《ᠢᠯᠡ ᠲᠤᠳᠤ᠂ ᠡᠷᠬᠡ ᠲᠡᠭᠰᠢ᠂ ᠲᠥᠪ ᠭᠤᠣᠯᠴᠢ》 ᠵᠢᠨ ᠵᠠᠷᠴᠢᠮ ᠶᠣᠰᠣᠭ᠋ᠠᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠶᠠᠰᠤ ᠴᠢᠨᠠᠷ ᠬᠢᠭᠡᠳ ᠠᠮᠤᠷ ᠲᠦᠪᠰᠢᠨ᠎ᠤ ᠬᠢᠨᠠᠯᠲᠠ ᠲᠠᠯᠪᠢᠬᠤ ᠦᠢ᠍ᠯᠡᠴᠢᠯᠡᠭᠡᠨ᠎ᠤ ᠲᠥᠪ᠎ᠠᠴᠠ 2025 ᠣᠨ᠎ᠤ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢ ᠢᠯᠡ᠎ᠪᠠᠷ ᠰᠣᠩᠭᠤᠵᠤ᠂ ᠨᠥᠬᠦᠴᠡᠯ᠎ᠳᠤ ᠨᠡᠶ᠋ᠢᠴᠡᠭᠰᠡᠨ ᠨᠡᠶ᠋ᠢᠭᠡᠮ᠎ᠤᠨ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢᠨ ᠨᠡᠷ᠎ᠡ ᠮᠡᠳᠡᠭᠦᠯᠵᠦ ᠣᠷᠣᠯᠴᠠᠬᠤ ᠵᠢ ᠪᠠᠶᠠᠷᠯᠠᠨ ᠤᠭᠲᠤᠨ᠎ᠠ᠃
ᠨᠢᠭᠡ᠂ ᠲᠥᠷᠥᠯ ᠵᠦᠢ᠍ᠯ᠎ᠤᠨ ᠲᠦᠢ᠍ᠮᠣ ᠪᠠᠶ᠋ᠢᠳᠠᠯ
1. ᠲᠥᠷᠥᠯ ᠵᠦᠢ᠍ᠯ᠎ᠤᠨ ᠨᠡᠷᠡᠶ᠋ᠢᠳᠦᠯ᠄ 2025 ᠣᠨ᠎ᠤ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠶᠠᠰᠤ ᠴᠢᠨᠠᠷ᠎ᠲᠤ ᠬᠢᠨᠠᠯᠲᠠ ᠲᠠᠯᠪᠢᠵᠤ ᠪᠠᠶ᠋ᠢᠴᠠᠭ᠋ᠠᠨ ᠰᠢᠯᠭ᠋ᠠᠬᠤ᠂ 2025 ᠣᠨ᠎ᠤ ᠡᠯ᠎ᠡ ᠠᠶ᠋ᠢᠮᠠᠭ ᠬᠤᠲᠠ ᠵᠢᠨ ᠪᠠᠶ᠋ᠢᠭᠤᠯᠵᠤ ᠪᠠᠶ᠋ᠢᠭ᠎ᠠ ᠲᠥᠷᠥᠯ ᠵᠦᠢ᠍ᠯ᠎ᠤᠨ ᠨᠢᠰᠦᠯᠲᠡ ᠵᠢᠨ ᠪᠠᠶ᠋ᠢᠴᠠᠭ᠋ᠠᠯᠲᠠ ᠬᠢᠬᠦ᠃
2. ᠬᠡᠷᠡᠭᠵᠢᠭᠦᠯᠬᠦ ᠴᠠᠭ ᠪᠠ ᠭᠠᠵᠠᠷ᠄ 2025 ᠣᠨ᠎ᠤ ᠪᠥᠬᠦ ᠣᠷᠣᠨ᠎ᠤ ᠡᠯ᠎ᠡ ᠠᠶ᠋ᠢᠮᠠᠭ ᠬᠤᠲᠠ᠃
3. ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠨ ᠭᠦᠢ᠍ᠴᠡᠳᠬᠡᠬᠦ ᠠᠭᠤᠯᠭ᠎ᠠ᠄ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠨ ᠭᠦᠢ᠍ᠴᠡᠳᠬᠡᠬᠦ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ᠎ᠠ᠂ ᠡᠭᠦᠨ᠎ᠳᠤ ᠳᠠᠭ᠋ᠠᠭ᠋ᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠲᠣᠭᠲᠠᠭ᠋ᠠᠬᠤ᠂ ᠠᠯᠪᠠᠨ ᠵᠠᠷ ᠨᠡᠶ᠋ᠢᠲᠡᠯᠡᠬᠦ᠂ ᠲᠥᠷᠥᠯ ᠵᠦᠢ᠍ᠯ᠎ᠢ ᠥᠷᠨᠢᠭᠦᠯᠬᠦ ᠳᠤᠮᠳᠠᠬᠢ ᠰᠡᠵᠢᠭᠯᠡᠯ (ᠬᠡᠷᠪᠡ ᠪᠠᠢ᠌ᠪᠠᠯ)᠎ᠢ ᠰᠢᠢ᠍ᠳᠪᠦᠷᠢᠯᠡᠬᠦ᠂ ᠳᠠᠭ᠋ᠠᠭ᠋ᠠᠴᠢᠯᠠᠯᠲᠠ ᠨᠡᠢ᠌ᠲᠡᠯᠡᠬᠦ᠂ ᠳᠠᠭ᠋ᠠᠭ᠋ᠠᠴᠢᠯᠠᠯᠲᠠ ᠣᠯᠬᠤ ᠮᠡᠳᠡᠭᠳᠡᠯ᠎ᠤᠨ ᠪᠢᠴᠢᠭ ᠣᠯᠭᠣᠬᠤ᠂ ᠲᠥᠷᠥᠯ ᠵᠦᠢ᠍ᠯ᠎ᠢ ᠲᠠᠩᠰᠠ ᠡᠪᠬᠡᠮᠡᠯ᠎ᠳᠤ ᠣᠷᠣᠭᠤᠯᠬᠤ ᠵᠡᠷᠭᠡ ᠵᠢ ᠵᠣᠬᠢᠶᠠᠨ ᠪᠠᠶ᠋ᠢᠭᠤᠯᠬᠤ ᠬᠡᠷᠡᠭᠲᠡᠢ᠃
ᠬᠤᠶᠠᠷ᠂ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢᠨ ᠬᠢᠷᠢ ᠬᠡᠮ᠎ᠤᠨ ᠱᠠᠭ᠋ᠠᠷᠳᠠᠯᠭ᠎ᠠ
1᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ ᠵᠢᠨ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢᠨ ᠬᠥᠮᠥᠷᠭᠡ ᠵᠢᠨ ᠳᠠᠩᠰᠠᠯᠠᠯ᠃
2. ᠪᠡᠶ᠎ᠡ᠎ᠪᠠᠨ ᠳᠠᠭ᠋ᠠᠭ᠋ᠠᠭᠰᠠᠨ ᠬᠠᠤᠯᠢ ᠵᠢᠨ ᠡᠷᠬᠡᠲᠡᠨ᠎ᠤ ᠬᠢᠷᠢ ᠭᠡᠮ᠎ᠲᠠᠢ ᠪᠠᠶ᠋ᠢᠭᠤᠯᠤᠮᠵᠢ᠂ ᠡᠳ᠋᠎ᠤᠨ ᠶᠠᠪᠤᠳᠠᠯ᠎ᠤᠨ ᠰᠠᠶ᠋ᠢᠨ ᠰᠠᠶ᠋ᠢᠬᠠᠨ ᠪᠠᠶ᠋ᠢᠳᠠᠯ ᠪᠠ ᠬᠤᠳᠠᠯᠳᠤᠭ᠋ᠠᠨ᠎ᠤ ᠢᠲᠡᠭᠡᠯ ᠬᠦᠨᠳᠦ᠎ᠲᠠᠢ ᠪᠠᠶ᠋ᠢᠵᠤ᠂ ᠭᠡᠷ᠎ᠡ᠎ᠪᠠᠨ ᠭᠦᠢ᠍ᠴᠡᠳᠬᠡᠬᠦ ᠭᠦᠢ᠍ᠴᠡᠳ ᠬᠥᠷᠥᠩᠭᠡ ᠪᠠ ᠴᠢᠳᠠᠪᠤᠷᠢ᠎ᠲᠠᠢ ᠪᠠᠶ᠋ᠢᠬᠤ ᠬᠡᠷᠡᠭᠲᠡᠶ᠃
ᠭᠤᠷᠪᠠ᠂ ᠨᠡᠷ᠎ᠡ ᠮᠡᠳᠡᠭᠦᠯᠬᠦ᠎ᠳᠤ ᠬᠠᠩᠭ᠋ᠠᠬᠤ ᠴᠢᠬᠤᠯᠠᠲᠠᠢ ᠮᠠᠲᠸᠷᠢᠶᠠᠯ
1. ᠨᠡᠷ᠎ᠡ ᠮᠡᠳᠡᠭᠦᠯᠦᠭᠴᠢ᠎ᠨᠢ ᠲᠤᠰ ᠬᠥᠮᠥᠨ᠎ᠤ ᠪᠡᠶ᠎ᠡ ᠵᠢᠨ ᠦᠨᠡᠮᠯᠡᠯ᠎ᠤᠨ ᠤᠭ ᠮᠠᠲ᠋ᠧᠷᠢᠶᠠᠯ ᠵᠶ᠋ᠠᠨ ᠭᠠᠷᠭ᠋ᠠᠨ ᠦᠵᠡᠭᠦᠯᠵᠦ᠂ ᠪᠠᠭᠤᠯᠭ᠋ᠠᠪᠤᠷᠢ ᠵᠢ ᠬᠠᠩᠭ᠋ᠠᠨ᠎ᠠ; ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ᠎ᠪᠠᠷ ᠭᠠᠷᠤᠨ ᠦᠰᠦᠭ ᠵᠢᠷᠤᠭᠤᠯᠬᠤ᠂ ᠺᠣᠮᠫᠠᠨᠢ ᠵᠢᠨ ᠲᠠᠮᠠᠭ᠎ᠠ ᠳᠠᠷᠤᠭᠤᠯᠬᠤ 《ᠡᠷᠬᠡ ᠣᠯᠭᠤᠭᠰᠠᠨ ᠨᠠᠶ᠋ᠢᠳᠠᠯᠭ᠎ᠠ ᠵᠢᠨ ᠪᠢᠴᠢᠭ》 ᠭᠠᠷᠭ᠋ᠠᠵᠤ ᠥᠭᠭᠦᠨ᠎ᠡ᠃
2. ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠪᠠᠶ᠋ᠢᠭᠤᠯᠭ᠎ᠠ ᠵᠢᠨ ᠣᠨ᠎ᠤ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ᠎ᠨᠢ ᠬᠦᠴᠦᠨ᠎ᠲᠠᠢ ᠮᠥᠷᠲᠡᠭᠡᠨ ᠳᠠᠭ᠋ᠠᠭ᠋ᠠᠴᠢᠯᠠᠯᠲᠠ ᠬᠦᠯᠢᠶᠡᠬᠦ ᠠᠵᠤ ᠠᠬᠤᠶ᠋ᠢᠯᠠᠯ᠎ᠤᠨ ᠠᠯᠪᠠᠨ ᠲᠠᠮᠠᠭ᠎ᠠ ᠵᠢ ᠳᠠᠷᠤᠭᠰᠠᠨ ᠡᠵᠡᠩᠨᠡᠯᠲᠡ ᠵᠢᠨ ᠦᠨᠡᠮᠯᠡᠯ᠎ᠤᠨ ᠬᠠᠭᠤᠯᠪᠤᠷᠢ ᠳᠡᠪᠲᠡᠷ᠎ᠤᠨ ᠬᠠᠭᠤᠯᠪᠤᠷᠢ ᠵᠢ ᠬᠠᠩᠭ᠋ᠠᠵᠤ ᠥᠭᠭᠦᠨ᠎ᠡ᠃
3. 《ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠪᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠨ ᠣᠷᠣᠯᠠᠬᠤ ᠪᠠᠶ᠋ᠢᠭᠤᠯᠤᠮᠵᠢ᠎ᠳᠤ ᠳᠡᠩᠰᠡᠯᠡᠵᠦ ᠬᠥᠮᠥᠷᠭᠡ᠎ᠳᠤ ᠣᠷᠣᠭᠤᠯᠤᠭᠰᠠᠨ ᠵᠢᠷᠤᠭ᠎ᠢ ᠭᠡᠷᠡᠴᠢᠯᠡᠬᠦ ᠮᠠᠲ᠋ᠧᠷᠢᠶᠠᠯ᠎ᠢ ᠬᠠᠩᠭ᠋ᠠᠨ᠎ᠠ᠃
4. 《ᠢᠲᠡᠭᠡᠮᠵᠢᠲᠦ ᠳᠤᠮᠳᠠᠳᠤ ᠤᠯᠤᠰ》᠎ᠤᠨ ᠰᠦᠯᠵᠢᠶ᠎ᠡ (www.creditchina.gov.cn ) ᠢᠲᠡᠭᠡᠯ ᠵᠶ᠋ᠠᠨ ᠠᠯᠳᠠᠭᠰᠠᠨ ᠭᠦᠢ᠍ᠴᠡᠳᠬᠡᠭᠴᠢ ᠪᠠ ᠬᠦᠨᠳᠦ ᠶᠡᠭᠡ ᠭᠠᠶ᠋ᠢᠯᠢ ᠲᠠᠲᠠᠪᠤᠷᠢ ᠵᠢᠨ ᠬᠠᠤᠯᠢ᠎ᠠᠴᠠ ᠵᠥᠷᠢᠴᠡᠭᠰᠡᠨ ᠬᠡᠷᠡᠭ᠎ᠤᠨ ᠲᠤᠬᠠᠶ ᠵᠢᠨ ᠬᠥᠮᠦᠨ᠎ᠤ ᠨᠡᠷᠡᠰ᠎ᠤᠨ ᠲᠡᠮᠳᠡᠭᠯᠡᠯ᠎ᠤᠨ ᠤᠭᠲᠤᠯᠤᠭᠰᠠᠨ ᠵᠢᠷᠤᠭ ᠵᠢᠴᠢ 《ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 (www.ccgp.gov.cn ) ᠵᠢᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠵᠢ ᠵᠥᠷᠢᠴᠡᠵᠦ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ ᠵᠢᠨ ᠲᠡᠮᠳᠡᠭᠯᠡᠯ᠎ᠤᠨ ᠨᠡᠷᠡᠰ᠎ᠤᠨ ᠣᠭᠲᠣᠯᠤᠭ᠋ᠠᠰᠤ ᠵᠢᠨ ᠵᠢᠷᠤᠭ᠎ᠢ ᠬᠠᠩᠭ᠋ᠠᠨ᠎ᠠ᠃
ᠲᠠᠶ᠋ᠢᠯᠪᠤᠷᠢ᠄ ᠳᠡᠭᠡᠷᠡᠬᠢ ᠪᠤᠢ ᠪᠦᠬᠦᠢ ᠮᠠᠲ᠋ᠧᠷᠢᠶᠠᠯ᠎ᠨᠢ ᠴᠥᠮ ᠤᠭ ᠮᠠᠲ᠋ᠧᠷᠢᠶᠠᠯ (ᠰᠦᠯᠵᠢᠶᠡᠨ᠎ᠤ ᠨᠢᠭᠤᠷ᠎ᠤᠨ ᠣᠭᠲᠣᠯᠤᠭᠰᠠᠨ ᠵᠢᠷᠤᠭ᠎ᠠᠴᠠ ᠭᠠᠳᠠᠨ᠎ᠠ) ᠵᠢᠴᠢ ᠪᠠᠭᠤᠯᠭ᠋ᠠᠪᠤᠷᠢ ᠵᠢ ᠬᠠᠩᠭ᠋ᠠᠬᠤ ᠴᠢᠬᠤᠯᠠᠲᠠᠢ᠂ ᠨᠢᠭᠡᠴᠢ ᠵᠢᠨ ᠠᠯᠪᠠᠨ ᠲᠠᠮᠠᠭ᠎ᠠ ᠵᠢ ᠳᠠᠷᠤᠬᠤ ᠴᠢᠬᠤᠯᠠᠲᠠᠢ᠂ ᠡᠰᠡ ᠲᠡᠶ᠋ᠢᠮᠦ ᠪᠣᠯ ᠬᠦᠴᠦᠨ ᠦᠭᠡᠢ᠃
ᠳᠥᠷᠪᠡ᠂ ᠨᠡᠷ᠎ᠡ ᠮᠡᠳᠡᠭᠦᠯᠬᠦ ᠴᠠᠭ᠂ ᠭᠠᠵᠠᠷ ᠣᠷᠣᠨ
ᠳᠡᠭᠡᠷ᠎ᠡ ᠳᠤᠷᠠᠳᠤᠭᠰᠠᠨ ᠨᠥᠬᠦᠴᠡᠯ᠎ᠳᠤ ᠨᠡᠶ᠋ᠢᠴᠡᠬᠦ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠨᠢ 2025 ᠣᠨ᠎ᠤ 3 ᠳ᠋ᠤᠭ᠋ᠠᠷ ᠰᠠᠷ᠎ᠠ ᠵᠢᠨ 17᠎ᠤ ᠡᠳᠦᠷ᠎ᠠᠴᠠ 2025 ᠣᠨ᠎ᠤ 3 ᠳ᠋ᠤᠭ᠋ᠠᠷ ᠰᠠᠷ᠎ᠠ ᠵᠢᠨ 18᠎ᠤ ᠡᠳᠦᠷ ᠪᠣᠯᠲᠠᠯ᠎ᠠ᠂ ᠠᠵᠢᠯ᠎ᠤᠨ ᠡᠳᠦᠷ ᠪᠦᠷᠢ ᠵᠢᠨ ᠦᠳᠡ ᠵᠢᠨ ᠡᠮᠦᠨ᠎ᠡ 9᠄ 00 — 12᠄ 00 ᠴᠠᠭ᠂ ᠦᠳᠡ ᠵᠢᠨ ᠬᠤᠶ᠋ᠢᠨ᠎ᠠ 14᠄ 30 — 17᠄ 00 ᠴᠠᠭ᠎ᠲᠤ ᠨᠡᠷ᠎ᠡ ᠮᠡᠳᠡᠭᠦᠯᠦᠭᠰᠡᠨ ᠮᠠᠲ᠋ᠧᠷᠢᠶᠠᠯ᠎ᠢ ᠲᠤᠰᠢᠶᠠᠨ᠎ᠠ᠃
ᠨᠡᠷ᠎ᠡ ᠮᠡᠳᠡᠭᠦᠯᠬᠦ ᠬᠠᠶᠢᠭ᠄ ᠬᠥᠬᠡᠬᠤᠲᠠ ᠵᠢᠨ ᠰᠠᠶ᠋ᠢᠬᠠᠨ ᠲᠣᠭᠤᠷᠢᠭ᠎ᠤᠨ ᠬᠥᠯᠥᠨ ᠪᠤᠶ᠋ᠢᠷ ᠡᠮᠦᠨ᠎ᠡ ᠵᠠᠮ᠎ᠤᠨ 119 ᠳ᠋ᠦ᠍ᠭᠡᠷ ᠲᠣᠭ᠋ᠠᠲᠤ 2201 ᠳ᠋ᠦ᠍ᠭᠡᠷ ᠠᠯᠪᠠᠨ ᠬᠡᠷ
ᠰᠢᠦᠳᠠᠨ ᠨᠣᠮᠧᠷ᠄ 010010
ᠬᠠᠷᠢᠯᠴᠠᠬᠤ ᠬᠦᠮᠦᠨ᠄ ᠢᠷᠤᠬᠠᠨ
ᠬᠠᠷᠢᠯᠴᠠᠬᠤ ᠣᠳᠠᠰᠣ᠄ 13154112696