《ᠡᠷᠬᠡ ᠲᠡᠭᠰᠢ᠂ ᠲᠥᠪ ᠭᠤᠣᠯᠴᠢ᠂ ᠢᠯᠡ ᠲᠣᠳᠣ》 ᠪᠠᠶ᠋ᠢᠬᠤ ᠵᠠᠷᠴᠢᠮ ᠶᠣᠰᠣᠭ᠋ᠠᠷ᠂ ᠮᠠᠨ᠎ᠤ ᠲᠥᠪ᠎ᠠᠴᠠ ᠡᠳᠦᠭᠡ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢ ᠢᠯᠡ᠎ᠪᠠᠷ ᠠᠳᠠᠯᠢᠳᠬᠠᠨ ᠰᠣᠩᠭᠤᠬᠤ᠎ᠪᠠᠷ ᠳᠠᠮᠵᠢᠭᠤᠯᠤᠨ ᠰᠢᠯᠢᠳᠡᠭ᠎ᠢ᠎ᠨᠢ ᠰᠣᠩᠭᠤᠵᠤ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠳᠣᠣᠷᠠᠬᠢ ᠤᠰᠤ ᠵᠢ ᠬᠢᠨᠠᠨ ᠬᠡᠮᠵᠢᠬᠦ ᠥᠷᠲᠡᠭᠡ ᠵᠢᠨ ᠴᠢᠮᠡᠭᠡ ᠬᠤᠯᠪᠣᠭ᠋ᠠᠨ᠎ᠤ ᠪᠠᠲᠤᠯᠠᠭ᠎ᠠ ᠵᠢ ᠳᠡᠰ ᠳᠡᠪᠰᠢᠭᠦᠯᠬᠦ ᠦᠢ᠍ᠯᠡᠴᠢᠯᠡᠭᠡᠨ᠎ᠤ ᠲᠥᠷᠥᠯ ᠵᠦᠢ᠍ᠯ ᠪᠠ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ (ᠪᠤᠶᠤ ᠤᠰᠤᠨ ᠰᠢᠨᠵᠢᠯᠡᠭᠡᠨ᠎ᠤ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢᠨ ᠬᠡᠷᠡᠭᠵᠢᠭᠦᠯᠬᠦ ᠲᠥᠰᠦᠯ)᠎ᠳᠤ ᠳᠠᠭ᠋ᠠᠭ᠋ᠠᠴᠢᠯᠠᠯᠲᠠ ᠵᠠᠷᠯᠠᠵᠤ ᠣᠷᠣᠯᠠᠨ ᠭᠦᠢ᠍ᠴᠡᠳᠬᠡᠬᠦ ᠠᠵᠢᠯ᠎ᠢ ᠥᠷᠨᠢᠭᠦᠯᠵᠦ᠂ ᠡᠳᠦᠭᠡ ᠬᠤᠯᠪᠣᠭᠳᠠᠯ ᠪᠦᠬᠦᠢ ᠵᠦᠢ᠍ᠯᠡᠰ᠎ᠢ ᠳᠣᠣᠷᠠᠬᠢ ᠮᠡᠲᠦ ᠵᠠᠷᠯᠠᠶ᠎ᠠ᠄
ᠨᠢᠭᠡ᠂ ᠲᠦᠷᠦᠯ ᠵᠦᠢ᠍ᠯ᠎ᠤᠨ ᠲᠦᠢ᠍ᠮᠦ ᠪᠠᠶ᠋ᠢᠳᠠᠯ
1. ᠲᠥᠷᠥᠯ ᠵᠦᠢ᠍ᠯ᠎ᠤᠨ ᠨᠡᠷᠡᠶ᠋ᠢᠳᠦᠯ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠳᠣᠣᠷᠠᠬᠢ ᠤᠰᠤ ᠵᠢ ᠬᠢᠨᠠᠨ ᠬᠡᠮᠵᠢᠬᠦ ᠥᠷᠲᠡᠭᠡ ᠵᠢᠨ ᠴᠢᠮᠡᠭᠡ ᠬᠤᠯᠪᠣᠭ᠋ᠠᠨ᠎ᠤ ᠪᠠᠲᠤᠯᠠᠭ᠎ᠠ ᠵᠢ ᠳᠡᠰ ᠳᠡᠪᠰᠢᠭᠦᠯᠬᠦ ᠦᠢ᠍ᠯᠡᠴᠢᠯᠡᠭᠡᠨ᠎ᠤ ᠲᠥᠷᠥᠯ ᠵᠦᠢ᠍ᠯ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ (ᠪᠤᠶᠤ ᠤᠰᠤᠨ ᠰᠢᠨᠵᠢᠯᠡᠭᠡᠨ᠎ᠤ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢᠨ ᠬᠡᠷᠡᠭᠵᠢᠭᠦᠯᠬᠦ ᠲᠥᠰᠦᠯ) ᠵᠢ ᠨᠠᠶ᠋ᠢᠷᠠᠭᠤᠯᠤᠨ ᠵᠣᠬᠢᠶᠠᠨ᠎ᠠ᠃
2. ᠬᠡᠷᠡᠭᠵᠢᠭᠦᠯᠬᠦ ᠴᠠᠭ ᠪᠠ ᠭᠠᠵᠠᠷ᠄ 2025 ᠣᠨ᠂ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠦᠪ᠃
3. ᠳᠠᠭ᠋ᠠᠭ᠋ᠠᠴᠢᠯᠠᠯᠲᠠ ᠵᠠᠷᠯᠠᠬᠤ ᠵᠢ ᠤᠷᠤᠯᠠᠨ ᠭᠦᠢ᠍ᠴᠡᠳᠭᠡᠬᠦ ᠠᠭᠤᠯᠭ᠎ᠠ᠄ ᠳᠠᠭ᠋ᠠᠭ᠋ᠠᠴᠢᠯᠠᠯᠲᠠ ᠵᠠᠷᠯᠠᠬᠤ ᠵᠢ ᠤᠷᠤᠯᠠᠨ ᠭᠦᠢ᠍ᠴᠡᠳᠭᠡᠬᠦ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ᠎ᠠ᠂ ᠡᠭᠦᠨ᠎ᠳᠤ ᠳᠠᠭ᠋ᠠᠭ᠋ᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠲᠣᠭᠲᠠᠭ᠋ᠠᠬᠤ᠂ ᠠᠯᠪᠠᠨ ᠵᠠᠷ ᠨᠡᠶ᠋ᠢᠲᠡᠯᠡᠬᠦ᠂ ᠲᠥᠷᠥᠯ ᠵᠦᠢ᠍ᠯ᠎ᠢ ᠥᠷᠨᠢᠭᠦᠯᠬᠦ ᠳᠤᠮᠳᠠᠬᠢ ᠰᠡᠵᠢᠭᠯᠡᠯ (ᠬᠡᠷᠪᠡ ᠪᠠᠢ᠌ᠪᠠᠯ)᠎ᠢ ᠰᠢᠢ᠍ᠳᠪᠦᠷᠢᠯᠡᠬᠦ᠂ ᠳᠠᠭ᠋ᠠᠭ᠋ᠠᠴᠢᠯᠠᠯᠲᠠ ᠨᠡᠶ᠋ᠢᠲᠡᠯᠡᠬᠦ ᠵᠢ ᠵᠣᠬᠢᠶᠠᠨ ᠪᠠᠶ᠋ᠢᠭᠤᠯᠬᠤ᠂ ᠳᠠᠭ᠋ᠠᠭ᠋ᠠᠴᠢᠯᠠᠯᠲᠠ ᠣᠯᠬᠤ ᠮᠡᠳᠡᠭᠳᠡᠯ᠎ᠤᠨ ᠪᠢᠴᠢᠭ ᠲᠠᠷᠬᠠᠭ᠋ᠠᠬᠤ᠂ ᠲᠥᠷᠥᠯ ᠵᠦᠢ᠍ᠯ᠎ᠢ ᠳᠠᠩᠰᠠ ᠡᠪᠬᠡᠮᠡᠯ᠎ᠳᠤ ᠣᠷᠣᠭᠤᠯᠬᠤ ᠵᠡᠷᠭᠡ ᠵᠢ ᠪᠠᠭᠲᠠᠭ᠋ᠠᠭᠰᠠᠨ ᠪᠣᠯᠪᠠᠴᠤ ᠦᠯᠦ ᠬᠢᠵᠠᠭ᠋ᠠᠷᠯᠠᠨ᠎ᠠ᠃
ᠬᠤᠶᠠᠷ᠂ ᠤᠷᠤᠯᠠᠨ ᠭᠦᠢ᠍ᠴᠡᠳᠭᠡᠬᠦ ᠪᠠᠶ᠋ᠢᠭᠤᠯᠤᠮᠵᠢ ᠵᠢᠨ ᠬᠢᠷᠢ ᠬᠡᠮ᠎ᠤᠨ ᠱᠠᠭ᠋ᠠᠷᠳᠠᠯᠭ᠎ᠠ
1. ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ᠎ᠨᠢ ᠡᠷᠬᠡᠪᠰᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶᠡᠨ᠎ᠤ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ ᠵᠢᠨ ᠬᠥᠮᠥᠷᠭᠡ᠎ᠳᠤ ᠪᠦᠷᠢᠳᠬᠡᠨ ᠳᠠᠩᠰᠠᠯᠠᠭᠤᠯᠬᠤ ᠬᠡᠷᠡᠭᠲᠡᠶ᠃
2. ᠲᠤᠰᠠᠭ᠋ᠠᠷ ᠲᠣᠭᠲᠠᠨᠢᠭᠰᠠᠨ ᠬᠠᠤᠯᠢ ᠵᠢᠨ ᠡᠷᠬᠡᠲᠡᠨ᠎ᠤ ᠬᠢᠷᠢ ᠭᠡᠮ᠎ᠲᠠᠢ ᠪᠠᠶ᠋ᠢᠭᠤᠯᠤᠮᠵᠢ᠂ ᠡᠷᠬᠡᠪᠰᠢ ᠰᠠᠶ᠋ᠢᠨ ᠰᠠᠶ᠋ᠢᠬᠠᠨ ᠡᠳ᠋᠎ᠤᠨ ᠶᠠᠪᠤᠳᠠᠯ᠎ᠤᠨ ᠪᠠᠶ᠋ᠢᠳᠠᠯ ᠪᠠ ᠬᠤᠳᠠᠯᠳᠤᠭ᠋ᠠᠨ᠎ᠤ ᠢᠲᠡᠭᠡᠯ ᠬᠦᠨᠳᠦ᠎ᠲᠠᠢ ᠪᠠᠶ᠋ᠢᠵᠤ᠂ ᠭᠦᠢ᠍ᠴᠡᠳ ᠡᠳ᠋ ᠬᠥᠷᠥᠩᠭᠡ ᠪᠠ ᠴᠢᠳᠠᠪᠤᠷᠢ᠎ᠲᠠᠢ ᠪᠠᠶ᠋ᠢᠵᠤ ᠭᠡᠷ᠎ᠡ ᠵᠢ ᠭᠦᠢ᠍ᠴᠡᠳᠬᠡᠬᠦ ᠬᠡᠷᠡᠭᠲᠡᠢ᠃
ᠭᠤᠷᠪᠠ᠂ ᠨᠡᠷ᠎ᠡ ᠮᠡᠳᠡᠭᠦᠯᠬᠦ᠎ᠳᠤ ᠬᠠᠩᠭ᠋ᠠᠬᠤ ᠴᠢᠬᠤᠯᠠᠲᠠᠢ ᠮᠠᠲ᠋ᠧᠷᠢᠶᠠᠯ
1. ᠨᠡᠷ᠎ᠡ ᠮᠡᠳᠡᠭᠦᠯᠦᠭᠴᠢ᠎ᠠᠴᠠ ᠪᠡᠶ᠎ᠡ ᠵᠢᠨ ᠦᠨᠡᠮᠯᠡᠯ ᠵᠶ᠋ᠠᠨ ᠭᠠᠷᠭ᠋ᠠᠵᠤ ᠦᠵᠡᠭᠦᠯᠦᠨ᠎ᠡ᠂ ᠪᠠᠭᠤᠯᠭ᠋ᠠᠪᠤᠷᠢ᠂ ᠬᠠᠷᠢᠯᠴᠠᠬᠤ ᠠᠷᠭ᠎ᠠ ᠬᠡᠯᠪᠡᠷᠢ ᠵᠶ᠋ᠡᠨ ᠬᠠᠩᠭ᠋ᠠᠨ᠎ᠠ᠃
2. ᠨᠡᠷ᠎ᠡ ᠮᠡᠳᠡᠭᠦᠯᠦᠭᠴᠢ᠎ᠨᠢ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢᠨ ᠭᠠᠷᠤᠨ ᠦᠰᠦᠭ ᠵᠢᠷᠤᠭᠰᠠᠨ᠂ ᠺᠣᠮᠫᠠᠨᠢ ᠵᠢᠨ ᠲᠠᠮᠠᠭ᠎ᠠ ᠳᠠᠷᠤᠭᠰᠠᠨ 《ᠡᠷᠬᠡ ᠣᠯᠭᠤᠭᠰᠠᠨ ᠨᠠᠶ᠋ᠢᠳᠠᠯᠭ᠎ᠠ ᠵᠢᠨ ᠪᠢᠴᠢᠭ》 ᠵᠶ᠋ᠡᠨ ᠭᠠᠷᠭ᠋ᠠᠵᠤ ᠥᠭᠭᠦᠨ᠎ᠡ᠃
3. ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠪᠠᠶ᠋ᠢᠭᠤᠯᠭ᠎ᠠ ᠵᠢᠨ ᠣᠨ᠎ᠤ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ᠎ᠨᠢ ᠬᠦᠴᠦᠨ᠎ᠲᠠᠢ ᠮᠥᠷᠲᠡᠭᠡᠨ ᠳᠠᠭ᠋ᠠᠭ᠋ᠠᠴᠢᠯᠠᠯᠲᠠ ᠬᠦᠯᠢᠶᠡᠬᠦ ᠠᠵᠤ ᠠᠬᠤᠶ᠋ᠢᠯᠠᠯ᠎ᠤᠨ ᠠᠯᠪᠠᠨ ᠲᠠᠮᠠᠭ᠎ᠠ ᠵᠢ ᠳᠠᠷᠤᠭᠰᠠᠨ ᠡᠵᠡᠩᠨᠡᠯᠲᠡ ᠵᠢᠨ ᠦᠨᠡᠮᠯᠡᠯ᠎ᠤᠨ ᠬᠠᠭᠤᠯᠪᠤᠷᠢ ᠳᠡᠪᠲᠡᠷ᠎ᠤᠨ ᠬᠠᠭᠤᠯᠪᠤᠷᠢ ᠵᠢ ᠬᠠᠩᠭ᠋ᠠᠨ᠎ᠠ᠃
4. ᠣᠢ᠌ᠷ᠎ᠠ ᠵᠢᠨ ᠬᠠᠭ᠋ᠠᠰ ᠵᠢᠯ᠎ᠳᠤ ᠭᠤᠷᠪᠠᠨ ᠰᠠᠷ᠎ᠠ ᠳᠠᠷᠠᠭ᠋ᠠᠯᠠᠨ ᠨᠡᠢ᠌ᠭᠡᠮ᠎ᠤᠨ ᠪᠠᠲᠤᠯᠠᠭ᠎ᠠ ᠵᠢᠨ ᠪᠡᠯᠡ ᠮᠦᠩᠭᠦ ᠲᠤᠰᠢᠶᠠᠭᠰᠠᠨ ᠭᠡᠷᠡᠴᠢ ᠮᠠᠲᠸᠷᠢᠶᠠᠯ᠂ ᠪᠠᠷᠤᠭ ᠬᠠᠭ᠋ᠠᠰ ᠵᠢᠯ ᠳᠠᠷᠠᠭ᠋ᠠᠯᠠᠨ ᠭᠤᠷᠪᠠᠨ ᠰᠠᠷ᠎ᠠ ᠭᠠᠢ᠌ᠯᠢ ᠲᠤᠰᠢᠶᠠᠭᠰᠠᠨ ᠭᠡᠷᠡᠴᠢ ᠮᠠᠲᠸᠷᠢᠶᠠᠯ᠎ᠢ ᠬᠠᠩᠭ᠋ᠠᠨ᠎ᠠ᠃
5. 2024 ᠪᠤᠶᠤ 2023 ᠣᠨ᠎ᠤ ᠬᠢᠨᠠᠨ ᠪᠤᠳᠤᠬᠤ ᠰᠠᠯᠠᠭ᠎ᠠ ᠮᠥᠴᠢᠷ ᠪᠤᠶᠤ ᠨᠢᠭᠲᠠᠯᠠᠨ ᠪᠤᠳᠤᠬᠤ ᠬᠡᠷᠡᠭ ᠡᠷᠬᠢᠯᠡᠬᠦ ᠭᠠᠵᠠᠷ᠎ᠤᠨ ᠬᠢᠵᠦ ᠥᠭᠭᠦᠭᠰᠡᠨ ᠬᠢᠨᠠᠨ ᠪᠤᠳᠤᠭᠰᠠᠨ ᠮᠡᠳᠡᠭᠦᠯᠦᠯᠲᠡ ᠪᠤᠶᠤ ᠺᠣᠮᠫᠠᠨᠢ ᠵᠢᠨ ᠦᠨᠳᠦᠰᠦᠨ ᠲᠠᠩᠰᠠ ᠪᠠᠶ᠋ᠢᠭᠤᠯᠤᠭᠰᠠᠨ ᠪᠠᠩᠬᠢ ᠵᠢᠨ ᠬᠢᠵᠦ ᠥᠭᠭᠦᠭᠰᠡᠨ ᠬᠢᠷᠢ ᠬᠡᠮ᠎ᠤᠨ ᠢᠲᠡᠭᠡᠮᠵᠢ ᠵᠢᠨ ᠭᠡᠷᠡᠴᠢ ᠵᠢ ᠬᠠᠩᠭ᠋ᠠᠨ᠎ᠠ᠃
6. 《ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠴᠢ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠨ ᠤᠷᠤᠯᠠᠨ ᠭᠦᠢ᠍ᠴᠡᠳᠭᠡᠬᠦ ᠪᠠᠶ᠋ᠢᠭᠤᠯᠤᠮᠵᠢ᠎ᠳᠤ ᠳᠡᠩᠰᠡᠯᠡᠵᠦ ᠬᠥᠮᠥᠷᠭᠡ᠎ᠳᠤ ᠣᠷᠣᠭᠤᠯᠬᠤ ᠣᠭᠲᠤᠯᠤᠭᠰᠠᠨ ᠵᠢᠷᠤᠭ᠎ᠤᠨ ᠭᠡᠷᠡᠴᠢ ᠮᠠᠲ᠋ᠧᠷᠢᠶᠠᠯ᠎ᠢ ᠬᠠᠩᠭ᠋ᠠᠨ᠎ᠠ᠃
7. 《ᠢᠲᠡᠭᠡᠮᠵᠢᠲᠦ ᠳᠤᠮᠳᠠᠳᠤ ᠤᠯᠤᠰ》 ᠰᠦᠯᠵᠢᠶ᠎ᠡ (www.creditchina.gov.cn ) ᠢᠲᠡᠭᠡᠮᠵᠢ ᠠᠯᠳᠠᠭᠰᠠᠨ ᠭᠦᠢ᠍ᠴᠡᠳᠬᠡᠭᠴᠢ ᠪᠠ ᠬᠦᠨᠳᠦ ᠶᠡᠭᠡ ᠭᠠᠶ᠋ᠢᠯᠢ ᠲᠠᠲᠠᠪᠤᠷᠢ ᠵᠢᠨ ᠬᠠᠤᠯᠢ᠎ᠠᠴᠠ ᠵᠥᠷᠢᠴᠡᠭᠰᠡᠨ ᠬᠡᠷᠡᠭ᠎ᠤᠨ ᠲᠤᠬᠠᠶ ᠵᠢᠨ ᠬᠥᠮᠦᠨ᠎ᠤ ᠨᠡᠷᠡᠰ᠎ᠤᠨ ᠲᠡᠮᠳᠡᠭᠯᠡᠯ᠎ᠤᠨ ᠣᠭᠲᠤᠯᠤᠭᠰᠠᠨ ᠵᠢᠷᠤᠭ ᠵᠢᠴᠢ 《ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠨ ᠰᠦᠯᠵᠢᠶ᠎ᠡ (www.ccgp.gov.cn ) ᠵᠢᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠵᠢ ᠵᠥᠷᠢᠴᠡᠵᠦ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ ᠵᠢᠨ ᠲᠡᠮᠳᠡᠭᠯᠡᠯ᠎ᠤᠨ ᠨᠡᠷᠡᠰ᠎ᠤᠨ ᠣᠭᠲᠣᠯᠣᠭᠰᠠᠨ ᠵᠢᠷᠤᠭ᠎ᠢ ᠬᠠᠩᠭ᠋ᠠᠨ᠎ᠠ᠃
8. ᠳᠤᠮᠳᠠᠳᠤ ᠤᠯᠤᠰ᠎ᠤᠨ ᠲᠠᠰᠤᠯᠤᠨ ᠲᠣᠭᠲᠠᠭ᠋ᠠᠯᠲᠠ ᠵᠢᠨ ᠪᠢᠴᠢᠭ ᠬᠠᠷ᠎ᠠ ᠵᠢᠨ ᠰᠦᠯᠵᠢᠶᠡᠨ᠎ᠳᠤ ᠨᠡᠷ᠎ᠡ ᠮᠡᠳᠡᠭᠦᠯᠦᠭᠡᠳ ᠣᠶ᠋ᠢᠷ᠎ᠠ ᠵᠢᠨ ᠭᠤᠷᠪᠠᠨ ᠵᠢᠯ (2022 ᠣᠨ᠎ᠤ 1 ᠳ᠋ᠦ᠍ᠭᠡᠷ ᠰᠠᠷ᠎ᠠ ᠵᠢᠨ 1᠎ᠠᠴᠠ ᠤᠳᠤ ᠪᠣᠯᠲᠠᠯ᠎ᠠ) ᠬᠡᠭᠡᠯᠢ ᠲᠦᠯᠬᠢᠵᠦ ᠶᠠᠯ᠎ᠠ ᠬᠢᠭᠰᠡᠨ ᠲᠡᠮᠳᠡᠭᠯᠡᠯ᠎ᠢ ᠪᠠᠶ᠋ᠢᠴᠠᠭ᠋ᠠᠨ ᠯᠠᠪᠯᠠᠭᠰᠠᠨ ᠲᠡᠮᠳᠡᠭᠯᠡᠯ᠎ᠤᠨ ᠣᠭᠲᠤᠯᠤᠭ᠋ᠠᠰᠤ ᠵᠢᠷᠤᠭ ᠦᠭᠡᠢ᠃
ᠳᠥᠷᠪᠡ᠂ ᠨᠡᠷ᠎ᠡ ᠮᠡᠳᠡᠭᠦᠯᠬᠦ ᠴᠠᠭ᠂ ᠭᠠᠵᠠᠷ ᠣᠷᠣᠨ
ᠳᠡᠭᠡᠷ᠎ᠡ ᠳᠤᠷᠠᠳᠤᠭᠰᠠᠨ ᠨᠥᠬᠦᠴᠡᠯ᠎ᠳᠤ ᠨᠡᠶ᠋ᠢᠴᠡᠬᠦ ᠳᠠᠭ᠋ᠠᠭ᠋ᠠᠴᠢᠯᠠᠯᠲᠠ ᠵᠠᠷᠯᠠᠬᠤ ᠵᠢ ᠤᠷᠤᠯᠠᠨ ᠭᠦᠢ᠍ᠴᠡᠳᠭᠡᠬᠦ ᠪᠠᠶ᠋ᠢᠭᠤᠯᠤᠮᠵᠢ᠎ᠨᠢ 2025 ᠣᠨ᠎ᠤ 3 ᠳ᠋ᠤᠭ᠋ᠠᠷ ᠰᠠᠷ᠎ᠠ ᠵᠢᠨ 18᠎ᠤ ᠡᠳᠦᠷ᠎ᠠᠴᠠ 2025 ᠣᠨ᠎ᠤ 3 ᠳ᠋ᠤᠭ᠋ᠠᠷ ᠰᠠᠷ᠎ᠠ ᠵᠢᠨ 19᠎ᠤ ᠡᠳᠦᠷ ᠪᠣᠯᠲᠠᠯ᠎ᠠ᠂ ᠠᠵᠢᠯᠯᠠᠬᠤ ᠡᠳᠦᠷ᠎ᠤᠨ ᠦᠳᠡ ᠵᠢᠨ ᠡᠮᠦᠨ᠎ᠡ 9᠄ 00 —12᠄ 00 ᠴᠠᠭ᠂ ᠦᠳᠡ ᠵᠢᠨ ᠬᠤᠶ᠋ᠢᠨ᠎ᠠ 14᠄ 30 — 17᠄ 00 ᠴᠠᠭ᠎ᠲᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠥᠪ᠎ᠲᠤ ᠨᠡᠷ᠎ᠡ ᠮᠡᠳᠡᠭᠦᠯᠬᠦ ᠮᠠᠲ᠋ᠧᠷᠢᠶᠠᠯ ᠵᠶ᠋ᠠᠨ ᠲᠤᠰᠢᠶᠠᠭ᠋ᠠᠷᠠᠢ᠃
ᠲᠠᠪᠤ᠂ ᠬᠠᠷᠢᠯᠴᠠᠬᠤ ᠠᠷᠭ᠎ᠠ ᠮᠠᠶᠢᠭ
ᠨᠢᠭᠡᠴᠢ ᠵᠢᠨ ᠨᠡᠷᠡᠶ᠋ᠢᠳᠦᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠰᠢᠨᠵᠢᠯᠡᠭᠡᠨ ᠤᠰᠤᠨ᠎ᠤ ᠡᠬᠢ ᠰᠤᠷᠪᠤᠯᠵᠢ ᠵᠢᠨ ᠲᠥᠪ
ᠨᠡᠷ᠎ᠡ ᠮᠡᠳᠡᠭᠦᠯᠬᠦ ᠬᠠᠶᠢᠭ᠄ ᠥᠪᠥᠷ ᠮᠣᠩᠭᠤᠯ᠎ᠤᠨ ᠬᠥᠬᠡᠬᠤᠲᠠ ᠶᠡᠭᠡ ᠰᠤᠷᠭ᠋ᠠᠭᠤᠯᠢ ᠵᠢᠨ ᠵᠡᠭᠦᠨ ᠵᠠᠮ᠎ᠤᠨ 120 ᠳ᠋ᠤᠭ᠋ᠠᠷ᠎ᠤᠨ ᠬᠣᠶᠠᠳᠤᠭ᠋ᠠᠷ ᠳᠠᠪᠬᠤᠷᠭ᠎ᠠ ᠵᠢᠨ 203 ᠲᠠᠰᠤᠭ
ᠰᠢᠦᠳᠠᠨ ᠨᠣᠮᠧᠷ᠄ 010010
ᠬᠠᠷᠢᠯᠴᠠᠬᠤ ᠬᠥᠮᠥᠨ᠄ ᠯᠢᠦ ᠭᠥᠸᠧ ᠰᠢᠨ
ᠬᠠᠷᠢᠯᠴᠠᠬᠤ ᠤᠲᠠᠰᠤ᠄ 0471— 3698739