ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠣᠨᠴᠠᠯᠢᠭᠲᠤ᠌ ᠳᠠᠪᠴᠠᠩ   -   ᠮᠡᠳᠡᠭᠡᠯᠡᠯ
ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠲᠢᠩᠬᠢᠮ ᠨᠠᠮ᠎ᠤᠨ ᠠᠵᠢᠯ᠎ᠤᠨ ᠺᠠᠳ᠋ᠷ᠎ᠤᠨ ᠴᠢᠳᠠᠪᠤᠷᠢ ᠬᠡᠪ ᠴᠢᠨᠠᠷ᠎ᠢ ᠳᠡᠭᠡᠭᠰᠢᠯᠡᠭᠦᠯᠵᠦ ᠪᠠᠲᠤ ᠴᠢᠩᠭ᠎ᠠ ᠪᠠᠬᠢᠯᠡᠯᠲᠡ ᠵᠢᠨ 《ᠵᠢᠱ᠌ᠢᠶᠡᠴᠢ》 ᠵᠢᠨ ᠨᠠᠮ᠎ᠤᠨ ᠡᠭᠦᠷ᠎ᠢ ᠡᠭᠦᠳᠦᠨ ᠪᠠᠶ᠋ᠢᠭᠤᠯᠬᠤ ᠠᠵᠢᠯ᠎ᠤᠨ ᠪᠣᠯᠪᠠᠰᠤᠷᠠᠯ ᠵᠢ ᠵᠤᠬᠢᠶᠠᠨ ᠪᠠᠢ᠌ᠭᠤᠯᠪᠠ
ᠨᠡᠶ᠋ᠢᠲᠡᠯᠡᠭᠰᠡᠨ ᠴᠠᠭ᠄ 2024-05-14

  5 ᠳ᠋ᠤᠭ᠋ᠠᠷ ᠰᠠᠷ᠎ᠠ ᠵᠢᠨ 11᠎ᠤ ᠡᠳᠦᠷ᠂ ᠥᠪᠥᠷ ᠮᠣᠩᠭᠤᠯ᠎ᠤᠨ ᠤᠰᠤᠨ ᠠᠰᠢᠭᠯᠠᠯᠲᠠ ᠵᠢᠨ ᠲᠢᠩᠬᠢᠮ ᠨᠠᠮ᠎ᠤᠨ ᠠᠵᠢᠯ᠎ᠤᠨ ᠺᠠᠳ᠋ᠷ᠎ᠤᠨ ᠴᠢᠳᠠᠪᠤᠷᠢ ᠬᠡᠪ ᠴᠢᠨᠠᠷ᠎ᠢ ᠳᠡᠭᠡᠭᠰᠢᠯᠡᠭᠦᠯᠬᠦ ᠵᠢᠴᠢ ᠪᠠᠲᠤ ᠴᠢᠩᠭ᠎ᠠ ᠪᠠᠬᠢᠯᠡᠯᠲᠡ ᠵᠢᠨ 《ᠵᠢᠱ᠌ᠢᠶᠡᠴᠢ》 ᠵᠢᠨ ᠨᠠᠮ᠎ᠤᠨ ᠡᠭᠦᠷ᠎ᠢ ᠡᠭᠦᠳᠦᠨ ᠪᠠᠶ᠋ᠢᠭᠤᠯᠬᠤ ᠠᠵᠢᠯ᠎ᠤᠨ ᠪᠣᠯᠪᠠᠰᠤᠷᠠᠯ᠎ᠢ ᠵᠣᠬᠢᠶᠠᠨ ᠪᠠᠶ᠋ᠢᠭᠤᠯᠵᠤ᠂ ᠨᠠᠮ᠎ᠤᠨ ᠡᠭᠦᠷ᠎ᠤᠨ ᠪᠠᠷᠢᠮᠵᠢᠶᠠᠵᠢᠭᠤᠯᠤᠯᠲᠠ ᠵᠢᠷᠤᠮᠵᠢᠭᠤᠯᠤᠯᠲᠠ ᠵᠢᠨ ᠪᠠᠶ᠋ᠢᠭᠤᠯᠤᠯᠲᠠ ᠵᠢᠨ ᠦᠷ᠎ᠡ ᠪᠦᠲᠦᠭᠡᠯ᠎ᠢ ᠦᠷᠭᠦᠯᠵᠢᠯᠡᠨ ᠪᠠᠬᠢᠵᠢᠭᠦᠯᠵᠦ᠂ ᠦᠨᠳᠦᠰᠦᠨ ᠱᠠᠲᠤᠨ᠎ᠤ ᠨᠠᠮ᠎ᠤᠨ ᠪᠠᠶ᠋ᠢᠭᠤᠯᠤᠯᠲᠠ ᠵᠢᠨ ᠨᠠᠷᠠᠲᠤ ᠲᠡᠮᠳᠡᠭᠲᠦ ᠵᠢ ᠪᠣᠶ ᠪᠣᠯᠭ᠋ᠠᠬᠤ᠂ ᠦᠨᠳᠦᠰᠦᠨ ᠱᠠᠲᠤᠨ᠎ᠤ ᠨᠠᠮ᠎ᠤᠨ ᠪᠠᠶ᠋ᠢᠭᠤᠯᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ᠂ 《ᠤᠮᠠᠷᠠᠲᠤ ᠬᠢᠯᠢ ᠵᠢᠨ ᠵᠢᠱ᠌ᠢᠶᠡᠴᠢ ᠪᠠᠶ᠋ᠢᠭᠤᠯᠭ᠎ᠠ》 ᠵᠢ ᠡᠭᠦᠳᠦᠨ ᠪᠠᠶ᠋ᠢᠭᠤᠯᠬᠤ ᠵᠢ ᠠᠬᠢᠭᠤᠯᠬᠤ᠎ᠳᠤ ᠰᠠᠭᠤᠷᠢ ᠵᠢ ᠪᠠᠬᠢᠵᠢᠭᠦᠯᠪᠡ᠃

   ᠪᠣᠯᠪᠠᠰᠤᠷᠠᠯ᠎ᠨᠢ ᠶᠡᠷᠦᠩᠬᠡᠶ ᠱᠦᠵᠢ ᠰᠢ ᠵᠢᠨ ᠫᠢᠩ᠎ᠤᠨ ᠲᠥᠪ ᠬᠤᠷᠢᠶ᠎ᠠ ᠪᠠ ᠲᠥᠷᠥ ᠵᠢᠨ ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠨᠠᠮ᠎ᠤᠨ ᠲᠥᠪ ᠬᠤᠷᠢᠶ᠎ᠠ ᠪᠠ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠦᠨᠳᠦᠰᠦᠨ ᠱᠠᠲᠤᠨ᠎ᠤ ᠨᠠᠮ᠎ᠤᠨ ᠪᠠᠶ᠋ᠢᠭᠤᠯᠤᠯᠲᠠ ᠵᠢᠨ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠭᠦᠨᠵᠡᠭᠡᠶ ᠲᠤᠭᠤᠰᠢᠯᠠᠭᠤᠯᠵᠤ᠂ ᠭᠤᠤᠯᠳᠠᠯᠭ᠎ᠠ᠎ᠲᠠᠢ ᠡᠭᠦᠷᠭᠡ᠂ ᠵᠠᠩᠭᠢᠯᠠᠭ᠎ᠠ ᠵᠢᠨ ᠭᠤᠭᠴᠤᠭ᠎ᠠ᠂ ᠨᠡᠶ᠋ᠢᠳᠡᠮ ᠠᠩᠬᠠᠷᠴᠤ᠂ ᠪᠠᠴᠢᠮ ᠰᠢᠢ᠍ᠳᠪᠦᠷᠢᠯᠡᠬᠦ ᠲᠣᠪᠤᠶ᠋ᠢᠮ᠎ᠠ ᠠᠰᠠᠭᠤᠳᠠᠯ᠎ᠢ ᠴᠢᠩᠭ᠎ᠠ ᠠᠩᠬᠠᠷᠴᠤ᠂ 《ᠨᠢᠭᠡ ᠤᠳᠠᠭ᠎ᠠ᠎ᠳᠤ ᠨᠢᠭᠡ ᠭᠤᠤᠯ ᠰᠡᠳᠦᠪ᠂ ᠵᠠᠷᠢᠮ ᠠᠰᠠᠭᠤᠳᠠᠯ᠎ᠢ ᠰᠢᠢ᠍ᠳᠪᠦᠷᠢᠯᠡᠵᠦ᠂ ᠵᠣᠬᠢᠬᠤ ᠬᠢᠷᠢ ᠲᠦᠪᠰᠢᠨ᠎ᠢ ᠳᠡᠭᠡᠭᠰᠢᠯᠡᠭᠦᠯᠬᠦ》 ᠰᠡᠳᠬᠢᠮᠵᠢ ᠶᠣᠰᠣᠭ᠋ᠠᠷ᠂ 《ᠵᠠᠩᠭᠢᠯᠠᠭ᠎ᠠ ᠵᠢᠨ ᠬᠥᠮᠦᠨ᠂ ᠪᠠᠭ᠎ᠠ ᠠᠩᠭᠢ ᠳᠤᠭᠤᠶ᠋ᠢᠯᠠᠩ᠂ ᠣᠯᠠᠨ ᠪᠦᠯᠦᠭ ᠤᠳᠠᠭ᠎ᠠ᠂ ᠲᠦᠷᠭᠡᠨ ᠠᠬᠢᠴᠠ》 ᠠᠷᠭ᠎ᠠ ᠬᠡᠮᠵᠢᠶ᠎ᠡ ᠠᠪᠴᠤ᠂ ᠪᠠᠷᠢᠮᠵᠢᠶ᠎ᠠ ᠵᠢᠨ ᠱᠠᠭ᠋ᠠᠷᠳᠠᠯᠭ᠎ᠠ ᠵᠢ ᠲᠣᠳᠣᠷᠬᠠᠶ᠋ᠢᠯᠠᠬᠤ᠂ ᠨᠢᠭᠡᠳᠦᠯᠲᠡᠶ ᠪᠣᠳᠠᠲᠠᠶ ᠬᠢᠬᠦ ᠠᠷᠭ᠎ᠠ᠂ ᠬᠠᠷᠠᠯᠲᠠ ᠦᠷ᠎ᠡ ᠪᠦᠲᠦᠮᠵᠢ ᠵᠢ ᠪᠡᠶᠡᠯᠡᠭᠦᠯᠬᠦ ᠵᠣᠷᠢᠯᠭ᠎ᠠ᠎ᠳᠤ ᠬᠦᠷᠴᠦ᠂ ᠴᠢᠩᠭ᠎ᠠ ᠠᠳᠬᠤᠨ ᠲᠦᠷᠭᠡᠨ ᠭᠦᠢ᠍ᠴᠡᠳᠭᠡᠬᠦ᠂ ᠪᠣᠳᠠᠲᠤ ᠦᠷ᠎ᠡ ᠪᠦᠲᠦᠮᠵᠢ ᠵᠢ ᠡᠷᠬᠢᠮᠯᠡᠬᠦ ᠰᠡᠳᠬᠢᠴᠡ᠂ ᠵᠢᠭ᠋ᠠᠬᠤ ᠠᠷᠭ᠎ᠠ ᠵᠢ ᠵᠢᠭ᠋ᠠᠵᠤ ᠥᠭᠪᠡ᠃

   ᠪᠣᠯᠪᠠᠰᠤᠷᠠᠯ᠎ᠤᠨ ᠠᠩᠭᠢ ᠪᠠᠰᠠ ᠤᠰᠤ ᠭᠠᠩ᠎ᠤᠨ ᠭᠠᠮᠰᠢᠭ᠎ᠢ ᠰᠡᠷᠭᠡᠶ᠋ᠢᠯᠡᠬᠦ ᠮᠡᠷᠭᠡᠵᠢᠯ᠎ᠤᠨ ᠲᠥᠪ᠎ᠤᠨ ᠮᠡᠷᠭᠡᠵᠢᠯᠲᠡᠨ᠎ᠢ ᠤᠷᠢᠵᠤ᠂ ᠤᠰᠤᠨ ᠠᠰᠢᠭᠯᠠᠯᠲᠠ ᠵᠢᠨ ᠲᠢᠩᠬᠢᠮ᠎ᠤᠨ ᠪᠠᠲᠤ ᠪᠠᠬᠢ 《ᠵᠢᠱ᠌ᠢᠶᠡᠴᠢ》 ᠵᠢᠨ ᠨᠠᠮ᠎ᠤᠨ ᠡᠭᠦᠷ᠎ᠤᠨ 《ᠢᠯᠡ ᠲᠣᠳᠣ ᠠᠳᠠᠯᠢᠳᠬᠠᠬᠤ》 ᠲᠠᠪᠴᠠᠩ᠎ᠤᠨ ᠠᠵᠢᠯᠯᠠᠭ᠋ᠠᠨ᠎ᠤ ᠶᠠᠪᠤᠴᠠ ᠵᠢ ᠲᠤᠰᠬᠠᠶ ᠰᠡᠳᠦᠪ ᠵᠶ᠋ᠠᠷ ᠬᠠᠪᠰᠤᠷᠤᠨ ᠵᠢᠯᠣᠭᠤᠳᠪᠠ᠃  ᠡᠯ᠎ᠡ ᠨᠠᠮ᠎ᠤᠨ ᠡᠭᠦᠷ ᠡᠷᠡᠰ ᠴᠢᠩᠭ᠎ᠠ ᠪᠠᠬᠢᠯᠡᠯᠲᠡ ᠵᠢᠨ 《ᠵᠢᠱ᠌ᠢᠶᠡᠴᠢ》 ᠵᠢᠨ ᠨᠠᠮ᠎ᠤᠨ ᠡᠭᠦᠷ᠎ᠢ ᠡᠭᠦᠳᠦᠨ ᠪᠠᠶ᠋ᠢᠭᠤᠯᠬᠤ ᠵᠢ ᠣᠨ᠎ᠤ ᠭᠤᠣᠯᠳᠠᠯᠭ᠎ᠠ᠎ᠲᠠᠢ ᠠᠵᠢᠯ᠎ᠤᠨ ᠡᠭᠦᠷᠭᠡ ᠪᠣᠯᠭ᠋ᠠᠨ ᠡᠳᠦᠷ ᠳᠤᠳᠤᠮ᠎ᠤᠨ ᠠᠵᠢᠯ᠎ᠳᠤ ᠠᠭᠤᠰᠤᠯᠴᠠᠭᠤᠯᠵᠤ᠂ ᠪᠠᠶ᠋ᠢᠩᠭᠤ ᠠᠳᠬᠤᠵᠤ᠂ ᠨᠠᠶ᠋ᠢᠳᠠᠪᠤᠷᠢᠵᠢᠭᠤᠯᠤᠯᠲᠠ ᠵᠢ ᠠᠬᠢᠭᠤᠯᠵᠤ᠂ 《ᠢᠯᠡ ᠲᠣᠳᠣ ᠠᠳᠠᠯᠢᠳᠬᠠᠬᠤ》 ᠲᠠᠪᠴᠠᠩ᠎ᠤᠨ ᠵᠢᠵᠢᠭ ᠲᠡᠰ ᠳᠠᠷᠠᠭ᠋ᠠᠯᠠᠯ᠎ᠢ ᠰᠠᠶ᠋ᠢᠲᠤᠷ ᠠᠮᠢᠳᠤᠯᠢᠭ ᠵᠶ᠋ᠠᠷ ᠬᠡᠷᠡᠭᠯᠡᠵᠦ᠂ ᠡᠳᠦᠷ ᠳᠤᠳᠤᠮ᠎ᠤᠨ ᠮᠠᠲ᠋ᠧᠷᠢᠶᠠᠯ᠎ᠢ ᠡᠮᠬᠢᠯᠡᠬᠦ᠂ ᠮᠠᠲ᠋ᠧᠷᠢᠶᠠᠯ᠎ᠢ ᠳᠠᠩᠰᠠ ᠡᠪᠬᠡᠮᠡᠯ᠎ᠳᠤ ᠣᠷᠣᠭᠤᠯᠬᠤ ᠠᠵᠢᠯ᠎ᠤᠨ ᠬᠦᠴᠦᠯᠡᠴᠡ ᠪᠠ ᠬᠦᠴᠢᠷᠳᠡᠯ ᠵᠢᠴᠢ ᠶᠠᠷᠰᠢᠭ ᠲᠦᠪᠡᠭᠲᠡᠢ ᠬᠡᠮᠵᠢᠶ᠎ᠡ ᠵᠢ ᠪᠠᠭᠤᠷᠠᠭᠤᠯᠵᠤ᠂ ᠦᠨᠳᠦᠰᠦᠨ ᠱᠠᠲᠤᠨ᠎ᠤ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠳᠠᠷᠤᠭ᠋ᠠᠰᠤ ᠵᠢ ᠬᠥᠩᠭᠡᠯᠡᠵᠦ ᠳᠠᠷᠤᠯᠲᠠ ᠵᠢ ᠪᠠᠭ᠋ᠠᠰᠬᠠᠬᠤ ᠲᠡᠰ ᠳᠠᠷᠠᠭ᠋ᠠᠯᠠᠯ᠎ᠢ ᠦᠨᠡᠨᠬᠦ ᠪᠡᠶᠡᠯᠡᠭᠦᠯᠵᠦ᠂ ᠪᠠᠶ᠋ᠢᠭᠤᠯᠭ᠎ᠠ ᠵᠢᠨ 《ᠵᠢᠷᠤᠮᠵᠢᠭᠤᠯᠬᠤ᠂ ᠴᠤᠮᠬᠠᠳᠬᠠᠬᠤ᠂ ᠲᠦᠷᠭᠡᠳᠬᠡᠬᠦ》 ᠴᠢᠳᠠᠪᠤᠷᠢ ᠵᠢ ᠳᠡᠭᠡᠭᠰᠢᠯᠡᠭᠦᠯᠵᠦ᠂ 《ᠭᠤᠷᠪᠠᠨ ᠤᠯᠠᠨ᠂ ᠭᠤᠷᠪᠠᠨ ᠴᠦᠬᠡᠨ᠂ ᠭᠤᠷᠪᠠᠨ ᠤᠳᠠᠭ᠋ᠠᠨ》 ᠪᠠ 《ᠤᠳᠠᠭ᠋ᠠᠨ᠂ ᠪᠦᠳᠦᠭᠦᠯᠢᠭ᠂ ᠬᠡᠢ᠌ᠰᠪᠦᠷᠢ》 ᠪᠠᠶ᠋ᠢᠬᠤ ᠠᠰᠠᠭᠤᠳᠠᠯ᠎ᠢ ᠦᠷᠭᠦᠯᠵᠢᠯᠡᠨ ᠰᠢᠢ᠍ᠳᠪᠦᠷᠢᠯᠡᠬᠦ ᠬᠡᠷᠡᠭᠲᠡᠢ ᠭᠡᠵᠦ ᠱᠠᠭ᠋ᠠᠷᠳᠠᠪᠠ᠃

   ᠪᠣᠯᠪᠠᠰᠤᠷᠠᠯ᠎ᠤᠨ ᠲᠠᠯ᠎ᠠ᠎ᠪᠠᠷ ᠪᠠᠰᠠ ᠡᠯ᠎ᠡ ᠨᠠᠮ᠎ᠤᠨ ᠡᠭᠦᠷ᠎ᠤᠨ ᠤᠰᠤᠨ ᠠᠰᠢᠭᠯᠠᠯᠲᠠ ᠵᠢᠨ ᠭᠤᠣᠯ ᠠᠵᠢᠯ᠎ᠲᠠᠢ ᠤᠶᠠᠯᠳᠤᠭᠤᠯᠤᠨ ᠨᠠᠮ᠎ᠤᠨ ᠪᠠᠶ᠋ᠢᠭᠤᠯᠤᠯᠲᠠ ᠵᠢᠨ ᠲᠦᠷᠦᠯ ᠲᠡᠮᠳᠡᠭ᠎ᠢ ᠡᠭᠦᠳᠦᠨ ᠪᠠᠶ᠋ᠢᠭᠤᠯᠬᠤ ᠪᠣᠳᠠᠲᠠᠢ ᠡᠭᠦᠷᠭᠡ ᠵᠢ ᠨᠠᠷᠢᠯᠢᠬ᠍ᠵᠢᠭᠤᠯᠵᠤ᠂ ᠨᠠᠮ᠎ᠤᠨ ᠪᠠᠶ᠋ᠢᠭᠤᠯᠤᠯᠲᠠ ᠪᠣᠯᠤᠨ ᠲᠤᠬᠠᠶ᠋ᠢᠯᠠᠭᠰᠠᠨ ᠠᠵᠢᠯ᠎ᠤᠨ ᠭᠦᠨᠵᠡᠭᠡᠢ ᠠᠭᠤᠰᠤᠯᠴᠠᠯ᠎ᠢ ᠤᠯᠠᠮ ᠴᠢᠨᠠᠭᠰᠢᠳᠠ ᠪᠡᠶᠡᠯᠡᠭᠦᠯᠵᠦ᠂ ᠬᠠᠷᠢᠯᠴᠠᠨ ᠠᠬᠢᠭᠤᠯᠵᠤ ᠬᠥᠭᠵᠢᠯᠲᠡ ᠵᠢ ᠠᠬᠢᠭᠤᠯᠬᠤ ᠵᠢᠨ ᠲᠥᠯᠥᠭᠡ᠂ ᠪᠠᠲᠤ ᠴᠢᠩᠭ᠎ᠠ ᠪᠠᠬᠢᠯᠡᠯᠲᠡ ᠵᠢᠨ 《ᠵᠢᠱ᠌ᠢᠶᠡᠴᠢ》 ᠵᠢᠨ ᠨᠠᠮ᠎ᠤᠨ ᠡᠭᠦᠷ᠎ᠢ ᠪᠦᠬᠦ ᠬᠦᠴᠦᠨ ᠵᠶ᠋ᠠᠷ ᠵᠶ᠋ᠠᠨ ᠴᠣᠭᠴᠠᠯᠠᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠪᠦᠲᠦᠭᠡᠨ ᠪᠠᠢ᠌ᠭᠤᠯᠬᠤ ᠪᠦᠬᠦ ᠲᠠᠯ᠎ᠠ᠎ᠪᠠᠷ ᠲᠠᠪᠰᠢᠬᠤ ᠵᠢ ᠠᠬᠢᠭᠤᠯᠬᠤ ᠰᠠᠭᠤᠷᠢ ᠵᠢ ᠪᠠᠲᠤᠳᠬᠠᠪᠠ᠃

   ᠪᠣᠯᠪᠠᠰᠤᠷᠠᠯ᠎ᠢ ᠤᠰᠤᠨ ᠠᠰᠢᠭᠯᠠᠯᠲᠠ ᠵᠢᠨ ᠲᠢᠩᠬᠢᠮ᠎ᠤᠨ ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ᠎ᠠᠴᠠ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠲᠢᠩᠬᠢᠮ᠎ᠤᠨ ᠬᠠᠷᠢᠶ᠎ᠠ ᠡᠯ᠎ᠡ ᠦᠨᠳᠦᠰᠦᠨ ᠱᠠᠲᠤᠨ᠎ᠤ ᠨᠠᠮ᠎ᠤᠨ ᠬᠤᠷᠢᠶ᠎ᠠ᠂ ᠨᠠᠮ᠎ᠤᠨ ᠶᠡᠷᠦᠩᠬᠡᠶ ᠡᠭᠦᠷ᠂ ᠨᠠᠮ᠎ᠤᠨ ᠡᠭᠦᠷ ᠨᠡᠶ᠋ᠢᠲᠡ 60 ᠭᠠᠷᠤᠶ ᠨᠠᠮ᠎ᠤᠨ ᠠᠵᠢᠯ᠎ᠤᠨ ᠠᠵᠢᠯᠲᠠᠨ ᠣᠷᠣᠯᠴᠠᠵᠠᠶ᠃

  

  (ᠡᠬᠡ ᠪᠢᠴᠢᠭ᠎ᠢ ᠲᠢᠩᠬᠢᠮ᠎ᠤᠨ ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ᠎ᠠᠴᠠ ᠬᠠᠩᠭ᠋ᠠᠪᠠ)

 

ᠢᠷᠡᠯᠲᠡ᠄ ᠦᠪᠤᠷ ᠮᠣᠩᠭᠤᠯ᠎ᠤᠨ ᠦᠪᠡᠷᠳᠡᠭᠡᠨ ᠵᠠᠰᠠᠬᠤ ᠣᠷᠣᠨ᠎ᠤ ᠣᠰᠣᠨ ᠠᠰᠢᠠᠠᠯᠠᠯᠳᠡ ᠵᠢᠨ ᠳᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠲᠤᠰᠬᠠᠶ ᠰᠡᠳᠦᠪᠲᠦ ᠨᠣᠮ ᠤᠩᠰᠢᠬᠤ ᠠᠩᠭᠢ ᠡᠷᠬᠢᠯᠡᠪᠡ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠶ᠋ᠢᠯᠠᠩ ᠵᠢᠷᠭᠤᠳᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢᠴᠢ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠡᠪᠯᠡᠯ᠎ᠤᠨ ᠬᠤᠷᠢᠶ᠎ᠠ 《ᠪᠣᠯᠪᠠᠰᠤᠨ ᠬᠦᠰᠡᠯ᠎ᠢ ᠪᠢ ᠤᠷᠢᠳᠠᠪᠠᠷ ᠰᠤᠷᠤᠯᠴᠠᠵᠤ ᠯᠸᠢ ᠹᠧᠩ᠎ᠤᠨ ᠠᠷᠠᠳ᠎ᠤᠨ ᠰᠡᠳᠬᠢᠯ᠎ᠢ ᠳᠤᠯᠠᠭ᠋ᠠᠴᠠᠭᠤᠯᠬᠤ》 ᠵᠠᠯᠠᠭᠤᠴᠤᠳ᠎ᠤᠨ ᠰᠠᠶ᠋ᠢᠨ ᠳᠤᠷ᠎ᠠ ᠵᠢᠨ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ ᠥᠷᠨᠢᠭᠦᠯᠪᠡ
ᠤᠰᠤᠨ ᠠᠰᠢᠭᠯᠠᠯᠲᠠ ᠵᠢᠨ ᠲᠢᠩᠬᠢᠮ᠎ᠤᠨ ᠡᠪᠯᠡᠯ᠎ᠤᠨ ᠬᠤᠷᠢᠶ᠎ᠠ 《ᠨᠠᠮ᠎ᠤᠨ ᠠᠴᠢ ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠬᠤ》 ᠵᠠᠯᠠᠭᠤᠴᠤᠳ᠎ᠤᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠤᠨ ᠠᠵᠢᠯᠲᠠᠨ᠎ᠤ ᠶᠠᠪᠤᠳᠠᠯ᠎ᠤᠨ ᠭᠠᠵᠠᠷ ᠵᠡᠷᠭᠡ 5 ᠨᠠᠮ᠎ᠤᠨ ᠡᠭᠦᠷ ᠬᠠᠮᠲᠤᠷᠠᠨ ᠰᠠᠶ᠋ᠢᠨ ᠳᠤᠷ᠎ᠠ ᠵᠢᠨ ᠦᠢ᠍ᠯᠡᠴᠢᠯᠡᠭᠡ ᠵᠢ ᠨᠡᠶ᠋ᠢᠭᠡᠮ ᠲᠣᠭᠤᠷᠢᠭ᠎ᠲᠤ ᠣᠷᠣᠭᠤᠯᠬᠤ ᠭᠤᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ
 
            