡ ᠲᠣᠬᠢᠷᠠᠭᠤᠯᠬᠤ᠎ᠳᠤ ᠳᠡᠮᠵᠢᠯᠭᠡ ᠦᠵᠡᠭᠦᠯᠬᠦ ᠡᠷᠴᠢᠮ ᠵᠶ᠋ᠠᠨ ᠴᠢᠩᠭ᠋ᠠᠷᠠᠭᠤᠯᠬᠤ ᠵᠢ ᠵᠣᠷᠢᠭᠵᠢᠭᠤᠯᠵᠤ᠂ ᠤᠰᠤ ᠠᠷᠪᠢᠯᠠᠬᠤ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠡᠵᠡᠩᠨᠡᠯᠲᠡ᠎ᠳᠤ ᠨᠡᠶ᠋ᠢᠭᠡᠮ᠎ᠤᠨ ᠬᠥᠷᠥᠩᠭᠡ ᠵᠢ ᠬᠥᠲᠥᠯᠥᠨ ᠵᠢᠯᠣᠭᠤᠳᠴᠤ ᠣᠷᠣᠯᠴᠠᠭᠤᠯᠤᠨ᠎ᠠ;  ᠤᠰᠤ ᠠᠷᠪᠢᠯᠠᠬᠤ ᠦᠢ᠍ᠯᠡᠴᠢᠯᠡᠭᠡᠨ᠎ᠤ ᠠᠵᠤ ᠦᠢ᠍ᠯᠡᠰ᠎ᠢ ᠵᠣᠷᠢᠭᠵᠢᠭᠤᠯᠤᠨ ᠬᠥᠭᠵᠢᠭᠦᠯᠵᠦ᠂ ᠤᠰᠤ ᠠᠷᠪᠢᠯᠠᠬᠤ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢ ᠬᠥᠲᠥᠯᠥᠨ ᠵᠢᠯᠣᠭᠤᠳᠴᠤ ᠪᠠᠶ᠋ᠢᠭ᠋ᠠᠳ ᠤᠰᠤ ᠬᠡᠷᠡᠭᠯᠡᠬᠦ ᠨᠢᠭᠡᠴᠢ ᠪᠤᠶᠤ ᠬᠤᠪᠢ ᠬᠥᠮᠦᠨ᠎ᠯᠦᠭᠡ ᠤᠰᠤ ᠠᠷᠪᠢᠯᠠᠬᠤ ᠬᠠᠮᠢᠶᠠᠷᠤᠯᠲᠠ ᠵᠢᠨ ᠭᠡᠷ᠎ᠡ ᠲᠣᠭᠲᠠᠨ᠎ᠠ; ᠤᠰᠤᠨ᠎ᠤ ᠡᠷᠬᠡ ᠵᠢᠨ ᠵᠠᠬ᠎ᠠ ᠳᠡᠯᠭᠡᠭᠦᠷ᠎ᠢ ᠪᠤᠶ᠋ᠢᠵᠢᠭᠤᠯᠤᠨ ᠵᠢᠷᠤᠮᠵᠢᠭᠤᠯᠵᠤ᠂ ᠤᠰᠤᠨ᠎ᠤ ᠡᠷᠬᠡ ᠵᠢᠨ ᠠᠷᠠᠯᠵᠢᠶ᠎ᠠ ᠥᠷᠨᠢᠭᠦᠯᠬᠦ ᠵᠢ ᠳᠡᠮᠵᠢᠨ᠎ᠡ; ᠤᠰᠤ ᠠᠷᠪᠢᠯᠠᠬᠤ ᠠᠮᠵᠢᠯᠲᠠ ᠪᠦᠲᠦᠮᠵᠢ᠎ᠪᠠᠷ ᠢᠯᠡᠳᠲᠡ ᠨᠢᠭᠡᠴᠢ ᠪᠠ ᠬᠤᠪᠢ ᠬᠥᠮᠦᠨ᠎ᠢ ᠬᠥᠬᠢᠭᠦᠯᠦᠨ ᠱᠠᠩᠨᠠᠨ᠎ᠠ᠃ ᠬᠢᠨᠠᠯᠲᠠ ᠲᠠᠯᠪᠢᠵᠤ ᠬᠢᠨᠠᠨ ᠰᠢᠯᠭ᠋ᠠᠬᠤ ᠲᠠᠯ᠎ᠠ᠎ᠪᠠᠷ᠂ ᠵᠠᠰᠠᠭ᠎ᠤᠨ ᠣᠷᠳᠣᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ᠎ᠢ ᠬᠢᠨᠠᠯᠲᠠ ᠲᠠᠯᠪᠢᠵᠤ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂ ᠬᠢᠨᠠᠯᠲᠠ ᠲᠠᠯᠪᠢᠵᠤ ᠪᠠᠶ᠋ᠢᠴᠠᠭ᠋ᠠᠬᠤ ᠠᠷᠭ᠎ᠠ ᠬᠡᠮᠵᠢᠶ᠎ᠡ ᠵᠢ ᠲᠣᠳᠣᠷᠬᠠᠶ᠋ᠢᠯᠠᠨ᠎ᠠ; ᠢᠯᠡᠴᠢᠯᠡᠨ ᠮᠡᠳᠡᠭᠦᠯᠬᠦ ᠳᠦᠷᠢᠮ᠎ᠢ ᠪᠠᠶ᠋ᠢᠭᠤᠯᠤᠨ᠎ᠠ; ᠬᠢᠨᠠᠯᠲᠠ ᠲᠠᠯᠪᠢᠵᠤ ᠬᠢᠨᠠᠨ ᠰᠢᠯᠭ᠋ᠠᠬᠤ ᠵᠢ ᠴᠢᠩᠭ᠋ᠠᠷᠠᠭᠤᠯᠤᠨ᠂ ᠤᠰᠤ ᠠᠷᠪᠢᠯᠠᠬᠤ ᠬᠠᠷᠠᠯᠲᠠ ᠵᠢ ᠪᠡᠶᠡᠯᠡᠭᠦᠯᠦᠭᠰᠡᠨ ᠪᠠᠶ᠋ᠢᠳᠠᠯ᠎ᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠠᠷᠢᠭᠤᠴᠠᠯᠭ᠋ᠠᠲᠠᠨ᠎ᠢ ᠬᠢᠨᠠᠨ ᠰᠢᠯᠭ᠋ᠠᠬᠤ ᠬᠡᠪᠴᠢᠶᠡᠨ᠎ᠳᠤ ᠣᠷᠣᠭᠤᠯᠬᠤ ᠬᠡᠷᠡᠭᠲᠡᠶ᠃

   ᠠᠰᠠᠭᠤᠬᠤ᠎ᠨᠢ᠄ 《ᠲᠦᠷᠢᠮ》᠎ᠳᠤ ᠬᠠᠤᠯᠢ ᠵᠢ ᠵᠥᠷᠢᠴᠡᠭᠰᠡᠨ ᠠᠵᠢᠯᠯᠠᠭ᠎ᠠ ᠵᠢᠨ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠵᠢᠨ ᠲᠤᠬᠠᠢ ᠶᠠᠮᠠᠷ ᠶᠠᠮᠠᠷ ᠲᠣᠭᠲᠠᠭ᠋ᠠᠯ ᠭᠠᠷᠭ᠋ᠠᠭᠰᠠᠨ ᠪᠤᠢ?

   ᠬᠠᠷᠢᠭᠤᠯᠬᠤ᠎ᠨᠢ᠄ ᠤᠰᠤ ᠬᠡᠷᠡᠭᠯᠡᠬᠦ ᠬᠡᠮᠵᠢᠯᠲᠡ ᠵᠢᠨ ᠪᠡᠯᠡᠳᠬᠡᠮᠵᠢ ᠵᠢ ᠡᠵᠡᠯᠡᠬᠦ᠂ ᠡᠪᠳᠡᠬᠦ᠂ ᠳᠤᠷ᠎ᠠ᠎ᠪᠠᠷ ᠵᠶ᠋ᠠᠨ ᠰᠢᠯᠵᠢᠭᠦᠯᠬᠦ ᠪᠤᠶᠤ ᠤᠰᠤ ᠬᠡᠷᠡᠭᠯᠡᠬᠦ ᠬᠡᠮᠵᠢᠶ᠎ᠡ ᠵᠢ ᠬᠠᠷᠰᠢᠯᠠᠬᠤ᠂ ᠤᠰᠤ ᠶᠡᠭᠡ ᠬᠤᠷᠣᠭᠳᠠᠭᠤᠯᠬᠤ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠤᠰᠤ ᠬᠡᠷᠡᠭᠯᠡᠬᠦ ᠬᠢᠷᠢ ᠬᠡᠮᠵᠢᠶ᠎ᠡ᠎ᠨᠢ ᠤᠰᠤ ᠬᠡᠷᠡᠭᠯᠡᠬᠦ ᠲᠣᠭᠲᠠᠭᠰᠠᠨ ᠨᠤᠷᠮ᠎ᠠ᠎ᠠᠴᠠ ᠬᠡᠲᠦᠷᠡᠭᠰᠡᠨ ᠮᠥᠷᠲᠡᠭᠡᠨ ᠲᠣᠭᠲᠠᠭᠰᠠᠨ ᠬᠤᠭᠤᠴᠠᠭ᠋ᠠᠨ᠎ᠳᠠᠭᠠᠨ ᠤᠰᠤ ᠠᠷᠪᠢᠯᠠᠬᠤ ᠥᠭᠡᠷᠡᠴᠢᠯᠡᠯᠲᠡ ᠬᠢᠭᠰᠡᠨ ᠦᠭᠡᠢ ᠵᠡᠷᠭᠡ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠵᠣᠭᠤᠰ ᠵᠶ᠋ᠠᠷ ᠲᠣᠷᠭ᠋ᠠᠬᠤ᠂ ᠤᠰᠤ ᠠᠪᠬᠤ ᠵᠥᠪᠰᠢᠶᠡᠷᠡᠯ᠎ᠤᠨ ᠦᠨᠡᠮᠯᠡᠯ᠎ᠢ᠎ᠨᠢ ᠬᠤᠷᠢᠶᠠᠨ ᠠᠪᠴᠤ ᠬᠦᠴᠦᠨ ᠦᠭᠡᠢ ᠪᠣᠯᠭ᠋ᠠᠬᠤ ᠵᠡᠷᠭᠡ ᠵᠠᠰᠠᠭ ᠵᠠᠬᠢᠷᠭ᠋ᠠᠨ᠎ᠤ ᠴᠢᠩᠭ᠎ᠠ ᠰᠢᠢ᠍ᠳᠬᠡᠯ᠎ᠢ ᠲᠣᠭᠲᠠᠭ᠋ᠠᠪᠠ᠃  ᠤᠯᠤᠰ᠎ᠠᠴᠠ ᠢᠯᠡ᠎ᠪᠠᠷ ᠵᠠᠷᠯᠢᠭᠳᠠᠨ ᠰᠢᠭᠰᠢᠭᠳᠡᠭᠦᠯᠦᠭᠰᠡᠨ ᠬᠣᠴᠣᠷᠤᠩᠭᠤᠢ ᠮᠡᠷᠭᠡᠵᠢᠯ᠂ ᠤᠷ᠎ᠠ ᠮᠡᠷᠭᠡᠰᠢᠯ᠂ ᠲᠣᠨᠣᠭ ᠲᠥᠬᠥᠭᠡᠷᠦᠮᠵᠢ ᠪᠣᠯᠤᠨ ᠦᠢ᠍ᠯᠡᠳᠬᠦᠨ ᠵᠡᠷᠭᠡ ᠬᠠᠤᠯᠢ ᠵᠢ ᠵᠥᠷᠢᠴᠡᠭᠰᠡᠨ ᠠᠵᠢᠯᠯᠠᠭ᠎ᠠ ᠵᠢ ᠤᠰᠤᠨ᠎ᠤ ᠬᠠᠤᠯᠢ ᠵᠢᠨ ᠬᠣᠯᠪᠣᠭᠳᠠᠯ᠎ᠲᠠᠢ ᠲᠣᠭᠲᠠᠭ᠋ᠠᠯ ᠶᠣᠰᠣᠭ᠋ᠠᠷ ᠰᠢᠢ᠍ᠳᠭᠡᠨ᠎ᠡ᠃

   ᠠᠰᠠᠭᠤᠬᠤ᠎ᠨᠢ ᠄ 《ᠲᠦᠷᠢᠮ》᠎ᠤᠨ ᠤᠷᠤᠭᠰᠢᠲᠠᠶ ᠬᠡᠷᠡᠭᠵᠢᠭᠦᠯᠦᠭᠳᠡᠬᠦ ᠵᠢ ᠪᠠᠲᠤᠯᠠᠬᠤ ᠵᠢᠨ ᠲᠥᠯᠥᠭᠡ᠂ ᠬᠤᠯᠪᠣᠭᠳᠠᠯ ᠪᠥᠬᠦᠶ ᠲᠠᠯ᠎ᠠ ᠵᠢᠨ᠎ᠬᠢᠨ ᠪᠠᠰᠠ ᠶᠠᠮᠠᠷ ᠶᠠᠮᠠᠷ ᠠᠵᠢᠯ ᠥᠷᠨᠢᠭᠦᠯᠬᠦ ᠪᠣᠶ?

   ᠬᠠᠷᠢᠭᠤᠯᠬᠤ᠎ᠨᠢ ᠄ 《ᠲᠦᠷᠢᠮ》᠎ᠤᠨ ᠤᠷᠤᠭᠰᠢᠲᠠᠶ ᠬᠡᠷᠡᠭᠵᠢᠭᠦᠯᠦᠭᠳᠡᠬᠦ ᠵᠢ ᠪᠠᠲᠤᠯᠠᠬᠤ ᠵᠢᠨ ᠲᠥᠯᠥᠭᠡ᠂ ᠬᠤᠯᠪᠣᠭᠳᠠᠯ ᠪᠥᠬᠦᠶ ᠲᠠᠯ᠎ᠠ ᠵᠢᠨ᠎ᠬᠢᠨ ᠭᠤᠷᠪᠠᠨ ᠲᠠᠯ᠎ᠠ ᠵᠢᠨ ᠠᠵᠢᠯ᠎ᠢ ᠭᠤᠤᠯᠳᠠᠯᠭ᠎ᠠ᠎ᠲᠠᠢ ᠥᠷᠨᠢᠭᠦᠯᠦᠨ᠎ᠡ᠃ ᠣᠯᠠᠨ ᠵᠦᠢ᠍ᠯ᠎ᠤᠨ ᠬᠡᠯᠪᠡᠷᠢ᠎ᠪᠠᠷ 《ᠲᠦᠷᠢᠮ》᠎ᠢ ᠤᠬᠠᠭᠤᠯᠤᠨ ᠲᠠᠶ᠋ᠢᠯᠪᠤᠷᠢᠯᠠᠬᠤ ᠪᠠ ᠪᠣᠯᠪᠠᠰᠤᠷᠠᠭᠤᠯᠬᠤ ᠵᠡᠷᠭᠡ ᠠᠵᠢᠯ᠎ᠢ ᠰᠠᠶ᠋ᠢᠲᠤᠷ ᠬᠢᠵᠦ᠂ ᠬᠤᠯᠪᠣᠭᠳᠠᠯ ᠪᠥᠬᠦᠶ ᠡᠯ᠎ᠡ ᠲᠠᠯ᠎ᠠ ᠵᠢᠨ᠎ᠬᠢᠨ᠎ᠳᠤ 《ᠲᠦᠷᠢᠮ》᠎ᠤᠨ ᠠᠭᠤᠯᠭ᠎ᠠ ᠵᠢ ᠭᠦᠢ᠍ᠴᠡᠳ ᠮᠡᠳᠡᠭᠦᠯᠬᠦ ᠪᠠ ᠣᠨᠣᠪᠴᠢᠲᠠᠶ ᠡᠵᠡᠮᠰᠢᠭᠦᠯᠵᠦ᠂ 《ᠲᠦᠷᠢᠮ》᠎ᠢ ᠤᠷᠤᠭᠰᠢᠲᠠᠶ ᠬᠡᠷᠡᠭᠵᠢᠭᠦᠯᠬᠦ᠎ᠳᠤ ᠰᠠᠶ᠋ᠢᠨ ᠰᠠᠶ᠋ᠢᠬᠠᠨ ᠨᠡᠶ᠋ᠢᠭᠡᠮ᠎ᠤᠨ ᠠᠭᠤᠷ ᠠᠮᠢᠰᠬᠤᠯ᠎ᠢ ᠪᠣᠶ ᠪᠣᠯᠭ᠋ᠠᠬᠤ ᠬᠡᠷᠡᠭᠲᠡᠶ᠃ ᠬᠤᠶᠠᠷ᠎ᠲᠤ᠂ ᠢᠵᠢ ᠪᠦᠷᠢᠳᠦᠭᠦᠯᠬᠦ ᠲᠦᠷᠢᠮ᠎ᠤᠨ ᠪᠠᠶ᠋ᠢᠭᠤᠯᠤᠯᠲᠠ ᠵᠢ ᠴᠠᠭ ᠲᠤᠬᠠᠶ᠎ᠳᠤᠨᠢ ᠮᠥᠷᠳᠡᠨ ᠳᠠᠭ᠋ᠠᠪᠠ᠃ 《ᠲᠦᠷᠢᠮ》᠎ᠳᠤ ᠤᠰᠤ ᠠᠷᠪᠢᠯᠠᠬᠤ ᠬᠠᠮᠢᠶᠠᠷᠤᠯᠲᠠ ᠵᠢᠨ ᠦᠨᠳᠦᠰᠦᠨ ᠲᠦᠷᠢᠮ᠎ᠤᠨ ᠪᠣᠷᠣ ᠲᠥᠯᠥᠪ᠎ᠢ ᠲᠣᠭᠲᠠᠭ᠋ᠠᠵᠤ᠂ ᠨᠠᠩ ᠪᠣᠳᠠᠲᠠᠶ᠂ ᠠᠵᠢᠯᠯᠠᠭ᠋ᠠᠨ᠎ᠤ ᠴᠢᠨᠠᠷ ᠵᠶ᠋ᠠᠷ ᠨᠠᠩ ᠴᠢᠩᠭ᠎ᠠ ᠬᠠᠮᠢᠶ᠎ᠠ ᠪᠥᠬᠦᠶ ᠢᠵᠢ ᠪᠥᠷᠢᠳᠦᠭᠦᠯᠬᠦ ᠲᠣᠭᠲᠠᠭ᠋ᠠᠯ᠎ᠢ ᠴᠠᠭ ᠲᠤᠬᠠᠶ᠎ᠳᠤᠨᠢ ᠨᠡᠶ᠋ᠢᠲᠡᠯᠡᠵᠦ᠂ ᠲᠦᠷᠢᠮ᠎ᠤᠨ ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠨᠠᠷᠢᠯᠢᠬ᠍ᠵᠢᠭᠤᠯᠤᠨ᠂ 《ᠲᠦᠷᠢᠮ》᠎ᠢ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠭᠤᠷᠪᠠ᠎ᠳᠤ᠂ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠴᠢᠩᠭ᠋ᠠᠳᠬᠠᠨ᠎ᠠ᠃ ᠬᠠᠤᠯᠢ ᠬᠡᠷᠡᠭᠵᠢᠭᠦᠯᠬᠦ ᠡᠩᠨᠡᠭᠡᠨ᠎ᠤ ᠪᠠᠶ᠋ᠢᠭᠤᠯᠤᠯᠲᠠ ᠵᠢ ᠲᠠᠰᠤᠷᠠᠯᠲᠠ ᠦᠭᠡᠢ ᠴᠢᠩᠭ᠋ᠠᠳᠬᠠᠵᠤ᠂ ᠬᠠᠤᠯᠢ ᠬᠡᠷᠡᠭᠵᠢᠭᠦᠯᠬᠦ ᠴᠢᠳᠠᠪᠤᠷᠢ ᠪᠣᠯᠤᠨ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠬᠠᠤᠯᠢ ᠬᠡᠷᠡᠭᠵᠢᠭᠦᠯᠬᠦ᠎ᠳᠤ ᠬᠢᠨᠠᠯᠲᠠ ᠲᠠᠯᠪᠢᠬᠤ ᠡᠷᠴᠢᠮ ᠵᠶ᠋ᠠᠨ ᠴᠢᠩᠭ᠋ᠠᠷᠠᠭᠤᠯᠵᠤ᠂ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠵᠦ᠂ 《ᠳᠦᠷᠢᠮ》᠎ᠢ ᠲᠤᠭᠤᠰᠢᠯᠠᠭᠤᠯᠤᠨ ᠬᠡᠷᠡᠭᠵᠢᠭᠦᠯᠬᠦ ᠵᠢ ᠦᠨᠡᠨᠬᠦ ᠰᠠᠶ᠋ᠢᠲᠤᠷ ᠬᠢᠬᠦ ᠬᠡᠷᠡᠭᠲᠡᠢ᠃

  《ᠳᠤᠮᠳᠠᠳᠤ ᠤᠯᠤᠰ᠎ᠤᠨ ᠤᠰᠤᠨ ᠠᠰᠢᠭᠯᠠᠯᠲᠠ ᠵᠢᠨ ᠰᠣᠨᠢᠨ》᠎ᠠᠴᠠ ᠰᠢᠯᠵᠢᠭᠦᠯᠪᠡ 2024 ᠣᠨ᠎ᠤ 3 ᠳ᠋ᠤᠭ᠋ᠠᠷ ᠰᠠᠷ᠎ᠠ ᠵᠢᠨ 22᠎ᠤᠨ ᠡᠳᠦᠷ  5537 ᠳ᠋ᠤᠭ᠋ᠠᠷ ᠬᠤᠭᠤᠴᠠᠭ᠎ᠠ

 

ᠢᠷᠡᠯᠲᠡ᠄ ᠳᠤᠮᠳᠠᠳᠤ ᠤᠯᠤᠰ᠎ᠤᠨ ᠤᠰᠤᠨ ᠠᠰᠢᠭᠯᠠᠯᠲᠠ ᠵᠢᠨ ᠰᠣᠨᠢᠨ
          
ᠬᠠᠮᠢᠶ᠎ᠡ ᠪᠦᠬᠦᠢ ᠰᠣᠨᠢᠨ
 
            