ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠦᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠵᠡᠯ ᠰᠠᠨᠠᠭ᠎ᠠ ᠤᠯᠤᠰ ᠲᠥᠷᠥ᠎ᠶ᠋ᠢᠨ ᠠᠵᠢᠯ᠎ᠤᠨ ᠲᠦᠷᠢᠮ》᠎ᠢ ᠳᠠᠷᠤᠮᠠᠯᠯᠠᠨ ᠲᠠᠷᠬᠠᠭᠠᠪᠠ
ᠨᠡᠶ᠋ᠢᠲᠡᠯᠡᠭᠰᠡᠨ ᠴᠠᠭ᠄ 2025-10-13

      ᠣᠢᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠵᠡᠯ ᠰᠠᠨᠠᠭ᠎ᠠ ᠤᠯᠤᠰ ᠲᠥᠷᠥ᠎ᠶ᠋ᠢᠨ ᠠᠵᠢᠯ᠎ᠤᠨ ᠲᠦᠷᠢᠮ》 (ᠳᠣᠷᠣᠭ᠍ᠰᠢ 《ᠲᠦᠷᠢᠮ》 ᠭᠡᠵᠦ᠍ ᠲᠣᠪᠴᠢᠯᠠᠨ᠎ᠠ )᠎ᠢ ᠳᠠᠷᠤᠮᠠᠯᠯᠠᠨ ᠲᠠᠷᠬᠠᠭᠠᠭ᠍ᠰᠠᠨ ᠪᠥᠭᠡᠳ ᠮᠡᠳᠡᠭ᠌ᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠨᠠᠷᠢᠨ ᠬᠢᠨᠠᠮᠠᠭᠠᠶ ᠵᠢᠷᠤᠮᠯᠠᠨ ᠬᠡᠷᠡᠭ᠌ᠵᠢᠭᠦᠯᠬᠦ᠌ ᠬᠡᠷᠡᠭ᠌ᠲᠡᠶ ᠭᠡᠵᠦ᠍ ᠱᠠᠭᠠᠷᠳᠠᠪᠠ᠃
      ᠮᠡᠳᠡᠭ᠌ᠳᠡᠯ᠎ᠳᠦ᠂ ᠦᠵᠡᠯ ᠰᠠᠨᠠᠭ᠎ᠠ ᠤᠯᠤᠰ ᠲᠦᠷᠦ᠍᠎ᠶ᠋ᠢᠨ ᠠᠵᠢᠯ ᠪᠣᠯ ᠨᠠᠮ᠎ᠤᠨ ᠱᠢᠯᠢᠳᠡᠭ ᠤᠯᠠᠮᠵᠢᠯᠠᠯ᠂ ᠢᠯᠡ ᠲᠣᠳᠣ ᠣᠨᠴᠠᠯᠢᠭ ᠪᠠ ᠲᠤᠪᠤᠢ᠌ᠮ᠎ᠠ ᠤᠯᠤᠰ ᠲᠦᠷᠦ᠍᠎ᠶ᠋ᠢᠨ ᠳᠠᠪᠠᠭᠤᠯᠢᠭ ᠲᠠᠢ ᠶᠤᠮ᠃ 《ᠲᠦᠷᠢᠮ》 ᠨᠢ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ᠂ ᠨᠠᠮ᠎ᠤᠨ ᠲᠦᠷᠢᠮ᠎ᠢᠶᠡᠷ ᠦᠨᠳᠦᠰᠦᠨ ᠦᠨᠳᠦᠰᠦᠯᠡᠯ ᠪᠣᠯᠭᠠᠵᠤ᠂ ᠨᠠᠮ᠎ᠠᠴᠠ ᠦᠵᠡᠯ ᠰᠠᠨᠠᠭ᠎ᠠ ᠤᠯᠤᠰ ᠲᠥᠷᠥ᠎ᠶ᠋ᠢᠨ ᠠᠵᠢᠯ᠎ᠢ ᠤᠳᠤᠷᠢᠳᠤᠭ᠍ᠰᠠᠨ ᠲᠡᠦᠬᠡᠨ ᠲᠤᠷᠱᠢᠯᠭ᠎ᠠ ᠢᠯᠠᠩᠭᠤᠶ᠎ᠠ ᠱᠢᠨ᠎ᠡ ᠴᠠᠭ ᠦᠶ᠎ᠡ᠎ᠶ᠋ᠢᠨ ᠦᠵᠡᠯ ᠰᠠᠨᠠᠭ᠎ᠠ ᠤᠯᠤᠰ ᠲᠥᠷᠥ᠎ᠶ᠋ᠢᠨ ᠠᠵᠢᠯ᠎ᠤᠨ ᠣᠨᠣᠯ ᠪᠣᠯᠤᠨ ᠦᠶ᠋ᠯᠡᠳᠦᠯᠭᠡ᠎ᠶ᠋ᠢᠨ ᠲᠤᠷᠱᠢᠯᠭ᠎ᠠ᠎ᠶ᠋ᠢ ᠳ᠋ᠦᠩᠨᠡᠵᠦ᠍᠂ ᠦᠵᠡᠯ ᠰᠠᠨᠠᠭ᠎ᠠ ᠤᠯᠤᠰ ᠲᠥᠷᠥ᠎ᠶ᠋ᠢᠨ ᠠᠵᠢᠯ᠎ᠤᠨ ᠪᠠᠢᠭᠤᠯᠤᠯ ᠲᠣᠭ᠍ᠲᠠᠴᠠ᠂ ᠠᠵᠢᠯ᠎ᠤᠨ ᠡᠭᠦᠷᠭᠡ ᠬᠠᠷᠢᠭᠤᠴᠠᠯᠭ᠎ᠠ᠂ ᠠᠭᠤᠯᠭ᠎ᠠ ᠠᠷᠭ᠎ᠠ ᠬᠡᠯᠪᠡᠷᠢ᠂ ᠬᠠᠷᠠᠯᠲᠠ ᠡᠭᠦᠷᠭᠡ᠎ᠶ᠋ᠢ ᠤᠯᠠᠮ ᠨᠢᠭᠡ ᠠᠯᠬᠤᠮ ᠲᠣᠳᠣᠷᠬᠠᠢᠯᠠᠵᠤ᠂ ᠦᠵᠡᠯ ᠰᠠᠨᠠᠭ᠎ᠠ ᠤᠯᠤᠰ ᠲᠥᠷᠥ᠎ᠶ᠋ᠢᠨ ᠠᠵᠢᠯ᠎ᠳᠠᠬᠢ ᠨᠠᠮ᠎ᠤᠨ ᠪᠥᠬᠥ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ ᠴᠢᠩᠭᠠᠳᠭᠠᠬᠤ᠂ ᠦᠵᠡᠯ ᠰᠠᠨᠠᠭ᠎ᠠ ᠤᠯᠤᠰ ᠲᠥᠷᠥ᠎ᠶ᠋ᠢᠨ ᠠᠵᠢᠯ᠎ᠤᠨ ᠱᠢᠨᠵᠢᠯᠡᠬᠦ᠌ ᠤᠬᠠᠭᠠᠨᠴᠢᠯᠠᠯᠲᠠ ᠳᠦᠷᠢᠮᠵᠢᠯᠲᠡ ᠵᠢᠷᠤᠮᠵᠢᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌᠎ᠳᠦ ᠴᠢᠬᠤᠯᠠ ᠠᠴᠢ ᠬᠣᠯᠪᠣᠭ᠍ᠳᠠᠯ᠎ᠲᠠᠶ ᠶᠤᠮ ᠭᠡᠵᠦ ᠵᠢᠭᠠᠵᠤ ᠭᠠᠷᠭᠠᠪᠠ᠃
      ᠮᠡᠳᠡᠭ᠌ᠳᠡᠯ᠎ᠳᠦ᠂ ᠡᠯ᠎ᠡ ᠱᠠᠲᠤᠨ᠎ᠤ ᠨᠠᠮ᠎ᠤᠨ ᠬᠤᠷᠢᠶ᠎ᠠ (ᠨᠠᠮ᠎ᠤᠨ ᠤᠳᠤᠷᠢᠳᠭᠤ ᠳᠤᠭᠤᠢᠯᠠᠩ) 《ᠲᠦᠷᠢᠮ》᠎ᠢ ᠰᠤᠷᠤᠯᠴᠠᠨ ᠤᠬᠠᠭᠤᠯᠬᠤ ᠪᠠ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠨᠠᠷᠢᠨ ᠬᠢᠨᠠᠮᠠᠭᠠᠢ ᠰᠠᠢᠲᠤᠷ ᠠᠳᠭᠤᠵᠤ᠂ ᠦᠵᠡᠯ ᠰᠠᠨᠠᠭ᠎ᠠ ᠤᠯᠤᠰ ᠲᠦᠷᠦ᠍᠎ᠶ᠋ᠢᠨ ᠠᠵᠢᠯ᠎ᠢ ᠥᠷᠨᠢᠭᠦᠯᠵᠦ᠍ ᠪᠠᠢᠭ᠎ᠠ ᠪᠠᠢᠳᠠᠯ᠎ᠢ ᠱᠠᠯᠠᠪᠳᠠᠭᠤᠯᠤᠨ ᠪᠠᠢᠴᠠᠭᠠᠬᠤ᠎ᠪᠠᠨ ᠴᠢᠩᠭᠠᠳᠭᠠᠵᠤ ᠂ 《ᠲᠦᠷᠢᠮ》᠎ᠦᠨ ᠡᠯ᠎ᠡ ᠵᠦᠢᠯ᠎ᠦᠨ ᠲᠣᠭ᠍ᠲᠠᠭᠠᠯ᠎ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠪᠠᠲᠤᠯᠠᠬᠤ ᠬᠡᠷᠡᠭ᠌ᠲᠡᠢ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠤᠯᠤᠰ ᠲᠦᠷᠦ᠍᠎ᠶ᠋ᠢᠨ ᠲᠠᠯ᠎ᠠ ᠡᠴᠡ᠂ ᠪᠦᠬᠦ᠌ ᠲᠠᠯ᠎ᠠ᠎ᠠᠴᠠ ᠦᠵᠡᠯ ᠰᠠᠨᠠᠭ᠎ᠠ ᠤᠯᠤᠰ ᠲᠦᠷᠦ᠍᠎ᠶ᠋ᠢᠨ ᠠᠵᠢᠯ᠎ᠤᠨ ᠲᠤᠢᠯ᠎ᠤᠨ ᠴᠢᠬᠤᠯᠠ ᠴᠢᠨᠠᠷ᠎ᠢ ᠭᠦᠨᠵᠡᠭᠡᠢ ᠲᠠᠨᠢᠵᠤ᠂ ᠳᠡᠭᠡᠳᠦ ᠬᠡᠮᠵᠢᠶᠡᠨ᠎ᠦ ᠦᠵᠡᠯ ᠰᠠᠨᠠᠭᠠᠨ᠎ᠤ ᠤᠬᠠᠮᠰᠠᠷ ᠪᠠ ᠪᠠᠲᠤ ᠴᠢᠩᠭ᠎ᠠ ᠬᠠᠷᠢᠭᠤᠴᠠᠯᠭ᠎ᠠ ᠡᠭᠦᠷᠭᠡᠯᠡᠯ᠎ᠢᠶᠡᠷ ᠦᠵᠡᠯ ᠰᠠᠨᠠᠭ᠎ᠠ ᠤᠯᠤᠰ ᠲᠦᠷᠦ᠍᠎ᠶ᠋ᠢᠨ ᠠᠵᠢᠯ᠎ᠢ ᠨᠠᠷᠢᠨ ᠬᠢᠨᠠᠮᠠᠭᠠᠢ ᠰᠠᠢᠲᠤᠷ ᠠᠳᠭᠤᠵᠤ᠂ ᠦᠵᠡᠯ ᠰᠠᠨᠠᠭ᠎ᠠ ᠤᠯᠤᠰ ᠲᠦᠷᠦ᠍᠎ᠶ᠋ᠢᠨ ᠠᠵᠢᠯ᠎ᠤᠨ ᠬᠦᠲᠦᠯᠦᠨ ᠳᠠᠭᠠᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠬᠤ ᠬᠡᠷᠡᠭ᠌ᠲᠡᠢ᠃ ᠪᠦᠬᠦ᠌ ᠨᠠᠮ᠎ᠤᠨ ᠭᠡᠱᠢᠭᠦᠳ ᠢᠯᠠᠩᠭᠤᠶ᠎ᠠ ᠤᠳᠤᠷᠢᠳᠭᠤ ᠺᠠᠳ᠋ᠷᠴᠤᠳ ᠨᠠᠮᠴᠢ ᠴᠢᠨᠠᠷ᠎ᠤᠨ ᠪᠣᠯᠪᠠᠰᠤᠷᠠᠯ᠎ᠢᠶᠠᠨ ᠴᠢᠩᠭᠠᠳᠭᠠᠵᠤ᠂ ᠪᠡᠶ᠎ᠡ᠎ᠪᠡᠷ᠎ᠢᠶᠡᠨ ᠬᠡᠪ ᠲᠦᠷᠢᠮ ᠪᠤᠯᠵᠤ ᠦᠵᠡᠯ ᠰᠠᠨᠠᠭ᠎ᠠ ᠤᠯᠤᠰ ᠲᠦᠷᠦ᠍᠎ᠶ᠋ᠢᠨ ᠠᠵᠢᠯ᠎ᠢ ᠥᠷᠨᠢᠭᠦᠯᠬᠦ᠌ ᠬᠡᠷᠡᠭ᠌ᠲᠡᠢ᠃ ᠦᠵᠡᠯ ᠰᠠᠨᠠᠭ᠎ᠠ ᠤᠯᠤᠰ ᠲᠥᠷᠥ᠎ᠶ᠋ᠢᠨ ᠠᠵᠢᠯ᠎ᠤᠨ ᠡᠩᠨᠡᠭᠡ᠎ᠶ᠋ᠢ ᠰᠠᠢᠲᠤᠷ ᠪᠠᠢᠭᠤᠯᠤᠨ ᠬᠦᠴᠦᠷᠬᠡᠭ᠌ᠵᠢᠭᠦᠯᠵᠦ᠍᠂ ᠦᠵᠡᠯ ᠰᠠᠨᠠᠭ᠎ᠠ ᠤᠯᠤᠰ ᠲᠥᠷᠥ᠎ᠶ᠋ᠢᠨ ᠠᠵᠢᠯ᠎ᠤᠨ ᠲᠠᠰᠤᠷᠠᠯᠲᠠ ᠥᠬᠡᠶ ᠱᠢᠨ᠎ᠡ ᠪᠠᠢᠳᠠᠯ᠎ᠢ ᠡᠭᠦᠳᠬᠦ᠌᠎ᠶ᠋ᠢ ᠠᠬᠢᠭᠤᠯᠬᠤ ᠬᠡᠷᠡᠭ᠌ᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ 《ᠲᠦᠷᠢᠮ》᠎ᠢ ᠬᠡᠷᠡᠭ᠌ᠵᠢᠭᠦᠯᠬᠦ᠌ ᠶᠠᠪᠤᠴᠠ᠎ᠳᠠᠬᠢ ᠴᠢᠬᠤᠯᠠ ᠪᠠᠢᠳᠠᠯ ᠪᠣᠯᠤᠨ ᠰᠠᠨᠠᠭᠤᠯᠭ᠎ᠠ᠎ᠶ᠋ᠢ ᠴᠠᠭ ᠲᠤᠬᠠᠢ᠎ᠳᠤᠨᠢ ᠨᠠᠮ᠎ᠤᠨ ᠲᠥᠪ ᠬᠤᠷᠢᠶ᠎ᠠ᠎ᠳᠤ ᠮᠡᠳᠡᠭᠦᠯᠬᠦ᠌ ᠬᠡᠷᠡᠭ᠌ᠲᠡᠢ ᠭᠡᠵᠦ ᠱᠠᠭᠠᠷᠳᠠᠪᠠ᠃
      ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 9 ᠰᠠᠷ᠎ᠠ᠎ᠶ᠋ᠢᠨ 28 ᠎ᠤ᠋ ᠴᠠᠬᠢᠯᠭᠠᠨ ᠮᠡᠳᠡᠭᠡ

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            