ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠠᠯᠪᠠᠨ ᠮᠡᠳᠡᠭᠡ
ᠠᠵᠤ ᠦᠢᠯᠡᠳᠪᠦᠷᠢ᠎ᠶᠢᠨ ᠤᠰᠤᠨ᠎ᠤ ᠲᠥᠰᠥᠪ᠎ᠦᠨ ᠬᠠᠮᠢᠶᠠᠷᠤᠯᠲᠠ᠎ᠶᠢᠨ ᠬᠣᠰᠢᠭᠤ ᠰᠢᠶᠠᠨ ( ᠬᠣᠲᠠ ᠂ ᠲᠣᠭᠣᠷᠢᠭ᠋ )᠎ᠤ ᠱᠠᠲᠤᠨ᠎ᠤ ᠲᠤᠷᠰᠢᠯᠲᠠ᠎ᠶᠢᠨ ᠴᠡᠭ᠎ᠦᠨ ᠭᠠᠵᠠᠷ ᠣᠷᠣᠨ᠎ᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠦᠨ ᠢᠯᠡ ᠨᠡᠢᠲᠡᠯᠡᠯ
ᠨᠡᠶ᠋ᠢᠲᠡᠯᠡᠭᠰᠡᠨ ᠴᠠᠭ᠄ 2026-01-12

      《ᠠᠵᠤ ᠦᠢᠯᠡᠳᠪᠦᠷᠢ᠎ᠶᠢᠨ ᠤᠰᠤᠨ᠎ᠤ ᠲᠥᠰᠥᠪ᠎ᠦᠨ ᠬᠠᠮᠢᠶᠠᠷᠤᠯᠲᠠ᠎ᠶᠢᠨ ᠬᠣᠰᠢᠭᠤ ᠰᠢᠶᠠᠨ ( ᠬᠣᠲᠠ᠂ ᠲᠣᠭᠣᠷᠢᠭ᠋)᠎ᠤ ᠱᠠᠲᠤᠨ᠎ᠤ ᠲᠤᠷᠰᠢᠯᠲᠠ᠎ᠶᠢᠨ ᠴᠡᠭ᠎ᠦᠨ ᠠᠵᠢᠯ᠎ᠢ ᠥᠷᠨᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠦᠨ ᠮᠡᠳᠡᠭᠳᠡᠯ 》 ( ᠥᠪᠥᠷ ᠤᠰᠤᠨ᠎ᠤ ᠡᠬᠢ [ 2025 ] 98 ᠳ᠋ᠤᠭᠠᠷ ᠲᠣᠭᠠᠲᠤ)᠎ᠤᠨ ᠱᠠᠭᠠᠷᠳᠠᠯᠭ᠎ᠠ ᠶᠣᠰᠣᠭᠠᠷ᠂ ᠲᠤᠷᠰᠢᠯᠲᠠ᠎ᠶᠢᠨ ᠴᠡᠭ᠎ᠦᠨ ᠭᠠᠵᠠᠷ ᠣᠷᠣᠨ ᠨᠢ ᠪᠡᠶ᠎ᠡ᠎ᠪᠡᠨ ᠳᠠᠭᠠᠭᠠᠨ ᠭᠤᠶᠤᠴᠢᠯᠠᠨ ᠮᠡᠳᠡᠭᠦᠯᠵᠦ᠂ ᠲᠤᠰᠬᠠᠢ ᠮᠡᠷᠭᠡᠵᠢᠯᠲᠡᠨ᠎ᠢᠶᠡᠷ ᠬᠢᠨᠠᠨ ᠰᠢᠯᠭᠠᠷᠠᠭᠤᠯᠬᠤ᠎ᠪᠠᠷ ᠳᠡᠮᠵᠢᠨ᠂ ᠲᠣᠭᠲᠠᠬᠤ ᠰᠢᠶᠠᠨ ᠵᠡᠷᠭᠡ 11 ᠭᠠᠵᠠᠷ ᠣᠷᠣᠨ᠎ᠢ ᠠᠵᠤ ᠦᠢᠯᠡᠳᠪᠦᠷᠢ᠎ᠶᠢᠨ ᠤᠰᠤᠨ᠎ᠤ ᠲᠥᠰᠥᠪ᠎ᠦᠨ ᠬᠠᠮᠢᠶᠠᠷᠤᠯᠲᠠ᠎ᠶᠢᠨ ᠬᠣᠰᠢᠭᠤ ᠰᠢᠶᠠᠨ ( ᠬᠣᠲᠠ᠂ ᠲᠣᠭᠣᠷᠢᠭ᠋)᠎ᠤ ᠱᠠᠲᠤᠨ᠎ᠤ ᠲᠤᠷᠰᠢᠯᠲᠠ᠎ᠶᠢᠨ ᠴᠡᠭ᠎ᠦᠨ ᠭᠠᠵᠠᠷ ᠣᠷᠣᠨ ( ᠨᠡᠷᠡᠰ᠎ᠢ ᠠᠷᠤ᠎ᠳᠤ ᠳᠠᠭᠠᠯᠳᠤᠭᠤᠯᠪᠠ )᠎ᠢᠶᠠᠷ ᠲᠣᠭᠲᠠᠭᠠᠵᠤ᠂ ᠡᠳᠦᠭᠡ ᠢᠯᠡ ᠨᠡᠢᠲᠡᠯᠡᠬᠦ᠎ᠪᠡᠷ ᠪᠣᠶ᠃ ᠢᠯᠡ ᠨᠡᠢᠲᠡᠯᠡᠬᠦ ᠴᠠᠭ᠄ 2025 ᠣᠨ᠎ᠤ 12 ᠰᠠᠷ᠎ᠠ᠎ᠶᠢᠨ 25᠎ᠤ ᠡᠳᠦᠷ᠎ᠡᠴᠡ 2025 ᠣᠨ᠎ᠤ 12 ᠰᠠᠷ᠎ᠠ᠎ᠶᠢᠨ 31᠎ᠦ ᠡᠳᠦᠷ ᠪᠣᠯᠲᠠᠯ᠎ᠠ᠃
      ᠣᠨᠳᠣᠣ ᠰᠠᠨᠠᠯ᠎ᠲᠠᠢ ᠪᠣᠯ ᠢᠯᠡ ᠨᠡᠢᠲᠡᠯᠡᠬᠦ ᠬᠤᠭᠤᠴᠠᠭᠠᠨ᠎ᠳᠤ ᠤᠲᠠᠰᠤ᠂ ᠵᠠᠬᠢᠳᠠᠯ ᠵᠡᠷᠭᠡ ᠬᠡᠯᠪᠡᠷᠢ᠎ᠪᠡᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠳᠤ ᠪᠠᠢᠳᠠᠯ᠎ᠢᠶᠠᠨ ᠲᠤᠰᠬᠠᠬᠤ ᠬᠡᠷᠡᠭᠲᠡᠢ ( ᠵᠠᠬᠢᠳᠠᠯ᠎ᠢ ᠬᠦᠷᠦᠭᠰᠡᠨ ᠡᠳᠦᠷ᠎ᠤᠨ ᠰᠢᠤᠳᠠᠨ ᠲᠠᠮᠠᠭ᠎ᠠ᠎ᠪᠠᠷ ᠪᠠᠷᠢᠮᠵᠢᠶ᠎ᠠ ᠪᠣᠯᠭᠠᠨ᠎ᠠ )᠃ ᠠᠰᠠᠭᠤᠳᠠᠯ᠎ᠢ ᠲᠤᠰᠬᠠᠬᠤ᠎ᠳᠤ ᠡᠷᠬᠡᠪᠰᠢ ᠦᠨᠡᠨ ᠪᠣᠳᠠᠲᠠᠢ ᠦᠨᠳᠦᠰᠦ ᠪᠠᠷᠢᠮᠲᠠ᠎ᠲᠠᠢ ᠪᠠᠢᠬᠤ ᠬᠡᠷᠡᠭᠲᠡᠢ ᠪᠥᠭᠡᠳ ᠪᠢᠴᠢᠭ᠎ᠦᠨ ᠮᠠᠲᠧᠷᠢᠶᠠᠯ᠂ ᠦᠨᠡᠨ ᠪᠣᠳᠠᠲᠠᠢ ᠣᠪᠣᠭ ᠨᠡᠷ᠎ᠡ᠂ ᠬᠠᠷᠢᠯᠴᠠᠬᠤ ᠤᠲᠠᠰᠤ᠎ᠪᠠᠨ ᠳᠠᠭᠠᠯᠳᠤᠭᠤᠯᠬᠤ ᠬᠡᠷᠡᠭᠲᠡᠢ᠃
      ᠬᠠᠷᠢᠯᠴᠠᠬᠤ ᠬᠥᠮᠥᠨ᠄ ᠢᠦᠢ ᠬᠤᠸ᠋
      ᠬᠠᠷᠢᠯᠴᠠᠬᠤ ᠤᠲᠠᠰᠤ᠄ 0471-5259550
      ᠴᠢᠮᠡᠭᠡ ᠨᠡᠪᠲᠡᠷᠡᠯᠭᠡ᠎ᠶᠢᠨ ᠬᠠᠶᠢᠭ᠋᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ᠎ᠶᠢᠨ ᠬᠥᠯᠥᠨ ᠪᠣᠶ᠋ᠢᠷ ᠡᠮᠦᠨ᠎ᠡ ᠵᠠᠮ᠎ᠤᠨ 119 ᠳ᠋ᠦ᠍ᠭᠡᠷ ᠨᠣᠮᠧᠷ
      ᠢᠮᠧᠯ᠄ nmgszyglc@163.com
      ᠳᠠᠭᠠᠯᠳᠤᠭᠤᠯᠤᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠳᠪᠦᠷᠢ᠎ᠶᠢᠨ ᠤᠰᠤᠨ᠎ᠤ ᠲᠥᠰᠥᠪ᠎ᠦᠨ ᠬᠠᠮᠢᠶᠠᠷᠤᠯᠲᠠ᠎ᠶᠢᠨ ᠬᠣᠰᠢᠭᠤ ᠰᠢᠶᠠᠨ ( ᠬᠣᠲᠠ᠂ ᠲᠣᠭᠣᠷᠢᠭ᠋ )᠎ᠤ ᠱᠠᠲᠤᠨ᠎ᠤ ᠲᠤᠷᠰᠢᠯᠲᠠ᠎ᠶᠢᠨ ᠴᠡᠭ᠎ᠦᠨ ᠭᠠᠵᠠᠷ ᠣᠷᠣᠨ᠎ᠤ ᠨᠡᠷᠡᠰ
                  ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ
                        2025 ᠣᠨ᠎ᠤ 12 ᠰᠠᠷ᠎ᠠ᠎ᠶᠢᠨ 24᠎ᠤ ᠡᠳᠦᠷ

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            