ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠠᠯᠪᠠᠨ ᠮᠡᠳᠡᠭᠡ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠶᠠᠰᠤ ᠴᠢᠨᠠᠷ ᠬᠢᠭᠡᠳ ᠠᠮᠤᠷ ᠲᠦᠪᠰᠢᠨ᠎ᠤ ᠬᠢᠨᠠᠯᠲᠠ ᠲᠠᠯᠪᠢᠬᠤ ᠦᠢ᠍ᠯᠡᠴᠢᠯᠡᠭᠡᠨ᠎ᠤ ᠲᠥᠪ᠎ᠤᠨ 2025 ᠣᠨ᠎ᠤ ᠳᠠᠭ᠋ᠠᠭ᠋ᠠᠴᠢᠯᠠᠯᠲᠠ ᠵᠠᠷᠯᠠᠬᠤ ᠵᠢ ᠤᠷᠤᠯᠠᠬᠤ ᠪᠠᠶ᠋ᠢᠭᠤᠯᠤᠮᠵᠢ ᠵᠢ ᠢᠯᠡ᠎ᠪᠠᠷ ᠠᠳᠠᠯᠢᠳᠬᠠᠨ ᠰᠣᠩᠭᠤᠬᠤ ᠠᠯᠪᠠᠨ ᠵᠠᠷ
ᠨᠡᠶ᠋ᠢᠲᠡᠯᠡᠭᠰᠡᠨ ᠴᠠᠭ᠄ 2025-05-14

  《ᠢᠯᠡ᠂  ᠡᠷᠬᠡ ᠲᠡᠭᠰᠢ᠂  ᠲᠥᠪ ᠭᠤᠣᠯᠴᠢ》 ᠵᠢᠨ ᠵᠠᠷᠴᠢᠮ ᠶᠣᠰᠣᠭ᠋ᠠᠷ᠂  ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠶᠠᠰᠤ ᠴᠢᠨᠠᠷ ᠬᠢᠭᠡᠳ ᠠᠮᠤᠷ ᠲᠦᠪᠰᠢᠨ᠎ᠤ ᠬᠢᠨᠠᠯᠲᠠ ᠲᠠᠯᠪᠢᠬᠤ ᠦᠢ᠍ᠯᠡᠴᠢᠯᠡᠭᠡᠨ᠎ᠤ ᠲᠥᠪ᠎ᠠᠴᠠ 2025 ᠣᠨ᠎ᠤ ᠳᠠᠭ᠋ᠠᠭ᠋ᠠᠴᠢᠯᠠᠯᠲᠠ ᠵᠠᠷᠯᠠᠬᠤ ᠵᠢ ᠤᠷᠤᠯᠠᠬᠤ ᠪᠠᠶ᠋ᠢᠭᠤᠯᠤᠮᠵᠢ ᠵᠢ ᠢᠯᠡ᠎ᠪᠠᠷ ᠠᠳᠠᠯᠢᠳᠬᠠᠨ ᠰᠣᠩᠭᠤᠵᠤ᠂  ᠨᠥᠬᠦᠴᠡᠯ᠎ᠳᠤ ᠨᠡᠶ᠋ᠢᠴᠡᠭᠰᠡᠨ ᠨᠡᠶ᠋ᠢᠭᠡᠮ᠎ᠤᠨ ᠤᠷᠤᠯᠠᠬᠤ ᠪᠠᠶ᠋ᠢᠭᠤᠯᠤᠮᠵᠢ ᠵᠢᠨ ᠨᠡᠷ᠎ᠡ ᠮᠡᠳᠡᠭᠦᠯᠵᠦ ᠣᠷᠣᠯᠴᠠᠬᠤ ᠵᠢ ᠪᠠᠶᠠᠷᠯᠠᠨ ᠤᠭᠲᠤᠨ᠎ᠠ᠃

   ᠨᠢᠭᠡ᠂  ᠲᠥᠷᠥᠯ ᠵᠦᠢ᠍ᠯ᠎ᠤᠨ ᠲᠦᠢ᠍ᠮᠣ ᠪᠠᠶ᠋ᠢᠳᠠᠯ

  1. ᠲᠥᠷᠥᠯ ᠵᠦᠢ᠍ᠯ᠎ᠤᠨ ᠨᠡᠷᠡᠶ᠋ᠢᠳᠦᠯ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠢᠨᠵᠸᠨ᠋ᠸᠷᠢᠩ᠎ᠤᠨ ᠰᠡᠯᠪᠢᠨ ᠵᠠᠰᠠᠵᠤ ᠠᠷᠠᠴᠢᠯᠠᠨ ᠬᠠᠮᠠᠭ᠋ᠠᠯᠠᠬᠤ ᠲᠥᠰᠦᠪ᠎ᠤᠨ ᠲᠣᠭᠲᠠᠭᠰᠠᠨ ᠨᠣᠷᠮ᠎ᠠ

  2. ᠬᠡᠷᠡᠭᠵᠢᠭᠦᠯᠬᠦ ᠴᠠᠭ ᠪᠠ ᠭᠠᠵᠠᠷ᠄ 2025 ᠣᠨ᠂  ᠪᠥᠬᠦ ᠣᠷᠣᠨ᠎ᠤ ᠡᠯ᠎ᠡ ᠠᠶ᠋ᠢᠮᠠᠭ ᠬᠤᠲᠠ᠃

  3. ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠠᠭᠤᠯᠭ᠎ᠠ᠄ ᠳᠠᠭ᠋ᠠᠭ᠋ᠠᠴᠢᠯᠠᠯᠲᠠ ᠵᠠᠷᠯᠠᠬᠤ ᠵᠢ ᠣᠷᠣᠯᠠᠬᠤ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ᠎ᠠ᠂  ᠡᠭᠦᠨ᠎ᠳᠤ ᠳᠠᠭ᠋ᠠᠭ᠋ᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠲᠣᠭᠲᠠᠭ᠋ᠠᠬᠤ᠂  ᠠᠯᠪᠠᠨ ᠵᠠᠷ ᠨᠡᠶ᠋ᠢᠲᠡᠯᠡᠬᠦ᠂  ᠲᠥᠷᠥᠯ ᠵᠦᠢ᠍ᠯ᠎ᠢ ᠥᠷᠨᠢᠭᠦᠯᠬᠦ ᠳᠤᠮᠳᠠᠬᠢ ᠰᠡᠵᠢᠭᠯᠡᠯ (ᠬᠡᠷᠪᠡ ᠪᠠᠢ᠌ᠪᠠᠯ)᠎ᠢ ᠰᠢᠢ᠍ᠳᠪᠦᠷᠢᠯᠡᠬᠦ᠂  ᠳᠠᠭ᠋ᠠᠭ᠋ᠠᠴᠢᠯᠠᠯᠲᠠ ᠨᠡᠶ᠋ᠢᠲᠡᠯᠡᠬᠦ ᠵᠢ ᠵᠣᠬᠢᠶᠠᠨ ᠪᠠᠶ᠋ᠢᠭᠤᠯᠬᠤ᠂  ᠳᠠᠭ᠋ᠠᠭ᠋ᠠᠴᠢᠯᠠᠯᠲᠠ ᠣᠯᠬᠤ ᠮᠡᠳᠡᠭᠳᠡᠯ᠎ᠤᠨ ᠪᠢᠴᠢᠭ ᠲᠠᠷᠬᠠᠭ᠋ᠠᠬᠤ᠂  ᠲᠥᠷᠥᠯ ᠵᠦᠢ᠍ᠯ᠎ᠢ ᠳᠠᠩᠰᠠ ᠡᠪᠬᠡᠮᠡᠯ᠎ᠳᠤ ᠣᠷᠣᠭᠤᠯᠬᠤ ᠵᠡᠷᠭᠡ ᠵᠢ ᠪᠠᠭᠲᠠᠭ᠋ᠠᠭᠰᠠᠨ ᠪᠣᠯᠪᠠᠴᠤ ᠦᠯᠦ ᠬᠢᠵᠠᠭ᠋ᠠᠷᠯᠠᠨ᠎ᠠ᠃

   ᠬᠤᠶᠠᠷ᠂  ᠣᠷᠣᠯᠠᠬᠤ ᠪᠠᠶ᠋ᠢᠭᠤᠯᠤᠮᠵᠢ ᠵᠢᠨ ᠬᠢᠷᠢ ᠬᠡᠮ᠎ᠤᠨ ᠱᠠᠭ᠋ᠠᠷᠳᠠᠯᠭ᠎ᠠ

  1. ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ ᠵᠢᠨ ᠣᠷᠣᠯᠠᠬᠤ ᠪᠠᠶ᠋ᠢᠭᠤᠯᠤᠮᠵᠢ ᠵᠢᠨ ᠬᠥᠮᠥᠷᠭᠡ᠎ᠳᠤ ᠳᠠᠩᠰᠠᠯᠠᠭᠤᠯᠤᠨ᠎ᠠ᠃

  2. ᠪᠡᠶ᠎ᠡ᠎ᠪᠠᠨ ᠳᠠᠭ᠋ᠠᠭ᠋ᠠᠭᠰᠠᠨ ᠬᠠᠤᠯᠢ ᠵᠢᠨ ᠡᠷᠬᠡᠲᠡᠨ᠎ᠤ ᠬᠢᠷᠢ ᠭᠡᠮ᠎ᠲᠠᠢ ᠪᠠᠶ᠋ᠢᠭᠤᠯᠤᠮᠵᠢ᠂  ᠡᠳ᠋᠎ᠤᠨ ᠶᠠᠪᠤᠳᠠᠯ᠎ᠤᠨ ᠰᠠᠶ᠋ᠢᠨ ᠰᠠᠶ᠋ᠢᠬᠠᠨ ᠪᠠᠶ᠋ᠢᠳᠠᠯ ᠪᠠ ᠬᠤᠳᠠᠯᠳᠤᠭ᠋ᠠᠨ᠎ᠤ ᠢᠲᠡᠭᠡᠯ ᠬᠦᠨᠳᠦ᠎ᠲᠠᠢ ᠪᠠᠶ᠋ᠢᠵᠤ᠂  ᠭᠡᠷ᠎ᠡ᠎ᠪᠠᠨ ᠭᠦᠢ᠍ᠴᠡᠳᠬᠡᠬᠦ ᠭᠦᠢ᠍ᠴᠡᠳ ᠬᠥᠷᠥᠩᠭᠡ ᠪᠠ ᠴᠢᠳᠠᠪᠤᠷᠢ᠎ᠲᠠᠢ ᠪᠠᠶ᠋ᠢᠬᠤ ᠬᠡᠷᠡᠭᠲᠡᠶ᠃

   ᠭᠤᠷᠪᠠ᠂  ᠨᠡᠷ᠎ᠡ ᠮᠡᠳᠡᠭᠦᠯᠬᠦ᠎ᠳᠤ ᠲᠤᠰᠢᠶᠠᠬᠤ ᠴᠢᠬᠤᠯᠠᠲᠠᠢ ᠮᠠᠲᠸᠷᠢᠶᠠᠯ

  1. ᠨᠡᠷ᠎ᠡ ᠮᠡᠳᠡᠭᠦᠯᠦᠭᠴᠢ᠎ᠨᠢ ᠲᠤᠰ ᠬᠥᠮᠥᠨ᠎ᠤ ᠪᠡᠶ᠎ᠡ ᠵᠢᠨ ᠦᠨᠡᠮᠯᠡᠯ᠎ᠤᠨ ᠤᠭ ᠮᠠᠲ᠋ᠧᠷᠢᠶᠠᠯ ᠵᠶ᠋ᠠᠨ ᠭᠠᠷᠭ᠋ᠠᠨ ᠦᠵᠡᠭᠦᠯᠵᠦ᠂  ᠪᠠᠭᠤᠯᠭ᠋ᠠᠪᠤᠷᠢ ᠵᠢ ᠬᠠᠩᠭ᠋ᠠᠨ᠎ᠠ; ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ᠎ᠪᠠᠷ ᠭᠠᠷ᠎ᠤᠨ ᠦᠰᠦᠭ ᠵᠢᠷᠤᠭᠤᠯᠬᠤ᠂  ᠺᠣᠮᠫᠠᠨᠢ ᠵᠢᠨ ᠲᠠᠮᠠᠭ᠎ᠠ ᠳᠠᠷᠤᠭᠤᠯᠤᠭᠰᠠᠨ 《ᠡᠷᠬᠡ ᠣᠯᠭᠤᠭᠰᠠᠨ ᠨᠠᠶ᠋ᠢᠳᠠᠯᠭ᠎ᠠ ᠵᠢᠨ ᠪᠢᠴᠢᠭ》᠎ᠢ ᠭᠠᠷᠭ᠋ᠠᠵᠤ ᠥᠭᠭᠦᠨ᠎ᠡ᠃

  2. ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠪᠠᠶ᠋ᠢᠭᠤᠯᠭ᠎ᠠ ᠵᠢᠨ ᠣᠨ᠎ᠤ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ᠎ᠨᠢ ᠬᠦᠴᠦᠨ᠎ᠲᠠᠢ ᠮᠥᠷᠲᠡᠭᠡᠨ ᠳᠠᠭ᠋ᠠᠭ᠋ᠠᠴᠢᠯᠠᠯᠲᠠ ᠬᠦᠯᠢᠶᠡᠬᠦ ᠠᠵᠤ ᠠᠬᠤᠶ᠋ᠢᠯᠠᠯ᠎ᠤᠨ ᠠᠯᠪᠠᠨ ᠲᠠᠮᠠᠭ᠎ᠠ ᠵᠢ ᠳᠠᠷᠤᠭᠰᠠᠨ ᠡᠵᠡᠩᠨᠡᠯᠲᠡ ᠵᠢᠨ ᠦᠨᠡᠮᠯᠡᠯ᠎ᠤᠨ ᠬᠠᠭᠤᠯᠪᠤᠷᠢ ᠳᠡᠪᠲᠡᠷ᠎ᠤᠨ ᠬᠠᠭᠤᠯᠪᠤᠷᠢ ᠵᠢ ᠬᠠᠩᠭ᠋ᠠᠵᠤ ᠥᠭᠭᠦᠨ᠎ᠡ᠃

  3. 《ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠪᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠨ ᠣᠷᠣᠯᠠᠬᠤ ᠪᠠᠶ᠋ᠢᠭᠤᠯᠤᠮᠵᠢ᠎ᠳᠤ ᠳᠡᠩᠰᠡᠯᠡᠵᠦ ᠬᠥᠮᠥᠷᠭᠡ᠎ᠳᠤ ᠣᠷᠣᠭᠤᠯᠤᠭᠰᠠᠨ ᠵᠢᠷᠤᠭ᠎ᠢ ᠭᠡᠷᠡᠴᠢᠯᠡᠬᠦ ᠮᠠᠲ᠋ᠧᠷᠢᠶᠠᠯ᠎ᠢ ᠬᠠᠩᠭ᠋ᠠᠨ᠎ᠠ᠃

  4. 《ᠢᠲᠡᠭᠡᠮᠵᠢᠲᠦ ᠳᠤᠮᠳᠠᠳᠤ ᠤᠯᠤᠰ》᠎ᠤᠨ ᠰᠦᠯᠵᠢᠶ᠎ᠡ (www.creditchina.gov.cn) ᠢᠲᠡᠭᠡᠯ ᠵᠶ᠋ᠠᠨ ᠠᠯᠳᠠᠭᠰᠠᠨ ᠭᠦᠢ᠍ᠴᠡᠳᠬᠡᠭᠴᠢ ᠪᠠ ᠬᠦᠨᠳᠦ ᠶᠡᠭᠡ ᠭᠠᠶ᠋ᠢᠯᠢ ᠲᠠᠲᠠᠪᠤᠷᠢ ᠵᠢᠨ ᠬᠠᠤᠯᠢ᠎ᠠᠴᠠ ᠵᠥᠷᠢᠴᠡᠭᠰᠡᠨ ᠬᠡᠷᠡᠭ᠎ᠤᠨ ᠲᠤᠬᠠᠶ ᠵᠢᠨ ᠬᠥᠮᠦᠨ᠎ᠤ ᠨᠡᠷᠡᠰ᠎ᠤᠨ ᠲᠡᠮᠳᠡᠭᠯᠡᠯ᠎ᠤᠨ ᠣᠭᠲᠣᠯᠣᠭᠰᠠᠨ ᠵᠢᠷᠤᠭ ᠵᠢᠴᠢ 《ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ》 ᠵᠢᠨ ᠰᠦᠯᠵᠢᠶ᠎ᠡ (www.ccgp.gov.cn) ᠵᠢᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠦᠨᠳᠦ ᠨᠣᠴᠢᠲᠠᠶ ᠬᠠᠤᠯᠢ ᠵᠢ ᠵᠥᠷᠢᠴᠡᠵᠦ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ ᠵᠢᠨ ᠲᠡᠮᠳᠡᠭᠯᠡᠯ᠎ᠤᠨ ᠨᠡᠷᠡᠰ᠎ᠤᠨ ᠤᠭᠲᠤᠯᠤᠭᠰᠠᠨ ᠵᠢᠷᠤᠭ᠎ᠢ ᠬᠠᠩᠭ᠋ᠠᠨ᠎ᠠ᠃

   ᠲᠠᠶ᠋ᠢᠯᠪᠤᠷᠢ᠄ ᠳᠡᠭᠡᠷᠡᠬᠢ ᠪᠤᠢ ᠪᠦᠬᠦᠢ ᠮᠠᠲ᠋ᠧᠷᠢᠶᠠᠯ᠎ᠨᠢ ᠴᠥᠮ ᠤᠭ ᠮᠠᠲ᠋ᠧᠷᠢᠶᠠᠯ (ᠰᠦᠯᠵᠢᠶᠡᠨ᠎ᠤ ᠨᠢᠭᠤᠷ᠎ᠤᠨ ᠣᠭᠲᠣᠯᠤᠭᠰᠠᠨ ᠵᠢᠷᠤᠭ᠎ᠠᠴᠠ ᠭᠠᠳᠠᠨ᠎ᠠ) ᠵᠢᠴᠢ ᠪᠠᠭᠤᠯᠭ᠋ᠠᠪᠤᠷᠢ ᠪᠠ ᠨᠢᠭᠡᠴᠢ ᠵᠢᠨ ᠠᠯᠪᠠᠨ ᠲᠠᠮᠠᠭ᠎ᠠ ᠵᠢ ᠳᠠᠷᠤᠬᠤ ᠴᠢᠬᠤᠯᠠᠲᠠᠢ᠂  ᠡᠰᠡ ᠲᠡᠶ᠋ᠢᠮᠦ ᠪᠣᠯ ᠬᠦᠴᠦᠨ ᠦᠭᠡᠢ᠃

   ᠳᠥᠷᠪᠡ᠂  ᠨᠡᠷ᠎ᠡ ᠮᠡᠳᠡᠭᠦᠯᠬᠦ ᠴᠠᠭ᠂  ᠭᠠᠵᠠᠷ ᠣᠷᠣᠨ

   ᠳᠡᠭᠡᠷ᠎ᠡ ᠳᠤᠷᠠᠳᠤᠭᠰᠠᠨ ᠨᠥᠬᠦᠴᠡᠯ᠎ᠳᠤ ᠨᠡᠶ᠋ᠢᠴᠡᠬᠦ ᠣᠷᠣᠯᠠᠨ ᠭᠦᠢ᠍ᠴᠡᠳᠬᠡᠬᠦ ᠪᠠᠶ᠋ᠢᠭᠤᠯᠤᠮᠵᠢ 2025 ᠣᠨ᠎ᠤ 05 ᠳ᠋ᠤᠭ᠋ᠠᠷ ᠰᠠᠷ᠎ᠠ ᠵᠢᠨ 22᠎ᠤᠨ ᠡᠳᠦᠷ᠎ᠠᠴᠠ 2025 ᠣᠨ᠎ᠤ 05 ᠳ᠋ᠤᠭ᠋ᠠᠷ ᠰᠠᠷ᠎ᠠ ᠵᠢᠨ 23᠎ᠤ ᠡᠳᠦᠷ ᠪᠣᠯᠲᠠᠯ᠎ᠠ᠂  ᠠᠵᠢᠯᠯᠠᠬᠤ ᠡᠳᠦᠷ ᠪᠦᠷᠢ ᠵᠢᠨ ᠦᠳᠡ ᠵᠢᠨ ᠡᠮᠦᠨ᠎ᠡ 9᠄ 00 — 12᠄ 00 ᠴᠠᠭ᠂  ᠦᠳᠡ ᠵᠢᠨ ᠬᠤᠶ᠋ᠢᠨ᠎ᠠ 14᠄ 30 — 17᠄ 00 ᠴᠠᠭ᠎ᠲᠤ ᠨᠡᠷ᠎ᠡ ᠮᠡᠳᠡᠭᠦᠯᠬᠦ ᠮᠠᠲ᠋ᠧᠷᠢᠶᠠᠯ ᠵᠶ᠋ᠠᠨ ᠲᠤᠰᠢᠶᠠᠨ᠎ᠠ᠃

   ᠨᠡᠷ᠎ᠡ ᠮᠡᠳᠡᠭᠦᠯᠬᠦ ᠬᠠᠶᠢᠭ᠄ ᠬᠥᠬᠡᠬᠤᠲᠠ ᠵᠢᠨ ᠰᠠᠶ᠋ᠢᠬᠠᠨ ᠲᠣᠭᠤᠷᠢᠭ᠎ᠤᠨ ᠬᠥᠯᠥᠨ ᠪᠤᠶ᠋ᠢᠷ ᠡᠮᠦᠨ᠎ᠡ ᠵᠠᠮ᠎ᠤᠨ 119 ᠳ᠋ᠦ᠍ᠭᠡᠷ ᠲᠣᠭ᠋ᠠᠲᠤ 2219 ᠳ᠋ᠦ᠍ᠭᠡᠷ ᠠᠯᠪᠠᠨ ᠬᠡᠷ

   ᠰᠢᠦᠳᠠᠨ ᠨᠣᠮᠧᠷ᠄ 010010

   ᠬᠠᠷᠢᠯᠴᠠᠬᠤ ᠬᠥᠮᠦᠨ᠄ ᠶᠠᠩ ᠮᠢᠩ ᠵᠢᠤᠢ

   ᠬᠠᠷᠢᠯᠴᠠᠬᠤ ᠤᠲᠠᠰᠤ᠄ 0471 — 5259411   18504755469

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠠᠩᠬᠠᠳᠠᠭᠴᠢ ᠪᠦᠯᠦᠭ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠧᠨᠧᠷᠢᠩ᠎ᠤᠨ ᠪᠠᠷᠢᠯᠭ᠎ᠠ ᠵᠢᠨ ᠠᠵᠤ ᠠᠬᠤᠶ᠋ᠢᠯᠠᠯ᠎ᠤᠨ ᠭᠤᠤᠯ ᠬᠠᠷᠢᠭᠤᠴᠠᠯᠭ᠋ᠠᠲᠠᠨ᠂ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ ᠪᠠ ᠲᠤᠰᠬᠠᠶ ᠲᠤᠰᠢᠶᠠᠯᠲᠤ ᠠᠶᠤᠯ ᠦᠭᠡᠢ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠠᠶᠤᠯ ᠦᠭᠡᠢ ᠦᠢ᠍ᠯᠡᠳᠪᠦᠷᠢᠯᠡᠯ᠎ᠤᠨ ᠰᠢᠯᠭ᠋ᠠᠯᠲᠠ ᠵᠢᠴᠢ ᠨᠡᠷ᠎ᠡ ᠮᠡᠳᠡᠭᠦᠯᠬᠦ ᠠᠵᠢᠯ᠎ᠢ ᠥᠷᠨᠢᠭᠦᠯᠬᠦ ᠲᠤᠬᠠᠶ ᠮᠡᠳᠡᠭᠳᠡᠯ
ᠶᠠᠮᠠᠷᠪᠠ ᠪᠣᠯᠪᠠᠰᠤᠷᠠᠯ᠎ᠤᠨ ᠪᠠᠶ᠋ᠢᠭᠤᠯᠤᠮᠵᠢ ᠪᠤᠶᠤ ᠬᠤᠪᠢ ᠬᠥᠮᠦᠨ᠎ᠳᠤ ᠨᠠᠶ᠋ᠢᠳᠠᠵᠤ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠢᠨᠵᠸᠨ᠋ᠸᠷᠢᠩ᠎ᠤᠨ ᠠᠶᠤᠯ ᠦᠭᠡᠶ ᠦᠢ᠍ᠯᠡᠳᠪᠦᠷᠢᠯᠡᠯ᠎ᠤᠨ ᠬᠠᠮᠢᠶᠠᠷᠤᠯᠲᠠ ᠵᠢᠨ ᠠᠵᠢᠯᠲᠠᠨ᠎ᠤ ᠪᠣᠯᠪᠠᠰᠤᠷᠠᠯ ᠬᠢᠯᠭᠡᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠢᠯᠡᠷᠬᠡᠶ᠋ᠢᠯᠡᠯᠲᠡ
ᠠᠵᠤ ᠠᠬᠤᠢᠯᠠᠯ᠎ᠳᠤ ᠬᠤᠯᠪᠣᠭ᠍ᠳᠠᠬᠤ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠲᠤᠰᠭᠠᠶ ᠠᠵᠢᠯᠯᠠᠭ᠎ᠠ᠎ᠶ᠋ᠢ ᠢᠯᠡᠴᠢᠯᠡᠨ ᠮᠡᠳᠡᠭᠦᠯᠬᠦ᠌ ᠠᠷᠭ᠎ᠠ ᠮᠠᠶᠢᠭ᠎ᠢ ᠨᠡᠢᠲᠡᠯᠡᠨ ᠵᠢᠷᠤᠮᠵᠢᠭᠤᠯᠬᠤ ᠲᠤᠬᠠᠶ ᠠᠯᠪᠠᠨ ᠵᠠᠷ
ᠤᠰᠤᠨ ᠠᠰᠢᠭᠯᠠᠯᠲᠠ ᠵᠢᠨ ᠲᠢᠩᠬᠢᠮ᠎ᠤᠨ ᠰᠡᠷᠭᠡᠶ᠋ᠢᠯᠡᠯᠲᠡ ᠵᠢᠨ ᠭᠠᠵᠠᠷ᠂ ᠤᠰᠤ ᠭᠠᠩ᠎ᠤᠨ ᠭᠠᠮᠰᠢᠭ᠎ᠢ ᠰᠡᠷᠭᠡᠶ᠋ᠢᠯᠡᠬᠦ ᠮᠡᠷᠭᠡᠵᠢᠯ᠎ᠤᠨ ᠲᠥᠪ ᠬᠠᠮᠲᠤᠷᠠᠨ 《ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ ᠵᠢ ᠳᠥᠯᠭᠢᠨ ᠠᠬᠢᠭᠤᠯᠬᠤ》 ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ
ᠵᠠᠰᠠᠭ ᠵᠠᠬᠢᠷᠭ᠋ᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢ ᠬᠡᠷᠡᠭᠵᠢᠭᠦᠯᠬᠦ ᠬᠠᠷᠢᠭᠤᠴᠠᠯᠭ᠎ᠠ ᠵᠢᠨ ᠳᠦᠷᠢᠮ ᠲᠣᠭᠲᠠᠭ᠋ᠠᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
 
            