ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠲᠦᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠣᠢᠷ᠎ᠠ ᠬᠠᠪᠢ᠎ᠶ᠋ᠢᠨ ᠡᠮᠴᠢᠯᠡᠭᠡᠨ᠎ᠦ ᠭᠠᠵᠠᠷ᠎ᠲᠤ ᠡᠮᠴᠢᠯᠡᠭᠦᠯᠬᠦ᠌ ᠲᠠᠯ᠎ᠠ᠎ᠪᠠᠷ ᠰᠢᠨ᠎ᠡ ᠬᠤᠪᠢᠷᠠᠯᠲᠠ ᠭᠠᠷᠴᠠᠢ!ᠲᠥᠷᠥ᠍᠎ᠶ᠋ᠢᠨ ᠶᠠᠪᠤᠳᠠᠯ᠎ᠤᠨ ᠬᠣᠷᠢᠶᠠᠨ᠎ᠤ ᠴᠣᠬᠣᠯᠠᠪᠤᠷᠢ
ᠨᠡᠶ᠋ᠢᠲᠡᠯᠡᠭᠰᠡᠨ ᠴᠠᠭ᠄ 2025-09-20

      ᠣᠢᠷ᠎ᠠ᠎ᠳᠤ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠠᠴᠠ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠂ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠳᠡᠪᠰᠢᠭᠦᠯᠦᠭᠰᠡᠨ 《ᠡᠮ ᠡᠮᠨᠡᠯᠭᠡ ᠡᠷᠡᠭᠦᠯ ᠬᠠᠮᠠᠭᠠᠯᠠᠯ᠎ᠤᠨ ᠰᠠᠭᠤᠷᠢ᠎ᠶᠢ ᠴᠢᠩᠭᠠᠳᠬᠠᠬᠤ ᠢᠨᠵᠧᠨᠧᠷᠢᠩ᠎ᠦᠨ ᠬᠡᠷᠡᠭᠵᠢᠭᠦᠯᠬᠦ ᠲᠥᠰᠥᠯ》᠎ᠢ ᠴᠣᠬᠣᠯᠠᠪᠤᠷᠢᠯᠠᠨ ᠬᠠᠷᠢᠭᠤᠯᠪᠠ᠂ ᠬᠣᠢᠱᠢᠳᠠ᠎ᠶ᠋ᠢᠨ 5 ᠵᠢᠯ᠎ᠳᠦ ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭᠠᠯᠠᠯ᠎ᠤᠨ ᠦᠢᠯᠡᠴᠢᠯᠡᠭᠡ᠎ᠳᠦ ᠡᠳᠡᠭᠡᠷ ᠬᠤᠪᠢᠷᠠᠯᠲᠠ ᠭᠠᠷᠤᠨ᠎ᠠ᠂ ᠬᠠᠮᠲᠤ᠎ᠪᠠᠷ ᠦᠵᠡᠵᠡᠭᠡᠶ᠎ᠡ —
      2027 ᠣᠨ ᠪᠣᠯᠬᠤ᠎ᠳᠤ᠂ ᠰᠠᠭᠤᠭᠠᠯᠢ ᠠᠷᠠᠳ᠎ᠢ 15 ᠮᠢᠨᠦ᠋ᠲ᠎ᠦᠨ ᠳᠣᠲᠣᠷ᠎ᠠ ᠬᠠᠮᠤᠭ᠎ᠤᠨ ᠣᠢᠷ᠎ᠠ ᠡᠮᠴᠢᠯᠡᠭᠡᠨ᠎ᠦ ᠦᠢᠯᠡᠴᠢᠯᠡᠭᠡᠨ᠎ᠦ ᠴᠡᠭ᠎ᠲᠦ ᠬᠦᠷᠴᠦ᠍ ᠣᠴᠢᠭᠤᠯᠬᠤ᠎ᠪᠠᠷ ᠴᠢᠷᠮᠠᠢᠨ᠎ᠠ;2030 ᠣᠨ ᠪᠣᠯᠬᠤ᠎ᠳᠤ᠂ ᠣᠯᠠᠨ ᠲᠦᠮᠡᠨ᠎ᠳᠦ ᠴᠢᠨᠠᠷ ᠰᠠᠢᠲᠠᠢ ᠥᠨᠳᠥᠷ ᠪᠦᠲᠦᠮᠵᠢᠲᠡᠶ ᠡᠷᠡᠭᠦᠯ ᠮᠡᠨᠳᠦ᠎ᠶᠢᠨ ᠦᠢᠯᠡᠴᠢᠯᠡᠭᠡ᠎ᠶᠢ ᠣᠢᠷ᠎ᠠ ᠬᠠᠪᠢ᠎ᠳᠤ ᠨᠢ᠂ ᠳᠥᠭᠥᠮ ᠳᠥᠲᠡ ᠡᠳ᠋ᠯᠡᠭᠦᠯᠬᠦ᠌ ᠪᠣᠯᠭᠠᠨ᠎ᠠ᠃
      ᠰᠢᠶᠠᠨ ᠰᠢᠶᠠᠩ ᠲᠣᠰᠬᠤᠨ᠎ᠤ ᠨᠡᠢᠭᠡᠮ ᠲᠣᠭᠣᠷᠢᠭ᠋᠎ᠤᠨ ᠡᠮᠴᠢᠯᠡᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ ᠡᠳᠡᠭᠡᠷ ᠦᠢᠯᠡᠴᠢᠯᠡᠭᠡ᠎ᠶᠢ ᠲᠤᠰ ᠲᠤᠰ ᠬᠠᠩᠭᠠᠨ᠎ᠠ᠄
      ᠰᠢᠶᠠᠨ᠎ᠤ ᠱᠠᠲᠤᠨ᠎ᠤ ᠡᠮᠨᠡᠯᠭᠡ᠎ᠶᠢᠨ ᠬᠣᠷᠢᠶ᠎ᠠ ᠨᠢ ᠭᠣᠣᠯᠳᠠᠭᠤ ᠰᠢᠶᠠᠨ᠎ᠤ ᠲᠣᠭᠣᠷᠢᠭ᠋᠎ᠲᠠᠬᠢ ᠪᠠᠢᠩᠭᠤ ᠲᠣᠬᠢᠶᠠᠯᠳᠤᠳᠠᠭ ᠡᠪᠡᠳᠴᠢᠨ᠂ ᠤᠯᠠᠨ ᠡᠭᠦᠰᠳᠡᠭ ᠡᠪᠡᠳᠴᠢᠨ᠂ ᠤᠳᠠᠭᠠᠨ ᠴᠢᠨᠠᠷᠲᠠᠢ ᠡᠪᠡᠳᠴᠢᠨ᠎ᠢ ᠣᠨᠣᠰᠢᠯᠠᠵᠤ ᠡᠮᠴᠢᠯᠡᠵᠦ ᠰᠤᠪᠢᠯᠠᠬᠤ ᠪᠠ ᠪᠠᠴᠢᠮ ᠲᠦᠭᠰᠢᠭᠦᠷᠢᠲᠡᠢ ᠬᠦᠨᠳᠦ ᠡᠪᠡᠳᠴᠢᠨ᠎ᠢ ᠡᠮᠨᠡᠨ ᠵᠠᠰᠠᠬᠤ᠂ ᠬᠦᠴᠢᠷ ᠲᠦᠪᠡᠭᠲᠡᠢ ᠪᠤᠳᠤᠯᠢᠶᠠᠨᠲᠠᠢ ᠡᠪᠡᠳᠴᠢᠨ᠎ᠢ ᠳᠡᠭᠡᠳᠦ ᠱᠠᠲᠤᠨ᠎ᠳᠤ ᠰᠢᠯᠵᠢᠭᠦᠯᠦᠨ ᠡᠮᠴᠢᠯᠡᠭᠦᠯᠬᠦ ᠵᠡᠷᠭᠡ ᠦᠢᠯᠡᠴᠢᠯᠡᠭᠡ᠎ᠶᠢ ᠬᠠᠩᠭᠠᠬᠤ ᠪᠥᠭᠡᠳ ᠵᠣᠬᠢᠴᠠᠭ᠍ᠰᠠᠨ ᠤᠯᠠᠨ ᠨᠡᠶ᠋ᠢᠲᠡ᠎ᠶᠢᠨ ᠡᠷᠡᠭᠦᠯ ᠬᠠᠮᠠᠭᠠᠯᠠᠯ᠎ᠤᠨ ᠴᠢᠳᠠᠮᠵᠢ᠎ᠶᠢ ᠡᠭᠦᠷᠭᠡᠯᠡᠬᠦ᠌ ᠪᠣᠯᠤᠨ᠎ᠠ᠃
      ᠰᠢᠶᠠᠩ ᠪᠠᠯᠭᠠᠰᠤᠨ᠎ᠤ ᠡᠷᠡᠭᠦᠯ ᠬᠠᠮᠠᠭᠠᠯᠠᠯ᠎ᠤᠨ ᠬᠣᠷᠢᠶ᠎ᠠ᠂ ᠨᠡᠢᠭᠡᠮ ᠲᠣᠭᠣᠷᠢᠭ᠋᠎ᠤᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠲᠥᠪ ᠨᠢ ᠣᠯᠠᠨ ᠨᠡᠶ᠋ᠢᠲᠡ᠎ᠶᠢᠨ ᠦᠨᠳᠦᠰᠦᠨ ᠡᠷᠡᠭᠦᠯ ᠬᠠᠮᠠᠭᠠᠯᠠᠯ᠎ᠤᠨ ᠦᠢᠯᠡᠴᠢᠯᠡᠭᠡ ᠬᠠᠩᠭᠠᠬᠤ ᠵᠢᠴᠢ ᠠᠩᠬ᠎ᠠ ᠣᠨᠣᠱᠢᠯᠠᠭᠤᠯᠤᠭ᠍ᠰᠠᠨ ᠡᠪᠡᠳᠴᠢᠲᠡᠨ᠂ ᠡᠩ᠎ᠦᠨ ᠪᠠᠢᠩᠭᠤ ᠲᠣᠬᠢᠶᠠᠯᠳᠤᠳᠠᠭ ᠡᠪᠡᠳᠴᠢᠨ ᠪᠠ ᠣᠯᠠᠨ ᠡᠭᠦᠰᠳᠡᠭ ᠡᠪᠡᠳᠴᠢᠨ᠎ᠳᠤ ᠨᠡᠷᠪᠡᠭ᠌ᠳᠡᠭ᠌ᠰᠡᠳ᠂ ᠲᠣᠳᠣᠷᠬᠠᠢ ᠣᠨᠣᠰᠢᠯᠠᠭᠰᠠᠨ ᠪᠥᠭᠡᠳ ᠡᠪᠡᠳᠴᠢᠨ᠎ᠦ ᠪᠠᠢᠳᠠᠯ ᠨᠢ ᠲᠣᠭ᠍ᠲᠠᠪᠤᠷᠢᠵᠢᠭ᠍ᠰᠠᠨ ᠤᠳᠠᠭᠠᠨ ᠴᠢᠨᠠᠷᠲᠠᠢ ᠡᠪᠡᠳᠴᠢᠨ᠎ᠳᠦ ᠨᠡᠷᠪᠡᠭ᠌ᠳᠡᠭ᠌ᠰᠡᠳ ᠵᠡᠷᠭᠡ᠎ᠳᠦ ᠦᠢᠯᠡᠴᠢᠯᠡᠭᠡ ᠬᠠᠩᠭᠠᠬᠤ᠎ᠶᠢ ᠬᠠᠷᠢᠭᠤᠴᠠᠨ᠎ᠠ᠃
      ᠲᠣᠰᠬᠣᠨ᠎ᠤ ᠡᠷᠡᠭᠦᠯ ᠬᠠᠮᠠᠭᠠᠯᠠᠯ᠎ᠤᠨ ᠲᠠᠰᠤᠭ᠂ ᠨᠡᠢᠭᠡᠮ ᠲᠣᠭᠣᠷᠢᠭ᠋᠎ᠤᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠦᠷᠲᠡᠭᠡ ᠨᠢ ᠵᠠᠰᠠᠭ ᠵᠠᠬᠢᠷᠭᠠᠨ᠎ᠤ ᠲᠣᠰᠬᠣᠨ᠂ ᠨᠡᠢᠭᠡᠮ ᠲᠣᠭᠣᠷᠢᠭ᠋᠎ᠤᠨ ᠬᠡᠪᠴᠢᠶᠡᠨ᠎ᠳᠡᠬᠢ ᠬᠥᠮᠥᠰ᠎ᠦᠨ ᠤᠯᠠᠨ ᠨᠡᠶ᠋ᠢᠲᠡ᠎ᠶᠢᠨ ᠡᠷᠡᠭᠦᠯ ᠬᠠᠮᠠᠭᠠᠯᠠᠯ᠎ᠤᠨ ᠦᠨᠳᠦᠰᠦᠨ ᠦᠢᠯᠡᠴᠢᠯᠡᠭᠡ ᠪᠠ ᠡᠩ᠎ᠦᠨ ᠪᠠᠢᠩᠭᠤ ᠲᠣᠬᠢᠶᠠᠯᠳᠤᠳᠠᠭ ᠡᠪᠡᠳᠴᠢᠨ᠂ ᠤᠯᠠᠨ ᠡᠭᠦᠰᠳᠡᠭ ᠡᠪᠡᠳᠴᠢᠨ᠎ᠢ ᠠᠩᠬᠠᠨ ᠱᠠᠲᠤᠨ᠎ᠳᠤ ᠣᠨᠣᠰᠢᠯᠠᠨ ᠡᠮᠴᠢᠯᠡᠬᠦ᠌᠂ ᠡᠷᠡᠭᠦᠯᠵᠢᠭᠦᠯᠬᠦ ᠵᠡᠷᠭᠡ ᠠᠵᠢᠯ᠎ᠢ ᠡᠭᠦᠷᠭᠡᠯᠡᠬᠦ᠌ ᠪᠣᠯᠣᠨ᠎ᠠ᠃
      ᠵᠢᠷᠮᠦᠰᠦᠨ ᠪᠠ ᠬᠥᠩᠭᠡᠵᠢᠭᠰᠡᠨ ᠡᠮᠡᠭᠲᠡᠢ ᠵᠡᠷᠭᠡ ᠭᠣᠣᠯᠳᠠᠯᠭ᠎ᠠ ᠪᠣᠯᠬᠤ ᠬᠥᠮᠥᠰ᠎ᠲᠦ ᠰᠢᠰᠲᠧᠮ ᠲᠡᠢ ᠦᠷᠭᠦᠯᠵᠢᠯᠡᠭᠰᠡᠨ ᠦᠢᠯᠡᠴᠢᠯᠡᠭᠡ᠎ᠶᠢ ᠴᠢᠩᠭᠠᠷᠠᠭᠤᠯᠤᠨ᠎ᠠ᠃
      ᠨᠥᠬᠥᠴᠡᠯ᠎ᠳᠦ ᠨᠡᠢᠴᠡᠬᠦ ᠲᠣᠰᠬᠣᠨ᠎ᠤ ᠡᠷᠡᠭᠦᠯ ᠬᠠᠮᠠᠭᠠᠯᠠᠯ᠎ᠤᠨ ᠲᠠᠰᠤᠭ᠎ᠢ ᠡᠮᠴᠢᠯᠡᠭᠡᠨ᠎ᠦ ᠳᠠᠭᠠᠳᠬᠠᠯ᠎ᠤᠨ ᠴᠡᠭ ᠲᠣᠭ᠍ᠲᠠᠭᠠᠭ᠍ᠰᠠᠨ ᠬᠠᠮᠢᠶᠠᠷᠤᠯᠲᠠ᠎ᠳᠤ ᠣᠷᠣᠭᠤᠯᠤᠨ᠎ᠠ᠃
      2030 ᠣᠨ ᠪᠣᠯᠬᠤ᠎ᠳᠤ ᠪᠠᠢᠩᠭᠤ ᠰᠠᠭᠤᠭ᠎ᠠ ᠬᠥᠮᠥᠨ ᠠᠮᠠ ᠨᠢ 5 ᠲᠦᠮᠡ᠎ᠡᠴᠡ ᠳᠠᠪᠠᠭ᠍ᠰᠠᠨ ᠰᠢᠶᠠᠨ ᠲᠣᠭᠣᠷᠢᠭ᠋᠎ᠲᠤ ᠴᠥᠮ ᠴᠠᠭᠠᠨ ᠬᠠᠷᠠᠩ᠎ᠤᠨ ᠮᠡᠰᠡ ᠵᠠᠰᠠᠯ ᠬᠢᠬᠦ᠂ ᠴᠢᠰᠤ ᠨᠡᠪᠴᠢᠭᠦᠯᠦᠨ ᠢᠯᠭᠠᠷᠠᠭᠤᠯᠬᠤ ᠴᠢᠳᠠᠮᠵᠢ᠎ᠶ᠋ᠢ ᠪᠦᠷᠢᠯᠳᠦᠭᠦᠯᠦᠨ᠎ᠡ᠃
      ᠬᠡᠦᠬᠡᠳ᠂ ᠨᠠᠰᠤᠲᠠᠢᠴᠤᠳ᠂ ᠵᠡᠮᠳᠡᠭᠴᠦᠳ ᠵᠡᠷᠭᠡ ᠭᠣᠣᠯᠳᠠᠯᠭ᠎ᠠ ᠪᠣᠯᠬᠤ ᠬᠥᠮᠥᠰ᠎ᠲᠦ ᠦᠢᠯᠡᠴᠢᠯᠡᠵᠦ᠍ ᠪᠠᠲᠤᠯᠠᠬᠤ ᠠᠵᠢᠯᠯᠠᠭᠠᠨ᠎ᠢ ᠠᠬᠢᠭᠤᠯᠤᠨ᠎ᠠ ᠄
      ᠡᠷᠡᠮᠳᠡᠭ ᠵᠡᠷᠡᠮᠳᠡᠭ ᠲᠦᠷᠦᠭᠦ᠎ᠶᠢ ᠰᠢᠭ᠌ᠰᠢᠨ ᠪᠠᠢᠴᠠᠭᠠᠬᠤ᠂ ᠣᠨᠣᠰᠢᠯᠠᠬᠤ᠂ ᠡᠮᠴᠢᠯᠡᠬᠦ᠌᠂ ᠡᠷᠡᠭᠦᠯᠵᠢᠭᠦᠯᠬᠦ ᠦᠢᠯᠡᠴᠢᠯᠡᠭᠡᠨ᠎ᠦ ᠬᠡᠯᠬᠢᠶ᠎ᠡ᠎ᠶᠢ ᠲᠡᠭᠦᠯᠳᠡᠷᠵᠢᠭᠦᠯᠦᠨ᠎ᠡ᠃
      ᠬᠡᠦᠬᠡᠳ ᠪᠠᠭᠠᠴᠤᠳ᠎ᠤᠨ ᠮᠠᠷᠢᠶᠠᠯᠠᠬᠤ᠂ ᠣᠢᠷ᠎ᠠ ᠬᠠᠷᠠᠭ᠎ᠠ ᠪᠣᠯᠬᠤ᠂ ᠰᠡᠳᠬᠢᠴᠡ᠎ᠶᠢᠨ ᠠᠵᠢᠯᠯᠠᠭ᠎ᠠ ᠬᠡᠪ᠎ᠦᠨ ᠪᠤᠰᠤ ᠪᠣᠯᠬᠤ᠂ ᠭᠣᠣᠯ ᠨᠢᠷᠤᠭᠤᠨ᠎ᠤ ᠮᠤᠷᠤᠢᠯᠲᠠ ᠬᠡᠪ᠎ᠦᠨ ᠪᠤᠰᠤ ᠪᠣᠯᠬᠤ᠂ ᠰᠢᠳᠦ ᠬᠣᠷᠣᠬᠠᠢᠲᠤᠬᠤ ᠵᠡᠷᠭᠡ᠎ᠶᠢ ᠨᠢ ᠰᠡᠷᠭᠡᠢᠯᠡᠨ ᠵᠠᠰᠠᠬᠤ᠎ᠶᠢ ᠴᠢᠩᠭᠠᠳᠬᠠᠨ᠎ᠠ᠃ 
      ᠡᠮᠡᠭᠲᠡᠢᠴᠦᠳ᠎ᠦᠨ ᠪᠠᠢᠩᠭᠤ ᠲᠣᠬᠢᠶᠠᠯᠳᠤᠳᠠᠭ ᠡᠪᠡᠳᠴᠢᠨ᠎ᠢ ᠶᠡᠷᠦᠩᠬᠡᠢᠯᠡᠨ ᠰᠡᠷᠭᠡᠢᠯᠡᠨ ᠵᠠᠰᠠᠬᠤ ᠴᠢᠳᠠᠪᠤᠷᠢ᠎ᠶᠢ ᠴᠢᠩᠭᠠᠷᠠᠭᠤᠯᠤᠨ᠎ᠠ᠃
      ᠨᠠᠰᠤᠲᠠᠢᠴᠤᠳ᠎ᠤᠨ ᠡᠷᠡᠭᠦᠯ ᠮᠡᠨᠳᠦ᠎ᠶᠢ ᠠᠬᠢᠭᠤᠯᠬᠤ᠎ᠪᠠᠨ ᠴᠢᠩᠭᠠᠳᠬᠠᠵᠤ᠂ ᠴᠢᠳᠠᠪᠤᠷᠢ᠎ᠪᠠᠨ ᠠᠯᠳᠠᠭᠰᠠᠨ ᠨᠠᠰᠤᠲᠠᠢᠴᠤᠳ᠎ᠲᠤ ᠡᠷᠡᠭᠦᠯ ᠮᠡᠨᠳᠦ᠎ᠶᠢᠨ ᠦᠢᠯᠡᠴᠢᠯᠡᠭᠡ ᠬᠠᠩᠭᠠᠬᠤ᠂ ᠥᠲᠡᠯᠦᠭ᠌ᠰᠡᠳ᠎ᠦᠨ ᠮᠡᠨᠡᠭᠰᠢᠬᠦ᠎ᠶᠢ ᠠᠷᠭᠠᠴᠠᠬᠤ ᠵᠡᠷᠭᠡ ᠠᠵᠢᠯ᠎ᠢᠶᠠᠨ ᠦᠷᠭᠦᠯᠵᠢᠯᠡᠨ ᠠᠬᠢᠭᠤᠯᠵᠤ᠂ ᠭᠡᠷ᠎ᠲᠤ ᠨᠢ ᠬᠦᠷᠴᠦ ᠰᠤᠪᠢᠯᠠᠬᠤ ᠦᠢᠯᠡᠴᠢᠯᠡᠭᠡᠨ᠎ᠦ ᠬᠠᠩᠭᠠᠯᠭ᠎ᠠ᠎ᠶᠢ ᠨᠡᠮᠡᠭᠳᠡᠭᠦᠯᠦᠨ᠎ᠡ᠃
      ᠵᠡᠮᠳᠡᠭᠴᠦᠳ᠎ᠦᠨ ᠡᠷᠡᠭᠦᠯ ᠮᠡᠨᠳᠦ᠎ᠶᠢᠨ ᠬᠠᠮᠢᠶᠠᠷᠤᠯᠲᠠ ᠪᠠ ᠡᠷᠡᠭᠦᠯᠵᠢᠯ᠎ᠦᠨ ᠦᠢᠯᠡᠴᠢᠯᠡᠭᠡ᠎ᠶᠢ ᠴᠢᠩᠭᠠᠳᠬᠠᠨ᠎ᠠ᠃ 
      ᠰᠢᠶᠠᠨ᠎ᠤ ᠱᠠᠲᠤᠨ᠎ᠤ ᠡᠮᠴᠢᠯᠡᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ᠎ᠶᠢ ᠬᠥᠲᠥᠯᠥᠨ ᠵᠢᠯᠤᠭᠣᠳᠴᠤ ᠪᠠᠢᠭᠠᠳ ᠡᠮᠴᠢᠯᠡᠬᠦ᠌ ᠪᠠ ᠠᠰᠠᠷᠠᠬᠤ᠎ᠶᠢ ᠤᠶᠠᠯᠳᠤᠭᠤᠯᠬᠤ ᠦᠢᠯᠡᠴᠢᠯᠡᠭᠡ᠎ᠶᠢ ᠦᠷᠭᠦᠯᠵᠢᠯᠡᠨ ᠥᠷᠨᠢᠭᠦᠯᠵᠦ᠂ ᠲᠦᠭᠡᠮᠡᠯ ᠬᠠᠷᠠᠭᠠᠯᠵᠠᠯᠲᠤ ᠨᠠᠢᠳᠠᠨ ᠰᠠᠭᠠᠲᠠᠭᠤᠯᠬᠤ ᠦᠢᠯᠡᠴᠢᠯᠡᠭᠡ᠎ᠳᠤ ᠣᠷᠣᠯᠴᠠᠭᠤᠯᠵᠤ ᠳᠡᠮᠵᠢᠯᠭᠡ ᠦᠵᠡᠭᠦᠯᠦᠨ᠎ᠡ᠃
      ᠤᠯᠠᠨ ᠨᠡᠶ᠋ᠢᠲᠡ᠎ᠶᠢᠨ ᠲᠠᠯᠠᠪᠤᠷ ᠭᠠᠵᠠᠷ ᠪᠠ ᠨᠡᠢᠭᠡᠮ ᠲᠣᠭᠣᠷᠢᠭ᠋᠎ᠲᠠᠬᠢ ᠡᠪᠡᠳᠴᠢᠲᠡᠨ᠎ᠳᠦ ᠴᠡᠭᠡᠵᠢᠨ ᠪᠡᠶ᠎ᠡ᠎ᠶᠢᠨ ᠭᠠᠳᠠᠨ᠎ᠠ᠎ᠠᠴᠠ ᠴᠡᠴᠡᠷᠡᠯᠲᠡ᠎ᠶᠢ ᠠᠷᠢᠯᠭᠠᠬᠤ ᠠᠦ᠋ᠲ᠋ᠣ᠋ ᠮᠠᠰᠢᠨ(AED)᠎ᠢ ᠳᠡᠯᠭᠡᠷᠡᠭᠦᠯᠵᠦ ᠲᠣᠬᠢᠷᠠᠭᠤᠯᠬᠤ᠎ᠶᠢ ᠴᠢᠩᠭᠠᠳᠬᠠᠨ᠎ᠠ᠃
      ᠨᠢᠭ᠍ᠲᠠ ᠬᠡᠯᠪᠡᠷᠢ᠎ᠶᠢᠨ ᠡᠮᠴᠢᠯᠡᠭᠡᠨ᠎ᠦ ᠬᠣᠯᠪᠣᠭᠠᠲᠤ ᠴᠣᠭᠴᠠ᠎ᠶ᠋ᠢᠨ ᠪᠠᠢᠴᠠᠭᠠᠨ ᠱᠢᠯᠭᠠᠭ᠍ᠰᠠᠨ ᠦᠷ᠎ᠡ ᠳ᠋ᠦᠩ᠎ᠢ ᠨᠢ ᠬᠠᠷᠢᠯᠴᠠᠨ ᠮᠡᠳᠡᠷᠡᠬᠦ᠎ᠶᠢ ᠠᠬᠢᠭᠤᠯᠤᠨ᠎ᠠ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            