ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠬᠠᠶ ᠨᠠᠮ᠎ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠤᠰᠤᠨ ᠠᠰᠢᠭᠯᠠᠯᠲᠠ ᠵᠢᠨ ᠰᠢᠰᠲ᠋ᠧᠮ᠎ᠤᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠶ ᠥᠷᠨᠢᠭᠦᠯᠬᠦ ᠵᠢᠨ ᠲᠥᠯᠥᠭᠡ᠂ 4 ᠳ᠋ᠦ᠍ᠭᠡᠷ ᠰᠠᠷ᠎ᠠ ᠵᠢᠨ 26᠎ᠤ ᠡᠳᠦᠷ᠂ 28᠎ᠤ ᠡᠳᠦᠷ᠂ ᠤᠰᠤᠨ ᠠᠰᠢᠭᠯᠠᠯᠲᠠ ᠵᠢᠨ ᠲᠢᠩᠬᠢᠮ 2 ᠡᠳᠦᠷ᠎ᠤᠨ ᠴᠠᠭ᠎ᠢ ᠠᠰᠢᠭᠯᠠᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠰᠬᠠᠶ ᠰᠡᠳᠦᠪᠲᠦ ᠨᠣᠮ ᠤᠩᠰᠢᠬᠤ ᠠᠩᠭᠢ ᠡᠷᠭᠢᠯᠡᠪᠡ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠱᠧᠩ ᠰᠢᠶᠣᠣ ᠶᠢᠦ ᠨᠣᠮ ᠤᠩᠰᠢᠬᠤ ᠠᠩᠭᠢ ᠵᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠳᠠᠷᠤᠭ᠎ᠠ ᠹᠠᠨ ᠵᠥᠩ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠲᠦᠷᠢᠮ》᠎ᠤᠨ ᠲᠣᠭᠤᠷᠢᠨ᠎ᠳᠤ ᠨᠠᠷᠢᠨ ᠲᠠᠶ᠋ᠢᠯᠤᠮᠵᠢ ᠬᠢᠪᠠ᠃

ᠨᠣᠮ ᠤᠩᠰᠢᠬᠤ ᠠᠩᠭᠢ ᠵᠢ ᠨᠢᠭᠡᠳᠦᠯᠲᠡᠶ ᠲᠥᠯᠥᠪᠯᠡᠬᠦ᠂ ᠲᠥᠪᠯᠡᠷᠡᠭᠦᠯᠦᠨ ᠵᠣᠬᠢᠶᠠᠨ ᠪᠠᠶ᠋ᠢᠭᠤᠯᠬᠤ᠂ ᠵᠡᠷᠭᠡ᠎ᠪᠠᠷ ᠬᠡᠷᠡᠭᠵᠢᠭᠦᠯᠬᠦ᠂ ᠲᠥᠷᠥᠯ ᠬᠤᠪᠢᠶᠠᠨ ᠠᠬᠢᠭᠤᠯᠬᠤ ᠠᠷᠭ᠎ᠠ ᠬᠡᠮᠵᠢᠶ᠎ᠡ ᠠᠯᠬᠤᠮ ᠳᠠᠷᠠᠭ᠎ᠠ ᠶᠣᠰᠣᠭ᠋ᠠᠷ᠂ ᠲᠠᠶ᠋ᠢᠯᠤᠮᠵᠢ ᠵᠢ ᠦᠵᠡᠬᠦ᠂ ᠲᠤᠰᠬᠠᠶ ᠰᠡᠳᠦᠪ ᠵᠶ᠋ᠠᠷ ᠬᠠᠪᠰᠤᠷᠤᠨ ᠵᠢᠯᠣᠭᠤᠳᠬᠤ᠂ ᠬᠤᠪᠢ ᠬᠥᠮᠦᠨ ᠥᠪᠡᠰᠦᠪᠡᠨ ᠰᠤᠷᠤᠯᠴᠠᠬᠤ᠂ ᠰᠣᠯᠢᠯᠴᠠᠵᠤ ᠰᠤᠳᠤᠯᠤᠨ ᠶᠠᠷᠢᠯᠴᠠᠬᠤ ᠵᠡᠷᠭᠡ ᠠᠷᠭ᠎ᠠ ᠮᠠᠶᠢᠭ ᠵᠶ᠋ᠠᠷ ᠶᠠᠪᠤᠭᠳᠠᠭᠤᠯᠪᠠ᠃ 4 ᠳ᠋ᠦ᠍ᠭᠡᠷ ᠰᠠᠷ᠎ᠠ ᠵᠢᠨ 26᠎ᠤ ᠡᠳᠦᠷ᠎ᠤᠨ ᠦᠳᠡ ᠵᠢᠨ ᠡᠮᠦᠨ᠎ᠡ᠂ ᠲᠤᠰᠬᠠᠶ ᠰᠡᠳᠦᠪᠲᠦ ᠨᠣᠮ ᠤᠩᠰᠢᠬᠤ ᠠᠩᠭᠢ ᠵᠢᠨ ᠠᠩᠭᠢ ᠡᠬᠢᠯᠡᠬᠦ ᠶᠣᠰᠣᠯᠠᠯ ᠶᠠᠪᠤᠭᠤᠯᠵᠤ᠂ ᠲᠥᠪ᠎ᠤᠨ ᠤᠬᠠᠭᠤᠯᠬᠤ ᠬᠡᠯᠲᠡᠰ᠎ᠤᠨ ᠪᠥᠬᠦ ᠤᠯᠤᠰ᠎ᠤᠨ ᠤᠬᠠᠭᠤᠯᠬᠤ ᠺᠠᠳ᠋ᠷ᠎ᠤᠨ ᠳᠡᠭᠡᠳᠦ ᠰᠤᠷᠭ᠋ᠠᠭᠤᠯᠢ ᠵᠢᠨ ᠵᠢᠭ᠋ᠠᠨ ᠰᠤᠳᠤᠯᠬᠤ ᠬᠡᠯᠲᠡᠰ᠎ᠤᠨ ᠡᠷᠬᠢᠯᠡᠭᠴᠢ ᠴᠢᠨ ᠴᠢᠶᠠᠩ ᠫᠷᠤᠹᠧᠰᠰᠤᠷ ᠭᠣᠣᠯᠯᠠᠨ ᠶᠠᠷᠢᠭᠰᠠᠨ 《ᠰᠢᠨ᠎ᠡ᠎ᠪᠠᠷ ᠵᠠᠰᠠᠪᠤᠷᠢ ᠣᠷᠣᠭᠤᠯᠤᠭᠰᠠᠨ 〈ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠢ᠍ᠳᠬᠡᠯ ᠥᠭᠬᠦ ᠲᠦᠷᠢᠮ〉᠎ᠤᠨ ᠵᠣᠷᠢᠭ ᠰᠠᠨᠠᠭ᠋ᠠᠨ᠎ᠤ ᠲᠠᠶ᠋ᠢᠯᠤᠮᠵᠢ》 ᠭᠡᠬᠦ ᠬᠠᠪᠰᠤᠷᠤᠨ ᠵᠢᠯᠣᠭᠤᠳᠬᠤ ᠲᠠᠶ᠋ᠢᠯᠤᠮᠵᠢ ᠵᠢ ᠲᠥᠪᠯᠡᠷᠡᠭᠦᠯᠦᠨ ᠦᠵᠡᠪᠡ; 4 ᠳ᠋ᠦ᠍ᠭᠡᠷ ᠰᠠᠷ᠎ᠠ ᠵᠢᠨ 26᠎ᠤ ᠡᠳᠦᠷ᠎ᠤᠨ ᠦᠳᠡ ᠵᠢᠨ ᠬᠤᠶ᠋ᠢᠨ᠎ᠠ᠂ ᠹᠠᠨ ᠵᠦᠩ ᠨᠥᠬᠦᠷ ᠵᠠᠰᠠᠪᠤᠷᠢ ᠣᠷᠣᠭᠤᠯᠤᠭᠰᠠᠨ ᠠᠬᠤᠶ ᠪᠠᠶ᠋ᠢᠳᠠᠯ᠂ ᠭᠤᠣᠯ ᠣᠨᠴᠠᠯᠢᠭ᠂ ᠭᠤᠣᠯ ᠠᠭᠤᠯᠭ᠎ᠠ ᠵᠡᠷᠭᠡ ᠲᠠᠯ᠎ᠠ᠎ᠪᠠᠷ ᠪᠦᠯᠦᠭ ᠵᠤᠷᠪᠤᠰ ᠳᠠᠷᠠᠭ᠋ᠠᠯᠠᠨ 《ᠳᠦᠷᠢᠮ》᠎ᠳᠤ ᠭᠦᠨᠵᠡᠭᠡᠶ ᠲᠠᠶ᠋ᠢᠯᠤᠮᠵᠢ ᠬᠢᠪᠡ; 4 ᠳ᠋ᠦ᠍ᠭᠡᠷ ᠰᠠᠷ᠎ᠠ ᠵᠢᠨ 28᠎ᠤ ᠡᠳᠦᠷ᠎ᠤᠨ ᠦᠳᠡ ᠵᠢᠨ ᠡᠮᠦᠨ᠎ᠡ᠂ ᠲᠢᠩᠬᠢᠮ᠎ᠤᠨ ᠤᠳᠤᠷᠢᠳᠤᠯᠭ᠎ᠠ᠂ ᠲᠢᠩᠬᠢᠮ᠎ᠤᠨ ᠪᠠᠶ᠋ᠢᠭᠤᠯᠭ᠎ᠠ᠂ ᠲᠢᠩᠬᠢᠮ᠎ᠤᠨ ᠬᠠᠷᠢᠶ᠎ᠠ ᠡᠯ᠎ᠡ ᠨᠢᠭᠡᠴᠢ ᠵᠢ ᠵᠣᠬᠢᠶᠠᠨ ᠪᠠᠶ᠋ᠢᠭᠤᠯᠤᠨ ᠬᠤᠪᠢ ᠬᠥᠮᠦᠨ᠎ᠤ ᠥᠪᠡᠰᠦᠪᠡᠨ ᠰᠣᠷᠣᠯᠴᠠᠬᠤ ᠵᠢ ᠥᠷᠨᠢᠭᠦᠯᠵᠦ᠂ ᠰᠤᠳᠤᠯᠤᠨ ᠶᠠᠷᠢᠯᠴᠠᠵᠤ ᠰᠣᠯᠢᠯᠴᠠᠬᠤ ᠮᠠᠲ᠋ᠧᠷᠢᠶᠠᠯ ᠪᠢᠴᠢᠵᠦ᠂ ᠪᠠᠭ᠎ᠠ ᠬᠡᠪᠴᠢᠶᠡᠨ᠎ᠤ ᠰᠣᠯᠢᠯᠴᠠᠭ᠎ᠠ ᠰᠤᠳᠤᠯᠭ᠋ᠠᠨ ᠥᠷᠨᠢᠭᠦᠯᠪᠡ; 4 ᠳ᠋ᠦ᠍ᠭᠡᠷ ᠰᠠᠷ᠎ᠠ ᠵᠢᠨ 28᠎ᠤ ᠡᠳᠦᠷ᠎ᠤᠨ ᠦᠳᠡ ᠵᠢᠨ ᠬᠤᠶ᠋ᠢᠨ᠎ᠠ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠰᠬᠠᠢ ᠰᠡᠳᠦᠪᠲᠦ ᠨᠣᠮ ᠤᠩᠰᠢᠬᠤ ᠠᠩᠭᠢ ᠵᠢᠴᠢ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠤᠨᠤᠯ᠎ᠤᠨ ᠰᠤᠷᠤᠯᠴᠠᠯᠭ᠎ᠠ ᠵᠢᠨ ᠭᠤᠣᠯ ᠳᠤᠭᠤᠶ᠋ᠢᠯᠠᠩ᠎ᠤᠨ ᠳᠣᠯᠣᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠵᠢᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ 《ᠰᠦᠨ ᠱᠤᠤ ᠴᠧᠩ ᠱᠦᠵᠢ ᠵᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠨᠣᠮ ᠤᠩᠰᠢᠬᠤ ᠠᠩᠭᠢ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠤᠨᠤᠯ ᠰᠤᠷᠤᠯᠴᠠᠬᠤ ᠭᠤᠣᠯ ᠳᠤᠭᠤᠶ᠋ᠢᠯᠠᠩ᠎ᠤᠨ 2024 ᠣᠨ᠎ᠤ 4 ᠳ᠋ᠤᠭᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠬᠢᠬᠦ ᠦᠶ᠎ᠡ ᠵᠢᠨ ᠶᠠᠷᠢᠶ᠎ᠠ》 ᠵᠢ ᠤᠯᠠᠮᠵᠢᠯᠠᠨ ᠰᠣᠷᠣᠯᠴᠠᠵᠤ᠂ 《ᠲᠦᠷᠢᠮ》᠎ᠢ ᠰᠤᠷᠤᠯᠴᠠᠨ ᠲᠤᠭᠤᠰᠢᠯᠠᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠲᠣᠰ ᠪᠡᠶ᠎ᠡ ᠵᠢᠨ ᠦᠵᠡᠯ ᠰᠠᠨᠠᠭ᠎ᠠ ᠪᠠ ᠲᠤᠬᠠᠶ᠋ᠢᠯᠠᠭᠰᠠᠨ ᠠᠵᠢᠯ᠎ᠲᠠᠢ᠎ᠪᠠᠨ ᠤᠶᠠᠯᠳᠤᠭᠤᠯᠤᠨ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ ᠰᠤᠳᠤᠯᠤᠨ ᠶᠠᠷᠢᠯᠴᠠᠵᠤ ᠰᠣᠯᠢᠯᠴᠠᠵᠤ᠂ ᠪᠤᠰᠤᠳ ᠭᠣᠣᠯ ᠳᠤᠭᠤᠢ᠌ᠯᠠᠩ᠎ᠤᠨ ᠭᠡᠰᠢᠭᠦᠨ ᠨᠡᠷ ᠪᠢᠴᠢᠭ᠎ᠤᠨ ᠬᠡᠯᠪᠡᠷᠢ᠎ᠪᠠᠷ ᠰᠤᠳᠤᠯᠤᠨ ᠶᠠᠷᠢᠯᠴᠠᠬᠤ ᠮᠠᠲ᠋ᠧᠷᠢᠶᠠᠯ ᠵᠶ᠋ᠠᠨ ᠲᠤᠰᠢᠶᠠᠪᠠ᠃

ᠬᠤᠷᠠᠯ᠎ᠠᠴᠠ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠪᠣᠯ ᠨᠠᠮ᠎ᠤᠨ ᠰᠠᠬᠢᠯᠭ᠎ᠠ ᠪᠠᠲᠤ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢᠨ ᠭᠦᠨᠵᠡᠭᠡᠶ᠋ᠢᠷᠡᠨ ᠬᠥᠭᠵᠢᠬᠦ ᠵᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠪᠣᠯᠤᠨ ᠨᠠᠮ᠎ᠤᠨ ᠭᠡᠰᠢᠭᠦᠨ ᠺᠠᠳ᠋ᠷ ᠡᠷᠬᠡᠪᠰᠢ ᠤᠯᠤᠰ ᠲᠦᠷᠦ ᠵᠢᠨ ᠬᠠᠷᠢᠭᠤᠴᠠᠯᠭ᠎ᠠ ᠵᠢ ᠡᠭᠦᠷᠭᠡᠯᠡᠵᠦ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠰᠠᠶ᠋ᠢᠲᠤᠷ ᠠᠳᠬᠤᠵᠤ᠂ ᠰᠠᠶ᠋ᠢᠨ ᠰᠠᠶ᠋ᠢᠬᠠᠨ ᠰᠤᠷᠲᠠᠯ ᠵᠶ᠋ᠠᠷ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ ᠵᠢ ᠪᠠᠲᠤᠯᠠᠬᠤ ᠬᠡᠷᠡᠭᠲᠡᠢ᠃ ᠲᠦᠷᠢᠮ᠎ᠳᠤ ᠵᠠᠰᠠᠪᠤᠷᠢ ᠣᠷᠣᠭᠤᠯᠤᠬᠰᠠᠨ ᠴᠢᠬᠤᠯᠠ ᠶᠡᠭᠡ ᠠᠴᠢ ᠬᠤᠯᠪᠣᠭᠳᠠᠯ᠂ ᠭᠤᠣᠯ ᠠᠭᠤᠯᠭ᠎ᠠ ᠪᠣᠯᠤᠨ ᠵᠣᠷᠢᠭ ᠰᠠᠨᠠᠭ᠋ᠠᠨ᠎ᠤ ᠮᠥᠨ ᠴᠢᠨᠠᠷ᠎ᠢ ᠪᠦᠬᠦ ᠲᠠᠯ᠎ᠠ᠎ᠪᠠᠷ ᠭᠦᠨᠵᠡᠭᠡᠢ ᠣᠶ᠋ᠢᠯᠠᠭ᠋ᠠᠵᠤ᠂ ᠰᠤᠷᠤᠯᠴᠠᠯᠭ᠎ᠠ ᠵᠢᠨ ᠭᠤᠣᠯᠳᠠᠯᠭ᠎ᠠ ᠵᠢ ᠠᠳᠬᠤᠵᠤ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠲᠤᠬᠠᠢ ᠴᠢᠬᠤᠯᠠ ᠶᠠᠷᠢᠶ᠎ᠠ ᠪᠣᠯᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠲᠦᠷᠢᠮ》᠎ᠢ ᠤᠶᠤᠨ ᠲᠠᠷᠢᠬᠢᠨ᠎ᠳᠠᠭᠠᠨ ᠬᠠᠳᠠᠩᠰᠢᠭᠤᠯᠬᠤ ᠵᠢ ᠠᠬᠢᠭᠤᠯᠵᠤ᠂ 《ᠲᠦᠷᠢᠮ》᠎ᠢ ᠤᠢ᠍ᠢ᠍ᠯᠠᠭ᠋ᠠᠨ ᠬᠡᠷᠡᠭᠯᠡᠬᠦ ᠵᠢ ᠭᠦᠨᠵᠡᠭᠡᠶ᠋ᠢᠷᠡᠭᠦᠯᠵᠦ᠂ ᠨᠠᠮ᠎ᠤᠨ ᠲᠣᠭᠲᠠᠭ᠋ᠠᠯ ᠨᠠᠮ᠎ᠤᠨ ᠰᠠᠬᠢᠯᠭ᠎ᠠ ᠪᠠᠲᠤ᠎ᠪᠠᠷ ᠦᠵᠡᠯ ᠰᠠᠨᠠᠭ᠎ᠠ ᠪᠣᠯᠤᠨ ᠦᠢ᠍ᠯᠡ ᠠᠵᠢᠯᠯᠠᠭ᠎ᠠ ᠵᠢ ᠵᠠᠯᠠᠷᠠᠭᠤᠯᠵᠤ᠂ ᠨᠠᠮ᠎ᠤᠨ ᠰᠠᠬᠢᠯᠭ᠎ᠠ ᠪᠠᠲᠤ ᠵᠢ ᠰᠤᠷᠤᠯᠴᠠᠬᠤ ᠶᠠᠪᠤᠴᠠ ᠵᠢ ᠦᠨᠡᠨ ᠬᠦ᠌ ᠰᠠᠬᠢᠯᠭ᠎ᠠ ᠪᠠᠲᠤ ᠵᠢᠨ ᠤᠬᠠᠮᠰᠠᠷ ᠵᠶ᠋ᠠᠨ ᠴᠢᠩᠭ᠋ᠠᠳᠬᠠᠬᠤ᠂ ᠨᠠᠮᠴᠢ ᠴᠢᠨᠠᠷ᠎ᠤᠨ ᠪᠣᠯᠪᠠᠰᠤᠷᠠᠯ ᠵᠶ᠋ᠠᠨ ᠳᠡᠭᠡᠭᠰᠢᠯᠡᠭᠦᠯᠬᠦ ᠶᠠᠪᠤᠴᠠ ᠪᠣᠯᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠤᠰᠤᠨ ᠠᠰᠢᠭᠯᠠᠯᠲᠠ ᠵᠢᠨ ᠲᠢᠩᠬᠢᠮ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠴᠢᠬᠤᠯᠠ ᠤᠯᠤᠰ ᠲᠦᠷᠦ ᠵᠢᠨ ᠡᠭᠦᠷᠭᠡ ᠪᠣᠯᠭ᠋ᠠᠵᠤ᠂ ᠪᠠᠶ᠋ᠢᠩᠭᠤ ᠵᠢᠨ ᠴᠢᠨᠠᠷᠲᠠᠢ ᠰᠠᠬᠢᠯᠭ᠎ᠠ ᠪᠠᠲᠤ ᠵᠢᠨ ᠬᠥᠮᠦᠵᠢᠯ᠎ᠢ ᠴᠢᠩᠭ᠋ᠠᠳᠬᠠᠵᠤ᠂ ᠲᠡᠮᠦᠷ ᠮᠡᠲᠦ ᠰᠠᠬᠢᠯᠭ᠎ᠠ ᠪᠠᠲᠤ ᠵᠢ ᠡᠳᠦᠷ ᠲᠤᠳᠤᠮ᠎ᠤᠨ ᠳᠠᠳᠬᠠᠯ ᠪᠠ ᠤᠬᠠᠮᠰᠠᠷᠲᠤ ᠵᠢᠷᠤᠮᠯᠠᠯ ᠪᠣᠯᠭ᠋ᠠᠨ ᠬᠤᠪᠢᠷᠠᠭᠤᠯᠬᠤ ᠬᠡᠷᠡᠭᠲᠡᠢ᠃ ᠨᠢᠭᠡ᠎ᠳᠤ ᠤᠯᠤᠰ ᠲᠦᠷᠦ ᠵᠢᠨ ᠰᠠᠬᠢᠯᠭ᠎ᠠ ᠪᠠᠲᠤ ᠪᠠ ᠤᠯᠤᠰ ᠲᠦᠷᠦ ᠵᠢᠨ ᠶᠣᠰᠣ ᠲᠦᠷᠢᠮ᠎ᠢ ᠴᠢᠩᠳᠠᠯᠠᠵᠤ᠂ ᠤᠰᠤᠨ ᠠᠰᠢᠭᠯᠠᠯᠲᠠ ᠵᠢᠨ ᠰᠢᠰᠲ᠋ᠧᠮ᠎ᠤᠨ ᠤᠯᠤᠰ ᠲᠦᠷᠦ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠬᠡᠷᠡᠭᠲᠡᠢ᠃ ᠨᠠᠮ᠎ᠤᠨ ᠲᠥᠪ ᠬᠤᠷᠢᠶᠠᠨ᠎ᠤ ᠡᠷᠬᠡ ᠰᠦᠷ᠎ᠢ ᠡᠷᠡᠰ ᠬᠠᠮᠠᠭ᠋ᠠᠯᠠᠵᠤ᠂ ᠪᠦᠬᠦ ᠨᠠᠮ᠎ᠤᠨ ᠪᠦᠯᠬᠦᠮᠳᠡᠯ ᠨᠢᠭᠡᠳᠦᠯ᠎ᠢ ᠦᠷᠭᠦᠯᠵᠢᠯᠡᠨ ᠪᠠᠬᠢᠵᠢᠭᠦᠯᠵᠦ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ᠎ᠪᠠᠷ ᠲᠤᠭᠤᠰᠢᠯᠠᠭᠤᠯᠬᠤ ᠵᠢ ᠠᠬᠢᠭᠤᠯᠬᠤ ᠬᠡᠷᠡᠭᠲᠡᠢ᠃ ᠠᠷᠠᠳ᠎ᠢ ᠵᠦᠳᠡᠭᠡᠵᠦ ᠡᠳ᠋᠎ᠢ ᠰᠦᠢ᠍ᠳᠬᠡᠭᠰᠡᠨ 《ᠳᠦᠷᠢ ᠲᠥᠷᠬᠦ ᠵᠢᠨ ᠢᠨᠵᠧᠨᠧᠷᠢᠩ》 《ᠵᠠᠰᠠᠭ᠎ᠤᠨ ᠠᠵᠢᠯ᠎ᠤᠨ ᠪᠦᠲᠦᠮᠵᠢ ᠵᠢᠨ ᠢᠨᠵᠧᠨᠧᠷᠢᠩ》᠎ᠢ ᠡᠷᠡᠰ ᠬᠢᠬᠦ ᠦᠭᠡᠢ ᠪᠠᠶ᠋ᠢᠬᠤ ᠬᠡᠷᠡᠭᠲᠡᠢ᠃ ᠬᠤᠶᠠᠷ᠎ᠲᠤ ᠰᠠᠬᠢᠯᠭ᠎ᠠ ᠪᠠᠲᠤ ᠵᠢᠨ ᠤᠬᠠᠮᠰᠠᠷ ᠪᠠ ᠥᠪᠡᠷ᠎ᠢ᠎ᠪᠠᠨ ᠬᠢᠵᠠᠭ᠋ᠠᠷᠯᠠᠬᠤ ᠴᠢᠳᠠᠪᠤᠷᠢ᠎ᠪᠠᠨ ᠴᠢᠩᠭ᠋ᠠᠳᠬᠠᠵᠤ᠂ ᠤᠰᠤᠨ ᠠᠰᠢᠭᠯᠠᠯᠲᠠ ᠵᠢᠨ ᠰᠢᠰᠲ᠋ᠧᠮ᠎ᠤᠨ ᠨᠠᠮ᠎ᠤᠨ ᠭᠡᠰᠢᠭᠦᠨ ᠺᠠᠳ᠋ᠷᠴᠤᠳ᠎ᠤᠨ ᠰᠠᠬᠢᠯᠭ᠎ᠠ ᠪᠠᠲᠤ ᠵᠢᠨ ᠲᠣᠭᠲᠠᠯ ᠬᠦᠴᠦᠨ᠎ᠢ ᠴᠢᠩᠭ᠋ᠠᠳᠬᠠᠬᠤ ᠬᠡᠷᠡᠭᠲᠡᠢ᠃ ᠨᠠᠮ᠎ᠤᠨ ᠰᠠᠬᠢᠯᠭ᠎ᠠ ᠪᠠᠲᠤ ᠵᠢ ᠰᠡᠳᠬᠢᠯ ᠲᠠᠯᠪᠢᠬᠤ ᠦᠭᠡᠢ᠂ ᠣᠢ᠌ᠯᠠᠭ᠋ᠠᠬᠤ ᠦᠭᠡᠢ᠂ ᠡᠵᠡᠮᠰᠢᠬᠦ ᠦᠭᠡᠢ ᠵᠡᠷᠭᠡ ᠠᠰᠠᠭᠤᠳᠠᠯ᠎ᠢ ᠦᠨᠡᠨ ᠬᠦ᠌ ᠰᠢᠢ᠍ᠳᠪᠦᠷᠢᠯᠡᠬᠦ ᠬᠡᠷᠡᠭᠲᠡᠢ᠃ ᠰᠠᠬᠢᠯᠭ᠎ᠠ ᠪᠠᠲᠤ ᠵᠢ ᠰᠠᠬᠢᠬᠤ᠂ ᠶᠣᠰᠣ ᠲᠦᠷᠢᠮ᠎ᠢ ᠡᠷᠬᠢᠮᠯᠡᠬᠦ ᠵᠢ ᠲᠡᠷᠢᠭᠦᠨ ᠪᠠᠶ᠋ᠢᠷᠢᠨ᠎ᠳᠤ ᠲᠠᠯᠪᠢᠵᠤ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠲᠦᠷᠢᠮ》᠎ᠢ ᠰᠤᠷᠤᠯᠴᠠᠬᠤ᠎ᠪᠠᠷ ᠠᠵᠠ ᠲᠣᠬᠢᠶᠠᠯ ᠪᠣᠯᠭ᠋ᠠᠵᠤ᠂ ᠴᠢᠩᠭ᠎ᠠ ᠪᠠᠷᠢᠮᠵᠢᠶ᠎ᠠ ᠵᠢ ᠪᠤᠢ ᠪᠣᠯᠭ᠋ᠠᠵᠤ᠂ ᠴᠢᠩᠭ᠎ᠠ ᠰᠠᠬᠢᠯᠭ᠎ᠠ ᠪᠠᠲᠤ ᠵᠢ ᠬᠡᠷᠡᠭᠵᠢᠭᠦᠯᠵᠦ᠂ ᠪᠤᠰᠤᠴᠢᠷ ᠬᠠᠤᠯᠢ ᠱᠠᠭ᠋ᠠᠷᠳᠠᠯᠭ᠎ᠠ ᠵᠢ ᠳᠣᠲᠣᠭ᠋ᠠᠳᠤ ᠬᠥᠭᠡᠭᠡᠴᠡᠯᠳᠦᠯ ᠪᠣᠯᠭ᠋ᠠᠨ ᠬᠤᠪᠢᠷᠠᠭᠤᠯᠬᠤ ᠬᠡᠷᠡᠭᠲᠡᠢ᠃ ᠰᠠᠬᠢᠯᠭ᠎ᠠ ᠪᠠᠲᠤ ᠵᠢ ᠴᠢᠩᠳᠠᠯᠠᠵᠤ ᠴᠡᠭᠴᠡᠯᠡᠨ ᠵᠠᠰᠠᠬᠤ ᠰᠤᠷᠲᠠᠯ ᠵᠶ᠋ᠠᠷ ᠪᠠᠶ᠋ᠢᠴᠠᠭ᠋ᠠᠨ ᠰᠤᠳᠤᠯᠬᠤ ᠠᠵᠢᠯ᠎ᠤᠨ ᠳᠤᠮᠳᠠ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠴᠢᠩᠭ᠎ᠠ ᠨᠠᠶ᠋ᠢᠳᠠᠪᠤᠷᠢᠵᠢᠭᠤᠯᠤᠨ᠂ ᠰᠢᠮᠳᠠᠭᠤᠯᠤᠨ ᠪᠠᠶ᠋ᠢᠴᠠᠭ᠋ᠠᠬᠤ ᠠᠵᠢᠯ᠎ᠤᠨ ᠳᠤᠮᠳᠠ ᠲᠥᠯᠥᠪᠯᠡᠭᠡ ᠵᠢ ᠨᠢᠭᠡᠳᠦᠯᠲᠡᠶ ᠲᠥᠯᠥᠪᠯᠡᠬᠦ ᠵᠢ ᠰᠠᠶ᠋ᠢᠲᠤᠷ ᠬᠢᠵᠦ᠂ 《 ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭ᠋ᠠᠨ》 ᠪᠠ 《ᠤᠳᠠᠭ᠋ᠠᠨ》 《ᠪᠦᠳᠦᠭᠦᠯᠢᠭ》 《ᠬᠡᠢ᠌ᠰᠪᠦᠷᠢ》 ᠪᠠᠶ᠋ᠢᠬᠤ ᠠᠰᠠᠭᠤᠳᠠᠯ᠎ᠢ ᠦᠷᠭᠦᠯᠵᠢᠯᠡᠨ ᠰᠢᠢ᠍ᠳᠪᠦᠷᠢᠯᠡᠵᠦ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠰᠢᠰᠲ᠋ᠧᠮ᠎ᠤᠨ ᠴᠢᠩᠭ᠎ᠠ ᠪᠣᠳᠠᠲᠠᠶ ᠰᠤᠷᠲᠠᠯ᠎ᠢ ᠪᠣᠶ ᠪᠣᠯᠭ᠋ᠠᠬᠤ ᠬᠡᠷᠡᠭᠲᠡᠶ᠃ ᠭᠤᠷᠪᠠ᠎ᠳᠤ ᠨᠠᠮ᠎ᠤᠨ ᠰᠢᠨ᠎ᠡ ᠵᠢ ᠡᠭᠦᠳᠬᠦ ᠤᠨᠤᠯ ᠵᠶ᠋ᠠᠷ ᠤᠰᠤᠨ ᠠᠰᠢᠭᠯᠠᠯᠲᠠ ᠵᠢᠨ ᠰᠢᠰᠲ᠋ᠧᠮ᠎ᠤᠨ ᠰᠠᠬᠢᠯᠭ᠎ᠠ ᠪᠠᠲᠤ ᠵᠢᠨ ᠪᠠᠶ᠋ᠢᠭᠤᠯᠤᠯᠲᠠ ᠵᠢᠨ ᠠᠵᠢᠯ᠎ᠢ ᠬᠦᠳᠦᠯᠦᠨ ᠳᠠᠭ᠋ᠠᠭᠤᠯᠬᠤ ᠬᠡᠷᠡᠭᠲᠡᠢ᠃ ᠰᠤᠷᠤᠯᠴᠠᠬᠤ ᠠᠭᠤᠯᠭ᠎ᠠ ᠵᠢ ᠭᠤᠣᠯᠳᠠᠯᠭ᠎ᠠ᠎ᠲᠠᠢ ᠡᠵᠡᠮᠳᠡᠵᠦ᠂ 《ᠲᠦᠷᠢᠮ》᠎ᠤᠨ ᠡᠯ᠎ᠡ ᠵᠦᠢ᠍ᠯ᠎ᠤᠨ ᠲᠣᠭᠲᠠᠭ᠋ᠠᠯ ᠪᠠ ᠱᠠᠭ᠋ᠠᠷᠳᠠᠯᠭ᠎ᠠ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠵᠢ ᠠᠬᠢᠭᠤᠯᠬᠤ ᠬᠡᠷᠡᠭᠲᠡᠢ᠃ ᠰᠠᠬᠢᠯᠭ᠎ᠠ ᠪᠠᠲᠤ ᠵᠢ ᠢᠮᠠᠭᠲᠠ ᠲᠡᠷᠢᠭᠦᠨ᠎ᠳᠤ ᠲᠠᠯᠪᠢᠵᠤ᠂ 《ᠳᠥᠷᠪᠡᠨ ᠵᠦᠢ᠍ᠯ᠎ᠤᠨ ᠬᠡᠯᠪᠡᠷᠢ ᠪᠠᠶ᠋ᠢᠳᠠᠯ》᠎ᠢ ᠣᠨᠣᠪᠴᠢᠲᠠᠶ ᠬᠡᠷᠡᠭᠯᠡᠨ᠂ 《ᠭᠤᠷᠪᠠ ᠵᠢ ᠢᠯᠭ᠋ᠠᠬᠤ》 ᠵᠢ ᠨᠠᠶ᠋ᠢᠳᠠᠪᠤᠷᠢᠵᠢᠭᠤᠯᠵᠤ᠂ ᠴᠢᠩᠭ᠎ᠠ ᠬᠠᠮᠢᠶᠠᠷᠴᠤ ᠬᠢᠨᠠᠯᠲᠠ ᠲᠠᠯᠪᠢᠬᠤ ᠪᠠ ᠬᠠᠷᠢᠭᠤᠴᠠᠯᠭ᠎ᠠ ᠡᠭᠦᠷᠭᠡᠯᠡᠬᠦ ᠵᠢ ᠵᠣᠷᠢᠭᠵᠢᠭᠤᠯᠬᠤ ᠵᠢ ᠨᠢᠭᠡᠳᠬᠡᠬᠦ ᠬᠡᠷᠡᠭᠲᠡᠢ᠃ ᠦᠨᠡᠨ᠎ᠠᠴᠠ ᠵᠥᠪ᠎ᠢ ᠡᠷᠢᠬᠦ ᠵᠢ ᠪᠠᠷᠢᠮᠲᠠᠯᠠᠵᠤ᠂ ᠨᠠᠮ᠎ᠤᠨ ᠰᠠᠬᠢᠯᠭ᠎ᠠ ᠪᠠᠲᠤ ᠵᠢ ᠵᠥᠷᠢᠴᠡᠭᠰᠡᠨ ᠠᠰᠠᠭᠤᠳᠠᠯ᠎ᠢ ᠨᠢᠭᠡ ᠵᠢ ᠢᠯᠡᠷᠡᠭᠦᠯᠪᠡᠯ ᠨᠢᠭᠡ ᠵᠢ ᠪᠠᠶ᠋ᠢᠴᠠᠭ᠋ᠠᠨ ᠰᠢᠢ᠍ᠳᠪᠦᠷᠢᠯᠡᠵᠦ᠂ ᠰᠠᠬᠢᠯᠭ᠎ᠠ ᠪᠠᠲᠤ ᠵᠢᠨ ᠬᠠᠳᠠᠨ ᠴᠢᠨᠠᠷ᠂ ᠲᠥᠪ ᠴᠢᠩᠭ᠎ᠠ ᠴᠢᠨᠠᠷ᠎ᠢ ᠦᠨᠡᠨ ᠬᠦ᠌ ᠬᠠᠮᠠᠭ᠋ᠠᠯᠠᠬᠤ ᠬᠡᠷᠡᠭᠲᠡᠢ ᠭᠡᠵᠦ ᠱᠠᠭ᠋ᠠᠷᠳᠠᠪᠠ᠃
ᠬᠤᠷᠠᠯ᠎ᠠᠴᠠ ᠪᠠᠰᠠ ᠪᠤᠰᠤᠳ ᠠᠵᠢᠯ᠎ᠤᠨ ᠵᠦᠢ᠍ᠯᠡᠰ᠎ᠢ ᠲᠤᠬᠢᠷᠠᠭᠤᠯᠤᠨ ᠪᠠᠶ᠋ᠢᠷᠢᠯᠠᠭᠤᠯᠵᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ᠎ᠬᠢᠨ ᠦᠶᠡᠷ ᠭᠠᠩ᠎ᠤᠨ ᠭᠠᠮᠰᠢᠭ᠎ᠢ ᠰᠡᠷᠭᠡᠶ᠋ᠢᠯᠡᠬᠦ ᠠᠵᠢᠯ᠎ᠢ ᠨᠠᠷᠢᠨ ᠬᠢᠨᠠᠮᠠᠭ᠋ᠠᠢ ᠰᠠᠶ᠋ᠢᠲᠤᠷ ᠬᠢᠵᠦ᠂ ᠲᠦᠷᠦᠯ ᠵᠦᠢ᠍ᠯ᠎ᠤᠨ ᠪᠦᠳᠦᠭᠡᠨ ᠪᠠᠶ᠋ᠢᠭᠤᠯᠤᠯᠲᠠ ᠵᠢᠨ ᠠᠬᠢᠴᠠ ᠵᠢ ᠣᠨᠣᠪᠴᠢᠲᠠᠢ ᠡᠵᠡᠮᠳᠡᠵᠦ᠂ ᠭᠤᠣᠯᠳᠠᠯᠭ᠎ᠠ᠎ᠲᠠᠢ ᠬᠦᠷᠢᠶᠡᠨ᠎ᠤ ᠠᠶᠤᠯ ᠦᠭᠡᠢ ᠦᠢ᠍ᠯᠡᠳᠪᠦᠷᠢᠯᠡᠯ᠎ᠤᠨ ᠠᠵᠢᠯ᠎ᠢ ᠰᠠᠶ᠋ᠢᠲᠤᠷ ᠠᠳᠬᠤᠵᠤ᠂ ᠪᠠᠶᠠᠷ᠎ᠤᠨ ᠡᠳᠦᠷ᠎ᠤᠨ ᠬᠤᠭᠤᠴᠠᠭ᠋ᠠᠨ᠎ᠳᠠᠬᠢ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ ᠵᠢ ᠴᠢᠩᠳᠠᠯᠠᠬᠤ ᠡᠯ᠎ᠡ ᠵᠦᠢ᠍ᠯ᠎ᠤᠨ ᠠᠵᠢᠯ᠎ᠢ ᠰᠠᠶ᠋ᠢᠲᠤᠷ ᠬᠢᠬᠦ ᠬᠡᠷᠡᠭᠲᠡᠢ ᠭᠡᠵᠦ ᠱᠠᠭ᠋ᠠᠷᠳᠠᠪᠠ᠃
ᠬᠤᠶᠠᠷ ᠡᠳᠦᠷ᠎ᠤᠨ ᠨᠣᠮ ᠤᠩᠰᠢᠵᠤ ᠰᠤᠷᠤᠯᠴᠠᠬᠤ᠎ᠪᠠᠷ ᠳᠠᠮᠵᠢᠭᠤᠯᠤᠨ᠂ ᠬᠤᠷᠠᠯ᠎ᠳᠤ ᠣᠷᠣᠯᠴᠠᠭᠰᠠᠨ ᠨᠠᠮ᠎ᠤᠨ ᠭᠡᠰᠢᠭᠦᠨ ᠺᠠᠳ᠋ᠷᠴᠤᠳ 《ᠲᠦᠷᠢᠮ》᠎ᠤᠨ ᠪᠠᠶᠠᠯᠢᠭ ᠠᠭᠤᠯᠤᠭᠳᠠᠬᠤᠨ ᠪᠠ ᠦᠢ᠍ᠯᠡᠳᠦᠯᠭᠡ ᠵᠢᠨ ᠱᠠᠭ᠋ᠠᠷᠳᠠᠯᠭ᠎ᠠ ᠵᠢᠨ ᠲᠤᠬᠠᠶ ᠨᠠᠩ ᠪᠥᠬᠦ ᠲᠠᠯ᠎ᠠ ᠵᠢᠨ᠂ ᠭᠦᠨᠵᠡᠭᠡᠶ ᠣᠶ᠋ᠢᠯᠠᠭ᠋ᠠᠯᠲᠠ ᠪᠠ ᠲᠠᠨᠢᠯᠲᠠ᠎ᠲᠠᠢ ᠪᠣᠯᠵᠣ᠂ ᠰᠠᠬᠢᠯᠭ᠎ᠠ ᠪᠠᠲᠤ ᠵᠢ ᠰᠤᠷᠤᠯᠴᠠᠬᠤ᠂ ᠮᠡᠳᠡᠬᠦ᠂ ᠣᠢ᠌ᠯᠠᠭ᠋ᠠᠬᠤ᠂ ᠰᠠᠬᠢᠬᠤ ᠤᠯᠤᠰ ᠲᠥᠷᠥ ᠵᠢᠨ ᠤᠬᠠᠮᠰᠠᠷ᠂ ᠦᠵᠡᠯ ᠰᠠᠨᠠᠭ᠋ᠠᠨ᠎ᠤ ᠤᠬᠠᠮᠰᠠᠷ᠂ ᠦᠢ᠍ᠯᠡ ᠠᠵᠢᠯᠯᠠᠭ᠋ᠠᠨ᠎ᠤ ᠤᠬᠠᠮᠰᠠᠷ ᠵᠶ᠋ᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠨᠠᠮ᠎ᠳᠠᠭᠠᠨ ᠦᠨᠡᠨᠴᠢ ᠰᠢᠳᠤᠷᠭᠤ᠂ ᠦᠨᠡᠨ᠎ᠠᠴᠠ ᠵᠥᠪ᠎ᠢ ᠡᠷᠢᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠬᠤ᠂ ᠢᠯᠵᠠᠷᠠᠯ᠎ᠢ ᠡᠰᠡᠷᠭᠦᠴᠡᠨ ᠬᠤᠪᠢᠷᠠᠬᠤ ᠵᠢ ᠰᠡᠷᠭᠡᠶ᠋ᠢᠯᠡᠬᠦ ᠢᠲᠡᠭᠡᠯ ᠵᠣᠷᠢᠭ ᠵᠶ᠋ᠠᠨ ᠪᠠᠲᠤᠳᠬᠠᠪᠠ᠃ ᠨᠠᠮ᠎ᠤᠨ ᠭᠡᠰᠢᠭᠦᠨ ᠺᠠᠳ᠋ᠷᠴᠤᠳ ᠦᠷᠭᠦᠯᠵᠢᠯᠡᠨ ᠰᠡᠳᠬᠢᠯ ᠰᠠᠨᠠᠭ᠎ᠠ᠎ᠪᠠᠨ ᠲᠣᠭᠲᠠᠭᠤᠨ ᠪᠠᠶ᠋ᠢᠯᠭ᠋ᠠᠵᠤ᠂ ᠲᠡᠷᠡ ᠬᠡᠪ ᠵᠶ᠋ᠠᠷ᠎ᠨᠢ᠂ 《ᠳᠦᠷᠢᠮ》᠎ᠤᠨ ᠰᠤᠷᠤᠯᠴᠠᠯᠭ᠎ᠠ ᠵᠢ ᠡᠳᠦᠷ ᠲᠤᠲᠤᠮ᠎ᠤᠨ ᠠᠮᠢᠳᠤᠷᠠᠯ᠎ᠳᠤ ᠠᠭᠤᠰᠤᠯᠴᠠᠭᠤᠯᠵᠤ᠂ ᠲᠤᠭᠤᠰᠢᠯᠠᠭᠤᠯᠤᠨ ᠬᠡᠷᠡᠭᠵᠢᠭᠦᠯᠬᠦ ᠵᠢ ᠰᠠᠶ᠋ᠢᠲᠤᠷ ᠠᠳᠬᠤᠵᠤ᠂ ᠥᠪᠡᠷ᠎ᠢ᠎ᠪᠠᠨ ᠬᠢᠵᠠᠭ᠋ᠠᠷᠯᠠᠬᠤ ᠵᠢ ᠴᠢᠩᠭ᠋ᠠᠳᠬᠠᠵᠤ᠂ ᠦᠯᠦ ᠬᠠᠯᠳᠠᠭ᠋ᠠᠬᠤ ᠴᠢᠳᠠᠪᠤᠷᠢ ᠵᠢ ᠳᠡᠭᠡᠭᠰᠢᠯᠡᠭᠦᠯᠵᠦ᠂ ᠰᠠᠬᠢᠯᠭ᠎ᠠ ᠪᠠᠲᠤ ᠪᠠ ᠰᠢᠯᠢᠳᠡᠭ ᠰᠤᠷᠲᠠᠯ ᠵᠶ᠋ᠠᠷ ᠤᠰᠤᠨ ᠠᠰᠢᠭᠯᠠᠯᠲᠠ ᠵᠢᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ᠎ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ᠃
ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ᠂ ᠲᠣᠭᠤᠷᠢᠨ ᠪᠠᠶ᠋ᠢᠴᠠᠭ᠋ᠠᠭᠴᠢ᠂ ᠶᠡᠷᠦᠩᠬᠡᠢ ᠢᠨᠵᠧᠨᠧᠷ᠂ ᠲᠢᠩᠬᠢᠮ᠎ᠤᠨ ᠪᠠᠶ᠋ᠢᠭᠤᠯᠭ᠎ᠠ ᠵᠢᠨ ᠪᠦᠬᠦ ᠨᠠᠮ᠎ᠤᠨ ᠭᠡᠰᠢᠭᠦᠨ᠂ ᠬᠦᠬᠡᠬᠤᠳᠠ᠎ᠳᠤ ᠰᠠᠭᠤᠭ᠎ᠠ ᠲᠢᠩᠬᠢᠮ᠎ᠤᠨ ᠬᠠᠷᠢᠶ᠎ᠠ ᠡᠯ᠎ᠡ ᠨᠢᠭᠡᠴᠢ ᠵᠢᠨ ᠨᠠᠮ᠎ᠤᠨ ᠭᠡᠰᠢᠭᠦᠨ ᠤᠳᠤᠷᠢᠳᠬᠤ ᠺᠠᠳ᠋ᠷ ᠪᠣᠯᠤᠨ ᠬᠡᠰᠡᠭ ᠨᠢᠭᠡᠴᠢ ᠵᠢᠨ ᠪᠦᠬᠦ ᠨᠠᠮ᠎ᠤᠨ ᠭᠡᠰᠢᠭᠦᠨ ᠭᠤᠣᠯ ᠬᠤᠷᠠᠯ᠎ᠤᠨ ᠲᠠᠯᠠᠪᠠᠢ᠎ᠳᠤ ᠰᠤᠷᠤᠯᠴᠠᠯᠭ᠎ᠠ᠎ᠳᠤ ᠣᠷᠣᠯᠴᠠᠵᠤ᠂ ᠭᠠᠳᠠᠭ᠋ᠠᠳᠤ᠎ᠳᠤ ᠰᠠᠭᠤᠭ᠎ᠠ ᠡᠯ᠎ᠡ ᠨᠢᠭᠡᠴᠢ ᠵᠢᠨ ᠨᠠᠮ᠎ᠤᠨ ᠭᠡᠰᠢᠭᠦᠨ ᠺᠠᠳ᠋ᠷ ᠸᠢᠳᠢᠣ᠋ ᠬᠤᠷᠠᠯ᠎ᠤᠨ ᠠᠷᠭ᠎ᠠ ᠬᠡᠯᠪᠡᠷᠢ᠎ᠪᠠᠷ ᠵᠡᠷᠭᠡ᠎ᠪᠡᠷ ᠰᠤᠷᠤᠯᠴᠠᠵᠤ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠤᠨᠤᠯ ᠰᠤᠷᠤᠯᠴᠠᠬᠤ ᠭᠤᠣᠯ ᠳᠤᠭᠤᠶ᠋ᠢᠯᠠᠩ᠎ᠤᠨ ᠭᠡᠰᠢᠭᠦᠨ ᠲᠤᠰᠬᠠᠢ ᠰᠡᠳᠦᠪᠲᠦ ᠰᠤᠳᠤᠯᠤᠨ ᠶᠠᠷᠢᠯᠴᠠᠵᠤ ᠰᠣᠯᠢᠯᠴᠠᠬᠤ᠎ᠳᠤ ᠣᠷᠣᠯᠴᠠᠪᠠ᠃