ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠢᠯᠡ ᠵᠠᠰᠠᠭ   -   ᠠᠯᠪᠠᠨ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠣᠯ᠎ᠤᠨ ᠰᠠᠨ ᠱᠧᠩ ᠬᠥᠩ ᠤᠰᠤᠨ ᠠᠰᠢᠭ᠍ᠯᠠᠯᠲᠠ᠎ᠶᠢᠨ ᠬᠦᠢᠰᠦ᠎ᠶᠢᠨ ᠬᠠᠮᠢᠶᠠᠷᠤᠯᠲᠠ᠎ᠶᠢᠨ ᠲᠥᠪ᠎ᠦᠨ ᠳᠠᠭᠠᠭᠠᠴᠢᠯᠠᠯᠲᠠ ᠵᠠᠷᠯᠠᠬᠤ᠎ᠶᠢ ᠣᠷᠣᠯᠠᠬᠤ ᠪᠠᠢᠭᠤᠯᠤᠮᠵᠢ᠎ᠶᠢ ᠢᠯᠡ᠎ᠪᠡᠷ ᠬᠠᠷᠢᠴᠠᠭᠤᠯᠤᠨ ᠰᠣᠩᠭᠣᠬᠤ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2026-01-20

      《 ᠡᠷᠬᠡ ᠲᠡᠭᠰᠢ᠂ ᠲᠥᠪ ᠭᠣᠥᠯᠴᠢ᠂ ᠢᠯᠡ ᠪᠠᠢᠯᠭᠠᠬᠤ 》 ᠵᠠᠷᠴᠢᠮ᠎ᠤᠨ ᠶᠣᠰᠣᠭᠠᠷ᠂ ᠮᠠᠨ᠎ᠤ ᠲᠥᠪ ᠣᠲᠣ᠌ ᠢᠯᠡ᠎ᠪᠡᠷ ᠰᠣᠩᠭᠣᠬᠤ᠎ᠪᠠᠷ ᠳᠠᠮᠵᠢᠭᠤᠯᠤᠨ ᠳᠠᠭᠠᠭᠠᠴᠢᠯᠠᠯᠲᠠ ᠵᠠᠷᠯᠠᠬᠤ᠎ᠶᠢ ᠣᠷᠣᠯᠠᠨ ᠭᠦᠢᠴᠡᠳᠬᠡᠬᠦ ᠪᠠᠢᠭᠤᠯᠤᠮᠵᠢ᠎ᠶᠢ ᠰᠢᠯᠢᠳᠡᠭ᠎ᠢ ᠰᠣᠩᠭᠣᠵᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠣᠯ᠎ᠤᠨ ᠰᠠᠨ ᠱᠧᠩ ᠬᠥᠩ ᠤᠰᠤᠨ ᠠᠰᠢᠭ᠍ᠯᠠᠯᠲᠠ᠎ᠶᠢᠨ ᠬᠦᠢᠰᠦ᠎ᠶᠢᠨ ᠬᠠᠮᠢᠶᠠᠷᠤᠯᠲᠠ᠎ᠶᠢᠨ ᠲᠥᠪ᠎ᠦᠨ ᠠᠳᠠᠯ ᠠᠬᠤᠢ᠎ᠶᠢᠨ ᠬᠠᠮᠢᠶᠠᠷᠤᠯᠲᠠ᠎ᠶᠢᠨ ᠦᠢᠯᠡᠴᠢᠯᠡᠭᠡᠨ᠎ᠦ ᠲᠥᠷᠥᠯ ᠵᠦᠢᠯ᠎ᠦᠨ ᠳᠠᠭᠠᠭᠠᠴᠢᠯᠠᠯᠲᠠ ᠵᠠᠷᠯᠠᠬᠤ᠎ᠶᠢ ᠣᠷᠣᠯᠠᠨ ᠭᠦᠢᠴᠡᠳᠬᠡᠬᠦ ᠠᠵᠢᠯ᠎ᠢ ᠥᠷᠨᠢᠭᠦᠯᠦᠨ᠎ᠡ᠂ ᠡᠳᠦᠭᠡ ᠬᠣᠯᠪᠣᠭᠳᠠᠯ ᠪᠦᠬᠦᠢ ᠵᠦᠢᠯᠡᠰ᠎ᠢ ᠳᠣᠣᠷᠠᠬᠢ ᠮᠡᠲᠦ ᠵᠠᠷᠯᠠᠶ᠎ᠠ᠄
      ᠨᠢᠭᠡ᠂ ᠲᠥᠷᠥᠯ ᠵᠦᠢᠯ᠎ᠦᠨ ᠲᠣᠢᠮᠣᠴᠢᠯᠠᠯ
      1. ᠲᠥᠷᠥᠯ ᠵᠦᠢᠯ᠎ᠤᠨ ᠨᠡᠷᠡᠢᠳᠦᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠳᠤᠨ ᠭᠣᠣᠯ᠎ᠤᠨ ᠰᠠᠨ ᠱᠧᠩ ᠭᠦᠩ ᠤᠰᠤᠨ ᠠᠰᠢᠭ᠍ᠯᠠᠯᠲᠠ᠎ᠶᠢᠨ ᠬᠦᠢᠰᠦ᠎ᠶᠢᠨ ᠬᠠᠮᠢᠶᠠᠷᠤᠯᠲᠠ᠎ᠶᠢᠨ ᠲᠥᠪ᠎ᠤᠨ ᠠᠳᠠᠯ ᠠᠬᠤᠢ᠎ᠶᠢᠨ ᠬᠠᠮᠢᠶᠠᠷᠤᠯᠲᠠ᠎ᠶᠢᠨ ᠦᠢᠯᠡᠴᠢᠯᠡᠭᠡᠨ᠎ᠦ ᠲᠥᠷᠥᠯ ᠵᠦᠢᠯ᠃
      2. ᠬᠡᠷᠡᠭᠵᠢᠭᠦᠯᠬᠦ ᠴᠠᠭ ᠪᠠ ᠭᠠᠵᠠᠷ᠄ 2026 ᠣᠨ᠂ ᠳ᠋ᠸᠩᠺᠸᠤ ᠰᠢᠶᠠᠨ᠃
      3. ᠳᠠᠭᠠᠭᠠᠴᠢᠯᠠᠯᠲᠠ ᠵᠠᠷᠯᠠᠬᠤ᠎ᠶᠢ ᠣᠷᠣᠯᠠᠨ ᠭᠦᠢᠴᠡᠳᠬᠡᠬᠦ ᠠᠭᠤᠯᠭ᠎ᠠ᠄ ᠳᠠᠭᠠᠭᠠᠴᠢᠯᠠᠯᠲᠠ ᠵᠠᠷᠯᠠᠬᠤ᠎ᠶᠢ ᠣᠷᠣᠯᠠᠨ ᠭᠦᠢᠴᠡᠳᠬᠡᠬᠦ ᠠᠵᠢᠯᠯᠠᠭ᠎ᠠ᠎ᠶᠢ ᠵᠣᠬᠢᠶᠠᠨ ᠪᠠᠢᠭᠤᠯᠤᠨ᠎ᠠ᠂ ᠡᠭᠦᠨ᠎ᠳᠦ ᠳᠠᠭᠠᠭᠠᠴᠢᠯᠠᠯᠲᠠ ᠵᠠᠷᠯᠠᠬᠤ ᠪᠢᠴᠢᠭ ᠮᠠᠲᠧᠷᠢᠶᠠᠯ᠎ᠢ ᠲᠤᠭᠤᠷᠪᠢᠨ ᠪᠢᠴᠢᠬᠦ᠂ ᠠᠯᠪᠠᠨ ᠵᠡᠷ ᠨᠡᠢᠲᠡᠯᠡᠬᠦ᠂ ᠲᠥᠷᠥᠯ ᠵᠦᠢᠯᠡᠰ᠎ᠢ ᠥᠷᠨᠢᠭᠦᠯᠬᠦ ᠶᠠᠪᠤᠴᠠ᠎ᠳᠠᠬᠢ ᠰᠡᠵᠢᠭᠯᠡᠯ᠎ᠢ ᠰᠢᠢᠳᠪᠦᠷᠢᠯᠡᠬᠦ ( ᠬᠡᠷᠪᠡ ᠪᠠᠢᠪᠠᠯ ᠰᠢᠢᠳᠪᠦᠷᠢᠯᠡᠨ᠎ᠡ )᠂ ᠳᠠᠭᠠᠭᠠᠴᠢᠯᠠᠯᠲᠠ ᠨᠡᠢᠲᠡᠯᠡᠬᠦ᠎ᠶᠢ ᠵᠣᠬᠢᠶᠠᠨ ᠪᠠᠶ᠋ᠢᠭᠤᠯᠬᠤ᠂ ᠳᠠᠭᠠᠭᠠᠴᠢᠯᠠᠯᠲᠠ ᠣᠯᠬᠤ ᠮᠡᠳᠡᠭᠳᠡᠯ᠎ᠦᠨ ᠪᠢᠴᠢᠭ᠎ᠢ ᠲᠠᠷᠬᠠᠭᠠᠬᠤ᠂ ᠲᠥᠷᠥᠯ ᠵᠦᠢᠯᠡᠰ᠎ᠢ ᠲᠠᠨᠭᠰᠠ ᠡᠪᠬᠡᠮᠡᠯ᠎ᠳᠦ ᠣᠷᠣᠭᠤᠯᠬᠤ ᠵᠡᠷᠭᠡ᠎ᠶᠢ ᠪᠠᠭᠲᠠᠭᠠᠬᠤ ᠪᠣᠯᠪᠠᠴᠤ ᠡᠭᠦᠨ᠎ᠢᠶᠡᠷ ᠬᠢᠵᠠᠭᠠᠷᠯᠠᠬᠤ ᠦᠭᠡᠢ᠃
      ᠬᠣᠶᠠᠷ᠂ ᠣᠷᠣᠯᠠᠬᠤ ᠪᠠᠢᠭᠤᠯᠤᠮᠵᠢ᠎ᠶᠢᠨ ᠬᠢᠷᠢ ᠬᠡᠮ᠎ᠦᠨ ᠱᠠᠭᠠᠷᠳᠠᠯᠭ᠎ᠠ
      1. ᠣᠷᠣᠯᠠᠬᠤ ᠪᠠᠢᠭᠤᠯᠤᠮᠵᠢ ᠨᠢ ᠡᠷᠬᠡᠪᠰᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ᠎ᠶᠢᠨ ᠣᠷᠣᠯᠠᠬᠤ ᠪᠠᠢᠭᠤᠯᠤᠮᠵᠢ᠎ᠶᠢᠨ ᠬᠥᠮᠥᠷᠭᠡ᠎ᠳᠦ ᠪᠦᠷᠢᠳᠬᠡᠨ ᠳᠠᠩᠰᠠᠯᠠᠭᠤᠯᠤᠭᠰᠠᠨ ᠪᠠᠢᠬᠤ ᠬᠡᠷᠡᠭᠲᠡᠢ᠃
      2. ᠪᠡᠶ᠎ᠡ᠎ᠪᠡᠨ ᠳᠠᠭᠠᠭᠠᠭᠰᠠᠨ ᠬᠠᠤᠯᠢ᠎ᠶᠢᠨ ᠬᠥᠮᠥᠨ᠎ᠦ ᠬᠢᠷᠢ ᠬᠡᠮ᠎ᠲᠠᠢ ᠪᠠᠢᠭᠤᠯᠤᠮᠵᠢ ᠨᠢ ᠡᠷᠬᠡᠪᠰᠢ ᠰᠠᠢᠨ ᠰᠠᠢᠬᠠᠨ ᠡᠳ᠋᠎ᠦᠨ ᠶᠠᠪᠤᠳᠠᠯ᠎ᠤᠨ ᠪᠠᠢᠳᠠᠯ ᠪᠠ ᠬᠤᠳᠠᠯᠳᠤᠭᠠᠨ᠎ᠤ ᠢᠲᠡᠭᠡᠯ ᠬᠦᠨᠳᠦ᠎ᠲᠠᠢ ᠪᠠᠢᠵᠤ᠂ ᠭᠡᠷ᠎ᠡ᠎ᠶᠢ ᠭᠦᠢᠴᠡᠳᠬᠡᠬᠦ ᠬᠦᠷᠦᠯᠴᠡᠬᠦᠢᠴᠡ ᠡᠳ᠋ ᠬᠥᠷᠥᠩᠭᠡ ᠪᠠ ᠴᠢᠳᠠᠪᠤᠷᠢ᠎ᠲᠠᠢ ᠪᠠᠢᠬᠤ ᠬᠡᠷᠡᠭᠲᠡᠢ᠃
      ᠭᠤᠷᠪᠠ᠂ ᠨᠡᠷ᠎ᠡ ᠮᠡᠳᠡᠭᠦᠯᠬᠦ ᠦᠶ᠎ᠡ᠎ᠳᠦ ᠬᠠᠩᠭᠠᠬᠤ ᠴᠢᠬᠤᠯᠠᠲᠠᠢ ᠮᠠᠲᠧᠷᠢᠶᠠᠯ
      1. ᠨᠡᠷ᠎ᠡ ᠮᠡᠳᠡᠭᠦᠯᠦᠭᠴᠢ ᠪᠡᠶ᠎ᠡ᠎ᠶᠢᠨ ᠦᠨᠡᠮᠯᠡᠯ᠎ᠦᠨ ᠤᠭ ᠡᠬᠡ᠎ᠪᠡᠨ ᠭᠠᠷᠭᠠᠨ ᠦᠵᠡᠭᠦᠯᠵᠦ᠂ ᠪᠠᠭᠤᠯᠭᠠᠪᠤᠷᠢ᠂ ᠬᠠᠷᠢᠯᠴᠠᠬᠤ ᠠᠷᠭ᠎ᠠ ᠮᠠᠶᠢᠭ᠋᠎ᠢᠶᠠᠨ ᠬᠠᠩᠭᠠᠨ᠎ᠠ᠃
      2. ᠨᠡᠷ᠎ᠡ ᠮᠡᠳᠡᠭᠦᠯᠦᠭᠴᠢ᠎ᠡᠴᠡ ᠬᠠᠤᠯᠢ᠎ᠪᠠᠷ ᠲᠣᠭᠲᠠᠭᠠᠭᠰᠠᠨ ᠲᠥᠯᠥᠭᠡᠯᠡᠭᠴᠢ᠎ᠶᠢᠨ ᠭᠠᠷ᠎ᠤᠨ ᠦᠰᠦᠭ ᠵᠢᠷᠤᠭᠰᠠᠨ᠂ ᠺᠣᠮᠫᠠᠨᠢ᠎ᠶᠢᠨ ᠲᠠᠮᠠᠭ᠎ᠠ ᠳᠠᠷᠤᠭᠰᠠᠨ 《 ᠡᠷᠬᠡ ᠣᠯᠭᠣᠬᠤ ᠨᠠᠶ᠋ᠢᠳᠠᠯᠭ᠎ᠠ᠎ᠶᠢᠨ ᠪᠢᠴᠢᠭ 》᠎ᠢᠶᠠᠨ ᠬᠠᠩᠭᠠᠨ᠎ᠠ᠃
      3. ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠪᠠᠢᠭᠤᠯᠭ᠎ᠠ᠎ᠶᠢᠨ ᠣᠨ᠎ᠤ ᠪᠠᠢᠴᠠᠭᠠᠯᠲᠠ᠎ᠳᠤ ᠬᠢᠷᠢ ᠲᠡᠩᠴᠡᠭᠰᠡᠨ ᠪᠥᠭᠡᠳ ᠬᠦᠴᠦᠨ᠎ᠲᠠᠢ ᠪᠥᠭᠡᠳ ᠳᠠᠭᠠᠭᠠᠴᠢᠯᠠᠯᠲᠠ ᠬᠦᠯᠢᠶᠡᠬᠦ ᠠᠵᠤ ᠠᠬᠤᠢᠯᠠᠯ᠎ᠤᠨ ᠠᠯᠪᠠᠨ ᠲᠠᠮᠠᠭ᠎ᠠ᠎ᠶᠢ ᠳᠠᠷᠤᠭᠰᠠᠨ ᠡᠵᠡᠩᠨᠡᠯᠲᠡ᠎ᠶᠢᠨ ᠦᠨᠡᠮᠯᠡᠯ᠎ᠦᠨ ᠬᠠᠭᠤᠯᠪᠤᠷᠢ ᠳᠡᠪᠲᠡᠷ᠎ᠦᠨ ᠪᠠᠭᠤᠯᠭᠠᠪᠤᠷᠢ᠎ᠶᠢ ᠬᠠᠩᠭᠠᠨ᠎ᠠ᠃
      4. ᠨᠡᠢᠭᠡᠮ᠎ᠦᠨ ᠪᠠᠲᠤᠯᠠᠭ᠎ᠠ᠎ᠶᠢᠨ ᠪᠡᠯᠡ ᠮᠥᠩᠭᠥ᠎ᠶᠢ ᠣᠢᠷ᠎ᠠ᠎ᠶᠢᠨ ᠬᠠᠭᠠᠰ ᠵᠢᠯ᠎ᠳᠡᠬᠢ ᠭᠤᠷᠪᠠᠨ ᠰᠠᠷ᠎ᠠ ᠳᠠᠷᠠᠭᠠᠯᠠᠨ ᠲᠤᠰᠢᠶᠠᠭᠰᠠᠨ ᠭᠡᠷᠡᠴᠢ ᠮᠠᠲᠧᠷᠢᠶᠠᠯ᠂ ᠭᠠᠢᠯᠢ ᠲᠠᠲᠠᠪᠤᠷᠢ᠎ᠶᠢ ᠣᠢᠷ᠎ᠠ᠎ᠶᠢᠨ ᠬᠠᠭᠠᠰ ᠵᠢᠯ᠎ᠳᠡᠬᠢ ᠭᠤᠷᠪᠠᠨ ᠰᠠᠷ᠎ᠠ ᠳᠠᠷᠠᠭᠠᠯᠠᠨ ᠲᠤᠰᠢᠶᠠᠭᠰᠠᠨ ᠭᠡᠷᠡᠴᠢ ᠮᠠᠲᠧᠷᠢᠶᠠᠯ᠎ᠢ ᠬᠠᠩᠭᠠᠨ᠎ᠠ᠃
      5. 2025 ᠪᠤᠶᠤ 2024 ᠣᠨ᠎ᠤ ᠬᠢᠨᠠᠨ ᠪᠤᠳᠤᠬᠤ ᠰᠠᠯᠠᠭ᠎ᠠ ᠮᠥᠴᠢᠷ ᠪᠤᠶᠤ ᠨᠢᠭ᠍ᠲᠠᠯᠠᠨ ᠪᠤᠳᠤᠭ᠍ᠴᠢ᠎ᠶᠢᠨ ᠬᠡᠷᠡᠭ ᠡᠷᠬᠢᠯᠡᠬᠦ ᠭᠠᠵᠠᠷ᠎ᠠᠴᠠ ᠭᠠᠷᠭᠠᠭᠰᠠᠨ ᠬᠢᠨᠠᠨ ᠪᠤᠳᠤᠭᠰᠠᠨ ᠮᠡᠳᠡᠭᠦᠯᠦᠯᠲᠡ ᠪᠤᠶᠤ ᠺᠣᠮᠫᠠᠨᠢ᠎ᠶᠢᠨ ᠦᠨᠳᠦᠰᠦᠨ ᠲᠠᠩᠰᠠᠨ ᠡᠷᠦᠬᠡ ᠪᠠᠢᠭᠤᠯᠤᠭᠰᠠᠨ ᠪᠠᠩᠬᠢ᠎ᠠᠴᠠ ᠭᠠᠷᠭᠠᠭᠰᠠᠨ ᠬᠥᠷᠥᠩᠭᠡ ᠢᠲᠡᠭᠡᠮᠵᠢ᠎ᠶᠢᠨ ᠭᠡᠷᠡᠴᠢ᠎ᠶᠢ ᠬᠠᠩᠭᠠᠨ᠎ᠠ᠃
      6. 《 ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ 》 ᠵᠢᠴᠢ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ 》᠎ᠶᠢᠨ ᠣᠷᠣᠯᠠᠨ ᠭᠦᠢᠴᠡᠳᠬᠡᠬᠦ ᠪᠠᠢᠭᠤᠯᠤᠮᠵᠢ᠎ᠶᠢᠨ ᠪᠦᠷᠢᠳᠬᠡᠨ ᠬᠥᠮᠥᠷᠭᠡ᠎ᠳᠦ ᠣᠷᠣᠭᠤᠯᠤᠭᠰᠠᠨ ᠡᠰᠬᠡᠯᠲᠡ ᠵᠢᠷᠤᠭ᠎ᠤᠨ ᠭᠡᠷᠡᠴᠢᠯᠡᠬᠦ ᠮᠠᠲᠧᠷᠢᠶᠠᠯ᠎ᠢ ᠬᠠᠩᠭᠠᠨ᠎ᠠ᠃
      7. 《 ᠢᠲᠡᠭᠡᠮᠵᠢᠲᠦ ᠳᠤᠮᠳᠠᠳᠤ ᠤᠯᠤᠰ 》᠎ᠤᠨ ᠰᠦᠯᠵᠢᠶᠡᠨ ᠥᠷᠲᠡᠭᠡ ( www.creditchina.gov.cn )᠎ᠶᠢᠨ ᠢᠲᠡᠭᠡᠯ ᠠᠯᠳᠠᠭᠰᠠᠨ ᠭᠦᠢᠴᠡᠳᠬᠡᠭᠳᠡᠭᠴᠢ ᠪᠠ ᠬᠦᠨᠳᠦ ᠶᠡᠬᠡ ᠭᠠᠢᠯᠢ ᠲᠠᠲᠠᠪᠤᠷᠢ᠎ᠶᠢᠨ ᠬᠠᠤᠯᠢ᠎ᠠᠴᠠ ᠵᠥᠷᠢᠴᠡᠭᠰᠡᠨ ᠬᠡᠷᠡᠭ᠎ᠦᠨ ᠲᠤᠬᠠᠢ᠎ᠶᠢᠨ ᠬᠥᠮᠥᠨ᠎ᠦ ᠨᠡᠷᠡᠰ᠎ᠦᠨ ᠲᠡᠮᠳᠡᠭᠯᠡᠯ᠎ᠦᠨ ᠡᠰᠬᠡᠯᠲᠡ ᠵᠢᠷᠤᠭ ᠵᠢᠴᠢ 《 ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠰᠦᠯᠵᠢᠶ᠎ᠡ 》᠎ᠶᠢᠨ ᠰᠦᠯᠵᠢᠶᠡᠨ ᠥᠷᠲᠡᠭᠡ ( www.ccgp.gov.cn ) ᠎ᠶᠢᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠶᠢᠨ ᠬᠠᠤᠯᠢ᠎ᠠᠴᠠ ᠬᠦᠨᠳᠦ ᠨᠣᠴᠢᠲᠠᠢ ᠵᠥᠷᠢᠴᠡᠵᠦ ᠢᠲᠡᠭᠡᠯ ᠠᠯᠳᠠᠭᠰᠠᠨ ᠦᠶ᠋ᠯᠡ ᠠᠵᠢᠯᠯᠠᠭ᠎ᠠ᠎ᠶᠢᠨ ᠲᠡᠮᠳᠡᠭᠯᠡᠯ᠎ᠦᠨ ᠡᠰᠬᠡᠯᠲᠡ ᠵᠢᠷᠤᠭ᠎ᠢ ᠬᠠᠩᠭᠠᠨ᠎ᠠ᠃
      8. ᠳᠤᠮᠳᠠᠳᠤ ᠤᠯᠤᠰ᠎ᠤᠨ ᠲᠠᠰᠤᠯᠤᠨ ᠲᠣᠭᠲᠠᠭᠠᠯᠲᠠ᠎ᠶᠢᠨ ᠪᠢᠴᠢᠭ ᠬᠠᠷ᠎ᠠ᠎ᠶᠢᠨ ᠰᠦᠯᠵᠢᠶᠡᠨ᠎ᠳᠦ ᠨᠡᠷ᠎ᠡ ᠮᠡᠳᠡᠭᠦᠯᠦᠭᠰᠡ ᠣᠢᠷ᠎ᠠ᠎ᠶᠢᠨ ᠭᠤᠷᠪᠠᠨ ᠵᠢᠯ ( 2023 ᠣᠨ᠎ᠤ 1 ᠰᠠᠷ᠎ᠠ ᠎ᠶᠢᠨ 1᠎ᠦ ᠡᠳᠦᠷ᠎ᠡᠴᠡ ᠣᠳᠣ᠌ ᠪᠣᠯᠲᠠᠯ᠎ᠠ ) ᠬᠡᠭᠡᠯᠢ ᠲᠦᠯᠬᠢᠭᠰᠡᠨ ᠶᠠᠯᠠᠲᠤ ᠠᠵᠢᠯᠯᠠᠭ᠎ᠠ ᠦᠭᠡᠢ ᠪᠠᠢᠬᠤ ᠲᠡᠮᠳᠡᠭᠯᠡᠯ᠎ᠢ ᠪᠠᠢᠴᠠᠭᠠᠨ ᠯᠠᠪᠯᠠᠭᠰᠠᠨ ᠲᠡᠮᠳᠡᠭᠯᠡᠯ᠎ᠢ ᠢᠯᠡᠷᠡᠭᠦᠯᠦᠭᠰᠡᠨ ᠡᠰᠬᠡᠯᠲᠡ ᠵᠢᠷᠤᠭ᠃
      ᠳᠥᠷᠪᠡ᠂ ᠨᠡᠷ᠎ᠡ ᠮᠡᠳᠡᠭᠦᠯᠬᠦ ᠴᠠᠭ᠂ ᠭᠠᠵᠠᠷ
      ᠳᠡᠭᠡᠷ᠎ᠡ ᠳᠤᠷᠠᠳᠤᠭᠰᠠᠨ ᠨᠥᠬᠥᠴᠡᠯ᠎ᠳᠦ ᠨᠡᠢᠴᠡᠬᠦ ᠳᠠᠭᠠᠭᠠᠴᠢᠯᠠᠯᠲᠠ ᠵᠠᠷᠯᠠᠬᠤ᠎ᠶᠢ ᠣᠷᠣᠯᠠᠨ ᠭᠦᠢᠴᠡᠳᠬᠡᠬᠦ ᠪᠠᠢᠭᠤᠯᠤᠮᠵᠢ 2026 ᠣᠨ᠎ᠤ1 ᠰᠠᠷ᠎ᠠ᠎ᠶᠢᠨ 12᠎ᠤᠨ ᠡᠳᠦᠷ᠎ᠡᠴᠡ 2026 ᠣᠨ᠎ᠤ 1 ᠰᠠᠷ᠎ᠠ᠎ᠶᠢᠨ 13᠎ᠤ ᠡᠳᠦᠷ ᠪᠣᠯᠲᠠᠯ᠎ᠠ᠂ ᠠᠵᠢᠯᠯᠠᠬᠤ ᠡᠳᠦᠷ ᠪᠦᠷᠢ᠎ᠶᠢᠨ ᠦᠳᠡ᠎ᠶᠢᠨ ᠡᠮᠦᠨᠡᠬᠢ 9᠄ 00︱12᠄ 00᠂ ᠦᠳᠡ᠎ᠶᠢᠨ ᠬᠣᠢᠨᠠᠬᠢ 15᠄ 00︱18᠄ 00 ᠴᠠᠭ᠎ᠲᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠣᠯ᠎ᠤᠨ ᠰᠠᠨ ᠱᠧᠩ ᠬᠥᠩ ᠤᠰᠤᠨ ᠠᠰᠢᠭ᠍ᠯᠠᠯᠲᠠ᠎ᠶᠢᠨ ᠬᠦᠢᠰᠦ᠎ᠶᠢᠨ ᠬᠠᠮᠢᠶᠠᠷᠤᠯᠲᠠ᠎ᠶᠢᠨ ᠲᠥᠪ᠎ᠲᠦ ᠬᠦᠷᠴᠦ ᠨᠡᠷ᠎ᠡ ᠮᠡᠳᠡᠭᠦᠯᠬᠦ ᠮᠠᠲᠧᠷᠢᠶᠠᠯ᠎ᠢᠶᠠᠨ ᠲᠤᠰᠢᠶᠠᠵᠤ ᠪᠣᠯᠣᠨ᠎ᠠ᠃
      ᠲᠠᠪᠤ᠂ ᠬᠠᠷᠢᠯᠴᠠᠬᠤ ᠠᠷᠭ᠎ᠠ ᠬᠡᠯᠪᠡᠷᠢ
      ᠨᠢᠭᠡᠴᠢ᠎ᠶᠢᠨ ᠨᠡᠷᠡᠢᠳᠦᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠲᠤᠨ ᠭᠣᠣᠯ᠎ᠤᠨ ᠰᠠᠨ ᠱᠧᠩ ᠬᠥᠩ ᠤᠰᠤᠨ ᠠᠰᠢᠭ᠍ᠯᠠᠯᠲᠠ᠎ᠶᠢᠨ ᠬᠦᠢᠰᠦ᠎ᠶᠢᠨ ᠲᠥᠪ
      ᠨᠡᠷ᠎ᠡ ᠮᠡᠳᠡᠭᠦᠯᠬᠦ ᠬᠠᠶᠢᠭ᠋᠄ ᠥᠪᠥᠷ ᠮᠣᠩᠭᠣᠯ᠎ᠤᠨ ᠪᠠᠶᠠᠨᠨᠠᠭᠤᠷ ᠬᠣᠲᠠ᠎ᠶᠢᠨ ᠳ᠋ᠸᠩᠺᠸᠤ ᠰᠢᠶᠠᠨ᠎ᠤ ᠪᠠᠶᠠᠨᠭᠣᠣᠯ ᠪᠠᠯᠭᠠᠰᠤᠨ᠎ᠤ ᠲᠤᠸᠠᠨ ᠵᠢᠶᠧ ᠵᠠᠮ᠎ᠤᠨ ᡁᠢ ᠱᠦᠢ ᠭᠤᠳᠤᠮᠵᠢ᠎ᠶᠢᠨ 1 ᠳ᠋ᠦ᠍ᠭᠡᠷ ᠨᠣᠮᠧᠷ
      ᠰᠢᠤᠳᠠᠨ ᠳ᠋ᠤᠭᠠᠷ᠄ 015299
      ᠬᠠᠷᠢᠯᠴᠠᠬᠤ ᠬᠥᠮᠥᠨ᠄ ᠮᠧᠩ ᠴᠧᠩ ᠢ
      ᠬᠠᠷᠢᠯᠴᠠᠬᠤ ᠤᠲᠠᠰᠤ᠄ 0478︱4237617᠂ 15848710318

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            